ᠮᠠᠨ ᠤ ᠣᠷᠣᠨ ᠬᠦᠷᠦᠯᠴᠡᠬᠦ ᠴᠢᠨᠠᠷᠲᠠᠢ ᠴᠤᠭᠯᠠᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠬᠦᠴᠢᠷᠳᠡᠯ ᠢ ᠨᠠᠷᠢᠯᠢᠭ ᠣᠨᠣᠴᠠᠲᠠᠢ ᠰᠢᠢᠳᠪᠦᠷᠢᠯᠡᠵᠦ ᠪᠣᠶ
ᠨᠡᠶᠢᠲᠡᠯᠡᠭᠰᠡᠨ ᠴᠠᠭ᠄
2022/5/10
   ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠤᠨᠤᠭ ᠪᠠᠭᠤᠳᠠᠯ᠂ ᠬᠤᠭᠤᠯᠠ ᠤᠮᠳᠠ᠂ ᠵᠢᠵᠢᠭᠯᠡᠨ ᠬᠤᠳᠠᠯᠳᠤᠬᠤ᠂ ᠵᠢᠭᠤᠯᠴᠢᠯᠠᠯ ᠵᠡᠷᠭᠡ ᠬᠦᠷᠦᠯᠴᠡᠬᠦ ᠴᠢᠨᠠᠷᠲᠠᠢ ᠴᠤᠭᠯᠠᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠲᠤ ᠦᠵᠡᠭᠦᠯᠬᠦ ᠨᠥᠯᠥᠭᠡ ᠶᠢ ᠠᠷᠭᠠᠴᠠᠭᠠᠬᠤ ᠶᠢᠨ ᠲᠥᠯᠥᠭᠡ᠂ ᠠᠵᠤ ᠠᠬᠤᠶᠢᠯᠠᠯ ᠪᠠ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠵᠤ᠂ ᠵᠠᠬ᠎ᠠ ᠳᠡᠯᠭᠡᠭᠦᠷ ᠤᠨ ᠵᠢᠱᠢᠯᠲᠡ ᠶᠢ ᠲᠣᠭᠲᠠᠪᠤᠷᠢᠵᠢᠭᠤᠯᠤᠨ᠂ ᠵᠠᠬ᠎ᠠ ᠳᠡᠯᠭᠡᠭᠦᠷ ᠤᠨ ᠢᠲᠡᠭᠡᠯ ᠢ ᠨᠡᠮᠡᠭᠳᠡᠭᠦᠯᠵᠦ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠰᠡᠷᠭᠦᠭᠡᠬᠦ ᠶᠢ ᠠᠬᠢᠭᠤᠯᠵᠤ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠣᠶᠢᠷ᠎ᠠ ᠳᠤ ︽ᠬᠦᠷᠦᠯᠴᠡᠬᠦ ᠴᠢᠨᠠᠷᠲᠠᠢ ᠴᠤᠭᠯᠠᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠬᠦᠴᠢᠷᠳᠡᠯ ᠢ ᠨᠠᠷᠢᠯᠢᠭ ᠣᠨᠣᠴᠠᠲᠠᠢ ᠰᠢᠢᠳᠪᠦᠷᠢᠯᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ ᠤᠨ ᠲᠤᠬᠠᠢ ᠮᠡᠳᠡᠭᠳᠡᠯ︾ ᠢ ᠪᠠᠭᠤᠯᠭᠠᠪᠠ᠃   ︽ᠬᠦᠷᠦᠯᠴᠡᠬᠦ ᠴᠢᠨᠠᠷᠲᠠᠢ ᠴᠤᠭᠯᠠᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠬᠦᠴᠢᠷᠳᠡᠯ ᠢ ᠨᠠᠷᠢᠯᠢᠭ ᠣᠨᠣᠴᠠᠲᠠᠢ ᠪᠠᠷ ᠰᠢᠢᠳᠪᠦᠷᠢᠯᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ ᠤᠨ ᠲᠤᠬᠠᠢ ᠮᠡᠳᠡᠭᠳᠡᠯ︾ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠡᠵᠡᠩᠨᠡᠯᠲᠡ ᠶᠢᠨ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠬᠤ᠂ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠳᠡᠮᠵᠢᠯᠭᠡ ᠶᠢ ᠴᠢᠩᠭᠠᠳᠬᠠᠬᠤ᠂ ᠬᠡᠷᠡᠭᠯᠡᠭᠡᠨ ᠤ ᠵᠠᠬ᠎ᠠ ᠳᠡᠯᠭᠡᠭᠦᠷ ᠢ ᠪᠥᠬᠦ ᠲᠠᠯ᠎ᠠ ᠪᠠᠷ ᠬᠥᠭᠵᠢᠭᠡᠬᠦ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠬᠤ ᠵᠡᠷᠭᠡ ᠲᠠᠪᠤᠨ ᠲᠠᠯ᠎ᠠ ᠪᠠᠷ ᠱᠠᠲᠤ ᠱᠠᠲᠤ ᠪᠠᠷ ᠬᠦᠴᠦᠯᠡᠵᠦ᠂ ᠪᠥᠬᠦ ᠣᠷᠣᠨ ᠤ ᠬᠦᠷᠦᠯᠴᠡᠬᠦ ᠴᠢᠨᠠᠷᠲᠠᠢ ᠴᠤᠭᠯᠠᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠲᠤ ᠬᠦᠴᠢᠷᠳᠡᠯ ᠢ ᠨᠢ ᠨᠠᠷᠢᠯᠢᠭ ᠤᠨᠤᠪᠴᠢᠳᠠᠢ ᠪᠠᠷ ᠰᠢᠢᠳᠪᠤᠷᠢᠯᠡᠵᠤ ᠦᠭᠭᠦᠨ᠎ᠡ᠃   ︽ᠬᠦᠷᠦᠯᠴᠡᠬᠦ ᠴᠢᠨᠠᠷᠲᠠᠢ ᠴᠤᠭᠯᠠᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠬᠦᠴᠢᠷᠳᠡᠯ ᠢ ᠨᠠᠷᠢᠯᠢᠭ ᠣᠨᠣᠴᠠᠲᠠᠢ ᠰᠢᠢᠳᠪᠦᠷᠢᠯᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ ᠤᠨ ᠲᠤᠬᠠᠢ ᠮᠡᠳᠡᠭᠳᠡᠯ︾ ᠳᠤ  ᠵᠢᠭᠠᠬᠰᠠᠨ ᠨᠢ᠂ ᠬᠦᠷᠦᠯᠴᠡᠬᠦ ᠴᠢᠨᠠᠷᠲᠠᠢ ᠴᠤᠭᠯᠠᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠠᠵᠢᠯᠲᠠᠨ ᠠᠵᠢᠯᠴᠢᠨ ᠤ ᠲᠣᠭᠲᠠᠮᠠᠯ ᠬᠤᠭᠤᠴᠠᠭ᠎ᠠ ᠲᠠᠢ ᠪᠥᠭᠡᠮ ᠬᠦᠴᠢᠯ ᠤᠨ ᠪᠠᠶᠢᠴᠭᠠᠠᠯᠳᠠ ᠶᠢ ᠰᠦᠢᠳᠬᠡᠯ ᠬᠤᠷᠢᠶᠠᠬᠤ ᠦᠭᠡᠢ ᠪᠠᠷ ᠥᠷᠨᠢᠭᠦᠯᠵᠦ᠂ ᠬᠢᠵᠢᠭ ᠢ ᠰᠡᠷᠭᠡᠶᠢᠯᠡᠬᠦ᠂  ᠠᠷᠢᠭᠤᠳᠬᠠᠬᠤ ᠵᠠᠷᠤᠯᠭ᠎ᠠ ᠳᠤ ᠨᠥᠬᠦᠪᠦᠷᠢ ᠳᠡᠮᠵᠢᠯᠭᠡ ᠦᠵᠡᠭᠦᠯᠦᠨ᠎ᠡ᠃ ᠠᠵᠢᠯᠲᠠᠨ ᠢᠶᠠᠨ ᠬᠠᠰᠤᠬᠤ ᠦᠭᠡᠢ᠂ ᠠᠵᠢᠯᠲᠠᠨ ᠢᠶᠠᠨ ᠴᠥᠭᠡᠨ ᠬᠠᠰᠤᠬᠤ ᠬᠦᠷᠦᠯᠴᠡᠬᠦ ᠴᠢᠨᠠᠷᠲᠠᠢ ᠴᠤᠭᠯᠠᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠳᠤ ᠲᠦᠭᠡᠮᠡᠯ ᠬᠠᠷᠠᠭᠠᠯᠵᠠᠯ ᠤᠨ ᠴᠢᠨᠠᠷᠲᠠᠢ ᠠᠵᠢᠯ ᠠᠯᠳᠠᠭᠰᠠᠳ ᠤᠨ ᠳᠠᠭᠠᠳᠬᠠᠯ ᠤᠨ ᠠᠵᠢᠯ ᠤᠨ ᠪᠠᠶᠢᠷᠢ  ᠶᠢ ᠲᠣᠭᠲᠠᠪᠤᠷᠢᠵᠢᠭᠤᠯᠤᠨ ᠪᠤᠴᠠᠭᠠᠬᠤ ᠲᠥᠷᠥ ᠶᠢᠨ ᠪᠣᠳᠣᠯᠭ᠎ᠠ  ᠶᠢ ᠬᠡᠷᠡᠭᠵᠢᠭᠦᠯᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠨᠢ ᠠᠵᠤ ᠠᠬᠤᠶᠢᠯᠠᠯ ᠤᠨ ᠳᠡᠭᠡᠷ᠎ᠡ ᠵᠢᠯ ᠤᠨ ᠪᠣᠳᠠᠲᠠᠢ ᠲᠤᠰᠢᠶᠠᠭᠰᠠᠨ ᠲᠣᠰ ᠵᠢᠯ ᠤᠨ ᠠᠵᠢᠯ ᠠᠯᠳᠠᠯᠲᠠ ᠶᠢᠨ ᠳᠠᠭᠠᠳᠬᠠᠯ ᠤᠨ ᠰᠦᠢᠳᠬᠡᠯ ᠤᠨ 90% ᠪᠠᠷ ᠪᠤᠴᠠᠭᠠᠨ ᠥᠭᠴᠦ᠂ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠳᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠪᠡᠯᠡ ᠮᠥᠩᠭᠦ ᠶᠢ ᠨᠠᠷᠢᠯᠢᠭ ᠣᠨᠣᠴᠠᠲᠠᠢ ᠪᠠᠷ ᠣᠯᠭᠤᠵᠤ᠂ ᠨᠢᠬᠡᠴᠢ ᠶᠢᠨ ᠬᠡᠯᠪᠡᠷᠢ ᠪᠠᠷ ᠳᠠᠭᠠᠳᠬᠠᠯ ᠳᠤ ᠣᠷᠣᠯᠴᠠᠭᠰᠠᠨ ᠬᠤᠪᠢ ᠶᠢᠨ ᠠᠵᠤ ᠠᠬᠤᠢ ᠨᠢ ᠳᠤᠮᠳᠠ ᠵᠢᠵᠢᠭ ᠪᠢᠴᠢᠯ ᠠᠵᠤ ᠠᠬᠤᠶᠢᠯᠠᠯ ᠢᠶᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ ᠬᠦᠷᠦᠯᠴᠡᠬᠦ ᠴᠢᠨᠠᠷᠲᠠᠢ ᠴᠤᠭᠯᠠᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠳᠤ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠵᠠᠷᠤᠳᠠᠯ ᠢᠶᠠᠨ ᠦᠷᠢᠳᠦᠭᠰᠡᠨ ᠴᠦ ᠬᠠᠨᠭ᠍ᠭᠠᠯᠭ᠎ᠠ ᠶᠢ ᠵᠤᠬᠰᠤᠭᠠᠬᠤ  ᠦᠬᠡᠢ ᠠᠷᠭ᠎ᠠ ᠬᠡᠮᠵᠢᠶ᠎ᠡ ᠠᠪᠴᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠠᠴᠠ ᠪᠣᠶ ᠪᠣᠯᠤᠭᠰᠠᠨ ᠤᠰᠤ᠂ ᠴᠠᠬᠢᠯᠭᠠᠨ᠂ ᠬᠡᠢ ᠶᠢᠨ ᠵᠠᠷᠤᠳᠠᠯ ᠢ 3 ᠰᠠᠷ᠎ᠠ ᠬᠤᠶᠢᠰᠢᠯᠠᠭᠤᠯᠤᠨ ᠲᠤᠰᠢᠶᠠᠬᠤ ᠶᠢᠨ ᠬᠠᠮᠲᠤ᠂ ᠡᠨᠡ ᠬᠤᠭᠤᠴᠠᠭᠠᠨ ᠳᠤ ᠪᠣᠶ ᠪᠣᠯᠤᠭᠰᠠᠨ ᠵᠠᠷᠤᠳᠠᠯ ᠦᠷᠢᠳᠦᠭᠰᠡᠨ ᠠᠴᠠ ᠪᠤᠯᠤᠬᠰᠠᠨ ᠬᠡᠷ᠎ᠡ ᠪᠠᠨ ᠵᠥᠷᠢᠴᠡᠭᠰᠡᠨ ᠮᠥᠩᠭᠦ ᠶᠢ ᠬᠡᠯᠲᠦᠷᠢᠭᠦᠯᠦᠨ᠎ᠡ᠃ ᠨᠡᠪᠳᠡᠷᠡᠬᠦ ᠬᠡᠷᠡᠴᠢ ᠶᠢ ᠪᠥᠬᠦ ᠤᠯᠤᠰ ᠲᠤ ᠨᠡᠶᠢᠳᠡᠮ ᠮᠡᠳᠡᠷᠡᠨ᠂ ᠨᠡᠪᠲᠡᠷᠡᠬᠦ  ᠬᠡᠷᠡᠴᠢ ᠶᠢ ᠡᠯᠧᠺᠲᠷᠤᠨᠴᠢᠯᠠᠬᠤ᠂ ᠰᠦᠯᠵᠢᠶᠡᠨ ᠳᠡᠭᠡᠷ᠎ᠡ ᠭᠦᠢᠴᠡᠳᠬᠡᠬᠦ ᠶᠢ ᠳᠡᠯᠭᠡᠷᠡᠭᠦᠯᠦᠨ᠎ᠡ᠃ ᠠᠴᠢᠶᠠᠨ ᠤ ᠮᠠᠰᠢᠨ ᠲᠡᠷᠭᠡᠨ ᠤ ᠵᠢᠯᠣᠭᠤᠴᠢ ᠳᠤ ︽ᠪᠠᠷᠢᠨ ᠪᠠᠶᠢᠴᠠᠭᠠᠵᠤ ᠪᠠᠷᠢᠨ ᠶᠠᠪᠤᠬᠤ︾ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠪᠥᠭᠡᠮ ᠬᠦᠴᠢᠯ ᠤᠨ ᠪᠠᠶᠢᠴᠠᠭᠠᠯᠳᠠ ᠶᠢᠨ ᠦᠷ᠎ᠡ ᠳ᠋ᠦᠩ ᠢ ᠪᠥᠬᠦ ᠤᠯᠤᠰ ᠲᠤ ᠬᠠᠷᠢᠯᠴᠠᠨ ᠮᠡᠳᠡᠷᠡᠵᠦ ᠨᠡᠶᠢᠳᠡᠮ ᠬᠡᠷᠡᠭᠯᠡᠨ᠎ᠡ᠂ ᠨᠡᠪᠲᠡᠷᠡᠬᠦ ᠶᠢ ᠬᠢᠵᠠᠭᠠᠷᠯᠠᠵᠤ ᠪᠣᠯᠬᠤ ᠦᠭᠡᠢ᠂ ᠬᠦᠴᠦᠨ ᠲᠠᠢ ᠬᠤᠭᠤᠴᠠᠭᠠᠨ ᠳᠤ ᠪᠠᠶᠢᠴᠠᠭᠠᠨ ᠰᠢᠯᠭᠠᠬᠤ ᠶᠢ ᠳᠠᠬᠢᠨ ᠳᠠᠪᠲᠠᠨ ᠱᠠᠭᠠᠷᠳᠠᠵᠤ ᠪᠣᠯᠬᠤ ᠦᠭᠡᠢ᠂ ᠠᠴᠢᠶᠠᠨ ᠤ ᠮᠠᠰᠢᠨ ᠲᠡᠷᠭᠡᠨ ᠤ ᠵᠢᠯᠣᠭᠤᠴᠢ ᠶᠢᠨ ᠠᠵᠢᠯ ᠠᠮᠢᠳᠤᠷᠠᠯ ᠤᠨ ᠦᠢᠯᠡᠴᠢᠯᠡᠭᠡᠨ ᠤ ᠪᠠᠲᠤᠯᠠᠭ᠎ᠠ ᠶᠢ ᠪᠥᠬᠦ ᠲᠠᠯ᠎ᠠ ᠪᠠᠷ ᠴᠢᠩᠭᠠᠳᠬᠠᠬᠤ ᠬᠡᠷᠡᠭᠲᠡᠢ᠃    ︽ᠬᠦᠷᠦᠯᠴᠡᠬᠦ ᠴᠢᠨᠠᠷᠲᠠᠢ ᠴᠤᠭᠯᠠᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠬᠦᠴᠢᠷᠳᠡᠯ ᠢ ᠨᠠᠷᠢᠯᠢᠭ ᠣᠨᠣᠴᠠᠲᠠᠢ ᠪᠠᠷ ᠰᠢᠢᠳᠪᠦᠷᠢᠯᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ ᠤᠨ ᠲᠤᠬᠠᠢ ᠮᠡᠳᠡᠭᠳᠡᠯ︾ ᠳᠤ ᠱᠠᠭᠠᠷᠳᠠᠭᠰᠠᠨ ᠨᠢ᠂ ︽ᠪᠠᠲᠤᠯᠠᠭᠠᠲᠤ ᠵᠢᠭᠡᠯᠡᠯᠭᠡ ᠶᠢ ᠳᠡᠮᠵᠢᠬᠦ︾ ᠳᠡᠮᠵᠢᠯᠭᠡ ᠶᠢᠨ ᠬᠡᠪᠴᠢᠶ᠎ᠡ ᠶᠢ ᠥᠷᠭᠡᠳᠬᠡᠬᠦ ᠡᠬᠦᠳᠡᠨ ᠠᠴᠠ ᠬᠦᠷᠦᠯᠴᠡᠬᠦ ᠴᠢᠨᠠᠷᠲᠠᠢ ᠴᠤᠭᠯᠠᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠢ ᠪᠠᠳᠤᠯᠠᠨ ᠲᠠᠠᠭᠠᠭᠠᠬᠤ ᠲᠠᠯ᠎ᠠ ᠪᠠᠷ ᠪᠡᠯᠨ ᠬᠤᠷᠠᠮᠳᠤᠭᠤᠯᠵᠤ ᠪᠠᠳᠤᠯᠠᠨ ᠲᠠᠭᠠᠭᠠᠬᠤ ᠵᠠᠷᠤᠳᠠᠯ ᠢ ᠪᠦᠬᠦ ᠲᠠᠯ᠎ᠠ ᠪᠠᠷ ᠴᠢᠩᠭᠠᠳᠬᠠᠨ᠎ᠠ᠃ ᠡᠭᠦᠨ ᠤ ᠬᠠᠮᠲᠤ᠂ ᠲᠣᠮᠣ ᠬᠡᠯᠪᠡᠷᠢ ᠶᠢᠨ ᠡᠯᠧᠺᠲᠷᠣᠨ ᠬᠤᠳᠠᠯᠳᠤᠭᠠᠨ ᠤ ᠲᠠᠪᠴᠠᠩ ᠤᠨ ᠰᠦᠢᠳᠬᠡᠯ ᠢ ᠪᠠᠭᠤᠷᠠᠭᠤᠯᠤᠨ ᠬᠦᠴᠢᠷᠳᠡᠯ ᠢ ᠲᠠᠶᠢᠯᠬᠤ ᠲᠥᠷᠥ ᠶᠢᠨ ᠪᠣᠳᠣᠯᠭ᠎ᠠ ᠲᠣᠭᠲᠠᠭᠠᠬᠤ ᠶᠢ ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ᠂ ᠡᠯ᠎ᠡ ᠲᠥᠷᠥᠯ ᠤᠨ ᠦᠨ᠎ᠡ ᠵᠠᠰᠠᠬᠤ ᠵᠣᠭᠤᠰ ᠢ ᠪᠠᠭᠤᠷᠠᠭᠤᠯᠵᠤ᠂ ᠬᠤᠳᠠᠯᠳᠤᠭᠠᠨ ᠤ ᠡᠷᠦᠬᠡ ᠶᠢᠨ ᠳᠠᠷᠤᠭᠠᠰᠤ ᠶᠢ ᠦᠨᠡᠨ ᠬᠦ ᠬᠥᠩᠭᠡᠷᠡᠭᠦᠯᠦᠨ᠎ᠡ᠃ ︽5 · 1︾ ︽ᠲᠠᠪᠤᠨ ᠰᠠᠷ᠎ᠠ ᠶᠢᠨ ᠰᠢᠨ᠎ᠡ ᠶᠢᠨ ᠲᠠᠪᠤᠨ︾ ᠤ ᠪᠠᠶᠠᠷ ᠵᠡᠷᠭᠡ ᠪᠠᠶᠠᠷ ᠳᠤᠷᠠᠰᠬᠠᠯ ᠤᠨ ᠠᠮᠠᠷᠠᠯᠲᠠ ᠶᠢᠨ ᠡᠳᠦᠷ ᠲᠤ ᠠᠩᠬᠠᠷᠤᠯ ᠢᠶᠠᠨ ᠲᠥᠪᠯᠡᠷᠡᠭᠦᠯᠵᠦ᠂ ︽ᠬᠤᠣᠰ ᠪᠦᠲᠦᠭᠡᠭᠳᠡᠬᠦᠨ ᠤ ᠰᠦᠯᠵᠢᠶᠡᠨ ᠳᠡᠭᠡᠷ᠎ᠡ ᠠᠴᠠ ᠬᠤᠳᠠᠯᠳᠤᠨ ᠠᠪᠬᠤ ᠪᠠᠶᠠᠷ︾ ︽ᠴᠤᠬᠭᠠᠷ ᠮᠠᠰᠢᠨ ᠲᠡᠷᠭᠡ ᠬᠤᠳᠠᠯᠳᠤᠨ ᠠᠪᠬᠤ︾᠂  ︽ᠠᠮᠲᠠᠲᠤ ᠢᠳᠡᠭᠡᠨ ᠤ ᠴᠤᠬᠯᠠᠭ᠎ᠠ︾ ᠵᠡᠷᠭᠡ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ 600 ᠭᠠᠷᠤᠢ ᠲᠠᠯᠠᠪᠤᠷ ᠠᠴᠠ ᠳᠡᠭᠡᠭᠰᠢ ᠵᠣᠬᠢᠶᠠᠨ ᠪᠠᠶᠢᠭᠤᠯᠪᠠ᠃ ᠡᠯ᠎ᠡ ᠭᠠᠵᠠᠷ ᠣᠷᠣᠨ ᠵᠣᠬᠢᠬᠤ ᠬᠡᠪᠴᠢᠶᠡᠨ ᠤ ᠡᠳ᠋ ᠤᠨ ᠵᠠᠰᠠᠭ ᠤᠨ ᠪᠡᠯᠡ ᠮᠥᠩᠭᠦ ᠲᠣᠬᠢᠷᠠᠭᠤᠯᠬᠤ ᠪᠠᠷ ᠳᠠᠮᠵᠢᠭᠤᠯᠤᠨ᠂ ᠬᠡᠷᠡᠭᠯᠡᠭᠡᠨ ᠤ ᠲᠤᠯᠭᠠᠨ ᠬᠡᠷᠡᠭᠯᠡᠬᠦ ᠲᠡᠮᠳᠡᠭᠲᠦ ᠶᠢ ᠲᠠᠷᠬᠠᠭᠠᠵᠤ᠂ ᠬᠤᠨᠤᠭ ᠪᠠᠭᠤᠳᠠᠯ᠂ ᠢᠳᠡᠭᠡᠨ ᠤᠮᠳᠠᠭᠠᠨ᠂ ᠵᠢᠵᠢᠭᠯᠡᠨ ᠬᠤᠳᠠᠯᠳᠤᠬᠤ᠂ ᠵᠢᠭᠤᠯᠴᠢᠯᠠᠯ ᠵᠡᠷᠭᠡ ᠬᠡᠷᠡᠭᠯᠡᠭᠡᠨ ᠤ ᠬᠡᠪᠴᠢᠶ᠎ᠡ ᠶᠢ ᠥᠷᠭᠡᠳᠬᠡᠨ᠂ ᠬᠡᠷᠡᠭᠯᠡᠭᠡᠨ ᠤ ᠵᠠᠬ᠎ᠠ ᠳᠡᠯᠭᠡᠭᠦᠷ ᠢ ᠪᠥᠬᠦ ᠲᠠᠯ᠎ᠠ ᠪᠠᠷ ᠬᠥᠭᠵᠢᠭᠡᠨ᠎ᠡ᠃   
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号