ᠮᠠᠨ ᠤ ᠤᠷᠤᠨ ᠬᠤᠲᠠ ᠪᠠᠯᠭᠠᠰᠤᠨ ᠤ ᠣᠷᠣᠨ ᠰᠠᠭᠤᠴᠠ ᠶᠢᠨ ᠲᠤᠬᠠᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠲᠦᠯᠦᠪᠵᠢᠬᠦᠯᠬᠡ ᠶᠢ ᠨᠡᠶᠢᠳᠡᠯᠡᠪᠡ
ᠨᠡᠶᠢᠲᠡᠯᠡᠭᠰᠡᠨ ᠴᠠᠭ᠄
2022/8/12
    ᠣᠯᠠᠨ ᠭᠤᠣᠯ ᠴᠣᠭᠴᠠ ᠠᠴᠠ ᠬᠠᠩᠭᠠᠬᠤ᠂ ᠣᠯᠠᠨ ᠠᠷᠭ᠎ᠠ ᠵᠠᠮ ᠢᠶᠠᠷ ᠪᠠᠲᠤᠯᠠᠬᠤ᠂ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠬᠡ ᠪᠠᠷ ᠴᠢᠬᠤᠯᠠᠴᠢᠯᠠᠬᠤ ᠣᠷᠣᠨ ᠰᠠᠭᠤᠴᠠ ᠶᠢᠨ ᠳᠦᠷᠢᠮ ᠢ ᠪᠠᠶᠢᠭᠤᠯᠬᠤ ᠶᠢ ᠠᠬᠢᠭᠤᠯᠬᠤ ᠶᠢᠨ ᠲᠤᠰᠠᠳᠠ᠂ ᠮᠠᠨ ᠤ ᠣᠷᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤ ᠶᠢᠨ ᠣᠷᠣᠨ ᠰᠠᠭᠤᠴᠠ ᠶᠢᠨ ᠲᠤᠬᠠᠢ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠥᠭᠵᠢᠯᠲᠡ ᠶᠢᠨ ᠲᠥᠯᠦᠪᠵᠢᠭᠦᠯᠭᠡ︾ ︵︽ᠲᠥᠯᠦᠪᠵᠢᠭᠦᠯᠭᠡ︾ ᠭᠡᠵᠦ  ᠲᠤᠪᠴᠢᠯᠠᠶ᠎ᠠ︶ ᠶᠢ ᠨᠡᠶᠢᠲᠡᠯᠡᠪᠡ᠃ ︽ᠲᠥᠯᠦᠪᠵᠢᠭᠦᠯᠭᠡ︾ ᠳᠤ ᠮᠠᠨ ᠤ ᠣᠷᠣᠨ ᠤ ᠬᠤᠲᠠ ᠪᠠᠯᠭᠠᠰᠤ ᠶᠢᠨ ᠣᠷᠣᠨ ᠰᠠᠭᠤᠴᠠ ᠶᠢᠨ ᠬᠥᠭᠵᠢᠯᠲᠡ ᠶᠢᠨ ᠰᠠᠭᠤᠷᠢ ᠬᠢᠭᠡᠳ ᠲᠤᠯᠭᠠᠷᠠᠵᠤ ᠪᠠᠶᠢᠭ᠎ᠠ ᠪᠠᠶᠢᠳᠠᠯ ᠢ ᠪᠥᠬᠦ ᠲᠠᠯ᠎ᠠ ᠪᠠᠷ ᠵᠠᠳᠠᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠬᠢ ᠣᠷᠣᠨ ᠰᠠᠭᠤᠴᠠ ᠶᠢᠨ ᠬᠥᠭᠵᠢᠯᠲᠡ ᠶᠢᠨ ᠵᠢᠯᠤᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠣᠯᠣᠨ ᠬᠥᠭᠵᠢᠯᠲᠡ ᠶᠢᠨ ᠬᠠᠷᠠᠯᠲᠠ ᠶᠢ ᠲᠣᠭᠲᠠᠭᠠᠵᠤ᠂ ᠪᠥᠬᠦ ᠣᠷᠣᠨ ᠤ ᠬᠤᠲᠠ ᠪᠠᠯᠭᠠᠰᠤ ᠶᠢᠨ ᠣᠷᠣᠨ ᠰᠠᠭᠤᠴᠠ ᠶᠢᠨ ᠬᠥᠭᠵᠢᠯᠲᠡ ᠶᠢᠨ ᠭᠤᠣᠯᠳᠠᠯᠭ᠎ᠠ ᠲᠠᠢ ᠡᠭᠦᠷᠭᠡ ᠶᠢ ᠳᠤᠷᠠᠳᠤᠨ ᠭᠠᠷᠭᠠᠪᠠ᠃    ︽ᠲᠥᠯᠦᠪᠵᠢᠭᠦᠯᠭᠡ︾ ᠳᠤ ᠣᠷᠣᠨ ᠰᠠᠭᠤᠴᠠ ᠶᠢᠨ ᠠᠷᠠᠳ ᠤᠨ ᠠᠮᠢᠳᠤᠷᠠᠯ ᠤᠨ ᠰᠢᠨᠵᠢ ᠴᠢᠨᠠᠷ ᠢ ᠳᠣᠪᠤᠶᠢᠯᠭᠠᠵᠤ᠂ ︽ᠭᠡᠷ ᠪᠠᠶᠢᠰᠢᠩ ᠠᠪᠬᠤ ᠨᠢ ᠰᠠᠷᠢᠭᠠᠯᠠᠬᠤ ᠶᠢᠨ ᠲᠥᠯᠥᠭᠡ ᠪᠢᠰᠢ᠂ ᠰᠠᠭᠤᠬᠤ ᠶᠢᠨ ᠲᠥᠯᠥᠭᠡ︾ ᠭᠡᠬᠦ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠣᠷᠣᠨ ᠰᠠᠭᠤᠴᠠ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠳᠤᠮᠳᠠᠬᠢ ᠵᠠᠬ᠎ᠠ ᠳᠡᠯᠭᠡᠭᠦᠷ ᠤᠨ ᠲᠣᠭᠲᠠᠴᠠ ᠶᠢᠨ ᠰᠢᠢᠳᠪᠦᠷᠢᠯᠡᠬᠦ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠵᠤ᠂ ᠣᠯᠠᠨ ᠶᠠᠩᠵᠤ ᠶᠢᠨ᠂ ᠣᠯᠠᠨ ᠠᠷᠭ᠎ᠠ ᠵᠠᠮ ᠪᠦᠬᠦᠢ ᠣᠷᠣᠨ ᠰᠠᠭᠤᠴᠠ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠪᠠᠷ ᠭᠤᠣᠯ ᠪᠣᠯᠭᠠᠭᠰᠠᠨ ᠣᠷᠣᠨ ᠰᠠᠭᠤᠴᠠ ᠶᠢᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠬᠤᠳᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠭᠡᠷ ᠭᠠᠵᠠᠷ ᠤᠨ ᠬᠥᠷᠥᠩᠭᠡ ᠶᠢᠨ ᠵᠠᠬ᠎ᠠ ᠳᠡᠯᠭᠡᠭᠦᠷ ᠢ ᠲᠣᠭᠲᠠᠭᠤᠨ ᠪᠠᠶᠢᠯᠭᠠᠬᠤ ᠪᠠ ᠣᠷᠣᠨ ᠰᠠᠭᠤᠴᠠ ᠶᠢᠨ ᠬᠠᠮᠢᠶᠠᠷᠤᠯᠲᠠ ᠶᠢ ᠪᠠᠲᠤᠯᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠬᠦ᠂ ᠬᠠᠮᠲᠤ ᠶᠢᠨ ᠥᠮᠴᠢᠯᠡᠯ ᠤᠨ ᠡᠷᠬᠡ ᠲᠠᠢ ᠣᠷᠣᠨ ᠰᠠᠭᠤᠴᠠ ᠶᠢ ᠬᠠᠶᠢᠨ ᠰᠦᠪᠡᠭᠴᠢᠯᠡᠬᠦ᠂ ᠣᠷᠣᠨ ᠰᠠᠭᠤᠴᠠ ᠶᠢᠨ ᠲᠦᠷᠢᠶᠡᠰᠦᠯᠡᠯ ᠤᠨ ᠵᠠᠬ᠎ᠠ ᠳᠡᠯᠭᠡᠭᠦᠷ ᠢ ᠬᠥᠭᠵᠢᠭᠦᠯᠬᠦ᠂ ᠨᠠᠰᠤᠵᠢᠬᠤ ᠳᠤ ᠲᠣᠬᠢᠷᠠᠬᠤ ᠣᠷᠣᠨ ᠰᠠᠭᠤᠴᠠ ᠪᠠ ᠨᠠᠰᠤᠵᠢᠬᠤ ᠳᠤ ᠲᠣᠬᠢᠷᠠᠬᠤ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠣᠷᠣᠨ ᠰᠠᠭᠤᠴᠠ ᠶᠢᠨ ᠴᠢᠨᠠᠷ ᠪᠠ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ ᠵᠡᠷᠭᠡ 6 ᠲᠠᠯ᠎ᠠ ᠪᠠᠷ ᠬᠦᠴᠤᠯᠡᠬᠦ ᠲᠤᠬᠠᠢ ᠲᠤᠷᠠᠳᠪᠠ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠢᠵᠢ ᠪᠦᠷᠢᠳᠦᠭᠦᠯᠬᠦ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠬᠦ᠂ ᠲᠥᠯᠦᠪᠵᠢᠭᠦᠯᠭᠡ ᠶᠢ ᠬᠡᠷᠡᠭᠵᠢᠭᠦᠯᠬᠦ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠭᠦᠯᠬᠦ᠂ ᠣᠷᠣᠨ ᠰᠠᠭᠤᠴᠠ ᠶᠢᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠵᠡᠷᠭᠡ ᠲᠦᠷᠪᠡᠨ ᠳᠠᠪᠬᠤᠷ ᠪᠠᠲᠤᠯᠠᠭ᠎ᠠ ᠶᠢ ᠲᠡᠭᠦᠯᠳᠡᠷᠵᠢᠭᠦᠯᠬᠦ ᠪᠠᠷ ᠳᠠᠮᠵᠢᠭᠤᠯᠤᠨ ᠬᠠᠮᠤᠭ ᠡᠴᠦᠰ ᠲᠤ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡ ᠪᠠᠷ ᠴᠢᠬᠤᠯᠠᠴᠢᠯᠠᠬᠤ ᠣᠷᠣᠨ ᠰᠠᠭᠤᠴᠠ ᠶᠢᠨ ᠳᠦᠷᠢᠮ ᠢ ᠪᠠᠶᠢᠭᠤᠯᠵᠤ᠂ ᠰᠠᠭᠤᠭᠠᠯᠢ ᠠᠷᠠᠳ ᠤᠨ ᠤᠯᠠᠨ ᠡᠰᠢᠴᠢᠯᠡᠭᠰᠡᠨ ᠣᠷᠣᠨ ᠰᠠᠭᠤᠴᠠ ᠶᠢᠨ ᠬᠡᠷᠡᠭᠴᠡᠭᠡ ᠶᠢ ᠬᠠᠩᠭᠠᠵᠤ᠂ ᠣᠷᠣᠨ ᠰᠠᠭᠤᠴᠠ ᠶᠢᠨ ᠴᠢᠨᠠᠷ ᠪᠠ ᠣᠷᠣᠰᠢᠨ ᠰᠠᠭᠤᠬᠤ ᠳᠤ ᠲᠣᠬᠢᠷᠠᠮᠵᠢᠲᠠᠢ ᠴᠢᠨᠠᠷ ᠢ ᠳᠡᠭᠡᠭᠰᠢᠯᠡᠭᠦᠯᠵᠦ᠂ ᠠᠷᠠᠳ ᠤᠯᠠᠨ ᠤ ᠣᠷᠣᠨ ᠰᠠᠭᠤᠴᠠ ᠶᠢᠨ ᠲᠠᠯ᠎ᠠ ᠪᠠᠷ ᠬᠢ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃    ︽ᠲᠥᠯᠦᠪᠵᠢᠭᠦᠯᠭᠡ︾ ᠨᠢ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠣᠷᠣᠨ ᠰᠠᠭᠤᠴᠠ ᠶᠢᠨ ᠬᠡᠷᠡᠭᠴᠡᠭᠡ  ᠶᠢ ᠲᠠᠰᠤᠷᠠᠯᠲᠠ ᠦᠭᠡᠢ ᠬᠠᠩᠭᠠᠬᠤ  ᠪᠠᠷ ᠪᠠᠷᠢᠶᠠᠨ ᠤ ᠭᠠᠵᠠᠷ ᠪᠣᠯᠭᠠᠵᠤ᠂ ᠣᠷᠣᠨ ᠰᠠᠭᠤᠴᠠ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠵᠠᠬ᠎ᠠ ᠳᠡᠯᠭᠡᠭᠦᠷ ᠤᠨ ᠰᠢᠰᠲ᠋ᠧᠮ ᠪᠣᠯᠣᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠡᠬᠢ ᠪᠠᠶᠠᠯᠢᠭ ᠤᠨ ᠲᠣᠬᠢᠷᠠᠭᠤᠯᠤᠯᠲᠠ ᠳᠤ ᠬᠢ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠢ ᠦᠢᠯᠡᠳᠦᠯ ᠢ ᠪᠠᠳᠠᠷᠠᠭᠤᠯᠵᠤ᠂ ᠵᠠᠰᠠᠭ ᠤᠨ ᠣᠷᠳᠣᠨ ᠤ ᠦᠢᠯᠡᠳᠦᠯ ᠢ ᠨᠠᠩ ᠰᠠᠶᠢᠲᠤᠷ ᠪᠠᠳᠠᠷᠠᠭᠤᠯᠤᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠪᠠ ᠴᠢᠨᠠᠷᠯᠢᠭ ᠬᠦᠭᠵᠢᠯᠳᠡ ᠶᠢ ᠠᠬᠢᠭᠤᠯᠤᠨ᠂ ᠬᠤᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠤᠲᠠ ᠶᠢᠨ ᠪᠠᠶᠢᠳᠠᠯ ᠳᠤ ᠨᠢ ᠲᠣᠬᠢᠷᠠᠭᠤᠯᠤᠨ ᠲᠥᠷᠥ ᠶᠢᠨ ᠪᠣᠳᠣᠯᠭ᠎ᠠ ᠬᠡᠷᠡᠭᠵᠢᠭᠦᠯᠵᠦ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠰᠠᠶᠢᠨ ᠣᠷᠴᠢᠯ ᠪᠠ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠰᠠᠭᠤᠬᠤ ᠠᠴᠠ ᠣᠷᠣᠨ ᠰᠠᠭᠤᠴᠠ ᠲᠠᠢ ᠪᠣᠯᠭᠠᠬᠤ ᠶᠢ ᠪᠡᠶᠡᠯᠡᠭᠦᠯᠦᠨ᠎ᠡ᠃    ︽ᠲᠥᠯᠦᠪᠵᠢᠭᠦᠯᠭᠡ︾ ᠳᠤ᠂ 2025 ᠣᠨ ᠪᠣᠯᠬᠤ ᠳᠤ ᠣᠷᠣᠨ ᠤ ᠪᠠᠶᠢᠳᠠᠯ ᠳᠤ ᠨᠡᠶᠢᠴᠡᠬᠦ ᠣᠯᠠᠨ ᠪᠡᠶᠡᠴᠢ ᠴᠣᠭᠴᠠ ᠶᠢᠨ ᠬᠠᠩᠭᠠᠯᠭ᠎ᠠ᠂ ᠣᠯᠠᠨ ᠠᠷᠭ᠎ᠠ ᠵᠠᠮ ᠤᠨ ᠪᠠᠲᠤᠯᠠᠭ᠎ᠠ᠂ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡ ᠪᠠᠷ ᠴᠢᠬᠤᠯᠠᠴᠢᠯᠠᠬᠤ ᠣᠷᠣᠨ ᠰᠠᠭᠤᠴᠠ ᠶᠢᠨ ᠳᠦᠷᠢᠮ ᠢ ᠦᠨᠳᠦᠰᠦᠨ ᠳᠤ ᠪᠠᠨ ᠪᠠᠶᠢᠭᠤᠯᠵᠤ᠂ ᠰᠠᠭᠤᠭᠠᠯᠢ ᠠᠷᠠᠳ ᠤᠨ ᠣᠯᠠᠨ ᠡᠰᠢᠴᠢᠯᠡᠭᠰᠡᠨ ᠣᠷᠣᠨ ᠰᠠᠭᠤᠴᠠ ᠶᠢᠨ ᠬᠡᠷᠡᠭᠴᠡᠭᠡ ᠶᠢ ᠬᠠᠩᠭᠠᠨ᠎ᠠ ᠭᠡᠵᠦ ᠲᠣᠳᠣᠷᠬᠠᠢ ᠲᠣᠭᠲᠠᠭᠠᠵᠠᠢ᠃ 2025 ᠣᠨ ᠪᠣᠯᠬᠤ ᠳᠤ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ 5.8 ᠲᠦᠮᠡᠨ ᠢᠵᠢ ᠪᠠᠶᠢᠭᠤᠯᠵᠤ᠂ ᠬᠤᠲᠠ ᠪᠠᠯᠭᠠᠰᠤ ᠶᠢᠨ  ᠬᠠᠭᠤᠴᠢᠨ ᠬᠤᠷᠢᠶᠠᠯᠠᠯ ᠤᠨ 22 ᠲᠦᠮᠡᠨ ᠢᠵᠢ ᠪᠠᠷᠢᠯᠭ᠎ᠠ  ᠶᠢ ᠰᠢᠨᠡᠳᠬᠡᠨ᠂ ᠰᠢᠨ᠎ᠡ ᠪᠠᠷ ᠪᠠᠶᠢᠭᠤᠯᠤᠭᠰᠠᠨ ᠪᠣᠬᠢᠷᠳᠤᠯ ᠦᠭᠡᠢ ᠪᠠᠷᠢᠯᠭ᠎ᠠ ᠶᠢᠨ ᠡᠵᠡᠯᠡᠬᠦ ᠬᠠᠷᠢᠴᠠᠯ ᠢ 100% ᠳᠤ ᠬᠦᠷᠦᠭᠦᠯᠵᠦ᠂ ᠬᠤᠲᠠ ᠪᠠᠯᠭᠠᠰᠤ ᠶᠢᠨ 120 ᠲᠦᠮᠡᠨ ᠡᠷᠦᠬᠡ ᠶᠢᠨ ᠬᠠᠭᠤᠴᠢᠨ ᠬᠤᠷᠢᠶᠠᠯᠠᠯ ᠢ ᠰᠢᠨᠡᠳᠬᠡᠨ ᠵᠠᠰᠠᠬᠤ ᠶᠢ ᠪᠡᠶᠡᠯᠡᠭᠦᠯᠵᠦ᠂ ᠬᠤᠲᠠ ᠪᠠᠯᠭᠠᠰᠤ ᠶᠢᠨ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠠᠳᠠᠯ ᠠᠬᠤᠢ ᠶᠢᠨ ᠬᠠᠮᠢᠶᠠᠷᠤᠯᠲᠠ ᠶᠢᠨ ᠪᠦᠷᠬᠦᠴᠡ ᠶᠢ 100% ᠳᠤ ᠬᠦᠷᠦᠭᠦᠯᠵᠦ᠂ ᠣᠷᠣᠨ ᠰᠠᠭᠤᠴᠠ ᠶᠢᠨ  ᠬᠤᠷᠢᠶᠠᠯᠠᠯ ᠤᠨ ᠠᠳᠠᠯ ᠠᠬᠤᠢ ᠶᠢᠨ ᠬᠠᠮᠢᠶᠠᠷᠤᠯᠲᠠ ᠶᠢᠨ ᠪᠦᠷᠬᠦᠴᠡ ᠶᠢ 90% ᠠᠴᠠ ᠶᠡᠭᠡ ᠪᠣᠯᠭᠠᠵᠤ᠂ ᠥᠮᠴᠢᠲᠡᠨ ᠤ ᠵᠥᠪᠯᠡᠯ ︵ᠪᠣᠳᠠᠰ ᠤᠨ ᠬᠠᠮᠢᠶᠠᠷᠤᠯᠲᠠ ᠶᠢᠨ ᠵᠥᠪᠯᠡᠯ︶ ᠤᠨ ᠵᠣᠬᠢᠶᠠᠨ ᠪᠠᠶᠢᠭᠤᠯᠬᠤ ᠨᠣᠷᠮ᠎ᠠ ᠶᠢ 60% ᠠᠴᠠ ᠲᠡᠭᠡᠭᠰᠢ ᠬᠦᠷᠤᠬᠦᠯᠬᠦ ᠪᠤᠯᠤᠨ᠎ᠠ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号