ᠤᠨᠤᠯ ᠤᠨ ᠰᠤᠷᠤᠯᠴᠠᠯᠭ᠎ᠠ ᠪᠤᠯ ᠦᠢᠯᠡᠰ ᠤᠨ ᠬᠦᠭᠵᠢᠯᠲᠡ ᠶᠢᠨ ᠵᠦᠭᠯᠡᠬᠦᠷ ᠶᠤᠮ
ᠨᠡᠶᠢᠲᠡᠯᠡᠭᠰᠡᠨ ᠴᠠᠭ᠄
2022/4/6
                    ᠤᠯᠠᠭᠠᠨᠳᠤᠶᠠᠭ᠎ᠠ ᠵᠤᠬᠢᠶᠠᠪᠠ      ︽ᠠᠷᠠᠳ ᠲᠦᠮᠡᠨ ᠳᠤ ᠰᠠᠶᠢᠳᠤᠷ ᠦᠢᠯᠡᠴᠢᠯᠡᠬᠦ︾ ᠪᠤᠯ ᠨᠠᠮ ᠤᠨ ᠺᠠᠳ᠋ᠷᠴᠤᠳ ᠤᠨ  ᠦᠨᠳᠤᠰᠤᠨ ᠱᠠᠭᠠᠷᠲᠠᠯᠭ᠎ᠠ ᠶᠤᠮ᠃ ᠠᠷᠠᠳ ᠲᠦᠮᠡᠨ ᠳᠤ ᠰᠠᠶᠢᠳᠤᠷ ᠦᠢᠯᠡᠴᠢᠯᠡᠨ ᠂ ᠡᠭᠡ ᠤᠯᠤᠰ ᠤᠨ ᠢᠶᠠᠨ ᠬᠦᠭᠵᠢᠯᠲᠡ ᠲᠡᠪᠰᠢᠯᠲᠡ ᠳᠤ ᠬᠦᠴᠦᠨ ᠴᠢᠲᠠᠯ ᠢᠶᠠᠨ ᠡᠷᠬᠦᠬᠦ ᠭᠡᠪᠡᠯ᠂  ᠲᠤᠳᠤᠷᠬᠠᠢ ᠬᠡᠮᠵᠢᠶᠡᠨ ᠤ ᠮᠡᠲᠡᠯᠭᠡ ᠪᠤᠯᠪᠠᠰᠤᠷᠠᠯ ᠲᠠᠢ ᠪᠠᠶᠢᠵᠤ᠂ ᠲᠤᠬᠠᠶᠢᠯᠠᠭᠰᠠᠨ ᠠᠵᠢᠯ ᠳᠠᠭᠠᠨ ᠭᠠᠷᠮᠠᠭᠠᠢ ᠵᠢᠳᠬᠦᠯ ᠭᠠᠷᠭᠠᠵᠤ᠂  ᠬᠦᠮᠦᠨ ᠲᠦᠷᠦᠯᠬᠢᠲᠡᠨ ᠤ ᠠᠤᠭ᠎ᠠ ᠦᠢᠯᠡᠰ ᠤᠨ ᠬᠦᠭᠵᠢᠯᠲᠡ ᠳᠤ ᠵᠤᠬᠢᠬᠤ ᠬᠡᠮᠵᠢᠶᠠᠨ ᠤ ᠴᠢᠷᠮᠠᠶᠢᠯᠭ᠎ᠠ ᠭᠠᠷᠭᠠᠭᠰᠠᠨ ᠪᠠᠶᠢᠬᠤ ᠭᠡᠷᠡᠭᠲᠡᠢ᠃     ᠤᠨᠤᠯ ᠤᠨ ᠰᠤᠷᠤᠯᠴᠠᠯᠭ᠎ᠠ ᠪᠤᠯ ᠦᠢᠯᠡᠰ ᠤᠨ ᠬᠦᠭᠵᠢᠯᠲᠡ ᠶᠢᠨ ᠵᠦᠭᠯᠡᠬᠦᠷ ᠶᠤᠮ᠃ ᠵᠦᠪ ᠤᠨᠤᠯ ᠤᠨ ᠵᠢᠯᠤᠭᠤᠳᠤᠯᠭ᠎ᠠ ᠪᠠᠷ ᠦᠢᠯᠨ ᠠᠵᠢᠯᠯᠠᠭ᠎ᠠ ᠶᠢᠨ ᠢᠶᠠᠨ ᠵᠦᠭᠯᠡᠬᠦᠷ ᠪᠤᠯᠭᠠᠵᠤ ᠲᠡᠶᠢᠯᠪᠠᠯ ᠰᠠᠶ᠋ᠢ  ᠶᠡᠭᠡ ᠶᠢ ᠪᠦᠲᠦᠭᠡᠵᠤ ᠴᠢᠲᠠᠬᠤ ᠶᠤᠮ᠃ ᠵᠦᠪ ᠤᠨᠤᠯ ᠤᠨ ᠵᠢᠯᠤᠭᠤᠳᠤᠮᠵᠢ ᠶᠢ ᠬᠦᠷᠲᠡᠬᠦ ᠳᠤ ᠤᠯᠠᠨ ᠪᠤᠯᠤᠮᠵᠢ ᠪᠤᠢ᠃ ᠰᠤᠷᠤᠯᠴᠠᠯᠭ᠎ᠠ ᠪᠤᠯ ᠬᠠᠮᠤᠭ ᠤᠨ ᠢᠯᠭᠤᠮ ᠵᠠᠮ ᠱᠤᠭᠤᠮ ᠪᠤᠯᠬᠤ ᠶᠤᠮ᠃    ᠦᠩᠭᠡᠷᠡᠭᠰᠡᠨ ᠲᠡᠤᠭᠡ ᠪᠠᠨ ᠰᠢᠳᠤᠷᠭᠤ ᠪᠠᠷ ᠳ᠋ᠦᠩᠨᠠᠵᠤ᠂ ᠤᠳᠤᠬᠢ ᠪᠠᠶᠢᠲᠠᠯ ᠢᠶᠠᠨ ᠲᠤᠳᠤ ᠲᠠᠨᠢᠨ᠂ ᠢᠷᠡᠭᠡᠳᠤᠢ   ᠶᠢᠨ ᠰᠠᠷᠠᠭᠤᠯ ᠰᠠᠶᠢᠬᠠᠨ ᠢ ᠪᠠᠷᠠᠯᠠᠬᠤ ᠨᠢ ᠬᠦᠰᠡᠯ ᠮᠦᠷᠦᠭᠡᠳᠤᠯ ᠤᠨ ᠭᠡᠭᠡᠨ ᠲᠤᠩᠭᠠᠯᠠᠭ ᠵᠦᠭ ᠲᠨ ᠪᠢᠲᠡᠨ ᠢ ᠬᠦᠳᠤᠯᠬᠦ ᠪᠤᠯᠤᠨ᠎ᠠ᠃      ᠨᠢᠭᠡ᠄  ᠴᠠᠭ ᠤᠨ ᠪᠠᠶᠢᠲᠠᠯ ᠢ ᠲᠤᠳᠤ ᠲᠠᠨᠢᠬᠤ ᠭᠡᠷᠡᠭᠲᠡᠢ    ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ 2021 ᠣᠨ ᠤ 11 ᠰᠠᠷ᠎ᠠ ᠶᠢᠨ 8 ᠤ ᠡᠳᠦᠷ ᠠᠴᠠ 11 ᠤ ᠡᠳᠦᠷ ᠪᠣᠯᠲᠠᠯ᠎ᠠ ᠪᠡᠭᠡᠵᠢᠩ ᠬᠤᠲᠠᠨ᠎ᠠ ᠬᠤᠷᠠᠯᠳᠤᠵᠤ᠂  ᠪᠥᠬᠦᠳᠡ ᠬᠤᠷᠠᠯ ᠢ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠠᠴᠠ ᠡᠷᠬᠢᠯᠠᠨ᠂ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠴᠢᠬᠤᠯᠠ ᠶᠠᠷᠢᠶ᠎ᠠ  ᠲᠠᠯᠪᠢᠭᠰᠠᠨ ᠶᠤᠮ᠃ ᠪᠥᠬᠦᠳᠡ ᠬᠤᠷᠠᠯ ᠠᠴᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠠᠴᠠ ᠨᠠᠭᠠᠰᠢᠬᠢ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠵᠢᠯ ᠢ ᠭᠦᠢᠴᠡᠳ  ᠨᠤᠲᠠᠯᠠᠭᠰᠠᠨ ᠶᠤᠮ᠃ ᠨᠢᠭᠡ ᠵᠢᠯ ᠤᠨ ᠲᠤᠷᠰᠢ᠂ ᠳᠡᠯᠡᠬᠡᠶ ᠶᠢᠷᠳᠢᠨᠴᠤ ᠶᠢᠨ ᠵᠠᠭᠤᠨ ᠵᠢᠯ ᠳᠤ ᠪᠠᠶᠢᠭ᠎ᠠ ᠦᠭᠡᠶ ᠶᠡᠭᠡ ᠬᠤᠪᠢᠰᠤᠯᠲᠠ ᠪᠣᠯᠤᠨ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠳᠡᠯᠡᠬᠡᠶ ᠨᠡᠶᠢᠳᠡ ᠶᠢᠨ ᠬᠡᠪᠴᠢᠶᠡᠨ ᠳᠤ ᠶᠡᠭᠡ ᠪᠠᠷ ᠳᠡᠯᠭᠡᠷᠡᠵᠤ ᠪᠠᠶᠢᠭ᠎ᠠ ᠪᠠᠶᠢᠳᠠᠯ ᠰᠤᠯᠪᠢᠴᠠᠨ ᠨᠦᠯᠤᠭᠡᠯᠡᠵᠤ᠂ ᠭᠠᠳᠠᠭᠠᠳᠤ ᠣᠷᠴᠢᠨ ᠨᠦᠬᠦᠴᠡᠯ ᠨᠡᠩ ᠪᠤᠳᠤᠯᠢᠶᠠᠨᠲᠠᠶ ᠬᠦᠨᠳᠦ ᠬᠡᠴᠡᠭᠦᠤ ᠪᠤᠯᠵᠤ᠂ ᠤᠯᠤᠰ ᠤᠨ ᠳᠣᠲᠣᠭᠠᠳᠤ ᠶᠢᠨ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠡᠭᠦᠷᠭᠡ ᠲᠦᠢᠯ ᠤᠨ ᠨᠦᠰᠡᠷ ᠬᠦᠨᠳᠦ ᠪᠦᠭᠡᠳ ᠬᠠᠲᠠᠭᠤ ᠪᠡᠷᠬᠡ ᠪᠤᠯᠪᠠ᠃ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠤᠨ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠬᠦᠳᠡ ᠬᠤᠷᠠᠯ᠂ ᠭᠤᠷᠪᠠᠳᠤᠭᠠᠷ ᠪᠦᠬᠦᠳᠡ ᠬᠤᠷᠠᠯ᠂ ᠳᠥᠷᠪᠡᠳᠦᠭᠡᠷ ᠪᠦᠬᠦᠳᠡ ᠬᠤᠷᠠᠯ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠢᠭᠡᠳᠦᠯᠲᠡᠶ ᠲᠥᠯᠥᠪᠯᠡᠵᠦ᠂ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠵᠦ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠯᠡᠨ ᠪᠠᠶᠢᠭᠤᠯᠵᠤ᠂ ᠠᠵᠤ ᠠᠬᠤᠢ ᠶᠢᠨ ᠨᠨᠯᠢᠶᠡᠳ ᠰᠠᠶᠢᠨ ᠬᠥᠭᠵᠢᠯᠲᠡ ᠶᠢᠨ ᠪᠠᠶᠢᠳᠠᠯ ᠢ ᠪᠠᠲᠤᠯᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠨ ᠬᠦᠴᠦᠷᠬᠡᠭᠵᠢᠬᠦ ᠶᠢ ᠢᠳᠡᠪᠬᠢᠲᠡᠢ ᠠᠬᠢᠭᠤᠯᠵᠤ ᠂ ᠥᠭᠡᠷᠡᠴᠢᠯᠡᠯᠲᠡ ᠨᠡᠭᠡᠭᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠬᠦᠯᠤᠨ᠂ ᠶᠠᠳᠠᠭᠤ ᠠᠴᠠ ᠠᠩᠭᠢᠵᠢᠷᠠᠭᠤᠯᠬᠤ ᠪᠡᠷᠭᠡ ᠰᠡᠳᠤᠪ ᠢ ᠰᠢᠢᠳᠪᠤᠷᠢᠯᠡᠬᠦ ᠲᠠᠶᠢᠨ ᠳᠤ ᠬᠤᠭᠤᠴᠠᠭ᠎ᠠ ᠶᠤᠰᠤᠭᠠᠷ ᠢᠯᠠᠯᠲᠠ ᠣᠯᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠪᠦᠲᠦᠮᠵᠢᠲᠡᠶ ᠰᠠᠶᠢᠵᠢᠷᠠᠭᠤᠯᠤᠨ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠠᠲᠤᠯᠠᠵᠤ᠂ ᠤᠯᠤᠰ ᠤᠨ ᠪᠠᠳᠤᠯᠠᠨ ᠬᠠᠮᠠᠭᠠᠯᠠᠯᠳᠠ ᠪᠠ ᠴᠡᠷᠢᠭ ᠠᠩᠬᠢ ᠶᠢᠨ ᠤᠳᠤᠬᠢᠴᠢᠯᠠᠯᠳᠠ ᠶᠢ ᠯᠠᠪᠳᠠᠭᠤᠨ ᠪᠠᠳᠤᠳᠠᠢ ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠲᠣᠮᠣ ᠤᠯᠤᠰ ᠤᠨ ᠭᠠᠳᠠᠭᠠᠳᠤ ᠬᠠᠷᠢᠯᠴᠠᠭ᠎ᠠ ᠶᠢ ᠪᠦᠬᠦ ᠲᠠᠯ᠎ᠠ ᠪᠠᠷ ᠠᠬᠢᠭᠤᠯᠵᠤ᠂ ᠨᠠᠮ ᠤᠨ ᠲᠡᠤᠭᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠪᠥᠭᠡᠳ ᠪᠦᠲᠦᠮᠵᠢᠲᠡᠶ ᠦᠷᠨᠢᠬᠦᠯᠵᠤ᠂ ᠤᠯᠠᠨ ᠵᠦᠢᠯ ᠤᠨ ᠬᠦᠨᠳᠦ ᠨᠣᠴᠢᠲᠠᠶ ᠪᠠᠶᠢᠭᠠᠯᠢ ᠶᠢᠨ ᠭᠠᠮᠰᠢᠭ ᠢ ᠢᠯᠠᠨ ᠳᠠᠪᠠᠭᠠᠳ᠂ ᠨᠠᠮ ᠪᠠ ᠤᠯᠤᠰ ᠤᠨ ᠡᠯ᠎ᠡ ᠵᠦᠢᠯ ᠤᠨ ᠠᠵᠢᠯ ᠦᠢᠯᠡᠰ ᠲᠤ ᠰᠢᠨ᠎ᠡ ᠴᠢᠬᠤᠯᠠ ᠶᠡᠭᠡ ᠠᠮᠵᠢᠯᠲᠠ ᠪᠦᠲᠦᠮᠵᠢ ᠶᠢ ᠤᠯᠪᠠ᠃ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ  ᠶᠤᠰᠤᠯᠠᠯ ᠢ ᠠᠮᠵᠢᠯᠲᠠ ᠲᠠᠢ ᠡᠷᠬᠢᠯᠡᠵᠦ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠭᠰᠡᠨ ᠢ  ᠲᠤᠩᠬᠠᠭᠯᠠᠨ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠴᠤᠭ ᠵᠤᠷᠢᠬ ᠪᠠᠳᠠᠷᠠᠩᠭᠤᠢ ᠪᠠᠷ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠲᠡᠶᠢᠰᠢ ᠤᠷᠤᠭᠰᠢᠯᠠᠬᠤ ᠰᠢᠨ᠎ᠡ ᠠᠶᠠᠨ ᠵᠠᠮ ᠳᠤ ᠮᠣᠷᠳᠠᠬᠤ ᠶᠢ ᠤᠷᠮᠠᠰᠢᠭᠤᠯᠤᠨ ᠵᠤᠷᠢᠬᠵᠢᠭᠤᠯᠤᠭᠰᠠᠨ ᠪᠠᠶᠢᠨ᠎ᠠ ᠃     ᠴᠠᠭ ᠤᠨ ᠪᠠᠶᠢᠲᠠᠯ ᠢ ᠲᠤᠳᠤ ᠲᠠᠨᠢᠬᠤ ᠪᠤᠯ  ᠬᠦᠮᠦᠨ ᠪᠦᠬᠦᠨ ᠤ ᠬᠠᠷᠢᠭᠤᠴᠠᠯᠭ᠎ᠠ ᠶᠤᠮ᠃ ᠴᠠᠭ ᠤᠨ ᠪᠠᠶᠢᠲᠠᠯ ᠢ ᠲᠤᠳᠤ ᠲᠠᠨᠢᠵᠤ᠂ ᠦᠪᠡᠷ ‍ᠤᠨ‌ᠡᠬᠦᠷᠭᠡ ᠬᠠᠷᠢᠭᠤᠴᠠᠯᠭ᠎ᠠ ᠪᠠᠨ ᠲᠤᠳᠤᠷᠬᠠᠢ ᠮᠡᠲᠡᠪᠡᠯ ᠰᠠᠶ᠋ᠢ ᠠᠷᠠᠳ ᠲᠦᠮᠡᠨ ᠳᠤ ᠰᠠᠶᠢᠳᠤᠷ ᠦᠢᠯᠡᠴᠢᠯᠠᠵᠤ ᠴᠢᠲᠠᠨ᠎ᠠ᠃      ᠴᠠᠭ ᠤᠨ ᠪᠠᠶᠢᠲᠠᠯ ᠢ ᠲᠤᠳᠤ ᠲᠠᠨᠢᠬᠤ ᠳᠤ ᠰᠤᠷᠤᠯᠴᠠᠯᠭ᠎ᠠ ᠪᠤᠯ ᠬᠠᠮᠤᠭ ᠤᠨ ᠴᠢᠬᠤᠯᠨ ᠶᠤᠮ᠃ ᠡᠷᠲᠡᠨ ᠪᠠ ᠡᠳᠤᠭᠡ ᠶᠢ ᠬᠠᠷᠢᠴᠠᠭᠤᠯᠤᠨ ᠰᠢᠨᠵᠢᠬᠦ᠂  ᠭᠠᠲᠠᠭᠠᠳᠤ ᠲᠤᠳᠤᠭᠠᠳᠤ ᠶᠢᠨ ᠴᠠᠭ ᠤᠨ ᠪᠠᠶᠢᠲᠠᠯ ᠳᠤ ᠠᠩᠬᠠᠷᠤᠯ ᠢᠶᠠᠨ ᠬᠠᠨᠳᠤᠭᠤᠯᠬᠤ᠂ ᠲᠡᠤᠭᠡᠨ ᠬᠦᠭᠵᠢᠯᠲᠡ ᠶᠢᠨ ᠤᠨᠤᠯ ᠪᠠ ᠦᠢᠯᠡᠳᠤᠯᠭᠡ ᠶᠢ ᠬᠢᠴᠢᠶᠡᠩᠬᠦᠢ ᠪᠠᠷ ᠬᠢᠨᠡᠨ ᠬᠠᠷᠠᠵᠤ᠂ ᠤᠯᠤᠯᠲᠡ ᠪᠠ ᠲᠤᠷᠰᠢᠯᠭ᠎ᠠ ᠶᠢ ᠨᠢ ᠰᠢᠳᠤᠷᠭᠤ ᠪᠠᠷ ᠳ᠋ᠦᠩᠨᠠᠵᠤ ᠴᠢᠲᠠᠭᠰᠠᠨ ᠪᠠᠶᠢᠬᠤ ᠭᠡᠷᠡᠭᠲᠡᠢ᠃    ᠬᠤᠶᠠᠷ᠄  ᠦᠩᠭᠡᠷᠡᠭᠰᠡᠨ  ᠲᠡᠤᠭᠡ ᠪᠠᠨ ᠲᠤᠳᠤ ᠲᠠᠨᠢᠬᠤ ᠭᠡᠷᠡᠭᠲᠡᠢ   ᠳᠤᠮᠳᠠᠳᠤ ᠤᠯᠤᠰ ᠤᠨ ᠡᠪ ᠬᠠᠮᠲᠤ ᠨᠠᠮ 1921 ᠣᠨ ᠳᠤ ᠪᠠᠶᠢᠭᠤᠯᠤᠭᠳᠠᠭᠰᠠᠨ ᠠᠴᠠ ᠨᠠᠭᠠᠰᠢ᠂ ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠣᠯᠭᠤᠵᠤ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠠᠷ ᠢᠮᠠᠭᠳᠠ ᠲᠤᠯᠭᠤᠷ ᠵᠤᠷᠢᠯᠳᠠ ᠡᠭᠦᠷᠭᠡ ᠬᠠᠷᠢᠭᠤᠴᠠᠯᠭ᠎ᠠ ᠪᠠᠨ ᠪᠣᠯᠭᠠᠵᠤ᠂ ᠡᠪ ᠬᠠᠮᠲᠤ ᠶᠣᠰᠣᠨ ᠤ ᠬᠦᠰᠡᠯᠡᠩ ᠪᠣᠯᠤᠨ ᠨᠡᠶᠢᠭᠡᠮ ᠵᠢᠷᠤᠮ ᠤᠨ ᠢᠲᠡᠭᠡᠯ ᠵᠣᠷᠢᠭ ᠢ ᠢᠮᠠᠭᠲᠠ ᠪᠠᠷᠢᠮᠲᠠᠯᠠᠨ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠦᠨᠳᠦᠰᠦᠲᠡᠨ ᠤ ᠲᠤᠰᠠᠭᠠᠷ ᠲᠣᠭᠲᠠᠨᠢᠯ᠂ ᠠᠷᠠᠳ ᠲᠦᠮᠡᠨ ᠤ ᠴᠢᠯᠥᠭᠡᠯᠡᠯᠲᠡ ᠶᠢ ᠲᠡᠮᠡᠴᠡᠨ ᠤᠯᠬᠤ ᠪᠠ ᠤᠯᠤᠰ ᠣᠷᠣᠨ ᠤ ᠪᠠᠶᠠᠵᠢᠯ ᠬᠦᠴᠦᠷᠬᠡᠭᠵᠢᠯ᠂ ᠠᠷᠠᠳ ᠲᠦᠮᠡᠨ ᠤ ᠵᠣᠯ ᠵᠢᠷᠭᠠᠯ ᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠶ ᠲᠡᠮᠡᠴᠡᠬᠡᠳ᠂ ᠨᠢᠭᠡᠨᠲᠡ ᠵᠠᠭᠤᠨ ᠵᠢᠯ ᠤᠨ ᠭᠡᠷᠡᠯ ᠰᠠᠴᠤᠷᠠᠩᠭᠤᠶ ᠲᠡᠤᠬᠡᠨ ᠶᠠᠪᠤᠴᠠ ᠶᠢ ᠥᠩᠭᠡᠷᠡᠭᠦᠯᠪᠡ᠃ ᠨᠠᠮ ᠪᠣᠯᠤᠨ ᠠᠷᠠᠳ ᠲᠦᠮᠡᠨ ᠤ ᠵᠠᠭᠤᠨ ᠵᠢᠯ ᠤᠨ ᠲᠡᠮᠡᠴᠡᠯ ᠨᠢ ᠳᠤᠮᠳᠠᠳᠤ ᠶᠢᠨ ᠦᠨᠳᠦᠰᠦᠲᠡᠨ ᠤ ᠬᠡᠳᠦᠨ ᠮᠢᠩᠭᠠᠨ ᠵᠢᠯ ᠤᠨ ᠲᠡᠦᠬᠡᠨ ᠳᠡᠭᠡᠷᠡᠬᠢ ᠬᠠᠮᠤᠭ ᠤᠨ ᠰᠦᠷ ᠵᠢᠪᠬᠤᠯᠠᠩᠲᠠᠢ ᠲᠤᠤᠯᠢᠰ ᠢ ᠪᠢᠴᠢᠭᠯᠡᠭᠰᠡᠨ ᠶᠤᠮ ᠭᠡᠵᠤ ᠪᠦᠬᠦᠳᠡ ᠬᠤᠷᠠᠯ ᠠᠴᠠ ᠲᠤᠷᠠᠳᠤᠨ  ᠭᠠᠷᠭᠠᠭᠰᠠᠨ ᠪᠢᠯᠨ᠃     ᠳᠤᠮᠳᠠᠳᠤ ᠤᠯᠤᠰ ᠤᠨ ᠡᠪ ᠬᠠᠮᠲᠤ ᠨᠠᠮ  ᠤᠨ ᠵᠠᠭᠤᠨ ᠵᠢᠯ ᠤᠨ ᠲᠡᠤᠭᠡ ᠪᠤᠯ ᠦᠩᠭᠡ ᠬᠡᠷᠡᠯᠲᠡᠢ  ᠲᠡᠤᠭᠡ ᠶᠤᠮ ᠂ ᠴᠦᠬᠦᠷᠦᠯ ᠦᠭᠡᠢ ᠵᠢᠳᠬᠦᠭᠰᠡᠨ ᠲᠡᠤᠭᠡ ᠶᠤᠮ ᠂ ᠭᠠᠶᠢᠬᠠᠮᠰᠢᠭᠳᠤ ᠲᠤᠤᠯᠢᠰ ᠢ ᠪᠢᠴᠢᠭᠯᠡᠭᠰᠡᠨ ᠲᠡᠤᠭᠡ ᠶᠤᠮ      ᠪᠢᠲᠠ ᠦᠩᠭᠡᠷᠡᠭᠰᠡᠨ ᠲᠡᠤᠭᠡ ᠪᠠᠨ ᠲᠤᠳᠤ ᠲᠠᠨᠢᠪᠠᠯ ᠰᠠᠶ᠋ᠢ ᠦᠨᠦᠳᠤᠷ ᠤᠨ ᠵᠤᠯ ᠵᠢᠷᠭᠠᠯ ᠪᠤᠯ ᠮᠠᠰᠢ ᠶᠡᠭᠡ ᠵᠢᠳᠬᠦᠯ ᠴᠢᠷᠮᠠᠶᠢᠯᠭ᠎ᠠ ᠪᠠᠷ ᠰᠤᠯᠢᠵᠤ ᠢᠷᠡᠭᠰᠡᠨ ᠭᠡᠲᠡᠭ ᠢ ᠲᠤᠳᠤᠷᠬᠠᠢ ᠲᠠᠨᠢᠵᠤ ᠴᠢᠲᠡᠨ᠎ᠡ᠃  ᠮᠦᠨ ᠴᠤ ᠦᠨᠦᠳᠤᠷ  ᠤᠨ ᠵᠤᠯ ᠵᠢᠷᠭᠠᠯᠳᠤ ᠠᠮᠢᠳᠤᠷᠠᠯ ᠢᠶᠠᠨ ᠤᠯᠠᠮ ᠨᠠᠨᠳᠢᠩᠨᠠᠨ᠂ ᠬᠤᠪᠢᠰᠬᠠᠯ ᠤᠨ ᠦᠢᠯᠡᠰ ᠲᠤ ᠬᠠᠯᠠᠭᠤᠨ ᠴᠢᠰᠤ ᠪᠠᠨ ᠠᠰᠬᠠᠨ᠂ ᠠᠯᠲᠠᠨ ᠠᠮᠢ ᠪᠠᠨ ᠵᠤᠷᠢᠭᠤᠯᠤᠭᠰᠠᠨ ᠲᠦᠭ ᠲᠦᠮᠡᠨ ᠬᠤᠪᠢᠰᠬᠠᠯᠳᠤ ᠪᠠᠭᠠᠳᠤᠷᠴᠤᠳ ᠢᠶᠠᠨ ᠤᠯᠠᠮ ᠬᠦᠨᠳᠤᠯᠠᠨ ᠲᠡᠭᠡᠳᠤᠯᠡᠬᠦ ᠪᠤᠯᠤᠨ᠎ᠠ᠃   ᠠᠷᠠᠳ ᠲᠦᠮᠡᠨ ᠢᠶᠠᠨ ᠬᠠᠷᠠᠩᠭᠤᠢ ᠵᠤᠪᠠᠯᠠᠩ ᠠᠴᠠ ᠴᠢᠯᠦᠭᠡᠯᠡᠨ᠂ ᠭᠡᠭᠡᠨ ᠰᠠᠷᠠᠭᠤᠯ ᠢᠷᠡᠭᠡᠳᠤᠢ ᠵᠦᠭ ᠬᠦᠲᠦᠯᠦᠭᠰᠡᠨ ᠡᠪ ᠬᠠᠮᠳᠤ ᠨᠠᠮ ᠤᠨ  ᠠᠴᠢ ᠭᠠᠪᠢᠶ᠎ᠠ ᠶᠢ ᠤᠯᠠᠮ ᠲᠡᠭᠡᠳᠤᠯᠡᠬᠦ ᠪᠤᠯᠤᠨ᠎ᠠ᠃     ᠭᠤᠷᠪᠠ᠄ ᠢᠷᠡᠭᠡᠳᠤᠢ ᠶᠢᠨ ᠬᠦᠰᠡᠯ ᠮᠦᠷᠦᠭᠡᠳᠤᠯ ᠲᠠᠢ ᠪᠠᠶᠢᠬᠤ ᠭᠡᠷᠡᠭᠲᠡᠢ    ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠢᠯᠡᠭᠦᠦ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠦᠨ᠂ ᠥᠴᠥᠭᠡᠳᠦᠷ ᠤᠨ ᠭᠠᠰᠠᠯᠠᠩ ᠵᠣᠪᠠᠯᠠᠩ ᠪᠠ ᠭᠡᠷᠡᠯ ᠭᠢᠯᠪᠠᠭ᠎ᠠ ᠪᠠᠨ ᠤᠮᠠᠷᠳᠠᠬᠤ ᠦᠭᠡᠢ᠂ ᠥᠨᠥᠳᠦᠷ ᠤᠨ ᠡᠭᠦᠷᠭᠡ ᠬᠠᠷᠢᠭᠤᠴᠠᠯᠭ᠎ᠠ  ᠳᠤ ᠪᠠᠨ ᠤᠰᠤᠯᠳᠠᠬᠤ ᠦᠭᠡᠢ᠂ ᠮᠠᠷᠭᠠᠰᠢ ᠶᠢᠨ ᠠᠭᠤᠤ ᠶᠡᠭᠡ ᠬᠦᠰᠡᠯ ᠡᠷᠡᠮᠡᠯᠵᠠᠯ ᠢᠶᠠᠨ ᠬᠥᠰᠡᠷᠳᠡᠭᠦᠯᠬᠦ ᠦᠭᠡᠢ ᠪᠠᠶᠢᠵᠤ᠂ ᠲᠡᠦᠬᠡ ᠪᠠᠷ ᠲᠣᠯᠢ ᠪᠣᠯᠭᠠᠵᠤ᠂ ᠢᠷᠡᠭᠡᠳᠦᠶ ᠪᠠᠨ ᠡᠭᠦᠳᠦᠨ ᠨᠡᠭᠡᠭᠡᠵᠦ᠂ ᠰᠢᠷᠭᠠᠭᠤ ᠬᠠᠲᠠᠭᠤᠵᠢᠯᠲᠠᠶ ᠠᠵᠢᠯᠯᠠᠨ᠂ ᠡᠷᠡᠯᠬᠡᠭ ᠰᠢᠭᠤᠷᠬᠠᠢ ᠪᠠᠷ ᠤᠷᠤᠭᠰᠢᠯᠠᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠤᠯᠤᠰ ᠤᠨ ᠵᠡᠬᠦᠳᠤ ᠶᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠰᠦᠭᠡᠢ ᠭᠡᠵᠦ ᠨᠠᠮ ᠤᠨ ᠲᠦᠪ ᠬᠤᠷᠢᠶ᠎ᠠ ᠠᠴᠠ ᠤᠷᠢᠶᠠᠯᠠᠵᠦ ᠪᠠᠶᠢᠨ᠎ᠠ᠃ ᠥᠩᠭᠡᠷᠡᠭᠰᠡᠨ ᠵᠠᠭᠤᠨ ᠵᠢᠯ ᠳᠤ ᠠᠭᠤᠤ ᠶᠡᠭᠡ ᠢᠯᠠᠯᠲᠠ ᠪᠠ ᠦᠡᠭᠭᠡ ᠭᠡᠷᠡᠯ ᠢ ᠣᠯᠤᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠪᠤᠯᠤᠨ ᠳᠤᠮᠳᠠᠳᠤ ᠤᠯᠤᠰ ᠤᠨ ᠠᠷᠠᠳ ᠲᠦᠮᠡᠨ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠨᠡᠩ ᠠᠭᠤᠤ ᠶᠡᠭᠡ ᠢᠯᠠᠯᠲᠠ ᠪᠠ ᠦᠡᠭᠭᠡ ᠬᠡᠷᠡᠯ ᠢ ᠤᠯᠬᠤ ᠨᠢ ᠯᠠᠪᠲᠠᠢ ᠶᠤᠮ ᠭᠡᠳᠡᠭ ᠢ ᠪᠢᠳᠡ ᠪᠠᠲᠤ ᠢᠲᠡᠭᠡᠵᠦ ᠪᠠᠶᠢᠨ᠎ᠠ ︕ ᠭᠡᠵᠤ ᠪᠦᠬᠦᠳᠡ ᠬᠤᠷᠠᠯ ᠠᠴᠠ ᠲᠤᠷᠠᠳᠤᠨ  ᠭᠠᠷᠭᠠᠭᠰᠠᠨ ᠪᠢᠯᠨ᠃     ᠪᠦᠬᠦ ᠨᠠᠮ ᠢᠶᠠᠷ ᠢᠶᠠᠨ ᠡᠷᠬᠡᠪᠰᠢ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠮᠠᠷᠺᠰ ᠤᠨ ᠦᠵᠡᠯ ᠤᠨ ᠵᠣᠭᠰᠣᠯᠲᠠ᠂ ᠦᠵᠡᠯᠲᠡ᠂ ᠠᠷᠭ᠎ᠠ ᠪᠠᠷ ᠴᠠᠭ ᠦᠶ᠎ᠡ ᠶᠢ ᠠᠵᠢᠭᠯᠠᠵᠤ᠂ ᠴᠠᠭ ᠦᠶ᠎ᠡ ᠶᠢ ᠡᠵᠡᠮᠳᠡᠨ᠂ ᠴᠠᠭ ᠦᠶ᠎ᠡ ᠶᠢ ᠬᠥᠲᠥᠯᠥᠨ ᠳᠠᠭᠠᠭᠤᠯᠵᠤ᠂ ᠡᠪ ᠬᠠᠮᠲᠤ ᠨᠠᠮ ᠤᠨ ᠲᠦᠷᠦ ᠪᠠᠷᠢᠬᠤ ᠵᠢᠮ᠎ᠡ ᠶᠣᠰᠣ᠂ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠶᠢᠨ ᠵᠢᠮ᠎ᠡ ᠶᠣᠰᠣ᠂ ᠬᠥᠮᠦᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠶᠢᠨ ᠵᠢᠮ᠎ᠡ ᠶᠣᠰᠣᠨ ᠤ ᠲᠤᠬᠠᠶ ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠬᠡᠷᠡᠭᠲᠡᠶ᠃ ᠡᠷᠬᠡᠪᠰᠢ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠶᠢ ᠪᠠᠷᠢᠮᠲᠠᠯᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠢᠰᠲ᠋ᠧᠮ ᠤᠨ ᠦᠵᠡᠯᠲᠡ ᠶᠢ ᠪᠠᠷᠢᠮᠲᠠᠯᠠᠨ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠶ ᠪᠠᠶᠢᠷᠢᠯᠠᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠩᠭᠤᠢ ᠪᠠᠷ ᠠᠬᠢᠭᠤᠯᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠬᠠᠮᠲᠤ ᠪᠠᠷ ᠪᠠᠶᠠᠵᠢᠬᠤ ᠶᠢ ᠠᠬᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠨ ᠬᠦᠴᠦᠷᠬᠡᠭᠵᠢᠬᠦ ᠶᠢ ᠠᠬᠢᠭᠤᠯᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠦᠨ᠂ ᠠᠷᠠᠳ ᠲᠦᠮᠡᠨ ᠤ ᠡᠵᠡᠨ ᠰᠠᠭᠤᠵᠤ ᠡᠷᠬᠡ ᠮᠡᠳᠡᠬᠦ ᠶᠢ ᠪᠠᠲᠤᠯᠠᠵᠤ᠂ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠪᠠᠷᠢᠮᠲᠠᠯᠠᠨ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠰᠢᠰᠲ᠋ᠧᠮ ᠢ ᠪᠠᠷᠢᠮᠲᠠᠯᠠᠵᠤ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠨ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ ᠣᠳᠣᠬᠢᠴᠢᠯᠠᠯᠲᠠ ᠶᠢ ᠲᠦᠷᠭᠡᠳᠭᠡᠵᠦ᠂ ᠠᠷᠠᠳ ᠲᠦᠮᠡᠨ ᠪᠠᠶᠠᠵᠢᠨ ᠴᠢᠨᠡᠭᠡᠯᠢᠭᠵᠢᠭᠦ᠂ ᠤᠯᠤᠰ ᠤᠷᠤᠨ ᠬᠦᠴᠦᠷᠭᠡᠭᠵᠢᠨ ᠪᠠᠳᠠᠷᠠᠬᠤ᠂ ᠳᠤᠮᠳᠠᠳᠤ ᠤᠯᠤᠰ ᠦᠵᠡᠰᠭᠦᠯᠡᠩᠳᠤ ᠰᠠᠶᠢᠬᠠᠨ ᠪᠤᠯᠬᠤ ᠶᠢ ᠬᠠᠮᠵᠢᠯᠴᠠᠭᠤᠯᠤᠨ ᠠᠬᠢᠭᠤᠯᠬᠤ ᠭᠡᠷᠡᠭᠲᠡᠢ  ᠭᠡᠵᠤ ᠪᠥᠬᠦᠳᠡ ᠬᠤᠷᠠᠯ ᠠᠴᠠ ᠲᠠᠬᠢᠨᠲᠡ ᠴᠢᠬᠤᠯᠠᠴᠢᠯᠠᠭᠰᠠᠨ ᠶᠤᠮ᠃    ᠲᠤᠮᠲᠠᠳᠤ ᠤᠯᠤᠰ ᠤᠨ ᠢᠷᠡᠭᠡᠳᠤᠢ ᠪᠤᠯ ᠭᠡᠭᠡᠨ  ᠰᠠᠷᠠᠭᠤᠯ ᠶᠤᠮ᠃  ᠡᠨᠡ ᠬᠦ ᠭᠡᠭᠡᠨ ᠰᠠᠷᠠᠭᠤᠯ ᠢᠷᠡᠭᠡᠳᠤᠢ ᠶᠢ ᠴᠤᠭᠴᠠᠯᠠᠬᠤ  ᠪᠤᠯ ᠬᠦᠮᠦᠨ ᠪᠦᠬᠦᠨ ᠤ ᠲᠠᠷᠬᠠᠨ ᠬᠠᠷᠢᠭᠤᠴᠠᠯᠭ᠎ᠠ ᠶᠤᠮ ᠃      ︽ᠨᠠᠭᠤᠷ  ᠠᠮᠤᠭᠤᠯᠠᠩ ᠪᠤᠯ ᠨᠤᠭᠤᠰᠤ ᠠᠮᠤᠭᠤᠯᠠᠩ︾ ᠶᠤᠮ᠃ ᠡᠰᠡᠨᠢᠨ ᠮᠠᠨᠳᠤᠭᠰᠠᠨ  ᠡᠩᠭᠡ ᠲᠠᠶᠢᠪᠤᠩ ᠡᠭᠡ ᠤᠯᠤᠰ ᠪᠤᠯ ᠠᠷᠠᠳ ᠲᠦᠮᠡᠨ ᠤ ᠵᠤᠯ ᠵᠢᠷᠭᠠᠯ ᠤᠨ ᠦᠯᠦᠭᠡᠢ ᠶᠤᠮ᠃  ᠮᠦᠨ ᠴᠤ ᠠᠷᠠᠳ ᠤᠯᠠᠨ ᠤ ᠢᠷᠡᠭᠡᠳᠤᠢ ᠪᠠᠨ ᠴᠤᠭᠴᠠᠯᠠᠬᠤ ᠶᠢᠨ ᠮᠦᠩᠭᠡ ᠶᠢᠨ ᠪᠠᠳᠤᠯᠠᠭ᠎ᠠ ᠶᠤᠮ᠃    ᠰᠢᠨ᠎ᠡ ᠴᠠᠭ  ᠦᠶ᠎ᠡ ᠨᠢ ᠰᠢᠨ᠎ᠡ ᠬᠦᠰᠡᠯ ᠡᠷᠡᠮᠡᠯᠵᠡᠯ ᠢ ᠪᠤᠢ ᠪᠤᠯᠭᠠᠲᠠᠭ᠃ ᠰᠢᠨ᠎ᠡ ᠴᠠᠭ ᠦᠶ᠎ᠡ ᠨᠢ  ᠮᠦᠨ ᠴᠤ ᠴᠢᠩ ᠵᠤᠷᠢᠭᠲᠠᠨ ᠢ ᠱᠠᠭᠠᠷᠲᠠᠲᠠᠭ᠃    ᠪᠢᠲᠠ ᠡᠭᠡ ᠤᠷᠤᠨ ᠤ ᠪᠠᠨ ᠢᠷᠡᠭᠡᠳᠤᠢ ᠶᠢᠨ ᠲᠦᠯᠦᠭᠡ᠂ ᠦᠩᠭᠡᠷᠡᠭᠰᠡᠨ ᠲᠡᠤᠭᠡ ᠪᠠᠨ ᠬᠢᠨᠠᠮᠠᠭᠠᠢ ᠳ᠋ᠦᠩᠨᠠᠨ᠂ ᠤᠳᠤᠬᠢ ᠴᠠᠭ ᠦᠶ᠎ᠡ ᠪᠠᠨ ᠲᠤᠳᠤ ᠲᠠᠨᠢᠵᠤ᠂ ᠢᠷᠡᠭᠡᠳᠤᠢ ᠶᠢᠨ ᠭᠡᠭᠡᠨ ᠰᠡᠷᠠᠭᠤᠯ ᠵᠦᠭ ᠴᠢᠩ ᠦᠨᠡᠨ ᠠᠴᠠ ᠪᠠᠨ ᠵᠢᠳᠬᠦᠰᠦᠭᠡᠢ᠃   ᠤᠨᠤᠯ ᠤᠨ ᠰᠤᠷᠤᠯᠴᠠᠯᠭ᠎ᠠ ᠪᠤᠯ ᠦᠢᠯᠡᠰ ᠤᠨ ᠬᠦᠭᠵᠢᠯᠲᠡ ᠶᠢᠨ ᠵᠦᠭᠯᠡᠬᠦᠷ ᠶᠤᠮ᠃  ᠪᠢᠲᠡ ᠤᠨᠤᠯ ᠤᠨ  ᠰᠤᠷᠤᠯᠴᠠᠯᠭ᠎ᠠ ᠪᠠᠨ ᠤᠯᠠᠮ ᠬᠦᠨᠵᠡᠭᠡᠶᠢᠷᠡᠬᠦᠯᠦᠨ᠂  ᠤᠨᠤᠯ ᠤᠨ ᠬᠢᠷᠢ ᠲᠦᠪᠰᠢᠨ ᠢᠶᠠᠨ ᠨᠠᠩ ᠲᠡᠭᠡᠭᠰᠢᠯᠡᠬᠦᠯᠦᠨ ᠂  ᠦᠪᠡᠷᠰᠡᠳ ᠤᠨ ᠢᠶᠠᠨ ᠠᠵᠢᠯ ᠦᠢᠯᠡᠰ ᠢᠶᠠᠨ ᠵᠦᠪ ᠤᠳᠤᠷᠢᠳᠤᠨ᠂ ᠨᠠᠩ ᠶᠡᠭᠡ ᠠᠮᠵᠢᠯᠲᠡ ᠶᠢ ᠲᠡᠮᠡᠴᠡᠨ ᠤᠯᠵᠤ᠂ ᠦᠢᠯᠡᠰ ᠤᠨ ᠬᠦᠭᠵᠢᠯᠲᠡ ᠪᠠᠨ ᠤᠯᠠᠮ ᠠᠬᠢᠭᠤᠯᠰᠤᠭᠠᠢ᠃ ᠵᠤᠬᠢᠶᠠᠭᠴᠢ ᠶᠢᠨ  ᠬᠠᠶ᠋ᠢᠭ  ᠄  ᠲᠤᠮᠲᠠᠳᠤ ᠤᠯᠤᠰ ᠤᠨ ᠡᠪ ᠬᠠᠮᠳᠤ ᠨᠠᠮ ᠤᠨ ᠠᠯᠠᠱᠨ ᠠᠶᠢᠮᠠᠭ ᠤᠨ ᠨᠠᠮ ᠤᠨ ᠰᠤᠷᠭᠠᠭᠤᠯᠢ 
 
ᠢᠷᠡᠯᠲᠡ᠄ ᠦᠪᠤᠷ ᠮᠤᠩᠭᠤᠯ ᠤᠨ ︽ᠨᠡᠶᠢᠬᠡᠮ︾ ᠰᠡᠳᠬᠦᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号