ᠡᠨᠡ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠠᠵᠤ ᠠᠬᠤᠢ ᠶᠢ ᠲᠣᠭᠲᠠᠪᠤᠷᠢᠵᠢᠭᠤᠯᠬᠤ ᠠᠯᠢ ᠣᠯᠠᠨ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠲᠤᠬᠠᠢ ᠡᠳᠡᠭᠡᠷ ᠴᠢᠬᠤᠯᠠ ᠵᠦᠢᠯ ᠢ ᠳᠤᠷᠠᠳᠴᠠᠢ | ᠲᠦᠷᠦ ᠶᠢᠨ ᠪᠣᠳᠣᠯᠭ᠎ᠠ Q&A | ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ 5 ᠳ᠋ᠤᠭᠠᠷ ᠰᠠᠷ᠎ᠠ ᠶᠢᠨ 31 ᠤ ᠡᠳᠦᠷ ᠤᠨ | ᠦᠳᠡ ᠶᠢᠨ ᠬᠤᠶᠢᠨ᠎ᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ | ᠪᠠᠶᠢᠩᠭᠤ ᠶᠢᠨ ᠬᠤᠷᠠᠯ ᠠᠴᠠ ᠪᠠᠶᠢᠷᠢᠯᠠᠭᠤᠯᠤᠭᠰᠠᠨ ᠠᠵᠤ ᠠᠬᠤᠢ ᠶᠢ ᠲᠣᠭᠲᠠᠪᠤᠷᠢᠵᠢᠭᠤᠯᠬᠤ ᠠᠯᠢ ᠣᠯᠠᠨ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠶᠢᠨ ᠬᠠᠮᠢᠶ᠎ᠠ ᠪᠦᠬᠦᠢ ᠪᠠᠶᠢᠳᠠᠯ ᠳᠤ ᠲᠠᠶᠢᠯᠤᠮᠵᠢ ᠬᠢᠪᠡ᠃ ᠬᠠᠮᠲᠤ ᠪᠠᠷ ᠠᠩᠬᠠᠷᠤᠯ ᠳᠤ ᠪᠠᠨ | ᠠᠪᠴᠠᠭᠠᠶ᠎ᠠ ︱ | Q1 | Q᠄ ᠳᠠᠷᠠᠭᠠᠴᠢ ᠶᠢᠨ ᠠᠯᠬᠤᠮ ᠳᠤ ᠶᠠᠭᠠᠬᠢᠵᠤ ᠬᠢᠬᠦ ᠪᠣᠢ︖ | A᠄ | ᠠᠵᠤ ᠠᠬᠤᠢ ᠶᠢ ᠲᠣᠭᠲᠠᠪᠤᠷᠢᠵᠢᠭᠤᠯᠬᠤ ᠠᠯᠢ ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠯᠠᠪᠳᠠᠭᠤᠨ | ᠪᠠᠲᠤᠲᠠᠢ ᠨᠠᠶᠢᠳᠠᠪᠤᠷᠢᠵᠢᠭᠤᠯᠤᠨ ᠠᠯᠢ ᠲᠦᠷᠭᠡᠨ ᠢᠶᠠᠷ ᠦᠷ᠎ᠡ ᠪᠦᠲᠦᠮᠵᠢ ᠭᠠᠷᠭᠠᠬᠤ ᠶᠢ ᠪᠦᠬᠦ ᠬᠦᠴᠦᠨ ᠢᠶᠠᠷ ᠢᠶᠠᠨ | ᠠᠬᠢᠭᠤᠯᠵᠤ᠂ ᠬᠤᠷᠸ᠎ᠠ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠤᠷᠢᠳ ᠢᠶᠠᠷ | ᠬᠦᠴᠦᠯᠡᠵᠦ᠂ ᠵᠦᠢ ᠵᠣᠬᠢᠰᠲᠠᠢ ᠬᠦᠴᠦ ᠨᠡᠮᠡᠨ᠂ ᠠᠵᠤ ᠠᠬᠤᠢ ᠶᠢᠨ ᠡᠷᠭᠢᠯᠲᠡ ᠶᠢ ᠬᠢᠵᠠᠭᠠᠷᠯᠠᠵᠤ ᠪᠠᠶᠢᠭ᠎ᠠ ᠬᠤᠷᠢᠭ᠎ᠠ | ᠲᠦᠭᠵᠢᠷᠡᠯ ᠢ ᠬᠦᠴᠦᠯᠡᠨ ᠨᠠᠪᠲᠠᠷᠡᠭᠦᠯᠵᠦ᠂ ᠪᠦᠲᠦᠮᠵᠢᠲᠡᠶ ᠬᠡᠷᠡᠭᠴᠡᠭᠡ ᠶᠢ ᠵᠣᠬᠢᠰᠲᠠᠢ ᠥᠷᠭᠡᠳᠬᠡᠨ᠂ ᠠᠮᠤ ᠪᠤᠳᠠᠭ᠎ᠠ᠂ | ᠡᠨᠧᠷᠭᠢ᠂ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠣᠭᠲᠠᠭᠤᠨ ᠪᠠᠶᠢᠬᠤ ᠶᠢ ᠪᠠᠲᠤᠯᠠᠵᠤ᠂ | ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠳᠤ ᠣᠷᠣᠭᠤᠯᠬᠤ ᠶᠢ ᠠᠬᠢᠭᠤᠯᠤᠨ᠂ | ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ | ᠠᠵᠢᠯ ᠢ ᠰᠠᠶᠢᠲᠤᠷ ᠬᠢᠵᠦ᠂ ᠠᠵᠤ ᠠᠬᠤᠢ ᠶᠢᠨ ᠠᠵᠢᠯᠯᠠᠭᠠᠨ ᠢ ᠵᠦᠢ ᠵᠣᠬᠢᠰᠲᠠᠢ ᠣᠷᠣᠨ ᠵᠠᠢ ᠳᠤ ᠪᠠᠶᠢᠯᠭᠠᠬᠤ ᠶᠢ | ᠪᠠᠲᠤᠯᠠᠨ᠎ᠠ᠃ | Q2 | Q᠄ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ ᠲᠠᠯ᠎ᠠ ᠪᠠᠷ᠂ ᠭᠦᠢᠯᠭᠡᠭᠡᠨ ᠲᠠᠢ ᠪᠣᠯᠭᠠᠭᠰᠠᠨ ᠦᠯᠡᠳᠡᠭᠡᠯ ᠡᠳ᠋ | ᠬᠥᠷᠥᠩᠭᠡ ᠶᠢ ᠬᠠᠮᠢᠭᠠᠰᠢ ᠪᠠᠨ ᠣᠷᠣᠭᠤᠯᠬᠤ ᠪᠣᠢ︖ ᠪᠦᠲᠦᠮᠵᠢᠲᠡᠢ ᠪᠡᠯᠡ ᠣᠷᠣᠭᠤᠯᠤᠯᠲᠠ ᠶᠢ ᠬᠡᠷᠬᠢᠨ ᠪᠡᠶᠡᠯᠡᠭᠦᠯᠬᠦ ᠪᠤᠢ︖ | | A᠄ | ᠠᠵᠤ ᠠᠬᠤᠢ ᠶᠢ ᠲᠣᠭᠲᠠᠪᠤᠷᠢᠵᠢᠭᠤᠯᠬᠤ ᠠᠯᠢ ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠠᠶᠢᠲᠤᠷ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠣᠶᠢᠷ᠎ᠠ ᠳᠤ ᠤᠯᠤᠰ ᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠠᠴᠠ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠳᠤ ︽ᠦᠯᠡᠳᠡᠭᠡᠯ ᠡᠳ᠋ | ᠬᠥᠷᠥᠩᠭᠡ ᠶᠢ ᠤᠯᠠᠮ ᠨᠢᠭᠡ ᠠᠯᠬᠤᠮ ᠭᠦᠢᠯᠭᠡᠭᠡᠨ ᠲᠠᠢ ᠪᠣᠯᠭᠠᠵᠤ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠬᠦ | ᠲᠤᠬᠠᠢ ᠰᠠᠨᠠᠯ︾ ᠢ ᠨᠡᠶᠢᠲᠡᠯᠡᠨ ᠬᠡᠷᠡᠭᠵᠢᠭᠦᠯᠬᠦ ᠪᠠᠷ ᠳᠡᠪᠰᠢᠭᠦᠯᠦᠨ ᠮᠡᠳᠡᠭᠦᠯᠪᠡ᠃ ᠦᠯᠡᠳᠡᠭᠡᠯ ᠡᠳ᠋ ᠬᠥᠷᠥᠩᠭᠡ ᠶᠢ | ᠭᠦᠢᠯᠭᠡᠭᠡᠨ ᠲᠠᠢ ᠪᠣᠯᠭᠠᠬᠤ ᠳᠤ᠂ ᠡᠭᠡᠭᠦᠯᠦᠨ ᠬᠤᠷᠢᠶᠠᠭᠰᠠᠨ ᠪᠡᠯᠡ ᠮᠥᠩᠭᠦ ᠶᠢ ᠭᠤᠣᠯᠳᠠᠯᠭ᠎ᠠ ᠲᠠᠢ ᠬᠦᠷᠢᠶᠡᠨ ᠤ ᠪᠦᠲᠦᠭᠡᠨ | ᠪᠠᠶᠢᠭᠤᠯᠤᠯᠲᠠ ᠳᠤ ᠬᠡᠷᠡᠭᠯᠡᠵᠦ᠂ ᠰᠢᠨ᠎ᠡ ᠪᠦᠲᠦᠮᠵᠢᠲᠡᠶ ᠪᠡᠯᠡ ᠣᠷᠣᠭᠤᠯᠤᠯᠲᠠ ᠶᠢ ᠪᠣᠶ ᠪᠣᠯᠭᠠᠵᠤ᠂ ᠰᠠᠶᠢᠨ ᠣᠷᠴᠢᠯ ᠢ | ᠪᠡᠶᠡᠯᠡᠭᠦᠯᠬᠦ ᠬᠡᠷᠡᠭᠲᠡᠢ᠃ | ᠨᠢᠭᠡ ᠳᠤ᠂ ᠪᠡᠯᠡ ᠣᠷᠣᠭᠤᠯᠤᠯᠲᠠ ᠶᠢᠨ ᠴᠢᠭᠯᠡᠯ ᠢ ᠪᠠᠲᠤ ᠡᠵᠡᠮᠳᠡᠬᠦ ᠬᠡᠷᠡᠭᠲᠡᠢ᠃ ᠣᠷᠣᠨ ᠨᠤᠲᠤᠭ ᠤᠨ ᠵᠠᠰᠠᠭ ᠤᠨ | ᠣᠷᠳᠣᠨ ᠪᠤᠶᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠭᠦᠢᠯᠭᠡᠭᠡᠨ ᠲᠠᠢ ᠪᠣᠯᠭᠠᠭᠰᠠᠨ ᠦᠯᠡᠳᠡᠭᠡᠯ ᠡᠳ᠋ | ᠬᠥᠷᠥᠩᠭᠡ ᠶᠢᠨ ᠪᠤᠴᠠᠭᠠᠨ ᠬᠤᠷᠢᠶᠠᠬᠤ ᠪᠡᠯᠡ ᠮᠥᠩᠭᠦ ᠶᠢ ᠭᠤᠣᠯᠳᠠᠭᠤ ᠭᠤᠣᠯᠳᠠᠯᠭ᠎ᠠ ᠲᠠᠢ ᠬᠦᠷᠢᠶᠡᠨ ᠤ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠶᠢ ᠦᠨᠡᠨ ᠬᠦ ᠪᠠᠲᠤᠯᠠᠵᠤ᠂ 102 ᠵᠦᠢᠯ ᠤᠨ ᠴᠢᠬᠤᠯᠠ ᠶᠡᠭᠡ ᠢᠨᠵᠧᠨᠧᠷᠢᠩ | ᠵᠡᠷᠭᠡ ᠶᠢ ᠨᠠᠷᠢᠯᠢᠭ ᠣᠨᠣᠴᠠᠲᠠᠢ ᠪᠠᠷ ᠪᠦᠲᠦᠮᠵᠢᠲᠡᠶ ᠳᠡᠮᠵᠢᠵᠦ᠂ ᠪᠦᠲᠦᠮᠵᠢᠲᠡᠶ ᠪᠡᠯᠡ ᠣᠷᠣᠭᠤᠯᠤᠯᠲᠠ ᠶᠢ ᠪᠣᠶ ᠪᠣᠯᠭᠠᠬᠤ | ᠬᠡᠷᠡᠭᠲᠡᠢ᠃ | ᠬᠤᠶᠠᠷ ᠲᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠬᠦ ᠬᠡᠷᠡᠭᠲᠡᠢ᠃ ᠡᠭᠡᠭᠦᠯᠦᠨ | ᠬᠤᠷᠢᠶᠠᠭᠰᠠᠨ ᠪᠡᠯᠡ ᠮᠥᠩᠭᠦ ᠶᠢ ᠰᠢᠨ᠎ᠡ ᠪᠠᠷ ᠪᠠᠶᠢᠭᠤᠯᠬᠤ ᠲᠥᠷᠥᠯ ᠵᠦᠢᠯ ᠳᠤ ᠬᠡᠷᠡᠭᠯᠡᠬᠦ ᠳᠤ᠂ ᠡᠮᠦᠨᠡᠬᠢ ᠬᠤᠭᠤᠴᠠᠭᠠᠨ ᠤ | ᠠᠵᠢᠯ ᠢ ᠲᠥᠷᠭᠡᠳᠬᠡᠨ ᠠᠬᠢᠭᠤᠯᠵᠤ᠂ ᠲᠥᠷᠥᠯ ᠵᠦᠢᠯ ᠢ ᠪᠣᠳᠠᠲᠠᠶᠢᠵᠢᠭᠤᠯᠤᠨ ᠬᠡᠷᠡᠭᠵᠢᠭᠦᠯᠬᠦ ᠶᠢ ᠠᠬᠢᠭᠤᠯᠤᠨ᠂ ᠪᠣᠳᠠᠲᠤ | ᠵᠦᠢᠯ ᠤᠨ ᠠᠵᠢᠯ ᠤᠨ ᠬᠡᠮᠵᠢᠶ᠎ᠡ ᠶᠢ ᠲᠦᠷᠭᠡᠬᠡᠨ ᠪᠣᠶ ᠪᠣᠯᠭᠠᠵᠤ᠂ ᠡᠭᠡᠭᠦᠯᠦᠨ ᠬᠤᠷᠢᠶᠠᠭᠰᠠᠨ ᠪᠡᠯᠡ ᠮᠥᠩᠭᠦ ᠶᠢᠨ ᠦᠷ᠎ᠡ | ᠠᠰᠢᠭ ᠢ ᠡᠷᠲᠡᠬᠡᠨ ᠪᠠᠳᠠᠷᠠᠭᠤᠯᠬᠤ ᠬᠡᠷᠡᠭᠲᠡᠢ᠃ | ᠭᠤᠷᠪᠠ ᠳᠤ᠂ ᠢᠵᠢ ᠪᠦᠷᠢᠳᠦᠭᠦᠯᠬᠦ ᠪᠡᠯᠡ ᠮᠥᠩᠭᠦ ᠶᠢᠨ ᠳᠡᠮᠵᠢᠯᠭᠡ ᠶᠢ ᠴᠢᠩᠭᠠᠳᠬᠠᠬᠤ ᠬᠡᠷᠡᠭᠲᠡᠢ᠃ ᠲᠥᠪ ᠤᠨ | ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠵᠡᠷᠭᠡ ᠪᠡᠯᠡ ᠮᠥᠩᠭᠦ ᠶᠢ ᠲᠣᠬᠢᠷᠠᠭᠤᠯᠬᠤ ᠳᠤ ᠪᠠᠨ ᠡᠭᠡᠭᠦᠯᠦᠨ | ᠬᠤᠷᠢᠶᠠᠭᠰᠠᠨ ᠪᠡᠯᠡ ᠮᠥᠩᠭᠦ ᠶᠢᠨ ᠣᠷᠣᠭᠤᠯᠤᠭᠰᠠᠨ ᠰᠢᠨ᠎ᠡ ᠲᠥᠷᠥᠯ ᠵᠦᠢᠯ ᠳᠤ ᠠᠳᠠᠯᠢ ᠨᠥᠬᠦᠴᠡᠯ ᠤᠨ ᠳᠣᠣᠷ᠎ᠠ | ᠤᠷᠢᠳ ᠢᠶᠠᠷ ᠳᠡᠮᠵᠢᠯᠭᠡ ᠦᠵᠡᠭᠦᠯᠵᠦ ᠪᠣᠯᠣᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ | ᠵᠢᠭᠡᠯᠡᠯᠭᠡ ᠶᠢᠨ ᠲᠡᠮᠳᠡᠭᠲᠦ ᠶᠢ ᠪᠠᠰᠠ ᠲᠣᠭᠲᠠᠭᠠᠯ ᠶᠣᠰᠣᠭᠠᠷ ᠰᠢᠨ᠎ᠡ ᠲᠥᠷᠥᠯ ᠵᠦᠢᠯ ᠢ ᠳᠡᠮᠵᠢᠬᠦ ᠳᠤ ᠬᠡᠷᠡᠭᠯᠡᠵᠦ ᠪᠣᠯᠣᠨ᠎ᠠ᠃ | ᠡᠭᠦᠨ ᠤ ᠬᠠᠮᠲᠤ᠂ ᠪᠠᠩᠬᠢ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠠᠬ᠎ᠠ ᠳᠡᠯᠭᠡᠭᠦᠷᠴᠢᠯᠡᠬᠦ ᠵᠠᠷᠴᠢᠮ ᠶᠣᠰᠣᠭᠠᠷ | ᠢᠵᠢ ᠪᠦᠷᠢᠳᠦᠭᠦᠯᠬᠦ ᠪᠡᠯᠡ ᠲᠣᠬᠢᠷᠠᠭᠤᠯᠭ᠎ᠠ ᠶᠢᠨ ᠳᠡᠮᠵᠢᠯᠭᠡ ᠬᠠᠩᠭᠠᠬᠤ ᠶᠢ ᠵᠣᠷᠢᠭᠵᠢᠭᠤᠯᠤᠨ᠎ᠠ᠃ | Q3 | Q᠄ ᠶᠠᠮᠠᠷ ᠶᠠᠮᠠᠷ ᠠᠵᠢᠯ ᠲᠦᠷᠦᠯ᠂ ᠶᠠᠮᠠᠷ ᠶᠠᠮᠠᠷ ᠭᠠᠵᠠᠷ ᠣᠷᠣᠨ ᠤ ᠬᠢᠨ ᠨᠡᠶᠢᠭᠡᠮ ᠤᠨ ᠳᠠᠭᠠᠳᠬᠠᠯ ᠤᠨ | ᠰᠦᠢᠳᠬᠡᠯ ᠢ ᠬᠤᠶᠢᠰᠢᠯᠠᠭᠤᠯᠤᠨ ᠲᠤᠰᠢᠶᠠᠵᠤ ᠪᠣᠯᠬᠤ ᠪᠤᠢ︖ | A᠄ | ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠬᠤᠶᠢᠰᠢᠯᠠᠭᠤᠯᠤᠨ ᠲᠤᠰᠢᠶᠠᠬᠤ ᠲᠥᠷᠥ ᠶᠢᠨ ᠪᠣᠳᠣᠯᠭ᠎ᠠ ᠪᠣᠯ ᠠᠵᠤ | ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠬᠦ ᠴᠢᠬᠤᠯᠠ ᠠᠷᠭ᠎ᠠ ᠬᠡᠮᠵᠢᠶ᠎ᠡ ᠮᠥᠨ᠃ ᠡᠮᠦᠨᠡᠬᠢ ᠬᠤᠭᠤᠴᠠᠭᠠᠨ ᠳᠤ᠂ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠠᠴᠠ ᠡᠳ᠋ ᠤᠨ ᠵᠠᠰᠠᠭ ᠤᠨ ᠶᠠᠮᠤᠨ᠂ | ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠲᠠᠢ ᠬᠠᠮᠲᠤᠷᠠᠨ ᠢᠳᠡᠭᠡᠨ ᠤᠮᠳᠠᠭᠠᠨ᠂ ᠵᠢᠵᠢᠭᠯᠡᠨ ᠬᠤᠳᠠᠯᠳᠤᠬᠤ᠂ | ᠵᠢᠭᠤᠯᠴᠢᠯᠠᠯ᠂ ᠠᠷᠠᠳ ᠤᠨ ᠠᠭᠠᠷ ᠤᠨ ᠲᠡᠭᠡᠭᠡᠪᠦᠷᠢ᠂ ᠵᠠᠰᠠᠮᠠᠯ ᠵᠠᠮ ᠤᠰᠤᠨ ᠵᠠᠮ ᠲᠡᠮᠦᠷ ᠵᠠᠮ ᠤᠨ ᠲᠡᠭᠡᠭᠡᠪᠦᠷᠢ ᠵᠡᠷᠭᠡ 5 | ᠣᠨᠴᠠ ᠬᠦᠴᠢᠷᠳᠡᠯᠲᠡᠢ ᠠᠵᠢᠯ ᠲᠥᠷᠥᠯ ᠳᠤ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠱᠠᠲᠤᠴᠢ ᠴᠢᠨᠠᠷᠲᠠᠢ ᠪᠠᠷ | ᠬᠤᠶᠢᠰᠢᠯᠠᠭᠤᠯᠤᠨ ᠲᠤᠰᠢᠶᠠᠬᠤ ᠭᠤᠷᠪᠠᠨ ᠵᠦᠢᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠪᠡ᠃ ᠡᠭᠦᠨ ᠳᠤ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠦᠢᠳᠬᠡᠯ ᠢ ᠬᠤᠶᠢᠰᠢᠯᠠᠭᠤᠯᠤᠨ ᠲᠤᠰᠢᠶᠠᠬᠤ ᠬᠤᠭᠤᠴᠠᠭ᠎ᠠ ᠨᠢ 3 ᠰᠠᠷ᠎ᠠ | ᠪᠠᠶᠢᠵᠤ᠂ ᠠᠵᠢᠯ ᠠᠯᠳᠠᠯᠲᠠ ᠶᠢᠨ ᠳᠠᠭᠠᠳᠬᠠᠯ ᠪᠠ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠦᠢᠳᠬᠡᠯ ᠢ | ᠬᠤᠶᠢᠰᠢᠯᠠᠭᠤᠯᠤᠨ ᠲᠤᠰᠢᠶᠠᠬᠤ ᠬᠤᠭᠤᠴᠠᠭ᠎ᠠ ᠨᠢ 1 ᠵᠢᠯ ᠠᠴᠠ ᠬᠡᠲᠦᠷᠡᠬᠦ ᠦᠭᠡᠢ᠃ | ᠲᠣᠰ ᠤᠳᠠᠭ᠎ᠠ ᠶᠢᠨ ᠬᠤᠶᠢᠰᠢᠯᠠᠭᠤᠯᠤᠨ ᠲᠤᠰᠢᠶᠠᠬᠤ ᠬᠡᠪᠴᠢᠶ᠎ᠡ ᠶᠢ ᠥᠷᠭᠡᠳᠬᠡᠬᠦ ᠳᠤ ᠭᠤᠣᠯᠳᠠᠭᠤ ᠬᠤᠶᠠᠷ | ᠲᠠᠯ᠎ᠠ ᠪᠠᠷ ᠢᠯᠡᠷᠡᠵᠦ ᠪᠣᠶ᠄ ᠨᠢᠭᠡ ᠳᠤ᠂ ᠬᠢᠵᠢᠭ ᠤᠨ ᠪᠠᠶᠢᠳᠠᠯ ᠤᠨ ᠨᠥᠯᠥᠭᠡ ᠶᠢ ᠬᠦᠨᠳᠦ ᠨᠣᠴᠢᠲᠠᠢ ᠬᠦᠷᠲᠡᠭᠰᠡᠨ ᠭᠠᠵᠠᠷ | ᠣᠷᠣᠨ ᠤ ᠦᠢᠯᠡᠳᠪᠦᠷᠢᠯᠡᠯ ᠡᠵᠡᠩᠨᠡᠯᠲᠡ ᠳᠤ ᠲᠦᠷ ᠴᠠᠭ ᠬᠦᠴᠢᠷᠳᠡᠯ ᠳᠤ ᠲᠤᠯᠭᠠᠷᠠᠭᠰᠠᠨ ᠪᠣᠶ ᠪᠦᠬᠦᠢ ᠳᠤᠮᠳᠠ ᠵᠢᠵᠢᠭ | ᠪᠢᠴᠢᠯ ᠠᠵᠤ ᠠᠬᠤᠶᠢᠯᠠᠯ ᠪᠠ ᠪᠠᠶᠢᠭᠤᠯᠭ᠎ᠠ ᠨᠢᠭᠡᠴᠢ ᠶᠢᠨ ᠬᠡᠯᠪᠡᠷᠢ ᠪᠠᠷ ᠳᠠᠭᠠᠳᠬᠠᠯ ᠳᠤ ᠣᠷᠣᠯᠴᠠᠭᠰᠠᠨ ᠬᠤᠪᠢ ᠶᠢᠨ | ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠭᠤᠷᠪᠠᠨ ᠵᠦᠢᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ | ᠪᠠᠶᠢᠭᠤᠯᠭ᠎ᠠ ᠨᠢᠭᠡᠴᠢ ᠶᠢᠨ ᠲᠤᠰᠢᠶᠠᠬᠤ ᠬᠡᠰᠡᠭ ᠢ ᠱᠠᠲᠤᠴᠢ ᠴᠢᠨᠠᠷᠲᠠᠢ ᠪᠠᠷ ᠬᠤᠶᠢᠰᠢᠯᠠᠭᠤᠯᠤᠨ ᠲᠤᠰᠢᠶᠠᠬᠤ ᠬᠤᠭᠤᠴᠠᠭ᠎ᠠ ᠶᠢ | 2022 ᠣᠨ ᠤ ᠵᠢᠯ ᠤᠨ ᠡᠴᠦᠰ ᠪᠣᠯᠲᠠᠯ᠎ᠠ ᠬᠡᠷᠡᠭᠵᠢᠭᠦᠯᠦᠨ᠎ᠡ᠃ ᠬᠤᠶᠠᠷ ᠲᠤ᠂ 5 ᠣᠨᠴᠠ ᠬᠦᠴᠢᠷᠳᠡᠯ ᠲᠠᠢ ᠠᠵᠢᠯ | ᠲᠥᠷᠥᠯ ᠳᠤ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠱᠠᠲᠤᠴᠢ ᠴᠢᠨᠠᠷᠲᠠᠢ ᠪᠠᠷ ᠬᠤᠶᠢᠰᠢᠯᠠᠭᠤᠯᠤᠨ ᠲᠤᠰᠢᠶᠠᠬᠤ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠬᠢᠵᠢᠭ ᠤᠨ ᠪᠠᠶᠢᠳᠠᠯ ᠤᠨ ᠬᠦᠨᠳᠦ ᠨᠣᠴᠢᠲᠠᠢ | ᠳᠠᠭᠠᠷᠢᠯᠲᠠ ᠳᠤ ᠤᠴᠠᠷᠠᠭᠰᠠᠨ᠂ ᠠᠵᠢᠯ ᠲᠥᠷᠥᠯ ᠤᠨ ᠳᠣᠲᠣᠭᠠᠳᠤ ᠳᠠᠬᠢ ᠶᠡᠭᠡ ᠬᠡᠪᠴᠢᠶ᠎ᠡ ᠪᠠᠷ ᠠᠵᠤ ᠠᠬᠤᠶᠢᠯᠠᠯ ᠤᠨ | ᠦᠢᠯᠡᠳᠪᠦᠷᠢᠯᠡᠯ ᠡᠵᠡᠩᠨᠡᠯᠲᠡ ᠨᠢ ᠬᠦᠴᠢᠷᠳᠡᠯ ᠲᠠᠢ ᠪᠣᠯᠤᠭᠰᠠᠨ᠂ ᠤᠯᠤᠰ ᠤᠨ ᠠᠵᠤ ᠦᠢᠯᠡᠰ ᠤᠨ ᠲᠥᠷᠥ ᠶᠢᠨ | ᠪᠣᠳᠣᠯᠭ᠎ᠠ ᠶᠢᠨ ᠤᠳᠤᠷᠢᠳᠤᠮᠵᠢ ᠳᠤ ᠨᠡᠶᠢᠴᠡᠭᠰᠡᠨ ᠪᠤᠰᠤᠳ ᠣᠨᠴᠠ ᠬᠦᠴᠢᠷᠳᠡᠯ ᠲᠠᠢ ᠠᠵᠢᠯ ᠲᠥᠷᠥᠯ ᠳᠤ ᠬᠦᠷᠲᠡᠯ᠎ᠡ ᠤᠯᠠᠮ | ᠨᠢᠭᠡ ᠠᠯᠬᠤᠮ ᠥᠷᠭᠡᠳᠬᠡᠵᠦ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠦᠢᠳᠬᠡᠯ ᠢ ᠬᠤᠶᠢᠰᠢᠯᠠᠭᠤᠯᠤᠨ | ᠲᠤᠰᠢᠶᠠᠬᠤ ᠬᠤᠭᠤᠴᠠᠭ᠎ᠠ ᠶᠢ 2022 ᠣᠨ ᠤ ᠵᠢᠯ ᠤᠨ ᠡᠴᠦᠰ ᠪᠣᠯᠲᠠᠯ᠎ᠠ ᠬᠡᠷᠡᠭᠵᠢᠭᠦᠯᠵᠦ᠂ ᠠᠵᠢᠯ ᠠᠴᠠ ᠪᠣᠯᠤᠭᠰᠠᠨ | ᠭᠡᠮᠲᠦᠯ ᠤᠨ ᠳᠠᠭᠠᠳᠬᠠᠯ᠂ ᠠᠵᠢᠯ ᠠᠯᠳᠠᠯᠲᠠ ᠶᠢᠨ ᠳᠠᠭᠠᠳᠬᠠᠯ ᠤᠨ ᠰᠦᠢᠳᠬᠡᠯ ᠢ ᠬᠤᠶᠢᠰᠢᠯᠠᠭᠤᠯᠤᠨ ᠲᠤᠰᠢᠶᠠᠬᠤ | ᠬᠤᠭᠤᠴᠠᠭ᠎ᠠ ᠶᠢ ᠨᠢᠭᠡ ᠵᠢᠯ ᠠᠴᠠ ᠬᠡᠲᠦᠷᠡᠭᠦᠯᠬᠦ ᠦᠭᠡᠢ᠃ ᠤᠤᠯ ᠤᠨ ᠲᠣᠳᠣᠷᠬᠠᠢ ᠲᠣᠭᠲᠠᠭᠠᠭᠰᠠᠨ 5 ᠣᠨᠴᠠ | ᠬᠦᠴᠢᠷᠳᠡᠯᠲᠡᠢ ᠠᠵᠢᠯ ᠲᠥᠷᠥᠯ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠦᠢᠳᠬᠡᠯ ᠢ ᠬᠤᠶᠢᠰᠢᠯᠠᠭᠤᠯᠤᠨ | ᠲᠤᠰᠢᠶᠠᠬᠤ ᠬᠤᠭᠤᠴᠠᠭ᠎ᠠ ᠶᠢ ᠵᠢᠯ ᠤᠨ ᠡᠴᠦᠰ ᠪᠣᠯᠲᠠᠯ᠎ᠠ ᠵᠣᠬᠢᠴᠠᠩᠭᠤᠢ ᠪᠠᠷ ᠤᠷᠲᠤᠳᠬᠠᠨ᠎ᠠ᠃ ᠣᠷᠣᠨ ᠪᠦᠰᠡ ᠶᠢᠨ | ᠲᠠᠯ᠎ᠠ ᠠᠴᠠ ᠠᠪᠴᠤ ᠬᠡᠯᠡᠪᠡᠯ᠂ ᠬᠢᠵᠢᠭ ᠤᠨ ᠪᠠᠶᠢᠳᠠᠯ ᠳᠤ ᠰᠢᠭᠤᠳ ᠨᠥᠯᠥᠭᠡᠯᠡᠭᠳᠡᠭᠰᠡᠨ ᠭᠠᠵᠠᠷ ᠣᠷᠣᠨ ᠤ ᠳᠤᠮᠳᠠ ᠵᠢᠵᠢᠭ | ᠪᠢᠴᠢᠯ ᠠᠵᠤ ᠠᠬᠤᠶᠢᠯᠠᠯ᠂ ᠪᠠᠶᠢᠭᠤᠯᠭ᠎ᠠ ᠨᠢᠭᠡᠴᠢ ᠶᠢᠨ ᠬᠡᠯᠪᠡᠷᠢ ᠪᠠᠷ ᠳᠠᠭᠠᠳᠬᠠᠯ ᠳᠤ ᠣᠷᠣᠯᠴᠠᠭᠰᠠᠨ ᠬᠤᠪᠢ ᠶᠢᠨ | ᠦᠢᠯᠡᠳᠪᠦᠷᠢ ᠬᠤᠳᠠᠯᠳᠤᠭᠠᠨ ᠤ ᠡᠷᠦᠬᠡ ᠶᠢ ᠬᠢᠵᠢᠭ ᠤᠨ ᠪᠠᠶᠢᠳᠠᠯ ᠬᠦᠨᠳᠦ ᠨᠣᠴᠢᠲᠠᠢ ᠭᠠᠵᠠᠷ ᠣᠷᠣᠨ ᠤ ᠬᠤᠶᠢᠰᠢᠯᠠᠭᠤᠯᠤᠨ | ᠲᠤᠰᠢᠶᠠᠬᠤ ᠲᠥᠷᠥ ᠶᠢᠨ ᠪᠣᠳᠣᠯᠭ᠎ᠠ ᠶᠢᠨ ᠬᠦᠷᠢᠶ᠎ᠡ ᠬᠡᠪᠴᠢᠶ᠎ᠡ ᠳᠤ ᠪᠠᠭᠲᠠᠭᠠᠵᠤ ᠪᠣᠯᠣᠨ᠎ᠠ︔ ᠠᠵᠢᠯ ᠲᠥᠷᠥᠯ ᠤᠨ | ᠲᠠᠯ᠎ᠠ ᠠᠴᠠ ᠠᠪᠴᠤ ᠬᠡᠯᠡᠪᠡᠯ᠂ ᠬᠡᠳᠦᠶᠢᠪᠡᠷ ᠬᠢᠵᠢᠭ ᠤᠨ ᠪᠠᠶᠢᠳᠠᠯ ᠬᠦᠨᠳᠦ ᠨᠣᠴᠢᠲᠠᠢ ᠭᠠᠵᠠᠷ ᠣᠷᠣᠨ ᠳᠤ ᠪᠠᠶᠢᠬᠤ ᠦᠭᠡᠢ | ᠪᠣᠯᠪᠠᠴᠤ ᠪᠦᠬᠦᠶᠢᠯᠡ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠶᠢᠨ ᠨᠥᠯᠥᠭᠡ ᠠᠴᠠ ᠪᠣᠯᠵᠤ᠂ | ᠦᠢᠯᠡᠳᠪᠦᠷᠢᠯᠡᠯ ᠡᠵᠡᠩᠨᠡᠯᠲᠡ ᠨᠢ ᠲᠦᠷ ᠴᠠᠭ ᠤᠨ ᠬᠦᠴᠢᠷᠳᠡᠯ ᠳᠤ ᠲᠤᠯᠭᠠᠷᠠᠭᠰᠠᠨ ᠠᠵᠤ ᠠᠬᠤᠶᠢᠯᠠᠯ ᠳᠤ ᠠᠵᠢᠯ | ᠲᠥᠷᠥᠯ ᠤᠨ ᠬᠤᠶᠢᠰᠢᠯᠠᠭᠤᠯᠤᠨ ᠲᠤᠰᠢᠶᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠣᠯᠣᠨ᠎ᠠ᠃ | Q4 | Q᠄ ᠠᠵᠢᠯ ᠠᠯᠳᠠᠯᠲᠠ ᠶᠢᠨ ᠳᠠᠭᠠᠳᠬᠠᠯ ᠢᠶᠠᠷ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠡᠷᠴᠢᠮ ᠢ | ᠴᠢᠩᠭᠠᠷᠠᠭᠤᠯᠬᠤ ᠳᠤ ᠶᠠᠮᠠᠷ ᠶᠠᠮᠠᠷ ᠰᠢᠨ᠎ᠡ ᠪᠠᠶᠢᠷᠢᠯᠠᠭᠤᠯᠤᠯᠲᠠ ᠪᠠᠶᠢᠬᠤ ᠪᠣᠶ︖ | A᠄ | ᠨᠢᠭᠡ ᠳᠤ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠪᠠᠷᠢᠮᠵᠢᠶ᠎ᠠ ᠶᠢ ᠨᠡᠩ ᠥᠨᠳᠥᠷ ᠪᠣᠯᠭᠠᠪᠠ᠃ | ᠠᠵᠤ ᠠᠬᠤᠶᠢᠯᠠᠯ ᠢ ᠵᠣᠷᠢᠭᠵᠢᠭᠤᠯᠤᠨ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠡᠶᠢᠭᠡᠮ ᠤᠨ | ᠬᠠᠷᠢᠭᠤᠴᠠᠯᠭ᠎ᠠ ᠶᠢ ᠡᠭᠦᠷᠭᠡᠯᠡᠭᠦᠯᠵᠦ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠲᠥᠷᠥ ᠶᠢᠨ ᠪᠣᠳᠣᠯᠭ᠎ᠠ ᠶᠢ | ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢᠨ ᠲᠤᠰᠠᠳᠠ᠂ ᠡᠮᠦᠨᠡᠬᠢ ᠬᠤᠭᠤᠴᠠᠭᠠᠨ ᠳᠤ ᠳᠤᠮᠳᠠ ᠵᠢᠵᠢᠭ ᠪᠢᠴᠢᠯ ᠠᠵᠤ | ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠬᠠᠷᠢᠴᠠᠯ ᠢ 60% ᠪᠠᠶᠢᠭᠰᠠᠨ ᠠᠴᠠ 90% | ᠪᠣᠯᠭᠠᠨ ᠳᠡᠭᠡᠭᠰᠢᠯᠡᠭᠦᠯᠦᠭᠰᠡᠨ ᠰᠠᠭᠤᠷᠢᠨ ᠳᠡᠭᠡᠷ᠎ᠡ᠂ ᠬᠡᠰᠡᠭ ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠪᠣᠳᠠᠲᠠᠢ ᠪᠠᠶᠢᠳᠠᠯ ᠢ | ᠪᠣᠳᠣᠯᠬᠢᠯᠠᠨ᠂ ᠲᠣᠰ ᠤᠳᠠᠭ᠎ᠠ ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠪᠤᠴᠠᠭᠠᠬᠤ ᠬᠠᠷᠢᠴᠠᠯ ᠢ 30% | ᠪᠠᠶᠢᠭᠰᠠᠨ ᠠᠴᠠ 50% ᠪᠣᠯᠭᠠᠨ ᠳᠡᠭᠡᠭᠰᠢᠯᠡᠭᠦᠯᠵᠦ᠂ ᠳᠠᠭᠠᠳᠬᠠᠯ ᠳᠤ ᠣᠷᠣᠯᠴᠠᠭᠰᠠᠨ ᠡᠯ᠎ᠡ ᠲᠥᠷᠥᠯ ᠤᠨ ᠠᠵᠤ | ᠠᠬᠤᠶᠢᠯᠠᠯ ᠤᠨ ᠬᠢᠵᠢᠭ ᠤᠨ ᠪᠠᠶᠢᠳᠠᠯ ᠤᠨ ᠨᠥᠯᠥᠭᠡ ᠶᠢ ᠠᠷᠭᠠᠴᠠᠭᠠᠬᠤ ᠶᠢ ᠳᠡᠮᠵᠢᠪᠡ᠃ | ᠬᠤᠶᠠᠷ ᠲᠤ᠂ ᠠᠵᠢᠯᠴᠢᠨ ᠢ ᠦᠯᠡᠳᠡᠭᠡᠬᠦ ᠨᠥᠬᠦᠪᠦᠷᠢ ᠶᠢᠨ ᠬᠡᠪᠴᠢᠶ᠎ᠡ ᠶᠢ ᠨᠡᠩ ᠥᠷᠭᠡᠨ ᠪᠣᠯᠭᠠᠪᠠ᠃ ᠨᠡᠩ ᠣᠯᠠᠨ | ᠠᠵᠤ ᠠᠬᠤᠶᠢᠯᠠᠯ ᠤᠨ ᠠᠵᠢᠯ ᠤᠨ ᠪᠠᠶᠢᠷᠢ ᠪᠠᠨ ᠲᠣᠭᠲᠠᠪᠤᠷᠢᠵᠢᠭᠤᠯᠤᠨ ᠠᠵᠢᠯᠴᠢᠨ ᠢ ᠦᠯᠡᠳᠡᠭᠡᠵᠦ᠂ ᠬᠦᠴᠢᠷᠳᠡᠯ ᠢᠶᠠᠨ | ᠰᠢᠢᠳᠪᠦᠷᠢᠯᠡᠬᠦ ᠶᠢ ᠳᠡᠮᠵᠢᠬᠦ ᠶᠢᠨ ᠲᠥᠯᠥᠭᠡ᠂ ᠨᠢᠭᠡ ᠯᠡ ᠤᠳᠠᠭ᠎ᠠ ᠶᠢᠨ ᠴᠢᠨᠠᠷᠲᠠᠢ ᠠᠵᠢᠯᠴᠢᠨ ᠦᠯᠡᠳᠡᠭᠡᠬᠦ ᠨᠥᠬᠦᠪᠦᠷᠢ ᠶᠢᠨ | ᠠᠰᠢᠭ ᠭᠥᠷᠳᠡᠬᠦ ᠬᠡᠪᠴᠢᠶ᠎ᠡ ᠶᠢ ᠥᠷᠭᠡᠳᠬᠡᠵᠦ᠂ ᠳᠤᠮᠳᠠ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠤ ᠳᠤᠮᠳᠠ | ᠵᠢᠵᠢᠭ ᠪᠢᠴᠢᠯ ᠠᠵᠤ ᠠᠬᠤᠶᠢᠯᠠᠯ ᠠᠴᠠ ᠲᠣᠰ ᠭᠠᠵᠠᠷ ᠣᠷᠣᠨ ᠤ ᠲᠣᠮᠣ ᠬᠡᠯᠪᠡᠷᠢ ᠶᠢᠨ ᠠᠵᠤ ᠠᠬᠤᠶᠢᠯᠠᠯ ᠬᠦᠷᠲᠡᠯ᠎ᠡ | ᠥᠷᠭᠡᠳᠬᠡᠬᠦ ᠶᠢᠨ ᠬᠠᠮᠲᠤ᠂ ᠡᠯ᠎ᠡ ᠮᠤᠵᠢ ᠶᠢᠨ ᠬᠢᠨ ᠬᠢᠵᠢᠭ ᠤᠨ ᠪᠠᠶᠢᠳᠠᠯ ᠤᠨ ᠨᠥᠯᠥᠭᠡ ᠪᠠ ᠰᠠᠭᠤᠷᠢ ᠮᠥᠩᠭᠦᠨ ᠤ | ᠦᠯᠡᠳᠡᠪᠦᠷᠢ ᠶᠢᠨ ᠪᠠᠶᠢᠳᠠᠯ ᠢ ᠦᠨᠳᠦᠰᠦᠯᠡᠨ᠂ ᠪᠠᠰᠠ ᠳᠤᠮᠳᠠ ᠥᠨᠳᠥᠷ ᠳᠡᠰ ᠤᠨ ᠲᠦᠭᠰᠢᠭᠦᠷᠢᠲᠦ ᠬᠢᠵᠢᠭ ᠤᠨ ᠪᠠᠶᠢᠳᠠᠯ | ᠭᠠᠷᠤᠭᠰᠠᠨ ᠦᠭᠡᠢ ᠭᠠᠵᠠᠷ ᠣᠷᠣᠨ ᠤ ᠢᠳᠡᠭᠡᠨ ᠤᠮᠳᠠᠭᠠᠨ᠂ ᠵᠢᠵᠢᠭᠯᠡᠨ ᠬᠤᠳᠠᠯᠳᠤᠬᠤ᠂ ᠵᠢᠭᠤᠯᠴᠢᠯᠠᠯ᠂ ᠠᠷᠠᠳ ᠤᠨ | ᠠᠭᠠᠷ ᠤᠨ ᠲᠡᠭᠡᠭᠡᠪᠦᠷᠢ ᠪᠠ ᠵᠠᠰᠠᠮᠠᠯ ᠵᠠᠮ ᠤᠰᠤᠨ ᠵᠠᠮ ᠲᠡᠮᠦᠷ ᠵᠠᠮ ᠤᠨ ᠲᠡᠭᠡᠭᠡᠪᠦᠷᠢ ᠵᠡᠷᠭᠡ 5 ᠣᠨᠴᠠ ᠬᠦᠴᠢᠷᠳᠡᠯᠲᠡᠢ | ᠠᠵᠢᠯ ᠲᠥᠷᠥᠯ ᠤᠨ ᠠᠵᠤ ᠠᠬᠤᠶᠢᠯᠠᠯ ᠳᠤ ᠬᠦᠷᠲᠡᠯ᠎ᠡ ᠥᠷᠭᠡᠳᠬᠡᠵᠦ ᠪᠣᠯᠣᠨ᠎ᠠ᠃ | ᠭᠤᠷᠪᠠ ᠳᠤ᠂ ᠠᠵᠢᠯ ᠤᠨ ᠪᠠᠶᠢᠷᠢ ᠶᠢ ᠥᠷᠭᠡᠳᠬᠡᠬᠦ ᠠᠷᠭ᠎ᠠ ᠬᠡᠮᠵᠢᠶ᠎ᠡ ᠶᠢᠨ ᠰᠢᠨᠡᠴᠢᠯᠡᠯᠲᠡ ᠶᠢ ᠳᠡᠮᠵᠢᠪᠡ᠃ | ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ᠂ ᠠᠵᠢᠯᠴᠢᠨ ᠦᠯᠡᠳᠡᠭᠡᠬᠦ ᠨᠢᠭᠡ ᠯᠠ ᠤᠳᠠᠭ᠎ᠠ ᠶᠢᠨ ᠴᠢᠨᠠᠷᠲᠠᠢ | ᠨᠥᠬᠦᠪᠦᠷᠢ ᠥᠭᠬᠦ ᠵᠡᠷᠭᠡ ᠠᠵᠤ ᠠᠬᠤᠶᠢᠯᠠᠯ ᠤᠨ ᠬᠥᠮᠥᠨ ᠢᠶᠠᠨ ᠬᠠᠰᠤᠬᠤ ᠦᠭᠡᠢ᠂ ᠬᠥᠮᠥᠨ ᠢᠶᠠᠨ ᠴᠥᠭᠡᠨ ᠬᠠᠰᠤᠬᠤ ᠶᠢ | ᠤᠷᠮᠠᠰᠢᠭᠤᠯᠬᠤ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠠᠵᠤ ᠠᠬᠤᠶᠢᠯᠠᠯ ᠤᠨ ᠣᠶᠤᠲᠠᠳ ᠤᠨ | ᠠᠵᠢᠯ ᠣᠯᠭᠤᠯᠲᠠ ᠶᠢ ᠰᠢᠩᠭᠡᠬᠡᠨ ᠠᠪᠬᠤ ᠶᠢ ᠤᠷᠮᠠᠰᠢᠭᠤᠯᠬᠤ ᠠᠵᠢᠯ ᠤᠨ ᠪᠠᠶᠢᠷᠢ ᠶᠢ ᠥᠷᠭᠡᠳᠬᠡᠬᠦ ᠲᠦᠷᠦ ᠶᠢᠨ | ᠪᠣᠳᠣᠯᠭ᠎ᠠ ᠶᠢ ᠰᠢᠨ᠎ᠡ ᠪᠠᠷ ᠨᠡᠮᠡᠪᠡ᠃ ᠠᠵᠤ ᠠᠬᠤᠶᠢᠯᠠᠯ ᠲᠡᠭᠦᠰᠬᠦ ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ | ᠡᠯᠰᠡᠨ ᠬᠡᠷᠡᠭᠯᠡᠵᠦ᠂ ᠬᠥᠳᠡᠯᠮᠦᠷᠢ ᠶᠢᠨ ᠭᠡᠷ᠎ᠡ ᠲᠣᠭᠲᠠᠭᠰᠠᠨ ᠤ ᠬᠠᠮᠲᠤ ᠠᠵᠢᠯ ᠠᠯᠳᠠᠭᠰᠠᠳ ᠤᠨ ᠳᠠᠭᠠᠳᠬᠠᠯ ᠳᠤ | ᠣᠷᠣᠯᠴᠠᠭᠤᠯᠤᠭᠰᠠᠨ ᠪᠣᠯ ᠬᠥᠮᠥᠨ ᠪᠦᠷᠢ ᠳᠤ 1500 ᠲᠥᠭᠦᠷᠢᠭ ᠠᠴᠠ ᠬᠡᠲᠦᠷᠡᠬᠦ ᠦᠭᠡᠢ ᠪᠠᠷᠢᠮᠵᠢᠶ᠎ᠠ ᠪᠠᠷ ᠠᠵᠤ | ᠠᠬᠤᠶᠢᠯᠠᠯ ᠳᠤ ᠨᠢᠭᠡ ᠯᠠ ᠤᠳᠠᠭ᠎ᠠ ᠶᠢᠨ ᠴᠢᠨᠠᠷᠲᠠᠢ ᠠᠵᠢᠯ ᠤᠨ ᠪᠠᠶᠢᠷᠢ ᠶᠢ ᠥᠷᠭᠡᠳᠬᠡᠬᠦ ᠨᠥᠬᠦᠪᠦᠷᠢ ᠣᠯᠭᠤᠵᠤ ᠪᠣᠯᠣᠨ᠎ᠠ᠂ | ᠪᠣᠳᠠᠲᠠᠢ ᠨᠥᠬᠦᠪᠦᠷᠢ ᠶᠢᠨ ᠪᠠᠷᠢᠮᠵᠢᠶ᠎ᠠ ᠶᠢ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠠᠴᠠ | ᠲᠣᠭᠲᠠᠭᠠᠨ᠎ᠠ᠃ | ᠣᠳᠣᠬᠠᠨ ᠳᠤ᠂ ᠡᠮᠦᠨᠡᠬᠢ ᠬᠤᠭᠤᠴᠠᠭᠠᠨ ᠳᠤ ᠨᠡᠶᠢᠲᠡᠯᠡᠨ ᠬᠡᠷᠡᠭᠵᠢᠭᠦᠯᠦᠭᠰᠡᠨ ᠠᠵᠢᠯ ᠠᠯᠳᠠᠯᠲᠠ ᠶᠢᠨ | ᠳᠠᠭᠠᠳᠬᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠠ ᠠᠵᠢᠯᠴᠢᠨ ᠦᠯᠡᠳᠡᠭᠡᠬᠦ ᠨᠥᠬᠦᠪᠦᠷᠢ ᠶᠢᠨ ᠲᠥᠷᠥ ᠶᠢᠨ | ᠪᠣᠳᠣᠯᠭ᠎ᠠ ᠶᠢ ᠨᠢᠭᠡᠨᠲᠡ ᠠᠯᠬᠤᠮ ᠠᠯᠬᠤᠮ ᠢᠶᠠᠷ ᠨᠠᠶᠢᠳᠠᠪᠤᠷᠢᠵᠢᠭᠤᠯᠵᠤ᠂ ᠠᠵᠢᠯ ᠠᠯᠳᠠᠯᠲᠠ ᠶᠢᠨ ᠳᠠᠭᠠᠳᠬᠠᠯ ᠤᠨ | ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠡᠯᠡ ᠮᠥᠩᠭᠦ ᠶᠢ ᠨᠢᠭᠡᠨᠲᠡ ᠠᠵᠤ ᠠᠬᠤᠶᠢᠯᠠᠯ ᠳᠤ ᠰᠢᠭᠤᠳ ᠬᠦᠷᠭᠡᠪᠡ᠃ | ᠡᠨᠡ ᠤᠳᠠᠭ᠎ᠠ ᠶᠢᠨ ᠨᠡᠶᠢᠲᠡᠯᠡᠭᠰᠡᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠣᠳᠣ ᠶᠠᠭ ᠱᠠᠯᠠᠪᠳᠠᠨ | ᠨᠠᠶᠢᠳᠠᠪᠤᠷᠢᠵᠢᠭᠤᠯᠵᠤ ᠪᠠᠶᠢᠨ᠎ᠠ᠃ | Q5 | Q᠄ ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠬᠠᠪᠰᠤᠷᠴᠤ ᠬᠦᠴᠢᠷᠳᠡᠯ ᠢ ᠨᠢ ᠰᠢᠢᠳᠪᠦᠷᠢᠯᠡᠬᠦ ᠳᠤ ᠶᠠᠮᠠᠷ ᠶᠠᠮᠠᠷ | ︽ᠬᠠᠮ ᠠᠷᠭ᠎ᠠ ᠪᠣᠳᠣᠯᠭ᠎ᠠ︾ ᠪᠠᠶᠢᠬᠤ ᠪᠣᠶ︖ | A᠄ | ᠨᠢᠭᠡ ᠳᠤ᠂ ᠲᠦᠷᠦ ᠶᠢᠨ ᠪᠣᠳᠣᠯᠭ᠎ᠠ ᠶᠢᠨ ︽ᠬᠠᠮ ᠠᠷᠭ᠎ᠠ ᠪᠣᠳᠣᠯᠭ᠎ᠠ︾᠃ ᠡᠨᠡ ᠵᠢᠯ ᠠᠴᠠ ᠨᠠᠭᠠᠰᠢ᠂ ᠤᠯᠤᠰ ᠤᠨ | ᠲᠠᠰ ᠳᠠᠪᠬᠤᠷᠭ᠎ᠠ ᠠᠴᠠ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ 20 ᠭᠠᠷᠤᠢ ᠨᠡᠶᠢᠲᠡᠯᠡᠵᠦ᠂ | ᠨᠡᠶᠢᠯᠡᠮᠡᠯ ᠮᠠᠶ᠋ᠢᠭ ᠤᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠢ ᠬᠡᠷᠡᠭᠵᠢᠭᠦᠯᠬᠦ᠂ ᠨᠠᠰᠤᠵᠢᠯ ᠤᠨ ᠠᠰᠠᠷᠠᠮᠵᠢ ᠵᠡᠷᠭᠡ ᠭᠤᠷᠪᠠᠨ | ᠵᠦᠢᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠬᠤᠶᠢᠰᠢᠯᠠᠭᠤᠯᠤᠨ ᠲᠤᠰᠢᠶᠠᠬᠤ᠂ ᠳᠤᠮᠳᠠ ᠵᠢᠵᠢᠭ ᠪᠢᠴᠢᠯ ᠠᠵᠤ | ᠠᠬᠤᠶᠢᠯᠠᠯ ᠤᠨ ᠪᠡᠯᠡ ᠲᠣᠬᠢᠷᠠᠭᠤᠯᠭ᠎ᠠ ᠶᠢ ᠠᠬᠢᠭᠤᠯᠬᠤ᠂ ᠤᠯᠤᠰ ᠤᠨ ᠥᠮᠴᠢᠯᠡᠯᠲᠦ ᠠᠳᠠᠯ ᠠᠬᠤᠢ ᠶᠢᠨ ᠭᠡᠷ ᠤᠨ | ᠲᠦᠷᠢᠶᠡᠰᠦ ᠶᠢ ᠬᠠᠰᠤᠵᠤ ᠬᠡᠯᠲᠦᠷᠢᠭᠦᠯᠬᠦ ᠵᠡᠷᠭᠡ ᠣᠯᠠᠨ ᠲᠠᠯ᠎ᠠ ᠠᠴᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ | ᠬᠦᠴᠢᠷᠳᠡᠯ ᠢ ᠰᠢᠢᠳᠪᠦᠷᠢᠯᠡᠵᠦ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠪᠠ᠃ 5 ᠳ᠋ᠤᠭᠠᠷ ᠰᠠᠷ᠎ᠠ ᠶᠢᠨ 9 ᠤ | ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ | ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ︽ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠬᠦᠴᠦᠯᠡᠨ | ᠲᠡᠳᠬᠦᠵᠦ ᠬᠦᠴᠢᠷᠳᠡᠯ ᠢ ᠨᠢ ᠰᠢᠢᠳᠪᠦᠷᠢᠯᠡᠵᠦ ᠲᠦᠪᠡᠭᠳᠡᠯ ᠢ ᠨᠢ ᠲᠠᠶᠢᠯᠬᠤ ᠠᠷᠭ᠎ᠠ ᠬᠡᠮᠵᠢᠶ᠎ᠡ ᠨᠦᠭᠦᠳ︾ ᠢ ᠳᠠᠷᠤᠮᠠᠯᠯᠠᠨ | ᠲᠠᠷᠬᠠᠭᠠᠵᠤ᠂ ᠪᠡᠯᠡ ᠮᠥᠩᠭᠦ ᠶᠢᠨ ᠳᠡᠮᠵᠢᠯᠭᠡ ᠶᠢ ᠨᠡᠮᠡᠭᠳᠡᠭᠦᠯᠬᠦ᠂ ᠪᠡᠯᠡ ᠲᠣᠬᠢᠷᠠᠭᠤᠯᠬᠤ ᠳᠤ ᠬᠦᠴᠢᠷᠲᠡᠢ ᠵᠣᠭᠤᠰ | ᠪᠤᠴᠠᠭᠠᠬᠤ ᠳᠤ ᠬᠦᠴᠢᠷᠲᠡᠢ ᠪᠠᠶᠢᠬᠤ ᠠᠰᠠᠭᠤᠳᠠᠯ ᠢ ᠨᠠᠮᠳᠠᠭᠤᠯᠬᠤ᠂ ᠥᠪᠡᠷ ᠤᠨ ᠥᠷᠲᠡᠭ ᠢ ᠪᠠᠭᠤᠷᠠᠭᠤᠯᠤᠨ ᠬᠡᠷᠡᠭᠴᠡᠭᠡ ᠶᠢ | ᠥᠷᠭᠡᠳᠬᠡᠬᠦ ᠶᠢ ᠠᠬᠢᠭᠤᠯᠬᠤ ᠪᠠ ᠦᠢᠯᠡᠴᠢᠯᠡᠭᠡ ᠪᠠᠲᠤᠯᠠᠭ᠎ᠠ ᠶᠢ ᠴᠢᠩᠭᠠᠳᠬᠠᠬᠤ ᠵᠡᠷᠭᠡ 4 ᠲᠠᠯ᠎ᠠ ᠪᠠᠷ 10 ᠵᠦᠢᠯ ᠤᠨ | ᠪᠣᠳᠠᠲᠠᠢ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠠᠢ᠃ ᠡᠳ᠋ ᠤᠨ ᠵᠠᠰᠠᠭ ᠤᠨ ᠶᠠᠮᠤᠨ᠂ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠠᠷᠠᠳ ᠤᠨ ᠪᠠᠩᠬᠢ ᠵᠡᠷᠭᠡ ᠰᠠᠯᠠᠭ᠎ᠠ ᠮᠥᠴᠢᠷ ᠠᠴᠠ ᠤᠷᠢᠳ | ᠬᠤᠵᠢᠳ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠡᠶᠢᠲᠡᠯᠡᠵᠦ᠂ ᠠᠵᠤ ᠠᠬᠤᠶᠢᠯᠠᠯ ᠢ ᠳᠡᠮᠵᠢᠨ | ᠬᠦᠴᠢᠷᠳᠡᠯ ᠢ ᠲᠠᠶᠢᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠪᠠ᠃ ᠣᠶᠢᠷ᠎ᠠ ᠳᠤ᠂ ᠲᠥᠷᠥ ᠶᠢᠨ | ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠠᠴᠠ ᠬᠡᠷᠡᠭᠵᠢᠭᠦᠯᠬᠦ ᠪᠠᠷ ᠲᠣᠭᠲᠠᠭᠠᠭᠰᠠᠨ ᠠᠵᠤ ᠠᠬᠤᠢ ᠶᠢ | ᠲᠣᠭᠲᠠᠪᠤᠷᠢᠵᠢᠭᠤᠯᠬᠤ 6 ᠲᠠᠯ᠎ᠠ ᠶᠢᠨ 33 ᠵᠦᠢᠯ ᠤᠨ ᠠᠷᠭ᠎ᠠ ᠬᠡᠮᠵᠢᠶ᠎ᠡ ᠶᠢᠨ ᠳᠣᠲᠣᠷ᠎ᠠ ᠨᠡᠶᠢᠲᠡ 14 ᠵᠣᠷᠪᠣᠰ 24 ᠵᠦᠢᠯ | ᠨᠢ ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠳᠡᠮᠵᠢᠵᠦ ᠪᠤᠢ᠃ ᠵᠢᠱᠢᠶᠡᠯᠡᠪᠡᠯ ᠥᠷᠲᠡᠭ ᠨᠡᠮᠡᠭᠳᠡᠯ ᠤᠨ ᠭᠠᠶᠢᠯᠢ ᠶᠢᠨ | ᠦᠯᠡᠳᠡᠭᠡᠬᠦ ᠪᠠ ᠰᠠᠭᠤᠳᠬᠠᠨ ᠪᠤᠴᠠᠭᠠᠬᠤ ᠭᠠᠶᠢᠯᠢ ᠶᠢᠨ ᠲᠥᠷᠥ ᠶᠢᠨ ᠪᠣᠳᠣᠯᠭ᠎ᠠ ᠶᠢᠨ ᠡᠷᠴᠢᠮ ᠢ ᠤᠯᠠᠮ ᠨᠢᠭᠡ ᠠᠯᠬᠤᠮ | ᠴᠢᠩᠭᠠᠷᠠᠭᠤᠯᠵᠤ᠂ ︽ᠲᠤᠰᠬᠠᠢ ᠨᠠᠷᠢᠯᠢᠭ ᠣᠨᠴᠠᠭᠠᠶ ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ | ᠳᠡᠮᠵᠢᠬᠦ ᠵᠡᠷᠭᠡ ᠪᠣᠯᠣᠨ᠎ᠠ᠃ | ᠬᠤᠶᠠᠷ ᠲᠤ᠂ ᠦᠢᠯᠡᠴᠢᠯᠡᠭᠡᠨ ᠤ ︽ᠬᠠᠮ ᠠᠷᠭ᠎ᠠ ᠪᠣᠳᠣᠯᠭ᠎ᠠ︾᠃ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠶᠠᠮᠤᠨ ᠠᠴᠠ 5 ᠳ᠋ᠤᠭᠠᠷ ᠰᠠᠷ᠎ᠠ ᠳᠤ ᠪᠥᠬᠦ ᠤᠯᠤᠰ ᠲᠤ ︽ᠬᠦᠴᠢᠷᠳᠡᠯ ᠢ ᠰᠢᠢᠳᠪᠦᠷᠢᠯᠡᠵᠦ᠂ | ᠬᠥᠭᠵᠢᠯᠲᠡ ᠳᠤ ᠬᠦᠴᠦᠨ ᠨᠡᠮᠡᠷᠢᠯᠡᠬᠦ︾ ᠪᠠᠷ ᠭᠤᠣᠯ ᠰᠡᠳᠦᠪ ᠪᠣᠯᠭᠠᠭᠰᠠᠨ ᠳᠤᠮᠳᠠ ᠵᠢᠵᠢᠭ ᠠᠵᠤ ᠠᠬᠤᠶᠢᠯᠠᠯ ᠤᠨ | ᠦᠢᠯᠡᠴᠢᠯᠡᠭᠡᠨ ᠤ ᠰᠠᠷ᠎ᠠ ᠶᠢᠨ ᠠᠵᠢᠯᠯᠠᠭ᠎ᠠ ᠶᠢ ᠥᠷᠨᠢᠭᠦᠯᠪᠡ᠃ ᠡᠭᠦᠨ ᠤ ᠵᠡᠷᠭᠡᠴᠡᠭᠡ ᠪᠠᠷ᠂ ᠳᠤᠮᠳᠠ ᠵᠢᠵᠢᠭ ᠠᠵᠤ | ᠠᠬᠤᠶᠢᠯᠠᠯ ᠳᠤ ᠥᠷᠢᠲᠦᠵᠦ ᠪᠠᠶᠢᠭ᠎ᠠ ᠳᠠᠩᠰᠠᠨ ᠵᠣᠭᠤᠰ ᠢ ᠰᠡᠷᠭᠡᠶᠢᠯᠡᠨ ᠨᠠᠮᠳᠠᠭᠤᠯᠬᠤ ᠵᠡᠷᠭᠡ 4 ᠲᠤᠰᠬᠠᠢ ᠵᠦᠢᠯ ᠤᠨ | ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠪᠡ᠃ | ᠡᠭᠦᠨ ᠠᠴᠠ ᠭᠠᠳᠠᠨ᠎ᠠ᠂ ᠬᠦᠴᠢᠷᠳᠡᠯ ᠢ ᠰᠢᠢᠳᠪᠦᠷᠢᠯᠡᠬᠦ ᠪᠠ ᠰᠢᠯᠢᠳᠡᠭ ᠢ ᠬᠥᠮᠥᠵᠢᠭᠦᠯᠬᠦ ᠶᠢ ᠬᠠᠷᠢᠯᠴᠠᠨ | ᠤᠶᠠᠯᠳᠤᠭᠤᠯᠬᠤ ᠶᠢ ᠪᠠᠷᠢᠮᠲᠠᠯᠠᠵᠤ᠂ ᠲᠣᠰ ᠭᠠᠷᠠᠭ ᠲᠤ ︽ᠴᠢᠨᠠᠷ ᠰᠠᠶᠢᠲᠠᠢ ᠳᠤᠮᠳᠠ ᠵᠢᠵᠢᠭ ᠠᠵᠤ ᠠᠬᠤᠶᠢᠯᠠᠯ ᠤᠨ | ᠱᠠᠲᠤᠯᠢᠭ ᠪᠤᠶᠢᠵᠢᠯᠲᠠ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢ ᠳᠠᠷᠤᠮᠠᠯᠯᠠᠨ ᠲᠠᠷᠬᠠᠭᠠᠵᠤ᠂ ᠰᠢᠨ᠎ᠡ ᠶᠢ | ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ ︽ᠲᠤᠰᠬᠠᠢ ᠨᠠᠷᠢᠯᠢᠭ ᠣᠨᠴᠠᠭᠠᠢ ᠰᠢᠨ᠎ᠡ︾ ᠳᠤᠮᠳᠠ ᠵᠢᠵᠢᠭ | ᠠᠵᠤ ᠠᠬᠤᠶᠢᠯᠠᠯ᠂ ᠲᠤᠰᠬᠠᠢ ᠨᠠᠷᠢᠯᠢᠭ ᠣᠨᠴᠠᠭᠠᠢ ᠰᠢᠨ᠎ᠡ ︽ᠵᠢᠵᠢᠭ ᠠᠪᠤᠷᠭᠤ︾ ᠠᠵᠤ ᠠᠬᠤᠶᠢᠯᠠᠯ ᠢ ᠬᠠᠮᠤᠷᠤᠭᠰᠠᠨ | ᠴᠢᠨᠠᠷ ᠰᠠᠶᠢᠲᠠᠢ ᠳᠤᠮᠳᠠ ᠵᠢᠵᠢᠭ ᠠᠵᠤ ᠠᠬᠤᠶᠢᠯᠠᠯ ᠤᠨ ᠱᠠᠲᠤᠯᠢᠭ ᠪᠤᠶᠢᠵᠢᠯᠲᠠ ᠶᠢᠨ ᠰᠢᠰᠲ᠋ᠧᠮ ᠢ ᠲᠦᠷᠭᠡᠳᠬᠡᠨ | ᠪᠠᠶᠢᠭᠤᠯᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠪᠠ ᠭᠤᠣᠯᠯᠠᠬᠤ | ᠥᠷᠢᠰᠦᠯᠳᠦᠬᠦ ᠬᠦᠴᠦᠨ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ | ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠠᠵᠤ ᠠᠬᠤᠶᠢᠯᠠᠯ ᠤᠨ | ᠳᠠᠷᠤᠭᠠᠰᠤ ᠶᠢ ᠬᠥᠩᠭᠡᠷᠡᠭᠦᠯᠬᠦ ᠪᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ | ᠶᠡᠷᠦᠩᠬᠡᠶᠢᠯᠡᠭᠰᠡᠨ ᠰᠢᠮᠳᠠᠭᠤᠯᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠠᠵᠤ ᠠᠬᠤᠶᠢᠯᠠᠯ ᠳᠤ ᠬᠤᠯᠪᠣᠭᠳᠠᠭᠰᠠᠨ | ᠳᠤᠷ᠎ᠠ ᠪᠠᠷ ᠰᠦᠢᠳᠬᠡᠯ ᠬᠤᠷᠢᠶᠠᠬᠤ ᠪᠠᠶᠢᠳᠠᠯ ᠢ ᠴᠡᠭᠴᠡᠯᠡᠨ ᠵᠠᠰᠠᠬᠤ᠂ ᠥᠷᠢᠲᠦᠵᠦ ᠪᠠᠶᠢᠭ᠎ᠠ ᠲᠠᠩᠰᠠᠨ ᠵᠣᠭᠤᠰ ᠢ ᠴᠡᠭᠴᠡᠯᠡᠨ | ᠢᠯᠭᠠᠷᠠᠭᠤᠯᠬᠤ ᠵᠡᠷᠭᠡ ᠠᠵᠢᠯ ᠤᠨ ᠡᠷᠴᠢᠮ ᠢ ᠴᠢᠩᠭᠠᠷᠠᠭᠤᠯᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠠᠤᠯᠢ | ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠨ᠎ᠠ᠃ | Q6 | Q᠄ ᠣᠳᠣᠬᠠᠨ ᠤ ᠮᠠᠨ ᠤ ᠤᠯᠤᠰ ᠤᠨ ᠡᠨᠧᠷᠭᠢ ᠶᠢᠨ ᠬᠠᠩᠭᠠᠯᠭ᠎ᠠ ᠬᠡᠷᠡᠭᠯᠡᠭᠡ ᠨᠢ ᠶᠠᠮᠠᠷ ᠪᠠᠶᠢᠳᠠᠯ ᠲᠠᠢ ᠪᠤᠶ︖ | ᠬᠡᠷᠬᠢᠨ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ ᠪᠤᠢ︖ | A᠄ | ᠶᠡᠷᠦᠩᠬᠡᠢ ᠳᠤ ᠨᠢ ᠠᠪᠴᠤ ᠦᠵᠡᠪᠡᠯ᠂ ᠡᠨᠡ ᠵᠢᠯ ᠠᠴᠠ ᠨᠠᠭᠠᠰᠢ ᠮᠠᠨ ᠤ ᠤᠯᠤᠰ ᠤᠨ ᠡᠨᠧᠷᠭᠢ ᠶᠢᠨ | ᠰᠤᠷᠪᠤᠯᠵᠢ ᠶᠢᠨ ᠬᠠᠩᠭᠠᠯᠭ᠎ᠠ ᠬᠡᠷᠡᠭᠴᠡᠭᠡ ᠶᠡᠷᠦᠩᠬᠡᠢ ᠳᠤ ᠪᠠᠨ ᠲᠣᠭᠲᠠᠭᠤᠨ ᠪᠥᠭᠡᠳ ᠡᠮᠬᠢ ᠵᠢᠷᠤᠮ ᠲᠠᠢ ᠶᠠᠪᠤᠭᠳᠠᠵᠤ ᠪᠤᠢ᠃ | ᠣᠳᠣᠬᠠᠨ ᠳᠤ᠂ ᠮᠠᠨ ᠤ ᠤᠯᠤᠰ ᠤᠨ ᠭᠤᠣᠯ ᠪᠣᠯᠬᠤ ᠴᠢᠯᠠᠭᠤᠨ ᠲᠣᠰᠣ ᠰᠢᠲᠠᠮᠠᠬᠠᠢ ᠬᠡᠢ ᠶᠢᠨ ᠠᠵᠤ ᠠᠬᠤᠶᠢᠯᠠᠯ ᠤᠨ | ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠬᠥᠮᠥᠷᠭᠡ ᠶᠢᠨ ᠬᠠᠳᠠᠭᠠᠯᠠᠯᠲᠠ ᠢᠮᠠᠭᠲᠠ ᠥᠨᠳᠥᠷ ᠪᠠᠶᠢᠷᠢᠨ ᠳᠤ ᠪᠠᠶᠢᠵᠤ᠂ | ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠶᠢᠨ ᠬᠠᠳᠠᠭᠠᠯᠠᠯᠲᠠ᠂ ᠰᠠᠪᠠ ᠶᠢᠨ ᠬᠠᠳᠠᠭᠠᠯᠠᠯᠲᠠ ᠴᠥᠮ ᠥᠨᠳᠥᠷ | ᠪᠠᠶᠢᠷᠢᠨ ᠳᠤ ᠪᠠᠶᠢᠵᠤ᠂ ᠬᠡᠷᠡᠭᠴᠡᠭᠡ ᠶᠢ ᠪᠦᠲᠦᠮᠵᠢᠲᠡᠶ ᠪᠠᠲᠤᠯᠠᠵᠤ ᠴᠢᠳᠠᠨ᠎ᠠ᠃ | ᠨᠡᠭᠦᠷᠡᠰᠦᠨ ᠤ ᠭᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠲᠠᠯ᠎ᠠ ᠪᠠᠷ᠂ ᠤᠯᠤᠰ ᠤᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠭᠤᠷᠪᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠥᠷᠨᠢᠭᠦᠯᠪᠡ | ᠃ | ᠨᠢᠭᠡ ᠳᠤ᠂ ᠲᠡᠷᠢᠭᠦᠨ ᠤ ᠦᠢᠯᠡᠳᠪᠦᠷᠢᠯᠡᠬᠦ ᠴᠢᠳᠠᠪᠤᠷᠢ ᠶᠢ ᠭᠦᠢᠴᠡᠳ ᠪᠠᠳᠠᠷᠠᠭᠤᠯᠪᠠ᠃ ᠲᠥᠷᠥ ᠶᠢᠨ ᠶᠠᠪᠤᠳᠠᠯ ᠤᠨ | ᠬᠤᠷᠢᠶᠠᠨ ᠤ ᠪᠠᠶᠢᠩᠭᠤ ᠶᠢᠨ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ ᠨᠡᠭᠦᠷᠡᠰᠦ ᠴᠠᠬᠢᠯᠭᠠᠨ ᠲᠣᠰᠣ ᠬᠡᠢ ᠲᠡᠭᠡᠭᠡᠪᠦᠷᠢ ᠶᠢᠨ | ᠲᠤᠬᠠᠢ ᠶᠠᠮᠤᠨ ᠤ ᠬᠤᠭᠤᠷᠣᠨᠳᠣᠬᠢ ᠵᠣᠬᠢᠴᠠᠭᠤᠯᠬᠤ ᠲᠣᠭᠲᠠᠴᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ | ᠦᠢᠯᠡᠳᠪᠦᠷᠢᠯᠡᠯ ᠤᠨ ᠴᠢᠳᠠᠪᠤᠷᠢ ᠶᠢ ᠨᠡᠮᠡᠭᠳᠡᠭᠦᠯᠬᠦ᠂ ᠦᠢᠯᠡᠳᠪᠦᠷᠢᠯᠡᠯ ᠢ ᠥᠷᠭᠡᠳᠬᠡᠬᠦ᠂ ᠰᠢᠨ᠎ᠡ ᠪᠠᠷ ᠠᠰᠢᠭᠯᠠᠯᠲᠠ ᠳᠤ | ᠣᠷᠣᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠨᠡᠭᠦᠷᠡᠰᠦᠨ ᠤ ᠦᠢᠯᠡᠳᠪᠦᠷᠢᠯᠡᠯ ᠤᠨ ᠴᠢᠳᠠᠪᠤᠷᠢ ᠶᠢ 3 | ᠳ᠋ᠦᠩᠰᠢᠭᠤᠷ ᠲᠣᠨ ᠰᠢᠨ᠎ᠡ ᠪᠠᠷ ᠨᠡᠮᠡᠭᠳᠡᠭᠦᠯᠵᠦ᠂ ᠡᠭᠦᠨ ᠤ ᠬᠠᠮᠲᠤ ᠦᠢᠯᠡᠳᠪᠦᠷᠢᠯᠡᠯ ᠤᠨ ᠴᠢᠳᠠᠪᠤᠷᠢ ᠪᠣᠯᠣᠨ | ᠭᠠᠷᠤᠯᠲᠠ ᠶᠢᠨ ᠬᠠᠷᠠᠯᠲᠠ ᠶᠢ ᠨᠡᠭᠦᠷᠡᠰᠦ ᠭᠠᠷᠭᠠᠬᠤ ᠪᠤᠢ ᠪᠦᠬᠦᠢ ᠮᠤᠵᠢ ᠣᠷᠣᠨ ᠳᠤ ᠬᠦᠷᠲᠡᠯ᠎ᠡ ᠲᠣᠳᠣᠷᠬᠠᠶᠢᠯᠠᠵᠤ᠂ ᠣᠷᠣᠨ | ᠨᠤᠲᠤᠭ ᠤᠨ ᠵᠠᠰᠠᠭ ᠤᠨ ᠣᠷᠳᠣᠨ ᠤ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠣᠯᠣᠨ ᠠᠵᠤ ᠠᠬᠤᠶᠢᠯᠠᠯ ᠤᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠣᠷᠣᠨ ᠨᠤᠲᠤᠭ ᠪᠣᠯᠣᠨ ᠠᠵᠤ ᠠᠬᠤᠶᠢᠯᠠᠯ ᠠᠴᠠ ᠲᠡᠷᠢᠭᠦᠨ ᠤ | ᠦᠢᠯᠡᠳᠪᠦᠷᠢᠯᠡᠯ ᠤᠨ ᠴᠢᠳᠠᠪᠤᠷᠢ ᠶᠢ ᠪᠠᠳᠠᠷᠠᠭᠤᠯᠬᠤ ᠶᠢ ᠠᠬᠢᠭᠤᠯᠵᠤ᠂ 1 - 4 ᠳ᠋ᠦ᠋ᠭᠡᠷ ᠰᠠᠷ᠎ᠠ ᠳᠤ᠂ ᠪᠦᠬᠦ ᠤᠯᠤᠰ ᠤᠨ | ᠨᠡᠭᠦᠷᠡᠰᠦᠨ ᠤ ᠭᠠᠷᠤᠯᠲᠠ 14.48 ᠳ᠋ᠦᠩᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10. | 5% ᠪᠠᠷ ᠨᠡᠮᠡᠭᠳᠡᠵᠦ᠂ ᠵᠣᠬᠢᠰᠲᠠᠢ ᠨᠡᠭᠦᠷᠡᠰᠦ ᠬᠡᠷᠡᠭᠯᠡᠬᠦ ᠬᠡᠷᠡᠭᠴᠡᠭᠡ ᠶᠢ ᠪᠠᠲᠤᠯᠠᠵᠤ ᠴᠢᠳᠠᠪᠠ᠃ ᠦᠢᠯᠡᠳᠪᠦᠷᠢᠯᠡᠯ ᠤᠨ | ᠴᠢᠳᠠᠪᠤᠷᠢ ᠶᠢ ᠦᠷᠭᠦᠯᠵᠢᠯᠡᠨ ᠨᠡᠮᠡᠭᠳᠡᠭᠦᠯᠬᠦ ᠶᠢ ᠳᠠᠭᠠᠯᠳᠤᠨ᠂ ᠦᠷᠭᠦᠯᠵᠢᠯᠡᠨ ᠬᠠᠩᠭᠠᠬᠤ ᠴᠢᠳᠠᠪᠤᠷᠢ ᠪᠠᠰᠠ ᠤᠯᠠᠮ | ᠴᠢᠨᠠᠭᠰᠢᠳᠠ ᠨᠡᠮᠡᠭᠳᠡᠬᠦ ᠪᠣᠯᠣᠨ᠎ᠠ᠃ | ᠬᠤᠶᠠᠷ ᠲᠤ᠂ ᠨᠡᠭᠦᠷᠡᠰᠦ ᠲᠡᠭᠡᠭᠡᠪᠦᠷᠢᠯᠡᠬᠦ ᠪᠠ ᠨᠥᠭᠡᠴᠡᠯᠡᠬᠦ ᠴᠢᠳᠠᠪᠤᠷᠢ ᠶᠢ ᠲᠠᠰᠤᠷᠠᠯᠲᠠ ᠦᠭᠡᠢ ᠨᠡᠮᠡᠭᠳᠡᠭᠦᠯᠪᠡ᠃ | ᠣᠶᠢᠷ᠎ᠠ ᠶᠢᠨ ᠵᠢᠯ ᠤᠳ ᠲᠤ᠂ ᠨᠡᠭᠦᠷᠡᠰᠦ ᠶᠢ ᠲᠥᠪᠯᠡᠷᠡᠭᠦᠯᠬᠦ ᠲᠠᠷᠬᠠᠭᠠᠬᠤ ᠲᠡᠭᠡᠭᠡᠪᠦᠷᠢᠯᠡᠬᠦ ᠪᠦᠲᠦᠭᠡᠨ ᠪᠠᠶᠢᠭᠤᠯᠤᠯᠲᠠ ᠶᠢ | ᠦᠷᠭᠦᠯᠵᠢᠯᠡᠨ ᠴᠢᠩᠭᠠᠳᠬᠠᠵᠤ᠂ ᠵᠠᠰᠠᠮᠠᠯ ᠵᠠᠮ ᠲᠡᠮᠦᠷ ᠵᠠᠮ ᠤᠰᠤᠨ ᠵᠠᠮ ᠤᠨ ᠤᠯᠠᠨ ᠬᠡᠯᠪᠡᠷᠢ ᠶᠢᠨ ᠬᠠᠮᠲᠤᠷᠠᠭᠰᠠᠨ | ᠲᠡᠭᠡᠭᠡᠪᠦᠷᠢ ᠶᠢ ᠠᠬᠢᠭᠤᠯᠵᠤ᠂ ᠨᠡᠭᠦᠷᠡᠰᠦ ᠲᠡᠭᠡᠭᠡᠪᠦᠷᠢᠯᠡᠬᠦ ᠴᠢᠳᠠᠪᠤᠷᠢ ᠶᠢ ᠶᠡᠭᠡ ᠪᠠᠷ ᠴᠢᠩᠭᠠᠷᠠᠭᠤᠯᠪᠠ᠃ ᠡᠭᠦᠨ ᠤ ᠬᠠᠮᠲᠤ᠂ | ᠨᠡᠭᠦᠷᠡᠰᠦ ᠨᠥᠭᠡᠴᠡᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠭᠤᠣᠯᠳᠠᠯᠭ᠎ᠠ ᠲᠠᠢ ᠭᠠᠵᠠᠷ | ᠣᠷᠣᠨ ᠤ ᠨᠥᠭᠡᠴᠡᠯᠡᠬᠦ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠲᠣᠬᠢᠷᠠᠭᠤᠯᠵᠤ | ᠪᠣᠯᠬᠤᠶᠢᠴᠠ ᠨᠥᠭᠡᠴᠡᠯᠡᠬᠦ ᠡᠬᠢ ᠪᠠᠶᠠᠯᠢᠭ ᠢ ᠶᠡᠭᠡ ᠪᠠᠷ ᠨᠡᠮᠡᠭᠳᠡᠭᠦᠯᠵᠦ᠂ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ | ᠶᠠᠪᠤᠴᠠ ᠳᠠᠬᠢ ᠴᠢᠬᠤᠯᠠ ᠦᠢᠯᠡᠳᠦᠯ ᠢ ᠪᠠᠳᠠᠷᠠᠭᠤᠯᠪᠠ᠃ | ᠭᠤᠷᠪᠠ ᠳᠤ᠂ ᠤᠷᠲᠤ ᠬᠤᠭᠤᠴᠠᠭᠠᠨ ᠤ ᠵᠥᠪᠯᠡᠯᠴᠡᠭᠡᠷ ᠤᠨ ᠦᠨ᠎ᠡ ᠬᠠᠩᠰᠢ ᠶᠢ ᠲᠣᠭᠲᠠᠪᠤᠷᠢᠵᠢᠭᠤᠯᠵᠤ᠂ | ᠠᠷᠠᠳ ᠤᠨ ᠠᠮᠢᠳᠤᠷᠠᠯ ᠳᠤ ᠬᠡᠷᠡᠭᠯᠡᠬᠦ ᠨᠡᠭᠦᠷᠡᠰᠦᠨ ᠤ ᠬᠡᠷᠡᠭᠴᠡᠭᠡ ᠶᠢ ᠦᠨᠡᠨ ᠬᠦ ᠪᠠᠲᠤᠯᠠᠪᠠ᠃ ᠡᠨᠡ ᠵᠢᠯ ᠴᠠᠬᠢᠯᠭᠠᠨ | ᠭᠠᠷᠭᠠᠬᠤ ᠢᠯᠴᠢ ᠬᠠᠩᠭᠠᠬᠤ ᠨᠡᠭᠦᠷᠡᠰᠦᠨ ᠤ ᠳᠤᠮᠳᠠ ᠤᠷᠳᠤ ᠬᠤᠭᠤᠴᠠᠭᠠᠨ ᠤ ᠭᠡᠷ᠎ᠡ ᠶᠢ ᠨᠡᠶᠢᠳᠡᠮ ᠬᠡᠷᠡᠭᠵᠢᠭᠦᠯᠬᠦ ᠶᠢ | ᠠᠬᠢᠭᠤᠯᠵᠤ᠂ ᠨᠡᠭᠦᠷᠡᠰᠦᠨ ᠤ ᠳᠤᠮᠳᠠ ᠤᠷᠳᠤ ᠬᠤᠭᠤᠴᠠᠭᠠᠨ ᠤ ᠠᠷᠠᠯᠵᠢᠶᠠᠨ ᠤ ᠦᠨ᠎ᠡ ᠬᠠᠩᠰᠢ ᠶᠢᠨ ᠲᠣᠭᠲᠠᠴᠠ ᠶᠢ | ᠲᠡᠭᠦᠯᠳᠡᠷᠵᠢᠭᠦᠯᠵᠦ᠂ ᠴᠠᠬᠢᠯᠭᠠᠨ ᠬᠦᠴᠦᠨ ᠤ ᠠᠵᠤ ᠠᠬᠤᠶᠢᠯᠠᠯ ᠤᠨ ᠨᠡᠭᠦᠷᠡᠰᠦ ᠬᠡᠷᠡᠭᠯᠡᠬᠦ ᠥᠪᠡᠷ ᠤᠨ ᠦᠷᠳᠡᠭ ᠢ | ᠪᠦᠲᠦᠮᠵᠢᠲᠡᠶ ᠪᠠᠭᠤᠷᠠᠭᠤᠯᠵᠤ᠂ ᠡᠨᠧᠷᠭᠢ ᠶᠢᠨ ᠰᠤᠷᠪᠤᠯᠵᠢ ᠴᠠᠬᠢᠯᠭᠠᠨ ᠬᠦᠴᠦᠨ ᠤ ᠬᠠᠩᠭᠠᠯᠭ᠎ᠠ ᠶᠢᠨ ᠰᠠᠭᠤᠷᠢ ᠶᠢ ᠤᠯᠠᠮ | ᠨᠢᠭᠡ ᠠᠯᠬᠤᠮ ᠪᠠᠲᠤᠳᠬᠠᠪᠠ᠃ | Q7 | Q᠄ ᠠᠵᠤ ᠦᠢᠯᠡᠳᠪᠦᠷᠢ ᠶᠢᠨ ᠠᠵᠤ ᠠᠬᠤᠢ ᠶᠢ ᠲᠣᠭᠲᠠᠪᠤᠷᠢᠵᠢᠭᠤᠯᠵᠤ᠂ ᠠᠵᠤ ᠦᠢᠯᠡᠰ ᠤᠨ ᠬᠡᠯᠬᠢᠶ᠎ᠡ ᠪᠠ | ᠬᠠᠩᠭᠠᠯᠭ᠎ᠠ ᠶᠢᠨ ᠬᠡᠯᠬᠢᠶ᠎ᠡ ᠶᠢ ᠰᠠᠭᠠᠳ ᠦᠭᠡᠢ ᠨᠡᠪᠲᠡᠷᠡᠭᠦᠯᠬᠦ ᠲᠤᠬᠠᠢ ᠶᠠᠮᠠᠷ ᠶᠠᠮᠠᠷ ᠠᠷᠭ᠎ᠠ ᠬᠡᠮᠵᠢᠶ᠎ᠡ ᠪᠠᠶᠢᠬᠤ ᠪᠤᠢ︖ | A᠄ | ᠠᠵᠤ ᠦᠢᠯᠡᠳᠪᠦᠷᠢ ᠪᠣᠯᠣᠨ ᠮᠡᠳᠡᠭᠡ ᠵᠠᠩᠭᠢᠵᠢᠯᠲᠠ ᠶᠢᠨ ᠶᠠᠮᠤᠨ ᠠᠴᠠ ᠠᠵᠤ ᠦᠢᠯᠡᠰ ᠤᠨ ᠬᠡᠯᠬᠢᠶ᠎ᠡ ᠪᠠ | ᠬᠠᠩᠭᠠᠯᠭ᠎ᠠ ᠶᠢᠨ ᠬᠡᠯᠬᠢᠶ᠎ᠡ ᠶᠢ ᠰᠠᠭᠠᠳ ᠦᠭᠡᠢ ᠨᠡᠪᠲᠡᠷᠡᠭᠦᠯᠬᠦ ᠶᠢ ᠲᠡᠷᠢᠭᠦᠨ ᠴᠢᠬᠤᠯᠠ ᠡᠭᠦᠷᠭᠡ ᠪᠠᠨ ᠪᠣᠯᠭᠠᠵᠤ᠂ ᠬᠢᠵᠢᠭ ᠢ | ᠰᠡᠷᠭᠡᠶᠢᠯᠡᠬᠦ ᠡᠮᠴᠢᠯᠡᠭᠡᠨ ᠤ ᠡᠳ᠋ ᠪᠣᠳᠠᠰ᠂ ᠰᠠᠭᠤᠭᠠᠯᠢ ᠠᠷᠠᠳ ᠤᠨ ᠠᠮᠢᠳᠤᠷᠠᠯ ᠤᠨ ᠴᠢᠬᠤᠯᠠ ᠬᠡᠷᠡᠭᠴᠡᠭᠡᠨ ᠤ ᠡᠳ᠋ ᠪᠣᠳᠠᠰ᠂ | ᠲᠠᠷᠢᠶᠠᠯᠠᠩ ᠤᠨ ᠦᠢᠯᠡᠳᠪᠦᠷᠢᠯᠡᠯ ᠤᠨ ᠴᠢᠬᠤᠯᠠ ᠡᠳ᠋ ᠪᠣᠳᠠᠰ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠵᠤ ᠦᠢᠯᠡᠰ ᠤᠨ | ᠵᠠᠩᠭᠢᠯᠠᠭ᠎ᠠ ᠶᠢᠨ ᠡᠳ᠋ ᠪᠣᠳᠠᠰ ᠵᠡᠷᠭᠡ ᠳᠥᠷᠪᠡᠨ ᠶᠡᠭᠡ ᠬᠦᠷᠢᠶᠡᠨ ᠤ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠪᠠ | ᠬᠠᠩᠭᠠᠯᠭ᠎ᠠ ᠶᠢᠨ ᠬᠡᠯᠬᠢᠶ᠎ᠡ ᠶᠢᠨ ᠠᠵᠤ ᠠᠬᠤᠶᠢᠯᠠᠯ ᠤᠨ ︽ᠴᠠᠭᠠᠨ ᠳᠠᠩᠰᠠ︾ ᠶᠢᠨ ᠳᠦᠷᠢᠮ ᠢ ᠳᠠᠷᠤᠶᠢᠬᠠᠨ | ᠪᠠᠶᠢᠭᠤᠯᠬᠤ ᠶᠢᠨ ᠬᠠᠮᠲᠤ ᠬᠥᠳᠡᠯᠦᠩᠭᠦᠢ ᠪᠠᠷ ᠲᠣᠬᠢᠷᠠᠭᠤᠯᠵᠤ᠂ ᠮᠠᠰᠢᠨ ᠲᠡᠷᠭᠡ᠂ ᠬᠤᠷᠠᠮᠠᠯ ᠴᠠᠬᠢᠯᠭᠠᠨ ᠬᠡᠯᠬᠢᠶ᠎ᠡ ᠵᠡᠷᠭᠡ | ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠶᠢᠨ ᠵᠣᠬᠢᠴᠠᠭᠤᠯᠬᠤ ᠲᠠᠪᠴᠠᠩ ᠢ | ᠪᠠᠶᠢᠭᠤᠯᠵᠤ᠂ ᠬᠥᠬᠡᠮᠥ᠋ᠷᠡᠨ ᠤ ᠭᠤᠷᠪᠠᠯᠵᠢᠨ ᠬᠤᠶᠢᠭ ᠵᠡᠷᠭᠡ ᠭᠤᠣᠯᠳᠠᠯᠭ᠎ᠠ ᠲᠠᠢ ᠣᠷᠣᠨ ᠪᠦᠰᠡ ᠳᠤ ᠠᠩᠬᠠᠷᠤᠯ ᠢᠶᠠᠨ | ᠲᠥᠪᠯᠡᠷᠡᠭᠦᠯᠵᠦ᠂ ᠵᠠᠩᠭᠢᠯᠠᠭ᠎ᠠ ᠶᠢᠨ ᠵᠠᠩᠭᠢᠶᠠᠰᠤ ᠴᠡᠭ ᠤᠨ ᠠᠵᠤ ᠦᠢᠯᠡᠳᠪᠦᠷᠢ ᠶᠢᠨ ᠠᠵᠢᠯ ᠢᠶᠠᠨ ᠰᠡᠷᠭᠦᠭᠡᠵᠦ | ᠦᠢᠯᠡᠳᠪᠦᠷᠢᠯᠡᠯ ᠢᠶᠠᠨ ᠰᠡᠷᠭᠦᠭᠡᠬᠦ ᠶᠢ ᠠᠬᠢᠭᠤᠯᠵᠤ᠂ ᠴᠡᠭ ᠢᠶᠠᠷ ᠬᠡᠯᠬᠢᠶ᠎ᠡ ᠶᠢ ᠲᠠᠶᠢᠴᠢᠯᠠᠨ ᠠᠵᠤ ᠦᠢᠯᠡᠰ ᠤᠨ ᠬᠡᠯᠬᠢᠶ᠎ᠡ ᠶᠢᠨ | ᠰᠠᠭᠠᠳ ᠦᠭᠡᠢ ᠨᠡᠪᠲᠡᠷᠡᠬᠦ ᠶᠢ ᠠᠬᠢᠭᠤᠯᠵᠤ᠂ ᠬᠡᠯᠬᠢᠶ᠎ᠡ ᠪᠠᠷ ᠲᠠᠯ᠎ᠠ ᠶᠢ ᠲᠠᠶᠢᠴᠢᠯᠠᠨ ᠠᠵᠤ ᠦᠢᠯᠡᠳᠪᠦᠷᠢ ᠶᠢᠨ ᠠᠵᠤ | ᠠᠬᠤᠢ ᠶᠢᠨ ᠲᠣᠭᠲᠠᠭᠤᠨ ᠠᠵᠢᠯᠯᠠᠭᠠᠨ ᠢ ᠠᠬᠢᠭᠤᠯᠪᠠ᠃ | ᠨᠢᠭᠡ ᠳᠤ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠶᠢᠨ ᠰᠠᠭᠠᠳ ᠦᠭᠡᠢ | ᠨᠡᠪᠲᠡᠷᠡᠨ ᠲᠣᠭᠲᠠᠭᠤᠨ ᠪᠠᠶᠢᠬᠤ ᠶᠢ ᠪᠦᠬᠦᠨ ᠬᠦᠴᠦᠨ ᠢᠶᠠᠷ ᠢᠶᠠᠨ ᠪᠠᠲᠤᠯᠠᠨ᠎ᠠ᠃ ᠶᠠᠮᠤᠨ ᠤ ᠲᠠᠰ ᠤᠨ ︽ᠴᠠᠭᠠᠨ ᠲᠠᠩᠰᠠ︾ | ᠶᠢᠨ ᠠᠵᠤ ᠠᠬᠤᠶᠢᠯᠠᠯ ᠤᠨ ᠬᠡᠪᠴᠢᠶ᠎ᠡ ᠶᠢ ᠬᠥᠳᠡᠯᠦᠩᠭᠦᠢ ᠪᠠᠷ ᠲᠣᠬᠢᠷᠠᠭᠤᠯᠵᠤ᠂ ᠮᠤᠵᠢ ᠶᠢᠨ ᠲᠠᠰ ᠤᠨ ︽ᠴᠠᠭᠠᠨ ᠲᠠᠩᠰᠠ | ︾ ᠶᠢᠨ ᠠᠵᠤ ᠠᠬᠤᠶᠢᠯᠠᠯ ᠤᠨ ᠣᠷᠣᠨ ᠪᠦᠰᠡ ᠶᠢᠨ ᠬᠠᠷᠢᠯᠴᠠᠨ ᠮᠡᠳᠡᠷᠡᠬᠦ ᠶᠢ ᠲᠥᠷᠭᠡᠳᠬᠡᠨ ᠠᠬᠢᠭᠤᠯᠬᠤ ᠶᠢᠨ ᠬᠠᠮᠲᠤ᠂ | ᠳᠡᠭᠡᠳᠦ ᠳᠣᠣᠷᠠᠳᠤ ᠤᠷᠤᠰᠬᠠᠯ ᠤᠨ ᠵᠣᠯᠭᠠᠯᠲᠠ ᠦᠢᠯᠡᠴᠢᠯᠡᠭᠡ ᠶᠢ ᠴᠢᠩᠭᠠᠳᠬᠠᠨ᠎ᠠ᠃ ᠲᠣᠳᠣᠷᠬᠠᠶᠢᠯᠠᠬᠤ ᠴᠢᠬᠤᠯᠠᠲᠠᠢ ᠵᠦᠢᠯ | ᠭᠡᠪᠡᠯ᠂ ︽ᠴᠠᠭᠠᠨ ᠳᠠᠩᠰᠠ︾ ᠶᠢᠨ ᠳᠦᠷᠢᠮ ᠪᠣᠯ ᠵᠥᠪᠬᠡᠨ ᠱᠠᠲᠤᠴᠢ ᠴᠢᠨᠠᠷᠲᠠᠢ ᠪᠠᠷ ᠪᠠᠴᠢᠮ ᠪᠠᠶᠢᠳᠠᠯ ᠢ ᠠᠷᠭᠠᠴᠠᠭᠠᠬᠤ | ᠠᠷᠭ᠎ᠠ ᠬᠡᠮᠵᠢᠶ᠎ᠡ ᠮᠥᠨ᠂ ᠬᠠᠷᠠᠯᠲᠠ ᠨᠢ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠳᠤ ᠣᠷᠣᠭᠤᠯᠬᠤ ᠶᠢ ᠪᠦᠬᠦ ᠲᠠᠯ᠎ᠠ ᠪᠠᠷ | ᠪᠡᠶᠡᠯᠡᠭᠦᠯᠬᠦ ᠶᠠᠪᠤᠳᠠᠯ ᠪᠣᠯᠣᠨ᠎ᠠ᠃ ᠪᠠᠰᠠ ᠴᠡᠭ ᠠᠴᠠ ᠴᠡᠭ᠂ ᠨᠢᠭᠡ ᠠᠴᠠ ᠨᠢᠭᠡ᠂ ᠲᠦᠷᠭᠡᠨ ᠲᠣᠭᠲᠠᠭᠤᠨ ᠪᠠᠶᠢᠯᠭᠠᠬᠤ | ᠵᠡᠷᠭᠡ ᠠᠷᠭ᠎ᠠ ᠬᠡᠮᠵᠢᠶ᠎ᠡ ᠶᠢ ᠬᠡᠷᠡᠭᠯᠡᠵᠦ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ | ᠬᠡᠯᠬᠢᠶ᠎ᠡ ᠶᠢᠨ ᠳᠠᠭᠠᠭᠤᠯᠤᠭᠴᠢ ᠠᠵᠤ ᠠᠬᠤᠶᠢᠯᠠᠯ ᠪᠣᠯᠣᠨ ᠵᠠᠩᠭᠢᠯᠠᠭ᠎ᠠ ᠶᠢᠨ ᠵᠠᠩᠭᠢᠶᠠᠰᠤ ᠴᠡᠭ ᠤᠨ ᠠᠵᠤ ᠠᠬᠤᠶᠢᠯᠠᠯ ᠢ | ᠬᠠᠪᠰᠤᠷᠤᠨ ᠪᠣᠳᠠᠲᠠᠢ ᠠᠰᠠᠭᠤᠳᠠᠯ ᠢ ᠨᠢ ᠰᠢᠢᠳᠪᠦᠷᠢᠯᠡᠵᠦ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ | ᠮᠥᠷᠡᠨ ᠤ ᠭᠤᠷᠪᠠᠯᠵᠢᠨ ᠬᠤᠶᠢᠭ᠂ ᠪᠡᠭᠡᠵᠢᠩ ᠲᠢᠶᠠᠨᠵᠢᠨ ᠡᡁᠧᠪᠸᠢ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ | ᠲᠣᠭᠲᠠᠭᠤᠨ ᠢᠶᠠᠷ ᠦᠢᠯᠡᠳᠪᠦᠷᠢᠯᠡᠬᠦ᠂ ᠭᠠᠷᠤᠯᠲᠠ ᠪᠠᠨ ᠨᠡᠮᠡᠭᠳᠡᠭᠦᠯᠦᠨ ᠭᠠᠷᠤᠯᠲᠠ ᠪᠠᠨ ᠥᠷᠭᠡᠳᠬᠡᠬᠦ ᠶᠢ ᠪᠠᠲᠤᠯᠠᠨ᠎ᠠ᠃ | ᠬᠤᠶᠠᠷ ᠲᠤ᠂ ᠨᠡᠩ ᠶᠡᠭᠡ ᠡᠷᠴᠢᠮ ᠢᠶᠠᠷ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ | ᠪᠣᠳᠠᠲᠠᠶᠢᠵᠢᠭᠤᠯᠵᠤ᠂ ᠦᠷ᠎ᠡ ᠪᠦᠲᠦᠮᠵᠢ ᠲᠠᠢ ᠪᠠᠶᠢᠯᠭᠠᠨ᠎ᠠ᠃ ᠡᠯ᠎ᠡ ᠵᠦᠢᠯ ᠤᠨ ᠲᠦᠷᠦ ᠶᠢᠨ ᠪᠣᠳᠣᠯᠭ᠎ᠠ ᠠᠷᠭ᠎ᠠ | ᠬᠡᠮᠵᠢᠶ᠎ᠡ ᠳᠤ ᠰᠠᠶᠢᠲᠤᠷ ᠲᠠᠶᠢᠯᠤᠮᠵᠢ ᠬᠢᠵᠦ᠂ ᠰᠠᠶᠢᠲᠤᠷ ᠤᠬᠠᠭᠤᠯᠤᠨ ᠲᠤᠭᠤᠰᠢᠯᠠᠭᠤᠯᠵᠤ᠂ ᠰᠠᠶᠢᠲᠤᠷ ᠨᠠᠶᠢᠳᠠᠪᠤᠷᠢᠵᠢᠭᠤᠯᠵᠤ | ᠂ ᠲᠦᠷᠦ ᠶᠢᠨ ᠪᠣᠳᠣᠯᠭ᠎ᠠ ᠶᠢᠨ ᠳᠠᠪᠬᠤᠴᠠᠭᠤᠯᠤᠨ ᠥᠷᠭᠡᠳᠬᠡᠬᠦ ᠨᠥᠯᠥᠭᠡ ᠦᠢᠯᠡᠳᠦᠯ ᠢ ᠪᠤᠢ ᠪᠣᠯᠭᠠᠵᠤ᠂ ᠠᠵᠤ | ᠠᠬᠤᠶᠢᠯᠠᠯ ᠤᠨ ᠡᠳ᠋ᠯᠡᠪᠡᠰᠦ ᠵᠣᠬᠢᠬᠤ ᠳᠤ ᠨᠢ ᠪᠦᠬᠦᠨ ᠢ ᠡᠳ᠋ᠯᠡᠭᠦᠯᠬᠦ ᠶᠢ ᠪᠠᠲᠤᠯᠠᠨ᠎ᠠ᠃ | ᠭᠤᠷᠪᠠ ᠳᠤ᠂ ᠪᠡᠯᠡ ᠣᠷᠣᠭᠤᠯᠤᠯᠲᠠ ᠪᠠ ᠬᠡᠷᠡᠭᠯᠡᠭᠡ ᠶᠢ ᠬᠦᠴᠦᠯᠡᠨ ᠥᠷᠭᠡᠳᠬᠡᠨ᠎ᠡ᠃ ᠦᠢᠯᠡᠳᠬᠡᠯ ᠤᠨ | ᠦᠢᠯᠡᠰ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠴᠢᠬᠤᠯᠠ ᠶᠡᠭᠡ ᠢᠨᠵᠧᠨᠧᠷᠢᠩ ᠪᠠ | ᠲᠥᠷᠥᠯ ᠵᠦᠢᠯ᠂ ᠭᠤᠣᠯᠳᠠᠯᠭ᠎ᠠ ᠲᠠᠢ ᠬᠦᠷᠢᠶᠡᠨ ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠴᠢᠬᠤᠯᠠ | ᠶᠡᠭᠡ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠲᠦᠷᠭᠡᠪᠴᠢᠯᠡᠨ ᠬᠡᠷᠡᠭᠵᠢᠭᠦᠯᠵᠦ᠂ ᠰᠠᠭᠤᠷᠢ ᠴᠠᠬᠢᠯᠭᠠᠨ | ᠬᠤᠯᠪᠣᠭᠠᠨ ᠤ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ 5G ᠰᠠᠭᠤᠷᠢ ᠦᠷᠳᠡᠭᠡ᠂ ᠲᠣᠮᠣ ᠳ᠋ᠠᠶᠢᠲ᠋ᠠ᠂ | ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠵᠡᠷᠭᠡ ᠰᠢᠨ᠎ᠡ ᠬᠡᠯᠪᠡᠷᠢ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠵᠣᠬᠢᠰᠲᠠᠢ ᠪᠠᠷ ᠤᠷᠢᠳᠴᠢᠯᠠᠨ ᠪᠠᠶᠢᠷᠢᠯᠠᠭᠤᠯᠵᠤ᠂ ᠭᠠᠳᠠᠭᠠᠳᠤ ᠪᠡᠯᠡ ᠶᠢᠨ ᠴᠢᠬᠤᠯᠠ ᠶᠡᠭᠡ ᠲᠥᠷᠥᠯ | ᠵᠦᠢᠯ ᠢ ᠪᠣᠳᠠᠲᠠᠢ ᠪᠠᠷ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠤᠨ᠎ᠠ᠃ ᠮᠠᠰᠢᠨ ᠲᠡᠷᠭᠡᠨ ᠤ ᠬᠡᠷᠡᠭᠯᠡᠭᠡ᠂ ᠮᠡᠳᠡᠭᠡ | ᠵᠠᠩᠭᠢ ᠶᠢᠨ ᠬᠡᠷᠡᠭᠯᠡᠭᠡ᠂ ᠪᠣᠬᠢᠷᠳᠤᠯ ᠦᠭᠡᠢ ᠬᠡᠷᠡᠭᠯᠡᠭᠡ ᠶᠢᠨ ᠳᠠᠯᠳᠠ ᠬᠦᠴᠦᠨ ᠢ ᠭᠦᠢᠴᠡᠳ ᠠᠭᠤᠳᠠᠯᠵᠤ᠂ ᠮᠡᠳᠡᠭᠡ | ᠵᠠᠩᠭᠢ ᠶᠢᠨ ᠬᠡᠷᠡᠭᠯᠡᠭᠡ ᠶᠢᠨ ᠵᠢᠱᠢᠶ᠎ᠡ ᠦᠵᠡᠭᠦᠯᠬᠦ ᠬᠤᠲᠠ ᠪᠠ ᠵᠢᠱᠢᠶ᠎ᠡ ᠦᠵᠡᠭᠦᠯᠬᠦ ᠲᠥᠷᠥᠯ ᠵᠦᠢᠯ ᠢ ᠪᠣᠶᠢᠵᠢᠭᠤᠯᠤᠨ᠂ | 5G᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠬᠢᠭᠡᠳ ᠡᠭᠴᠡ ᠠᠵᠢᠯ ᠲᠥᠷᠥᠯ ᠤᠨ ᠠᠭᠤᠰᠤᠯᠴᠠᠨ ᠬᠡᠷᠡᠭᠯᠡᠬᠦ ᠶᠢ | ᠲᠦᠷᠭᠡᠳᠬᠡᠨ᠎ᠡ᠃ | Q8 | Q᠄ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ᠂ ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ ᠲᠠᠯ᠎ᠠ ᠪᠠᠷ | ᠶᠠᠮᠠᠷ ᠶᠠᠮᠠᠷ ᠠᠷᠭ᠎ᠠ ᠬᠡᠮᠵᠢᠶ᠎ᠡ ᠪᠠᠶᠢᠬᠤ ᠪᠤᠢ︖ | A᠄ | ᠲᠠᠷᠠᠭᠠᠴᠢ ᠶᠢᠨ ᠠᠯᠬᠤᠮ ᠳᠤ ᠭᠤᠷᠪᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄ | ᠨᠢᠭᠡ ᠳᠤ᠂ ᠣᠷᠣᠨ ᠨᠤᠲᠤᠭ ᠤᠨ ᠬᠤᠳᠠᠯᠳᠤᠭᠠᠨ ᠤ ᠶᠠᠪᠤᠳᠠᠯ ᠤᠨ ᠭᠤᠣᠴᠢᠯᠠᠨ ᠬᠠᠮᠢᠶᠠᠷᠬᠤ ᠰᠠᠯᠠᠭ᠎ᠠ ᠮᠥᠴᠢᠷ ᠢ | ᠵᠢᠯᠤᠭᠤᠳᠴᠤ ᠪᠠᠶᠢᠭᠠᠳ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ ᠵᠡᠷᠭᠡ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠴᠢᠩᠭ᠎ᠠ ᠠᠳᠬᠤᠵᠤ᠂ ᠢᠯᠠᠩᠭᠤᠶ᠎ᠠ ᠳᠤᠮᠳᠠ ᠵᠢᠵᠢᠭ ᠪᠢᠴᠢᠯ | ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠲᠡᠶᠢᠰᠢ ᠵᠣᠬᠢᠬᠤ ᠬᠡᠮᠵᠢᠶ᠎ᠡ ᠪᠠᠷ ᠬᠡᠯᠪᠡᠶᠢᠯᠭᠡᠵᠦ᠂ ᠭᠠᠳᠠᠭᠠᠳᠤ ᠭᠠᠷᠭᠠᠯᠭ᠎ᠠ ᠶᠢᠨ | ᠭᠠᠶᠢᠯᠢ ᠶᠢ ᠪᠤᠴᠠᠭᠠᠬᠤ᠂ ᠢᠲᠡᠭᠡᠮᠵᠢᠲᠦ ᠵᠢᠭᠡᠯᠡᠯᠭᠡ ᠢᠲᠡᠭᠡᠮᠵᠢ ᠶᠢᠨ ᠪᠠᠲᠤᠯᠠᠭ᠎ᠠ ᠶᠢᠨ ᠲᠠᠯ᠎ᠠ ᠪᠠᠷ ᠳᠡᠮᠵᠢᠯᠭᠡ ᠦᠵᠡᠭᠦᠯᠬᠦ | ᠵᠡᠷᠭᠡ ᠲᠥᠷᠥ ᠶᠢᠨ ᠪᠣᠳᠣᠯᠭ᠎ᠠ ᠶᠢ ᠭᠦᠢᠴᠡᠳ ᠪᠥᠭᠡᠳ ᠰᠠᠶᠢᠲᠤᠷ ᠬᠡᠷᠡᠭᠯᠡᠵᠦ᠂ ᠠᠵᠤ ᠠᠬᠤᠶᠢᠯᠠᠯ ᠤᠨ ᠶᠡᠷᠦᠩᠬᠡᠢ ᠥᠪᠡᠷ ᠤᠨ | ᠥᠷᠲᠡᠭ ᠢ ᠪᠠᠭᠤᠷᠠᠭᠤᠯᠬᠤ ᠪᠠᠷ ᠴᠢᠷᠮᠠᠶᠢᠨ᠎ᠠ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠬᠠᠤᠯᠢ ᠶᠢ | ᠴᠢᠩᠭ᠎ᠠ ᠨᠠᠶᠢᠳᠠᠪᠤᠷᠢᠵᠢᠭᠤᠯᠵᠤ᠂ ᠭᠠᠳᠠᠭᠠᠳᠤ ᠶᠢᠨ ᠪᠡᠯᠡ ᠣᠷᠣᠭᠤᠯᠵᠤ ᠡᠵᠡᠩᠨᠡᠭᠰᠡᠨ ᠠᠵᠤ ᠠᠬᠤᠶᠢᠯᠠᠯ ᠳᠤ ᠡᠯ᠎ᠡ ᠵᠦᠢᠯ ᠤᠨ | ᠲᠦᠷᠦ ᠶᠢᠨ ᠪᠣᠳᠣᠯᠭ᠎ᠠ ᠶᠢ ᠡᠷᠬᠡ ᠲᠡᠭᠰᠢ ᠪᠠᠷ ᠡᠳ᠋ᠯᠡᠭᠦᠯᠬᠦ ᠶᠢ ᠪᠠᠲᠤᠯᠠᠵᠤ᠂ ᠤᠯᠤᠰ ᠠᠷᠠᠳ ᠤᠨ ᠬᠠᠷᠠᠭᠠᠯᠵᠠᠯ ᠢ ᠬᠦᠷᠲᠡᠭᠡᠬᠦ | ᠬᠡᠷᠡᠭᠲᠡᠢ᠃ | ᠬᠤᠶᠠᠷ ᠲᠤ᠂ ᠰᠢᠨ᠎ᠡ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠶᠢ ᠨᠡᠶᠢᠲᠡᠯᠡᠬᠦ ᠶᠢ ᠬᠦᠴᠦᠯᠡᠨ ᠠᠬᠢᠭᠤᠯᠤᠨ᠎ᠠ᠃ ︽ | ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠶᠢ ᠵᠣᠷᠢᠭᠵᠢᠭᠤᠯᠬᠤ ᠠᠵᠤ ᠦᠢᠯᠡᠰ ᠤᠨ ᠭᠠᠷᠴᠠᠭ︾ ᠲᠤ | ᠲᠦᠷᠭᠡᠪᠴᠢᠯᠡᠨ ᠵᠠᠰᠠᠪᠤᠷᠢ ᠣᠷᠣᠭᠤᠯᠵᠤ᠂ ᠵᠣᠷᠢᠭᠵᠢᠭᠤᠯᠬᠤ ᠬᠦᠷᠢᠶ᠎ᠡ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠨ᠎ᠡ᠃ | ᠦᠢᠯᠡᠳᠬᠡᠯ ᠤᠨ ᠦᠢᠯᠡᠰ᠂ ᠰᠤᠳᠤᠯᠤᠨ ᠨᠡᠭᠡᠭᠡᠬᠦ ᠲᠥᠪ ᠵᠡᠷᠭᠡ ᠬᠦᠷᠢᠶᠡᠨ ᠳᠠᠬᠢ ᠪᠡᠯᠡ ᠮᠥᠩᠭᠦ ᠣᠷᠣᠭᠤᠯᠵᠤ ᠠᠪᠴᠢᠷᠠᠬᠤ | ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠪᠡᠯᠡ ᠮᠥᠩᠭᠦ ᠣᠷᠣᠭᠤᠯᠵᠤ ᠠᠪᠴᠢᠷᠠᠬᠤ | ᠪᠦᠲᠦᠴᠡ ᠶᠢ ᠰᠢᠯᠢᠳᠡᠭᠵᠢᠭᠦᠯᠦᠨ᠂ ᠪᠡᠯᠡ ᠮᠥᠩᠭᠦ ᠣᠷᠣᠭᠤᠯᠵᠤ ᠠᠪᠴᠢᠷᠠᠬᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ | ᠡᠭᠦᠨ ᠤ ᠵᠡᠷᠭᠡ ᠳᠤ ᠰᠢᠨ᠎ᠡ ᠴᠠᠭ ᠦᠶ᠎ᠡ᠂ ᠰᠢᠨ᠎ᠡ ᠪᠠᠶᠢᠳᠠᠯ ᠢ ᠦᠨᠳᠦᠰᠦᠯᠡᠨ᠂ ᠭᠠᠳᠠᠭᠠᠳᠤ ᠠᠷᠠᠯᠵᠢᠶ᠎ᠠ ᠶᠢ | ᠲᠣᠭᠲᠠᠪᠤᠷᠢᠵᠢᠭᠤᠯᠵᠤ ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢᠨ ᠨᠥᠭᠡᠴᠡ ᠶᠢ ᠰᠠᠶᠢᠲᠤᠷ | ᠬᠢᠬᠦ ᠬᠡᠷᠡᠭᠲᠡᠢ᠃ | ᠭᠤᠷᠪᠠ ᠳᠤ᠂ ᠭᠠᠳᠠᠭᠠᠳᠤ ᠠᠷᠠᠯᠵᠢᠶᠠᠨ ᠤ ᠪᠠ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠵᠢᠱᠢᠯᠲᠡ ᠶᠢ | ᠬᠦᠴᠦᠯᠡᠨ ᠲᠣᠭᠲᠠᠪᠤᠷᠢᠵᠢᠭᠤᠯᠤᠨ᠎ᠠ᠃ ᠡᠯ᠎ᠡ ᠭᠠᠵᠠᠷ ᠣᠷᠣᠨ ᠢ ᠵᠢᠯᠣᠭᠤᠳᠤᠨ ᠭᠤᠣᠯᠳᠠᠯᠭ᠎ᠠ ᠲᠠᠢ ᠭᠠᠳᠠᠭᠠᠳᠤ | ᠠᠷᠠᠯᠵᠢᠶᠠᠨ ᠤ ᠠᠵᠤ ᠠᠬᠤᠶᠢᠯᠠᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠳᠦᠷᠢᠮ ᠢ ᠲᠦᠷᠭᠡᠪᠴᠢᠯᠡᠨ ᠲᠡᠭᠦᠯᠳᠡᠷᠵᠢᠭᠦᠯᠵᠦ᠂ | ᠭᠠᠳᠠᠭᠠᠳᠤ ᠠᠷᠠᠯᠵᠢᠶᠠᠨ ᠤ ᠡᠳ᠋ ᠪᠠᠷᠠᠭᠠᠨ ᠤ ᠭᠦᠢᠯᠭᠡᠭᠡᠨ ᠤ ᠲᠡᠭᠡᠭᠡᠪᠦᠷᠢ ᠶᠢ ᠰᠠᠭᠠᠳ ᠦᠭᠡᠢ ᠨᠡᠪᠲᠡᠷᠡᠭᠦᠯᠬᠦ ᠠᠵᠢᠯ ᠤᠨ | ᠡᠷᠴᠢᠮ ᠢ ᠴᠢᠩᠭᠠᠷᠠᠭᠤᠯᠵᠤ᠂ ᠠᠵᠤ ᠠᠬᠤᠶᠢᠯᠠᠯ ᠢ ᠬᠠᠪᠰᠤᠷᠤᠨ RCEP ᠵᠡᠷᠭᠡ ᠴᠢᠯᠦᠭᠡᠲᠦ ᠠᠷᠠᠯᠵᠢᠶᠠᠨ ᠤ | ᠬᠡᠯᠡᠯᠴᠡᠭᠡᠷ ᠤᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠰᠠᠶᠢᠲᠤᠷ ᠬᠡᠷᠡᠭᠯᠡᠭᠦᠯᠦᠨ᠎ᠡ᠃ ᠭᠠᠳᠠᠭᠠᠳᠤ ᠪᠡᠯᠡ ᠶᠢᠨ | ᠭᠤᠣᠯᠳᠠᠯᠭ᠎ᠠ ᠲᠠᠢ ᠲᠥᠷᠥᠯ ᠵᠦᠢᠯ ᠤᠨ ᠠᠵᠢᠯ ᠤᠨ ᠲᠤᠰᠬᠠᠢ ᠠᠩᠭᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ | ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠡᠵᠡᠩᠨᠡᠨ ᠬᠤᠳᠠᠯᠳᠤᠭᠠᠯᠠᠬᠤ ᠳᠤ ᠲᠦᠬᠦᠮ ᠦᠵᠡᠭᠦᠯᠬᠦ ᠵᠡᠷᠭᠡ ᠬᠦᠰᠡᠯ | ᠱᠠᠭᠠᠷᠳᠠᠯᠭ᠎ᠠ ᠳᠤ ᠢᠳᠡᠪᠬᠢᠲᠡᠢ ᠪᠠᠷ ᠬᠠᠷᠢᠭᠤᠯᠲᠠ ᠥᠭᠭᠦᠨ᠎ᠡ᠃ 1 ᠳ᠋ᠦᠩᠰᠢᠭᠤᠷ ᠳ᠋ᠣᠯᠯᠠᠷ ᠠᠴᠠ ᠳᠡᠭᠡᠭᠰᠢᠬᠢ ᠭᠠᠳᠠᠭᠠᠳᠤ | ᠪᠡᠯᠡ ᠶᠢᠨ ᠲᠣᠮᠣ ᠲᠥᠷᠥᠯ ᠵᠦᠢᠯ ᠢ ᠤᠯᠠᠮ ᠨᠢᠭᠡ ᠠᠯᠬᠤᠮ ᠡᠮᠬᠢᠯᠡᠨ ᠲᠢᠭᠯᠡᠵᠦ᠂ ᠬᠤᠳᠠᠯᠳᠤᠭᠠᠴᠢᠨ ᠤᠷᠢᠬᠤ ᠪᠠ | ᠡᠯᠧᠮᠧᠨ᠋ᠲ ᠤᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠵᠤ᠂ ᠲᠥᠷᠥᠯ ᠵᠦᠢᠯ ᠢ ᠡᠷᠲᠡᠬᠡᠨ ᠨᠠᠶᠢᠳᠠᠪᠤᠷᠢᠵᠢᠭᠤᠯᠬᠤ᠂ | ᠡᠷᠲᠡᠬᠡᠨ ᠠᠰᠢᠭᠯᠠᠯᠲᠠ ᠳᠤ ᠣᠷᠣᠭᠤᠯᠬᠤ᠂ ᠡᠷᠲᠡᠬᠡᠨ ᠦᠢᠯᠡᠳᠪᠦᠷᠢᠯᠡᠯ ᠳᠤ ᠣᠷᠣᠭᠤᠯᠬᠤ ᠶᠢ ᠠᠬᠢᠭᠤᠯᠤᠨ᠎ᠠ᠃ | Q9 | Q᠄ ᠣᠳᠣᠬᠠᠨ ᠤ ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠶᠢ | ᠲᠣᠭᠲᠠᠪᠤᠷᠢᠵᠢᠭᠤᠯᠬᠤ ᠴᠢᠳᠠᠪᠤᠷᠢ ᠬᠢᠷᠢ ᠵᠡᠷᠭᠡ ᠪᠠᠶᠢᠬᠤ ᠪᠣᠶ︖ | A᠄ | ᠶᠡᠷᠦᠩᠬᠡᠢ ᠳᠤ ᠨᠢ ᠠᠪᠴᠤ ᠦᠵᠡᠪᠡᠯ᠂ ᠮᠠᠨ ᠤ ᠤᠯᠤᠰ ᠤᠨ ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠤᠨ | ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ ᠲᠠᠯ᠎ᠠ ᠪᠠᠷ ᠪᠠᠲᠤ ᠪᠠᠬᠢ ᠪᠣᠳᠠᠰ ᠤᠨ ᠰᠠᠭᠤᠷᠢ ᠲᠠᠢ ᠶᠤᠮ᠃ | ᠮᠠᠨ ᠤ ᠤᠯᠤᠰ ᠤᠨ ᠠᠮᠤ ᠪᠤᠳᠠᠭᠠᠨ ᠤ ᠦᠢᠯᠡᠳᠪᠦᠷᠢᠯᠡᠯ ︽ᠤᠯᠠᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠬᠤ︾ ᠶᠢ | ᠪᠡᠶᠡᠯᠡᠭᠦᠯᠵᠦ᠂ ᠬᠥᠮᠥᠷᠭᠡ ᠶᠢᠨ ᠬᠠᠳᠠᠭᠠᠯᠠᠮᠵᠢ ᠡᠯᠪᠡᠭ ᠳᠡᠯᠪᠡᠭ ᠪᠠᠶᠢᠨ᠎ᠠ︔ ᠠᠮᠢᠳᠤ ᠭᠠᠭ᠋ᠠᠢ ᠶᠢᠨ ᠦᠢᠯᠡᠳᠪᠦᠷᠢᠯᠡᠯ ᠤᠨ | ᠴᠢᠳᠠᠪᠤᠷᠢ ᠨᠡᠯᠢᠶᠡᠳ ᠰᠠᠶᠢᠨ ᠬᠢᠷᠢ ᠲᠦᠪᠰᠢᠨ ᠳᠤ ᠣᠷᠣᠰᠢᠵᠤ᠂ ᠦᠬᠡᠷ ᠬᠤᠨᠢ ᠵᠢᠭᠦᠷᠲᠡᠨ ᠤ ᠮᠢᠬᠠᠨ ᠤ ᠭᠠᠷᠤᠯᠲᠠ | ᠲᠣᠭᠲᠠᠭᠤᠨ ᠪᠠᠶᠢᠵᠤ᠂ ᠲᠠᠷᠢᠶᠠᠨ ᠭᠠᠵᠠᠷ ᠲᠠᠬᠢ ᠢᠳᠡᠰᠢᠨ ᠨᠣᠭᠤᠭ᠎ᠠ ᠶᠢᠨ ᠲᠠᠯᠠᠪᠠᠶ ᠠᠳᠠᠯᠢ ᠬᠤᠭᠤᠴᠠᠭᠠᠨ ᠤ ᠬᠢ ᠠᠴᠠ | ᠨᠡᠮᠡᠭᠳᠡᠵᠦ᠂ ᠬᠠᠩᠭᠠᠯᠭ᠎ᠠ ᠶᠢᠨ ᠴᠢᠳᠠᠪᠤᠷᠢ ᠭᠦᠢᠴᠡᠳ ᠪᠠᠶᠢᠨ᠎ᠠ᠃ ᠡᠭᠦᠨ ᠠᠴᠠ ᠭᠠᠳᠠᠨ᠎ᠠ᠂ ᠣᠶᠢᠷ᠎ᠠ ᠶᠢᠨ ᠬᠡᠳᠦᠨ ᠵᠢᠯ ᠤᠨ | ᠬᠢᠵᠢᠭ ᠤᠨ ᠪᠠᠶᠢᠳᠠᠯ ᠢ ᠠᠷᠭᠠᠴᠠᠭᠠᠬᠤ ᠦᠢᠯᠡᠳᠦᠯᠭᠡ ᠪᠠᠷ ᠳᠡᠮᠵᠢᠨ᠂ ᠡᠯ᠎ᠡ ᠭᠠᠵᠠᠷ ᠤᠨ ᠪᠠᠴᠢᠮ ᠪᠠᠶᠢᠳᠠᠯ ᠢ ᠠᠷᠭᠠᠴᠠᠭᠠᠨ | ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠴᠢᠳᠠᠪᠤᠷᠢ ᠦᠷᠭᠦᠯᠵᠢᠯᠡᠨ ᠳᠡᠭᠡᠭᠰᠢᠯᠡᠵᠦ᠂ | ᠠᠵᠢᠯ ᠤᠨ ᠲᠣᠭᠲᠠᠯᠴᠠᠭ᠎ᠠ ᠨᠢ ᠲᠠᠰᠤᠷᠠᠯᠲᠠ ᠦᠭᠡᠢ ᠲᠡᠭᠦᠯᠳᠡᠷᠵᠢᠪᠡ᠃ ᠣᠳᠣᠬᠠᠨ ᠳᠤ᠂ ᠮᠠᠨ ᠤ ᠤᠯᠤᠰ ᠤᠨ | ᠪᠣᠯᠪᠠᠰᠤᠷᠠᠭᠤᠯᠤᠭᠰᠠᠨ ᠠᠮᠤ ᠲᠣᠰᠣᠨ ᠤ ᠦᠨ᠎ᠡ ᠦᠨᠳᠦᠰᠦᠨ ᠳᠤ ᠪᠠᠨ ᠲᠣᠭᠲᠠᠭᠤᠨ ᠪᠠᠶᠢᠵᠤ᠂ ᠭᠠᠭ᠋ᠠᠢ ᠶᠢᠨ ᠮᠢᠬᠠᠨ ᠤ | ᠦᠨ᠎ᠡ ᠨᠡᠯᠢᠶᠡᠳ ᠳᠣᠣᠷ᠎ᠠ ᠲᠦᠪᠰᠢᠨ ᠳᠤ ᠣᠷᠣᠰᠢᠵᠤ᠂ ᠢᠳᠡᠰᠢᠨ ᠨᠣᠭᠤᠭ᠎ᠠ ᠶᠢᠨ ᠦᠨ᠎ᠡ ᠲᠣᠭᠲᠠᠭᠤᠨ ᠪᠠᠶᠢᠬᠤ ᠶᠢᠨ | ᠵᠡᠷᠭᠡ ᠳᠤ ᠪᠠᠭᠤᠷᠠᠬᠤ ᠬᠠᠨᠳᠤᠰᠢ ᠲᠠᠢ᠃ | 2021 ᠣᠨ ᠤ 11 ᠳ᠋ᠦ᠋ᠭᠡᠷ ᠰᠠᠷ᠎ᠠ ᠳᠤ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ | ᠲᠦᠷᠦᠭᠦᠯᠡᠨ ︽ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠ ᠪᠠᠲᠤᠯᠠᠬᠤ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ | ᠥᠰᠦᠯᠲᠡ ᠲᠠᠢ ᠬᠤᠯᠪᠣᠯᠳᠤᠭᠤᠯᠬᠤ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠬᠦ ᠲᠤᠬᠠᠢ ᠮᠡᠳᠡᠭᠳᠡᠯ︾ ᠢ | ᠳᠠᠷᠤᠮᠠᠯᠯᠠᠨ ᠲᠠᠷᠬᠠᠭᠠᠵᠤ᠂ ᠪᠠᠲᠤᠯᠠᠭ᠎ᠠ ᠶᠢᠨ ᠬᠡᠪᠴᠢᠶ᠎ᠡ ᠶᠢ ᠥᠷᠭᠡᠳᠬᠡᠨ᠂ ᠡᠭᠦᠨ ᠠᠴᠠ ᠡᠮᠦᠨᠡᠬᠢ ︽ᠳᠥᠷᠪᠡᠨ | ᠲᠥᠷᠥᠯ ᠤᠨ ᠬᠥᠮᠥᠰ︾ ᠢ ︽ᠲᠤᠯᠤᠭᠠᠨ ᠲᠥᠷᠥᠯ ᠤᠨ ᠬᠥᠮᠥᠰ︾ ᠪᠣᠯᠭᠠᠨ ᠥᠷᠭᠡᠳᠬᠡᠭᠰᠡᠨ ᠤ ᠬᠠᠮᠲᠤ ᠨᠥᠬᠦᠪᠦᠷᠢ | ᠣᠯᠭᠤᠬᠤ ᠴᠠᠭ ᠤᠨ ᠬᠢᠵᠠᠭᠠᠷ ᠢ ᠤᠯᠠᠮ ᠨᠢᠭᠡ ᠠᠯᠬᠤᠮ ᠪᠣᠭᠤᠨᠢᠰᠬᠠᠪᠠ᠃ ᠡᠭᠦᠨ ᠳᠤ᠂ ᠨᠥᠬᠦᠪᠦᠷᠢ ᠥᠭᠬᠦ ᠪᠠᠷᠢᠮᠵᠢᠶ᠎ᠠ ᠪᠣᠯ | ᠲᠣᠭᠲᠠᠮᠠᠯ ᠵᠣᠭᠤᠰ ᠤᠨ ᠲᠤᠭ᠎ᠠ ᠪᠢᠰᠢ᠂ ᠬᠠᠷᠢᠨ ᠪᠠᠷᠠᠭᠠᠨ ᠤ ᠦᠨ᠎ᠡ ᠶᠢᠨ ᠥᠰᠦᠯᠲᠡ ᠶᠢᠨ ᠬᠡᠮᠵᠢᠶ᠎ᠡ ᠲᠠᠢ | ᠬᠤᠯᠪᠣᠯᠳᠤᠭᠤᠯᠵᠤ ᠪᠠᠶᠢᠳᠠᠭ᠂ ᠪᠠᠷᠠᠭᠠᠨ ᠤ ᠦᠨ᠎ᠡ ᠶᠢᠨ ᠥᠰᠦᠯᠲᠡ ᠶᠢᠨ ᠬᠡᠮᠵᠢᠶ᠎ᠡ ᠬᠡᠳᠦᠢ ᠶᠡᠭᠡ ᠪᠣᠯᠬᠤ ᠲᠤᠲᠤᠮ ᠦᠨ᠎ᠡ | ᠬᠠᠩᠰᠢ ᠶᠢᠨ ᠲᠦᠷ ᠴᠠᠭ ᠤᠨ ᠨᠥᠬᠦᠪᠦᠷᠢ ᠮᠥᠩᠭᠦ ᠶᠢᠨ ᠲᠤᠭ᠎ᠠ ᠲᠡᠳᠦᠢ ᠥᠨᠳᠥᠷ ᠪᠣᠯᠣᠨ᠎ᠠ᠃ ᠣᠶᠢᠷ᠎ᠠ ᠶᠢᠨ | ᠬᠤᠭᠤᠴᠠᠭᠠᠨ ᠳᠤ᠂ ᠬᠡᠰᠡᠭ ᠭᠠᠵᠠᠷ ᠣᠷᠣᠨ ᠤ ᠬᠢᠨ ᠨᠢᠭᠡᠨᠲᠡ ᠬᠡᠷᠡᠭᠵᠢᠭᠦᠯᠬᠦ ᠨᠥᠬᠦᠴᠡᠯ ᠳᠤ ᠬᠦᠷᠴᠦ᠂ ᠬᠤᠯᠪᠣᠭᠳᠠᠯ | ᠪᠦᠬᠦᠢ ᠲᠣᠭᠲᠠᠴᠠ ᠶᠢ ᠡᠬᠢᠯᠡᠨ ᠬᠡᠷᠡᠭᠵᠢᠭᠦᠯᠵᠦ᠂ ᠣᠲᠣ ᠶᠠᠭ ᠲᠠᠰ ᠳᠠᠷᠠᠭᠠᠯᠠᠯ ᠶᠣᠰᠣᠭᠠᠷ ᠬᠦᠴᠢᠷᠳᠡᠯᠲᠡᠢ ᠣᠯᠠᠨ | ᠲᠦᠮᠡᠨ ᠳᠤ ᠦᠨ᠎ᠡ ᠬᠠᠩᠰᠢ ᠶᠢᠨ ᠲᠦᠷ ᠴᠠᠭ ᠤᠨ ᠨᠥᠬᠦᠪᠦᠷᠢ ᠣᠯᠭᠤᠵᠤ ᠪᠤᠢ᠃ ᠡᠭᠦᠨ ᠤ ᠬᠠᠮᠲᠤ ᠨᠥᠬᠦᠴᠡᠯ ᠲᠠᠢ | ᠭᠠᠵᠠᠷ ᠣᠷᠣᠨ ᠠᠴᠠ ᠬᠦᠴᠢᠷᠳᠡᠯᠲᠡᠢ ᠣᠯᠠᠨ ᠲᠦᠮᠡᠨ ᠳᠤ ᠨᠢᠭᠡ ᠯᠡ ᠤᠳᠠᠭ᠎ᠠ ᠶᠢᠨ ᠴᠢᠨᠠᠷᠲᠠᠢ ᠨᠥᠬᠦᠪᠦᠷᠢ ᠣᠯᠭᠤᠬᠤ ᠶᠢ | ᠵᠣᠷᠢᠭᠵᠢᠭᠤᠯᠤᠨ᠎ᠠ᠃ ᠲᠠᠷᠠᠭᠠᠴᠢ ᠶᠢᠨ ᠠᠯᠬᠤᠮ ᠳᠤ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ ᠠᠴᠠ ᠬᠤᠯᠪᠣᠭᠳᠠᠯ ᠪᠦᠬᠦᠢ ᠠᠵᠢᠯ ᠤᠨ ᠲᠣᠬᠢᠷᠠᠭᠤᠯᠤᠯᠲᠠ ᠪᠠᠨ ᠴᠢᠩᠭᠠᠳᠬᠠᠵᠤ᠂ ᠡᠯ᠎ᠡ ᠭᠠᠵᠠᠷ ᠤᠨ ᠬᠢᠨ ᠢ | ᠰᠢᠮᠳᠠᠭᠤᠯᠤᠨ ᠪᠣᠳᠠᠲᠠᠢ ᠳᠤ ᠨᠠᠶᠢᠳᠠᠪᠤᠷᠢᠵᠢᠭᠤᠯᠵᠤ᠂ ᠪᠠᠷᠠᠭᠠᠨ ᠤ ᠦᠨ᠎ᠡ ᠶᠢᠨ ᠥᠰᠦᠯᠲᠡ ᠠᠴᠠ ᠪᠣᠯᠣᠭᠰᠠᠨ ᠬᠦᠴᠢᠷᠳᠡᠯᠲᠡᠢ | ᠣᠯᠠᠨ ᠲᠦᠮᠡᠨ ᠤ ᠦᠨᠳᠦᠰᠦᠨ ᠠᠮᠢᠳᠤᠷᠠᠯ ᠳᠤ ᠦᠵᠡᠭᠦᠯᠬᠦ ᠨᠥᠯᠥᠭᠡ ᠶᠢ ᠦᠨᠡᠨ ᠬᠦ ᠨᠠᠮᠳᠠᠭᠤᠯᠤᠨ᠎ᠠ᠃ |