5 ᠳ᠋ᠤᠭᠠᠷ ᠰᠠᠷ᠎ᠠ ᠶᠢᠨ 7 ᠤ ᠡᠳᠦᠷ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ ᠬᠤᠷᠠᠯᠳᠤᠭᠤᠯᠤᠭᠰᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ | ᠣᠶᠢᠯᠠᠭᠠᠭᠰᠠᠨ ᠨᠢ᠂ ᠦᠨᠤ ᠵᠢᠯ ᠤᠨ ᠲᠦᠷᠤᠬᠦᠤ ᠤᠯᠠᠷᠢᠯ ᠳᠤ᠂ ᠪᠥᠬᠦ ᠣᠷᠣᠨ ᠤ ᠴᠠᠬᠢᠯᠭᠠᠨ ᠬᠤᠯᠪᠣᠭᠠᠨ ᠤ | ᠲᠤᠬᠠᠶᠢᠯᠠᠭᠰᠠᠨ ᠠᠵᠢᠯ ᠤᠨ ᠣᠷᠣᠯᠭ᠎ᠠ ᠨᠡᠶᠢᠲᠡ 59.25 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 11.73% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠤᠯᠤᠰ ᠤᠨ | ᠳᠤᠮᠳᠠᠴᠢ ᠬᠢᠷᠢ ᠲᠦᠪᠰᠢᠨ ᠠᠴᠠ 3.43 % ᠲᠠᠪᠠᠭᠰᠠᠨ ᠪᠠᠶᠢᠨ᠎ᠠ᠃ | ᠪᠥᠬᠦ ᠣᠷᠣᠨ ᠤ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠶᠢᠨ ᠬᠥᠭᠵᠢᠯᠲᠡ ᠢᠳᠡᠪᠬᠢᠲᠡᠢ ᠦᠷ᠎ᠡ | ᠪᠦᠲᠦᠮᠵᠢ ᠣᠯᠵᠤ᠂ ᠣᠳᠣᠬᠠᠨ ᠳᠤ᠂ ᠪᠥᠬᠦ ᠣᠷᠣᠨ ᠳᠤ ᠨᠢᠭᠡᠨᠲᠡ ᠤᠯᠤᠰ ᠤᠨ ᠲᠠᠰ ᠤᠨ ᠠᠵᠤ ᠦᠢᠯᠡᠳᠪᠦᠷᠢ ᠶᠢᠨ | ᠢᠨᠲ᠋ᠧᠷ ᠰᠦᠯᠵᠢᠶ᠎ᠡ ᠶᠢᠨ ᠠᠵᠢᠯ ᠲᠥᠷᠥᠯ ᠤᠨ ᠲᠠᠪᠴᠠᠩ ᠢ 1᠂ ᠦᠪᠤᠷ ᠮᠤᠩᠭᠤᠯ ᠤᠨ ᠥᠪᠡᠷᠲᠡᠭᠡᠨ ᠵᠠᠰᠠᠬᠤ | ᠣᠷᠣᠨ ᠤ ᠲᠠᠰ ᠤᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠶᠢᠨ ᠠᠵᠢᠯ ᠲᠥᠷᠥᠯ ᠤᠨ ᠲᠠᠪᠴᠠᠩ ᠢ 10᠂ | ᠪᠠᠶᠢᠭᠤᠯᠵᠤ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠲᠠᠰ ᠤᠨ ᠲᠠᠪᠴᠠᠩ ᠢ 5 ᠪᠠᠶᠢᠨ᠎ᠠ᠃ ᠲᠥᠯᠦᠪᠵᠢᠭᠦᠯᠭᠡ ᠶᠢᠨ | ᠶᠣᠰᠣᠭᠠᠷ᠂ 2025 ᠣᠨ ᠪᠣᠯᠬᠤ ᠳᠤ ᠪᠦᠬᠦ ᠣᠷᠣᠨ ᠳᠤ ᠠᠰᠢᠭᠯᠠᠯᠲᠠ ᠳᠤ ᠣᠷᠣᠭᠤᠯᠤᠭᠰᠠᠨ ᠠᠵᠤ | ᠠᠬᠤᠶᠢᠯᠠᠯ ᠤᠨ ᠳᠡᠰ᠂ ᠠᠵᠢᠯ ᠲᠥᠷᠥᠯ ᠤᠨ ᠳᠡᠰ ᠪᠠ ᠣᠷᠣᠨ ᠪᠦᠰᠡ ᠶᠢᠨ ᠳᠡᠰ ᠤᠨ ᠠᠵᠤ ᠦᠢᠯᠡᠳᠪᠦᠷᠢ ᠶᠢᠨ | ᠢᠨᠲ᠋ᠧᠷ ᠰᠦᠯᠵᠢᠶᠡᠨ ᠤ ᠲᠠᠪᠴᠠᠩ ᠢ 30 ᠠᠴᠠ ᠳᠡᠭᠡᠭᠰᠢ ᠪᠠᠶᠢᠭᠤᠯᠵᠤ᠂ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠬᠡᠷᠡᠭᠯᠡᠭᠡᠨ ᠤ 1000 ᠡᠷᠦᠬᠡ ᠶᠢᠨ ᠲᠠᠪᠴᠠᠩ ᠳᠤ ᠣᠷᠣᠬᠤ ᠶᠢ ᠪᠡᠶᠡᠯᠡᠭᠦᠯᠵᠦ᠂ ᠠᠵᠤ | ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠤᠨ ᠲᠦᠭᠡᠮᠡᠯᠵᠢᠯᠲᠡ ᠶᠢᠨ ᠨᠣᠷᠮ᠎ᠠ ᠶᠢ 45% ᠠᠴᠠ | ᠳᠡᠭᠡᠭᠰᠢ ᠳᠤ ᠬᠦᠷᠦᠭᠦᠯᠵᠦ᠂ ᠤᠯᠤᠰ ᠤᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠬᠤᠶᠠᠳᠤᠭᠠᠷ | ᠳᠡᠰ ᠤᠨ ᠶᠡᠷᠦᠩᠬᠡᠶᠢᠯᠡᠭᠰᠡᠨ ᠢᠯᠡᠷᠬᠡᠶᠢᠯᠡᠯ ᠤᠨ ᠵᠠᠳᠠᠯᠤᠯᠲᠠ ᠶᠢᠨ 6 ︱ 8 ᠵᠠᠩᠭᠢᠯᠠᠭ᠎ᠠ ᠶᠢᠨ ᠴᠡᠭ ᠤᠨ ᠪᠦᠲᠦᠭᠡᠨ | ᠪᠠᠶᠢᠭᠤᠯᠤᠯᠲᠠ ᠶᠢ ᠪᠡᠶᠡᠯᠡᠭᠦᠯᠵᠦ᠂ ᠢᠯᠡᠷᠬᠡᠶᠢᠯᠡᠯ ᠤᠨ ᠵᠠᠳᠠᠯᠤᠯᠲᠠ ᠶᠢᠨ ᠰᠢᠰᠲ᠋ᠧᠮ ᠬᠢᠭᠡᠳ ᠠᠵᠤ ᠦᠢᠯᠡᠳᠪᠦᠷᠢ ᠶᠢᠨ | ᠢᠨᠲ᠋ᠧᠷ ᠰᠦᠯᠵᠢᠶᠡᠨ ᠤ ᠲᠠᠪᠴᠠᠩ᠂ ᠠᠵᠤ ᠦᠢᠯᠡᠳᠪᠦᠷᠢ ᠶᠢᠨ APP ᠵᠡᠷᠭᠡ ᠶᠢ ᠠᠭᠤᠰᠤᠯᠴᠠᠭᠤᠯᠤᠨ ᠬᠡᠷᠡᠭᠯᠡᠬᠦ ᠶᠢ | ᠠᠬᠢᠭᠤᠯᠬᠤ ᠪᠤᠯᠤᠨ᠎ᠠ᠃ | ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠮᠡᠭᠡ | ᠬᠤᠯᠪᠣᠭᠠᠨ ᠤ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠤᠨ | ᠬᠠᠮᠢᠶ᠎ᠠ ᠪᠦᠬᠦᠢ ᠬᠠᠷᠢᠭᠤᠴᠠᠯᠭᠠᠲᠠᠨ 2022 ᠣᠨ ᠤ ᠳᠡᠯᠡᠬᠡᠢ ᠶᠢᠨ ᠴᠠᠬᠢᠯᠭᠠᠨ ᠬᠤᠯᠪᠣᠭ᠎ᠠ ᠪᠠ ᠮᠡᠳᠡᠭᠡ ᠵᠠᠩᠭᠢ ᠶᠢᠨ | ᠨᠡᠶᠢᠭᠡᠮ ᠤᠨ ᠡᠳᠦᠷ ᠤᠨ ᠶᠡᠭᠡ ᠬᠤᠷᠠᠯ ᠤᠨ ᠬᠢᠯᠠᠰ ᠴᠡᠭ ᠢ ᠲᠠᠨᠢᠯᠴᠠᠭᠤᠯᠤᠭᠰᠠᠨ ᠪᠥᠭᠡᠳ ᠬᠠᠮᠢᠶ᠎ᠠ ᠪᠦᠬᠦᠢ | ᠠᠰᠠᠭᠤᠳᠠᠯ ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | ᠳᠡᠯᠡᠬᠡᠢ ᠶᠢᠨ ᠴᠠᠬᠢᠯᠭᠠᠨ ᠬᠤᠯᠪᠣᠭ᠎ᠠ ᠪᠠ ᠮᠡᠳᠡᠭᠡ ᠵᠠᠩᠭᠢ ᠶᠢᠨ ᠨᠡᠶᠢᠭᠡᠮ ᠤᠨ ᠡᠳᠦᠷ ᠤᠨ ᠶᠡᠭᠡ ᠬᠤᠷᠠᠯ ᠪᠣᠯ | ᠣᠯᠠᠨ ᠤᠯᠤᠰ ᠤᠨ ᠴᠠᠬᠢᠯᠭᠠᠨ ᠬᠤᠯᠪᠣᠭᠠᠨ ᠤ ᠬᠤᠯᠪᠣᠭ᠎ᠠ ᠶᠢᠨ ᠪᠥᠬᠦ ᠳᠡᠯᠡᠬᠡᠢ ᠶᠢᠨ ᠡᠯ᠎ᠡ ᠪᠦᠷᠢᠯᠳᠦᠭᠦᠨ | ᠤᠯᠤᠰ ᠤᠨ ᠵᠢᠯ ᠪᠦᠷᠢ ᠶᠢᠨ 5 ᠰᠠᠷ᠎ᠠ ᠶᠢᠨ 17 ᠤ ᠡᠳᠦᠷ ᠥᠷᠨᠢᠭᠦᠯᠬᠦ ᠶᠢ ᠱᠠᠭᠠᠷᠳᠠᠭᠰᠠᠨ ᠳᠤᠷᠠᠰᠬᠠᠬᠤ | ᠠᠵᠢᠯᠯᠠᠭ᠎ᠠ ᠮᠥᠨ᠂ ᠮᠡᠳᠡᠭᠡ ᠵᠠᠩᠭᠢ ᠮᠡᠳᠡᠭᠡ ᠬᠤᠯᠪᠣᠭᠠᠨ ᠤ ᠬᠦᠷᠢᠶ᠎ᠡ ᠴᠠᠷᠠᠭ᠎ᠠ ᠳᠤ ᠬᠢ ᠦᠨᠳᠤᠷ ᠵᠢᠩᠳᠠᠭᠠᠨ ᠤ | ᠦᠪᠡᠳᠡᠭᠰᠢ ᠴᠤᠭᠯᠠᠭᠠᠨ ᠮᠥᠨ᠃ ᠦᠨᠤ ᠵᠢᠯ ᠮᠠᠨ ᠤ ᠤᠯᠤᠰ ᠤᠨ ᠳᠡᠯᠡᠬᠡᠢ ᠶᠢᠨ ᠴᠠᠬᠢᠯᠭᠠᠨ ᠬᠤᠯᠪᠣᠭ᠎ᠠ ᠪᠠ ᠮᠡᠳᠡᠭᠡ | ᠵᠠᠩᠭᠢ ᠶᠢᠨ ᠨᠡᠶᠢᠭᠡᠮ ᠤᠨ ᠡᠳᠦᠷ ᠤᠨ ᠶᠡᠭᠡ ᠬᠤᠷᠠᠯ ᠢ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ | ᠬᠢᠭᠡᠳ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠠᠮᠲᠤᠷᠠᠨ | ᠡᠷᠭᠢᠯᠡᠵᠦ᠂ ᠬᠤᠷᠠᠯ ᠤᠨ ᠭᠤᠣᠯ ᠰᠡᠳᠦᠪ ᠨᠢ ︽ᠨᠠᠰᠤᠲᠠᠶᠢᠴᠤᠳ ᠲᠤ ᠬᠠᠨᠳᠤᠭᠤᠯᠤᠭᠰᠠᠨ ᠪᠠ ᠡᠷᠡᠭᠦᠯ ᠮᠡᠨᠳᠦ | ᠨᠠᠰᠤᠵᠢᠯᠲᠠ ᠶᠢ ᠪᠡᠶᠡᠯᠡᠭᠦᠯᠬᠦ ᠲᠣᠭᠠᠴᠢᠯᠠᠭᠰᠠᠨ ᠮᠡᠷᠭᠡᠵᠢᠯ︾ ᠪᠣᠯᠣᠨ᠎ᠠ᠃ ᠶᠡᠭᠡ ᠬᠤᠷᠠᠯ ᠨᠢ ᠠᠷᠠᠳ ᠲᠦᠮᠡᠨ ᠳᠤ | ᠦᠢᠯᠡᠴᠢᠯᠡᠬᠦ᠂ ᠪᠣᠳᠠᠲᠤ ᠴᠣᠭᠴᠠ ᠳᠤ ᠡᠨᠧᠷᠭᠢ ᠣᠯᠭᠤᠬᠤ᠂ ᠨᠡᠶᠢᠭᠡᠮ ᠳᠤ ᠪᠤᠶᠠᠨ ᠦᠢᠯᠡᠳᠬᠦ ᠭᠤᠷᠪᠠᠨ ᠲᠠᠯ᠎ᠠ ᠠᠴᠠ | ᠮᠡᠳᠡᠭᠡ ᠵᠠᠩᠭᠢ ᠴᠢᠮᠡᠭᠡ ᠬᠤᠯᠪᠣᠭᠠᠨ ᠤ ᠦᠢᠯᠡᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠬᠦ | ᠯᠤᠲᠤ ᠶᠡᠭᠡ ᠠᠬᠢᠭᠤᠯᠬᠤ ᠦᠢᠯᠡᠳᠦᠯ ᠢ ᠪᠦᠬᠦ ᠲᠠᠯ᠎ᠠ ᠪᠠᠷ ᠳᠡᠯᠭᠡᠨ ᠦᠵᠡᠭᠦᠯᠬᠦ ᠪᠣᠯᠣᠨ᠎ᠠ᠃ ᠶᠡᠭᠡ ᠬᠤᠷᠠᠯ ᠳᠤ | ᠨᠡᠶᠢᠲᠡ 1 ᠶᠠᠷᠢᠶᠠᠨ ᠤ ᠭᠤᠣᠯ ᠲᠠᠪᠴᠠᠩ᠂ 10 ᠶᠠᠷᠢᠶᠠᠨ ᠤ ᠬᠤᠪᠢᠶᠠᠷᠢ ᠲᠠᠪᠴᠠᠩ ᠲᠣᠬᠢᠷᠠᠭᠤᠯᠵᠤ᠂ ᠵᠠᠭᠤ | ᠰᠢᠬᠠᠮ ᠭᠤᠣᠯ ᠰᠡᠳᠦᠪᠲᠦ ᠶᠠᠷᠢᠶ᠎ᠠ ᠢᠯᠡᠳᠬᠡᠯ ᠬᠢᠵᠦ᠂ ᠬᠤᠷᠠᠯ ᠤᠨ ᠵᠥᠪᠯᠡᠬᠦ ᠰᠡᠳᠦᠪ ᠨᠢ 5G᠂ ᠵᠠᠬ᠎ᠠ ᠶᠢᠨ | ᠪᠣᠳᠣᠯᠭ᠎ᠠ᠂ ᠠᠵᠢᠯ ᠲᠦᠷᠦᠯ ᠤᠨ ᠲᠤᠰᠬᠠᠢ ᠰᠦᠯᠵᠢᠶ᠎ᠡ᠂ ᠡᠭᠦᠯᠡᠨ ᠰᠦᠯᠵᠢᠶ᠎ᠡ ᠶᠢᠨ ᠠᠭᠤᠰᠤᠯᠴᠠᠯ᠂ ᠮᠢᠩᠭᠠᠨ ᠰᠠᠶ᠎ᠠ | ᠬᠡᠷᠡᠯ ᠤᠨ ᠰᠦᠯᠵᠢᠶ᠎ᠡ᠂ ᠲᠤᠭ᠎ᠠ ᠪᠠᠷᠢᠮᠲᠠ ᠶᠢᠨ ᠠᠮᠤᠷ ᠲᠦᠪᠰᠢᠨ ᠵᠡᠷᠭᠡ ᠮᠡᠷᠭᠡᠵᠢᠯ ᠤᠨ ᠬᠠᠯᠠᠮᠰᠢᠯ ᠠᠰᠠᠭᠤᠳᠠᠯ ᠢ | ᠬᠠᠮᠤᠷᠤᠭᠰᠠᠨ ᠪᠥᠭᠡᠳ ᠪᠠᠰᠠ ᠠᠵᠤ ᠦᠢᠯᠡᠳᠪᠦᠷᠢ ᠶᠢᠨ ᠢᠨᠲ᠋ᠥᠷ ᠰᠦᠯᠵᠢᠶ᠎ᠡ᠂ ᠲᠣᠭᠠᠴᠢᠯᠠᠭᠰᠠᠨ ᠠᠵᠤ ᠠᠬᠤᠢ | ᠵᠡᠷᠭᠡ ᠠᠵᠤ ᠦᠢᠯᠡᠰ ᠤᠨ ᠡᠮᠦᠨ᠎ᠡ ᠵᠠᠬ᠎ᠠ ᠶᠢᠨ ᠶᠠᠷᠢᠶᠠᠨ ᠤ ᠰᠡᠳᠦᠪ ᠢ ᠪᠠᠭᠲᠠᠭᠠᠵᠤ᠂ ᠪᠠᠰᠠ ︽ᠬᠤᠣᠰ | ᠨᠡᠭᠦᠷᠡᠰᠦᠲᠥ᠋ᠷᠥᠭᠴᠢ︾᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠬᠠᠭᠤᠴᠢᠷᠠᠬᠤ ᠳᠤ ᠵᠣᠬᠢᠴᠠᠬᠤ | ᠵᠡᠷᠭᠡ ᠣᠳᠣᠬᠠᠨ ᠤ ᠡᠯ᠎ᠡ ᠲᠠᠯ᠎ᠠ ᠶᠢᠨ ᠬᠢᠨ ᠤ ᠠᠩᠬᠠᠷᠴᠤ ᠪᠠᠶᠢᠭ᠎ᠠ ᠵᠥᠪᠯᠡᠬᠦ ᠰᠡᠳᠦᠪ ᠲᠠᠢ ᠬᠤᠯᠪᠣᠭᠳᠠᠵᠤ᠂ ᠠᠵᠢᠯ | ᠲᠦᠷᠦᠯ ᠤᠨ ᠴᠢᠨᠠᠷ᠂ ᠪᠠᠷᠠᠭᠠᠯᠬᠢᠯᠠᠯᠳᠤ ᠴᠢᠨᠠᠷ ᠤᠨ ᠣᠨᠴᠠᠯᠢᠭ ᠮᠠᠰᠢ ᠲᠣᠪᠣᠶᠢᠮ᠎ᠠ ᠪᠠᠶᠢᠨ᠎ᠠ᠃ ᠡᠭᠦᠨ ᠠᠴᠠ ᠭᠠᠳᠠᠨ᠎ᠠ | ᠂ ᠶᠡᠭᠡ ᠬᠤᠷᠠᠯ ᠳᠤ 5G ᠪᠤᠯᠤᠨ ᠲᠣᠭᠠᠴᠢᠯᠠᠭᠰᠠᠨ ᠬᠡᠷᠡᠭᠯᠡᠭᠡᠨ ᠤ ᠦᠵᠡᠭᠦᠯᠦᠯᠭᠡ ᠶᠢᠨ ᠲᠣᠭᠤᠷᠢᠭ᠂ ᠰᠢᠨᠵᠢᠯᠡᠬᠦ | ᠤᠬᠠᠭᠠᠨ ᠮᠡᠷᠭᠡᠵᠢᠯ ᠤᠨ ᠨᠠᠰᠤᠲᠠᠶᠢᠴᠤᠳ ᠲᠤ ᠲᠣᠬᠢᠷᠠᠬᠤ ᠦᠵᠡᠭᠦᠯᠦᠯᠭᠡ ᠶᠢᠨ ᠲᠣᠭᠤᠷᠢᠭ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ | ᠦᠵᠡᠭᠦᠯᠦᠯᠭᠡ ᠶᠢᠨ ᠲᠣᠭᠤᠷᠢᠭ ᠵᠡᠷᠭᠡ ᠭᠤᠷᠪᠠᠨ ᠶᠡᠭᠡ ᠭᠤᠣᠯ ᠰᠡᠳᠦᠪᠲᠦ ᠣᠨᠴᠠᠯᠢᠭᠲᠤ ᠦᠵᠡᠭᠦᠯᠦᠯᠭᠡ ᠶᠢᠨ | ᠲᠣᠭᠤᠷᠢᠭ ᠭᠠᠷᠭᠠᠬᠤ ᠪᠤᠯᠤᠨ᠎ᠠ᠃ ᠶᠡᠭᠡ ᠬᠤᠷᠠᠯ ᠤᠨ ᠡᠬᠢᠯᠡᠯᠲᠡ ᠶᠢᠨ ᠶᠣᠰᠣᠯᠠᠯ ᠳᠡᠭᠡᠷ᠎ᠡ ᠪᠠᠰᠠ ᠮᠡᠳᠡᠭᠡ ᠵᠠᠩᠭᠢ | ᠴᠢᠮᠡᠭᠡ ᠬᠤᠯᠪᠣᠭᠠᠨ ᠤ ᠦᠢᠯᠡᠰ ᠤᠨ ᠰᠢᠷᠢᠰ ᠴᠢᠬᠤᠯᠠ ᠦᠷ᠎ᠡ ᠪᠦᠲᠦᠭᠡᠯ ᠢ ᠨᠡᠶᠢᠲᠡᠯᠡᠵᠦ᠂ ICT ᠠᠵᠤ | ᠠᠬᠤᠶᠢᠯᠠᠯ ᠤᠨ ᠡᠨᠧᠷᠭᠢ ᠣᠯᠭᠤᠬᠤ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ ᠠᠵᠤ | ᠠᠬᠤᠢ ᠶᠢᠨ ᠭᠡᠷ᠎ᠡ ᠲᠣᠭᠲᠠᠬᠤ ᠶᠣᠰᠣᠯᠠᠯ ᠶᠠᠪᠤᠭᠤᠯᠵᠤ᠂ ᠰᠠᠭᠤᠷᠢ ᠴᠠᠬᠢᠯᠭᠠᠨ ᠬᠤᠯᠪᠣᠭᠠᠨ ᠤ ᠡᠵᠡᠩᠨᠡᠯᠲᠡ ᠶᠢᠨ | ᠬᠤᠳᠠᠯᠳᠤᠭᠠᠴᠢᠨ ᠴᠤ ᠲᠤᠰ ᠲᠤᠰ ᠴᠢᠬᠤᠯᠠ ᠶᠡᠭᠡ ᠦᠷ᠎ᠡ ᠪᠦᠲᠦᠭᠡᠯ ᠪᠤᠶᠤ ᠠᠷᠠᠳ ᠲᠤ ᠠᠰᠢᠭ ᠬᠦᠷᠲᠡᠭᠡᠬᠦ | ᠠᠷᠭ᠎ᠠ ᠬᠡᠮᠵᠢᠶ᠎ᠡ ᠶᠢ ᠨᠡᠶᠢᠲᠡᠯᠡᠬᠦ ᠪᠣᠯᠣᠨ᠎ᠠ᠃ | | | | | | | | | | | | | |