ᠮᠠᠨ ᠤ ᠣᠷᠣᠨ ᠭᠠᠩ ᠬᠠᠭᠰᠠᠷᠠᠭᠠᠨ ᠲᠠᠢ ᠲᠡᠮᠡᠴᠡᠬᠦ Ⅳ ᠲᠠᠰ ᠤᠨ ᠪᠠᠴᠢᠮ ᠢ ᠠᠷᠭᠠᠴᠠᠭᠠᠬᠤ ᠠᠵᠢᠯ ᠢ ᠡᠬᠢᠯᠡᠭᠦᠯᠵᠦ᠂ ᠴᠠᠭ ᠠᠭᠤᠷ᠂ ᠲᠠᠷᠢᠶᠠᠯᠠᠩ ᠮᠠᠯ ᠠᠵᠤ ᠠᠬᠤᠢ ᠵᠡᠷᠬᠡ ᠬᠤᠶᠠᠷ ᠰᠠᠯᠠᠭ᠎ᠠ ᠮᠥᠴᠢᠷ ᠭᠠᠩ ᠬᠠᠭᠰᠠᠷᠠᠭᠠᠨ ᠤ ᠭᠠᠮᠰᠢᠭ ᠢ ᠬᠢᠨᠠᠨ ᠬᠡᠮᠵᠢᠵᠤ ᠰᠡᠷᠡᠮᠵᠢᠯᠡᠭᠦᠯᠬᠦ ᠠᠵᠢᠯ ᠢ ᠡᠬᠢᠯᠡᠭᠦᠯᠪᠡ
ᠨᠡᠶᠢᠲᠡᠯᠡᠭᠰᠡᠨ ᠴᠠᠭ᠄
2022/6/21
    6 ᠳ᠋ᠤᠭᠠᠷ ᠰᠠᠷ᠎ᠠ ᠶᠢᠨ 18 ᠤ ᠡᠳᠦᠷ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠵᠢᠯᠤᠭᠤᠳᠬᠤ ᠭᠠᠵᠠᠷ ᠠᠴᠠ ᠣᠶᠢᠯᠠᠭᠠᠭᠰᠠᠨ ᠨᠢ᠂ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠢ᠂ ᠴᠠᠭ ᠠᠭᠤᠷ ᠪᠠ ᠪᠠᠴᠢᠮ ᠢ ᠠᠷᠭᠠᠴᠠᠭᠠᠬᠤ  ᠵᠡᠷᠬᠡ ᠰᠠᠯᠠᠭ᠎ᠠ ᠮᠥᠴᠢᠷ ᠵᠥᠪᠳᠡᠯᠴᠡᠵᠦ ᠰᠤᠳᠤᠯᠤᠨ ᠮᠠᠭᠠᠳᠯᠠᠭᠰᠠᠨ ᠢᠶᠠᠷ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠵᠢᠯᠤᠭᠤᠳᠬᠤ ᠭᠠᠵᠠᠷ 2022 ᠣᠨ ᠤ 6 ᠳ᠋ᠤᠭᠠᠷ ᠰᠠᠷ᠎ᠠ ᠶᠢᠨ 17 ᠤ ᠡᠳᠦᠷ ᠤᠨ 16 ᠴᠠᠭ ᠠᠴᠠ ᠡᠬᠢᠯᠡᠨ ᠮᠠᠨ ᠤ ᠣᠷᠣᠨ ᠤ ᠭᠠᠩ ᠲᠠᠢ ᠲᠡᠮᠡᠴᠡᠬᠦ Ⅳ ᠲᠠᠰ ᠤᠨ ᠪᠠᠴᠢᠮ ᠢ  ᠠᠷᠭᠠᠴᠠᠭᠠᠬᠤ ᠲᠥᠰᠥᠯ ᠢ ᠡᠬᠢᠯᠡᠭᠦᠯᠬᠦ ᠪᠠᠷ ᠲᠣᠭᠲᠠᠪᠠ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ᠂  ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠬᠠᠮᠲᠤᠷᠠᠨ ᠭᠠᠩ ᠬᠠᠭᠰᠠᠷᠠᠭᠠᠨ ᠤ ᠭᠠᠮᠰᠢᠭ ᠢ ᠬᠢᠨᠠᠨ ᠬᠡᠮᠵᠢᠵᠦ ᠰᠡᠷᠡᠮᠵᠢᠯᠡᠭᠦᠯᠬᠦ ᠶᠢ ᠨᠡᠶᠢᠳᠡᠯᠡᠬᠦ ᠪᠤᠯᠤᠨ᠎ᠠ᠃   ᠭᠠᠩ ᠬᠠᠭᠰᠠᠷᠠᠭᠠᠨ ᠲᠠᠢ ᠲᠡᠮᠡᠴᠡᠬᠦ Ⅳ ᠲᠠᠰ ᠤᠨ ᠪᠠᠴᠢᠮ ᠢ ᠠᠷᠭᠠᠴᠠᠭᠠᠬᠤ  ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠣᠷᠣᠨ ᠤ ᠴᠠᠭ ᠠᠭᠤᠷ ᠤᠨ ᠰᠠᠯᠠᠭ᠎ᠠ ᠮᠥᠴᠢᠷ ᠢᠷᠡᠭᠡᠳᠦᠢ ᠶᠢᠨ 5 ︱ 10 ᠡᠳᠦᠷ ᠤᠨ ᠬᠤᠷ᠎ᠠ ᠲᠤᠨᠤᠳᠠᠰᠤ ᠲᠠᠢ ᠴᠠᠭ ᠠᠭᠤᠷ ᠤᠨ ᠶᠠᠪᠤᠴᠠ ᠶᠢᠨ ᠵᠢᠱᠢᠯᠲᠡ᠂ ᠡᠳᠦᠷ ᠳᠠᠷᠠᠭᠠᠯᠠᠨ ᠴᠠᠭ ᠠᠭᠤᠷ ᠤᠨ ᠤᠷᠢᠳᠴᠢᠯᠠᠭᠰᠠᠨ ᠮᠡᠳᠡᠭᠡ ᠪᠠ ᠣᠷᠣᠨ ᠪᠦᠰᠡ ᠶᠢᠨ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢ ᠦᠷᠭᠦᠯᠵᠢᠯᠡᠨ ᠬᠢᠵᠦ᠂ ᠬᠥᠷᠥᠰᠥ ᠰᠢᠷᠣᠢ ᠶᠢᠨ ᠤᠰᠤᠨ ᠤ ᠰᠢᠨᠵᠢᠯᠡᠯᠲᠡ ᠶᠢᠨ ᠵᠢᠷᠤᠮᠵᠢᠯ ᠢ ᠦᠨᠳᠦᠰᠦᠯᠡᠨ᠂ ᠭᠠᠩ ᠬᠠᠭᠰᠠᠷᠠᠭᠠᠨ ᠤ ᠪᠠᠶᠢᠳᠠᠯ ᠢ ᠬᠢᠨᠠᠨ ᠬᠡᠮᠵᠢᠭᠰᠡᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠨ᠎ᠡ᠃   ᠣᠳᠣᠬᠠᠨ ᠤ ᠮᠠᠯᠵᠢᠬᠤ ᠣᠷᠣᠨ ᠤ ᠨᠤᠳᠤᠭ ᠪᠡᠯᠴᠢᠬᠡᠷ ᠤᠨ ᠭᠠᠩ ᠬᠠᠭᠰᠠᠷᠠᠭᠠᠨ ᠤ ᠪᠠᠶᠢᠳᠠᠯ ᠳᠤ ᠴᠢᠭᠯᠡᠭᠦᠯᠦᠨ᠂ ᠮᠠᠨ ᠤ ᠣᠷᠣᠨ ᠤ ᠴᠠᠭ ᠠᠭᠤᠷ ᠪᠣᠯᠣᠨ ᠲᠠᠷᠢᠶᠠᠯᠠᠩ ᠮᠠᠯ ᠠᠵᠤ ᠠᠬᠤᠢ ᠶᠢᠨ ᠬᠤᠶᠠᠷ ᠰᠠᠯᠠᠭ᠎ᠠ ᠮᠥᠴᠢᠷ ᠰᠠᠨᠠᠭᠤᠯᠤᠭᠰᠠᠨ ᠨᠢ᠂ ᠳᠤᠮᠳᠠ ᠬᠡᠰᠡᠭ ᠠᠴᠠ ᠪᠠᠷᠠᠭᠤᠨᠰᠢᠬᠢ ᠮᠠᠯᠵᠢᠬᠤ ᠣᠷᠣᠨ ᠤ ᠨᠤᠲᠤᠭ ᠪᠡᠯᠴᠢᠭᠡᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠥᠮᠥᠨ ᠮᠠᠯ ᠤᠨ ᠤᠤᠭᠤᠬᠤ ᠤᠰᠤ ᠪᠣᠯᠣᠨ ᠡᠪᠡᠰᠦ ᠪᠣᠷᠳᠣᠭᠠᠨ ᠤ ᠲᠣᠬᠢᠷᠠᠭᠤᠯᠤᠯᠲᠠ ᠶᠢ ᠤᠷᠢᠳᠴᠢᠯᠠᠨ ᠰᠠᠶᠢᠲᠤᠷ ᠬᠢᠵᠦ᠂ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢ ᠨᠢᠭᠲᠠ ᠠᠩᠬᠠᠷᠬᠤ ᠬᠡᠷᠡᠭᠲᠡᠢ᠃ ᠳᠤᠮᠳᠠ ᠪᠠᠷᠠᠭᠤᠨ ᠬᠡᠰᠡᠭ ᠤᠨ ᠴᠢᠬᠢᠭ ᠤᠨ ᠪᠠᠶᠢᠳᠠᠯ ᠢᠶᠠᠷ ᠪᠠᠷᠤᠭᠲᠠᠢ ᠬᠠᠭᠤᠷᠠᠢ ᠲᠠᠷᠢᠶᠠᠯᠠᠬᠤ ᠣᠷᠣᠨ ᠳᠤ᠂ ᠭᠠᠩ ᠠᠴᠠ ᠪᠣᠯᠵᠤ ᠳᠠᠷᠢᠭᠠᠳᠤᠶ ᠭᠠᠵᠠᠷ ᠲᠤ ᠬᠡᠷᠡᠭᠰᠡᠬᠦ ᠦᠷ᠎ᠡ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠵᠡᠷᠭᠡ ᠦᠢᠯᠡᠳᠪᠦᠷᠢᠯᠡᠯ ᠤᠨ ᠬᠡᠷᠡᠭᠰᠡᠯ ᠢ ᠴᠠᠭ ᠲᠤᠬᠠᠢ ᠳᠤ ᠨᠢ ᠵᠣᠬᠢᠶᠠᠨ ᠪᠠᠶᠢᠭᠤᠯᠤᠨ ᠰᠢᠯᠵᠢᠭᠦᠯᠦᠨ ᠵᠥᠭᠡᠭᠡᠪᠦᠷᠢᠯᠡᠬᠦ ᠳᠤ ᠴᠢᠭᠯᠡᠭᠦᠯᠦᠨ᠂ ᠭᠠᠩ ᠲᠠᠢ ᠲᠡᠮᠡᠴᠡᠵᠦ ᠤᠰᠤ ᠬᠠᠳᠠᠭᠠᠯᠠᠬᠤ᠂ ᠦᠷ᠎ᠡ ᠰᠠᠴᠤᠬᠤ᠂  ᠪᠦᠷᠬᠦᠴᠡ ᠪᠠᠷ ᠴᠢᠬᠢᠭ ᠢ ᠬᠠᠮᠠᠭᠠᠯᠠᠬᠤ᠂ ᠭᠦᠶᠦᠬᠡᠨ ᠪᠤᠯᠠᠵᠤ ᠳᠤᠰᠤᠯᠭᠠᠨ ᠤᠰᠤᠯᠠᠬᠤ᠂ ᠪᠦᠷᠬᠦᠭᠦᠯ ᠤᠨ ᠳᠣᠣᠷ᠎ᠠ ᠳᠤᠰᠤᠯᠭᠠᠨ ᠤᠰᠤᠯᠠᠬᠤ ᠵᠡᠷᠭᠡ ᠭᠠᠩ ᠲᠠᠢ ᠲᠡᠮᠡᠴᠡᠵᠦ ᠤᠰᠤ ᠠᠷᠪᠢᠯᠠᠬᠤ ᠮᠡᠷᠭᠡᠵᠢᠯ ᠤᠨ ᠠᠷᠭ᠎ᠠ ᠬᠡᠮᠵᠢᠶ᠎ᠡ ᠶᠢ ᠢᠳᠡᠪᠬᠢᠲᠡᠢ ᠬᠡᠷᠡᠭᠯᠡᠬᠦ ᠬᠡᠷᠡᠭᠲᠡᠢ᠃ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠤ ᠴᠢᠬᠢᠭ ᠤᠨ ᠬᠡᠮᠵᠢᠶ᠎ᠡ ᠶᠢ ᠪᠠᠲᠤᠯᠠᠬᠤ᠂ ᠤᠰᠤ ᠠᠷᠪᠢᠯᠠᠬᠤ ᠮᠡᠷᠭᠡᠵᠢᠯ ᠢ ᠢᠳᠡᠪᠬᠢᠲᠡᠢ ᠬᠡᠷᠡᠭᠯᠡᠬᠦ ᠬᠡᠷᠡᠭᠲᠡᠢ᠃ ᠲᠠᠷᠢᠶ᠎ᠠ ᠲᠦᠮᠤᠰᠤ ᠨᠢ ᠴᠢᠬᠢᠯᠡᠭᠰᠡᠨ ᠭᠠᠵᠠᠷ ᠣᠷᠣᠨ ᠲᠠᠷᠢᠶᠠᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠨ ᠭᠠᠵᠠᠷ ᠤᠨ ᠤᠰᠤ ᠬᠠᠳᠠᠭᠠᠯᠠᠵᠤ ᠴᠢᠬᠢᠭ ᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠴᠢᠬᠢᠯᠡᠭᠰᠡᠨ ᠲᠠᠷᠢᠶᠠᠨ ᠭᠠᠵᠠᠷ  ᠤᠨ  ᠴᠢᠬᠢᠭ ᠢ ᠴᠠᠭ ᠲᠤ ᠨᠢ ᠠᠵᠢᠭᠯᠠᠵᠤ᠂ ᠡᠪᠡᠳᠴᠢᠨ᠂ ᠬᠤᠷᠣᠬᠠᠢ ᠶᠢᠨ ᠬᠥᠨᠥᠭᠡᠯ  ᠭᠠᠷᠬᠤ ᠶᠢ ᠠᠩᠬᠠᠷᠴᠤ᠂ ᠡᠪᠡᠰᠦ ᠶᠢ ᠨᠢ ᠠᠷᠢᠯᠭᠠᠬᠤ ᠠᠵᠢᠯ ᠢ ᠰᠠᠶᠢᠲᠤᠷ ᠬᠢᠬᠦ ᠬᠡᠷᠡᠭᠲᠡᠢ᠃   ᠡᠭᠦᠨ ᠠᠴᠠ ᠭᠠᠳᠠᠨ᠎ᠠ᠂ ᠤᠰᠤ ᠤᠮᠳᠠ ᠶᠢᠨ ᠲᠠᠯ᠎ᠠ ᠪᠠᠷ ᠣᠨᠴᠠ ᠬᠦᠴᠢᠷᠳᠡᠯᠲᠡᠢ ᠮᠠᠯᠵᠢᠬᠤ ᠣᠷᠣᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠵᠢᠯᠤᠭᠤᠳᠬᠤ ᠰᠠᠯᠠᠭ᠎ᠠ ᠮᠥᠴᠢᠷ ᠤᠰᠤ ᠬᠦᠷᠭᠡᠬᠦ ᠲᠡᠷᠭᠡ ᠬᠥᠰᠬᠡ ᠶᠢ ᠴᠠᠭ ᠲᠤᠬᠠᠢ ᠳᠤ ᠨᠢ ᠲᠣᠬᠢᠷᠠᠭᠤᠯᠤᠨ ᠤᠰᠤ ᠬᠦᠷᠭᠡᠵᠦ᠂ ᠮᠠᠯ ᠠᠵᠤ ᠠᠬᠤᠢ ᠶᠢᠨ ᠦᠢᠯᠡᠳᠪᠦᠷᠢᠯᠡᠯ ᠢ ᠵᠦᠢ ᠵᠣᠬᠢᠰᠲᠠᠢ ᠲᠣᠬᠢᠷᠠᠭᠤᠯᠤᠨ᠂ ᠮᠠᠯᠴᠢᠳ ᠢ ᠬᠥᠲᠥᠯᠥᠨ ᠵᠢᠯᠤᠭᠤᠳᠴᠤ ᠪᠠᠶᠢᠭᠠᠳ ᠡᠪᠡᠰᠦ ᠪᠣᠷᠳᠤᠭ᠎ᠠ ᠶᠢ ᠤᠷᠢᠳᠴᠢᠯᠠᠨ ᠵᠥᠭᠡᠭᠡᠪᠦᠷᠢᠯᠡᠬᠦ᠂ ᠤᠷᠢᠳᠴᠢᠯᠠᠨ ᠭᠠᠷᠭᠠᠬᠤ᠂ ᠲᠦᠷᠭᠡᠨ ᠭᠠᠷᠭᠠᠬᠤ ᠪᠣᠯᠭᠠᠵᠤ᠂ ᠲᠠᠷᠢᠶᠠᠯᠠᠩ ᠮᠠᠯ ᠠᠵᠤ ᠠᠬᠤᠢ ᠶᠢᠨ ᠬᠤᠬᠢᠷᠠᠯ ᠢ ᠴᠢᠷᠮᠠᠶᠢᠨ ᠪᠠᠭᠠᠰᠬᠠᠵᠤ᠂ ᠮᠠᠯᠴᠢᠨ ᠲᠠᠷᠢᠶᠠᠴᠢᠳ ᠤᠨ ᠠᠰᠢᠭ ᠲᠤᠰᠠ ᠶᠢ ᠪᠠᠲᠤᠯᠠᠬᠤ ᠬᠡᠷᠡᠭᠲᠡᠢ ᠭᠡᠵᠦ ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠵᠢᠯᠤᠭᠤᠳᠬᠤ ᠭᠠᠵᠠᠷ ᠠᠴᠠ ᠱᠠᠭᠠᠷᠳᠠᠪᠠ᠃ 
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ​ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号