ᠮᠠᠨ ᠤ ᠣᠷᠣᠨ 1.38 ᠳ᠋ᠦᠩᠰᠢᠭᠤᠷ ᠲᠥᠭᠦᠷᠢᠭ ᠲᠣᠬᠢᠷᠠᠭᠤᠯᠵᠤ ᠠᠵᠤ ᠠᠬᠤᠢ ᠶᠢᠨ ᠬᠦᠴᠢᠷᠳᠡᠯ ᠲᠠᠢ ᠨᠠᠰᠤᠲᠠᠶᠢᠴᠤᠳ ᠲᠤ ᠨᠠᠰᠤᠵᠢᠯ ᠤᠨ  ᠦᠢᠯᠡᠴᠢᠯᠡᠭᠡᠨ ᠤ ᠨᠥᠬᠦᠪᠦᠷᠢ ᠣᠯᠭᠤᠪᠠ
ᠨᠡᠶᠢᠲᠡᠯᠡᠭᠰᠡᠨ ᠴᠠᠭ᠄
2022/7/19
    ᠣᠶᠢᠷ᠎ᠠ ᠳᠤ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠨᠠᠰᠤᠲᠠᠶᠢᠴᠤᠳ ᠤᠨ ᠠᠰᠠᠷᠠᠮᠵᠢ ᠶᠢᠨ ᠨᠥᠬᠦᠪᠦᠷᠢ ᠶᠢ 1.38 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠠᠵᠤ ᠠᠬᠤᠢ ᠶᠢᠨ ᠬᠦᠴᠢᠷᠳᠡᠯ ᠲᠠᠢ ᠨᠠᠰᠤᠲᠠᠶᠢᠴᠤᠳ ᠲᠤ ᠨᠠᠰᠤᠵᠢᠯ ᠤᠨ   ᠦᠢᠯᠡᠴᠢᠯᠡᠭᠡᠨ ᠤ ᠨᠥᠬᠦᠪᠦᠷᠢ ᠣᠯᠭᠤᠬᠤ ᠳᠤ ᠬᠡᠷᠡᠭᠯᠡᠵᠦ᠂ ᠬᠦᠮᠦᠨ ᠪᠦᠷᠢ ᠳᠤ 50 ᠲᠦᠬᠦᠷᠢᠭ ᠤᠨ ᠪᠠᠷᠢᠮᠵᠢᠶ᠎ᠠ ᠪᠠᠷ ᠤᠯᠭᠤᠨ᠎ᠠ᠃     ︽ᠤᠯᠤᠰ ᠤᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠪᠠᠷᠢᠮᠵᠢᠶ᠎ᠠ ︵2021 ᠣᠨ ᠤ ᠬᠡᠪᠯᠡᠯ︶︾ ᠪᠣᠯᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠡᠷᠡᠭᠵᠢᠭᠦᠯᠬᠦ ᠪᠠᠷᠢᠮᠵᠢᠶ᠎ᠠ ︵2021 ᠣᠨ ᠤ ᠬᠡᠪᠯᠡᠯ︶︾ ᠶᠢ ᠬᠢᠨᠠᠮᠠᠭᠠᠢ ᠨᠠᠶᠢᠳᠠᠪᠤᠷᠢᠵᠢᠭᠤᠯᠬᠤ ᠶᠢᠨ ᠲᠥᠯᠥᠭᠡ᠂ ︽ᠠᠭᠤᠯᠭ᠎ᠠ ᠨᠢ ᠲᠤᠲᠠᠭᠳᠠᠵᠤ ᠪᠣᠯᠣᠰᠢ ᠦᠭᠡᠢ᠂ ᠬᠥᠮᠥᠨ ᠪᠦᠬᠦᠨ ᠢ ᠬᠠᠮᠤᠷᠬᠤ᠂ ᠪᠠᠷᠢᠮᠵᠢᠶ᠎ᠠ ᠶᠢ ᠥᠨᠳᠥᠷ ᠪᠣᠯᠭᠠᠬᠤ ᠦᠭᠡᠢ᠂ ᠡᠳ᠋ ᠤᠨ ᠬᠦᠴᠦᠨ ᠢ ᠪᠠᠲᠤᠯᠠᠭ᠎ᠠ ᠲᠠᠢ᠂ ᠦᠢᠯᠡᠴᠢᠯᠡᠭᠡ ᠶᠢ ᠦᠷᠭᠦᠯᠵᠢᠯᠡᠭᠦᠯᠵᠦ ᠳᠡᠶᠢᠯᠬᠦ︾ ᠱᠠᠭᠠᠷᠳᠠᠯᠭ᠎ᠠ ᠶᠣᠰᠣᠭᠠᠷ᠂ ᠮᠠᠨ ᠤ ᠣᠷᠣᠨ ᠡᠷᠦᠬᠡ ᠠᠮᠠ ᠶᠢᠨ ᠲᠠᠩᠰᠠ ᠲᠠᠢ ᠬᠥᠮᠥᠨ ᠠᠮᠠ ᠶᠢᠨ ᠳᠣᠲᠣᠷᠠᠬᠢ 70 ︱ 79 ᠪᠦᠬᠦᠯᠢ ᠨᠠᠰᠤᠨ ᠤ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ ᠬᠦᠷᠳᠡᠵᠤ ᠪᠠᠶᠢᠭ᠎ᠠ ᠨᠠᠰᠤᠲᠠᠶᠢᠴᠤᠳ ᠢ ᠠᠵᠤ ᠠᠬᠤᠢ ᠶᠢᠨ ᠬᠦᠴᠢᠷᠳᠡᠯ ᠲᠠᠢ ᠨᠠᠰᠤᠲᠠᠶᠢᠴᠤᠳ ᠢᠶᠠᠷ ᠲᠣᠭᠲᠠᠭᠠᠵᠤ᠂ 2022 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠵᠦ   ᠨᠠᠰᠤᠵᠢᠯ ᠤᠨ ᠦᠢᠯᠡᠴᠢᠯᠡᠭᠡᠨ ᠤ ᠨᠥᠬᠦᠪᠦᠷᠢ ᠶᠢ ᠣᠯᠭᠤᠨ᠎ᠠ᠃ ᠨᠠᠰᠤᠵᠢᠯ ᠤᠨ ᠦᠢᠯᠡᠴᠢᠯᠡᠭᠡᠨ ᠤ ᠨᠥᠬᠦᠪᠦᠷᠢ ᠬᠦᠷᠲᠡᠵᠦ ᠪᠠᠶᠢᠭ᠎ᠠ ᠨᠠᠰᠤᠲᠠᠶᠢᠴᠤᠳ ᠪᠦᠬᠦᠯᠢ 80 ᠨᠠᠰᠤ  ᠬᠦᠷᠪᠡᠯ ᠲᠦᠭᠡᠮᠡᠯ ᠬᠠᠷᠠᠭᠠᠯᠵᠠᠯᠳᠤ ᠦᠳᠡᠬᠦᠰ ᠤᠨ ᠨᠦᠬᠦᠪᠦᠷᠢ ᠬᠦᠷᠳᠡᠬᠡᠵᠤ᠂ ᠨᠠᠰᠤᠲᠠᠶᠢᠴᠤᠳ ᠤᠨ ᠬᠤᠶᠠᠷ   ᠠᠰᠠᠷᠠᠮᠵᠢ ᠶᠢᠨ ᠲᠥᠷᠥ ᠶᠢᠨ ᠪᠣᠳᠣᠯᠭ᠎ᠠ ᠯᠤᠭ᠎ᠠ ᠡᠮᠬᠢ ᠵᠢᠷᠤᠮ ᠲᠠᠢ ᠵᠣᠯᠭᠠᠭᠤᠯᠬᠤ ᠪᠤᠯᠤᠨ᠎ᠠ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号