ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠠᠮᠤᠭ ᠤᠨ ᠰᠢᠨ᠎ᠡ | ᠮᠡᠳᠡᠭᠡ᠄ ᠣᠳᠣᠬᠠᠨ ᠳᠤ ᠮᠠᠨ ᠤ ᠣᠷᠣᠨ ᠤ ᠳᠠᠷᠤᠭᠳᠠᠮᠠᠯ ᠪᠡᠯᠡ ᠮᠥᠩᠭᠦ ᠶᠢᠨ ᠰᠠᠭᠤᠷᠢ ᠲᠤᠭ᠎ᠠ ᠶᠢ ᠶᠡᠭᠡ ᠪᠠᠷ | ᠪᠠᠶᠢᠴᠠᠭᠠᠬᠤ ᠲᠤᠰᠬᠠᠢ ᠠᠵᠢᠯᠯᠠᠭ᠎ᠠ ᠶᠢᠨ ᠪᠠᠶᠢᠭᠤᠯᠭ᠎ᠠ ᠨᠢᠬᠡᠴᠢ ᠶᠢᠨ ᠥᠪᠡᠰᠦᠪᠡᠨ ᠪᠠᠶᠢᠴᠠᠭᠠᠬᠤ ︵ᠨᠢᠬᠡᠳᠤᠬᠡᠷ ᠱᠠᠲᠤ | ︶ ᠠᠵᠢᠯ ᠦᠨᠳᠦᠰᠦᠨ ᠳᠤ ᠪᠠᠨ ᠳᠠᠭᠤᠰᠪᠠ᠃ ᠪᠠᠶᠢᠭᠤᠯᠭ᠎ᠠ ᠨᠢᠬᠡᠴᠢ ᠶᠢᠨ ᠥᠪᠡᠷ ᠤᠨ ᠪᠠᠶᠢᠴᠠᠭᠠᠯᠲᠠ ᠶᠢᠨ ᠲᠤᠭ᠎ᠠ | ᠪᠠᠷᠢᠮᠲᠠ ᠶᠢ ᠬᠤᠷᠢᠶᠠᠩᠭᠤᠶᠢᠯᠠᠬᠤ ᠪᠠᠷ ᠳᠡᠮᠵᠢᠨ᠂ ᠡᠯ᠎ᠡ ᠱᠠᠲᠤᠨ ᠤ ᠲᠥᠰᠥᠪ ᠤᠨ ᠨᠢᠬᠡᠴᠢ ᠶᠢᠨ ᠲᠠᠩᠰᠠᠨ | ᠡᠷᠦᠬᠡ ᠶᠢᠨ ᠪᠡᠯᠡ ᠮᠥᠩᠭᠦ ᠶᠢᠨ ᠰᠠᠭᠤᠷᠢ ᠲᠤᠭ᠎ᠠ ᠶᠢ ᠦᠨᠳᠦᠰᠦᠨ ᠳᠤ ᠪᠠᠨ ᠲᠣᠳᠣᠷᠬᠠᠢ ᠣᠶᠢᠯᠠᠭᠠᠵᠤ᠂ ᠡᠯ᠎ᠡ | ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷᠲ᠋ᠥ᠋ᠰᠥᠪ ᠤᠨ ᠨᠢᠬᠡᠴᠢ ᠶᠢᠨ ᠮᠡᠳᠡᠭᠦᠯᠦᠨ ᠬᠦᠷᠭᠡᠭᠰᠡᠨ ᠥᠪᠡᠷ ᠤᠨ | ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠵᠤ᠂ ᠡᠯ᠎ᠡ ᠱᠠᠲᠤᠨ ᠤ ᠬᠢᠨᠠᠨ ᠪᠤᠳᠤᠬᠤ ᠰᠠᠯᠠᠭ᠎ᠠ | ᠮᠥᠴᠢᠷ ᠭᠤᠣᠯᠳᠠᠯᠭ᠎ᠠ ᠲᠠᠢ ᠬᠢᠨᠠᠨ ᠪᠠᠶᠢᠴᠠᠭᠠᠬᠤ ᠠᠵᠢᠯ ᠢ ᠶᠠᠭ ᠪᠠᠶᠢᠷᠢᠯᠠᠭᠤᠯᠵᠤ ᠪᠠᠶᠢᠨ᠎ᠠ᠃ | ᠠᠵᠢᠯ ᠤᠨ ᠦᠷ᠎ᠡ ᠪᠦᠲᠦᠮᠵᠢ ᠠᠴᠠ ᠦᠵᠡᠪᠡᠯ᠂ 9 ᠳ᠋ᠦᠭᠡᠷ ᠰᠠᠷ᠎ᠠ ᠶᠢᠨ 1 ᠤ ᠡᠳᠦᠷ ᠪᠣᠯᠲᠠᠯ᠎ᠠ ᠪᠥᠬᠦ ᠣᠷᠣᠨ ᠤ | ᠡᠯ᠎ᠡ ᠱᠠᠲᠤᠨ ᠤ ᠲᠥᠰᠥᠪ ᠤᠨ ᠨᠢᠬᠡᠴᠢ ᠶᠢᠨ ᠥᠪᠡᠰᠦᠪᠡᠨ ᠪᠠᠶᠢᠴᠠᠭᠠᠬᠤ ᠠᠵᠢᠯ ᠢ ᠪᠡᠶᠡᠯᠡᠭᠦᠯᠦᠭᠰᠡᠨ ᠨᠣᠷᠮ᠎ᠠ 95% | ᠠᠴᠠ ᠳᠡᠭᠡᠭᠰᠢ ᠳᠤ ᠬᠦᠷᠴᠦ᠂ ᠬᠢᠵᠢᠭ ᠤᠨ ᠨᠥᠯᠥᠭᠡ ᠠᠴᠠ ᠪᠣᠯᠵᠤ᠂ ᠬᠡᠰᠡᠭ ᠬᠤᠰᠢᠭᠤ ᠰᠢᠶᠠᠨ ᠲᠣᠭᠤᠷᠢᠭ | ᠥᠪᠡᠰᠦᠪᠡᠨ ᠪᠠᠶᠢᠴᠠᠭᠠᠬᠤ ᠠᠵᠢᠯ ᠢᠶᠠᠨ ᠪᠡᠶᠡᠯᠡᠭᠦᠯᠦᠭᠰᠡᠨ ᠦᠭᠡᠢ᠃ ᠥᠪᠡᠷ ᠤᠨ ᠪᠠᠶᠢᠴᠠᠭᠠᠯᠲᠠ ᠶᠢ ᠨᠢᠭᠡᠨᠲᠡ | ᠪᠡᠶᠡᠯᠡᠭᠦᠯᠦᠭᠰᠡᠨ ᠲᠥᠰᠥᠪ ᠤᠨ ᠨᠢᠭᠡᠴᠢ ᠶᠢᠨ ᠠᠩᠬ᠎ᠠ ᠠᠯᠬᠤᠮ ᠤᠨ ᠰᠠᠨᠠᠯ ᠢ ᠦᠨᠳᠦᠰᠦᠯᠡᠨ᠂ ᠠᠳᠠᠯᠢ ᠱᠠᠲᠤᠨ ᠤ | ᠡᠳ᠋ ᠤᠨ ᠵᠠᠰᠠᠭ ᠤᠨ ᠳᠠᠷᠤᠭᠳᠠᠵᠤ ᠪᠠᠶᠢᠭ᠎ᠠ 41.9 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠪᠤᠴᠠᠭᠠᠨ | ᠲᠤᠰᠢᠶᠠᠬᠤ ᠪᠠᠷ ᠲᠥᠯᠥᠪᠯᠡᠵᠦ᠂ 354 ᠲᠠᠩᠰᠠᠨ ᠡᠷᠦᠭᠡ ᠶᠢ ᠬᠦᠴᠦᠨ ᠦᠭᠡᠢ ᠪᠣᠯᠭᠠᠬᠤ ᠪᠠᠷ ᠲᠥᠯᠥᠪᠯᠡᠵᠦ | ᠪᠠᠶᠢᠨ᠎ᠠ᠃ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠲᠥᠰᠥᠪ ᠤᠨ ᠨᠢᠬᠡᠴᠢ ᠨᠢ ᠡᠳ᠋ ᠤᠨ | ᠵᠠᠰᠠᠭ ᠤᠨ ᠳᠠᠷᠤᠭᠳᠠᠵᠤ ᠪᠠᠶᠢᠭ᠎ᠠ ᠪᠡᠯᠡ ᠮᠥᠩᠭᠦ ᠶᠢ 4.3 ᠳ᠋ᠦᠩᠰᠢᠭᠤᠷ ᠲᠥᠭᠦᠷᠢᠭ ᠪᠤᠴᠠᠭᠠᠨ ᠲᠤᠰᠢᠶᠠᠬᠤ ᠪᠠᠷ | ᠲᠥᠯᠥᠪᠯᠡᠵᠦ᠂ 8 ᠲᠠᠩᠰᠠᠨ ᠡᠷᠦᠬᠡ ᠶᠢ ᠬᠦᠴᠦᠨ ᠦᠭᠡᠢ ᠪᠣᠯᠭᠠᠬᠤ ᠪᠠᠷ ᠲᠥᠯᠥᠪᠯᠡᠵᠦ ᠪᠣᠶ᠃ | ᠣᠳᠣᠬᠠᠨ ᠳᠤ ᠪᠥᠬᠦ ᠣᠷᠣᠨ ᠤ ᠡᠯ᠎ᠡ ᠱᠠᠲᠤᠨ ᠤ ᠲᠥᠰᠥᠪ ᠤᠨ ᠨᠢᠬᠡᠴᠢ ᠠᠳᠠᠯᠢ ᠱᠠᠲᠤᠨ ᠤ ᠡᠳ᠋ ᠤᠨ | ᠵᠠᠰᠠᠭ ᠤᠨ ᠳᠠᠷᠤᠭᠳᠠᠵᠤ ᠪᠠᠶᠢᠭ᠎ᠠ 7.5 ᠳ᠋ᠦᠩᠰᠢᠭᠤᠷ ᠲᠥᠭᠦᠷᠢᠭ ᠪᠡᠯᠡ ᠮᠥᠩᠭᠦ ᠶᠢ ᠪᠤᠴᠠᠭᠠᠨ ᠲᠤᠰᠢᠶᠠᠵᠤ᠂ 62 | ᠲᠠᠩᠰᠠᠨ ᠡᠷᠦᠬᠡ ᠶᠢ ᠬᠦᠴᠦᠨ ᠦᠭᠡᠢ ᠪᠣᠯᠭᠠᠪᠠ᠃ ᠡᠭᠦᠨ ᠳᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ | ᠲᠥᠰᠥᠪ ᠤᠨ ᠨᠢᠬᠡᠴᠢ ᠨᠢ ᠡᠳ᠋ ᠤᠨ ᠵᠠᠰᠠᠭ ᠤᠨ ᠳᠠᠷᠤᠭᠳᠠᠵᠤ ᠪᠠᠶᠢᠭ᠎ᠠ ᠪᠡᠯᠡ ᠮᠥᠩᠭᠦ ᠶᠢ 2.1 ᠳ᠋ᠦᠩᠰᠢᠭᠤᠷ | ᠲᠥᠭᠦᠷᠢᠭ ᠪᠤᠴᠠᠭᠠᠨ ᠲᠤᠰᠢᠶᠠᠵᠤ᠂ 5 ᠲᠠᠩᠰᠠᠨ ᠡᠷᠦᠬᠡ ᠶᠢ ᠬᠦᠴᠦᠨ ᠦᠭᠡᠢ ᠪᠣᠯᠭᠠᠪᠠ᠃ | ᠲᠣᠰ ᠤᠳᠠᠭᠠᠨ ᠤ ᠲᠤᠰᠬᠠᠢ ᠠᠵᠢᠯᠯᠠᠭ᠎ᠠ ᠶᠢ ᠪᠠᠶᠢᠭᠤᠯᠭ᠎ᠠ ᠨᠢᠬᠡᠴᠢ ᠥᠪᠡᠰᠦᠪᠡᠨ ᠪᠠᠶᠢᠴᠠᠭᠠᠬᠤ᠂ | ᠭᠤᠣᠯᠳᠠᠯᠭ᠎ᠠ ᠲᠠᠢ ᠬᠠᠷᠭᠤᠭᠤᠯᠤᠨ ᠪᠠᠶᠢᠴᠠᠭᠠᠬᠤ᠂ ᠢᠯᠭᠠᠷᠠᠭᠤᠯᠤᠨ ᠳᠢᠭᠯᠡᠵᠦ ᠠᠮᠢᠳᠤᠯᠢᠭ ᠪᠣᠯᠭᠠᠬᠤ᠂ ᠳ᠋ᠦᠩᠨᠡᠨ | ᠲᠡᠭᠦᠯᠳᠡᠷᠵᠢᠭᠦᠯᠬᠦ ᠳᠥᠷᠪᠡᠨ ᠱᠠᠲᠤ ᠦᠶ᠎ᠡ ᠬᠤᠪᠢᠶᠠᠨ᠎ᠠ᠃ ᠲᠤᠰᠬᠠᠢ ᠠᠵᠢᠯᠯᠠᠭ᠎ᠠ ᠥᠷᠨᠢᠭᠦᠯᠦᠭᠰᠡᠨ ᠠᠴᠠ ᠨᠠᠭᠠᠰᠢ | ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠮᠢᠶ᠎ᠠ | ᠪᠦᠬᠦᠢ ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ | ᠲᠢᠩᠬᠢᠮ ᠤᠨ ︽ᠳᠠᠷᠤᠭᠳᠠᠮᠠᠯ ᠪᠡᠯᠡ ᠮᠥᠩᠭᠦ ᠶᠡᠭᠡ ᠪᠠᠷ ᠪᠠᠶᠢᠴᠠᠭᠠᠬᠤ ᠲᠤᠰᠬᠠᠢ ᠠᠵᠢᠯᠯᠠᠭ᠎ᠠ ᠶᠢᠨ ᠠᠵᠢᠯ ᠤᠨ | ᠲᠥᠰᠥᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ ᠤᠨ ᠬᠢᠨ ᠥᠪᠡᠷᠲᠡᠭᠡᠨ ᠵᠠᠰᠠᠬᠤ ᠣᠷᠣᠨ ᠤ ᠬᠢᠨᠠᠨ ᠪᠤᠳᠤᠬᠤ ᠲᠢᠩᠬᠢᠮ᠂ ᠡᠳ᠋ ᠤᠨ ᠵᠠᠰᠠᠭ ᠤᠨ ᠶᠠᠮᠤᠨ ᠤ | ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠯᠣᠨ ᠠᠷᠠᠳ ᠤᠨ ᠪᠠᠩᠬᠢ ᠲᠠᠢ ᠬᠠᠮᠲᠤᠷᠠᠨ ︽ | ᠪᠥᠬᠦ ᠣᠷᠣᠨ ᠤ ᠳᠠᠷᠤᠭᠳᠠᠮᠠᠯ ᠪᠡᠯᠡ ᠮᠥᠩᠭᠦ ᠶᠢᠨ ᠰᠠᠭᠤᠷᠢ ᠲᠤᠭ᠎ᠠ ᠶᠢ ᠶᠡᠭᠡ ᠪᠠᠷ ᠡᠬᠢᠯᠡᠭᠦᠯᠬᠦ ᠲᠤᠰᠬᠠᠢ | ᠠᠵᠢᠯᠯᠠᠭ᠎ᠠ ᠶᠢ ᠰᠠᠶᠢᠲᠤᠷ ᠬᠢᠬᠦ ᠬᠤᠯᠪᠣᠭᠳᠠᠯ ᠪᠦᠬᠦᠢ ᠤᠴᠢᠷ ᠶᠠᠪᠤᠳᠠᠯ ᠤᠨ ᠲᠤᠬᠠᠢ ᠮᠡᠳᠡᠭᠳᠡᠯ︾ ᠪᠣᠯᠣᠨ ︽ᠪᠥᠬᠦ | ᠣᠷᠣᠨ ᠤ ᠲᠥᠰᠥᠪ ᠤᠨ ᠨᠢᠬᠡᠴᠢ ᠶᠢᠨ ᠲᠠᠩᠰᠠᠨ ᠡᠷᠦᠬᠡ ᠶᠢᠨ ᠦᠯᠡᠳᠡᠪᠦᠷᠢ ᠶᠢ ᠪᠠᠶᠢᠴᠠᠭᠠᠨ ᠯᠠᠪᠯᠠᠬᠤ ᠠᠵᠢᠯ ᠢ | ᠥᠷᠨᠢᠭᠦᠯᠬᠦ ᠲᠤᠬᠠᠢ ᠵᠠᠬᠢᠳᠠᠯ︾ ᠵᠡᠷᠭᠡ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠪᠠ᠃ ᠨᠠᠷᠢᠨ ᠨᠢᠮᠪᠠᠢ ᠵᠣᠬᠢᠶᠠᠨ | ᠪᠠᠶᠢᠭᠤᠯᠤᠨ ᠪᠠᠶᠢᠷᠢᠯᠠᠭᠤᠯᠵᠤ᠂ ᠮᠡᠳᠡᠭᠦᠯᠬᠦ ᠬᠦᠰᠦᠨᠦᠭᠲᠦ ᠶᠢ ᠲᠠᠭᠯᠠᠨ ᠮᠡᠳᠡᠭᠦᠯᠬᠦ᠂ ᠲᠠᠩᠰᠠᠨ ᠡᠷᠦᠬᠡ ᠶᠢ | ᠪᠠᠶᠢᠴᠠᠭᠠᠨ ᠯᠠᠪᠯᠠᠬᠤ ᠵᠡᠷᠭᠡ ᠪᠣᠳᠠᠲᠠᠢ ᠠᠵᠢᠯ ᠤᠨ ᠱᠠᠭᠠᠷᠳᠠᠯᠭ᠎ᠠ ᠶᠢ ᠤᠯᠠᠮ ᠲᠤᠳᠤᠷᠬᠠᠢ ᠪᠤᠯᠭᠠᠪᠠ᠃ | ᠠᠵᠢᠯ ᠢᠶᠠᠨ ᠲᠣᠳᠣᠷᠬᠠᠢ ᠬᠤᠪᠢᠶᠠᠷᠢᠯᠠᠬᠤ᠂ ᠨᠢᠭᠲᠠ ᠬᠠᠮᠵᠢᠯᠴᠠᠬᠤ ᠵᠠᠷᠴᠢᠮ ᠶᠣᠰᠣᠭᠠᠷ᠂ ᠲᠣᠰ ᠤᠳᠠᠭᠠᠨ ᠤ | ᠲᠤᠰᠬᠠᠢ ᠠᠵᠢᠯᠯᠠᠭ᠎ᠠ ᠶᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤ ᠪᠣᠯᠣᠨ ᠡᠯ᠎ᠡ ᠠᠶᠢᠮᠠᠭ ᠬᠤᠲᠠ᠂ ᠬᠤᠰᠢᠭᠤ | ᠰᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠱᠠᠲᠤ ᠬᠤᠪᠢᠶᠠᠨ ᠬᠠᠷᠢᠭᠤᠴᠠᠵᠤ᠂ ᠲᠣᠰ ᠲᠣᠰ ᠲᠤ ᠨᠢ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠬᠢᠨ | ᠲᠤᠰᠬᠠᠢ ᠠᠵᠢᠯᠯᠠᠭ᠎ᠠ ᠶᠢ ᠶᠡᠷᠦᠩᠬᠡᠶᠢᠯᠡᠨ ᠵᠣᠬᠢᠴᠠᠭᠤᠯᠬᠤ᠂ ᠬᠤᠷᠢᠶᠠᠩᠭᠤᠶᠢᠯᠠᠨ ᠲᠣᠬᠢᠷᠠᠭᠤᠯᠬᠤ᠂ ᠲᠥᠷᠥ ᠶᠢᠨ | ᠪᠣᠳᠣᠯᠭ᠎ᠠ ᠲᠣᠭᠲᠠᠭᠠᠬᠤ᠂ ᠳᠦᠷᠢᠮ ᠤᠨ ᠪᠠᠶᠢᠭᠤᠯᠤᠯᠲᠠ ᠵᠡᠷᠭᠡ ᠠᠵᠢᠯ ᠢ ᠲᠦᠷᠦᠭᠦᠯᠡᠨ ᠬᠠᠷᠢᠭᠤᠴᠠᠵᠤ᠂ ᠡᠯ᠎ᠡ | ᠱᠠᠲᠤᠨ ᠤ ᠬᠢᠨᠠᠨ ᠪᠤᠳᠤᠬᠤ ᠰᠠᠯᠠᠭ᠎ᠠ ᠮᠥᠴᠢᠷ ᠤᠨ ᠬᠢᠨ ᠭᠤᠣᠯᠳᠠᠯᠭ᠎ᠠ ᠲᠠᠢ ᠬᠠᠷᠭᠤᠭᠤᠯᠤᠨ ᠪᠠᠶᠢᠴᠠᠭᠠᠬᠤ ᠠᠵᠢᠯ ᠢ | ᠲᠦᠷᠦᠭᠦᠯᠡᠨ ᠬᠠᠷᠢᠭᠤᠴᠠᠵᠤ᠂ ᠠᠷᠠᠳ ᠤᠨ ᠪᠠᠩᠬᠢ ᠨᠢ ᠡᠯ᠎ᠡ ᠬᠤᠳᠠᠯᠳᠤᠭᠠᠨ ᠤ ᠪᠠᠩᠬᠢ ᠲᠠᠢ ᠬᠠᠮᠵᠢᠯᠴᠠᠨ ᠲᠠᠩᠰᠠᠨ | ᠡᠷᠦᠬᠡ ᠪᠠ ᠦᠯᠡᠳᠡᠪᠦᠷᠢ ᠲᠤᠭ᠎ᠠ ᠶᠢᠨ ᠮᠡᠳᠡᠭᠡ ᠵᠠᠩᠭᠢ ᠶᠢ ᠬᠠᠩᠭᠠᠬᠤ ᠶᠢ ᠬᠠᠷᠢᠭᠤᠴᠠᠨ᠎ᠠ᠃ ᠡᠯ᠎ᠡ ᠱᠠᠲᠤᠨ ᠤ | ᠲᠥᠰᠥᠪ ᠤᠨ ᠰᠠᠯᠠᠭ᠎ᠠ ᠮᠥᠴᠢᠷ ᠪᠣᠯ ᠲᠤᠰᠬᠠᠢ ᠵᠦᠢᠯ ᠤᠨ ᠠᠵᠢᠯᠯᠠᠭ᠎ᠠ ᠶᠢᠨ ᠬᠠᠷᠢᠭᠤᠴᠠᠯᠭ᠎ᠠ ᠶᠢᠨ ᠭᠤᠣᠯ ᠴᠣᠭᠴᠠ | ᠪᠠᠶᠢᠵᠤ᠂ ᠲᠣᠰ ᠰᠠᠯᠠᠭ᠎ᠠ ᠮᠥᠴᠢᠷ ᠤᠨ ᠢᠶᠠᠨ ᠳᠠᠷᠤᠭᠳᠠᠵᠤ ᠪᠠᠶᠢᠭ᠎ᠠ ᠪᠡᠯᠡ ᠮᠥᠩᠭᠦ ᠶᠢ ᠢᠯᠭᠠᠷᠠᠭᠤᠯᠤᠨ ᠳᠢᠭᠯᠡᠵᠦ | ᠠᠮᠢᠳᠤᠯᠢᠭ ᠪᠣᠯᠭᠠᠬᠤ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ ᠠᠴᠠ ᠲᠤᠰᠬᠠᠶᠢᠯᠠᠨ ︽ᠳᠠᠷᠤᠭᠳᠠᠮᠠᠯ ᠪᠡᠯᠡ ᠮᠥᠩᠭᠦ ᠶᠢᠨ ᠰᠠᠭᠤᠷᠢ ᠲᠤᠭ᠎ᠠ ᠶᠢ ᠶᠡᠭᠡ ᠪᠠᠷ | ᠪᠠᠶᠢᠴᠠᠭᠠᠬᠤ ᠲᠤᠰᠬᠠᠢ ᠠᠵᠢᠯᠯᠠᠭ᠎ᠠ ᠶᠢᠨ ᠲᠤᠬᠠᠶᠢᠯᠠᠭᠰᠠᠨ ᠠᠵᠢᠯ ᠤᠨ ᠠᠰᠠᠭᠤᠯᠲᠠ ᠬᠠᠷᠢᠭᠤᠯᠲᠠ︾ ᠶᠢ | ᠲᠣᠭᠲᠠᠭᠠᠵᠤ᠂ ᠨᠢᠬᠡᠴᠢ ᠶᠢᠨ ᠪᠡᠯᠡ ᠮᠥᠩᠭᠦ ᠶᠢᠨ ᠰᠠᠭᠤᠷᠢ ᠲᠤᠭ᠎ᠠ ᠶᠢᠨ ᠪᠠᠷᠢᠮᠵᠢᠶ᠎ᠠ᠂ ᠲᠠᠩᠰᠠᠨ ᠡᠷᠦᠬᠡ ᠶᠢᠨ | ᠪᠦᠷᠢᠳᠬᠡᠯ ᠤᠨ ᠪᠠᠷᠢᠮᠵᠢᠶ᠎ᠠ᠂ ᠮᠡᠳᠡᠭᠦᠯᠬᠦ ᠬᠦᠰᠦᠨᠦᠭᠲᠦ ᠶᠢ ᠲᠠᠭᠯᠠᠨ ᠮᠡᠳᠡᠭᠦᠯᠬᠦ ᠪᠠᠷᠢᠮᠵᠢᠶ᠎ᠠ ᠵᠡᠷᠭᠡ ᠲᠠᠯ᠎ᠠ ᠶᠢᠨ 30 | ᠭᠠᠷᠤᠢ ᠠᠰᠠᠭᠤᠳᠠᠯ ᠳᠤ ᠬᠠᠷᠢᠭᠤᠯᠲᠠ ᠥᠭᠴᠦ᠂ ᠨᠢᠬᠡᠴᠢ ᠶᠢᠨ ᠥᠪᠡᠷ ᠤᠨ ᠪᠠᠶᠢᠴᠠᠭᠠᠯᠲᠠ ᠶᠢᠨ ᠤᠨᠤᠪᠴᠢ᠂ | ᠵᠢᠷᠤᠮᠵᠢᠯ ᠢ ᠪᠠᠲᠤᠯᠠᠨ᠎ᠠ᠃ ᠬᠤᠳᠠᠯᠳᠤᠭᠠᠨ ᠤ ᠪᠠᠩᠬᠢ ᠶᠢᠨ ᠬᠠᠩᠭᠠᠭᠰᠠᠨ ᠲᠠᠩᠰᠠᠨ ᠡᠷᠦᠬᠡ ᠶᠢᠨ ᠮᠡᠳᠡᠭᠡ ᠵᠠᠩᠭᠢ ᠶᠢ | ᠬᠢᠨᠠᠮᠠᠭᠠᠢ ᠡᠮᠬᠢᠯᠡᠵᠦ᠂ ᠡᠳ᠋ ᠤᠨ ᠵᠠᠰᠠᠭ ᠤᠨ ᠨᠢᠭᠡ ᠴᠣᠭᠴᠠᠵᠢᠭᠰᠠᠨ ᠰᠢᠰᠲ᠋ᠧᠮ ᠪᠠ ᠠᠷᠠᠳ ᠤᠨ ᠪᠠᠩᠬᠢ ᠶᠢᠨ | ᠳ᠋ᠦᠩᠨᠡᠨ ᠪᠤᠳᠤᠬᠤ ᠲᠠᠩᠰᠠᠨ ᠡᠷᠦᠬᠡ ᠶᠢᠨ ᠰᠢᠰᠲ᠋ᠧᠮ ᠳᠤ ᠬᠠᠷᠢᠴᠠᠭᠤᠯᠤᠨ ᠬᠠᠷᠭᠤᠭᠤᠯᠤᠨ ᠪᠠᠶᠢᠴᠠᠭᠠᠵᠤ᠂ | ᠲᠥᠰᠥᠪ ᠤᠨ ᠨᠢᠬᠡᠴᠢ ᠶᠢᠨ ᠲᠠᠩᠰᠠᠨ ᠡᠷᠦᠬᠡ ᠶᠢ ᠪᠦᠬᠦᠨ ᠢ ᠡᠬᠢᠯᠡᠯᠲᠡ ᠶᠢᠨ ᠬᠡᠪᠴᠢᠶᠡᠨ ᠳᠤ ᠣᠷᠣᠭᠤᠯᠬᠤ ᠶᠢ | ᠪᠠᠲᠤᠯᠠᠨ᠎ᠠ᠃ | | | | | | | | | |