︽ᠭᠠᠵᠠᠷ ᠤᠨ ᠨᠡᠷ᠎ᠡ ᠶᠢᠨ ᠬᠠᠮᠢᠶᠠᠷᠤᠯᠳᠠ ᠶᠢᠨ ᠲᠦᠷᠢᠮ︾ ᠢ ᠨᠡᠶᠢᠳᠡᠯᠡᠪᠡ
ᠨᠡᠶᠢᠲᠡᠯᠡᠭᠰᠡᠨ ᠴᠠᠭ᠄
2022/6/10
    ᠮᠠᠨ ᠤ ᠤᠯᠤᠰ ᠤᠨ ᠵᠠᠰᠠᠪᠤᠷᠢ ᠣᠷᠣᠭᠤᠯᠤᠭᠰᠠᠨ ︽ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠳᠦᠷᠢᠮ︾ ᠢ ᠨᠡᠶᠢᠲᠡᠯᠡᠵᠦ᠂ 2022 ᠣᠨ ᠤ 5 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠬᠦᠯᠤᠨ᠎ᠡ᠃    ᠭᠠᠵᠠᠷ ᠤᠨ ᠨᠡᠷ᠎ᠡ ᠪᠣᠯ ᠨᠡᠶᠢᠭᠡᠮ ᠤᠨ ᠦᠨᠳᠦᠰᠦᠨ ᠣᠯᠠᠨ ᠨᠡᠶᠢᠲᠡ ᠶᠢᠨ ᠮᠡᠳᠡᠭᠡ ᠵᠠᠩᠭᠢ᠂ ᠲᠡᠦᠬᠡ ᠰᠣᠶᠣᠯ ᠤᠨ ᠴᠢᠬᠤᠯᠠ ᠠᠴᠢᠶᠠᠯᠠᠪᠤᠷᠢ ᠮᠥᠨ᠃ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢ ᠤᠯᠠᠮ ᠴᠢᠩᠭᠠᠳᠬᠠᠨ ᠵᠢᠷᠤᠮᠵᠢᠭᠤᠯᠵᠤ ᠂ ᠠᠵᠤ ᠠᠬᠤᠢ ᠨᠡᠶᠢᠭᠡᠮ ᠤᠨ ᠬᠥᠭᠵᠢᠯᠲᠡ᠂ ᠠᠷᠠᠳ ᠤᠨ ᠠᠮᠢᠳᠤᠷᠠᠯ ᠪᠠ ᠣᠯᠠᠨ ᠤᠯᠤᠰ ᠤᠨ ᠬᠠᠷᠢᠯᠴᠠᠭᠠᠨ ᠤ ᠬᠡᠷᠡᠭᠴᠡᠭᠡ ᠳᠤ ᠵᠣᠬᠢᠴᠠᠭᠤᠯᠤᠨ᠂ ᠳᠤᠮᠳᠠᠳᠤ ᠶᠢᠨ ᠰᠢᠯᠢᠳᠡᠭ ᠰᠣᠶᠣᠯ ᠢ ᠤᠯᠠᠮᠵᠢᠯᠠᠨ ᠬᠥᠭᠵᠢᠭᠦᠯᠬᠦ ᠶᠢᠨ ᠲᠤᠰᠠᠳᠠ᠂ ᠣᠲᠣ ᠶᠢᠨ ᠬᠡᠷᠡᠭᠵᠢᠭᠦᠯᠵᠦ ᠪᠠᠶᠢᠭ᠎ᠠ ︽ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠳᠦᠷᠢᠮ︾ ᠢ ᠣᠯᠠᠨ ᠵᠢᠯ ᠬᠡᠷᠡᠭᠵᠢᠭᠦᠯᠦᠭᠰᠡᠨ ᠲᠤᠷᠰᠢᠯᠭ᠎ᠠ ᠶᠢ ᠳ᠋ᠦᠩᠨᠡᠭᠰᠡᠨ ᠰᠠᠭᠤᠷᠢᠨ ᠳᠡᠭᠡᠷ᠎ᠡ᠂ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠠᠵᠢᠯ ᠳᠤ ᠲᠤᠯᠭᠠᠷᠠᠵᠤ ᠪᠠᠶᠢᠭ᠎ᠠ ᠵᠠᠷᠢᠮ ᠰᠢᠨ᠎ᠡ ᠪᠠᠶᠢᠳᠠᠯ᠂ ᠰᠢᠨ᠎ᠡ ᠠᠰᠠᠭᠤᠳᠠᠯ ᠳᠤ ᠴᠢᠭᠯᠡᠭᠦᠯᠦᠨ᠂ ︽ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠳᠦᠷᠢᠮ︾ ᠳᠤ ᠵᠠᠰᠠᠪᠤᠷᠢ ᠣᠷᠣᠭᠤᠯᠪᠠ᠃    ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠳᠦᠷᠢᠮ︾ ᠳᠤ ᠨᠡᠶᠢᠲᠡ 7 ᠪᠦᠯᠦᠭ 44 ᠵᠤᠷᠪᠤᠰ ᠲᠠᠢ ᠪᠠᠶᠢᠵᠤ᠂ ᠭᠠᠵᠠᠷ ᠤᠨ ᠨᠡᠷ᠎ᠡ ᠶᠢᠨ ᠬᠠᠮᠢᠶᠠᠷᠤᠯᠲᠠ ᠳᠤ ᠪᠥᠬᠦ ᠲᠠᠯ᠎ᠠ ᠶᠢᠨ᠂ ᠰᠢᠰᠲ᠋ᠧᠮ ᠲᠠᠢ ᠲᠣᠭᠲᠠᠭᠠᠯ ᠭᠠᠷᠭᠠᠵᠤ᠂ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠬᠠᠥᠯᠢᠵᠢᠭᠤᠯᠤᠯᠲᠠ᠂ ᠰᠢᠨᠵᠢᠯᠡᠬᠦ ᠤᠬᠠᠭᠠᠨᠴᠢᠯᠠᠯᠲᠠ᠂ ᠵᠢᠷᠤᠮᠵᠢᠭᠤᠯᠤᠯᠲᠠ ᠶᠢᠨ ᠲᠦᠪᠰᠢᠨ ᠢ ᠤᠯᠠᠮ  ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠭᠠᠵᠠᠷ ᠤᠨ ᠨᠡᠷ᠎ᠡ ᠶᠢᠨ ᠠᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠳᠤ ᠬᠠᠤᠯᠢ ᠪᠠᠷ ᠵᠠᠰᠠᠬᠤ ᠪᠠᠲᠤᠯᠠᠭ᠎ᠠ  ᠬᠠᠨᠭ᠍ᠭᠠᠪᠠ᠃    ᠨᠢᠭᠡ ᠳᠤ᠂ ᠬᠠᠮᠢᠶᠠᠷᠤᠯᠲᠠ ᠶᠢᠨ ᠵᠠᠷᠴᠢᠮ ᠢ ᠲᠤᠳᠤᠷᠬᠠᠶᠢᠯᠠᠪᠠ᠃ ︽ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠳᠦᠷᠢᠮ︾ ᠳᠤ᠂ ᠭᠠᠵᠠᠷ ᠤᠨ ᠨᠡᠷ᠎ᠡ ᠶᠢᠨ ᠬᠠᠮᠢᠶᠠᠷᠤᠯᠲᠠ ᠳᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠤᠯᠤᠰ ᠤᠨ ᠡᠷᠬᠡ ᠮᠡᠳᠡᠯ ᠪᠠ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠳᠤ ᠠᠰᠢᠭᠲᠠᠢ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠪᠠᠳᠠᠷᠠᠭᠤᠯᠬᠤ ᠳᠤ ᠠᠰᠢᠭᠲᠠᠢ᠂ ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠳᠤ ᠠᠰᠢᠭᠲᠠᠢ᠂ ᠳᠤᠮᠳᠠᠳᠤ ᠶᠢᠨ ᠰᠢᠯᠢᠳᠡᠭ ᠰᠣᠶᠣᠯ ᠢ ᠤᠯᠠᠮᠵᠢᠯᠠᠨ ᠬᠥᠭᠵᠢᠭᠦᠯᠬᠦ ᠳᠤ ᠠᠰᠢᠭᠲᠠᠢ ᠪᠠᠶᠢᠬᠤ ᠬᠡᠷᠡᠭᠲᠡᠢ᠂ ᠭᠠᠵᠠᠷ ᠤᠨ ᠨᠡᠷ᠎ᠡ ᠶᠢ ᠬᠠᠷᠢᠴᠠᠩᠭᠤᠢ ᠪᠠᠷ ᠲᠣᠭᠲᠠᠭᠤᠨ ᠪᠠᠶᠢᠯᠭᠠᠬᠤ ᠬᠡᠷᠡᠭᠲᠡᠢ ᠬᠡᠵᠡᠢ᠃    ᠬᠤᠶᠠᠷ ᠲᠤ᠂ ᠪᠠᠶᠢᠭᠤᠯᠤᠯ ᠲᠣᠭᠲᠠᠴᠠ ᠶᠢ  ᠲᠡᠬᠦᠯᠳᠡᠷᠵᠢᠬᠦᠯᠪᠡ᠃ ︽ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠳᠦᠷᠢᠮ︾ ᠳᠤ ᠨᠢᠭᠡᠳᠦᠯᠲᠡᠢ ᠬᠢᠨᠠᠨ ᠬᠠᠮᠢᠶᠠᠷᠬᠤ᠂ ᠱᠠᠲᠤ ᠬᠤᠪᠢᠶᠠᠨ ᠲᠥᠷᠥᠯ ᠬᠤᠪᠢᠶᠠᠨ ᠬᠠᠷᠢᠭᠤᠴᠠᠬᠤ ᠵᠠᠷᠴᠢᠮ ᠶᠣᠰᠣᠭᠠᠷ᠂ ᠲᠥᠷᠥ ᠶᠢᠨ ᠶᠠᠪᠤᠳᠠᠯ ᠤᠨ ᠬᠤᠷᠢᠶᠠᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠪᠥᠬᠦ ᠤᠯᠤᠰ ᠤᠨ ᠭᠠᠵᠠᠷ ᠤᠨ ᠨᠡᠷ᠎ᠡ ᠶᠢᠨ ᠠᠵᠢᠯ ᠤᠨ ᠨᠢᠭᠡᠳᠦᠯᠲᠡᠢ ᠬᠢᠨᠠᠯᠲᠠ ᠬᠠᠮᠢᠶᠠᠷᠤᠯᠲᠠ ᠶᠢ ᠬᠠᠷᠢᠭᠤᠴᠠᠬᠤ ᠪᠠᠷ ᠲᠣᠭᠲᠠᠭᠠᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠭᠠᠵᠠᠷ ᠤᠨ ᠨᠡᠷ᠎ᠡ ᠶᠢᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠠ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠰᠢᠶᠠᠨ ᠤ ᠲᠡᠰ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠭᠠᠵᠠᠷ ᠤᠨ ᠨᠡᠷ᠎ᠡ ᠶᠢᠨ ᠬᠠᠮᠢᠶᠠᠷᠤᠯᠳᠠ ᠶᠢᠨ ᠠᠵᠢᠯ ᠤᠨ ᠵᠤᠬᠢᠴᠠᠭᠤᠯᠬᠤ ᠲᠤᠬᠳᠠᠴᠨ ᠶᠢ ᠪᠠᠶᠢᠭᠤᠯᠬᠤ ᠬᠡᠷᠡᠭᠳᠡᠢ ᠬᠡᠵᠡᠢ᠃    ᠭᠤᠷᠪᠠ ᠳᠤ᠂ ᠨᠡᠷ᠎ᠡ ᠬᠠᠯᠠᠬᠤ ᠬᠠᠮᠢᠶᠠᠷᠤᠯᠲᠠ ᠶᠢ ᠴᠢᠩᠭᠠᠳᠬᠠᠨ᠎ᠠ᠃ ︽ᠳᠦᠷᠢᠮ︾ ᠳᠤ ᠭᠠᠵᠠᠷ ᠤᠨ ᠨᠡᠷ᠎ᠡ ᠶᠢ ᠨᠡᠷᠡᠶᠢᠳᠬᠦ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠭᠠᠵᠠᠷ ᠤᠨ ᠨᠡᠷ᠎ᠡ ᠶᠢ ᠨᠡᠷᠡᠶᠢᠳᠴᠦ ᠬᠠᠯᠠᠬᠤ ᠳᠤ ᠲᠤᠰᠢᠶᠠᠬᠤ ᠶᠣᠰᠣᠲᠠᠢ ᠮᠡᠳᠡᠭᠦᠯᠬᠦ ᠮᠠᠲ᠋ᠧᠷᠢᠶᠠᠯ ᠵᠢᠴᠢ ᠶᠡᠷᠦᠩᠬᠡᠶᠢᠯᠡᠨ ᠦᠨᠡᠯᠡᠨ ᠵᠢᠱᠢᠬᠦ᠂ ᠲᠤᠰᠬᠠᠢ ᠮᠡᠷᠭᠡᠵᠢᠯᠲᠡᠨ ᠤ ᠨᠤᠲᠠᠯᠠᠯᠲᠠ ᠬᠢᠬᠦ᠂ ᠰᠠᠨᠠᠯ ᠬᠤᠷᠢᠶᠠᠬᠤ ᠵᠡᠷᠭᠡ ᠱᠠᠭᠠᠷᠳᠠᠯᠭ᠎ᠠ ᠶᠢ ᠲᠣᠳᠣᠷᠬᠠᠶᠢᠯᠠᠵᠤ᠂ ᠭᠠᠵᠠᠷ ᠤᠨ ᠨᠡᠷ᠎ᠡ ᠶᠢ ᠨᠡᠷᠡᠶᠢᠳᠴᠦ ᠬᠠᠯᠠᠬᠤ ᠶᠢ ᠵᠥᠪᠰᠢᠶᠡᠷᠡᠬᠦ ᠲᠠᠰ ᠳᠠᠷᠠᠭᠠᠯᠠᠯ ᠢ ᠲᠠᠰ ᠲᠥᠷᠥᠯ ᠬᠤᠪᠢᠶᠠᠨ ᠲᠣᠭᠲᠠᠭᠠᠵᠤ᠂ ᠭᠠᠵᠠᠷ ᠤᠨ ᠨᠡᠷ᠎ᠡ ᠶᠢ ᠳᠠᠩᠰᠠᠯᠠᠬᠤ᠂ ᠵᠠᠷᠯᠠᠨ ᠨᠡᠶᠢᠲᠡᠯᠡᠬᠦ ᠳᠦᠷᠢᠮ ᠢ ᠪᠠᠶᠢᠭᠤᠯᠤᠨ᠎ᠠ᠃   ᠳᠥᠷᠪᠡ ᠳᠤ᠂ ᠭᠠᠵᠠᠷ ᠤᠨ ᠨᠡᠷ᠎ᠡ ᠶᠢ ᠬᠡᠷᠡᠭᠯᠡᠬᠦ ︽ᠳᠦᠷᠢᠮ︾  ᠳᠤ ᠲᠣᠭᠲᠠᠭᠠᠭᠰᠠᠨ ᠭᠠᠵᠠᠷ ᠤᠨ ᠨᠡᠷ᠎ᠡ ᠶᠢᠨ ᠬᠡᠷᠡᠭᠯᠡᠭᠡᠨ ᠤ ᠦᠰᠦᠭ᠂ ᠳᠠᠭᠤᠳᠠᠯ᠂ ᠠᠪᠢᠶᠠᠴᠢᠯᠠᠨ ᠪᠢᠴᠢᠬᠦ ᠵᠡᠷᠭᠡ ᠨᠢ ᠵᠢᠷᠤᠮᠵᠢᠯ ᠳᠤ ᠨᠡᠶᠢᠴᠡᠭᠰᠡᠨ ᠪᠠᠶᠢᠬᠤ ᠬᠡᠷᠡᠭᠲᠡᠢ᠂ ᠲᠦᠷᠦ ᠶᠢᠨ ᠶᠠᠪᠤᠳᠠᠯ ᠤᠨ ᠬᠤᠷᠢᠶᠠᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠤᠯᠤᠰ ᠤᠨ ᠭᠠᠵᠠᠷ ᠤᠨ ᠨᠡᠷ᠎ᠡ ᠶᠢᠨ ᠮᠡᠳᠡᠭᠡ ᠵᠠᠩᠭᠢ ᠶᠢᠨ ᠬᠥᠮᠥᠷᠭᠡ ᠶᠢ ᠨᠢᠭᠡᠳᠦᠯᠲᠡᠢ ᠪᠠᠶᠢᠭᠤᠯᠵᠤ᠂ ᠭᠠᠵᠠᠷ ᠤᠨ ᠨᠡᠷ᠎ᠡ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠲᠣᠭᠲᠠᠴᠠ᠂ ᠪᠠᠷᠢᠮᠵᠢᠶᠠᠲᠤ ᠭᠠᠵᠠᠷ ᠤᠨ ᠨᠡᠷ᠎ᠡ ᠶᠢ ᠬᠡᠷᠡᠭᠯᠡᠬᠦ ᠬᠡᠪᠴᠢᠶ᠎ᠡ᠂ ᠭᠠᠵᠠᠷ ᠤᠨ ᠨᠡᠷ᠎ᠡ ᠶᠢᠨ ᠢᠯᠡᠳᠬᠡᠮᠵᠢ ᠲᠡᠮᠳᠡᠭ ᠤᠨ ᠬᠠᠮᠢᠶᠠᠷᠤᠯᠲᠠ᠂ ᠪᠠᠷᠢᠮᠵᠢᠶᠠᠲᠤ ᠬᠠᠶ᠋ᠢᠭ ᠢ ᠨᠠᠶᠢᠷᠠᠭᠤᠯᠤᠨ ᠵᠣᠬᠢᠶᠠᠬᠤ᠂ ᠪᠠᠷᠢᠮᠵᠢᠶᠠᠲᠤ ᠭᠠᠵᠠᠷ ᠤᠨ ᠨᠡᠷ᠎ᠡ ᠶᠢ ᠬᠡᠪᠯᠡᠬᠦ ᠵᠡᠷᠭᠡ ᠱᠠᠭᠠᠷᠳᠠᠯᠭ᠎ᠠ ᠶᠢ ᠲᠣᠳᠣᠷᠬᠠᠶᠢᠯᠠᠨ᠎ᠠ᠃    ᠲᠠᠪᠤ ᠳᠤ᠂ ᠰᠣᠶᠣᠯ ᠤᠨ ᠬᠠᠮᠠᠭᠠᠯᠠᠯᠲᠠ ᠶᠢ ᠴᠢᠬᠤᠯᠠᠴᠢᠯᠠᠪᠠ᠃︽ᠳᠦᠷᠢᠮ︾ ᠳᠤ ᠲᠣᠭᠲᠠᠭᠠᠭᠰᠠᠨ ᠲᠡᠦᠬᠡ ᠰᠣᠶᠣᠯ ᠤᠨ ᠴᠢᠬᠤᠯᠠ ᠦᠨ᠎ᠡ ᠥᠷᠲᠡᠭ ᠲᠠᠢ᠂ ᠳᠤᠮᠳᠠᠳᠤ ᠶᠢᠨ ᠲᠡᠦᠬᠡ ᠰᠣᠶᠣᠯ ᠤᠨ ᠰᠤᠳᠠᠰᠤ ᠶᠢ ᠢᠯᠡᠷᠡᠭᠦᠯᠦᠭᠰᠡᠨ ᠵᠢᠴᠢ ᠴᠢᠬᠤᠯᠠ ᠶᠡᠭᠡ ᠨᠡᠶᠢᠭᠡᠮ ᠤᠨ ᠨᠥᠯᠥᠭᠡ ᠲᠠᠢ ᠤᠯᠤᠰ ᠤᠨ ᠳᠣᠲᠣᠭᠠᠳᠤ ᠶᠢᠨ ᠨᠠᠷᠠᠲᠠᠢ ᠪᠠᠶᠢᠭᠠᠯᠢ ᠶᠢᠨ ᠭᠠᠵᠠᠷ ᠵᠦᠢ ᠶᠢᠨ ᠪᠣᠳᠠᠲᠤ ᠴᠣᠭᠴᠠ ᠶᠢ ᠨᠡᠷᠡᠶᠢᠳᠴᠦ ᠬᠠᠯᠠᠬᠤ ᠳᠤ ᠲᠥᠷᠥ ᠶᠢᠨ ᠶᠠᠪᠤᠳᠠᠯ ᠤᠨ ᠬᠤᠷᠢᠶ᠎ᠠ ᠳᠤ ᠮᠡᠳᠡᠭᠦᠯᠵᠦ ᠵᠥᠪᠰᠢᠶᠡᠷᠡᠭᠦᠯᠦᠨ᠎ᠡ︔ ᠭᠠᠵᠠᠷ ᠤᠨ ᠨᠡᠷ᠎ᠡ ᠶᠢᠨ ᠰᠣᠶᠣᠯ ᠤᠨ ᠬᠠᠮᠠᠭᠠᠯᠠᠯᠲᠠ ᠶᠢᠨ ᠲᠤᠰᠬᠠᠢ ᠪᠦᠯᠦᠭ ᠭᠠᠷᠭᠠᠵᠤ᠂ ᠭᠠᠵᠠᠷ ᠤᠨ ᠨᠡᠷ᠎ᠡ ᠶᠢᠨ ᠰᠣᠶᠣᠯ ᠤᠨ ᠥᠪ ᠤᠨ ᠬᠠᠮᠠᠭᠠᠯᠠᠯᠲᠠ ᠶᠢ ᠴᠢᠩᠭᠠᠳᠬᠠᠬᠤ᠂ ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ ᠶᠢ ᠲᠣᠭᠲᠠᠭᠠᠬᠤ᠂ ᠲᠠᠩᠰᠠ ᠡᠪᠬᠡᠮᠡᠯ ᠤᠨ ᠬᠠᠮᠢᠶᠠᠷᠤᠯᠲᠠ ᠶᠢ ᠰᠠᠶᠢᠲᠤᠷ ᠬᠢᠬᠦ᠂ ᠨᠡᠶᠢᠭᠡᠮ ᠤᠨ ᠣᠷᠤᠯᠴᠠᠬᠤ ᠶᠢ ᠵᠣᠷᠢᠭᠵᠢᠭᠤᠯᠬᠤ ᠵᠡᠷᠭᠡ ᠱᠠᠭᠠᠷᠳᠠᠯᠭ᠎ᠠ ᠶᠢ ᠲᠣᠳᠣᠷᠬᠠᠶᠢᠯᠠᠨ᠎ᠠ᠃     ᠡᠭᠦᠨ ᠠᠴᠠ ᠭᠠᠳᠠᠨ᠎ᠠ᠂ ︽ᠳᠦᠷᠢᠮ︾ ᠳᠤ ᠬᠢᠨᠠᠯᠲᠠ ᠲᠠᠯᠪᠢᠵᠤ ᠪᠠᠶᠢᠴᠠᠭᠠᠬᠤ ᠶᠡᠷᠦᠩᠬᠡᠢ ᠱᠠᠭᠠᠷᠳᠠᠯᠭ᠎ᠠ ᠪᠠ ᠪᠣᠳᠠᠲᠠᠢ ᠠᠷᠭ᠎ᠠ ᠬᠡᠮᠵᠢᠶ᠎ᠡ ᠶᠢ ᠲᠣᠳᠣᠷᠬᠠᠢ ᠲᠣᠭᠲᠠᠭᠠᠪᠠ︔ ᠲᠣᠭᠲᠠᠭᠠᠯ ᠠᠴᠠ ᠵᠥᠷᠢᠴᠡᠨ ᠭᠠᠵᠠᠷ ᠤᠨ ᠨᠡᠷ᠎ᠡ ᠶᠢ ᠨᠡᠷᠡᠶᠢᠳᠴᠦ ᠬᠠᠯᠠᠭᠰᠠᠨ᠂ ᠮᠡᠳᠡᠭᠦᠯᠦᠨ ᠬᠦᠷᠭᠡᠵᠦ ᠳᠠᠩᠰᠠᠯᠠᠭᠤᠯᠤᠭᠰᠠᠨ ᠦᠭᠡᠢ ᠪᠤᠶᠤ ᠴᠠᠭ ᠲᠤᠬᠠᠢ ᠳᠤᠨᠢ ᠮᠡᠳᠡᠭᠦᠯᠦᠨ ᠬᠦᠷᠭᠡᠵᠦ ᠳᠠᠩᠰᠠᠯᠠᠭᠤᠯᠤᠭᠰᠠᠨ ᠦᠭᠡᠢ᠂ ᠪᠠᠷᠢᠮᠵᠢᠶᠠᠲᠤ ᠭᠠᠵᠠᠷ ᠤᠨ ᠨᠡᠷ᠎ᠡ ᠶᠢ ᠵᠢᠷᠤᠮᠵᠢᠭᠤᠯᠤᠨ ᠬᠡᠷᠡᠭᠯᠡᠭᠰᠡᠨ ᠦᠭᠡᠢ᠂ ᠭᠠᠵᠠᠷ ᠤᠨ ᠨᠡᠷ᠎ᠡ ᠶᠢᠨ ᠲᠡᠮᠳᠡᠭ ᠢ ᠡᠪᠳᠡᠨ ᠰᠦᠢᠳᠬᠡᠭᠰᠡᠨ ᠵᠡᠷᠭᠡ ᠦᠶᠯᠡ ᠠᠵᠢᠯᠯᠠᠭ᠎ᠠ ᠳᠤ ᠵᠣᠬᠢᠴᠠᠩᠭᠤᠢ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠲᠣᠭᠲᠠᠭᠠᠵᠠᠢ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号