ᠮᠠᠨ ᠤ ᠤᠷᠤᠨ ᠡᠮ ᠡᠮᠨᠡᠯᠭᠡ ᠶᠢᠨ ᠳᠠᠭᠠᠳᠬᠠᠯ ᠤᠨ ︽ᠭᠤᠷᠪᠠᠨ ᠳᠦᠷᠢᠮ︾ ᠢ ᠲᠡᠭᠦᠯᠳᠡᠷᠵᠢᠭᠦᠯᠵᠦ ᠣᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠬᠥᠩᠭᠡᠯᠡᠵᠦ ᠪᠣᠶ
ᠨᠡᠶᠢᠲᠡᠯᠡᠭᠰᠡᠨ ᠴᠠᠭ᠄
2022/7/21
    ᠣᠶᠢᠷ᠎ᠠ ᠶᠢᠨ ᠵᠢᠯ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠡᠮᠴᠢᠯᠡᠭᠡᠨ ᠤ ᠪᠠᠲᠤᠯᠠᠭ᠎ᠠ ᠶᠢᠨ ᠳᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠪᠠ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠭᠤᠷᠪᠠᠨ ᠳᠦᠷᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠴᠢᠳᠠᠮᠵᠢ ᠶᠢ ᠲᠡᠭᠦᠯᠳᠡᠷᠵᠢᠭᠦᠯᠦᠨ᠂ ᠳᠠᠭᠠᠳᠬᠠᠯ ᠳᠤ ᠤᠷᠤᠯᠴᠠᠬᠰᠠᠳ ᠤᠨ ᠡᠪᠡᠳᠴᠢᠨ ᠦᠵᠡᠭᠦᠯᠬᠦ ᠳᠠᠷᠤᠭᠠᠰᠤ ᠶᠢ ᠱᠠᠲᠤ ᠱᠠᠲᠤ ᠪᠠᠷ ᠬᠥᠩᠭᠡᠷᠡᠭᠦᠯᠪᠡ᠃   ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠭᠤᠣᠯ ᠴᠣᠭᠴᠠ ᠶᠢᠨ ᠪᠠᠲᠤᠯᠠᠭ᠎ᠠ ᠶᠢᠨ ᠴᠢᠳᠠᠮᠵᠢ ᠶᠢ ᠭᠦᠢᠴᠡᠳ  ᠪᠠᠳᠠᠷᠠᠭᠤᠯᠪᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠦᠷᠢᠮ ᠢ  ᠲᠡᠭᠦᠯᠳᠡᠷᠵᠢᠭᠦᠯᠵᠦ᠂ ᠦᠨᠳᠦᠰᠦᠨ ᠪᠠᠲᠤᠯᠠᠭ᠎ᠠ ᠶᠢ ᠪᠠᠷᠢᠮᠲᠠᠯᠠᠨ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠥᠯᠥᠬᠦ ᠬᠡᠪᠴᠢᠶ᠎ᠡ ᠪᠠ ᠪᠠᠷᠢᠮᠵᠢᠶ᠎ᠠ ᠶᠢ ᠴᠢᠩᠭ᠎ᠠ ᠬᠡᠷᠡᠭᠵᠢᠬᠦᠯᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠪᠡᠯᠡ ᠴᠤᠭᠯᠠᠭᠤᠯᠬᠤ ᠪᠠᠷᠢᠮᠵᠢᠶ᠎ᠠ ᠪᠠ ᠣᠯᠭᠤᠮᠵᠢ  ᠶᠢ ᠲᠣᠭᠲᠠᠭᠤᠨ ᠢᠶᠠᠷ  ᠲᠡᠭᠡᠭᠰᠢᠯᠡᠬᠦᠯᠪᠡ᠃ ᠣᠳᠣᠬᠠᠨ ᠳᠤ᠂ ᠮᠠᠨ ᠤ ᠣᠷᠣᠨ ᠨᠢᠭᠡᠨᠲᠡ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠠᠶᠢᠮᠠᠭ ᠬᠤᠲᠠ ᠶᠢᠨ ᠱᠠᠲᠤᠨ ᠤ ᠨᠢᠭᠡᠳᠦᠯᠲᠡᠢ ᠲᠥᠯᠦᠪᠵᠢᠭᠦᠯᠭᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠠᠵᠢᠯᠯᠠᠭᠠᠨ ᠤ ᠦᠷ᠎ᠡ ᠪᠦᠲᠦᠮᠵᠢ ᠪᠠ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃   ᠬᠦᠨᠳᠦ ᠡᠪᠡᠳᠴᠢᠨ ᠤ ᠳᠠᠭᠠᠳᠬᠠᠯ ᠤᠨ ᠳᠠᠷᠤᠭᠠᠰᠤ ᠶᠢ ᠬᠥᠩᠭᠡᠷᠡᠭᠦᠯᠬᠦ ᠴᠢᠳᠠᠮᠵᠢ ᠶᠢ ᠴᠢᠩᠭᠠᠳᠬᠠᠪᠠ᠃ ᠮᠠᠨ ᠤ ᠣᠷᠣᠨ ᠤ ᠬᠦᠨᠳᠦ ᠡᠪᠡᠳᠴᠢᠨ ᠤ ᠳᠠᠭᠠᠳᠬᠠᠯ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠳ ᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠪᠡᠯᠡ ᠴᠤᠭᠯᠠᠭᠤᠯᠬᠤ ᠶᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠠᠴᠠ ᠬᠤᠪᠢᠶᠠᠷᠢᠯᠠᠨ ᠰᠠᠯᠭᠠᠵᠤ᠂ ᠬᠤᠪᠢ ᠬᠥᠮᠥᠨ ᠰᠦᠢᠳᠬᠡᠯ ᠲᠤᠰᠢᠶᠠᠬᠤ ᠦᠭᠡᠢ᠃ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢᠨ ᠳᠡᠭᠡᠷ᠎ᠡ᠂ ᠡᠯ᠎ᠡ ᠨᠢᠭᠡᠳᠦᠯᠲᠡᠢ ᠲᠥᠯᠥᠪᠯᠡᠬᠦ ᠲᠣᠭᠤᠷᠢᠭ ᠨᠢ ᠬᠦᠨᠳᠦ ᠡᠪᠡᠳᠴᠢᠨ ᠤ ᠳᠠᠭᠠᠳᠬᠠᠯ ᠤᠨ ᠪᠡᠯᠡ ᠴᠤᠭᠯᠠᠭᠤᠯᠬᠤ ᠪᠠᠷᠢᠮᠵᠢᠶ᠎ᠠ ᠶᠢ ᠵᠦᠢ ᠵᠣᠬᠢᠰᠲᠠᠢ ᠲᠣᠭᠲᠠᠭᠠᠵᠤ᠂ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠳᠥᠯᠥᠬᠦ ᠪᠠᠷᠢᠮᠵᠢᠶ᠎ᠠ ᠶᠢ ᠨᠢᠭᠡᠳᠬᠡᠵᠦ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠲᠠᠩᠰᠠ ᠲᠠᠶᠢᠯᠬᠤ ᠬᠠᠷᠢᠴᠠᠯ ᠢ 60% ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃ ᠬᠦᠨᠳᠦ ᠡᠪᠡᠳᠴᠢᠨ ᠤ ᠳᠠᠭᠠᠳᠬᠠᠯ ᠳᠤ ᠣᠨᠴᠠ ᠬᠦᠴᠢᠷᠳᠡᠯᠲᠡᠢ ᠬᠥᠮᠥᠰ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠳᠡᠭᠰᠡᠳ᠂ ᠳᠠᠬᠢᠨ ᠶᠠᠳᠠᠭᠤᠷᠠᠬᠤ ᠪᠤᠯᠤᠮᠵᠢ ᠲᠠᠢ ᠬᠦᠮᠦᠰ ᠲᠤ ᠭᠤᠤᠯᠳᠠᠯᠭ᠎ᠠ ᠲᠠᠢ ᠬᠠᠨᠳᠤᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ᠳᠥᠯᠥᠬᠦ ᠪᠠᠷᠢᠮᠵᠢᠶ᠎ᠠ ᠶᠢ 50% ᠪᠠᠷ ᠪᠠᠭᠤᠷᠠᠭᠤᠯᠤᠨ᠂ ᠳᠥᠯᠥᠬᠦ ᠬᠠᠷᠢᠴᠠᠯ ᠢ 5 % ᠪᠠᠷ ᠳᠡᠭᠡᠭᠰᠢᠯᠡᠭᠦᠯᠦᠭᠰᠡᠨ ᠤ ᠬᠠᠮᠲᠤ ᠬᠠᠮᠤᠭ ᠤᠨ ᠥᠨᠳᠥᠷ ᠳᠥᠯᠥᠬᠦ ᠬᠢᠵᠠᠭᠠᠷ  ᠢ ᠬᠦᠴᠦᠨ ᠦᠭᠡᠢ ᠪᠣᠯᠭᠠᠵᠤ᠂ ᠬᠦᠨᠳᠦ ᠡᠪᠡᠳᠴᠢᠲᠡᠨ ᠪᠠ ᠬᠦᠴᠢᠷᠳᠡᠯᠲᠡᠢ ᠣᠯᠠᠨ ᠲᠦᠮᠡᠨ ᠤ ᠡᠮ ᠡᠮᠨᠡᠯᠭᠡ ᠶᠢᠨ ᠵᠠᠷᠤᠳᠠᠯ ᠤᠨ ᠳᠠᠷᠤᠭᠠᠰᠤ ᠶᠢ ᠪᠦᠲᠦᠮᠵᠢᠲᠡᠶ ᠬᠥᠩᠭᠡᠷᠡᠭᠦᠯᠪᠡ᠃   
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号