9.8 ᠳ᠋ᠦᠩᠰᠢᠭᠤᠷ ᠲᠥᠭᠦᠷᠢᠭ ᠢᠶᠠᠷ ᠮᠠᠯᠵᠢᠯ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ
ᠨᠡᠶᠢᠲᠡᠯᠡᠭᠰᠡᠨ ᠴᠠᠭ᠄
2022/7/4
    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠠᠮᠤᠭ ᠤᠨ ᠰᠢᠨ᠎ᠡ ᠮᠡᠳᠡᠭᠡ᠄ ᠦᠨᠤ ᠵᠢᠯ ᠰᠦ ᠶᠢᠨ ᠦᠢᠯᠡᠰ ᠤᠨ ᠬᠥᠭᠵᠢᠯᠲᠡ ᠶᠢ ᠠᠬᠢᠭᠤᠯᠵᠤ᠂ ᠮᠠᠨ ᠤ ᠣᠷᠣᠨ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢᠨ ᠵᠠᠭᠪᠤᠷ ᠤᠨ ᠰᠢᠨ᠎ᠡ ᠶᠢ ᠡᠭᠦᠳᠬᠦ ᠶᠢᠨ ᠲᠥᠯᠥᠭᠡ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ 9.8 ᠳ᠋ᠦᠩᠰᠢᠭᠤᠷ ᠲᠥᠭᠦᠷᠢᠭ ᠪᠡᠯᠡ ᠮᠥᠩᠭᠦ ᠲᠣᠬᠢᠷᠠᠭᠤᠯᠵᠤ᠂ ᠵᠠᠰᠠᠭ ᠤᠨ ᠣᠷᠳᠣᠨ ᠰᠲ᠋ᠣᠺ ᠤᠨ ᠡᠷᠬᠡ ᠪᠠᠷ ᠪᠡᠯᠡ ᠭᠠᠷᠭᠠᠬᠤ ᠠᠷᠭ᠎ᠠ ᠪᠠᠷ ᠮᠠᠯᠵᠢᠯ ᠤᠨ ᠲᠠᠯᠠᠪᠠᠢ  ᠶᠢᠨ ᠪᠦᠳᠦᠬᠡᠨ ᠪᠠᠶᠢᠭᠤᠯᠤᠯᠳᠠ ᠶᠢ ᠲᠡᠮᠵᠢᠪᠡ᠃   ᠡᠨᠡ ᠬᠦ ᠶᠠᠪᠤᠴᠠ ᠳᠤ᠂ ᠥᠪᠥᠷ ᠮᠣᠩᠭᠤᠯ ᠤᠨ ᠿᠢ ᠰᠢᠨ ᠪᠡᠯᠡ ᠣᠷᠣᠭᠤᠯᠤᠯᠲᠠ ᠶᠢᠨ ︵ᠪᠦᠯᠦᠭᠯᠡᠯ︶ ᠬᠢᠵᠠᠭᠠᠷᠲᠤ ᠺᠣᠮᠫᠠᠨᠢ ︵ᠿᠢ ᠰᠢᠨ ᠪᠦᠯᠦᠭᠯᠡᠯ ᠭᠡᠵᠦ ᠲᠦᠬᠦᠮᠴᠢᠯᠡᠶ᠎ᠡ︶ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠢ ᠲᠥᠯᠥᠭᠡᠯᠡᠨ ᠥᠪᠥᠷ ᠮᠣᠩᠭᠤᠯ ᠤᠨ ᠢᠦ ᠷᠠᠨ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ᠂ ᠣᠲᠣ ᠦᠶ᠎ᠡ ᠶᠢᠨ ᠮᠠᠯ ᠠᠵᠤ ᠠᠬᠤᠢ ᠶᠢᠨ ︵ᠪᠦᠯᠦᠭᠯᠡᠯ︶ ᠬᠢᠵᠠᠭᠠᠷᠲᠤ ᠺᠣᠮᠫᠠᠨᠢ ᠲᠠᠢ ᠲᠤᠰ ᠲᠤᠰ ᠥᠪᠥᠷ ᠮᠣᠩᠭᠤᠯ ᠤᠨ ᠢᠦ ᠮᠦ ᠰᠦ ᠶᠢᠨ ᠦᠢᠯᠡᠰ ᠤᠨ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠣᠲᠣ ᠦᠶ᠎ᠡ ᠶᠢᠨ ᠪᠧᠨ ᠨᠢᠦ  ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ︵ᠪᠡᠯᠡ ᠣᠷᠣᠭᠤᠯᠤᠯᠲᠠ ᠶᠢᠨ ᠺᠣᠮᠫᠠᠨᠢ ᠭᠡᠵᠦ  ᠲᠦᠬᠦᠮᠴᠢᠯᠡᠶ᠎ᠡ︶ ᠶᠢ  ᠪᠠᠶᠢᠭᠤᠯᠪᠠ᠃ ᠬᠤᠶᠠᠷ ᠪᠡᠯᠡ ᠣᠷᠣᠭᠤᠯᠤᠯᠲᠠ ᠶᠢᠨ ᠺᠣᠮᠫᠠᠨᠢ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠪᠠᠷ ᠪᠠᠶᠢᠭᠤᠯᠤᠭᠰᠠᠨ ᠮᠠᠯᠵᠢᠯ ᠤᠨ ᠲᠠᠯᠠᠪᠠᠶ ᠳᠤ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠬᠢᠵᠦ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠥᠰᠢᠭᠦᠷᠭᠡ ᠶᠢᠨ ᠦᠢᠯᠡᠳᠦᠯ ᠢ ᠪᠠᠳᠠᠷᠠᠭᠤᠯᠤᠨ᠂ ᠨᠡᠶᠢᠭᠡᠮ ᠤᠨ ᠬᠥᠷᠥᠩᠭᠡ ᠶᠢ ᠲᠡᠳᠡᠨ ᠮᠠᠯᠵᠢᠯ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠳᠠ ᠳᠤ ᠤᠷᠤᠯᠴᠠᠭᠤᠯᠬᠤ ᠪᠤᠯᠤᠨ᠎ᠠ᠃   ᠦᠨᠤ ᠵᠢᠯ ᠮᠠᠨ ᠤ ᠣᠷᠣᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠪᠠᠲᠤᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠶᠢᠨ ᠬᠠᠮᠲᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠥᠲᠥᠯᠥᠨ ᠵᠢᠯᠤᠭᠤᠳᠬᠤ ᠦᠢᠯᠡᠳᠦᠯ ᠢ ᠤᠯᠠᠮ ᠪᠠᠳᠠᠷᠠᠭᠤᠯᠵᠤ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢᠰᠦᠨ ᠵᠦᠢᠯ ᠤᠨ ᠲᠥᠷᠥ ᠶᠢᠨ ᠪᠣᠳᠣᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠰᠦ ᠶᠢᠨ ᠦᠢᠯᠡᠰ ᠤᠨ  ᠴᠢᠨᠠᠷᠯᠢᠭ ᠬᠥᠭᠵᠢᠯᠲᠡ ᠳᠤ ᠬᠦᠴᠦᠨ ᠨᠡᠮᠡᠷᠢᠯᠡᠪᠡ᠃ ᠢᠯᠠᠩᠭᠤᠶ᠎ᠠ ᠰᠦ ᠶᠢᠨ ᠦᠢᠯᠡᠰ ᠤᠨ ᠮᠠᠯᠵᠢᠯ ᠤᠨ ᠲᠠᠯᠠᠪᠠᠶ ᠶᠢᠨ ᠪᠡᠯᠡ ᠣᠷᠣᠭᠤᠯᠤᠯᠲᠠ ᠶᠢᠨ ᠠᠷᠭ᠎ᠠ ᠶᠢᠨ ᠰᠢᠨ᠎ᠡ ᠶᠢ ᠡᠭᠦᠳᠬᠦ ᠳᠤᠮᠳᠠ᠂ ᠣᠯᠠᠨ ᠲᠠᠯ᠎ᠠ ᠪᠠᠷ ᠠᠳᠠᠯᠢ ᠴᠢᠭᠯᠡᠯ ᠢᠶᠠᠷ ᠬᠦᠴᠦᠯᠡᠵᠦ᠂ ᠮᠠᠯᠵᠢᠯ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠪᠡ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠡᠯᠡ ᠣᠷᠣᠭᠤᠯᠤᠯᠲᠠ ᠶᠢᠨ ᠬᠡᠷᠡᠭᠵᠢᠭᠦᠯᠬᠦ ᠲᠥᠰᠥᠯ ᠢ ᠴᠣᠬᠤᠯᠠᠪᠤᠷᠢᠯᠠᠭᠰᠠᠨ ᠤ ᠳᠠᠷᠠᠭ᠎ᠠ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠢᠯᠢ ᠪᠦᠯᠦᠭᠯᠡᠯ᠂ ᠮᠧᠩ ᠨᠢᠦ ᠪᠦᠯᠦᠭᠯᠡᠯ ᠪᠣᠯᠣᠨ ᠿᠢ ᠰᠢᠨ ᠪᠦᠯᠦᠭᠯᠡᠯ ᠢ ᠴᠠᠭ ᠲᠤᠬᠠᠢ  ᠳᠤ ᠨᠢ ᠵᠣᠬᠢᠶᠠᠨ ᠪᠠᠶᠢᠭᠤᠯᠵᠤ ᠪᠡᠯᠡ ᠣᠷᠣᠭᠤᠯᠤᠯᠲᠠ ᠶᠢᠨ ᠺᠣᠮᠫᠠᠨᠢ ᠪᠠᠶᠢᠭᠤᠯᠬᠤ ᠶᠢᠨ ᠬᠠᠮᠲᠤ ᠲᠥᠷᠥᠯ ᠵᠦᠢᠯ ᠭᠤᠶᠤᠴᠢᠯᠠᠨ ᠮᠡᠳᠡᠭᠦᠯᠬᠦ᠂ ᠮᠠᠯᠵᠢᠯ ᠤᠨ ᠲᠠᠯᠠᠪᠠᠶ ᠳᠤ ᠪᠠᠶᠢᠴᠠᠭᠠᠨ  ᠰᠤᠳᠤᠯᠬᠤ᠂ ᠨᠠᠶᠢᠳᠠᠨ ᠬᠠᠮᠢᠶᠠᠷᠤᠭᠤᠯᠬᠤ ᠪᠠᠩᠬᠢ ᠶᠢᠨ ᠳᠠᠭᠠᠭᠠᠴᠢᠯᠠᠯᠲᠠ ᠵᠠᠷᠯᠠᠬᠤ ᠵᠡᠷᠭᠡ ᠤᠴᠢᠷ ᠶᠠᠪᠤᠳᠠᠯ ᠢ ᠵᠣᠬᠢᠶᠠᠨ ᠪᠠᠶᠢᠭᠤᠯᠵᠤ᠂ ᠮᠠᠯᠵᠢᠯ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠦᠷᠬᠡᠨ ᠨᠠᠶᠢᠳᠠᠪᠤᠷᠢᠵᠢᠭᠤᠯᠬᠤ ᠶᠢ ᠠᠬᠢᠭᠤᠯᠪᠠ᠃ ᠣᠶᠢᠯᠠᠭᠠᠭᠰᠠᠨ ᠢᠶᠠᠷ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠡᠯᠡ ᠣᠷᠣᠭᠤᠯᠤᠯᠲᠠ ᠶᠢᠨ ᠬᠡᠷᠡᠭᠵᠢᠭᠦᠯᠬᠦ ᠲᠥᠰᠥᠯ ᠤᠨ ᠶᠣᠰᠣᠭᠠᠷ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠰᠢᠨ᠎ᠡ ᠪᠠᠷ ᠪᠠᠶᠢᠭᠤᠯᠤᠭᠰᠠᠨ ᠮᠠᠯᠵᠢᠯ ᠤᠨ ᠲᠠᠯᠠᠪᠠᠶ ᠶᠢᠨ ᠰᠲ᠋ᠣᠺ ᠤᠨ ᠡᠷᠬᠡ ᠶᠢ ᠳᠠᠮ ᠢᠶᠠᠷ ᠡᠵᠡᠮᠰᠢᠵᠦ᠂ ᠨᠡᠶᠢᠭᠡᠮ ᠤᠨ ᠬᠥᠷᠥᠩᠭᠡ ᠪᠤᠯᠤᠨ ᠮᠥᠩᠭᠦᠨ ᠭᠦᠢᠯᠭᠡᠭᠡᠨ ᠤ ᠬᠥᠷᠥᠩᠭᠡ ᠶᠢᠨ ᠣᠷᠣᠭᠤᠯᠤᠯᠲᠠ ᠶᠢ ᠬᠥᠳᠡᠯᠭᠡᠵᠦ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠂ ᠪᠡᠯᠡ ᠣᠷᠣᠭᠤᠯᠤᠯᠲᠠ ᠶᠢ 10 ᠳᠠᠬᠢᠨ ᠰᠢᠬᠠᠮ ᠨᠡᠮᠡᠭᠳᠡᠭᠦᠯᠵᠡᠢ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号