6 ᠳ᠋ᠤᠭᠠᠷ ᠰᠠᠷ᠎ᠠ ᠶᠢᠨ 17 ᠤ ᠡᠳᠦᠷ ᠤᠨ ᠦᠳᠡ ᠶᠢᠨ ᠬᠤᠶᠢᠨ᠎ᠠ᠂ ᠦᠪᠤᠷ ᠮᠤᠩᠭᠤᠯ ᠤᠨ ᠥᠪᠡᠷᠲᠡᠭᠡᠨ | ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠦᠪᠤᠷ ᠮᠤᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠬᠠᠮᠲᠤᠷᠠᠨ ᠰᠣᠨᠢᠨ ᠮᠡᠳᠡᠭᠡ ᠨᠡᠶᠢᠲᠡᠯᠡᠬᠦ ᠬᠤᠷᠠᠯ | ᠬᠢᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠬᠠᠤᠯᠢ ᠶᠢ ᠬᠥᠩᠭᠡᠪᠲᠦᠷ ᠵᠥᠷᠢᠴᠡᠭᠰᠡᠨ ᠦᠶᠯᠡ ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠢᠳᠬᠡᠯ | ᠥᠯᠥ ᠥᠭᠬᠦ ᠲᠣᠳᠣᠷᠬᠠᠢ ᠬᠠᠭᠤᠳᠠᠰᠤ ︵2022 ᠳ᠋ᠤᠭᠠᠷ ᠨᠢᠭᠤᠷ︶︾ ᠵᠡᠷᠭᠡ ᠳᠥᠷᠪᠡᠨ ᠲᠣᠳᠣᠷᠬᠠᠢ ᠬᠠᠭᠤᠳᠠᠰᠤ | ᠪᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠨᠴᠠ | ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠳᠦᠷᠢᠮ︾ ᠵᠡᠷᠭᠡ ᠭᠤᠷᠪᠠᠨ | ᠵᠦᠢᠯ ᠤᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠨᠡᠶᠢᠲᠡᠯᠡᠵᠦ ᠲᠠᠶᠢᠯᠤᠮᠵᠢ ᠬᠢᠪᠡ᠃ | ᠮᠠᠨ ᠤ ᠣᠷᠣᠨ ᠤ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠦᠬᠦᠴᠡᠯ ᠢ ᠤᠯᠠᠮ ᠰᠢᠯᠢᠳᠡᠭᠵᠢᠬᠦᠯᠵᠤ᠂ | ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠪᠦᠲᠦᠮᠵᠢᠲᠡᠶ ᠬᠦᠭᠵᠢᠬᠡᠬᠦ ᠶᠢᠨ ᠲᠦᠯᠤᠬᠡ᠂ | ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ | ᠬᠠᠮᠲᠤᠷᠠᠨ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠶᠢ ᠬᠥᠩᠭᠡᠪᠲᠦᠷ ᠵᠥᠷᠢᠴᠡᠭᠰᠡᠨ ᠦᠶᠯᠡ ᠠᠵᠢᠯᠯᠠᠭ᠎ᠠ ᠳᠤ ᠵᠠᠰᠠᠭ | ᠵᠠᠬᠢᠷᠭᠠᠨ ᠤ ᠰᠢᠢᠳᠬᠡᠯ ᠥᠯᠥ ᠥᠭᠬᠦ ᠨᠠᠷᠢᠨ ᠲᠠᠩᠰᠠ ︵2022 ᠳ᠋ᠤᠭᠠᠷ ᠨᠢᠭᠤᠷ︶︾ ᠳᠤ ᠵᠠᠰᠠᠭ ᠵᠠᠬᠢᠷᠭᠠᠨ ᠤ | ᠰᠢᠢᠳᠭᠡᠯ ᠥᠯᠥ ᠥᠭᠬᠦ ᠳᠤ ᠲᠣᠬᠢᠷᠠᠬᠤ ᠪᠠᠶᠢᠳᠠᠯ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠨᠠᠷᠢᠯᠢᠭᠵᠢᠭᠤᠯᠵᠤ᠂ | ᠬᠠᠤᠯᠢ ᠶᠢ ᠵᠥᠷᠢᠴᠡᠭᠰᠡᠨ ᠪᠠᠶᠢᠳᠠᠯ ᠢ ᠢᠯᠭᠠᠵᠤ ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠬᠡᠷᠡᠭᠵᠢᠭᠦᠯᠬᠦ ᠬᠡᠷᠡᠭᠲᠡᠢ | ᠭᠡᠵᠦ ᠴᠢᠬᠤᠯᠠᠴᠢᠯᠠᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠳᠤ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠦᠭᠡᠢ ᠭᠡᠰᠡᠨ ᠨᠠᠷᠢᠨ | ᠲᠠᠩᠰᠠ ︵2022 ᠳ᠋ᠤᠭᠠᠷ ᠨᠢᠭᠤᠷ︶︾ ᠳᠤ ᠵᠠᠰᠠᠭ ᠵᠠᠬᠢᠷᠭᠠᠨ ᠤ ᠠᠷᠭ᠎ᠠ ᠶᠢ ᠬᠠᠤᠯᠢ ᠶᠣᠰᠣᠭᠠᠷ ᠬᠡᠷᠡᠭᠵᠢᠭᠦᠯᠵᠦ | ᠪᠣᠯᠬᠤ ᠦᠭᠡᠢ ᠪᠠᠶᠢᠳᠠᠯ ᠪᠠ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠦᠭᠡᠢ | ᠪᠠᠶᠢᠵᠤ ᠪᠣᠯᠬᠤ ᠪᠠᠶᠢᠳᠠᠯ ᠢ ᠲᠣᠳᠣᠷᠬᠠᠶᠢᠯᠠᠭᠰᠠᠨ ᠤ ᠬᠠᠮᠲᠤ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠢ ᠬᠠᠤᠯᠢ ᠪᠠᠷ | ᠲᠣᠭᠲᠠᠭᠠᠭᠰᠠᠨ ᠡᠷᠬᠡ ᠶᠢᠨ ᠬᠢᠵᠠᠭᠠᠷ᠂ ᠨᠥᠬᠦᠴᠡᠯ ᠪᠠ ᠲᠠᠰ ᠳᠠᠷᠠᠭᠠᠯᠠᠯ ᠢ ᠴᠢᠩᠭ᠎ᠠ ᠵᠢᠷᠤᠮᠯᠠᠨ ᠵᠠᠰᠠᠭ ᠵᠠᠬᠢᠷᠭᠠᠨ ᠤ | ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠬᠡᠷᠡᠭᠲᠡᠢ ᠭᠡᠵᠦ ᠱᠠᠭᠠᠷᠳᠠᠪᠠ᠃ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠳᠠᠭᠠᠭᠠᠨ ᠰᠢᠢᠳᠪᠦᠷᠢᠯᠡᠬᠦ | ᠵᠦᠢᠯᠡᠰ ᠤᠨ ᠲᠣᠳᠣᠷᠬᠠᠢ ᠬᠠᠭᠤᠳᠠᠰᠤ ︵2022 ᠳ᠋ᠤᠭᠠᠷ ᠨᠢᠭᠤᠷ︶︾ ᠪᠠ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠡᠷᠡᠴᠢᠯᠡᠬᠦ ᠵᠦᠢᠯᠡᠰ ᠢ | ᠮᠡᠳᠡᠭᠳᠡᠬᠦ ᠠᠮᠠᠯᠠᠯᠲᠠ ᠶᠢᠨ ᠳᠦᠷᠢᠮ ᠤᠨ ᠭᠠᠷᠴᠠᠭ ᠤᠨ ᠲᠣᠳᠣᠷᠬᠠᠢ ᠬᠠᠭᠤᠳᠠᠰᠤ ︵2022 ᠳ᠋ᠤᠭᠠᠷ ᠨᠢᠭᠤᠷ︶︾ | ᠳᠤ ᠳᠠᠭᠠᠭᠠᠨ ᠰᠢᠢᠳᠪᠦᠷᠢᠯᠡᠬᠦ ᠪᠠ ᠭᠡᠷᠡᠴᠢᠯᠡᠬᠦ ᠵᠦᠢᠯᠡᠰ ᠢ ᠮᠡᠳᠡᠭᠳᠡᠬᠦ ᠠᠮᠠᠯᠠᠯᠲᠠ ᠶᠢᠨ ᠬᠡᠪᠴᠢᠶ᠎ᠡ ᠪᠠ ᠬᠡᠷᠡᠭᠯᠡᠬᠦ | ᠵᠠᠷᠴᠢᠮ ᠢ ᠤᠯᠠᠮ ᠴᠠᠭᠠᠰᠢᠳᠠ ᠲᠣᠳᠣᠷᠬᠠᠶᠢᠯᠠᠪᠠ᠃ ᠳᠥᠷᠪᠡᠨ ᠨᠠᠷᠢᠨ ᠲᠠᠩᠰᠠ ᠶᠢ 2022 ᠣᠨ ᠤ 6 | ᠰᠠᠷ᠎ᠠ ᠶᠢᠨ 20 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | 5 ᠰᠠᠷ᠎ᠠ ᠶᠢᠨ 26 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ | ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠭᠤᠴᠢᠨ ᠲᠠᠪᠤᠳᠤᠭᠠᠷ ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠨᠴᠠ | ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠳᠦᠷᠢᠮ︾ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠭᠤᠷᠮᠠᠭ ᠮᠠᠭᠤ ᠲᠠᠸᠠᠷ ᠦᠢᠯᠡᠳᠪᠦᠷᠢᠯᠡᠬᠦ ᠪᠠ ᠪᠣᠷᠣᠯᠠᠭᠤᠯᠬᠤ | ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠲᠣᠭᠲᠠᠭᠠᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠢ | ᠬᠠᠮᠠᠭᠠᠯᠠᠬᠤ ᠬᠠᠤᠯᠢ﹀ ᠶᠢ ᠬᠡᠷᠡᠭᠵᠢᠭᠦᠯᠬᠦ ᠠᠷᠭ᠎ᠠ︾ ᠵᠡᠷᠭᠡ ᠣᠷᠣᠨ ᠨᠤᠲᠤᠭ ᠤᠨ ᠴᠢᠨᠠᠷᠲᠠᠢ ᠭᠤᠷᠪᠠᠨ ᠬᠠᠤᠯᠢ | ᠲᠣᠭᠲᠠᠭᠠᠯ ᠳᠤ ᠵᠠᠰᠠᠪᠤᠷᠢ ᠣᠷᠣᠭᠤᠯᠤᠭᠰᠠᠨ ᠲᠥᠰᠥᠯ ᠢ ᠬᠢᠨᠠᠨ ᠵᠦᠪᠯᠡᠵᠤ ᠪᠠᠳᠤᠯᠠᠪᠠ᠃ ᠣᠷᠣᠨ ᠨᠤᠲᠤᠭ ᠤᠨ | ᠴᠢᠨᠠᠷᠲᠠᠢ ᠡᠨᠡ ᠭᠤᠷᠪᠠᠨ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠤᠭᠰᠠᠨ ᠨᠢ ᠬᠡᠷᠡᠭᠯᠡᠭᠴᠢᠳ᠂ | ᠡᠵᠡᠩᠨᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ᠂ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ | ᠴᠡᠪᠡᠷᠰᠢᠭᠦᠯᠬᠦ᠂ ᠵᠠᠬ᠎ᠠ ᠳᠡᠯᠭᠡᠭᠦᠷ ᠤᠨ ᠠᠵᠤ ᠠᠬᠤᠢ ᠶᠢᠨ ᠡᠮᠬᠢ ᠳᠢᠭᠯᠢᠮ ᠢ ᠬᠠᠮᠠᠭᠠᠯᠠᠬᠤ᠂ ᠠᠵᠤ ᠠᠬᠤᠢ | ᠨᠡᠶᠢᠭᠡᠮ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠬᠦ ᠪᠣᠯᠣᠨ᠎ᠠ᠃ | | | | |