︽ᠪᠥᠬᠦ ᠣᠷᠣᠨ ᠢᠯᠠᠩᠭᠤᠶ᠎ᠠ 2016 ᠣᠨ ᠠᠴᠠ ᠨᠠᠭᠠᠰᠢᠬᠢ ᠥᠪᠡᠷᠲᠡᠭᠡᠨ ᠵᠠᠰᠠᠬᠤ ᠣᠷᠣᠨ ᠪᠠ ᠠᠶᠢᠮᠠᠭ | ᠬᠤᠲᠠ ᠶᠢᠨ ᠬᠢᠨᠠᠨ ᠵᠥᠪᠰᠢᠶᠡᠷᠡᠭᠰᠡᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠪᠥᠬᠦ | ᠲᠠᠯ᠎ᠠ ᠪᠠᠷ ᠡᠮᠬᠢᠯᠡᠨ ᠳᠢᠭᠯᠡᠵᠦ᠂ ᠣᠯᠠᠨ ᠨᠡᠶᠢᠲᠡ ᠶᠢᠨ ᠰᠠᠭᠤᠷᠢ ᠲᠦᠬᠦᠬᠡᠷᠤᠮᠵᠢ ᠶᠢᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠢᠶᠠᠷ ᠭᠤᠣᠯᠳᠠᠯᠭ᠎ᠠ ᠪᠣᠯᠭᠠᠨ᠎ᠠ᠃ ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠳ ᠲᠣᠰ ᠬᠦᠷᠢᠶ᠎ᠡ ᠴᠠᠷᠠᠭ᠎ᠠ ᠶᠢᠨ ᠢᠶᠠᠨ ︿ᠳᠤᠲᠠᠭᠤ ᠲᠤᠷᠭᠤᠨ﹀ ᠢᠨᠵᠧᠨᠧᠷᠢᠩ ᠤᠨ ᠪᠠᠷᠢᠮᠵᠢᠶ᠎ᠠ ᠶᠢ | ᠳᠤᠷᠠᠳᠴᠤ᠂ ︿ᠳᠤᠲᠠᠭᠤ ᠲᠤᠷᠭᠤᠨ﹀ ᠢᠨᠵᠧᠨᠧᠷᠢᠩ ᠤᠨ ᠲᠥᠷᠥᠯ ᠵᠦᠢᠯ ᠢ ᠰᠢᠢᠳᠪᠦᠷᠢᠯᠡᠬᠦ ᠡᠲᠡᠭᠡᠳ᠂ | ᠬᠠᠷᠢᠭᠤᠴᠠᠯᠭᠠᠲᠤ ᠰᠠᠯᠠᠭ᠎ᠠ ᠮᠥᠴᠢᠷ᠂ ᠰᠢᠢᠳᠪᠦᠷᠢᠯᠡᠬᠦ ᠵᠠᠷᠴᠢᠮ᠂ ᠰᠢᠢᠳᠪᠦᠷᠢᠯᠡᠬᠦ ᠶᠠᠪᠤᠴᠠ᠂ ᠰᠢᠢᠳᠪᠦᠷᠢᠯᠡᠬᠦ ᠴᠠᠭ ᠢ | ᠲᠣᠳᠣᠷᠬᠠᠶᠢᠯᠠᠬᠤ ᠬᠡᠷᠡᠭᠲᠡᠢ᠃︾ 8 ᠳ᠋ᠤᠭᠠᠷ ᠰᠠᠷ᠎ᠠ ᠶᠢᠨ 16 ᠤ ᠡᠳᠦᠷ᠂ ᠦᠪᠤᠷ ᠮᠤᠩᠭᠤᠯ ᠤᠨ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠠᠴᠠ ᠥᠪᠡᠷᠲᠡᠭᠡᠨ ᠵᠠᠰᠠᠬᠤ ᠣᠷᠣᠨ ᠤ | ︽ᠳᠤᠲᠠᠭᠤ ᠲᠤᠷᠭᠤᠨ︾ ᠢᠨᠵᠧᠨᠧᠷᠢᠩ ᠢ ᠦᠨᠳᠤᠰᠤᠨ ᠠᠴᠠ ᠨᠢ ᠰᠢᠢᠳᠪᠤᠷᠢᠯᠡᠬᠦ ᠠᠵᠢᠯᠯᠠᠭ᠎ᠠ ᠶᠢᠨ ᠰᠣᠨᠢᠨ | ᠮᠡᠳᠡᠭᠡ ᠨᠡᠶᠢᠲᠡᠯᠡᠬᠦ ᠬᠤᠷᠠᠯ ᠢ ᠬᠤᠷᠠᠯᠳᠤᠭᠤᠯᠵᠤ᠂ ᠡᠨᠡ ᠬᠦ ᠮᠡᠳᠡᠭᠡ ᠵᠠᠷᠯᠠᠪᠠ᠃ | ᠣᠶᠢᠯᠠᠭᠠᠭᠰᠠᠨ ᠢᠶᠠᠷ᠂ ᠮᠠᠨ ᠤ ᠣᠷᠣᠨ ︽ᠳᠤᠲᠠᠭᠤ ᠲᠤᠷᠭᠤᠨ︾ ᠢᠨᠵᠧᠨᠧᠷᠢᠩ ᠤᠨ ᠦᠨᠳᠦᠰᠦᠨ ᠠᠴᠠ ᠨᠢ | ᠰᠢᠢᠳᠪᠤᠷᠢᠯᠡᠬᠦ ᠠᠵᠢᠯᠯᠠᠭ᠎ᠠ ᠶᠢ ᠥᠷᠨᠢᠭᠦᠯᠵᠦ ᠪᠠᠶᠢᠭ᠎ᠠ ᠨᠢ ᠭᠤᠣᠯᠳᠠᠭᠤ ᠦᠪᠤᠷ ᠮᠤᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠷᠪᠢᠯᠠᠨ ᠭᠠᠮᠨᠠᠬᠤ ᠤᠶᠢᠯᠠᠭᠠᠬᠳᠠᠬᠤᠨ ᠢ ᠪᠣᠶ ᠪᠣᠯᠭᠠᠵᠤ᠂ | ᠦᠯᠡᠳᠡᠭᠡᠯ ᠡᠳ᠋ ᠬᠥᠷᠥᠩᠭᠡ ᠶᠢ ᠴᠢᠯᠦᠭᠡᠲᠡᠢ ᠪᠣᠯᠭᠠᠬᠤ ᠲᠤᠬᠠᠢ ᠠᠵᠢᠯ ᠤᠨ ᠱᠠᠭᠠᠷᠳᠠᠯᠭ᠎ᠠ ᠶᠢ ᠬᠢᠨᠠᠮᠠᠭᠠᠢ | ᠨᠠᠶᠢᠳᠠᠪᠤᠷᠢᠵᠢᠭᠤᠯᠬᠤ ᠶᠢᠨ ᠲᠥᠯᠥᠭᠡ ᠶᠤᠮ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠠᠷ ᠪᠦᠷᠢᠯᠳᠦᠭᠰᠡᠨ | ᠡᠯ᠎ᠡ ᠲᠥᠷᠥᠯ ᠤᠨ ︽ᠳᠤᠲᠠᠭᠤ ᠲᠤᠷᠭᠤᠨ︾ ᠢᠨᠵᠧᠨᠧᠷᠢᠩ ᠳᠤ ᠴᠢᠭᠯᠡᠭᠦᠯᠦᠨ ᠦᠨᠳᠦᠰᠦᠨ ᠲᠠᠯ᠎ᠠ ᠠᠴᠠ ᠡᠬᠢᠯᠡᠨ | ᠬᠢᠬᠦ ᠠᠵᠢᠯᠯᠠᠭ᠎ᠠ ᠶᠢ ᠥᠷᠨᠢᠭᠦᠯᠵᠦ᠂ ᠬᠠᠤᠯᠢ ᠲᠣᠭᠲᠠᠭᠠᠯ ᠶᠣᠰᠣᠭᠠᠷ᠂ ᠲᠥᠷᠥᠯ ᠬᠤᠪᠢᠶᠠᠨ ᠠᠷᠭ᠎ᠠ ᠪᠣᠳᠣᠯᠭ᠎ᠠ | ᠬᠡᠷᠡᠭᠵᠢᠭᠦᠯᠦᠨ ᠰᠢᠢᠳᠪᠦᠷᠢᠯᠡᠵᠦ᠂ ︽ᠳᠤᠲᠠᠭᠤ ᠲᠤᠷᠭᠤᠨ︾ ᠢᠨᠵᠧᠨᠧᠷᠢᠩ ᠢ ᠡᠷᠲᠡᠬᠡᠨ ᠠᠰᠢᠭᠯᠠᠯᠲᠠ ᠳᠤ | ᠣᠷᠣᠭᠤᠯᠬᠤ ᠶᠢ ᠠᠬᠢᠭᠤᠯᠵᠤ᠂ ᠠᠷᠪᠢᠲᠠᠢ ᠡᠷᠴᠢᠮᠯᠢᠭ ᠬᠥᠭᠵᠢᠭᠦᠯᠬᠦ ᠢᠯᠡ ᠲᠣᠳᠣ ᠤᠳᠤᠷᠢᠳᠤᠮᠵᠢ ᠶᠢ ᠪᠣᠶ ᠪᠤᠯᠭᠠᠬᠤ | ᠪᠤᠯᠤᠨ᠎ᠠ᠃ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠶᠢ ᠪᠠᠶᠢᠭᠤᠯᠵᠤ᠂ ︽ | ᠲᠤᠳᠠᠭᠤ ᠲᠤᠷᠭᠤᠨ︾ ᠢᠨᠵᠧᠨᠧᠷᠢᠩ ᠰᠢᠨ᠎ᠡ ᠪᠠᠷ ᠨᠡᠮᠡᠭᠳᠡᠬᠦ ᠶᠢ ᠡᠷᠡᠰ ᠬᠤᠷᠢᠭᠯᠠᠵᠤ᠂ ᠨᠡᠶᠢᠭᠡᠮ ᠤᠨ ᠬᠢᠨᠠᠯᠲᠠ ᠶᠢ | ᠪᠦᠬᠦ ᠲᠠᠯ᠎ᠠ ᠪᠠᠷ ᠬᠦᠯᠢᠶᠡᠨ᠎ᠡ᠃ | ᠰᠠᠭᠤᠷᠢ ᠪᠣᠯᠬᠤ ︽ᠳᠤᠲᠠᠭᠤ ᠲᠤᠷᠭᠤᠨ︾ ᠢᠨᠵᠧᠨᠧᠷᠢᠩ ᠳᠤ ᠬᠤᠶᠠᠷ ᠲᠥᠷᠥᠯ ᠪᠠᠭᠲᠠᠨ᠎ᠠ᠂ ᠨᠢᠭᠡ ᠨᠢ | ᠪᠠᠷᠢᠯᠭ᠎ᠠ ᠳᠠᠭᠤᠰᠤᠭᠠᠳᠤᠢ᠂ ᠡᠯ᠎ᠡ ᠵᠦᠢᠯ ᠤᠨ ᠰᠢᠯᠲᠠᠭᠠᠨ ᠠᠴᠠ ᠪᠣᠯᠵᠤ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠠᠬᠢᠴᠠ ᠶᠢ ᠵᠣᠭᠰᠣᠭᠠᠭᠰᠠᠨ᠃ ᠬᠤᠶᠠᠷ ᠲᠤ᠂ ᠪᠠᠷᠢᠯᠭ᠎ᠠ ᠳᠠᠭᠤᠰᠬᠠᠭᠰᠠᠨ ᠪᠣᠯᠪᠠᠴᠤ ᠶᠠᠮᠠᠷ | ᠨᠢᠭᠡᠨ ᠰᠢᠯᠲᠠᠭᠠᠨ ᠠᠴᠠ ᠪᠣᠯᠵᠤ ᠠᠰᠢᠭᠯᠠᠯᠲᠠ ᠳᠤ ᠬᠡᠪ ᠤᠨ ᠪᠠᠶᠢᠳᠠᠯ ᠢᠶᠠᠷ ᠣᠷᠣᠭᠤᠯᠵᠤ ᠴᠢᠳᠠᠬᠤ ᠦᠭᠡᠢ ᠪᠠᠶᠢᠬᠤ᠃ | ᠲᠣᠰ ᠤᠳᠠᠭᠠᠨ ᠤ ᠦᠨᠳᠤᠰᠤᠨ ᠠᠴᠠ ᠨᠢ ᠰᠢᠢᠳᠪᠤᠷᠢᠯᠡᠬᠦ ᠠᠵᠢᠯ ᠢ 2022 ᠣᠨ ᠤ 7 ᠰᠠᠷ᠎ᠠ ᠠᠴᠠ ᠡᠬᠢᠯᠡᠵᠦ᠂ | 8 ᠰᠠᠷ᠎ᠠ ᠶᠢᠨ 10 ᠤ ᠡᠳᠦᠷ ᠠᠴᠠ ᠡᠮᠦᠨ᠎ᠡ ᠪᠠᠶᠢᠷᠢᠯᠠᠭᠤᠯᠤᠯᠲᠠ ᠶᠢᠨ ᠱᠠᠲᠤ ᠪᠣᠯᠣᠨ᠎ᠠ᠃ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠳᠤᠲᠠᠭᠤ ᠲᠤᠷᠭᠤᠨ﹀ ᠢᠨᠵᠧᠨᠧᠷᠢᠩ ᠤᠨ ᠦᠨᠳᠦᠰᠦᠨ | ᠱᠠᠲᠤᠨ ᠤ ᠠᠵᠢᠯ ᠤᠨ ᠲᠥᠰᠥᠯ︾ ᠢ ᠳᠠᠷᠤᠮᠠᠯᠯᠠᠨ ᠲᠠᠷᠬᠠᠭᠠᠵᠤ᠂ ᠤᠳᠤᠷᠢᠳᠬᠤ ᠳᠤᠭᠤᠶᠢᠯᠠᠩ ᠢ ᠪᠠᠶᠢᠭᠤᠯᠪᠠ᠃ | ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠤᠳ ᠪᠣᠳᠠᠲᠠᠢ ᠠᠵᠢᠯ ᠤᠨ ᠲᠥᠰᠥᠯ ᠲᠣᠭᠲᠠᠭᠠᠵᠤ᠂ ᠲᠣᠰ ᠠᠵᠢᠯ ᠲᠥᠷᠥᠯ ᠤᠨ ᠢᠶᠠᠨ ︽ | ᠳᠤᠲᠠᠭᠤ ᠲᠤᠷᠭᠤᠨ︾ ᠢᠨᠵᠧᠨᠧᠷᠢᠩ ᠢ ᠢᠯᠭᠠᠷᠠᠭᠤᠯᠬᠤ ᠪᠠᠷᠢᠮᠵᠢᠶ᠎ᠠ ᠶᠢ ᠲᠣᠳᠣᠷᠬᠠᠶᠢᠯᠠᠨ᠎ᠠ᠃ 8 ᠰᠠᠷ᠎ᠠ ᠶᠢᠨ 11 ᠤ | ᠡᠳᠦᠷ ᠠᠴᠠ 8 ᠰᠠᠷ᠎ᠠ ᠶᠢᠨ 31 ᠤ ᠡᠳᠦᠷ ᠪᠣᠯᠲᠠᠯᠠᠬᠢ ᠬᠤᠭᠤᠴᠠᠭ᠎ᠠ ᠪᠣᠯ ᠪᠠᠶᠢᠳᠠᠯ ᠢ ᠣᠶᠢᠯᠠᠭᠠᠬᠤ ᠬᠤᠭᠤᠴᠠᠭ᠎ᠠ | ᠪᠤᠯᠤᠨ᠎ᠠ᠃ ᠡᠨᠡ ᠬᠦ ᠬᠤᠭᠤᠴᠠᠭᠠᠨ ᠳᠤ ︽ᠳᠤᠲᠠᠭᠤ ᠲᠤᠷᠭᠤᠨ︾ ᠢᠨᠵᠧᠨᠧᠷᠢᠩ ᠤᠨ ᠪᠠᠶᠢᠳᠠᠯ ᠢ ᠪᠥᠬᠦ ᠲᠠᠯ᠎ᠠ ᠪᠠᠷ | ᠣᠶᠢᠯᠠᠭᠠᠵᠤ᠂ 8 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠡᠯ᠎ᠡ | ᠰᠠᠯᠠᠭ᠎ᠠ ᠮᠥᠴᠢᠷ ᠤᠳ ᠬᠤᠲᠠ ᠲᠠᠢ ᠬᠤᠯᠪᠤᠭᠠᠯᠠᠨ ᠥᠪᠡᠷᠲᠡᠭᠡᠨ ᠵᠠᠰᠠᠬᠤ ᠣᠷᠣᠨ ᠤ ᠤᠳᠤᠷᠢᠳᠬᠤ | ᠳᠤᠭᠤᠶᠢᠯᠠᠩ ᠤᠨ ᠠᠯᠪᠠᠨ ᠭᠡᠷ ᠲᠤ ︽ᠳᠤᠲᠠᠭᠤ ᠲᠤᠷᠭᠤᠨ︾ ᠢᠨᠵᠧᠨᠧᠷᠢᠩ ᠤᠨ ᠡᠬᠡ ᠲᠠᠩᠰᠠ ᠶᠢ ᠮᠡᠳᠡᠭᠦᠯᠦᠨ | ᠬᠦᠷᠭᠡᠬᠦ ᠬᠡᠷᠡᠭᠲᠡᠢ᠃ 9 ᠰᠠᠷ᠎ᠠ ᠶᠢᠨ 1 ᠤ ᠡᠳᠦᠷ ᠠᠴᠠ 10 ᠰᠠᠷ᠎ᠠ ᠶᠢᠨ 31 ᠤ ᠡᠳᠦᠷ ᠪᠣᠯᠲᠠᠯᠠᠬᠢ ᠬᠤᠭᠤᠴᠠᠭ᠎ᠠ | ᠪᠣᠯ ᠰᠢᠢᠳᠪᠦᠷᠢᠯᠡᠬᠦ ᠲᠥᠰᠥᠯ ᠪᠠ ᠰᠠᠨᠠᠯ ᠳᠤᠷᠠᠳᠬᠤ ᠱᠠᠲᠤ ᠪᠣᠯᠣᠨ᠎ᠠ᠃ ᠨᠢᠭᠡ ᠲᠥᠷᠥᠯ ᠵᠦᠢᠯ ᠳᠤ ᠨᠢᠭᠡ ᠲᠥᠰᠥᠯ | ᠢ ᠬᠡᠷᠡᠭᠵᠢᠬᠦᠯᠬᠦ ᠲᠤᠬᠳᠠᠭᠠᠯ ᠶᠣᠰᠣᠭᠠᠷ᠂ ᠰᠢᠢᠳᠪᠦᠷᠢᠯᠡᠬᠦ ᠲᠥᠰᠥᠯ ᠪᠠ ᠰᠠᠨᠠᠯ ᠢ ᠨᠢᠭᠡᠳ ᠨᠢᠭᠡ ᠪᠠᠷ ᠳᠤᠷᠠᠳᠴᠤ᠂ | ᠰᠢᠢᠳᠪᠦᠷᠢᠯᠡᠬᠦ ᠠᠷᠭ᠎ᠠ᠂ ᠪᠡᠶᠡᠯᠡᠭᠦᠯᠬᠦ ᠴᠠᠭ᠂ ᠬᠠᠷᠢᠭᠤᠴᠠᠯᠭᠠᠲᠤ ᠨᠢᠬᠡᠴᠢ ᠪᠠ ᠬᠠᠷᠢᠭᠤᠴᠠᠯᠭᠠᠲᠠᠨ ᠢ | ᠲᠣᠳᠣᠷᠬᠠᠶᠢᠯᠠᠬᠤ ᠬᠡᠷᠡᠭᠲᠡᠢ᠃ 11 ᠰᠠᠷ᠎ᠠ ᠶᠢᠨ 1 ᠤ ᠡᠳᠦᠷ ᠠᠴᠠ 2023 ᠣᠨ ᠤ 12 ᠰᠠᠷ᠎ᠠ ᠶᠢᠨ 31 ᠤ | ᠡᠳᠦᠷ ᠪᠣᠯᠲᠠᠯᠠᠬᠢ ᠬᠤᠭᠤᠴᠠᠭ᠎ᠠ ᠪᠣᠯ ᠲᠥᠪᠯᠡᠷᠡᠭᠦᠯᠦᠨ ᠰᠢᠢᠳᠪᠦᠷᠢᠯᠡᠬᠦ ᠱᠠᠲᠤ᠃ ᠡᠯ᠎ᠡ ᠠᠶᠢᠮᠠᠭ ᠬᠤᠲᠠ ︽ | ᠳᠤᠲᠠᠭᠤ ᠲᠤᠷᠭᠤᠨ︾ ᠢᠨᠵᠧᠨᠧᠷᠢᠩ ᠢ ᠲᠥᠪᠯᠡᠷᠡᠭᠦᠯᠦᠨ ᠰᠢᠢᠳᠪᠦᠷᠢᠯᠡᠵᠦ᠂ ᠰᠢᠪᠲᠤᠯᠤᠯᠲᠠ ᠶᠢᠨ ᠡᠷᠴᠢᠮ ᠢᠶᠠᠨ | ᠴᠢᠩᠭᠠᠷᠠᠭᠤᠯᠤᠨ᠂ ᠡᠯ᠎ᠡ ᠲᠠᠯ᠎ᠠ ᠶᠢᠨ ᠡᠬᠢ ᠪᠠᠶᠠᠯᠢᠭ ᠢ ᠨᠡᠶᠢᠯᠡᠭᠦᠯᠵᠦ᠂ ︽ᠳᠤᠲᠠᠭᠤ ᠲᠤᠷᠭᠤᠨ︾ ᠢᠨᠵᠧᠨᠧᠷᠢᠩ ᠢ | ᠠᠮᠢᠳᠤᠯᠢᠭ ᠪᠣᠯᠭᠠᠬᠤ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠰᠠᠯᠠᠭ᠎ᠠ | ᠮᠥᠴᠢᠷ ᠤᠳ ᠲᠣᠰ ᠠᠵᠢᠯ ᠲᠥᠷᠥᠯ ᠤᠨ ᠢᠶᠠᠨ ︽ᠳᠤᠲᠠᠭᠤ ᠲᠤᠷᠭᠤᠨ︾ ᠢᠨᠵᠧᠨᠧᠷᠢᠩ ᠤᠨ ᠳ᠋ᠤᠭᠠᠷ ᠢ ᠨᠢ | ᠬᠦᠴᠤᠨ ᠦᠬᠡᠢ ᠪᠤᠯᠭᠠᠬᠤ ᠠᠵᠢᠯ ᠢ ᠬᠠᠷᠢᠭᠤᠴᠠᠨ᠎ᠠ᠃ ︽ᠳᠤᠲᠠᠭᠤ ᠲᠤᠷᠭᠤᠨ︾ ᠢᠨᠵᠧᠨᠧᠷᠢᠩ ᠢ ᠠᠬᠢᠭᠤᠯᠬᠤ | ᠠᠵᠢᠯ ᠤᠨ ᠲᠤᠷᠰᠢᠯᠭ᠎ᠠ ᠶᠢ ᠴᠠᠭ ᠲᠤᠬᠠᠢ ᠳᠤ ᠨᠢ ᠳ᠋ᠦᠩᠨᠡᠨ᠎ᠡ᠃ | ︽ᠳᠤᠲᠠᠭᠤ ᠲᠤᠷᠭᠤᠨ︾ ᠢᠨᠵᠧᠨᠧᠷᠢᠩ ᠤᠨ ᠦᠨᠳᠦᠰᠦᠨ ᠠᠵᠢᠯᠯᠠᠭ᠎ᠠ ᠶᠢ ᠶᠡᠭᠡ ᠪᠠᠷ ᠥᠷᠨᠢᠭᠦᠯᠬᠦ ᠶᠢᠨ ᠭᠤᠣᠯ | ᠡᠭᠦᠷᠭᠡ | ᠡᠬᠡ ᠳᠠᠩᠰᠠ ᠶᠢ ᠪᠠᠶᠢᠭᠤᠯᠤᠨ᠎ᠠ᠃ ᠠᠶᠢᠮᠠᠭ ᠬᠤᠲᠠ ︽ᠳᠤᠲᠠᠭᠤ ᠲᠤᠷᠭᠤᠨ︾ ᠢᠨᠵᠧᠨᠧᠷᠢᠩ ᠤᠨ ᠲᠥᠷᠥᠯ | ᠵᠦᠢᠯ ᠤᠨ ᠨᠠᠷᠢᠨ ᠬᠠᠭᠤᠳᠠᠰᠤ ᠶᠢ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠦᠨᠡᠯᠡᠬᠦᠯᠦᠭᠰᠡᠨ ᠤ ᠳᠠᠷᠠᠭ᠎ᠠ ︽ᠳᠤᠲᠠᠭᠤ ᠲᠤᠷᠭᠤᠨ︾ | ᠢᠨᠵᠧᠨᠧᠷᠢᠩ ᠤᠨ ᠡᠬᠡ ᠲᠠᠩᠰᠠ ᠶᠢ ᠪᠠᠶᠢᠭᠤᠯᠤᠨ᠎ᠠ᠃ ᠡᠬᠡ ᠲᠠᠩᠰᠠᠨ ᠳᠤ ᠣᠷᠣᠭᠤᠯᠤᠭᠰᠠᠨ ᠲᠥᠷᠥᠯ ᠵᠦᠢᠯ ᠳᠤ | ᠠᠶᠢᠮᠠᠭ ᠬᠤᠲᠠ ᠠᠴᠠ ᠨᠢᠭᠡ ᠲᠥᠷᠥᠯ ᠵᠦᠢᠯ ᠢ ᠨᠢᠭᠡ ᠲᠥᠰᠥᠯ ᠢᠶᠠᠷ ᠰᠢᠢᠳᠪᠤᠷᠢᠯᠡᠬᠦ ᠱᠠᠭᠠᠷᠳᠠᠯᠭ᠎ᠠ ᠶᠣᠰᠣᠭᠠᠷ᠂ | ᠰᠢᠢᠳᠪᠦᠷᠢᠯᠡᠬᠦ ᠲᠥᠰᠥᠯ ᠪᠠ ᠰᠠᠨᠠᠯ ᠢ ᠨᠢᠭᠡᠳ ᠨᠢᠭᠡ ᠪᠠᠷ ᠳᠤᠷᠠᠳᠴᠤ᠂ ᠰᠢᠢᠳᠪᠦᠷᠢᠯᠡᠬᠦ ᠠᠷᠭ᠎ᠠ᠂ ᠪᠡᠶᠡᠯᠡᠭᠦᠯᠬᠦ ᠴᠠᠭ | ᠂ ᠬᠠᠷᠢᠭᠤᠴᠠᠯᠭᠠᠲᠤ ᠨᠢᠬᠡᠴᠢ ᠪᠠ ᠬᠠᠷᠢᠭᠤᠴᠠᠯᠭᠠᠲᠠᠨ ᠢ ᠲᠣᠳᠣᠷᠬᠠᠶᠢᠯᠠᠬᠤ ᠬᠡᠷᠡᠭᠲᠡᠢ᠃ | ᠲᠥᠷᠥᠯ ᠬᠤᠪᠢᠶᠠᠨ ᠰᠢᠢᠳᠪᠦᠷᠢᠯᠡᠬᠦ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠠᠵᠢᠯ | ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ᠲᠣᠰ ᠠᠵᠢᠯ ᠲᠥᠷᠥᠯ᠂ ᠭᠠᠵᠠᠷ ᠣᠷᠣᠨ ᠤ ᠪᠠᠨ ︽ᠳᠤᠲᠠᠭᠤ ᠲᠤᠷᠭᠤᠨ︾ | ᠢᠨᠵᠧᠨᠧᠷᠢᠩ ᠢ ᠰᠢᠢᠳᠪᠦᠷᠢᠯᠡᠬᠦ ᠠᠵᠢᠯ ᠤᠨ ᠬᠡᠷᠡᠭᠵᠢᠭᠦᠯᠬᠦ ᠲᠥᠰᠥᠯ ᠢ ᠲᠣᠭᠲᠠᠭᠠᠵᠤ᠂ ︽ᠬᠠᠷᠢᠶ᠎ᠠ ᠭᠠᠵᠠᠷ ᠲᠤ ᠨᠢ | ᠬᠠᠮᠢᠶᠠᠷᠤᠭᠤᠯᠬᠤ︾ ᠪᠠ ︽ᠬᠡᠨ ᠭᠤᠣᠯᠴᠢᠯᠠᠨ ᠬᠠᠮᠢᠶᠠᠷᠪᠠᠯ ᠬᠡᠨ ᠬᠠᠷᠢᠭᠤᠴᠠᠬᠤ︾ ᠵᠠᠷᠴᠢᠮ ᠢᠶᠠᠷ ᠡᠯ᠎ᠡ ᠠᠵᠢᠯ | ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠦᠷᠦᠭᠦᠯᠡᠨ ᠦᠨᠳᠤᠰᠤᠨ ᠠᠴᠠ ᠨᠢ ᠰᠢᠢᠳᠪᠤᠷᠢᠯᠡᠬᠦ | ᠬᠦᠷᠢᠶ᠎ᠡ ᠬᠡᠪᠴᠢᠶ᠎ᠡ ᠲᠠᠢ ᠬᠠᠷᠢᠴᠠᠭᠤᠯᠵᠤ ᠪᠠᠶᠢᠭᠠᠳ ᠡᠨᠡ ᠬᠦ ᠠᠵᠢᠯᠯᠠᠭ᠎ᠠ ᠶᠢ ᠶᠠᠪᠤᠭᠳᠠᠭᠤᠯᠤᠨ᠎ᠠ᠃ ᠲᠥᠷᠥᠯ | ᠬᠤᠪᠢᠶᠠᠨ ᠰᠢᠢᠳᠪᠦᠷᠢᠯᠡᠬᠦ ᠳᠤ ᠲᠠᠩᠰᠨ ᠶᠢ ᠲᠦᠷᠭᠡᠨ ᠲᠡᠭᠦᠯᠳᠡᠷᠵᠢᠭᠦᠯᠬᠦ᠂ ᠠᠵᠢᠯ ᠢᠶᠠᠨ ᠰᠡᠷᠭᠦᠭᠡᠵᠦ ᠦᠷᠭᠦᠯᠵᠢᠯᠡᠨ | ᠪᠠᠶᠢᠭᠤᠯᠬᠤ ᠶᠢ ᠳᠡᠮᠵᠢᠬᠦ᠂ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠠᠮᠢᠳᠤᠯᠢᠬᠵᠢᠭᠤᠯᠬᠤ᠂ ᠬᠠᠤᠯᠢ | ᠴᠠᠭᠠᠵᠠ ᠶᠢᠨ ᠰᠢᠢᠳᠪᠦᠷᠢᠯᠡᠯᠲᠡ ᠶᠢ ᠲᠦᠷᠭᠡᠳᠬᠡᠬᠦ᠂ ᠬᠠᠤᠯᠢ ᠲᠣᠭᠲᠠᠭᠠᠯ ᠶᠣᠰᠣᠭᠠᠷ ᠨᠤᠷᠠᠭᠠᠬᠤ ᠵᠡᠷᠭᠡ ᠠᠷᠭ᠎ᠠ | ᠬᠡᠮᠵᠢᠶ᠎ᠡ ᠶᠢ ᠪᠠᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠠᠴᠠ ᠦᠨᠡᠯᠡᠭᠰᠡᠨ ᠤ ᠳᠠᠷᠠᠭ᠎ᠠ ᠲᠥᠷᠥᠯ ᠬᠤᠪᠢᠶᠠᠨ ᠠᠮᠢᠳᠤᠯᠢᠭ ᠪᠣᠯᠭᠠᠵᠤ᠂ ᠳ᠋ᠤᠭᠠᠷ ᠢ ᠨᠢ | ᠬᠦᠴᠦᠨ ᠦᠭᠡᠢ ᠪᠣᠯᠭᠠᠨ᠎ᠠ᠃ | ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠠᠶᠢᠮᠠᠭ ᠬᠤᠲᠠ ᠳᠦᠷᠢᠮ ᠤᠨ ᠲᠣᠭᠲᠠᠴᠠ ᠪᠠᠨ ᠲᠡᠭᠦᠯᠳᠡᠷᠵᠢᠭᠦᠯᠵᠦ᠂ | ᠴᠢᠬᠤᠯᠠ ᠶᠡᠭᠡ ᠲᠥᠷᠥᠯ ᠵᠦᠢᠯ ᠤᠨ ᠪᠣᠯᠣᠮᠵᠢᠲᠤ ᠴᠢᠨᠠᠷ ᠤᠨ ᠰᠤᠳᠤᠯᠤᠯ ᠢ ᠴᠢᠩᠭᠠᠳᠬᠠᠨ᠂ ᠪᠡᠯᠡ ᠮᠥᠩᠭᠦ ᠶᠢᠨ | ᠢᠷᠡᠯᠲᠡ ᠶᠢ ᠪᠠᠲᠤᠯᠠᠵᠤ᠂ ᠲᠥᠷᠥᠯ ᠵᠦᠢᠯ ᠤᠨ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠶᠢ ᠤᠷᠢᠳᠴᠢᠯᠠᠨ | ᠥᠷᠨᠢᠭᠦᠯᠬᠦ ᠬᠡᠷᠡᠭᠲᠡᠢ᠃ ᠡᠯ᠎ᠡ ᠠᠵᠢᠯ ᠲᠥᠷᠥᠯ ᠤᠨ ᠰᠠᠯᠠᠭ᠎ᠠ ᠮᠥᠴᠢᠷ ᠬᠢᠨᠠᠨ ᠵᠥᠪᠰᠢᠶᠡᠷᠡᠬᠦ ᠪᠠ ᠬᠠᠮᠢᠶᠠᠷᠬᠤ | ᠳᠦᠷᠢᠮ ᠢ ᠵᠢᠷᠤᠮᠵᠢᠭᠤᠯᠤᠨ ᠲᠣᠭᠲᠠᠭᠠᠵᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠰᠠᠯᠠᠭ᠎ᠠ ᠮᠥᠴᠢᠷ ᠬᠠᠤᠯᠢ | ᠲᠣᠭᠲᠠᠭᠠᠯ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠡᠷᠡᠭᠲᠡᠢ᠃ | ᠢᠯᠡᠴᠢᠯᠡᠬᠦ ᠪᠠᠶᠢᠡᠭᠭᠤ ᠶᠢᠨ ᠤᠲᠠᠰᠤ ᠭᠠᠷᠭᠠᠵᠤ᠂ 12345 ᠶᠢᠨ ᠢᠯᠡᠴᠢᠯᠡᠯᠳᠡ | ᠶᠢᠨ ᠤᠳᠠᠰᠤ ᠶᠢ ᠰᠠᠭᠠᠳ ᠦᠭᠡᠢ ᠨᠡᠪᠲᠡᠷᠡᠭᠦᠯᠪᠡ | ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠶᠠᠭ ︽ | ᠳᠤᠲᠠᠭᠤ ᠲᠤᠷᠭᠤᠨ︾ ᠢᠨᠵᠧᠨᠧᠷᠢᠩ ᠤᠨ ᠡᠬᠡ ᠲᠠᠩᠰᠠ ᠶᠢ ᠱᠠᠯᠠᠪᠳᠠᠨ ᠡᠮᠬᠢᠯᠡᠵᠦ᠂ ︽ᠳᠤᠲᠠᠭᠤ ᠲᠤᠷᠭᠤᠨ︾ | ᠢᠨᠵᠧᠨᠧᠷᠢᠩ ᠢ ᠰᠢᠢᠳᠪᠦᠷᠢᠯᠡᠬᠦ ᠰᠠᠨᠠᠯ ᠢ ᠲᠤᠭᠤᠷᠪᠢᠬᠤ ᠶᠢᠨ ᠬᠠᠮᠲᠤ ᠭᠠᠷ ᠭᠦᠢᠴᠡᠳᠬᠡᠯ ᠢ ᠲᠦᠷᠭᠡᠨ | ᠲᠡᠭᠦᠯᠳᠡᠷᠵᠢᠭᠦᠯᠬᠦ᠂ ᠠᠵᠢᠯ ᠢᠶᠠᠨ ᠰᠡᠷᠭᠦᠭᠡᠵᠦ ᠦᠷᠭᠦᠯᠵᠢᠯᠡᠨ ᠪᠠᠶᠢᠭᠤᠯᠬᠤ ᠶᠢ ᠳᠡᠮᠵᠢᠬᠦ᠂ ᠢᠳᠡᠪᠬᠢᠲᠡᠢ ᠪᠠᠷ | ᠬᠥᠲᠥᠯᠥᠨ ᠵᠢᠯᠤᠭᠤᠳᠴᠤ ᠠᠮᠢᠳᠤᠯᠢᠭ ᠪᠣᠯᠭᠠᠬᠤ᠂ ᠬᠠᠤᠯᠢ ᠲᠣᠭᠲᠠᠭᠠᠯ ᠶᠣᠰᠣᠭᠠᠷ ᠨᠤᠷᠠᠭᠠᠬᠤ ᠵᠡᠷᠭᠡ ᠠᠷᠭ᠎ᠠ ᠪᠠᠷ | ︽ᠳᠤᠲᠠᠭᠤ ᠲᠤᠷᠭᠤᠨ︾ ᠢᠨᠵᠧᠨᠧᠷᠢᠩ ᠢ ᠲᠥᠷᠥᠯ ᠬᠤᠪᠢᠶᠠᠨ ᠰᠢᠢᠳᠪᠦᠷᠢᠯᠡᠬᠦ ᠪᠠᠷ ᠪᠣᠶ᠃ | ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠢᠩᠬᠢᠮ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠠᠵᠢᠯ ᠲᠥᠷᠥᠯ ᠤᠨ ︽ᠳᠤᠲᠠᠭᠤ ᠲᠤᠷᠭᠤᠨ︾ ᠢᠨᠵᠧᠨᠧᠷᠢᠩ ᠤᠨ ᠰᠠᠭᠤᠷᠢ ᠠᠵᠢᠯ ᠤᠨ | ᠲᠥᠰᠥᠯ ᠢ ᠲᠤᠭᠤᠷᠪᠢᠵᠤ᠂ ᠠᠵᠢᠯ ᠤᠨ ᠲᠤᠰᠬᠠᠢ ᠠᠩᠭᠢ ᠪᠠᠶᠢᠭᠤᠯᠤᠨ᠂ ᠲᠣᠰ ᠬᠦᠷᠢᠶ᠎ᠡ ᠴᠠᠷᠠᠭ᠎ᠠ ᠳᠤ ᠬᠢ ︽ | ᠳᠤᠲᠠᠭᠤ ᠲᠤᠷᠭᠤᠨ︾ ᠢᠨᠵᠧᠨᠧᠷᠢᠩ ᠤᠨ ᠪᠠᠷᠢᠮᠵᠢᠶ᠎ᠠ ᠶᠢ ᠠᠩᠬ᠎ᠠ ᠠᠯᠬᠤᠮ ᠲᠣᠳᠣᠷᠬᠠᠶᠢᠯᠠᠵᠤ᠂ ᠣᠲᠣ ᠶᠠᠭ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠲᠥᠷᠥᠯ ᠤᠨ ︽ ᠳᠤᠲᠠᠭᠤ ᠲᠤᠷᠭᠤᠨ | ︾ ᠢᠨᠵᠧᠨᠧᠷᠢᠩ ᠤᠨ ᠡᠬᠡ ᠲᠠᠩᠰᠠ ᠶᠢ ᠡᠮᠬᠢᠯᠡᠨ ᠬᠤᠷᠢᠶᠠᠩᠭᠤᠶᠢᠯᠠᠵᠤ ᠪᠠᠶᠢᠨ᠎ᠠ᠃ ᠡᠭᠦᠨ ᠤ ᠬᠠᠮᠲᠤ ᠣᠷᠣᠨ | ᠰᠠᠭᠤᠴᠠ ᠶᠢᠨ ᠪᠠᠲᠤᠯᠠᠭ᠎ᠠ ᠶᠢᠨ ᠬᠦᠷᠢᠶ᠎ᠡ ᠴᠠᠷᠠᠭ᠎ᠠ ᠶᠢᠨ ᠵᠢᠭᠰᠠᠭᠠᠨ ᠪᠠᠶᠢᠴᠠᠭᠠᠯᠲᠠ ᠶᠢ ᠤᠷᠢᠳᠴᠢᠯᠠᠨ ᠥᠷᠨᠢᠭᠦᠯᠵᠦ᠂ | ᠴᠢᠷᠮᠠᠶᠢᠨ ᠰᠡᠷᠭᠡᠶᠢᠯᠡᠵᠦ᠂ ᠲᠥᠪᠯᠡᠷᠡᠭᠦᠯᠦᠨ ᠴᠡᠭᠴᠡᠯᠡᠨ ᠵᠠᠰᠠᠵᠤ᠂ ᠬᠤᠲᠠ ᠶᠢᠨ ᠳᠥᠭᠦᠮ ᠪᠦᠳᠦᠭᠦᠯᠢᠭ ᠣᠷᠣᠨ | ᠰᠠᠭᠤᠴᠠ ᠶᠢᠨ ᠥᠭᠡᠷᠡᠴᠢᠯᠡᠯᠲᠡ ᠶᠢᠨ ᠰᠠᠭᠤᠭᠠᠯᠢ ᠠᠷᠠᠳ ᠢ ᠨᠡᠭᠦᠯᠭᠡᠵᠦ ᠲᠥᠪᠬᠢᠨᠡᠭᠦᠯᠬᠦ ᠠᠰᠠᠭᠤᠳᠠᠯ ᠢ ᠲᠦᠷᠭᠡᠨ | ᠰᠢᠢᠳᠪᠤᠷᠢᠯᠡᠵᠤ᠂ ︽ ᠳᠤᠲᠠᠭᠤ ᠲᠤᠷᠭᠤᠨ︾ ᠢᠨᠵᠧᠨᠧᠷᠢᠩ ᠭᠠᠷᠬᠤ ᠠᠴᠠ ᠰᠡᠷᠬᠡᠶᠢᠯᠡᠬᠦ ᠣᠷᠳᠣ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠲᠣᠭᠲᠠᠭᠰᠠᠨ ᠬᠤᠭᠤᠴᠠᠭᠠᠨ ᠳᠤ ᠠᠵᠢᠯ ᠳᠠᠭᠤᠰᠬᠠᠬᠤ ᠠᠷᠭ᠎ᠠ ᠦᠭᠡᠢ | ᠪᠤᠶᠤ ᠠᠵᠢᠯ ᠳᠠᠭᠤᠰᠤᠭᠰᠠᠨ ᠤ ᠳᠠᠷᠠᠭ᠎ᠠ ︽ᠳᠤᠲᠠᠭᠤ ᠲᠤᠷᠭᠤᠨ︾ ᠢᠨᠵᠧᠨᠧᠷᠢᠩ ᠢ ᠠᠰᠢᠭᠯᠠᠯᠲᠠ ᠳᠤ | ᠣᠷᠣᠭᠤᠯᠬᠤ ᠶᠢᠨ ᠠᠷᠭ᠎ᠠ ᠦᠭᠡᠢ ᠪᠠᠶᠢᠳᠠᠯ ᠲᠠᠬᠢᠨᠳᠠ ᠭᠠᠷᠬᠤ ᠠᠴᠠ ᠵᠠᠶᠢᠯᠠᠰᠬᠢᠬᠦ ᠬᠡᠷᠡᠭᠲᠡᠢ᠃ | | |