ᠮᠠᠨ ᠤ ᠣᠷᠣᠨ ᠤ ᠬᠥᠮᠥᠨ ᠳᠤᠮᠳᠠᠴᠢ ᠶᠢᠨ GDP ᠠᠷᠪᠠᠨ ᠵᠢᠯ ᠤᠨ ᠲᠤᠷᠰᠢ ᠲᠦᠮᠡᠨ ᠲᠦᠬᠦᠷᠢᠭ ᠤᠨ ᠱᠠᠳᠤ ᠶᠢ ᠲᠦᠷᠪᠠᠨᠳᠡ  ᠲᠠᠪᠠᠯ᠎ᠠ
ᠨᠡᠶᠢᠲᠡᠯᠡᠭᠰᠡᠨ ᠴᠠᠭ᠄
2022/9/14
   9 ᠳ᠋ᠤᠭᠡᠷ ᠰᠠᠷ᠎ᠠ ᠶᠢᠨ 13 ᠤ ᠡᠳᠦᠷ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠤᠷᠳᠤᠨ ᠤ ᠰᠣᠨᠢᠨ ᠮᠡᠳᠡᠭᠡᠨ ᠤ ᠠᠯᠪᠠᠨ ᠭᠡᠷ ᠤᠨ ᠬᠤᠷᠠᠯᠳᠤᠭᠤᠯᠤᠭᠰᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠮᠠᠨ ᠤ ᠬᠥᠭᠵᠢᠯᠲᠡ ᠪᠠᠷ ᠲᠡᠷᠢᠭᠦᠨ ᠴᠢᠬᠤᠯᠠ ᠡᠭᠦᠷᠭᠡ ᠪᠠᠨ ᠪᠣᠯᠭᠠᠵᠤ᠂ ᠬᠥᠭᠵᠢᠯᠲᠡ ᠶᠢᠨ ᠰᠢᠨ᠎ᠡ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ  ᠲᠤᠭᠤᠰᠢᠯᠠᠭᠤᠯᠵᠤ᠂ ᠪᠥᠬᠦ ᠣᠷᠣᠨ ᠤ ᠬᠥᠮᠥᠨ ᠳᠤᠮᠳᠠᠴᠢ ᠶᠢᠨ ᠦᠢᠯᠡᠳᠪᠦᠷᠢᠯᠡᠯ ᠤᠨ ᠪᠥᠬᠦ ᠥᠷᠲᠡᠭ ︵ᠬᠥᠮᠥᠨ ᠳᠤᠮᠳᠠᠴᠢ ᠶᠢᠨ GDP︶ 4 ᠲᠦᠮᠡᠨ ᠲᠥᠭᠦᠷᠢᠭ ᠤᠨ ᠱᠠᠲᠤ ᠶᠢ ᠳᠠᠪᠠᠵᠤ᠂ 2012 ᠣᠨ ᠳᠤ 42441 ᠲᠥᠭᠦᠷᠢᠭ ᠪᠠᠶᠢᠭᠰᠠᠨ ᠠᠴᠠ ᠪᠠᠨ 2021 ᠣᠨ ᠳᠤ 85422 ᠲᠥᠭᠦᠷᠢᠭ ᠪᠣᠯᠣᠨ ᠳᠡᠭᠡᠭᠰᠢᠯᠡᠵᠦ᠂ ᠪᠥᠬᠦ ᠤᠯᠤᠰ ᠤᠨ ᠠᠷᠪᠠᠳᠤᠭᠠᠷ ᠲᠤ ᠣᠷᠣᠪᠠ᠃   ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠪᠦᠯᠬᠦᠮᠳᠡᠯ ᠳᠠᠭᠠᠭᠤᠯᠭ᠎ᠠ ᠪᠠᠷ ᠪᠦᠬᠦ ᠣᠷᠣᠨ ᠢᠶᠠᠷ ᠢᠶᠠᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷᠯᠢᠭ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠬᠤ ᠶᠢᠨ ᠬᠠᠮᠲᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠣᠷᠣᠨ ᠤ ᠠᠵᠤ ᠠᠬᠤᠢ ᠨᠡᠶᠢᠭᠡᠮ ᠤᠨ ᠴᠢᠨᠠᠷᠯᠢᠭ ᠬᠥᠭᠵᠢᠯᠲᠡ ᠶᠢᠨ ᠰᠢᠨ᠎ᠡ ᠠᠯᠬᠤᠮ ᠢ ᠠᠯᠬᠤᠵᠤ᠂ ᠰᠢᠨ᠎ᠡ ᠦᠷ᠎ᠡ ᠪᠦᠲᠦᠮᠵᠢ ᠣᠯᠬᠤ ᠶᠢ ᠬᠦᠴᠦᠯᠡᠨ ᠠᠬᠢᠭᠤᠯᠪᠠ᠃   ᠬᠥᠮᠥᠨ ᠳᠤᠮᠳᠠᠴᠢ ᠶᠢᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠤᠨ ᠦᠷᠭᠦᠯᠵᠢᠯᠡᠨ ᠨᠡᠮᠡᠭᠳᠡᠬᠦ ᠪᠠ ᠴᠢᠨᠠᠷᠯᠢᠭ ᠬᠥᠭᠵᠢᠯᠲᠡ ᠶᠢ ᠲᠤᠯᠭᠠᠭᠤᠷᠢᠯᠠᠭᠰᠠᠨ ᠲᠤᠭ᠎ᠠ ᠪᠠᠷᠢᠮᠲᠠ ᠪᠣᠯᠣᠨ ᠪᠣᠳᠠᠲᠤ ᠬᠡᠷᠡᠭ ᠨᠢ ᠤᠯᠠᠨ ᠲᠠᠯ᠎ᠠ ᠠᠴᠠ ᠢᠷᠡᠯᠲᠡ ᠲᠠᠢ ᠶᠤᠮ᠃   ᠠᠵᠤ ᠦᠢᠯᠡᠰ ᠤᠨ ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠪᠡ ︱ ᠪᠥᠬᠦ ᠣᠷᠣᠨ ᠤ ᠠᠵᠤ ᠦᠢᠯᠡᠰ ᠤᠨ ᠪᠦᠲᠦᠴᠡ ᠶᠢ 2012 ᠣᠨ ᠳᠤ 13.9᠄ 43.5᠄ 42.6 ᠪᠠᠶᠢᠭᠰᠠᠨ ᠠᠴᠠ 2021 ᠣᠨ ᠳᠤ 10.8᠄ 45.7᠄ 43.5 ᠪᠣᠯᠭᠠᠨ ᠲᠣᠬᠢᠷᠠᠭᠤᠯᠵᠤ᠂ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠲᠣᠰ ᠲᠣᠰ 9.0%᠂ 39.3% ᠪᠠ 51.7% ᠳᠤ ᠬᠥᠷᠪᠡ᠃ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠨᠡᠩ ᠰᠠᠶᠢᠨ ᠪᠣᠯᠪᠠ ︱ ᠪᠦᠬᠦ ᠣᠷᠣᠨ ᠤ ᠠᠮᠤ ᠪᠤᠳᠠᠭᠠᠨ ᠤ ᠭᠠᠷᠤᠯᠲᠠ 4 ᠵᠢᠯ ᠳᠠᠷᠠᠭᠠᠯᠠᠨ 700 ᠳ᠋ᠦᠩᠰᠢᠭᠤᠷ ᠵᠢᠩ ᠢ ᠳᠠᠪᠠᠵᠤ᠂ ᠬᠤᠨᠢᠨ ᠤ ᠮᠢᠬ᠎ᠠ᠂ ᠦᠬᠡᠷ ᠤᠨ ᠮᠢᠬ᠎ᠠ᠂ ᠦᠨᠢᠶᠡᠨ ᠤ ᠰᠦ ᠶᠢᠨ ᠭᠠᠷᠤᠯᠲᠠ ᠪᠦᠬᠦ ᠤᠯᠤᠰ ᠲᠤ ᠲᠡᠷᠢᠭᠦᠯᠡᠪᠡ᠃ ᠪᠦᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠵᠢᠯ ᠳᠤᠮᠳᠠᠴᠢ ᠪᠠᠷ 6.7% ᠨᠡᠮᠡᠭᠳᠡᠵᠦ᠂ ᠠᠳᠠᠯᠢ ᠬᠤᠭᠤᠴᠠᠭᠠᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠤᠨ ᠵᠢᠯ ᠳᠤᠮᠳᠠᠴᠢ ᠶᠢᠨ ᠨᠡᠮᠡᠭᠳᠡᠯ ᠤᠨ ᠬᠤᠷᠳᠤᠴᠠ ᠠᠴᠠ 0.9% ᠥᠨᠳᠥᠷ ᠪᠣᠯᠵᠤ᠂ ᠨᠠᠷᠢᠯᠢᠭ ᠮᠧᠲ᠋ᠢᠯ ᠠᠯᠺᠣᠣᠯ᠂ ᠬᠤᠪᠣᠷ ᠰᠢᠷᠣᠢ ᠶᠢᠨ ᠨᠢᠭᠡᠳᠪᠦᠷᠢ᠂ ᠲᠠᠩ ᠲᠠᠯᠠᠰᠲᠤ ᠴᠠᠬᠢᠭᠤᠷ ᠵᠡᠷᠭᠡ ᠰᠢᠨ᠎ᠡ ᠠᠵᠤ ᠦᠢᠯᠡᠳᠪᠦᠷᠢ ᠶᠢᠨ ᠦᠢᠯᠡᠳᠬᠦᠨ ᠤ ᠦᠢᠯᠡᠳᠪᠦᠷᠢᠯᠡᠯ ᠤᠨ ᠴᠢᠳᠠᠪᠤᠷᠢ ᠪᠦᠬᠦ ᠤᠯᠤᠰ ᠤᠨ ᠡᠮᠦᠨ᠎ᠡ ᠡᠩᠨᠡᠭᠡᠨ ᠳᠤ ᠣᠷᠣᠪᠠ᠃ ᠮᠡᠳᠡᠭᠡ ᠵᠠᠩᠭᠢ ᠶᠢᠨ ᠳᠠᠮᠵᠢᠭᠤᠯᠭ᠎ᠠ᠂ ᠵᠥᠭᠡᠯᠡᠨ ᠲᠤᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠲᠦᠷᠢᠶᠡᠰᠦᠯᠡᠯ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ᠵᠡᠷᠭᠡ ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ ᠦᠢᠯᠡᠰ ᠤᠨ ᠨᠡᠮᠡᠭᠳᠡᠯ ᠦᠷᠳᠡᠭ ᠤᠨ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠲᠤ ᠡᠵᠡᠯᠡᠬᠦ ᠬᠤᠪᠢ ᠶᠢᠨ ᠵᠢᠩ ᠢ ᠵᠢᠯ ᠲᠤᠳᠤᠮ ᠲᠡᠭᠡᠭᠰᠢᠯᠡᠭᠰᠡᠨ ᠪᠠᠶᠢᠨ᠎ᠠ᠃   ᠰᠢᠨ᠎ᠡ ᠡᠨᠧᠷᠭᠢ ᠶᠢᠨ ᠠᠵᠤ ᠦᠢᠯᠡᠰ ᠤᠨ ︽ᠪᠣᠬᠢᠷᠳᠤᠯ ᠦᠭᠡᠢ︾ ᠡᠨᠧᠷᠭᠢ ᠨᠡᠩ ᠭᠦᠢᠴᠡᠳ ᠪᠣᠯᠪᠠ  — 2021 ᠣᠨ ᠳᠤ ᠪᠦᠬᠦ ᠣᠷᠣᠨ ᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠪᠠ ᠴᠠᠬᠢᠯᠭᠠᠨ ᠭᠠᠷᠭᠠᠬᠤ ᠬᠡᠮᠵᠢᠶ᠎ᠡ ᠲᠤᠰ ᠲᠤᠰ 2012 ᠣᠨ ᠤ 3.2 ᠳᠠᠬᠢᠨ ᠪᠠ 4.1 ᠳᠠᠬᠢᠨ ᠪᠣᠯᠪᠠ᠃ ᠪᠥᠬᠦ ᠣᠷᠣᠨ ᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢᠨ ᠪᠥᠬᠦ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠳᠤ ᠡᠵᠡᠯᠡᠬᠦ ᠬᠤᠪᠢ ᠶᠢᠨ ᠵᠢᠩ ᠨᠢ 2012 ᠣᠨ ᠳᠤ 22.0% ᠪᠠᠶᠢᠭᠰᠠᠨ ᠠᠴᠠ ᠪᠠᠨ 2021 ᠣᠨ ᠳᠤ 35.2% ᠪᠣᠯᠵᠤ ᠳᠡᠭᠡᠭᠰᠢᠯᠡᠪᠡ᠃ ᠰᠢᠨ᠎ᠡ ᠡᠨᠧᠷᠭᠢ ᠶᠢᠨ ᠰᠤᠷᠪᠤᠯᠵᠢ ᠶᠢᠨ ᠴᠠᠬᠢᠯᠭᠠᠨ ᠭᠠᠷᠭᠠᠬᠤ ᠬᠡᠮᠵᠢᠶ᠎ᠡ ᠶᠢᠨ ᠪᠦᠬᠦ ᠴᠠᠬᠢᠯᠭᠠᠨ ᠭᠠᠷᠭᠠᠬᠤ ᠬᠡᠮᠵᠢᠶ᠎ᠡ ᠳᠤ ᠡᠵᠡᠯᠡᠬᠦ ᠬᠤᠪᠢ ᠶᠢᠨ ᠵᠢᠩ ᠨᠢ 2012 ᠣᠨ ᠳᠤ 9.4% ᠪᠠᠶᠢᠭᠰᠠᠨ ᠠᠴᠠ ᠪᠠᠨ 2021 ᠣᠨ ᠳᠤ ᠲᠡᠭᠡᠭᠰᠢᠯᠡᠬᠡᠳ 19.4% ᠪᠤᠯᠵᠠᠢ᠃  ᠰᠢᠨᠵᠢᠯᠡᠬᠦ ᠤᠬᠠᠭᠠᠨ ᠮᠡᠷᠭᠡᠵᠢᠯ ᠪᠥᠬᠦ ᠣᠷᠣᠨ ᠤ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠲᠤ ᠠᠮᠢᠵᠢᠷᠠᠯ ᠤᠨ ᠬᠦᠴᠦᠨ ᠨᠡᠮᠡᠷᠢᠯᠡᠪᠡ —  ᠪᠥᠬᠦ ᠣᠷᠣᠨ ᠤ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ᠶᠢᠨ ᠵᠠᠷᠤᠳᠠᠯ ᠤᠨ ᠣᠷᠣᠭᠤᠯᠤᠯᠲᠠ 2012 ᠣᠨ ᠳᠤ 101.4 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 2021 ᠣᠨ ᠳᠤ 190.1 ᠳ᠋ᠦᠩᠰᠢᠭᠤᠷ ᠲᠥᠭᠦᠷᠢᠭ ᠪᠣᠯᠣᠨ ᠨᠡᠮᠡᠭᠳᠡᠵᠦ᠂ ᠵᠢᠯ ᠪᠦᠷᠢ ᠳᠤᠮᠳᠠᠴᠢ ᠪᠠᠷ 7.2% ᠢᠶᠠᠷ ᠨᠡᠮᠡᠭᠳᠡᠪᠡ᠃ 2021 ᠣᠨ ᠳᠤ᠂ ᠪᠥᠬᠦ ᠣᠷᠣᠨ ᠤ ᠳᠡᠭᠡᠳᠦ ᠮᠡᠷᠭᠡᠵᠢᠯ ᠤᠨ ᠦᠶᠯᠡᠳᠬᠦ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 68.9% ᠨᠡᠮᠡᠭᠳᠡᠵᠦ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ ᠨᠢ 2012 ᠣᠨ ᠤ ᠬᠢ ᠠᠴᠠ ᠳᠠᠬᠢᠨ ᠢᠶᠠᠷ ᠨᠡᠮᠡᠭᠳᠡᠪᠡ᠃ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 10.4% ᠨᠡᠮᠡᠭᠳᠡᠪᠡ᠃   ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ ᠶᠢ ᠥᠨᠳᠥᠷ ᠪᠦᠲᠦᠮᠵᠢᠲᠡᠢ ᠠᠬᠢᠭᠤᠯᠪᠠ — 2021 ᠣᠨ ᠤ ᠰᠡᠭᠦᠯᠴᠢ ᠪᠠᠷ ᠪᠦᠬᠦ ᠣᠷᠣᠨ ᠤ ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤᠵᠢᠯᠲᠠ ᠶᠢᠨ ᠨᠤᠷᠮ᠎ᠠ ᠠᠳᠠᠯᠢ ᠬᠤᠭᠤᠴᠠᠭᠠᠨ ᠤ ᠪᠦᠬᠦ ᠤᠯᠤᠰ ᠤᠨ ᠳᠤᠮᠳᠠᠴᠢ ᠲᠦᠪᠰᠢᠨ ᠠᠴᠠ 3.5% ᠥᠨᠳᠥᠷ ᠪᠣᠯᠵᠤ᠂ 2012 ᠣᠨ ᠤ ᠪᠦᠬᠦ ᠣᠷᠣᠨ ᠤ ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤᠵᠢᠯᠲᠠ ᠶᠢᠨ ᠨᠤᠷᠮ᠎ᠠ ᠠᠴᠠ 9.8% ᠳᠡᠭᠡᠭᠰᠢᠯᠡᠪᠡ᠃ 2012 ᠣᠨ ᠠᠴᠠ 2021 ᠣᠨ ᠪᠣᠯᠲᠠᠯ᠎ᠠ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ ᠵᠢᠯ ᠪᠦᠷᠢ ᠳᠤᠮᠳᠠᠴᠢ ᠪᠠᠷ 5.1% ᠨᠡᠮᠡᠭᠳᠡᠪᠡ᠃ 2021 ᠣᠨ ᠳᠤ ᠪᠥᠬᠦ ᠣᠷᠣᠨ ᠤ ᠪᠣᠳᠠᠲᠤ ᠲᠠᠸᠠᠷ ᠤᠨ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠭᠰᠠᠨ ᠲᠤᠭ᠎ᠠ 303.6 ᠳ᠋ᠦᠩᠰᠢᠭᠤᠷ ᠲᠥᠭᠦᠷᠢᠭ ᠲᠤ ᠬᠦᠷᠴᠦ᠂ 2015 ᠣᠨ ᠤ  ᠬᠢ ᠠᠴᠠ 8.7 ᠳᠠᠬᠢᠨ ᠨᠡᠮᠡᠭᠳᠡᠪᠡ᠃ ᠪᠥᠬᠦ ᠣᠷᠣᠨ ᠤ ᠪᠠᠷᠠᠭᠠᠨ ᠤ ᠠᠷᠠᠯᠵᠢᠶ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠢ ᠥᠷᠲᠡᠭ 2012 ᠣᠨ ᠳᠤ 707.5 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ ᠨᠡᠮᠡᠭᠳᠡᠭᠡᠳ 2021 ᠣᠨ ᠳᠤ 1236.5 ᠳ᠋ᠦᠩᠰᠢᠭᠤᠷ ᠲᠥᠭᠦᠷᠢᠭ ᠪᠣᠯᠵᠤ᠂ ᠵᠢᠯ ᠪᠦᠷᠢ ᠳᠤᠮᠳᠠᠴᠢ ᠪᠠᠷ 6.4% ᠨᠡᠮᠡᠭᠳᠡᠪᠡ᠃ ᠥᠪᠥᠷ ᠮᠣᠩᠭᠤᠯ ᠠᠴᠠ ᠡᠬᠢᠯᠡᠭᠰᠡᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ 2016 ᠣᠨ ᠳᠤ 30 ᠭᠠᠷᠤᠢ ᠴᠤᠪᠤᠭ᠎ᠠ ᠪᠠᠶᠢᠭᠰᠠᠨ ᠠᠴᠠ ᠪᠠᠨ 2021 ᠣᠨ ᠳᠤ 300 ᠭᠠᠷᠤᠢ ᠴᠤᠪᠤᠭ᠎ᠠ ᠪᠣᠯᠵᠤ ᠨᠡᠮᠡᠭᠳᠡᠪᠡ᠃   ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢᠨ ᠵᠡᠷᠭᠡ ᠳᠤ ᠤᠷᠤᠬᠰᠢᠯᠠᠭᠤᠯᠪᠠ — ᠪᠥᠬᠦ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 2014 ᠣᠨ ᠪᠠ 2019 ᠣᠨ ᠳᠤ 2 ᠲᠦᠮᠡᠨ ᠲᠥᠭᠦᠷᠢᠭ ᠪᠠ 3 ᠲᠦᠮᠡᠨ ᠲᠥᠭᠦᠷᠢᠭ ᠤᠨ ᠪᠣᠭᠤᠮᠲᠠ ᠶᠢ ᠳᠠᠪᠠᠭᠰᠠᠨ ᠤ ᠳᠠᠷᠠᠭ᠎ᠠ᠂ 2021 ᠣᠨ ᠳᠤ 34108 ᠲᠥᠭᠦᠷᠢᠭ ᠲᠤ ᠬᠥᠷᠪᠡ᠃ 2021 ᠣᠨ ᠳᠤ ᠪᠥᠬᠦ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ 22658 ᠲᠥᠭᠦᠷᠢᠭ ᠪᠠᠶᠢᠵᠤ᠂ 2012 ᠣᠨ ᠤ ᠬᠢ ᠠᠴᠠ 1.7 ᠳᠠᠬᠢᠨ ᠪᠣᠯᠵᠠᠢ᠃ ᠪᠥᠬᠦ ᠣᠷᠣᠨ ᠤ ᠬᠤᠲᠠ ᠪᠠᠯᠭᠠᠰᠤ ᠶᠢᠨ ᠠᠵᠢᠯ ᠣᠯᠣᠭᠰᠠᠳ 790 ᠲᠦᠮᠡᠨ ᠬᠥᠮᠥᠨ ᠪᠠᠶᠢᠵᠤ᠂ ᠪᠥᠬᠦ ᠣᠷᠣᠨ ᠤ ᠠᠵᠢᠯ ᠣᠯᠣᠭᠰᠠᠳ ᠤᠨ ᠲᠤᠭ᠎ᠠ ᠶᠢᠨ 64.9% ᠶᠢ ᠡᠵᠡᠯᠡᠵᠦ᠂ 2012 ᠣᠨ ᠤ ᠬᠢ ᠠᠴᠠ 15.0% ᠢ ᠳᠡᠭᠡᠭᠰᠢᠯᠡᠪᠡ᠃ ᠪᠦᠬᠦ ᠣᠷᠣᠨ ᠤ ᠬᠤᠲᠠ᠂ ᠰᠢᠶᠠᠩ ᠤᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠪᠦᠷᠢ ᠶᠢᠨ ᠳᠤᠮᠳᠠᠴᠢ ᠣᠷᠣᠨ ᠰᠠᠭᠤᠴᠠ ᠶᠢᠨ ᠲᠠᠯᠠᠪᠠᠢ 2012 ᠣᠨ ᠤ ᠬᠢ ᠠᠴᠠ ᠲᠣᠰᠪᠣᠷᠢ 5.4 ᠲᠡᠭᠰᠢ ᠳᠥᠷᠪᠡᠯᠵᠢᠨ ᠮᠧᠲᠷ ᠪᠠ 7.9 ᠲᠡᠭᠰᠢ ᠳᠥᠷᠪᠡᠯᠵᠢᠨ ᠮᠧᠲᠷ ᠨᠡᠮᠡᠭᠳᠡᠪᠡ᠃   
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号