ᠪᠦᠬᠦ ᠣᠷᠣᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠪᠤᠯᠤᠨ ᠵᠧᠩᠵᠧᠦ ᠶᠢᠨ ︽7·20︾ ᠤ ᠤᠨᠴᠨ ᠶᠡᠭᠡ ᠰᠢᠷᠦᠭᠦᠨ ᠪᠣᠷᠣᠭᠠᠨ ᠤ ᠭᠠᠮᠰᠢᠭ ᠤᠨ ᠵᠢᠱᠢᠶ᠎ᠡ ᠶᠢ ᠵᠠᠳᠠᠯᠬᠤ ᠲᠧᠯᠸᠢᠰ ᠤᠲᠠᠰᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/6/16
ᠬᠤᠸᠠᠩ ᡁᠢ ᠴᠢᠶᠠᠩ ᠶᠠᠷᠢᠶ᠎ᠠ ᠲᠠᠯᠪᠢᠵᠤ ᠯᠢ ᠪᠢᠩ ᠷᠦᠩ ᠬᠤᠷᠠᠯ ᠢ ᠡᠷᠬᠢᠯᠡᠪᠡ         6 ᠰᠠᠷ᠎ᠠ ᠶᠢᠨ 13 ᠤ ᠡᠳᠦᠷ᠂ ᠪᠥᠬᠦ ᠣᠷᠣᠨ ᠤ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠪᠤᠯᠤᠨ ᠵᠧᠩᠵᠧᠦ ᠶᠢᠨ ︽7 · 20︾ ᠤ ᠣᠨᠴᠠ ᠶᠡᠭᠡ ᠰᠢᠷᠦᠭᠦᠨ ᠪᠣᠷᠣᠭᠠᠨ ᠤ ᠭᠠᠮᠰᠢᠭ ᠤᠨ ᠬᠡᠷᠡᠭ ᠤᠨ ᠵᠢᠱᠢᠶ᠎ᠡ ᠶᠢ ᠵᠠᠳᠠᠯᠬᠤ ᠲᠧᠯᠸᠢᠰ ᠤᠲᠠᠰᠤ ᠬᠤᠷᠠᠯ ᠬᠤᠷᠠᠯᠳᠤᠵᠤ᠂ ᠪᠥᠬᠦ ᠣᠷᠣᠨ ᠤ ᠭᠠᠩ ᠤᠰᠤᠲᠤᠯ ᠤᠨ ᠭᠠᠮᠰᠢᠭ ᠤᠨ ᠪᠠᠶᠢᠳᠠᠯ ᠢ ᠵᠠᠳᠠᠯᠵᠤ᠂ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃   ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ ᠬᠤᠷᠠᠯ ᠢ ᠡᠷᠬᠢᠯᠡᠪᠡ᠃   ᠬᠤᠸᠠᠩ ᡁᠢ ᠴᠢᠶᠠᠩ ᠱᠠᠭᠠᠷᠳᠠᠬᠰᠠᠨ ᠨᠢ᠂ ᠮᠠᠨ ᠤ ᠣᠷᠣᠨ ᠦᠶᠡᠷ ᠤᠨ ᠬᠤᠭᠤᠴᠠᠭᠠᠨ ᠳᠤ ᠤᠷᠤᠬᠰᠠᠨ ᠪᠤᠯᠬᠤᠷ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠴᠠᠭ ᠢᠮᠠᠬᠳᠠ ᠰᠤᠨᠤᠷ ᠰᠡᠷᠡᠮᠵᠢ ᠲᠠᠢ ᠪᠠᠶᠢᠬᠤ ᠬᠠᠷᠢᠭᠤᠴᠠᠯᠭᠠᠲᠤ ᠰᠡᠳᠬᠢᠯᠭᠡ ᠪᠠᠷ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠬᠥᠪᠴᠢ ᠶᠢ ᠴᠢᠩᠭᠠᠯᠠᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠷᠣᠨ ᠤ ᠳᠣᠲᠣᠷ᠎ᠠ ᠭᠠᠳᠠᠨᠠᠬᠢ ᠭᠠᠮᠰᠢᠭ ᠠᠴᠠ ᠭᠦᠨᠵᠡᠭᠡᠢ ᠰᠤᠷᠭᠠᠮᠵᠢ ᠠᠪᠴᠤ᠂ ︽ᠶᠠᠪᠤᠳᠠᠯ ᠪᠦᠬᠦᠨ ᠢ ᠡᠵᠡᠮᠳᠡᠬᠦ︾ ᠬᠡᠷᠡᠭᠵᠢᠭᠦᠯᠬᠦ ᠬᠦᠴᠦᠨ ᠢᠶᠠᠷ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ᠃ ᠡᠯ᠎ᠡ ᠱᠠᠲᠤᠨ ᠤ ᠨᠠᠮ ᠵᠠᠰᠠᠭ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ︽ᠬᠥᠮᠥᠨ ᠪᠦᠬᠦᠨ ᠬᠠᠷᠢᠭᠤᠴᠠᠯᠭ᠎ᠠ ᠡᠭᠦᠷᠭᠡᠯᠡᠬᠦ︾ ᠴᠤᠭ ᠰᠦᠯᠳᠡ ᠪᠠᠷ ᠦᠶᠡᠷ ᠢ ᠰᠡᠷᠭᠡᠶᠢᠯᠡᠵᠦ ᠭᠠᠩ ᠢ ᠡᠰᠡᠷᠭᠦᠴᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃   ᠬᠤᠷᠠᠯ ᠨᠢ ᠸᠢᠳᠢᠤ᠋ ᠶᠢᠨ ᠬᠡᠯᠪᠡᠷᠢ ᠪᠠᠷ ᠠᠶᠢᠮᠠᠭ ᠬᠤᠳᠠ ᠪᠣᠯᠣᠨ ᠡᠯ᠎ᠡ ᠬᠤᠰᠢᠭᠤ ᠰᠢᠶᠠᠨ ᠲᠣᠭᠤᠷᠢᠭ ᠲᠤ ᠶᠠᠪᠤᠭᠳᠠᠪᠠ᠃ 
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号