ᠪᠥᠬᠦ ᠣᠷᠣᠨ ᠤ ᠵᠠᠰᠠᠮᠠᠯ ᠵᠠᠮ ᠤᠨ ᠪᠠᠷᠠᠭᠠᠨ ᠤ ᠲᠡᠭᠡᠭᠡᠪᠦᠷᠢ ᠪᠠᠷᠠᠭᠠᠨ ᠤ ᠭᠦᠢᠯᠭᠡᠭᠡ ᠦᠷᠭᠦᠯᠵᠢᠯᠡᠨ ᠰᠠᠶᠢᠵᠢᠷᠠᠵᠤ ᠪᠠᠶᠢᠨ᠎ᠠ
ᠨᠡᠶᠢᠲᠡᠯᠡᠭᠰᠡᠨ ᠴᠠᠭ᠄
2022/7/18
    ᠣᠶᠢᠷ᠎ᠠ ᠳᠤ᠂ 5901 ᠤᠯᠤᠰ ᠤᠨ ᠵᠠᠰᠠᠮᠠᠯ ᠵᠠᠮ ᠤᠨ ᠬᠥᠬᠡᠬᠤᠲᠠ ᠶᠢ ᠲᠣᠭᠤᠷᠢᠭᠰᠠᠨ ᠲᠦᠷᠭᠡᠨ ᠤ ᠵᠠᠰᠠᠮᠠᠯ ᠵᠠᠮ ᠤᠨ ᠵᠣᠣ ᠵᠢᠶᠦ᠋ᠨ ᠤ ᠰᠦᠢᠳᠬᠡᠯ ᠬᠤᠷᠢᠶᠠᠬᠤ ᠭᠠᠵᠠᠷ ᠲᠤ ᠪᠠᠷᠠᠭᠠᠨ ᠤ ᠲᠡᠷᠭᠡ ᠰᠠᠭᠠᠳ ᠦᠭᠡᠢ ᠨᠡᠪᠲᠡᠷᠡᠵᠦ ᠪᠠᠶᠢᠨ᠎ᠠ᠃ 5 ᠰᠠᠷ᠎ᠠ ᠳᠤ ᠲᠦᠷᠭᠡᠨ ᠤ ᠵᠠᠮ ᠤᠨ ᠤᠷᠤᠴᠨ ᠲᠡᠬᠡᠷᠡᠬᠢ ᠬᠢᠵᠢᠭ ᠰᠡᠷᠭᠡᠶᠢᠯᠡᠬᠦ ᠰᠢᠨ᠎ᠡ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠠᠴᠠ  ᠨᠠᠭᠠᠰᠢ ᠪᠠᠷᠠᠭᠠᠨ ᠤ ᠲᠡᠷᠭᠡ ᠶᠢᠨ ᠨᠡᠪᠲᠡᠷᠡᠯᠲᠡ ᠳᠠᠬᠢᠨᠲᠠ ᠲᠦᠷᠭᠡᠰᠪᠡ᠃ ᠲᠣᠰ ᠥᠷᠲᠡᠭᠡ ᠪᠠᠷ ᠡᠳᠦᠷ ᠳᠤᠮᠳᠠᠴᠢ ᠪᠠᠷ 2000 ᠠᠴᠢᠶᠠᠨ ᠤ ᠮᠠᠰᠢᠨ ᠨᠡᠪᠲᠡᠷᠡᠵᠦ᠂ ᠲᠦᠷᠦᠭᠦᠸ ᠬᠤᠶᠠᠷ ᠰᠠᠷ᠎ᠠ ᠶᠢᠨ ᠬᠢ ᠠᠴᠠ 1000 ᠭᠠᠷᠤᠢ ᠨᠡᠮᠡᠭᠳᠡᠵᠡᠢ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭᠠᠨ ᠤ ᠭᠦᠢᠯᠭᠡᠭᠡᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠤᠷᠢᠶᠠᠩᠭᠤᠶᠢᠯᠠᠭᠰᠠᠨ ᠲᠤᠭ᠎ᠠ ᠪᠠᠷᠢᠮᠲᠠ ᠶᠢ ᠦᠨᠳᠦᠰᠦᠯᠡᠪᠡᠯ᠂ ᠣᠳᠣᠬᠠᠨ ᠳᠤ ᠪᠥᠬᠦ ᠣᠷᠣᠨ ᠤ ᠵᠠᠰᠠᠮᠠᠯ ᠵᠠᠮ ᠤᠨ ᠪᠠᠷᠠᠭᠠᠨ ᠤ ᠲᠡᠭᠡᠭᠡᠪᠦᠷᠢ ᠪᠠᠷᠠᠭᠠᠨ ᠤ ᠭᠦᠢᠯᠭᠡᠭᠡ ᠦᠷᠭᠦᠯᠵᠢᠯᠡᠨ ᠰᠠᠶᠢᠵᠢᠷᠠᠵᠤ ᠪᠠᠶᠢᠨ᠎ᠠ᠃    7 ᠳ᠋ᠤᠭᠠᠷ ᠰᠠᠷ᠎ᠠ ᠠᠴᠠ ᠨᠠᠭᠠᠰᠢ᠂ ᠮᠠᠨ ᠤ ᠣᠷᠣᠨ ᠤ  ᠲᠦᠷᠬᠡᠨ ᠤ ᠵᠠᠰᠠᠮᠠᠯ ᠵᠠᠮ ᠤᠨ ᠡᠳᠦᠷ ᠳᠤᠮᠳᠠᠴᠢ ᠶᠢᠨ ᠪᠠᠷᠠᠭᠠᠨ ᠤ ᠲᠡᠷᠭᠡ ᠶᠢᠨ ᠤᠷᠤᠰᠬᠠᠯ ᠤᠨ 10 ᠡᠳᠦᠷ ᠳᠠᠷᠠᠭᠠᠯᠠᠨ 10 ᠲᠦᠮᠡ ᠶᠢ ᠳᠠᠪᠠᠵᠤ᠂ 4  ᠳ᠋ᠤᠬᠡᠷ ᠰᠠᠷ᠎ᠠ ᠶᠢᠨ 18 ᠤ ᠡᠳᠦᠷ ᠤᠨ ᠪᠥᠬᠦ ᠤᠯᠤᠰ ᠤᠨ ᠪᠠᠷᠠᠭᠠᠨ ᠤ ᠭᠦᠢᠯᠭᠡᠭᠡᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠬᠤ᠂ ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠠᠶᠢᠬᠤ ᠶᠢ ᠠᠬᠢᠭᠤᠯᠬᠤ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠬᠤ ᠠᠴᠠ ᠡᠮᠦᠨᠡᠬᠢ ᠲᠠᠢ ᠬᠠᠷᠢᠴᠠᠭᠤᠯᠪᠠᠯ 14.9% ᠪᠠᠷ ᠨᠡᠮᠡᠭᠳᠡᠵᠦ᠂ ᠦᠨᠳᠦᠰᠦᠨ ᠳᠤ ᠪᠠᠨ ᠬᠡᠪ ᠤᠨ ᠬᠢᠷᠢ ᠲᠦᠪᠰᠢᠨ ᠳᠤ ᠡᠵᠡᠩᠨᠡᠯᠲᠡ ᠶᠢᠨ ᠴᠢᠨᠠᠷᠲᠠᠢ ᠵᠠᠰᠠᠮᠠᠯ ᠵᠠᠮ ᠤᠨ ᠡᠳᠦᠷ ᠳᠤᠮᠳᠠᠴᠢ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 450 ᠲᠦᠮᠡᠨ ᠲᠣᠨ ᠳᠤ ᠬᠦᠷᠴᠦ᠂ 4 ᠰᠠᠷ᠎ᠠ ᠶᠢᠨ 18 ᠤ ᠡᠳᠦᠷ ᠤᠨ ᠬᠢ ᠠᠴᠠ 23.8% ᠪᠠᠷ ᠨᠡᠮᠡᠭᠳᠡᠨ᠂ ᠨᠢᠳᠤᠨᠤᠨ ᠤ ᠠᠳᠠᠯᠢ ᠬᠤᠭᠤᠴᠠᠭᠠᠨ ᠤ ᠬᠢᠷᠢ ᠲᠦᠪᠰᠢᠨ ᠠᠴᠠ ᠳᠠᠪᠠᠵᠠᠢ᠃7 ᠰᠠᠷ᠎ᠠ ᠶᠢᠨ 11 ᠤ ᠡᠳᠦᠷ ᠤᠨ 24 ᠴᠠᠭ ᠪᠣᠯᠲᠠᠯ᠎ᠠ᠂ ᠪᠥᠬᠦ ᠣᠷᠣᠨ ᠤ ᠲᠦᠷᠭᠡᠨ ᠳᠠᠪᠬᠢᠬᠤ ᠵᠠᠰᠠᠮᠠᠯ ᠵᠠᠮ ᠳᠤ ᠲᠦᠷ ᠴᠠᠭ ᠬᠠᠭᠠᠵᠤ ᠵᠣᠭᠰᠣᠭᠠᠭᠰᠠᠨ ᠰᠦᠢᠳᠬᠡᠯ ᠬᠤᠷᠢᠶᠠᠬᠤ ᠥᠷᠲᠡᠭᠡ ᠪᠠ ᠦᠢᠯᠡᠴᠢᠯᠡᠭᠡᠨ ᠤ ᠲᠣᠭᠤᠷᠢᠭ ᠪᠠᠶᠢᠬᠤ ᠦᠭᠡᠢ᠃   ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠲᠡᠭᠡᠭᠡᠪᠦᠷᠢ ᠶᠢᠨ ᠲᠢᠩᠬᠢᠮ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠲᠠᠷᠠᠭᠠᠴᠢ ᠶᠢᠨ ᠠᠯᠬᠤᠮ ᠳᠤ᠂ ᠪᠥᠬᠦ ᠣᠷᠣᠨ ᠤ ᠪᠠᠷᠠᠭᠠᠨ ᠤ ᠭᠦᠢᠯᠭᠡᠭᠡᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠠᠵᠢᠯ ᠤᠨ ᠭᠤᠣᠯᠳᠠᠯᠭ᠎ᠠ ᠪᠠᠨ ᠪᠠᠴᠢᠮ ᠢ ᠠᠷᠭᠠᠴᠠᠭᠠᠵᠤ ᠰᠠᠭᠠᠳ ᠦᠭᠡᠢ ᠨᠡᠪᠲᠡᠷᠡᠬᠦ ᠶᠢ ᠪᠠᠲᠤᠯᠠᠵᠤ ᠪᠠᠶᠢᠭᠰᠠᠨ ᠠᠴᠠ ᠪᠠᠨ ᠦᠷ᠎ᠡ ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠬᠦ ᠳᠠᠰᠢ ᠰᠢᠯᠵᠢᠭᠦᠯᠵᠦ᠂ ᠮᠥᠷᠳᠡᠨ ᠲᠣᠬᠢᠷᠠᠭᠤᠯᠬᠤ ᠶᠢ ᠴᠢᠩᠭᠠᠳᠬᠠᠨ᠂ ᠠᠰᠠᠭᠤᠳᠠᠯ ᠳᠠᠬᠢᠨ ᠡᠭᠦᠰᠬᠦ ᠶᠢ ᠰᠡᠷᠬᠡᠶᠢᠯᠡᠨ᠎ᠡ ᠃ ᠡᠭᠦᠨ ᠤ ᠵᠡᠷᠭᠡ ᠳᠤ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠰᠢᠢᠳᠪᠦᠷᠢᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠵᠣᠨ ᠤ ᠣᠷᠭᠢᠯ ᠦᠶ᠎ᠡ ᠶᠢᠨ ᠬᠡᠷᠡᠭᠴᠡᠭᠡ ᠶᠢ ᠪᠠᠲᠤᠯᠠᠬᠤ ᠳᠤ ᠦᠢᠯᠡᠴᠢᠯᠡᠬᠦ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠪᠠᠴᠢᠮ ᠢ ᠠᠷᠭᠠᠴᠠᠭᠠᠬᠤ ᠪᠡᠯᠡᠳᠬᠡᠯ ᠵᠡᠷᠭᠡ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠡᠳ᠋ ᠪᠠᠷᠠᠭᠠᠨ ᠤ ᠭᠦᠢᠯᠭᠡᠭᠡ ᠶᠢ ᠪᠥᠬᠦ ᠬᠦᠴᠦᠨ ᠢᠶᠠᠷ ᠢᠶᠠᠨ ᠰᠠᠭᠠᠳ ᠦᠭᠡᠢ ᠨᠠᠪᠲᠠᠷᠡᠭᠦᠯᠵᠦ᠂ ᠠᠵᠤ ᠠᠬᠤᠢ ᠶᠢᠨ ᠲᠣᠭᠲᠠᠭᠤᠨ ᠠᠵᠢᠯᠯᠠᠭᠠᠨ ᠪᠠ ᠠᠷᠠᠳ ᠣᠯᠠᠨ ᠤ ᠦᠢᠯᠡᠳᠪᠦᠷᠢᠯᠡᠯ ᠠᠮᠢᠳᠤᠷᠠᠯ ᠳᠤ ᠬᠦᠴᠦᠲᠡᠢ ᠪᠠᠲᠤᠯᠠᠭ᠎ᠠ ᠬᠠᠨᠭ᠍ᠭᠠᠬᠤ ᠪᠤᠯᠤᠨ᠎ᠠ᠃   
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号