6 ᠰᠠᠷ᠎ᠠ ᠶᠢᠨ 21 ᠤ ᠡᠳᠦᠷ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ ᠲᠥᠷᠥ ᠶᠢᠨ ᠪᠣᠳᠣᠯᠭ᠎ᠠ ᠶᠢᠨ ᠲᠣᠭᠲᠠᠮᠠᠯ ᠬᠤᠭᠤᠴᠠᠭᠠᠲᠤ ᠰᠣᠨᠢᠨ | ᠮᠡᠳᠡᠭᠡ ᠨᠡᠶᠢᠲᠡᠯᠡᠬᠦ ᠬᠤᠷᠠᠯ ᠠᠴᠠ ᠤᠶᠢᠯᠠᠭᠠᠬᠰᠠᠨ ᠢᠶᠠᠷ᠂ ᠣᠶᠢᠷ᠎ᠠ ᠳᠤ ᠦᠪᠤᠷ ᠮᠤᠩᠭᠤᠯ ᠤᠨ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠠᠵᠤ ᠠᠬᠤᠢ ᠶᠢ ᠯᠠᠪᠳᠠᠭᠤᠨ ᠲᠣᠭᠲᠠᠭᠤᠨ ᠪᠠᠶᠢᠯᠭᠠᠬᠤ ᠬᠠᠮ ᠲᠥᠷᠥ ᠶᠢᠨ ᠪᠣᠳᠣᠯᠭ᠎ᠠ ﹀ | ᠶᠢ ᠨᠠᠶᠢᠳᠠᠪᠤᠷᠢᠵᠢᠭᠤᠯᠬᠤ ᠲᠤᠬᠠᠢ ᠰᠠᠨᠠᠯ︾ ᠢ ᠲᠣᠭᠲᠠᠭᠠᠨ ᠳᠠᠷᠤᠮᠠᠯᠯᠠᠨ ᠲᠠᠷᠬᠠᠭᠠᠬᠰᠠᠨ ᠶᠤᠮ ᠪᠠᠶᠢᠨ᠎ᠠ᠃ ᠡᠬᠦᠨ | ᠳᠤ 6 ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠦᠨ 40 ᠪᠣᠳᠠᠲᠠᠢ ᠠᠷᠭ᠎ᠠ ︵4 ᠨᠠᠶᠢᠳᠠᠪᠤᠷᠢᠵᠢᠭᠤᠯᠬᠤ | ᠱᠠᠭᠠᠷᠳᠠᠯᠭ᠎ᠠ ᠶᠢ ᠪᠠᠭᠲᠠᠭᠠᠨ᠎ᠠ︶ ᠶᠢ ᠳᠤᠷᠠᠳᠴᠤ᠂ ᠬᠢᠵᠢᠭ ᠤᠨ ᠪᠠᠶᠢᠳᠠᠯ ᠪᠠ ᠠᠵᠤ ᠠᠬᠤᠢ ᠨᠡᠶᠢᠭᠡᠮ ᠤᠨ | ᠬᠥᠭᠵᠢᠯᠲᠡ ᠶᠢ ᠨᠢᠭᠡᠳᠦᠯᠲᠡᠢ ᠲᠥᠯᠥᠪᠯᠡᠨ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠴᠢᠷᠮᠠᠶᠢᠨ | ᠲᠣᠭᠲᠠᠪᠤᠷᠢᠵᠢᠭᠤᠯᠵᠤ᠂ ᠠᠵᠢᠯ ᠣᠯᠭᠤᠯᠲᠠ ᠶᠢ ᠪᠠᠲᠤᠯᠠᠵᠤ᠂ ᠠᠷᠠᠳ ᠤᠨ ᠠᠮᠢᠳᠤᠷᠠᠯ ᠢ ᠪᠠᠲᠤᠯᠠᠵᠤ᠂ ᠠᠵᠤ | ᠠᠬᠤᠢ ᠶᠢᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠤᠨ᠂ ᠵᠢᠯ ᠤᠨ ᠡᠬᠢᠨ ᠳᠤ ᠲᠣᠭᠲᠠᠭᠠᠭᠰᠠᠨ ᠡᠯ᠎ᠡ ᠵᠦᠢᠯ ᠤᠨ | ᠬᠠᠷᠠᠯᠲᠠ ᠶᠢᠨ ᠡᠭᠦᠷᠭᠡ ᠶᠢ ᠪᠡᠶᠡᠯᠡᠭᠦᠯᠬᠦ ᠶᠢ ᠦᠨᠡᠨ ᠬᠦ ᠪᠠᠳᠤᠯᠠᠬᠤ ᠪᠤᠯᠤᠨ᠎ᠠ᠃ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠵᠤ | ᠠᠬᠤᠢ ᠶᠢ ᠯᠠᠪᠳᠠᠭᠤᠨ ᠲᠣᠭᠲᠠᠭᠤᠨ ᠪᠠᠶᠢᠯᠭᠠᠬᠤ ᠬᠠᠮ ᠲᠥᠷᠥ ᠶᠢᠨ ᠪᠣᠳᠣᠯᠭ᠎ᠠ ﹀ ᠶᠢ ᠨᠠᠶᠢᠳᠠᠪᠤᠷᠢᠵᠢᠭᠤᠯᠬᠤ ᠲᠤᠬᠠᠢ | ᠰᠠᠨᠠᠯ︾ ᠳᠤ ᠬᠢ 36 ᠠᠷᠭ᠎ᠠ ᠶᠢᠨ ᠳᠣᠲᠣᠷ᠎ᠠ᠂ ᠡᠳ᠋ ᠤᠨ ᠵᠠᠰᠠᠭ ᠭᠠᠶᠢᠯᠢ ᠶᠢᠨ ᠲᠥᠷᠥ ᠶᠢᠨ ᠪᠣᠳᠣᠯᠭ᠎ᠠ ᠶᠢᠨ | ᠲᠠᠯ᠎ᠠ ᠪᠠᠷ ᠬᠢ 7 ᠪᠣᠶ᠂ ᠡᠭᠦᠨ ᠳᠤ ᠥᠷᠲᠡᠭ ᠨᠡᠮᠡᠭᠳᠡᠯ ᠤᠨ ᠭᠠᠶᠢᠯᠢ ᠶᠢᠨ ᠦᠯᠡᠳᠡᠭᠡᠬᠦ ᠪᠠ ᠲᠤᠯᠭᠠᠨ ᠪᠤᠴᠠᠭᠠᠬᠤ | ᠭᠠᠶᠢᠯᠢ ᠶᠢ ᠪᠤᠴᠠᠭᠠᠬᠤ ᠬᠡᠪᠴᠢᠶ᠎ᠡ ᠶᠢ ᠥᠷᠭᠡᠳᠬᠡᠬᠦ ᠲᠥᠷᠥ ᠶᠢᠨ ᠪᠣᠳᠣᠯᠭ᠎ᠠ ᠶᠢ ᠲᠡᠷᠡ ᠬᠡᠪ ᠢᠶᠠᠷ ᠨᠢ ᠰᠠᠶᠢᠲᠤᠷ | ᠨᠠᠶᠢᠳᠠᠪᠤᠷᠢᠵᠢᠭᠤᠯᠬᠤ᠂ ᠦᠨᠤ ᠵᠢᠯ ᠤᠨ ᠡᠯ᠎ᠡ ᠵᠦᠢᠯ ᠤᠨ ᠦᠯᠡᠳᠡᠭᠡᠬᠦ ᠪᠠ ᠲᠤᠯᠭᠠᠨ ᠪᠤᠴᠠᠭᠠᠬᠤ ᠲᠥᠷᠥ ᠶᠢᠨ | ᠪᠣᠳᠣᠯᠭ᠎ᠠ ᠶᠢᠨ ᠰᠢᠨ᠎ᠡ ᠪᠠᠷ ᠨᠡᠮᠡᠭᠳᠡᠬᠦ ᠭᠠᠶᠢᠯᠢ ᠶᠢᠨ ᠪᠤᠴᠠᠭᠠᠯᠲᠠ ᠶᠢᠨ ᠪᠥᠬᠦ ᠲᠤᠭ᠎ᠠ ᠵᠢᠱᠢᠯᠲᠡ ᠪᠠᠷ 375 | ᠳ᠋ᠦᠩᠰᠢᠭᠤᠷ ᠲᠥᠭᠦᠷᠢᠭ ᠲᠤ ᠬᠦᠷᠬᠦ ᠵᠡᠷᠭᠡ ᠪᠠᠭᠲᠠᠨ᠎ᠠ᠃ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢᠨ | ᠲᠠᠯ᠎ᠠ ᠪᠠᠷ 5 ᠵᠦᠢᠯ ᠪᠣᠶ᠂ ᠡᠭᠦᠨ ᠳᠤ ᠵᠢᠭᠡᠯᠡᠯᠭᠡ ᠶᠢ ᠬᠤᠶᠢᠰᠢᠯᠠᠭᠤᠯᠤᠨ ᠡᠬᠡ ᠬᠦᠦ ᠲᠠᠢ ᠨᠢ ᠪᠤᠴᠠᠭᠠᠬᠤ | ᠬᠡᠪᠴᠢᠶ᠎ᠡ ᠶᠢ ᠥᠷᠭᠡᠳᠬᠡᠬᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ᠂ ᠪᠠᠷᠠᠭᠠᠨ ᠤ ᠲᠡᠷᠭᠡ ᠶᠢᠨ ᠵᠢᠯᠣᠭᠤᠴᠢ ᠪᠠ ᠰᠢᠨ᠎ᠡ ᠲᠢᠳᠢᠮᠯᠢᠭ ᠠᠭᠤᠰᠬᠢᠨ | ᠦᠷᠪᠢᠰᠦᠯ ᠳᠤ ᠨᠡᠷᠪᠡᠭᠳᠡᠭᠰᠡᠨ ᠠᠴᠠ ᠪᠣᠯᠵᠤ ᠡᠮᠨᠡᠯᠭᠡ ᠳᠤ ᠰᠠᠭᠤᠵᠤ ᠡᠮᠨᠡᠭᠦᠯᠦᠭᠰᠡᠨ ᠪᠤᠶᠤ ᠲᠤᠰᠠᠭᠠᠷᠯᠠᠬᠳᠠᠬᠰᠠᠳ᠂ | ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠴᠠ ᠪᠣᠯᠵᠤ | ᠲᠤᠰᠠᠭᠠᠷᠯᠠᠨ ᠠᠵᠢᠭᠯᠠᠬᠤ ᠴᠢᠬᠤᠯᠠᠲᠠᠢ ᠬᠥᠮᠥᠰ ᠪᠠ ᠬᠢᠵᠢᠭ ᠤᠨ ᠨᠥᠯᠥᠭᠡ ᠠᠴᠠ ᠪᠣᠯᠵᠤ ᠲᠦᠷ ᠴᠠᠭ ᠣᠷᠣᠯᠭ᠎ᠠ | ᠦᠬᠡᠢ ᠪᠤᠯᠤᠬᠰᠠᠳ ᠤᠨ ᠬᠤᠶᠢᠰᠢᠯᠠᠭᠤᠯᠬᠤ ᠶᠣᠰᠣᠲᠠᠢ ᠶᠢ ᠨᠢ ᠴᠥᠮ ᠬᠤᠶᠢᠰᠢᠯᠠᠭᠤᠯᠬᠤ ᠵᠡᠷᠭᠡ ᠪᠠᠭᠲᠠᠨ᠎ᠠ᠃ ᠪᠡᠯᠡ | ᠣᠷᠣᠭᠤᠯᠤᠯᠲᠠ ᠶᠢ ᠥᠷᠭᠡᠳᠬᠡᠨ ᠬᠡᠷᠡᠭᠯᠡᠭᠡ ᠶᠢ ᠠᠬᠢᠭᠤᠯᠬᠤ ᠲᠠᠯ᠎ᠠ ᠪᠠᠷ 7 ᠪᠤᠢ᠂ ᠡᠭᠦᠨ ᠳᠤ ᠤᠰᠤᠨ | ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠵᠢᠯ ᠤᠨ ᠳᠣᠲᠣᠷ᠎ᠠ | ᠤᠰᠤᠨ ᠠᠰᠢᠭᠯᠠᠯᠲᠠ ᠶᠢᠨ ᠪᠡᠯᠡ ᠣᠷᠣᠭᠤᠯᠤᠯᠲᠠ ᠶᠢ 80 ᠳ᠋ᠦᠩᠰᠢᠭᠤᠷ ᠲᠥᠭᠦᠷᠢᠭ ᠠᠴᠠ ᠳᠡᠭᠡᠭᠰᠢ ᠪᠣᠯᠭᠠᠬᠤ | ᠵᠡᠷᠭᠡ ᠶᠢ ᠪᠠᠭᠲᠠᠭᠠᠨ᠎ᠠ᠃ ᠠᠮᠤ ᠪᠤᠳᠠᠭᠠᠨ ᠤ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠲᠠᠯ᠎ᠠ ᠪᠠᠷ 4 ᠪᠤᠢ᠂ | ᠡᠭᠦᠨ ᠳᠤ ᠡᠯ᠎ᠡ ᠵᠦᠢᠯ ᠤᠨ ᠠᠮᠤ ᠪᠤᠳᠠᠭᠠᠨ ᠤ ᠠᠰᠢᠭ ᠣᠷᠣᠯᠭ᠎ᠠ ᠶᠢ ᠪᠠᠲᠤᠯᠠᠬᠤ ᠲᠦᠷᠦ ᠶᠢᠨ ᠪᠣᠳᠣᠯᠭ᠎ᠠ ᠶᠢ | ᠰᠠᠶᠢᠲᠤᠷ ᠨᠠᠶᠢᠳᠠᠪᠤᠷᠢᠵᠢᠭᠤᠯᠬᠤ᠂ ᠠᠮᠤ ᠪᠤᠳᠠᠭ᠎ᠠ ᠳᠠᠷᠢᠭᠰᠠᠨ ᠲᠠᠷᠢᠶᠠᠴᠢᠳ ᠲᠤ ᠨᠢᠭᠡ ᠯᠨ ᠲᠡᠬᠡᠷ᠎ᠡ ᠦᠭᠭᠦ | ᠬᠤᠶᠠᠳᠤᠭᠠᠷ ᠪᠦᠯᠦᠭ ᠨᠥᠬᠦᠪᠦᠷᠢ ᠶᠢ ᠴᠠᠭ ᠲᠤᠬᠠᠢ ᠳᠤ ᠨᠢ ᠪᠠᠭᠤᠯᠭᠠᠬᠤ᠂ ᠮᠠᠯ ᠠᠵᠤ ᠠᠬᠤᠢ ᠲᠠᠷᠢᠶᠠᠯᠠᠩ ᠤᠨ | ᠨᠥᠬᠦᠪᠦᠷᠢ ᠶᠢ ᠴᠠᠭ ᠲᠤᠬᠠᠢ ᠳᠤ ᠨᠢ ᠲᠤᠭ᠎ᠠ ᠶᠤᠰᠤᠭᠠᠷ ᠨᠢ ᠭᠦᠢᠴᠡᠳ ᠣᠯᠭᠤᠬᠤ ᠶᠢ ᠪᠠᠲᠤᠯᠠᠬᠤ᠂ ᠠᠵᠤ | ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠠᠶᠢᠳᠠᠯ ᠢ ᠪᠠᠲᠤᠯᠠᠬᠤ ᠲᠠᠯ᠎ᠠ ᠪᠠᠷ ᠬᠢ | ᠠᠷᠭ᠎ᠠ 8 ᠪᠣᠶ᠂ ᠡᠭᠦᠨ ᠳᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠤᠰᠤ ᠴᠠᠬᠢᠯᠭᠠᠨ ᠬᠡᠢ ᠶᠢᠨ ᠲᠤᠤᠷᠵᠢᠯ | ᠤᠨ ᠥᠪᠡᠷ ᠤᠨ ᠥᠷᠲᠡᠭ ᠢ ᠪᠠᠭᠤᠷᠠᠭᠤᠯᠬᠤ᠂ ︽ᠵᠠᠷᠤᠳᠠᠯ ᠢᠶᠠᠨ ᠦᠷᠢᠳᠡᠪᠡᠴᠤ ᠲᠠᠰᠤᠯᠳᠠᠭᠤᠯᠤᠯ ᠦᠭᠡᠢ ᠬᠠᠩᠭᠠᠬᠤ | ︾ ᠪᠠ ᠵᠠᠷᠤᠳᠠᠯ ᠢ ᠬᠤᠶᠢᠰᠢᠯᠠᠭᠤᠯᠤᠨ ᠲᠤᠰᠢᠶᠠᠬᠤ ᠬᠤᠭᠤᠴᠠᠭᠠᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠬᠤ ᠵᠡᠷᠭᠡ ᠪᠠᠭᠲᠠᠨ᠎ᠠ᠃ ᠠᠷᠠᠳ ᠤᠨ ᠠᠮᠢᠳᠤᠷᠠᠯ ᠤᠨ ᠦᠨᠳᠤᠰᠤᠨ ᠪᠠᠳᠤᠯᠠᠭ᠎ᠠ ᠶᠢᠨ ᠲᠠᠯ᠎ᠠ ᠪᠠᠷ 5 | ᠵᠦᠢᠯ ᠪᠣᠶ᠂ ᠡᠭᠦᠨ ᠳᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠱᠠᠳᠤᠴᠢ | ᠴᠢᠨᠠᠷᠲᠠᠢ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ᠂ ᠵᠢᠵᠢᠭ ᠪᠢᠴᠢᠯ ᠠᠵᠤ ᠠᠬᠤᠶᠢᠯᠠᠯ ᠪᠠ | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠠᠳᠠᠯ ᠦᠢᠯᠡᠰ ᠴᠣᠭᠴᠠᠯᠠᠬᠤ ᠲᠠᠭᠠᠭᠠᠯᠳᠠᠳᠤ | ᠵᠢᠭᠡᠯᠡᠯᠭᠡ ᠳᠤ ᠳᠠᠮ ᠬᠦᠦ ᠲᠠᠢ ᠳᠡᠮᠵᠢᠯᠭᠡ ᠦᠵᠡᠭᠦᠯᠬᠦ ᠡᠷᠴᠢᠮ ᠢ ᠴᠢᠩᠭᠠᠷᠠᠭᠤᠯᠬᠤ ᠵᠡᠷᠭᠡ ᠪᠠᠭᠲᠠᠨ᠎ᠠ᠃ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠵᠤ | ᠠᠬᠤᠢ ᠶᠢ ᠯᠠᠪᠳᠠᠭᠤᠨ ᠲᠣᠭᠲᠠᠭᠤᠨ ᠪᠠᠶᠢᠯᠭᠠᠬᠤ ᠬᠠᠮ ᠲᠥᠷᠥ ᠶᠢᠨ ᠪᠣᠳᠣᠯᠭ᠎ᠠ ﹀ ᠶᠢ ᠨᠠᠶᠢᠳᠠᠪᠤᠷᠢᠵᠢᠭᠤᠯᠬᠤ ᠲᠤᠬᠠᠢ | ᠰᠠᠨᠠᠯ︾ ᠳᠤ ᠬᠢ 40 ᠭᠤᠤᠯ ᠠᠷᠭ᠎ᠠ ᠨᠢ ᠬᠠᠷᠢᠯᠴᠠᠨ ᠬᠤᠯᠪᠤᠭ᠎ᠠ ᠲᠠᠢ ᠪᠦᠬᠡᠳ ᠨᠠᠶᠢᠳᠠᠪᠤᠷᠢᠵᠢᠭᠤᠯᠤᠯᠲᠠ ᠶᠢ | ᠴᠢᠩᠭᠠᠳᠬᠠᠬᠰᠠᠨ ᠣᠨᠴᠠᠯᠢᠭ ᠲᠠᠢ ᠶᠤᠮ᠃ ᠡᠨᠡ ᠬᠦ ᠠᠷᠭ᠎ᠠ ᠨᠢ ᠤᠯᠤᠰ ᠤᠨ ᠶᠡᠷᠦᠩᠬᠡᠢ ᠪᠠᠶᠢᠷᠢᠯᠠᠭᠤᠯᠤᠯᠲᠠ ᠲᠠᠢ | ᠡᠬᠢ ᠡᠬᠦᠰᠤᠯ ᠨᠢᠬᠡᠳᠡᠢ ᠮᠥᠷᠲᠡᠭᠡᠨ ᠮᠠᠨ ᠤ ᠣᠷᠣᠨ ᠤ ᠨᠢᠭᠡᠨᠲᠡ ᠨᠡᠶᠢᠲᠡᠯᠡᠭᠰᠡᠨ ᠡᠯ᠎ᠡ ᠵᠦᠢᠯ ᠤᠨ ᠲᠥᠷᠥ ᠶᠢᠨ | ᠪᠣᠳᠣᠯᠭ᠎ᠠ ᠶᠢᠨ ᠠᠷᠭ᠎ᠠ ᠲᠠᠢ ᠴᠦ ᠡᠬᠢ ᠡᠬᠦᠰᠤᠯ ᠨᠢᠭᠡᠲᠡᠢ ᠪᠠᠶᠢᠳᠠᠭ᠃ ᠤᠤᠯ ᠤᠨ ᠲᠦᠷᠦ ᠶᠢᠨ ᠪᠣᠳᠣᠯᠭ᠎ᠠ ᠨᠢ | ᠤᠯᠤᠰ ᠤᠨ ᠲᠦᠷᠦ ᠶᠢᠨ ᠪᠣᠳᠣᠯᠭ᠎ᠠ ᠶᠢᠨ ᠪᠠᠷᠢᠮᠵᠢᠶ᠎ᠠ ᠠᠴᠠ ᠥᠨᠳᠥᠷ ᠪᠠᠶᠢᠪᠠᠯ᠂ ᠤᠤᠯ ᠤᠨ ᠲᠦᠷᠦ ᠶᠢᠨ | ᠪᠣᠳᠣᠯᠭ᠎ᠠ ᠶᠢᠨ ᠶᠣᠰᠣᠭᠠᠷ ᠬᠡᠷᠡᠭᠵᠢᠬᠦᠯᠤᠨ᠎ᠡ᠂ ᠤᠤᠯ ᠤᠨ ᠲᠥᠷᠥ ᠶᠢᠨ ᠪᠣᠳᠣᠯᠭ᠎ᠠ ᠨᠢ ᠤᠯᠤᠰ ᠤᠨ ᠲᠥᠷᠥ ᠶᠢᠨ | ᠪᠣᠳᠣᠯᠭ᠎ᠠ ᠶᠢᠨ ᠪᠠᠷᠢᠮᠵᠢᠶ᠎ᠠ ᠠᠴᠠ ᠳᠣᠣᠷ᠎ᠠ ᠪᠠᠶᠢᠪᠠᠯ᠂ ᠤᠯᠤᠰ ᠤᠨ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ | ᠶᠣᠰᠣᠭᠠᠷ ᠬᠡᠷᠡᠭᠵᠢᠭᠦᠯᠵᠦ᠂ ᠲᠥᠷᠥ ᠶᠢᠨ ᠪᠣᠳᠣᠯᠭ᠎ᠠ ᠶᠢᠨ ᠠᠰᠢᠭ ᠤᠨ ᠬᠠᠮᠤᠭ ᠤᠨ ᠶᠡᠭᠡ ᠪᠠᠷ ᠭᠠᠷᠭᠠᠬᠤ ᠶᠢ | ᠪᠠᠳᠤᠯᠠᠨ᠎ᠠ᠃ ︽ᠬᠥᠨᠳᠡᠯᠡᠨ ᠢᠶᠠᠷ ᠬᠢᠵᠠᠭᠠᠷ ᠲᠤ ᠨᠢ ᠬᠦᠷᠬᠦ᠂ ᠭᠤᠯᠳᠤ ᠪᠠᠷ ᠡᠴᠦᠰ ᠲᠤ ᠨᠢ ᠬᠦᠷᠬᠦ︾ ᠶᠢ | ᠲᠤᠪᠤᠶᠢᠯᠭᠠᠵᠦ᠂ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠪᠦᠬᠦ ᠲᠠᠯ᠎ᠠ ᠪᠠᠷ ᠰᠠᠶᠢᠲᠤᠷ | ᠠᠳᠬᠤᠵᠤ᠂ ᠲᠦᠷᠦ ᠶᠢᠨ ᠪᠣᠳᠣᠯᠭ᠎ᠠ ᠶᠢᠨ ᠡᠭᠦᠷᠭᠡ ᠶᠢ ᠪᠣᠳᠠᠲᠠᠢ ᠰᠠᠯᠠᠭ᠎ᠠ ᠮᠥᠴᠢᠷ ᠲᠤ ᠬᠤᠪᠢᠶᠠᠨ ᠥᠭᠴᠦ᠂ | ᠲᠡᠬᠡᠷ᠎ᠡ ᠠᠴᠠ ᠬᠦᠯᠢᠶᠡᠨ ᠠᠪᠴᠤ ᠳᠣᠷᠣᠭᠰᠢ ᠪᠠᠨ ᠪᠠᠭᠤᠯᠭᠠᠬᠤ ᠶᠢ ᠨᠡᠩ ᠰᠠᠶᠢᠲᠤᠷ ᠪᠡᠶᠡᠯᠡᠭᠦᠯᠵᠦ᠂ ᠲᠦᠷᠦ ᠶᠢᠨ | ᠪᠣᠳᠣᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ᠂ ᠦᠷ᠎ᠡ ᠪᠦᠲᠦᠮᠵᠢ ᠭᠠᠷᠭᠠᠬᠤ ᠶᠢ ᠵᠠᠪᠠᠯ ᠪᠠᠲᠤᠯᠠᠬᠤ ᠬᠡᠷᠡᠭᠲᠡᠢ᠃ | | | | | | | | | | | |