ᠰᠢ ᠶᠢᠨ ᠫᠢᠩ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠳᠥᠴᠢᠳᠦᠭᠡᠷ ᠤᠳᠠᠭ᠎ᠠ ᠶᠢᠨ | ᠬᠠᠮᠲᠤ ᠶᠢᠨ ᠰᠤᠷᠤᠯᠴᠠᠯᠭ᠎ᠠ ᠳᠡᠭᠡᠷ᠎ᠡ ︽ᠢᠯᠵᠠᠷᠠᠬᠤ ᠠᠴᠠ ᠵᠢᠷᠦᠬᠡᠰᠢᠶᠡᠬᠦ ᠢᠯᠵᠠᠷᠠᠵᠤ ᠪᠣᠯᠬᠤ ᠦᠭᠡᠢ ᠢᠯᠵᠠᠷᠠᠬᠤ ᠶᠢ | ᠪᠤᠳᠤᠬᠤ ᠦᠭᠡᠢ︾ ᠪᠠᠶᠢᠬᠤ ᠶᠢ ᠨᠢᠭᠡ ᠴᠤᠭᠴᠠᠵᠢᠭᠤᠯᠤᠨ ᠠᠬᠢᠭᠤᠯᠬᠤ ᠴᠢᠳᠠᠪᠤᠷᠢ ᠪᠠ ᠲᠦᠪᠰᠢᠨ ᠢ ᠳᠡᠭᠡᠭᠰᠢᠯᠡᠭᠦᠯᠵᠦ | ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠤᠭᠤᠮᠲᠠ ᠰᠢᠪᠲᠤᠯᠬᠤ ᠲᠠᠶᠢᠯᠠᠯᠳᠤᠭᠠᠨ ᠤᠳᠠᠭᠠᠨ ᠳᠠᠭᠠᠭᠠᠮᠠᠭᠠᠢ ᠲᠠᠶᠢᠯᠠᠯᠳᠤᠭᠠᠨ ᠤ | ᠢᠯᠠᠯᠲᠠ ᠶᠢ ᠪᠦᠬᠦ ᠲᠠᠯ᠎ᠠ ᠪᠠᠷ ᠲᠡᠮᠡᠴᠡᠨ ᠤᠯᠬᠤ ᠬᠡᠷᠡᠭᠲᠡᠢ ᠭᠡᠵᠦ ᠴᠢᠬᠤᠯᠠᠴᠢᠯᠠᠪᠠ | ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 18 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶᠠᠨ ᠤ | ᠤᠯᠤᠰ ᠲᠦᠷᠦ ᠶᠢᠨ ᠲᠣᠪᠴᠢᠶ᠎ᠠ 6 ᠰᠠᠷ᠎ᠠ ᠶᠢᠨ 17 ᠤ ᠦᠳᠡ ᠶᠢᠨ ᠬᠤᠶᠢᠨ᠎ᠠ ᠢᠯᠵᠠᠷᠠᠬᠤ ᠠᠴᠠ ᠵᠢᠷᠦᠬᠡᠰᠢᠶᠡᠬᠦ᠂ | ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠤᠬᠴᠠᠵᠢᠭᠤᠯᠤᠨ ᠠᠬᠢᠭᠤᠯᠬᠤ ᠲᠤᠬᠠᠢ | ᠳᠥᠴᠢᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ ᠰᠢ | ᠶᠢᠨ ᠫᠢᠩ ᠰᠤᠷᠤᠯᠴᠠᠯᠭ᠎ᠠ ᠶᠢ ᠡᠷᠭᠢᠯᠡᠬᠦ ᠳᠡᠭᠡᠨ᠂ ᠢᠯᠵᠠᠷᠠᠯ ᠢ ᠡᠰᠡᠷᠭᠦᠴᠡᠬᠦ ᠲᠡᠮᠡᠴᠡᠯ ᠪᠣᠯ ᠠᠷᠠᠳ ᠤᠨ ᠰᠡᠳᠭᠢᠯ ᠭᠡᠬᠦ ᠡᠨᠡ | ᠬᠦ ᠬᠠᠮᠤᠭ ᠤᠨ ᠶᠡᠭᠡ ᠤᠯᠤᠰ ᠲᠥᠷᠥ ᠲᠠᠢ ᠬᠤᠯᠪᠤᠭᠳᠠᠬᠤ᠂ ᠨᠢᠭᠡ ᠤᠳᠠᠭᠠᠨ ᠤ ᠢᠯᠠᠭᠳᠠᠵᠤ ᠪᠣᠯᠤᠰᠢ ᠦᠭᠡᠶ ᠪᠥᠭᠡᠳ | ᠶᠠᠭᠠᠬᠢᠭᠰᠡᠨ ᠴᠤ ᠢᠯᠠᠭᠳᠠᠵᠤ ᠪᠣᠯᠬᠤ ᠦᠭᠡᠶ ᠴᠢᠬᠤᠯᠠ ᠶᠡᠭᠡ ᠤᠯᠤᠰ ᠲᠥᠷᠥ ᠶᠢᠨ ᠲᠡᠮᠡᠴᠡᠯ ᠮᠥᠨ᠃ ᠰᠢᠨ᠎ᠡ ᠪᠠᠶᠢᠳᠠᠯ | ᠳᠣᠣᠷᠠᠬᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠡᠯ ᠢ ᠡᠰᠡᠷᠭᠦᠴᠡᠬᠦ ᠲᠡᠮᠡᠴᠡᠯ ᠤᠨ ᠲᠤᠬᠠᠢ | ᠲᠠᠨᠢᠯᠲᠠ ᠪᠠᠨ ᠭᠦᠨᠵᠡᠭᠡᠶᠢᠷᠡᠭᠦᠯᠵᠦ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ | ᠪᠤᠳᠤᠬᠤ ᠦᠭᠡᠢ ᠪᠠᠶᠢᠬᠤ ᠶᠢ ᠨᠢᠭᠡ ᠴᠤᠭᠴᠠᠵᠢᠭᠤᠯᠤᠨ ᠠᠬᠢᠭᠤᠯᠬᠤ ᠴᠢᠳᠠᠪᠤᠷᠢ ᠪᠠ ᠲᠦᠪᠰᠢᠨ ᠢ ᠳᠡᠭᠡᠭᠰᠢᠯᠡᠭᠦᠯᠵᠦ᠂ | ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠤᠭᠤᠮᠲᠠ ᠰᠢᠪᠲᠤᠯᠬᠤ ᠲᠠᠶᠢᠯᠠᠯᠳᠤᠭᠠᠨ᠂ ᠤᠳᠠᠭᠠᠨ ᠳᠠᠭᠠᠭᠠᠮᠠᠭᠠᠢ | ᠲᠠᠶᠢᠯᠠᠯᠳᠤᠭᠠᠨ ᠤ ᠢᠯᠠᠯᠲᠠ ᠶᠢ ᠪᠦᠬᠦ ᠲᠠᠯ᠎ᠠ ᠪᠠᠷ ᠲᠡᠮᠡᠴᠡᠨ ᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠬᠡᠷᠡᠭ ᠢ ᠬᠢᠨᠠᠨ | ᠬᠠᠮᠢᠶᠠᠷᠬᠤ ᠲᠠᠰᠤᠭ ᠤᠨ ᠡᠷᠬᠢᠯᠡᠭᠴᠢ ᠯᠢᠦ ᠮᠧᠶ ᠫᠢᠨ ᠡᠨᠡ ᠠᠰᠠᠭᠤᠳᠠᠯ ᠤᠨ ᠲᠤᠬᠠᠶ ᠲᠠᠶᠢᠯᠤᠮᠵᠢ ᠬᠢᠵᠦ᠂ ᠠᠵᠢᠯ ᠤᠨ | ᠰᠠᠨᠠᠭᠤᠯᠭ᠎ᠠ ᠳᠤᠷᠠᠳᠪᠠ᠃ ᠲᠥᠪ ᠤᠨ ᠤᠯᠤᠰ ᠲᠦᠷᠦ ᠶᠢᠨ ᠲᠣᠪᠴᠢᠶᠠᠨ ᠤ ᠨᠥᠬᠦᠳ ᠲᠠᠶᠢᠯᠤᠮᠵᠢ ᠶᠢ ᠨᠠᠷᠢᠨ ᠬᠢᠨᠠᠮᠠᠭᠠᠢ | ᠰᠣᠨᠣᠰᠤᠭᠰᠠᠨ ᠪᠥᠭᠡᠳ ᠶᠠᠷᠢᠯᠴᠠᠭ᠎ᠠ ᠦᠷᠨᠢᠭᠦᠯᠵᠡᠢ᠃ | ᠰᠢ ᠶᠢᠨ ᠫᠢᠩ ᠰᠤᠷᠤᠯᠴᠠᠯᠭ᠎ᠠ ᠶᠢ ᠡᠷᠬᠢᠯᠡᠬᠦ ᠳᠡᠭᠡᠨ ᠴᠢᠬᠤᠯᠠ ᠶᠠᠷᠢᠶ᠎ᠠ ᠲᠠᠯᠪᠢᠪᠠ᠃ ᠲᠡᠷᠡ᠂ ᠵᠣᠷᠢᠭᠲᠠᠢ ᠪᠠᠷ | ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠪᠣᠯ ᠨᠠᠮ ᠤᠨ ᠵᠠᠭᠤᠨ ᠵᠢᠯ ᠤᠨ ᠲᠡᠮᠡᠴᠡᠯ ᠤᠨ ᠲᠤᠮᠳᠠ ᠬᠥᠮᠤᠵᠢᠬᠦᠯᠦᠭᠰᠡᠨ | ᠢᠯᠡ ᠲᠣᠳᠣ ᠵᠠᠩ ᠰᠤᠷᠲᠡᠯ ᠪᠣᠯᠤᠨ᠎ᠠ᠃ ᠡᠯ᠎ᠡ ᠲᠡᠦᠬᠡᠨ ᠴᠠᠭ ᠦᠶ᠎ᠡ ᠳᠤ᠂ ᠮᠠᠨ ᠤ ᠨᠠᠮ ᠨᠠᠮ ᠢ ᠴᠢᠩᠭ᠎ᠠ ᠬᠠᠮᠢᠶᠠᠷᠴᠤ | ᠴᠢᠩᠭ᠎ᠠ ᠵᠠᠰᠠᠬᠤ ᠶᠢ ᠪᠠᠷᠢᠮᠲᠠᠯᠠᠪᠠ᠃ ᠰᠢᠨ᠎ᠡ ᠴᠠᠭ ᠦᠶ᠎ᠡ ᠳᠤ ᠤᠷᠤᠬᠰᠠᠨ ᠤ ᠲᠠᠷᠠᠭ᠎ᠠ᠂ ᠪᠢᠳᠠ ᠢᠯᠵᠠᠷᠡᠯ ᠢ ᠡᠰᠡᠷᠭᠦᠴᠡᠬᠦ | ᠲᠡᠮᠡᠴᠡᠯ ᠢ ᠠᠬᠢᠭᠤᠯᠬᠤ ᠲᠤᠬᠠᠢ ᠠᠯᠢ ᠤᠯᠠᠨ ᠰᠢᠨ᠎ᠡ ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ | ᠪᠤᠳᠤᠯᠭ᠎ᠠ ᠶᠢ ᠳᠤᠷᠠᠳᠴᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ | ᠪᠤᠳᠤᠯᠭ᠎ᠠ ᠶᠢᠨ ᠪᠠᠶᠢᠷᠢᠰᠢᠭᠤᠯᠤᠯᠲᠠ ᠳᠤ ᠣᠷᠣᠭᠤᠯᠵᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠳᠤ ᠲᠦᠰᠢᠭᠯᠡᠨ | ᠲᠡᠦᠬᠡ ᠶᠢᠨ ᠦᠶᠡᠯᠡᠯ ᠠᠴᠠ ᠮᠤᠯᠲᠤᠷᠠᠭᠰᠡᠨ ᠪᠦᠲᠦᠮᠵᠢᠲᠡᠢ ᠠᠷᠭ᠎ᠠ ᠵᠠᠮ ᠢ ᠰᠦᠪᠡᠭᠴᠢᠯᠡᠪᠡ᠃ ᠨᠠᠮ ᠤᠷᠢᠳ ᠡᠮᠦᠨ᠎ᠡ | ᠪᠠᠶᠢᠭ᠎ᠠ ᠦᠭᠡᠢ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠲᠡᠮᠡᠴᠡᠯ ᠢᠶᠠᠷ ᠳᠠᠮᠵᠢᠭᠤᠯᠤᠨ᠂ ᠠᠷᠠᠳ | ᠤᠯᠠᠨ ᠯᠤᠭ᠎ᠠ ᠶᠢᠨ ᠰᠠᠯᠵᠤ ᠪᠣᠯᠤᠰᠢ ᠦᠭᠡᠢ ᠬᠠᠷᠢᠴᠠᠭ᠎ᠠ ᠶᠢ ᠪᠠᠲᠤᠯᠠᠬᠤ᠂ ᠠᠷᠠᠳ ᠲᠦᠮᠡᠨ ᠴᠢᠩ ᠰᠡᠳᠭᠢᠯ ᠠᠴᠠ ᠪᠠᠨ | ᠬᠦᠷᠢᠶᠡᠯᠡᠬᠦ ᠲᠡᠦᠬᠡᠨ ᠰᠠᠨᠠᠭᠠᠴᠢᠯᠠᠭᠠᠲᠤ ᠡᠷᠬᠡ ᠶᠢ ᠣᠯᠵᠤ᠂ ᠪᠦᠬᠦ ᠨᠠᠮ ᠤᠨ ᠳᠡᠭᠡᠳᠦ ᠬᠡᠮᠵᠢᠶᠡᠨ ᠤ ᠪᠦᠯᠬᠦᠮᠳᠡᠯ ᠨᠢᠭᠡᠳᠦᠯ᠂ | ᠴᠠᠭ ᠦᠶ᠎ᠡ ᠶᠢᠨ ᠡᠮᠦᠨ᠎ᠡ ᠡᠩᠨᠡᠭᠡᠨ ᠳᠤ ᠬᠤᠰᠢᠭᠤᠷᠠᠬᠤ᠂ ᠠᠷᠠᠳ ᠲᠦᠮᠡᠨ ᠢ ᠳᠠᠭᠠᠭᠤᠯᠤᠨ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠲᠡᠦᠬᠡᠨ ᠰᠠᠨᠠᠭᠠᠴᠢᠯᠠᠭᠠᠲᠤ ᠡᠷᠬᠡ ᠶᠢ ᠣᠯᠤᠭᠰᠠᠨ | ᠪᠠᠶᠢᠨ᠎ᠠ ᠭᠡᠵᠦ ᠴᠢᠬᠤᠯᠠᠴᠢᠯᠠᠵᠠᠢ᠃ | ᠰᠢ ᠶᠢᠨ ᠫᠢᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠠ ᠢᠯᠵᠠᠷᠡᠯ ᠢ ᠡᠰᠡᠷᠭᠦᠴᠡᠬᠦ | ᠲᠡᠮᠡᠴᠡᠯ ᠳᠤᠮᠳᠠ ᠢᠯᠡᠳᠲᠡ ᠦᠷ᠎ᠡ ᠪᠦᠲᠦᠮᠵᠢ ᠣᠯᠵᠤ᠂ ᠴᠢᠬᠤᠯᠠ ᠲᠤᠷᠰᠢᠯᠭ᠎ᠠ ᠬᠤᠷᠠᠮᠳᠤᠭᠤᠯᠵᠠᠢ᠃ ᠨᠢᠭᠡ ᠳᠤ᠂ | ᠨᠠᠮ ᠤᠨ ᠪᠦᠬᠦ ᠲᠠᠯ᠎ᠠ ᠪᠠᠷ ᠤᠳᠤᠷᠢᠳᠤᠭᠰᠠᠨ ᠢᠯᠵᠠᠷᠡᠯ ᠢ ᠡᠰᠡᠷᠭᠦᠴᠡᠬᠦ ᠠᠵᠢᠯ ᠤᠨ ᠪᠠᠶᠢᠷᠢᠰᠢᠯ ᠢ ᠪᠠᠶᠢᠭᠤᠯᠵᠤ᠂ ᠨᠠᠮ ᠤᠨ | ᠲᠥᠪ ᠬᠤᠷᠢᠶ᠎ᠠ ᠨᠢᠭᠡᠳᠦᠯᠲᠡᠢ ᠤᠳᠤᠷᠢᠳᠤᠭᠰᠠᠨ᠂ ᠡᠯ᠎ᠡ ᠱᠠᠲᠤᠨ ᠤ ᠨᠠᠮ ᠤᠨ ᠬᠤᠷᠢᠶ᠎ᠠ ᠨᠢᠭᠡᠳᠦᠯᠲᠡᠢ ᠲᠥᠯᠥᠪᠵᠢᠭᠦᠯᠦᠨ | ᠵᠢᠯᠣᠭᠤᠳᠤᠭᠰᠠᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠵᠣᠬᠢᠶᠠᠨ ᠪᠠᠶᠢᠭᠤᠯᠤᠨ | ᠵᠣᠬᠢᠴᠠᠭᠤᠯᠤᠭᠰᠠᠨ᠂ ᠡᠭᠦᠷᠭᠡ ᠲᠤᠰᠢᠶᠠᠯᠳᠤ ᠰᠠᠯᠠᠭ᠎ᠠ ᠮᠥᠴᠢᠷ ᠥᠨᠳᠥᠷ ᠪᠦᠲᠦᠮᠵᠢᠲᠡᠢ ᠬᠠᠮᠵᠢᠯᠴᠠᠭᠰᠠᠨ᠂ ᠠᠷᠠᠳ ᠤᠯᠠᠨ | ᠣᠷᠣᠯᠴᠠᠨ ᠳᠡᠮᠵᠢᠭᠰᠡᠨ ᠢᠯᠵᠠᠷᠡᠯ ᠢ ᠡᠰᠡᠷᠭᠦᠴᠡᠬᠦ ᠠᠵᠢᠯ ᠤᠨ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠪᠡ᠃ | ᠬᠤᠶᠠᠷ ᠲᠤ᠂ ᠦᠡᠭᠭᠡᠨ ᠲᠠᠯ᠎ᠠ ᠠᠴᠠ ᠨᠢ ᠵᠠᠰᠠᠬᠤ ᠠᠴᠠ ᠭᠠᠷᠳᠠᠵᠤ᠂ ᠦᠨᠳᠦᠰᠦᠨ ᠠᠴᠠ ᠨᠢ ᠵᠠᠰᠠᠬᠤ ᠶᠢ ᠦᠡᠭᠭᠡᠨ | ᠲᠠᠯ᠎ᠠ ᠠᠴᠠ ᠨᠢ ᠵᠠᠰᠠᠬᠤ ᠲᠤᠮᠳᠠ ᠠᠭᠤᠰᠬᠠᠵᠤ᠂ ᠨᠠᠮ ᠤᠨ ᠭᠡᠰᠢᠭᠦᠨ ᠺᠠᠳ᠋ᠷᠴᠤᠳ ᠢ ᠪᠢᠰᠢᠷᠡᠨ ᠡᠮᠢᠶᠡᠬᠦ ᠠᠴᠠ ᠪᠤᠯᠵᠤ ︽ | ᠵᠢᠷᠦᠬᠡᠰᠢᠶᠡᠬᠦ︾᠂ ᠲᠦᠷᠢᠮ ᠪᠠᠶᠢᠬᠤ ᠠᠴᠠ ᠪᠤᠯᠵᠤ ︽ᠪᠤᠯᠬᠤ ᠦᠭᠡᠢ︾᠂ ᠤᠬᠠᠮᠰᠠᠷ ᠲᠠᠢ ᠠᠴᠠ ᠪᠤᠯᠵᠤ ︽ᠪᠤᠳᠤᠬᠤ | ᠦᠭᠡᠢ︾ ᠪᠤᠯᠪᠠ᠃ ᠭᠤᠷᠪᠠ ᠳᠤ᠂ ᠢᠮᠠᠭᠲᠠ ᠴᠢᠩᠭ᠎ᠠ ᠪᠠᠶᠢᠬᠤ ᠭᠤᠣᠯ ᠬᠦᠭ ᠠᠶᠠᠰ ᠢ ᠭᠤᠶᠢᠪᠢᠰᠢ ᠦᠭᠡᠢ ᠪᠠᠷᠢᠮᠲᠠᠯᠠᠵᠤ᠂ | ᠤᠬᠳᠤ ᠠᠭᠤᠴᠢᠯᠠᠬᠤ ᠦᠭᠡᠢ ᠣᠪᠣᠷ ᠢᠶᠠᠷ ᠢᠯᠵᠠᠷᠡᠯ ᠢ ᠵᠠᠯᠬᠠᠭᠠᠨ ᠰᠢᠢᠳᠭᠡᠵᠦ᠂ ᠢᠯᠵᠠᠷᠠᠯ ᠤᠨ ᠨᠡᠮᠡᠭᠳᠡᠯ ᠢ ᠡᠷᠡᠰ | ᠬᠤᠷᠢᠭᠯᠠᠵᠤ᠂ ᠦᠯᠡᠳᠡᠭᠳᠡᠯ ᠢᠯᠵᠠᠷᠠᠯ ᠤᠨ ᠠᠰᠠᠭᠤᠳᠠᠯ ᠢ ᠡᠷᠡᠰ ᠪᠠᠭᠠᠰᠬᠠᠵᠤ᠂ ᠨᠠᠮ ᠤᠨ ᠤᠨᠤᠯ ᠪᠣᠯᠤᠨ ᠱᠤᠭᠤᠮ | ᠴᠢᠭᠯᠡᠯᠲᠡ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠬᠦ ᠶᠢ ᠬᠠᠷᠰᠢᠯᠠᠵᠤ ᠪᠠᠶᠢᠬᠤ᠂ ᠨᠠᠮ ᠤᠨ ᠲᠦᠷᠦ | ᠪᠠᠷᠢᠬᠤ ᠰᠠᠭᠤᠷᠢ ᠶᠢ ᠬᠦᠨᠳᠦ ᠨᠣᠴᠢᠲᠠᠢ ᠬᠤᠬᠢᠷᠠᠭᠤᠯᠵᠤ ᠪᠠᠶᠢᠬᠤ ᠢᠯᠵᠠᠷᠡᠯ ᠤᠨ ᠠᠰᠠᠭᠤᠳᠠᠯ ᠢ ᠴᠢᠩᠭ᠎ᠠ ᠪᠠᠶᠢᠴᠠᠭᠠᠨ | ᠰᠢᠢᠳᠪᠦᠷᠢᠯᠡᠵᠦ᠂ ᠨᠠᠮ ᠢ ᠢᠯᠡ ᠪᠠᠷ ᠲᠠᠭᠠᠵᠤ ᠳᠠᠯᠳᠠᠭᠤᠷ ᠵᠥᠷᠢᠴᠡᠬᠦ ᠬᠤᠶᠠᠷ ᠨᠢᠭᠤᠷᠲᠠᠨ᠂ ᠰᠠᠨᠠᠭ᠎ᠠ ᠪᠠᠨ ᠬᠤᠷᠢᠶᠠᠬᠤ | ᠦᠭᠡᠢ ᠭᠠᠷ ᠢᠶᠠᠨ ᠲᠠᠲᠠᠬᠤ ᠦᠭᠡᠢ ᠢᠯᠵᠠᠷᠠᠮᠠᠯ ᠡᠲᠡᠭᠡᠳ ᠢ ᠡᠷᠡᠰ ᠴᠡᠪᠡᠷᠯᠡᠨ ᠠᠷᠢᠯᠭᠠᠵᠤ᠂ ᠭᠤᠣᠯᠳᠠᠯᠭ᠎ᠠ ᠲᠠᠢ | ᠬᠦᠷᠢᠶᠡᠨ ᠳᠠᠬᠢ ᠢᠯᠵᠠᠷᠡᠯ ᠢ ᠡᠰᠡᠷᠭᠦᠴᠡᠬᠦ ᠠᠵᠢᠯ ᠢ ᠭᠦᠨᠵᠡᠭᠡᠶᠢᠷᠡᠭᠦᠯᠵᠦ᠂ ᠣᠪᠣᠷ ᠬᠤᠪᠢᠷᠠᠬᠤ ᠦᠭᠡᠢ᠂ ᠵᠣᠷᠢᠭ ᠮᠣᠬᠤᠬᠤ | ᠦᠭᠡᠢ᠂ ᠪᠠᠷᠢᠮᠵᠢᠶ᠎ᠠ ᠰᠤᠯᠠᠷᠠᠬᠤ ᠥᠭᠡᠢ ᠪᠤᠯᠪᠠ᠃ ᠲᠦᠷᠪᠡ ᠳᠤ᠂ ᠢᠯᠵᠠᠷᠡᠯ ᠢ ᠰᠡᠷᠭᠡᠶᠢᠯᠡᠨ ᠵᠠᠰᠠᠬᠤ ᠲᠦᠷᠢᠮ ᠢ | ᠴᠢᠩᠳᠠᠯᠠᠵᠤ᠂ ᠨᠢᠭᠡ ᠢᠵᠢ ᠨᠡᠯᠢᠶᠡᠳ ᠲᠡᠭᠦᠯᠳᠡᠷᠵᠢᠭᠰᠡᠨ ᠨᠠᠮ ᠤᠨ ᠳᠣᠲᠣᠭᠠᠳᠤ ᠶᠢᠨ ᠬᠠᠤᠯᠢ ᠲᠦᠷᠢᠮ ᠤᠨ ᠰᠢᠰᠲ᠋ᠧᠮ | ᠪᠣᠯᠤᠨ ᠢᠯᠵᠠᠷᠡᠯ ᠢ ᠡᠰᠡᠷᠭᠦᠴᠡᠬᠦ ᠬᠠᠤᠯᠢ ᠴᠠᠭᠠᠵᠠ ᠶᠢᠨ ᠰᠢᠰᠲ᠋ᠧᠮ ᠢ ᠪᠦᠷᠢᠯᠳᠦᠭᠦᠯᠵᠦ᠂ ᠲᠦᠷᠢᠮ ᠤᠨ ᠬᠠᠳᠠᠨ ᠴᠢᠨᠠᠷ ᠢ | ᠴᠢᠩᠭᠠᠳᠬᠠᠵᠤ᠂ ︽ᠡᠪᠳᠡᠷᠬᠡᠢ ᠴᠣᠩᠬᠤ ᠶᠢᠨ ᠨᠦᠯᠦᠭᠡᠯᠡᠯ︾ ᠢ ᠰᠡᠷᠭᠡᠶᠢᠯᠡᠵᠦ᠂ ᠰᠠᠬᠢᠯᠭ᠎ᠠ ᠪᠠᠲᠤ ᠬᠡᠷᠡᠭᠵᠢᠭᠦᠯᠬᠦ ᠬᠠᠤᠯᠢ | ᠬᠡᠷᠡᠭᠵᠢᠭᠦᠯᠬᠦ ᠶᠢ ᠤᠶᠠᠯᠳᠤᠭᠤᠯᠵᠤ᠂ ᠶᠡᠷᠦᠩᠬᠡᠶᠢᠯᠡᠭᠰᠡᠨ ᠦᠷ᠎ᠡ ᠪᠦᠲᠦᠮᠵᠢ ᠶᠢ ᠴᠢᠩᠭᠠᠳᠬᠠᠵᠤ᠂ ᠡᠯ᠎ᠡ ᠵᠦᠢᠯ ᠤᠨ ᠬᠠᠤᠯᠢ | ᠲᠦᠷᠢᠮ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠪᠠ᠃ ᠲᠠᠪᠤ ᠳᠤ᠂ ᠢᠯᠵᠠᠷᠡᠯ ᠢ ᠡᠰᠡᠷᠭᠦᠴᠡᠵᠦ ᠬᠤᠪᠢᠷᠠᠬᠤ ᠶᠢ | ᠰᠡᠷᠭᠡᠶᠢᠯᠡᠬᠦ ᠦᠵᠡᠯ ᠰᠠᠨᠠᠭᠠᠨ ᠤ ᠬᠠᠰᠢᠯᠭ᠎ᠠ ᠶᠢ ᠪᠠᠶᠢᠭᠤᠯᠵᠤ᠂ ᠬᠦᠰᠡᠯᠡᠩ ᠢᠲᠡᠭᠡᠯ ᠪᠢᠰᠢᠷᠡᠯ ᠢᠶᠠᠷ ᠰᠠᠭᠤᠷᠢ ᠶᠢ ᠪᠠᠳᠤᠳᠬᠠᠨ | ᠦᠨᠳᠦᠰᠦ ᠶᠢ ᠪᠠᠬᠢᠵᠢᠭᠦᠯᠵᠦ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠢᠶᠠᠷ ᠪᠦᠬᠦ ᠨᠠᠮ ᠢ ᠵᠡᠪᠰᠡᠭᠯᠡᠵᠦ᠂ ᠰᠢᠯᠢᠳᠡᠭ | ᠤᠯᠠᠮᠵᠢᠯᠠᠯᠲᠤ ᠰᠣᠶᠣᠯ ᠢᠶᠠᠷ ᠶᠣᠰᠣ ᠰᠤᠷᠲᠠᠬᠤᠨ ᠢ ᠲᠥᠪ ᠪᠣᠯᠭᠠᠵᠤ᠂ ᠤᠶᠤᠨ ᠰᠠᠨᠠᠭᠠᠨ ᠤ ︽ᠺᠠᠯᠼ︾ ᠢ ᠭᠦᠢᠴᠡᠳ | ᠨᠥᠬᠦᠪᠥᠷᠢᠯᠡᠵᠦ᠂ ᠦᠵᠡᠯ ᠰᠠᠨᠠᠭᠠᠨ ᠤ ︽ᠰᠦᠭ ᠰᠦᠨᠡᠰᠦ︾ ᠶᠢ ᠪᠠᠲᠤ ᠴᠣᠭᠴᠠᠯᠠᠵᠤ᠂ ᠦᠵᠡᠯ ᠰᠠᠨᠠᠭ᠎ᠠ ᠶᠣᠰᠣ | ᠰᠤᠷᠲᠠᠬᠤᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠪᠠ᠃ ᠵᠢᠷᠭᠤᠭ᠎ᠠ ᠳᠤ᠂ ᠡᠷᠬᠡ ᠶᠢ ᠬᠡᠷᠡᠭᠵᠢᠬᠦᠯᠬᠦ ᠶᠢ | ᠬᠢᠵᠠᠭᠠᠷᠯᠠᠬᠤ ᠪᠠ ᠲᠡᠭᠦᠨ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠪᠠᠶᠢᠴᠠᠭᠠᠬᠤ | ᠪᠠᠶᠢᠭᠤᠯᠤᠮᠵᠢ ᠶᠢᠨ ᠥᠭᠡᠷᠡᠴᠢᠯᠡᠯᠲᠡ᠂ ᠤᠯᠤᠰ ᠤᠨ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠂ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠶᠢ ᠪᠦᠬᠦᠨ ᠢ ᠪᠦᠷᠬᠦᠭᠦᠯᠬᠦ᠂ ᠠᠯᠪᠠᠨ | ᠲᠤᠰᠢᠶᠠᠯᠲᠠᠨ ᠢ ᠬᠢᠨᠠᠨ ᠪᠠᠶᠢᠴᠠᠭᠠᠬᠤ ᠶᠢ ᠪᠦᠬᠦᠨ ᠢ ᠪᠦᠷᠬᠦᠭᠦᠯᠬᠦ ᠶᠢ ᠪᠡᠶᠡᠯᠡᠭᠦᠯᠵᠤ᠂ ᠨᠠᠮ ᠤᠨ ᠲᠤᠰ ᠪᠡᠶ᠎ᠡ ᠶᠢᠨ ᠬᠢᠨᠠᠯᠲᠠ | ᠪᠠ ᠤᠯᠠᠨ ᠲᠦᠮᠡᠨ ᠤ ᠬᠢᠨᠠᠯᠲᠠ ᠶᠢ ᠴᠢᠩᠭᠠᠳᠬᠠᠨ᠂ ᠠᠰᠠᠭᠤᠳᠠᠯ ᠢ ᠢᠯᠡᠷᠡᠭᠦᠯᠬᠦ᠂ ᠴᠡᠭᠴᠡᠯᠡᠨ ᠰᠠᠶᠢᠵᠢᠷᠠᠭᠤᠯᠬᠤ ᠶᠢ | ᠠᠬᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠲᠦᠷᠢᠮ ᠢ ᠲᠡᠭᠦᠯᠳᠡᠷᠵᠢᠭᠦᠯᠬᠦ ᠶᠢ ᠤᠶᠠᠯᠳᠤᠭᠤᠯᠵᠤ᠂ ᠨᠠᠮ ᠤᠨ ᠭᠡᠰᠢᠭᠦᠨ | ᠺᠠᠳ᠋ᠷᠴᠤᠳ ᠤᠨ ᠡᠷᠬᠡ ᠪᠠᠨ ᠲᠥᠪ ᠭᠤᠣᠯᠴᠢ ᠪᠠᠷ ᠬᠡᠷᠡᠭᠯᠡᠬᠦ᠂ ᠡᠷᠬᠡ ᠪᠠᠨ ᠬᠠᠤᠯᠢ ᠶᠤᠰᠤᠭᠠᠷ ᠬᠡᠷᠡᠭᠯᠡᠬᠦ᠂ ᠡᠷᠬᠡ ᠪᠠᠨ | ᠠᠷᠢᠭᠤᠨ ᠴᠢᠭᠡᠴᠢ ᠪᠠᠷ ᠬᠡᠷᠡᠭᠯᠡᠬᠦ᠂ ᠡᠷᠬᠡ ᠪᠠᠨ ᠠᠷᠠᠳ ᠤᠨ ᠲᠦᠯᠦᠭᠡ ᠬᠡᠷᠡᠭᠯᠡᠬᠦ ᠶᠢ ᠬᠥᠮᠦᠵᠢᠭᠦᠯᠵᠦ ᠬᠥᠳᠤᠯᠤᠨ | ᠵᠢᠯᠣᠭᠤᠳᠴᠠᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠢᠯᠵᠠᠷᠡᠯ ᠪᠣᠯ ᠨᠠᠮ ᠤᠨ ᠳᠣᠲᠣᠭᠠᠳᠤ ᠶᠢᠨ ᠡᠯ᠎ᠡ ᠵᠦᠢᠯ ᠤᠨ ᠨᠠᠵᠠᠭᠠᠢ ᠬᠦᠴᠦᠨ ᠵᠦᠢᠯ ᠤᠷᠳᠤ | ᠬᠤᠭᠤᠴᠠᠭ᠎ᠠ ᠪᠠᠷ ᠬᠤᠷᠠᠮᠳᠤᠵᠤ᠂ ᠦᠷᠭᠦᠯᠵᠢᠯᠡᠨ ᠬᠡᠴᠡᠭᠦᠳᠡᠭᠰᠡᠨ ᠤ ᠢᠯᠡᠷᠡᠯ ᠮᠥᠨ᠂ ᠢᠯᠵᠠᠷᠡᠯ ᠢ ᠡᠰᠡᠷᠭᠦᠴᠡᠬᠦ ᠪᠣᠯ | ᠨᠠᠮ ᠤᠨ ᠲᠡᠷᠢᠭᠦᠨ ᠤ ᠴᠢᠨᠠᠷ ᠢ ᠰᠤᠯᠠᠷᠠᠭᠤᠯᠬᠤ᠂ ᠨᠠᠮ ᠤᠨ ᠴᠡᠪᠡᠷ ᠴᠢᠨᠠᠷ ᠢ ᠬᠤᠬᠢᠷᠠᠭᠤᠯᠬᠤ ᠡᠯ᠎ᠡ ᠵᠦᠢᠯ ᠤᠨ ᠡᠪᠡᠳᠴᠢᠨ | ᠡᠭᠦᠰᠭᠡᠭᠴᠢ ᠲᠠᠢ ᠲᠡᠮᠡᠴᠡᠯ ᠬᠢᠬᠦ ᠶᠠᠪᠤᠳᠠᠯ ᠪᠣᠯᠤᠨ᠎ᠠ᠃ ᠡᠨᠡ ᠬᠦ ᠲᠡᠮᠡᠴᠡᠯ ᠨᠢ ᠲᠤᠶᠢᠯ ᠤᠨ ᠪᠤᠳᠤᠯᠢᠶᠠᠨᠲᠠᠢ᠂ ᠲᠤᠶᠢᠯ ᠤᠨ | ᠬᠠᠲᠠᠭᠤ ᠪᠡᠷᠬᠡᠰᠢᠶᠡᠯᠲᠡᠢ ᠪᠠᠶᠢᠵᠤ᠂ ᠥᠴᠦᠬᠡᠨ ᠴᠦ ᠨᠠᠶᠢᠷ ᠲᠠᠯᠪᠢᠵᠤ ᠢᠯᠳᠡᠷ ᠬᠠᠶᠠᠵᠤ ᠪᠣᠯᠬᠤ ᠦᠭᠡᠢ᠂ ᠡᠷᠬᠡᠪᠰᠢ | ᠠᠰᠠᠭᠤᠳᠠᠯ ᠳᠤ ᠵᠥᠪ ᠢᠶᠠᠷ ᠬᠠᠨᠳᠤᠬᠤ ᠰᠥᠰᠥ ᠵᠣᠷᠢᠭ ᠪᠠ ᠬᠢᠳᠤᠭᠠᠨ ᠢᠷ ᠢ ᠳᠣᠲᠣᠭᠰᠢ ᠪᠠᠨ ᠬᠠᠨᠳᠤᠭᠤᠯᠬᠤ ᠪᠠᠳᠤ | ᠵᠤᠭᠰᠤᠯᠳᠠ ᠶᠢ ᠢᠮᠠᠭᠲᠠ ᠪᠠᠷᠢᠮᠲᠠᠯᠠᠵᠤ᠂ ᠬᠤᠣᠷᠲᠤ ᠬᠠᠪᠤᠳᠠᠷ ᠢ ᠡᠷᠡᠰ ᠠᠷᠢᠯᠭᠠᠨ᠂ ᠬᠤᠣᠷ ᠤᠨ ᠡᠬᠢ ᠰᠤᠷᠪᠤᠯᠵᠢ ᠶᠢ | ᠠᠷᠢᠯᠭᠠᠵᠤ᠂ ᠬᠠᠯᠳᠠᠪᠤᠷᠢᠳᠤ ᠬᠤᠣᠷ ᠢ ᠴᠡᠪᠡᠷᠯᠡᠨ ᠠᠷᠢᠯᠭᠠᠵᠤ᠂ ᠨᠠᠮ ᠤᠨ ᠥᠨᠢᠳᠡ ᠴᠢᠨᠡᠷ ᠦᠯᠦ ᠬᠤᠪᠢᠷᠠᠬᠤ ᠪᠠᠷ | ᠬᠤᠪᠢᠰᠬᠠᠯ ᠤᠨ ᠲᠦᠷᠦ ᠵᠠᠰᠠᠭ ᠤᠨ ᠥᠨᠢᠳᠡ ᠦᠯᠦ ᠬᠤᠪᠢᠷᠠᠬᠤ ᠶᠢ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠵᠠᠢ᠃ | ᠰᠢ ᠶᠢᠨ ᠫᠢᠩ᠂ ᠢᠯᠵᠠᠷᠡᠯ ᠢ ᠡᠰᠡᠷᠭᠦᠴᠡᠬᠦ ᠲᠡᠮᠡᠴᠡᠯ ᠳᠡᠶᠢᠯᠦᠩᠭᠦᠢ ᠴᠢᠨᠠᠷᠲᠠᠢ ᠢᠯᠠᠯᠲᠠ ᠣᠯᠤᠭᠰᠠᠨ ᠪᠥᠭᠡᠳ ᠪᠦᠬᠦ | ᠲᠠᠯ᠎ᠠ ᠪᠠᠷ ᠪᠠᠬᠢᠵᠢᠪᠡ᠂ ᠭᠡᠪᠡᠴᠦ ᠪᠠᠶᠢᠳᠠᠯ ᠮᠥᠨ ᠬᠦ ᠬᠦᠨᠳᠦ ᠨᠣᠴᠢᠲᠠᠢ ᠨᠠᠷᠢᠨ ᠪᠤᠳᠤᠯᠢᠶᠠᠨᠲᠠᠢ ᠪᠠᠶᠢᠨ᠎ᠠ᠃ ᠢᠯᠵᠠᠷᠠᠯ ᠤᠨ | ᠮᠤᠵᠢᠭᠤᠳᠠ ᠴᠢᠨᠠᠷ ᠪᠠ ᠬᠦᠨᠦᠬᠡᠯᠳᠤ ᠴᠢᠨᠠᠷ ᠢ ᠶᠠᠭᠠᠬᠢᠭᠰᠠᠨ ᠴᠤ ᠪᠠᠰᠤᠵᠤ ᠪᠤᠯᠬᠤ ᠦᠭᠡᠢ᠂ ᠪᠢᠳᠡ ᠢᠯᠵᠠᠷᠠᠯ ᠢ | ᠡᠰᠡᠷᠭᠦᠴᠡᠬᠦ ᠲᠡᠮᠡᠴᠡᠯ ᠢ ᠡᠷᠬᠡᠪᠰᠢ ᠡᠴᠦᠰ ᠲᠤᠨᠢ ᠲᠤᠯᠲᠠᠯ᠎ᠠ ᠬᠢᠬᠦ ᠬᠡᠷᠡᠭᠲᠡᠢ᠃ ᠢᠯᠵᠠᠷᠠᠬᠤ ᠠᠴᠠ ᠵᠢᠷᠦᠬᠡᠰᠢᠶᠡᠬᠦ᠂ | ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠤᠬᠴᠠᠵᠢᠭᠤᠯᠤᠨ ᠠᠬᠢᠭᠤᠯᠬᠤ ᠳᠤ | ᠡᠷᠬᠡᠪᠰᠢ ᠭᠤᠷᠪᠠᠭᠤᠯᠠ ᠶᠢ ᠵᠡᠷᠭᠡ ᠪᠠᠷ ᠬᠦᠴᠦᠯᠡᠵᠦ᠂ ᠢᠵᠢᠯ ᠴᠢᠭᠯᠡᠯ ᠢᠶᠠᠷ ᠬᠦᠴᠦᠯᠡᠵᠦ᠂ ᠶᠡᠷᠦᠩᠬᠡᠶᠢᠯᠡᠨ ᠬᠦᠴᠦᠯᠡᠵᠦ᠂ | ᠢᠯᠵᠠᠷᠠᠬᠤ ᠠᠴᠠ ᠵᠢᠷᠦᠬᠡᠰᠢᠶᠡᠬᠦ ᠬᠦᠴᠦᠷᠬᠡᠭ ᠶᠡᠭᠡ ᠰᠦᠷᠳᠡᠭᠦᠯᠬᠦ ᠦᠢᠯᠡᠳᠦᠯ᠂ ᠢᠯᠵᠠᠷᠠᠵᠤ ᠪᠣᠯᠬᠤ ᠦᠭᠡᠢ ᠬᠠᠲᠠᠭᠤ | ᠲᠦᠷᠢᠮ ᠤᠨ ᠬᠦᠯᠢᠶᠡᠰᠦᠯᠡᠯ᠂ ᠢᠯᠵᠠᠷᠠᠬᠤ ᠶᠢ ᠪᠤᠳᠤᠬᠤ ᠦᠭᠡᠢ ᠦᠵᠡᠯ ᠰᠠᠨᠠᠭᠠᠨ ᠤ ᠬᠥᠮᠦᠵᠢᠯ ᠤᠨ ᠳᠠᠪᠠᠭᠤᠯᠢᠭ ᠢ ᠨᠢᠭᠡ | ᠴᠤᠬᠴᠠᠵᠢᠭᠤᠯᠤᠨ᠂ ︽ᠪᠦᠬᠦ ᠦᠶᠡᠯᠡᠯ ᠤᠨ ᠬᠠᠮᠢᠶᠠᠷᠤᠯᠲᠠ︾ ᠶᠢᠨ ᠬᠡᠯᠪᠡᠷᠢ ᠪᠠᠷ᠂ ᠡᠯ᠎ᠡ ᠵᠦᠢᠯ ᠤᠨ ᠠᠷᠭ᠎ᠠ ᠬᠡᠮᠵᠢᠶ᠎ᠠ | ᠨᠦᠭᠦᠳ ᠢ ᠲᠦᠷᠦ ᠶᠢᠨ ᠪᠤᠳᠤᠯᠭ᠎ᠠ ᠶᠢᠨ ᠬᠠᠨᠳᠤᠰᠢ ᠶᠢᠨ ᠲᠠᠯ᠎ᠠ ᠪᠠᠷ ᠬᠠᠷᠢᠯᠴᠠᠨ ᠬᠠᠮᠵᠢᠯᠴᠠᠭᠤᠯᠵᠤ᠂ ᠬᠡᠷᠡᠭᠵᠢᠭᠦᠯᠬᠦ | ᠶᠠᠪᠤᠴᠠ ᠳᠤ ᠬᠠᠷᠢᠯᠴᠠᠨ ᠠᠬᠢᠭᠤᠯᠵᠤ᠂ ᠠᠵᠢᠯ ᠤᠨ ᠦᠷ᠎ᠡ ᠪᠦᠲᠦᠮᠵᠢ ᠶᠢᠨ ᠲᠠᠯ᠎ᠠ ᠪᠠᠷ ᠬᠠᠷᠢᠯᠴᠠᠨ ᠲᠦᠰᠢᠯᠴᠡᠬᠦ ᠶᠢ | ᠠᠬᠢᠭᠤᠯᠬᠤ ᠬᠡᠷᠡᠭᠲᠡᠢ ᠭᠡᠵᠤ ᠵᠢᠭᠠᠵᠤ ᠭᠠᠷᠭᠠᠵᠠᠢ᠃ | ᠰᠢ ᠶᠢᠨ ᠫᠢᠩ᠂ ᠢᠯᠵᠠᠷᠠᠯ ᠢ ᠡᠰᠡᠷᠭᠦᠴᠡᠬᠦ ᠠᠵᠢᠯ ᠳᠠᠬᠢ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠶᠢ ᠴᠢᠩᠭᠠᠳᠬᠠᠵᠤ᠂ ᠨᠠᠮ ᠤᠨ ᠤᠯᠤᠰ ᠲᠦᠷᠦ ᠶᠢᠨ ᠳᠠᠪᠠᠭᠤᠯᠢᠭ᠂ ᠵᠣᠬᠢᠶᠠᠨ ᠪᠠᠶᠢᠭᠤᠯᠤᠯᠲᠠ ᠶᠢᠨ | ᠳᠠᠪᠠᠭᠤᠯᠢᠭ᠂ ᠲᠦᠷᠢᠮ ᠤᠨ ᠳᠠᠪᠠᠭᠤᠯᠢᠭ ᠢ ᠪᠠᠳᠠᠷᠠᠭᠤᠯᠵᠤ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ | ᠤᠳᠤᠷᠢᠳᠬᠤ ᠳᠤᠭᠤᠶᠢᠯᠠᠩ︶ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ | ᠢᠯᠠᠩᠭᠤᠶ᠎ᠠ ︽ᠨᠢᠭᠡᠳᠦᠭᠡᠷ ᠭᠠᠷ︾ ᠤᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ | ᠬᠤᠯᠪᠣᠭᠳᠠᠯ ᠪᠦᠬᠦᠢ ᠡᠭᠦᠷᠭᠡ ᠲᠤᠰᠢᠶᠠᠯᠳᠤ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠭᠡᠬᠦ᠂ ᠨᠢᠭᠡᠳᠦᠯᠲᠡᠢ | ᠵᠣᠬᠢᠴᠠᠭᠤᠯᠤᠭᠰᠠᠨ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢᠨ ᠪᠠᠶᠢᠷᠢᠰᠢᠯ ᠢ ᠪᠦᠷᠢᠨᠰᠢᠬᠦᠯᠬᠦ ᠬᠡᠷᠡᠭᠲᠡᠢ᠃ | ᠢᠯᠵᠠᠷᠠᠯ ᠢ ᠡᠰᠡᠷᠭᠦᠴᠡᠬᠦ ᠲᠡᠮᠡᠴᠡᠯ ᠢ ᠨᠠᠮ ᠤᠨ ᠤᠯᠤᠰ ᠲᠦᠷᠦ ᠶᠢᠨ ᠪᠠᠶᠢᠭᠤᠯᠤᠯᠲᠠ᠂ ᠦᠵᠡᠯ ᠰᠠᠨᠠᠭᠠᠨ ᠤ ᠪᠠᠶᠢᠭᠤᠯᠤᠯᠲᠠ᠂ | ᠵᠣᠬᠢᠶᠠᠨ ᠪᠠᠶᠢᠭᠤᠯᠤᠯᠲᠠ ᠶᠢᠨ ᠴᠤᠬᠴᠠᠯᠠᠯᠳᠠ᠂ ᠰᠤᠷᠲᠠᠯ ᠤᠨ ᠪᠠᠶᠢᠭᠤᠯᠤᠯᠲᠠ᠂ ᠰᠠᠬᠢᠯᠭ᠎ᠠ ᠪᠠᠲᠤ ᠶᠢᠨ ᠪᠠᠶᠢᠭᠤᠯᠤᠯᠲᠠ᠂ | ᠲᠦᠷᠢᠮ ᠤᠨ ᠪᠠᠶᠢᠭᠤᠯᠤᠯᠲᠠ ᠲᠠᠢ ᠨᠡᠪᠲᠡᠷᠡᠯᠴᠡᠭᠦᠯᠦᠨ ᠬᠠᠮᠵᠢᠯᠴᠠᠭᠤᠯᠵᠤ᠂ ᠤᠯᠤᠰ ᠲᠦᠷᠦ ᠶᠢᠨ ᠬᠢᠨᠠᠯᠲᠠ᠂ ᠦᠵᠡᠯ | ᠰᠠᠨᠠᠭᠠᠨ ᠤ ᠬᠥᠮᠦᠵᠢᠯ᠂ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ᠂ ᠰᠤᠷᠲᠠᠯ ᠤᠨ ᠴᠡᠭᠴᠡᠯᠡᠨ ᠰᠠᠶᠢᠵᠢᠷᠠᠭᠤᠯᠤᠯᠲᠠ᠂ | ᠰᠠᠬᠢᠯᠭ᠎ᠠ ᠪᠠᠲᠤ ᠶᠢᠨ ᠬᠡᠷᠡᠭᠵᠢᠭᠦᠯᠦᠯᠲᠡ᠂ ᠲᠦᠷᠢᠮ ᠤᠨ ᠲᠡᠭᠦᠯᠳᠡᠷᠵᠢᠭᠦᠯᠦᠯᠲᠡ ᠶᠢᠨ ᠢᠯᠵᠠᠷᠠᠯ ᠢ ᠰᠡᠷᠭᠡᠶᠢᠯᠡᠨ ᠵᠠᠰᠠᠬᠤ | ᠳᠤᠮᠳᠠᠬᠢ ᠴᠢᠬᠤᠯᠠ ᠦᠢᠯᠡᠳᠦᠯ ᠢ ᠪᠠᠳᠠᠷᠠᠭᠤᠯᠵᠤ᠂ ᠶᠡᠷᠦᠩᠬᠡᠢ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠤᠭᠲᠤ ᠠᠭᠤᠴᠢᠯᠠᠬᠤ ᠦᠭᠡᠢ ᠪᠠᠶᠢᠬᠤ ᠰᠡᠷᠡᠮᠵᠢᠯᠡᠭᠦᠯᠤᠯ᠂ ᠤᠭᠲᠤ ᠠᠭᠤᠴᠢᠯᠠᠬᠤ ᠦᠭᠡᠢ ᠪᠠᠶᠢᠬᠤ | ᠡᠷᠴᠢᠮ ᠢᠶᠠᠨ ᠪᠠᠲᠤᠯᠠᠵᠤ᠂ ᠡᠯ᠎ᠡ ᠬᠦᠷᠢᠶᠡᠨ ᠤ ᠢᠯᠵᠡᠷᠠᠯ ᠢ ᠡᠰᠡᠷᠭᠦᠴᠡᠬᠦ ᠲᠡᠮᠡᠴᠡᠯ ᠢ ᠨᠢᠭᠡᠳᠦᠯᠲᠡᠢ ᠲᠥᠯᠥᠪᠵᠢᠭᠦᠯᠦᠨ | ᠠᠬᠢᠭᠤᠯᠵᠤ᠂ ᠲᠠᠬᠢᠨ ᠳᠠᠪᠲᠠᠨ ᠡᠭᠦᠰᠴᠦ ᠪᠠᠶᠢᠭ᠎ᠠ ᠲᠡᠳᠡᠭᠡᠷ ᠬᠠᠭᠤᠴᠢᠨ ᠠᠰᠠᠭᠤᠳᠠᠯ ᠢ ᠠᠭᠠᠵᠢᠮ ᠢᠶᠠᠷ ᠪᠠᠭᠠᠰᠬᠠᠵᠤ | ᠴᠢᠨᠠᠭᠰᠢᠯᠠᠪᠠᠯ ᠠᠰᠠᠭᠤᠳᠠᠯ ᠭᠠᠷᠬᠤ ᠦᠭᠡᠢ ᠪᠣᠯᠭᠠᠵᠤ᠂ ᠵᠠᠷᠢᠮ ᠡᠭᠦᠰᠴᠦ ᠪᠠᠶᠢᠭ᠎ᠠ ᠰᠢᠨ᠎ᠡ ᠠᠰᠠᠭᠤᠳᠠᠯ ᠢ ᠦᠷᠭᠡᠵᠢᠨ | ᠳᠡᠯᠭᠡᠷᠡᠭᠦ ᠳᠤ ᠪᠡᠷᠬᠡ ᠪᠣᠯᠭᠠᠵᠤ᠂ ᠢᠯᠵᠠᠷᠠᠯ ᠤᠨ ᠨᠡᠮᠡᠭᠳᠡᠯ ᠢ ᠡᠷᠡᠰ ᠬᠤᠷᠢᠭᠯᠠᠵᠤ᠂ ᠦᠯᠡᠳᠡᠭᠳᠡᠯ ᠠᠰᠠᠭᠤᠳᠠᠯ ᠢ | ᠰᠢᠢᠳᠪᠦᠷᠢᠯᠡᠨ ᠠᠷᠢᠯᠭᠠᠬᠤ ᠬᠡᠷᠡᠭᠲᠡᠢ᠃ ᠢᠯᠵᠠᠷᠠᠯ ᠤᠨ ᠱᠠᠳᠤᠴᠢ ᠴᠢᠨᠠᠷᠲᠠᠢ ᠣᠨᠴᠠᠯᠢᠭ ᠪᠣᠯᠤᠨ ᠬᠤᠪᠢᠷᠠᠯᠲᠠ ᠶᠢᠨ | ᠬᠠᠨᠳᠤᠰᠢ ᠶᠢ ᠣᠨᠣᠪᠴᠢᠲᠠᠢ ᠡᠵᠡᠮᠳᠡᠵᠦ᠂ ᠭᠤᠣᠯᠳᠠᠯᠭ᠎ᠠ ᠲᠠᠢ ᠬᠦᠷᠢᠶ᠎ᠡ ᠪᠣᠯᠤᠨ ᠵᠠᠩᠭᠢᠯᠠᠭ᠎ᠠ ᠶᠢᠨ ᠭᠤᠭᠴᠤᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠡᠷᠡᠰ ᠭᠤᠶᠢᠪᠢᠰᠢ ᠦᠭᠡᠢ ᠪᠠᠷ ︽ᠪᠠᠷᠰ ᠢ ᠴᠣᠬᠢᠵᠤ︾᠂ ︽ᠢᠯᠠᠭ᠎ᠠ ᠶᠢ ᠰᠠᠪᠠᠵᠤ︾᠂ | ︽ᠦᠨᠡᠭᠡ ᠶᠢ ᠠᠩᠨᠠᠵᠤ︾᠂ ᠠᠶᠤᠯ ᠲᠦᠭᠰᠢᠭᠦᠷᠢ ᠭᠡᠮ ᠰᠣᠭᠤᠭ ᠶᠡᠬᠡᠲᠡᠢ ᠠᠵᠢᠯ ᠲᠦᠷᠦᠯ ᠤᠨ ᠴᠢᠨᠠᠷᠲᠠᠢ᠂ ᠰᠢᠰᠲ᠋ᠧᠮᠳᠤ | ᠴᠢᠨᠠᠷᠲᠠᠢ ᠢᠯᠵᠡᠷᠠᠯ ᠢ ᠡᠷᠡᠰ ᠠᠷᠢᠯᠭᠠᠵᠤ᠂ ᠢᠯᠵᠡᠷᠠᠯ ᠤᠨ ᠠᠶᠤᠯ ᠲᠦᠭᠰᠢᠭᠦᠷᠢ ᠵᠢᠴᠢ ᠬᠤᠯᠪᠣᠭᠳᠠᠯᠳᠤ ᠴᠢᠨᠠᠷᠲᠠᠢ ᠠᠵᠤ | ᠠᠬᠤᠢ ᠨᠡᠶᠢᠭᠡᠮ ᠤᠨ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠬᠤ ᠬᠡᠷᠡᠭᠲᠡᠢ᠃ ᠡᠯ᠎ᠡ ᠭᠠᠵᠠᠷ ᠣᠷᠣᠨ | ᠡᠯ᠎ᠡ ᠰᠠᠯᠠᠭ᠎ᠠ ᠮᠥᠴᠢᠷ ᠤᠨ ᠬᠢᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ᠂ ᠲᠤᠰ ᠪᠡᠶ᠎ᠡ ᠶᠢᠨ ᠤᠯᠤᠰ | ᠲᠦᠷᠦ ᠶᠢᠨ ᠠᠮᠢ ᠠᠬᠤᠢ ᠶᠢᠨ ᠪᠠᠶᠢᠳᠠᠯ ᠢᠶᠠᠨ ᠭᠦᠨᠵᠡᠭᠡᠢ ᠵᠠᠳᠠᠯᠵᠤ᠂ ᠢᠯᠵᠠᠷᠠᠯ ᠤᠨ ᠲᠤᠪᠤᠶᠢᠮ᠎ᠠ ᠢᠯᠡᠷᠡᠯ᠂ | ᠭᠤᠣᠯᠳᠠᠯᠭ᠎ᠠ ᠲᠠᠢ ᠬᠦᠷᠢᠶ᠎ᠡ᠂ ᠠᠮᠠᠷᠬᠠᠨ ᠡᠭᠦᠰᠭᠦ ᠭᠤᠭᠴᠤᠭ᠎ᠠ ᠶᠢ ᠣᠨᠣᠪᠴᠢᠲᠠᠢ ᠡᠷᠢᠨ ᠣᠯᠵᠤ᠂ ᠬᠠᠨᠳᠤᠯᠭᠠᠲᠤ | ᠴᠢᠨᠠᠷᠲᠠᠢ ᠪᠠᠷ ᠲᠥᠪᠯᠡᠷᠡᠭᠦᠯᠦᠨ ᠴᠡᠭᠴᠡᠯᠡᠨ ᠵᠠᠰᠠᠵᠤ᠂ ᠪᠦᠬᠦ ᠬᠦᠴᠦᠨ ᠢᠶᠠᠷ ᠢᠶᠠᠨ ᠪᠤᠭᠤᠮᠳᠠ ᠰᠢᠪᠲᠤᠯᠤᠨ᠂ ᠪᠣᠳᠠᠲᠤ ᠦᠷ᠎ᠡ | ᠪᠦᠲᠦᠮᠵᠢ ᠶᠢ ᠡᠷᠬᠢᠮᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠡᠬᠢ ᠡᠭᠦᠰᠦᠯ ᠠᠴᠠ ᠨᠢ ᠭᠠᠷᠳᠠᠵᠤ᠂ ᠡᠷᠬᠡ ᠶᠢ ᠬᠠᠮᠢᠶᠠᠷᠴᠤ ᠲᠤᠰᠢᠶᠠᠯᠲᠡᠨ ᠢ ᠵᠠᠰᠠᠬᠤ | ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ ᠢᠯᠵᠡᠷᠠᠯ ᠤᠨ ᠠᠰᠠᠭᠤᠳᠠᠯ ᠢ ᠨᠡᠩ ᠪᠠᠶᠢᠩᠭᠤᠵᠢᠭᠤᠯᠵᠤ᠂ ᠤᠷᠳᠤ | ᠬᠤᠭᠤᠴᠠᠭ᠎ᠠ ᠪᠦᠲᠦᠮᠵᠢᠲᠡᠢ ᠪᠠᠷ ᠰᠡᠷᠭᠡᠶᠢᠯᠡᠨ ᠵᠠᠰᠠᠬᠤ ᠬᠡᠷᠡᠭᠲᠡᠢ᠃ ᠢᠯᠵᠠᠷᠠᠬᠤ ᠲᠣᠬᠢᠶᠠᠯ ᠢ ᠬᠦᠴᠦᠯᠡᠨ ᠪᠠᠭᠠᠰᠬᠠᠵᠤ᠂ | ᠲᠦᠷᠦ ᠶᠢᠨ ᠪᠤᠳᠤᠯᠭ᠎ᠠ ᠲᠣᠭᠲᠠᠭᠠᠬᠤ᠂ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠡᠰ ᠳᠠᠷᠠᠭᠠᠯᠠᠯ᠂ ᠬᠢᠨᠠᠨ ᠵᠥᠪᠰᠢᠶᠡᠷᠡᠬᠦ | ᠬᠢᠨᠠᠨ ᠬᠠᠮᠢᠶᠠᠷᠬᠤ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠵᠡᠷᠭᠡ ᠵᠠᠩᠭᠢᠯᠠᠭ᠎ᠠ ᠶᠢᠨ ᠡᠷᠬᠡ ᠶᠢ ᠠᠳᠬᠤᠵᠤ᠂ ᠲᠤᠰᠢᠶᠠᠯ | ᠬᠠᠷᠢᠭᠤᠴᠠᠯᠭ᠎ᠠ ᠶᠢᠨ ᠡᠷᠬᠡ ᠶᠢᠨ ᠬᠢᠵᠠᠭᠠᠷ ᠢ ᠲᠦᠪ ᠴᠢᠩᠭ᠎ᠠ ᠪᠤᠯᠭᠠᠵᠤ᠂ ᠠᠵᠢᠯ ᠤᠨ ᠲᠠᠷᠠᠭᠠᠯᠠᠯ ᠢ ᠵᠢᠷᠤᠮᠵᠢᠭᠤᠯᠵᠤ᠂ | ᠡᠷᠬᠡ ᠶᠢᠨ ᠬᠢᠵᠠᠭᠠᠷᠯᠠᠯ ᠢ ᠴᠢᠩᠭᠠᠳᠬᠠᠨ᠂ ᠡᠷᠬᠡ ᠶᠢᠨ ᠬᠤᠮᠠᠬᠢ ᠠᠵᠤ ᠠᠬᠤᠢ ᠶᠢᠨ ᠠᠵᠢᠯᠯᠠᠭ᠎ᠠ ᠳᠤ ᠵᠦᠢ ᠵᠤᠬᠢᠰ ᠦᠭᠡᠢ | ᠭᠠᠷ ᠲᠦᠷᠦᠬᠦ ᠶᠢ ᠪᠠᠭᠠᠰᠬᠠᠬᠤ ᠬᠡᠷᠡᠭᠲᠡᠢ᠃ ᠢᠯᠵᠠᠷᠠᠯ ᠤᠨ ᠲᠠᠷᠬᠠᠨ ᠲᠡᠯᠭᠡᠷᠡᠬᠦ ᠶᠢ ᠪᠦᠲᠦᠮᠵᠢᠲᠡᠢ ᠰᠡᠷᠭᠡᠶᠢᠯᠡᠵᠦ᠂ | ᠢᠯᠵᠠᠷᠠᠯ ᠢ ᠡᠰᠡᠷᠭᠦᠴᠡᠬᠦ ᠰᠡᠷᠭᠡᠶᠢᠯᠡᠯᠲᠡ ᠶᠢᠨ ᠱᠤᠭᠤᠮ ᠢ ᠤᠷᠢᠳᠴᠢᠯᠠᠭᠤᠯᠵᠤ᠂ ᠡᠳᠦᠷ ᠲᠤᠳᠤᠮ ᠤᠨ ᠬᠠᠮᠢᠶᠠᠷᠤᠯᠲᠠ | ᠬᠢᠨᠠᠯᠲᠠ ᠶᠢ ᠴᠢᠩᠭᠠᠳᠬᠠᠵᠤ᠂ ︽ᠲᠦᠷᠪᠡᠨ ᠵᠦᠢᠯ ᠤᠨ ᠬᠡᠯᠪᠡᠷᠢ ᠪᠠᠶᠢᠳᠠᠯ︾ ᠢ ᠣᠨᠣᠪᠴᠢᠲᠠᠢ ᠬᠡᠷᠡᠭᠯᠡᠵᠦ᠂ ᠡᠷᠲᠡᠨ ᠠᠴᠠ | ᠨᠢ ᠠᠳᠬᠤᠨ ᠪᠠᠭ᠎ᠠ ᠳᠤᠨᠢ ᠠᠳᠬᠤᠵᠤ᠂ ᠪᠠᠭ᠎ᠠ ᠳᠡᠭᠡᠷ᠎ᠡ ᠨᠢ ᠰᠡᠷᠭᠡᠶᠢᠯᠡᠵᠦ᠂ ᠱᠠᠳᠤ ᠱᠠᠳᠤ ᠪᠠᠷ ᠰᠡᠷᠭᠡᠶᠢᠯᠡᠬᠦ ᠬᠡᠷᠡᠭᠲᠡᠢ᠃ | ᠨᠠᠮ ᠤᠨ ᠢᠷᠠᠭᠤ ᠠᠯᠳᠠᠷᠲᠤ ᠤᠯᠠᠮᠵᠢᠯᠠᠯ ᠪᠠ ᠰᠢᠯᠢᠳᠡᠭ ᠰᠤᠷᠲᠠᠯ ᠢ ᠪᠠᠳᠠᠷᠠᠭᠤᠯᠵᠤ᠂ ᠬᠠᠨᠳᠤᠯᠭᠠᠲᠤ ᠴᠢᠨᠠᠷᠲᠠᠢ ᠨᠠᠮᠴᠢ | ᠴᠢᠨᠠᠷ ᠤᠨ ᠬᠥᠮᠦᠵᠢᠯ᠂ ᠰᠡᠷᠡᠮᠵᠢᠯᠡᠭᠦᠯᠬᠦ ᠬᠥᠮᠦᠵᠢᠯ ᠢ ᠥᠷᠨᠢᠭᠦᠯᠵᠦ᠂ ᠠᠷᠢᠭᠤᠨ ᠴᠢᠬᠡᠴᠢ ᠰᠣᠶᠣᠯ ᠢᠶᠠᠷ ᠪᠡᠶ᠎ᠡ ᠰᠡᠳᠭᠢᠯ ᠢ | ᠰᠢᠮᠡᠵᠢᠭᠦᠯᠵᠦ᠂ ᠰᠢᠨ᠎ᠡ ᠴᠠᠭ ᠦᠶ᠎ᠡ ᠰᠢᠨ᠎ᠡ ᠱᠠᠳᠤ ᠦᠶ᠎ᠡ ᠶᠢᠨ ᠱᠠᠭᠠᠷᠳᠠᠯᠭ᠎ᠠ ᠳᠤ ᠨᠡᠶᠢᠴᠡᠭᠰᠡᠨ ᠺᠠᠳ᠋ᠷ ᠢ ᠬᠢᠨᠠᠨ ᠰᠢᠯᠭᠠᠵᠤ | ᠦᠨᠡᠯᠡᠬᠦ ᠰᠢᠰᠲ᠋ᠧᠮ ᠢ ᠪᠠᠶᠢᠭᠤᠯᠵᠤ᠂ ᠵᠠᠯᠠᠭᠤ ᠺᠠᠳ᠋ᠷ ᠢ ᠬᠥᠮᠦᠵᠢᠭᠦᠯᠵᠦ ᠬᠦᠳᠦᠯᠦᠨ ᠵᠢᠯᠣᠭᠤᠳᠬᠤ ᠶᠢ ᠴᠢᠬᠤᠯᠠᠴᠢᠯᠠᠬᠤ | ᠬᠡᠷᠡᠭᠲᠡᠢ᠃ ᠢᠯᠵᠡᠷᠠᠯ ᠢ ᠤᠷᠢᠳᠴᠢᠯᠠᠨ ᠰᠡᠷᠡᠮᠵᠢᠯᠡᠭᠦᠯᠵᠦ ᠵᠠᠯᠬᠠᠭᠠᠨ ᠰᠢᠢᠳᠭᠡᠬᠦ ᠬᠤᠯᠪᠣᠭᠠᠯᠠᠨ ᠬᠥᠳᠡᠯᠦᠯᠴᠡᠬᠦ | ᠲᠣᠭᠲᠠᠴᠠ ᠶᠢ ᠪᠠᠶᠢᠭᠤᠯᠵᠤ᠂ ᠢᠯᠵᠡᠷᠠᠯ ᠤᠨ ᠠᠷᠭ᠎ᠠ ᠪᠠᠷᠢᠯ ᠤᠨ ᠨᠢᠭᠤᠭᠳᠠᠵᠤ ᠤᠨᠳᠤᠤᠰᠢᠭᠰᠡᠨ᠂ ᠰᠢᠨᠡᠳᠴᠦ ᠲᠡᠰ | ᠳᠡᠪᠰᠢᠬᠦ ᠵᠡᠷᠭᠡ ᠰᠢᠨ᠎ᠡ ᠣᠨᠴᠠᠯᠢᠭ ᠢ ᠵᠠᠳᠠᠯᠤᠨ ᠰᠤᠳᠤᠯᠬᠤ ᠪᠠᠨ ᠴᠢᠩᠭᠠᠳᠬᠠᠵᠤ᠂ ᠢᠯᠵᠡᠷᠠᠯ ᠤᠨ ᠠᠰᠠᠭᠤᠳᠠᠯ ᠢ ᠴᠠᠭ | ᠲᠤᠬᠠᠢ ᠳᠤᠨᠢ ᠢᠯᠡᠷᠡᠭᠦᠯᠬᠦ᠂ ᠪᠦᠲᠦᠮᠵᠢᠲᠡᠢ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠨᠠᠮ ᠪᠣᠯᠤᠨ ᠤᠯᠤᠰ ᠤᠨ ᠬᠢᠨᠠᠯᠲᠠ ᠲᠠᠯᠪᠢᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠪᠠᠷ ᠤᠳᠤᠷᠢᠳᠤᠮᠵᠢ ᠪᠣᠯᠭᠠᠵᠤ᠂ ᠡᠯ᠎ᠡ ᠲᠦᠷᠦᠯ ᠤᠨ | ᠬᠢᠨᠠᠯᠲᠠ ᠲᠠᠯᠪᠢᠬᠤ ᠬᠦᠴᠦᠨ ᠢ ᠨᠡᠶᠢᠳᠭᠡᠬᠦ᠂ ᠠᠵᠢᠯ ᠢᠶᠠᠨ ᠠᠭᠤᠰᠤᠯᠴᠠᠭᠤᠯᠬᠤ ᠶᠢ ᠠᠬᠢᠭᠤᠯᠵᠤ᠂ ᠡᠷᠬᠡ ᠳᠤ ᠬᠢᠨᠠᠯᠲᠠ | ᠲᠠᠯᠪᠢᠬᠤ ᠶᠢᠨ ᠪᠦᠬᠦᠨ ᠢ ᠪᠦᠷᠬᠦᠬᠦᠯᠬᠦ᠂ ᠪᠦᠲᠦᠮᠵᠢᠲᠡᠢ ᠴᠢᠨᠠᠷ ᠢ ᠴᠢᠩᠭᠠᠳᠬᠠᠵᠤ᠂ ᠡᠷᠬᠡ ᠶᠢ ᠳᠤᠷ᠎ᠠ ᠪᠠᠷ ᠢᠶᠠᠨ ᠬᠡᠷᠡᠭᠯᠡᠬᠦ | ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠰᠢᠰᠲ᠋ᠧᠮ᠂ | ᠤᠯᠤᠰ ᠤᠨ ᠬᠠᠤᠯᠢ ᠴᠠᠭᠠᠵᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠭᠠᠳᠠᠭᠠᠳᠤ ᠳᠤ ᠬᠤᠯᠪᠣᠭᠳᠠᠬᠤ ᠢᠯᠵᠠᠷᠠᠯ ᠢ | ᠡᠰᠡᠷᠭᠦᠴᠡᠬᠦ ᠬᠠᠤᠯᠢ ᠲᠣᠭᠲᠠᠭᠠᠯ ᠢ ᠲᠦᠷᠭᠡᠪᠴᠢᠯᠡᠨ ᠲᠡᠭᠦᠯᠳᠡᠷᠵᠢᠭᠦᠯᠬᠦ ᠬᠡᠷᠡᠭᠲᠡᠢ᠃ ᠲᠦᠷᠢᠮ ᠢ ᠴᠢᠩᠭ᠎ᠠ ᠬᠡᠷᠡᠭᠵᠢᠭᠦᠯᠵᠦ᠂ | ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢ ᠨᠠᠮ ᠤᠨ ᠭᠡᠰᠢᠭᠦᠨ᠂ ᠺᠠᠳ᠋ᠷ ᠤᠨ ᠦᠵᠡᠯ ᠰᠠᠨᠠᠭᠠᠨ ᠤ | ᠤᠬᠠᠮᠰᠠᠷ ᠪᠠ ᠤᠯᠤᠰ ᠲᠦᠷᠦ ᠶᠢᠨ ᠤᠬᠠᠮᠰᠠᠷ ᠪᠣᠯᠭᠠᠵᠤ ᠰᠡᠳᠭᠢᠯ ᠳᠤᠨᠢ ᠬᠠᠳᠠᠩᠰᠢᠭᠤᠯᠬᠤ ᠬᠡᠷᠡᠭᠲᠡᠢ᠃ ᠥᠪᠡᠷ ᠤᠨ | ᠪᠡᠶ᠎ᠡ ᠳᠡᠭᠡᠨ ᠬᠤᠪᠢᠰᠬᠠᠯ ᠬᠢᠬᠦ ᠳᠤ ᠪᠠᠰᠠ ᠠᠷᠠᠳ ᠲᠦᠮᠡᠨ ᠳᠤ ᠲᠦᠰᠢᠭᠯᠡᠬᠦ ᠶᠢ ᠴᠢᠬᠤᠯᠠᠴᠢᠯᠠᠵᠤ᠂ ᠠᠷᠠᠳ ᠤᠯᠠᠨ ᠤ | ᠳᠡᠮᠵᠢᠯᠭᠡ ᠪᠠ ᠬᠠᠪᠰᠤᠷᠤᠯᠭ᠎ᠠ ᠳᠤ ᠲᠦᠰᠢᠭᠯᠡᠨ ᠲᠤᠰ ᠪᠡᠶ᠎ᠡ ᠶᠢᠨ ᠠᠰᠠᠭᠤᠳᠠᠯ ᠢᠶᠠᠨ ᠰᠢᠢᠳᠪᠦᠷᠢᠯᠡᠬᠦ ᠬᠡᠷᠡᠭᠲᠡᠢ ᠬᠡᠵᠤ | ᠵᠢᠭᠠᠵᠤ ᠭᠠᠷᠭᠠᠪᠠ᠃ | ᠰᠢ ᠶᠢᠨ ᠫᠢᠩ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠢᠯᠵᠠᠷᠡᠯ ᠢ ᠡᠰᠡᠷᠭᠦᠴᠡᠬᠦ ᠲᠡᠮᠡᠴᠡᠯ ᠢ | ᠠᠬᠢᠭᠤᠯᠬᠤ ᠳᠤ ᠡᠷᠬᠡᠪᠰᠢ ᠤᠳᠤᠷᠢᠳᠬᠤ ᠺᠠᠳ᠋ᠷ ᠢᠯᠠᠩᠭᠤᠶ᠎ᠠ ᠳᠡᠭᠡᠳᠦ ᠵᠡᠷᠭᠡ ᠶᠢᠨ ᠤᠳᠤᠷᠢᠳᠬᠤ ᠺᠠᠳ᠋ᠷ ᠠᠴᠠ ᠡᠬᠢᠯᠡᠨ ᠲᠦᠪ | ᠴᠢᠩᠭ᠎ᠠ ᠪᠤᠯᠭᠠᠬᠤ ᠬᠡᠷᠡᠭᠲᠡᠢ᠃ ᠵᠡᠷᠭᠡ ᠲᠤᠰᠢᠶᠠᠯ ᠥᠨᠳᠥᠷ ᠪᠣᠯᠬᠤ ᠲᠤᠳᠤᠮ᠂ ᠡᠷᠬᠡ ᠶᠡᠭᠡ ᠪᠣᠯᠬᠤ ᠲᠤᠳᠤᠮ ᠨᠡᠩ | ᠢᠯᠡᠭᠦᠦ ᠪᠢᠰᠢᠷᠡᠨ ᠵᠢᠷᠦᠬᠡᠰᠢᠶᠡᠬᠦ ᠰᠡᠳᠭᠢᠯᠭᠡ ᠲᠠᠢ ᠪᠠᠶᠢᠵᠤ᠂ ᠥᠪᠡᠷ ᠢ ᠪᠠᠨ ᠤᠯᠠᠮ ᠴᠢᠩᠭ᠎ᠠ ᠱᠠᠭᠠᠷᠳᠠᠬᠤ ᠬᠡᠷᠡᠭᠲᠡᠢ᠃ | ᠤᠳᠤᠷᠢᠳᠬᠤ ᠺᠠᠳ᠋ᠷ ᠢᠯᠠᠩᠭᠤᠶ᠎ᠠ ᠳᠡᠭᠡᠳᠦ ᠵᠡᠷᠭᠡ ᠶᠢᠨ ᠤᠳᠤᠷᠢᠳᠬᠤ ᠺᠠᠳ᠋ᠷ ᠦᠪᠡᠷ ᠤᠨ ᠪᠡᠶ᠎ᠡ ᠪᠠᠨ ᠰᠠᠶᠢᠲᠤᠷ ᠬᠠᠮᠢᠶᠠᠷᠬᠤ | ᠪᠠᠷ ᠪᠠᠷᠠᠬᠤ ᠦᠭᠡᠢ ᠪᠠᠰᠠ ᠭᠡᠷ ᠪᠦᠯᠢ ᠲᠦᠷᠦᠯ ᠰᠠᠳᠤᠨ ᠢᠶᠠᠨ ᠰᠠᠶᠢᠲᠤᠷ ᠬᠠᠮᠢᠶᠠᠷᠴᠤ᠂ ᠳᠡᠷᠭᠡᠳᠡᠬᠢ ᠬᠥᠮᠦᠨ ᠪᠠ | ᠶᠠᠪᠤᠳᠠᠯ ᠢᠶᠠᠨ ᠰᠠᠶᠢᠲᠤᠷ ᠬᠠᠮᠢᠶᠠᠷᠴᠤ᠂ ᠭᠤᠤᠯᠯᠠᠨ ᠬᠠᠮᠢᠶᠠᠷᠴᠤ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠬᠡᠪ | ᠰᠤᠷᠲᠠᠯ ᠢ ᠰᠠᠶᠢᠲᠤᠷ ᠬᠠᠮᠢᠶᠠᠷᠴᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠬᠤ | ᠂ ᠠᠷᠢᠭᠤᠨ ᠴᠢᠬᠡᠴᠢ ᠨᠥᠬᠦᠳ ᠤᠨ ᠬᠠᠷᠢᠴᠠᠭ᠎ᠠ ᠪᠣᠯᠤᠨ ᠶᠣᠰᠣ ᠵᠢᠷᠤᠮ ᠲᠠᠢ ᠳᠡᠭᠡᠷ᠎ᠡ ᠲᠤᠤᠷ᠎ᠠ ᠱᠠᠲᠤᠨ ᠤ ᠬᠠᠷᠢᠴᠠᠭ᠎ᠠ ᠶᠢ | ᠪᠦᠷᠢᠯᠳᠦᠭᠦᠯᠬᠦ᠂ ᠳᠣᠲᠣᠨᠣ ᠴᠢᠬᠡᠴᠢ ᠵᠠᠰᠠᠭ ᠬᠤᠳᠠᠯᠳᠤᠭᠠᠴᠢᠨ ᠤ ᠬᠠᠷᠢᠴᠠᠭ᠎ᠠ ᠶᠢ ᠪᠠᠷᠢᠮᠲᠠᠯᠠᠬᠤ᠂ ᠥᠭᠡᠳᠡᠷᠬᠡᠭ ᠰᠠᠶᠢᠨ | ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠬᠤ ᠵᠡᠷᠭᠡ ᠲᠠᠯ᠎ᠠ ᠪᠠᠷ ᠰᠠᠶᠢᠲᠤᠷ ᠲᠦᠷᠦᠭᠦᠯᠡᠨ ᠬᠢᠵᠦ᠂ | ᠬᠠᠷᠢᠭᠤᠴᠠᠯᠭ᠎ᠠ ᠪᠠᠨ ᠰᠠᠶᠢᠲᠤᠷ ᠭᠦᠢᠴᠡᠳᠭᠡᠬᠦ ᠬᠡᠷᠡᠭᠲᠡᠢ᠃ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ | ᠨᠥᠬᠦᠳ ᠪᠡᠶ᠎ᠡ ᠪᠠᠨ ᠴᠢᠩᠭ᠎ᠠ ᠱᠠᠭᠠᠷᠳᠠᠬᠤ ᠲᠠᠯ᠎ᠠ ᠪᠠᠷ ᠡᠷᠬᠡᠪᠰᠢ ᠬᠠᠮᠤᠭ ᠤᠨ ᠳᠡᠭᠡᠳᠦ ᠪᠠᠷᠢᠮᠵᠢᠶ᠎ᠠ ᠶᠢ ᠪᠠᠷᠢᠮᠲᠠᠯᠠᠵᠤ᠂ ᠪᠦᠬᠦ | ᠨᠠᠮ ᠢᠶᠠᠷ ᠢᠶᠠᠨ ᠪᠡᠶᠡᠯᠡᠬᠦᠯᠬᠦ ᠪᠠᠷ ᠱᠠᠭᠠᠷᠳᠠᠭᠰᠠᠨ ᠵᠦᠢᠯ ᠢ ᠤᠷᠢᠳ ᠢᠶᠠᠷ ᠬᠢᠵᠦ ᠪᠡᠶᠡᠯᠡᠬᠦᠯᠦᠨ᠂ ᠪᠦᠬᠦ ᠨᠠᠮ ᠢᠶᠠᠷ ᠢᠶᠠᠨ | ᠬᠢᠵᠤ ᠪᠤᠯᠬᠤ ᠦᠬᠡᠢ ᠪᠠᠷ ᠱᠠᠭᠠᠷᠳᠠᠭᠰᠠᠨ ᠵᠦᠢᠯ ᠢ ᠶᠠᠭᠠᠬᠢᠭᠰᠠᠨ ᠴᠤ ᠬᠢᠵᠤ ᠪᠤᠯᠬᠤ ᠦᠬᠡᠢ ᠬᠡᠵᠤ ᠴᠢᠬᠤᠯᠠᠴᠢᠯᠠᠪᠠ᠃ | ᠰᠢ ᠶᠢᠨ ᠫᠢᠩ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨ ᠢᠯᠵᠠᠷᠡᠯ ᠢ | ᠡᠰᠡᠷᠭᠦᠴᠡᠬᠦ ᠲᠡᠮᠡᠴᠡᠯ ᠤᠨ ᠰᠢᠨ᠎ᠡ ᠪᠠᠶᠢᠳᠠᠯ ᠰᠢᠨ᠎ᠡ ᠥᠷᠢᠰᠥᠯᠳᠦᠭᠡᠨ ᠢ ᠰᠠᠨᠠᠭᠠᠴᠢᠯᠠᠭ᠎ᠠ ᠠᠴᠠ ᠪᠠᠨ ᠠᠷᠭᠠᠴᠠᠭᠠᠵᠤ᠂ ᠨᠠᠮ ᠢ | ᠬᠠᠮᠢᠶᠠᠷᠴᠤ ᠨᠠᠮ ᠢ ᠵᠠᠰᠠᠬᠤ ᠵᠢᠮ᠎ᠡ ᠶᠣᠰᠣ᠂ ᠢᠯᠵᠠᠷᠡᠯ ᠢ ᠡᠰᠡᠷᠭᠦᠴᠡᠬᠦ ᠲᠡᠮᠡᠴᠡᠯ ᠤᠨ ᠵᠢᠮ᠎ᠡ ᠶᠣᠰᠣ ᠶᠢᠨ ᠲᠤᠬᠠᠢ | ᠲᠠᠨᠢᠯᠲᠠ ᠪᠠᠨ ᠭᠦᠨᠵᠡᠭᠡᠶᠢᠷᠡᠭᠦᠯᠵᠦ᠂ ᠠᠵᠢᠯ ᠤᠨ ᠴᠢᠳᠠᠪᠤᠷᠢ ᠪᠣᠯᠤᠨ ᠲᠦᠪᠰᠢᠨ ᠢᠶᠠᠨ ᠲᠠᠰᠤᠷᠠᠯᠳᠠ ᠦᠭᠡᠢ | ᠳᠡᠭᠡᠭᠰᠢᠯᠡᠭᠦᠯᠵᠦ᠂ ᠨᠠᠮ ᠤᠨ ᠳᠣᠲᠣᠭᠠᠳᠤ ᠶᠢᠨ ᠪᠠ ᠨᠡᠶᠢᠭᠡᠮ ᠤᠨ ᠡᠯ᠎ᠡ ᠲᠠᠯ᠎ᠠ ᠶᠢᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ | ᠬᠦᠯᠢᠶᠡᠵᠦ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠪᠠᠷ ︽ᠲᠡᠷᠬᠡᠳᠡᠬᠢ ᠠᠰᠠᠭᠤᠳᠠᠯ ᠢᠶᠠᠨ ᠤᠯᠵᠤ | ᠬᠠᠷᠠᠬᠤ ᠦᠬᠡᠢ ᠪᠠᠶᠢᠬᠤ︾ ᠶᠢ ᠡᠷᠡᠰ ᠰᠡᠷᠭᠡᠶᠢᠯᠡᠬᠦ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ | ᠦᠨᠡᠨᠴᠢ ᠰᠢᠳᠤᠷᠭᠤ ᠡᠷᠡᠰ ᠪᠠᠲᠤ᠂ ᠬᠠᠷᠠᠮ ᠦᠬᠡᠢ ᠵᠢᠷᠦᠬᠡᠰᠢᠶᠡᠬᠦ ᠦᠭᠡᠢ ᠪᠠᠶᠢᠬᠤ ᠶᠢ ᠪᠡᠶᠡᠯᠡᠭᠦᠯᠵᠦ᠂ ᠢᠮᠠᠭᠲᠠ ᠨᠠᠮᠴᠢ | ᠴᠢᠨᠠᠷ ᠢᠶᠠᠷ ᠪᠡᠶ᠎ᠡ ᠪᠠᠨ ᠱᠠᠭᠠᠷᠳᠠᠵᠤ᠂ ᠰᠠᠬᠢᠯᠭ᠎ᠠ ᠪᠠᠲᠤ ᠶᠢ ᠲᠥᠪ ᠭᠤᠣᠯᠴᠢ ᠪᠠᠷ ᠬᠡᠷᠡᠭᠵᠢᠭᠦᠯᠵᠦ᠂ ᠡᠷᠬᠡ ᠪᠠᠨ | ᠪᠣᠯᠭᠤᠮᠵᠢᠲᠠᠢ ᠬᠡᠷᠡᠭᠯᠡᠵᠦ᠂ ᠵᠣᠷᠢᠭᠲᠠᠢ ᠪᠥᠭᠡᠳ ᠴᠢᠳᠠᠮᠠᠭᠠᠢ ᠪᠠᠷ ᠲᠡᠮᠡᠴᠡᠵᠦ᠂ ᠨᠠᠮ ᠤᠨ ᠲᠥᠪ ᠬᠤᠷᠢᠶ᠎ᠠ ᠶᠢ ᠰᠠᠨᠠᠭ᠎ᠠ ᠠᠮᠤᠷ | ᠪᠠᠶᠢᠯᠭᠠᠵᠤ᠂ ᠠᠷᠠᠳ ᠤᠯᠠᠨ ᠢ ᠬᠠᠨᠤᠮᠵᠢᠳᠠᠢ ᠪᠠᠶᠢᠯᠭᠠᠬᠤ ᠶᠢ ᠦᠨᠡᠨ ᠬᠦ ᠪᠡᠶᠡᠯᠡᠭᠦᠯᠬᠦ ᠭᠡᠷᠡᠭᠳᠠᠢ ᠬᠡᠵᠤ ᠵᠢᠭᠠᠵᠤ ᠭᠠᠷᠭᠠᠪᠠ᠃ |