ᠬᠡᠬᠡᠨᠳᠤᠶᠠᠭ᠎ᠠ ᠤᠷᠴᠢᠭᠤᠯᠪᠠ | ᠭᠤᠷᠪᠠᠳᠤᠭᠠᠷ ᠪᠦᠯᠦᠭ ᠡᠵᠡᠩᠨᠡᠯᠲᠡ ᠶᠢᠨ ᠦᠢᠯᠡᠴᠢᠯᠡᠭᠡ | ᠠᠷᠪᠠ ᠶᠢᠰᠦᠳᠦᠭᠡᠷ ᠵᠦᠢᠯ᠄ ᠰᠢᠲᠠᠮᠠᠬᠠᠢ ᠬᠡᠢ ᠶᠢᠨ ᠡᠵᠡᠩᠨᠡᠯᠲᠡ ᠳᠤ ᠵᠥᠪᠰᠢᠶᠡᠷᠡᠯ ᠤᠨ ᠳᠦᠷᠢᠮ ᠢ | ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠰᠢᠲᠠᠮᠠᠬᠠᠢ | ᠬᠡᠢ ᠶᠢᠨ ᠡᠵᠡᠩᠨᠡᠵᠤ ᠪᠠᠶᠢᠭ᠎ᠠ ᠨᠢᠬᠡᠴᠢ ᠪᠠ ᠬᠤᠪᠢ ᠬᠥᠮᠥᠨ ᠰᠢᠲᠠᠮᠠᠬᠠᠢ ᠬᠡᠢ ᠶᠢᠨ ᠡᠵᠡᠩᠨᠡᠯᠲᠡ ᠶᠢᠨ | ᠵᠥᠪᠰᠢᠶᠡᠷᠡᠯ ᠤᠨ ᠦᠨᠡᠮᠯᠡᠯ ᠢ ᠬᠠᠤᠯᠢ ᠶᠣᠰᠣᠭᠠᠷ ᠣᠯᠬᠤ ᠶᠢᠨ ᠬᠠᠮᠲᠤ᠂ ᠵᠥᠪᠰᠢᠶᠡᠷᠡᠭᠰᠡᠨ ᠡᠵᠡᠩᠨᠡᠯᠲᠡ ᠶᠢᠨ | ᠬᠡᠪᠴᠢᠶ᠎ᠡ᠂ ᠲᠥᠷᠥᠯ ᠢᠯᠭᠠᠯ᠂ ᠬᠤᠭᠤᠴᠠᠭ᠎ᠠ ᠬᠢᠵᠠᠭᠠᠷ ᠪᠠ ᠬᠡᠪᠴᠢᠶ᠎ᠡ ᠶᠣᠰᠣᠭᠠᠷ ᠡᠵᠡᠩᠨᠡᠬᠦ ᠬᠡᠷᠡᠭᠲᠡᠢ᠃ | ᠬᠤᠭᠤᠯᠠᠢ ᠪᠠᠷ ᠳᠠᠮᠵᠢᠭᠤᠯᠬᠤ ᠰᠢᠲᠠᠮᠠᠬᠠᠢ ᠬᠡᠢ ᠶᠢ ᠡᠵᠡᠩᠨᠡᠭᠴᠢᠳ ᠶᠢ ᠪᠠᠶᠢᠭ᠎ᠠ ᠭᠠᠵᠠᠷ ᠤᠨ ᠠᠶᠢᠮᠠᠭ ᠤᠨ ᠵᠠᠬᠢᠷᠭ᠎ᠠ᠂ | ᠲᠣᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ | ᠰᠠᠯᠠᠭ᠎ᠠ ᠮᠥᠴᠢᠷ ᠤᠨ ᠬᠢᠨ ᠳᠠᠭᠠᠭᠠᠴᠢᠯᠠᠯᠲᠠ ᠵᠠᠷᠯᠠᠬᠤ᠂ ᠳᠠᠭᠠᠭᠠᠴᠢᠯᠠᠯᠲᠠ ᠬᠦᠯᠢᠶᠡᠬᠦ ᠵᠡᠷᠭᠡ ᠠᠷᠭ᠎ᠠ ᠪᠠᠷ | ᠲᠤᠬᠳᠠᠭᠠᠬᠰᠠᠨ ᠤ ᠬᠤᠶᠢᠨ᠎ᠠ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠣᠯᠭᠤᠨ᠎ᠠ᠃ ᠯᠣᠩᠬᠤᠨ ᠳᠤ | ᠰᠠᠪᠠᠯᠠᠭᠰᠠᠨ ᠰᠢᠲᠠᠮᠠᠬᠠᠢ ᠬᠡᠢ ᠡᠵᠡᠩᠨᠡᠭᠴᠢᠳ ᠲᠤ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠦᠪᠰᠢᠶᠡᠷᠡᠯ ᠢᠶᠠᠷ | ᠡᠵᠡᠩᠨᠡᠯᠲᠡ ᠶᠢᠨ ᠦᠨᠡᠮᠯᠡᠯ ᠤᠯᠭᠤᠨ᠎ᠠ᠃ | ᠬᠤᠷᠢᠳᠤᠭᠠᠷ ᠵᠦᠢᠯ᠄ ᠰᠢᠲᠠᠮᠠᠬᠠᠢ ᠬᠡᠢ ᠡᠵᠡᠩᠨᠡᠭᠴᠢ ᠡᠯ᠎ᠡ ᠵᠦᠢᠯ ᠤᠨ ᠠᠶᠤᠯᠭᠦᠢ ᠶᠢᠨ ᠪᠠᠲᠤᠯᠠᠭ᠎ᠠ ᠶᠢᠨ | ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠶᠢᠨ ᠬᠠᠮᠲᠤ ᠲᠠᠷᠠᠭᠠᠬᠢ ᠲᠣᠭᠲᠠᠭᠠᠯ ᠢ ᠵᠢᠷᠤᠮᠯᠠᠬᠤ ᠬᠡᠷᠡᠭᠲᠡᠢ᠄ ︵ᠨᠢᠭᠡ︶ | ᠡᠵᠡᠩᠨᠡᠯᠲᠡ ᠶᠢᠨ ᠲᠠᠯᠠᠪᠤᠷ ᠭᠠᠵᠠᠷ ᠪᠠ ᠰᠢᠲᠠᠮᠠᠬᠠᠢ ᠬᠡᠢ ᠶᠢᠨ ᠲᠥᠬᠦᠭᠡᠷᠦᠮᠵᠢ ᠶᠢ ᠠᠵᠢᠯᠯᠠᠭᠤᠯᠬᠤ᠂ ᠬᠠᠮᠠᠭᠠᠯᠠᠬᠤ ᠪᠠ | ᠵᠠᠪᠳᠤᠨ ᠵᠠᠰᠠᠬᠤ ᠲᠤᠬᠠᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠢ | ᠬᠡᠷᠡᠭᠵᠢᠭᠦᠯᠵᠦ᠂ ᠲᠠᠯᠠᠪᠤᠷ ᠦᠷᠳᠡᠭᠡ ᠶᠢᠨ ᠳᠣᠲᠣᠷ᠎ᠠ ᠠᠶᠤᠯᠭᠦᠢ ᠶᠢᠨ ᠬᠢᠨᠠᠨ ᠡᠵᠡᠮᠳᠡᠬᠦ ᠮᠡᠳᠡᠭᠡ ᠵᠠᠩᠭᠢ ᠶᠢᠨ | ᠰᠢᠰᠲ᠋ᠧᠮ ᠢ ᠤᠭᠰᠠᠷᠠᠬᠤ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠰᠦᠯᠵᠢᠶ᠎ᠡ ᠪᠠᠷ ᠬᠤᠯᠪᠣᠵᠤ᠂ | ᠰᠢᠰᠲ᠋ᠧᠮ ᠤᠨ ᠬᠡᠪ ᠤᠨ ᠠᠵᠢᠯᠯᠠᠭᠠᠨ ᠢ ᠪᠠᠲᠤᠯᠠᠨ᠎ᠠ᠃ ︵ᠬᠤᠶᠠᠷ︶ ᠬᠡᠢ ᠬᠠᠩᠭᠠᠬᠤ ᠠᠵᠤ ᠠᠬᠤᠶᠢᠯᠠᠯ ᠯᠤᠭ᠎ᠠ | ᠤᠷᠳᠤ ᠬᠤᠭᠤᠴᠠᠭᠠᠨ ᠤ ᠪᠠ ᠣᠨ ᠤ ᠬᠠᠨᠭ᠍ᠭᠠᠯᠭ᠎ᠠ ᠶᠢᠨ ᠭᠡᠷ᠎ᠡ ᠲᠣᠭᠲᠠᠵᠤ ᠂ ᠬᠡᠢ ᠬᠠᠩᠭᠠᠬᠤ ᠪᠠᠲᠤᠯᠠᠭ᠎ᠠ ᠶᠢᠨ | ᠲᠥᠰᠥᠯ ᠢ ᠲᠣᠳᠣᠷᠬᠠᠶᠢᠯᠠᠨ᠎ᠠ᠃ ︵ᠭᠤᠷᠪᠠ︶ ᠰᠢᠲᠠᠮᠠᠬᠠᠢ ᠬᠡᠢ ᠶᠢᠨ ᠲᠦᠬᠦᠬᠡᠷᠤᠮᠵᠢ ᠶᠢ ᠬᠠᠮᠠᠭᠠᠯᠠᠬᠤ᠂ | ᠪᠠᠶᠢᠴᠠᠭᠠᠨ ᠵᠠᠰᠠᠬᠤ ᠪᠠ ᠰᠢᠯᠭᠠᠨ ᠪᠠᠶᠢᠴᠠᠭᠠᠵᠤ᠂ ᠬᠡᠪ ᠤᠨ ᠡᠵᠡᠩᠨᠡᠯᠲᠡ ᠶᠢ ᠪᠠᠲᠤᠯᠠᠨ᠂ ᠠᠶᠤᠯᠬᠦᠢ | ᠦᠢᠯᠡᠳᠪᠦᠷᠢᠯᠡᠬᠦ ᠨᠥᠬᠦᠴᠡᠯ ᠢ ᠪᠠᠲᠤᠯᠠᠵᠤ᠂ ᠰᠢᠲᠠᠮᠠᠬᠠᠢ ᠬᠡᠢ ᠶᠢᠨ ᠲᠦᠬᠦᠬᠡᠷᠤᠮᠵᠢ ᠳᠤ ᠠᠶᠤᠯᠬᠦᠢ ᠶᠢᠨ ᠦᠨᠡᠯᠡᠯᠳᠡ | ᠬᠢᠨ᠎ᠡ᠃ ︵ᠳᠥᠷᠪᠡ︶ ᠠᠵᠢᠯᠲᠠᠨ ᠠᠵᠢᠯᠴᠢᠨ ᠤ ᠠᠵᠢᠯ ᠤᠨ ᠪᠠᠶᠢᠷᠢ ᠶᠢᠨ ᠪᠣᠯᠪᠠᠰᠤᠷᠠᠯ ᠤᠨ ᠳᠦᠷᠢᠮ ᠢ | ᠪᠠᠶᠢᠭᠤᠯᠤᠨ᠎ᠠ᠃ ︵ᠲᠠᠪᠤ︶ ᠦᠢᠯᠡᠳᠪᠦᠷᠢᠯᠡᠯ ᠡᠵᠡᠩᠨᠡᠯᠲᠡ᠂ ᠠᠶᠤᠯᠬᠦᠢ ᠦᠢᠯᠡᠳᠪᠦᠷᠢᠯᠡᠯ ᠪᠠ ᠬᠡᠷᠡᠭᠯᠡᠭᠴᠢ ᠶᠢᠨ | ᠦᠢᠯᠡᠴᠢᠯᠡᠭᠡ ᠵᠡᠷᠭᠡ ᠪᠠᠶᠢᠳᠠᠯ ᠢᠶᠠᠨ ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠤᠯᠤᠰ ᠪᠠ | ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠮᠡᠳᠡᠭᠦᠯᠬᠦ ᠬᠡᠷᠡᠭᠲᠡᠢ᠃ ᠯᠣᠩᠬᠤᠨ ᠳᠤ | ᠰᠠᠪᠠᠯᠠᠭᠰᠠᠨ ᠰᠢᠲᠠᠮᠠᠬᠠᠢ ᠬᠡᠢ ᠡᠵᠡᠩᠨᠡᠭᠴᠢ ᠬᠡᠢ ᠶᠢᠨ ᠯᠣᠩᠬᠤᠨ ᠤ ᠳᠠᠩᠰᠠ ᠡᠪᠬᠡᠮᠡᠯ ᠤᠨ ᠬᠠᠮᠢᠶᠠᠷᠤᠯᠲᠠ ᠶᠢᠨ | ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠰᠢᠳᠠᠮᠠᠬᠠᠢ ᠬᠡᠢ ᠶᠢ ᠯᠤᠩᠬᠤᠨ ᠳᠤ ᠰᠠᠪᠠᠯᠠᠬᠤ ᠳᠤ ᠪᠠᠨ | ᠦᠯᠡᠳᠡᠭᠳᠡᠯ ᠬᠡᠢ ᠢ ᠬᠤᠷᠢᠶᠠᠨ ᠠᠪᠴᠤ ᠰᠢᠢᠳᠪᠦᠷᠢᠯᠡᠬᠦ ᠠᠷᠭ᠎ᠠ ᠪᠠᠶᠢᠬᠤ ᠬᠡᠷᠡᠭᠲᠡᠢ᠃ | ᠬᠤᠷᠢᠨ ᠨᠢᠭᠡᠳᠦᠭᠡᠷ ᠵᠦᠢᠯ᠄ ᠰᠢᠲᠠᠮᠠᠬᠠᠢ ᠬᠡᠢ ᠡᠵᠡᠩᠨᠡᠭᠴᠢ ᠬᠡᠷᠡᠭᠯᠡᠭᠴᠢᠳ ᠲᠤ ᠦᠢᠯᠡᠴᠢᠯᠡᠬᠦ ᠳᠦᠷᠢᠮ ᠢ | ᠪᠠᠶᠢᠭᠤᠯᠤᠨ ᠲᠡᠭᠦᠯᠳᠡᠷᠵᠢᠭᠦᠯᠵᠦ᠂ ᠦᠢᠯᠡᠴᠢᠯᠡᠬᠦ ᠠᠵᠢᠯᠯᠠᠭ᠎ᠠ ᠪᠠᠨ ᠵᠢᠷᠤᠮᠵᠢᠭᠤᠯᠬᠤ ᠶᠢᠨ ᠬᠠᠮᠲᠤ ᠲᠠᠷᠠᠭᠠᠬᠢ | ᠲᠣᠭᠲᠠᠭᠠᠯ ᠢ ᠵᠢᠷᠤᠮᠯᠠᠬᠤ ᠬᠡᠷᠡᠭᠲᠡᠢ᠄ ︵ᠨᠢᠭᠡ︶ ᠬᠡᠷᠡᠭᠯᠡᠭᠴᠢᠳ ᠲᠠᠢ ᠰᠢᠲᠠᠮᠠᠬᠠᠢ ᠬᠡᠢ ᠬᠠᠩᠭᠠᠬᠤ ᠪᠠ ᠬᠡᠷᠡᠭᠯᠡᠬᠦ ᠭᠡᠷ᠎ᠡ | ᠲᠣᠭᠲᠠᠭᠠᠵᠤ᠂ ᠬᠤᠶᠠᠷ ᠲᠠᠯ᠎ᠠ ᠶᠢᠨ ᠡᠷᠬᠡ ᠪᠠ ᠡᠭᠦᠷᠭᠡ ᠶᠢ ᠲᠣᠳᠣᠷᠬᠠᠶᠢᠯᠠᠨ᠎ᠠ᠃ ︵ᠬᠤᠶᠠᠷ︶ ᠬᠡᠷᠡᠭᠯᠡᠭᠴᠢ ᠶᠢᠨ | ᠦᠢᠯᠡᠴᠢᠯᠡᠭᠡᠨ ᠤ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠬᠡᠷᠡᠭᠯᠡᠭᠴᠢ ᠶᠢᠨ | ᠦᠢᠯᠡᠴᠢᠯᠡᠭᠡᠨ ᠤ ᠲᠠᠩᠰᠠ ᠡᠪᠬᠡᠮᠡᠯ ᠢ ᠲᠡᠭᠦᠯᠳᠡᠷᠵᠢᠭᠦᠯᠦᠨ᠂ ᠬᠤᠪᠢ ᠬᠥᠮᠥᠨ ᠤ ᠮᠡᠳᠡᠭᠡ ᠵᠠᠩᠭᠢ ᠶᠢ ᠬᠠᠤᠯᠢ | ᠶᠣᠰᠣᠭᠠᠷ ᠰᠢᠢᠳᠪᠦᠷᠢᠯᠡᠵᠦ ᠬᠠᠮᠠᠭᠠᠯᠠᠨ᠎ᠠ᠃ ︵ᠭᠤᠷᠪᠠ︶ ᠬᠠᠩᠭᠠᠯᠭ᠎ᠠ ᠶᠢᠨ ᠬᠡᠪᠴᠢᠶᠡᠨ ᠳᠣᠲᠣᠷᠠᠬᠢ ᠰᠢᠲᠠᠮᠠᠬᠠᠢ | ᠬᠡᠢ ᠶᠢᠨ ᠬᠡᠷᠡᠭᠯᠡᠭᠴᠢᠳ ᠲᠤ ᠮᠡᠷᠭᠡᠵᠢᠯ ᠤᠨ ᠵᠢᠯᠣᠭᠤᠳᠤᠯᠭ᠎ᠠ ᠪᠠ ᠦᠢᠯᠡᠴᠢᠯᠡᠭᠡ ᠬᠠᠩᠭᠠᠨ᠎ᠠ᠃ ︵ᠳᠥᠷᠪᠡ︶ | ᠰᠢᠲᠠᠮᠠᠬᠠᠢ ᠬᠡᠢ ᠡᠵᠡᠩᠨᠡᠬᠦ ᠨᠢ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠣᠨ ᠤᠯᠤᠰ᠂ ᠥᠪᠡᠷᠲᠡᠭᠡᠨ ᠵᠠᠰᠠᠬᠤ | ᠣᠷᠣᠨ ᠤ ᠦᠨ᠎ᠡ ᠬᠠᠩᠰᠢ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠬᠤ᠃ | ︵ᠲᠠᠪᠤ︶ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ ᠲᠠᠯᠠᠪᠤᠷ ᠲᠤ ᠲᠤᠬᠠᠶᠢᠯᠠᠭᠰᠠᠨ | ᠠᠵᠢᠯ ᠤᠨ ᠠᠯᠬᠤᠮ ᠲᠠᠷᠠᠭ᠎ᠠ᠂ ᠦᠢᠯᠡᠴᠢᠯᠡᠭᠡᠨ ᠤ ᠲᠥᠷᠥᠯ ᠵᠦᠢᠯ᠂ ᠦᠢᠯᠡᠴᠢᠯᠡᠭᠡᠨ ᠤ ᠠᠮᠠᠯᠠᠯᠲᠠ᠂ ᠠᠵᠢᠯ ᠤᠨ | ᠪᠠᠷᠢᠮᠵᠢᠶ᠎ᠠ᠂ ᠰᠦᠢᠳᠬᠡᠯ ᠬᠤᠷᠢᠶᠠᠬᠤ ᠪᠠᠷᠢᠮᠵᠢᠶ᠎ᠠ ᠶᠢ ᠢᠯᠡᠵᠢᠬᠦᠯᠵᠤ᠂ ᠦᠢᠯᠡᠴᠢᠯᠡᠭᠡ ᠶᠢ ᠭᠥᠯᠢᠶᠡᠨ ᠠᠪᠴᠤ | ᠰᠢᠢᠳᠪᠦᠷᠢᠯᠡᠬᠦ ᠪᠠ ᠵᠠᠭᠠᠯᠳᠤᠬᠤ ᠤᠳᠠᠰᠤ ᠶᠢ ᠢᠯᠡᠵᠢᠬᠦᠯᠤᠨᠡ᠃ ︵ᠵᠢᠷᠭᠤᠭ᠎ᠠ︶ ᠲᠣᠭᠲᠠᠭᠠᠭᠰᠠᠨ ᠪᠠᠷᠢᠮᠵᠢᠶ᠎ᠠ | ᠶᠣᠰᠣᠭᠠᠷ ᠰᠦᠢᠳᠬᠡᠯ ᠬᠤᠷᠢᠶᠠᠬᠤ ᠶᠢᠨ ᠬᠠᠮᠲᠤ ᠰᠢᠲᠠᠮᠠᠬᠠᠢ ᠬᠡᠢ ᠶᠢᠨ ᠬᠡᠷᠡᠭᠯᠡᠭᠴᠢ ᠳᠤ ᠪᠠᠷᠢᠮᠲᠠ ᠥᠭᠬᠦ ᠬᠡᠷᠡᠭᠲᠡᠢ᠂ | ᠬᠡᠷᠡᠭᠯᠡᠭᠴᠢ ᠱᠠᠭᠠᠷᠳᠠᠬᠰᠠᠨ ᠦᠬᠡᠢ ᠪᠤᠯ ᠦᠢᠯᠡᠴᠢᠯᠡᠭᠡ ᠨᠡᠮᠡᠵᠤ ᠰᠦᠢᠳᠬᠡᠯ ᠬᠤᠷᠢᠶᠠᠵᠤ ᠪᠣᠯᠬᠤ ᠦᠭᠡᠢ᠃ ︵ | ᠳᠣᠯᠤᠭ᠎ᠠ︶ ᠰᠢᠲᠠᠮᠠᠬᠠᠢ ᠬᠡᠢ ᠬᠡᠷᠡᠭᠯᠡᠬᠦ ᠡᠷᠦᠬᠡ ᠶᠢᠨ ᠠᠶᠤᠯᠬᠦᠢ ᠬᠡᠷᠡᠭᠯᠡᠬᠦ ᠪᠠᠶᠢᠴᠠᠭᠠᠯᠲᠠ ᠶᠢᠨ ᠳᠦᠷᠢᠮ ᠢ | ᠲᠡᠭᠦᠯᠳᠡᠷᠵᠢᠭᠦᠯᠵᠦ᠂ ᠬᠡᠷᠡᠭᠯᠡᠭᠴᠢ ᠶᠢᠨ ᠬᠡᠢ ᠬᠡᠷᠡᠭᠯᠡᠬᠦ ᠲᠠᠯᠠᠪᠤᠷ᠂ ᠰᠢᠲᠠᠮᠠᠬᠠᠢ ᠬᠡᠢ ᠶᠢᠨ ᠲᠦᠬᠦᠬᠡᠷᠤᠮᠵᠢ᠂ | ᠰᠢᠳᠠᠭᠠᠭᠤᠷ ᠪᠣᠯᠣᠨ ᠠᠶᠤᠯᠬᠦᠢ ᠶᠢᠨ ᠪᠠᠶᠢᠴᠠᠭᠠᠯᠲᠠ ᠶᠢ ᠦᠨ᠎ᠡ ᠲᠦᠯᠤᠪᠤᠷᠢ ᠦᠬᠡᠢ ᠪᠠᠷ ᠲᠤᠬᠳᠠᠬᠰᠠᠨ | ᠬᠤᠭᠤᠴᠠᠭ᠎ᠠ ᠲᠠᠢ ᠬᠢᠵᠦ᠂ ᠲᠡᠮᠳᠡᠭᠯᠡᠯ ᠬᠢᠬᠦ ᠶᠢᠨ ᠬᠠᠮᠲᠤ ᠪᠠᠶᠢᠴᠠᠭᠠᠯᠲᠠ ᠶᠢᠨ ᠪᠦᠷᠢᠨ ᠪᠦᠲᠦᠨ ᠲᠠᠩᠰᠠ ᠡᠪᠬᠡᠮᠡᠯ | ᠪᠠᠶᠢᠭᠤᠯᠤᠨ᠎ᠠ᠃ ᠬᠤᠭᠤᠯᠠᠢ ᠪᠠᠷ ᠳᠠᠮᠵᠢᠭᠤᠯᠬᠤ ᠰᠢᠲᠠᠮᠠᠬᠠᠢ ᠬᠡᠢ ᠡᠵᠡᠩᠨᠡᠭᠴᠢᠳ ᠰᠠᠭᠤᠭᠠᠯᠢ ᠠᠷᠠᠳ ᠤᠨ ᠪᠤᠰᠤ | ᠬᠡᠷᠡᠭᠯᠡᠭᠴᠢ ᠳᠤ ᠠᠶᠤᠯᠬᠦᠢ ᠶᠢᠨ ᠪᠠᠶᠢᠴᠠᠭᠠᠯᠲᠠ ᠶᠢ ᠵᠢᠷᠭᠤᠭᠠᠨ ᠰᠠᠷ᠎ᠠ ᠳᠤ ᠠᠳᠠᠭ ᠲᠤ ᠪᠠᠨ ᠨᠢᠭᠡ ᠤᠳᠠᠭ᠎ᠠ ᠬᠢᠨ᠎ᠡ᠂ | ᠰᠠᠭᠤᠭᠠᠯᠢ ᠠᠷᠠᠳ ᠬᠡᠷᠡᠭᠯᠡᠭᠴᠢ ᠳᠤ ᠠᠶᠤᠯᠬᠦᠢ ᠶᠢᠨ ᠪᠠᠶᠢᠴᠠᠭᠠᠯᠲᠠ ᠶᠢ ᠵᠢᠯ ᠳᠤ ᠠᠳᠠᠭ ᠲᠤ ᠪᠠᠨ ᠨᠢᠭᠡ ᠬᠢᠬᠦ | ᠬᠡᠷᠡᠭᠳᠡᠢ᠃ | ᠬᠤᠷᠢᠨ ᠬᠤᠶᠠᠳᠤᠭᠠᠷ ᠵᠦᠢᠯ᠄ ᠰᠢᠲᠠᠮᠠᠬᠠᠢ ᠬᠡᠢ ᠡᠵᠡᠩᠨᠡᠭᠴᠢ ᠶᠠᠰᠤ ᠴᠢᠨᠠᠷ ᠢ ᠪᠠᠶᠢᠴᠠᠭᠠᠬᠤ ᠳᠦᠷᠢᠮ ᠢ | ᠲᠣᠭᠲᠠᠭᠠᠵᠤ᠂ ᠡᠵᠡᠩᠨᠡᠵᠦ ᠪᠠᠶᠢᠭ᠎ᠠ ᠰᠢᠲᠠᠮᠠᠬᠠᠢ ᠬᠡᠢ ᠶᠢᠨ ᠢᠯᠴᠢ ᠶᠢᠨ ᠬᠡᠮᠵᠢᠭᠳᠡᠯ᠂ ᠨᠠᠶᠢᠷᠠᠯᠭ᠎ᠠ᠂ ᠦᠨᠦᠷ᠂ | ᠳᠠᠷᠤᠯᠲᠠ ᠵᠡᠷᠭᠡ ᠶᠢ ᠤᠯᠤᠰ ᠤᠨ ᠲᠣᠭᠲᠠᠭᠠᠭᠰᠠᠨ ᠪᠠᠷᠢᠮᠵᠢᠶ᠎ᠠ ᠳᠤ ᠨᠡᠶᠢᠴᠡᠭᠦᠯᠬᠦ ᠬᠡᠷᠡᠭᠲᠡᠢ᠃ ᠯᠣᠩᠬᠤᠨ ᠳᠤ | ᠰᠠᠪᠠᠯᠠᠭᠰᠠᠨ ᠰᠢᠲᠠᠮᠠᠬᠠᠢ ᠬᠡᠢ ᠶᠢᠨ ᠬᠠᠩᠭᠠᠯᠭ᠎ᠠ ᠶᠢᠨ ᠥᠷᠲᠡᠭᠡ ᠴᠡᠭ ᠨᠢ ᠬᠡᠷᠡᠭᠯᠡᠭᠴᠢᠳ ᠲᠤ ᠵᠢᠩᠯᠡᠬᠦᠷ ᠬᠠᠨᠭ᠍ᠭᠠᠵᠤ᠂ | ᠰᠢᠲᠠᠮᠠᠬᠠᠢ ᠬᠡᠢ ᠶᠢᠨ ᠯᠤᠩᠬᠤ ᠶᠢ ᠤᠯᠤᠰ ᠤᠨ ᠪᠠᠷᠢᠮᠵᠢᠶ᠎ᠠ ᠪᠠᠷ ᠲᠦᠬᠦᠷᠬᠡᠬᠦ ᠬᠡᠷᠡᠭᠲᠡᠢ᠃ | ᠬᠤᠷᠢᠨ ᠭᠤᠷᠪᠠᠳᠤᠭᠠᠷ ᠵᠦᠢᠯ᠄ ᠰᠢᠲᠠᠮᠠᠬᠠᠢ ᠬᠡᠢ ᠡᠵᠡᠩᠨᠡᠭᠴᠢ ᠨᠢ ᠠᠵᠢᠯᠳᠠᠳ ᠤᠨ ᠬᠠᠮᠢᠶᠠᠷᠤᠯᠲᠠ ᠪᠠᠨ | ᠴᠢᠩᠭᠠᠳᠬᠠᠬᠤ ᠬᠡᠷᠡᠭᠲᠡᠢ᠃ ᠰᠢᠲᠠᠮᠠᠬᠠᠢ ᠬᠡᠢ ᠶᠢᠨ ᠠᠶᠤᠯᠭᠦᠢ ᠶᠢᠨ ᠬᠠᠮᠢᠶᠠᠷᠤᠯᠲᠠ᠂ ᠰᠢᠲᠠᠮᠠᠬᠠᠢ ᠬᠡᠢ ᠶᠢᠨ | ᠰᠢᠲᠠᠭᠠᠭᠴᠢ ᠤᠭᠰᠠᠷᠠᠬᠤ ᠪᠠ ᠰᠡᠯᠪᠢᠬᠦ᠂ ᠯᠣᠩᠬᠤᠨ ᠳᠤ ᠰᠠᠪᠠᠯᠠᠭᠰᠠᠨ ᠰᠢᠲᠠᠮᠠᠬᠠᠢ ᠬᠡᠢ ᠶᠢ ᠬᠦᠷᠭᠡᠬᠦ᠂ ᠠᠶᠤᠯ ᠠᠴᠠ | ᠠᠪᠤᠷᠠᠵᠤ ᠱᠠᠯᠠᠪᠳᠠᠨ ᠵᠠᠰᠠᠬᠴᠢ ᠨᠢ ᠬᠠᠷᠠᠭᠠᠯᠵᠠᠬᠰᠠᠨ ᠲᠤᠰᠬᠠᠢ ᠮᠡᠷᠭᠡᠵᠢᠯ ᠢ ᠡᠵᠡᠮᠰᠢᠬᠦ ᠬᠡᠷᠡᠭᠲᠡᠢ᠃ ᠰᠢᠲᠠᠮᠠᠬᠠᠢ | ᠬᠡᠢ ᠶᠢᠨ ᠠᠵᠢᠯ ᠲᠥᠷᠥᠯ ᠤᠨ ᠣᠨᠴᠠ ᠲᠣᠭᠲᠠᠭᠠᠭᠰᠠᠨᠠᠵᠢᠯ ᠮᠡᠷᠭᠡᠵᠢᠯ ᠤᠨ ᠬᠢᠷᠢ ᠬᠡᠮ ᠤᠨ ᠱᠠᠭᠠᠷᠳᠠᠯᠭ᠎ᠠ ᠲᠠᠢ ᠪᠤᠯ | ᠬᠤᠯᠪᠣᠭᠳᠠᠯ ᠪᠦᠬᠦᠢ ᠠᠵᠢᠯᠲᠠᠨ ᠤᠯᠤᠰ ᠤᠨ ᠲᠣᠭᠲᠠᠭᠠᠯ ᠶᠣᠰᠣᠭᠠᠷ ᠬᠠᠷᠠᠭᠠᠯᠵᠠᠬᠰᠠᠨ ᠠᠵᠢᠯ ᠮᠡᠷᠭᠡᠵᠢᠯ ᠤᠨ ᠬᠢᠷᠢ | ᠬᠡᠮ ᠢ ᠣᠯᠬᠤ ᠬᠡᠷᠡᠭᠲᠡᠢ᠃ | ᠬᠤᠷᠢᠨ ᠳᠥᠷᠪᠡᠳᠦᠭᠡᠷ ᠵᠦᠢᠯ᠄ ᠰᠢᠳᠠᠮᠠᠬᠠᠢ ᠬᠡᠢ ᠡᠵᠡᠩᠨᠡᠭᠴᠢ ᠶᠢᠨ ᠰᠣᠩᠭᠤᠨ ᠬᠡᠷᠡᠭᠯᠡᠭᠰᠡᠨ ᠰᠢᠳᠠᠮᠠᠬᠠᠢ ᠬᠡᠢ | ᠬᠠᠳᠠᠭᠠᠯᠠᠬᠤ ᠰᠠᠪᠠ᠂ ᠯᠣᠩᠬᠤ ᠪᠣᠯᠣᠨ ᠳᠠᠷᠤᠯᠲᠠ ᠲᠣᠬᠢᠷᠠᠭᠤᠯᠤᠭᠴᠢ ᠨᠢ ᠤᠯᠤᠰ ᠤᠨ ᠪᠠᠷᠢᠮᠵᠢᠶ᠎ᠠ ᠳᠤ ᠨᠡᠶᠢᠴᠡᠬᠦ | ᠶᠢᠨ ᠬᠠᠮᠲᠤ ᠤᠯᠤᠰ᠂ ᠥᠪᠡᠷᠲᠡᠭᠡᠨ ᠵᠠᠰᠠᠭ ᠣᠷᠣᠨ ᠤ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ | ᠬᠠᠮᠢᠶᠠᠷᠤᠯᠲᠠ ᠶᠢᠨ ᠲᠣᠭᠲᠠᠭᠠᠯ ᠢᠶᠠᠷ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠵᠠᠰᠠᠬᠤ᠂ ᠰᠢᠨᠡᠳᠬᠡᠬᠦ ᠪᠠ | ᠰᠢᠯᠭᠠᠨ ᠲᠣᠭᠲᠠᠭᠠᠬᠤ ᠬᠡᠷᠡᠭᠲᠡᠢ᠃ | ᠬᠤᠷᠢᠨ ᠲᠠᠪᠤᠳᠤᠭᠠᠷ ᠵᠦᠢᠯ᠄ ᠰᠢᠲᠠᠮᠠᠬᠠᠢ ᠬᠡᠢ ᠡᠵᠡᠩᠨᠡᠭᠴᠢ ᠰᠢᠲᠠᠮᠠᠬᠠᠢ ᠬᠡᠢ ᠶᠢᠨ ᠬᠡᠪ ᠤᠨ ᠬᠠᠩᠭᠠᠯᠭ᠎ᠠ ᠶᠢ | ᠪᠠᠲᠤᠯᠠᠬᠤ ᠬᠡᠷᠡᠭᠲᠡᠢ᠂ ᠳᠤᠷ᠎ᠠ ᠪᠠᠷ ᠢᠶᠠᠨ ᠰᠢᠲᠠᠮᠠᠬᠠᠢ ᠬᠡᠢ ᠬᠠᠩᠭᠠᠬᠤ ᠶᠢ ᠵᠣᠭᠰᠣᠭᠠᠵᠤ᠂ ᠰᠢᠲᠠᠮᠠᠬᠠᠢ ᠬᠡᠢ ᠶᠢᠨ | ᠲᠦᠷᠦᠯ ᠢ ᠰᠣᠯᠢᠵᠤ ᠪᠣᠯᠬᠤ ᠦᠭᠡᠢ᠃ ᠰᠢᠲᠠᠮᠠᠬᠠᠢ ᠬᠡᠢ ᠶᠢᠨ ᠬᠠᠨᠭ᠍ᠭᠠᠯᠭ᠎ᠠ ᠶᠢ ᠵᠣᠭᠰᠤᠭᠠᠬᠤ᠂ ᠰᠢᠲᠠᠮᠠᠬᠠᠢ ᠬᠡᠢ ᠶᠢᠨ | ᠲᠥᠷᠥᠯ ᠵᠦᠢᠯ ᠢ ᠰᠣᠯᠢᠬᠤ ᠴᠢᠬᠤᠯᠠ ᠲᠠᠢ ᠪᠣᠯ ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ | ᠮᠡᠳᠡᠭᠦᠯᠦᠨ ᠵᠥᠪᠰᠢᠶᠡᠷᠡᠭᠦᠯᠬᠦ ᠶᠢᠨ ᠬᠠᠮᠲᠤ ᠬᠡᠷᠡᠭᠯᠡᠭᠴᠢᠳ ᠲᠤ ᠰᠢᠲᠠᠮᠠᠬᠠᠢ ᠬᠡᠢ ᠬᠠᠨᠭ᠍ᠭᠠᠬᠤ ᠲᠠᠯ᠎ᠠ ᠪᠠᠷ ᠲᠣᠬᠢᠲᠠᠢ | ᠲᠤᠬᠢᠷᠠᠭᠤᠯᠬᠤ ᠬᠡᠷᠡᠭᠲᠡᠢ᠃ ᠬᠤᠭᠤᠯᠠᠢ ᠪᠠᠷ ᠳᠠᠮᠵᠢᠭᠤᠯᠬᠤ ᠰᠢᠲᠠᠮᠠᠬᠠᠢ ᠬᠡᠢ ᠶᠢᠨ ᠡᠵᠡᠩᠨᠡᠭᠴᠢ ᠪᠠᠷᠢᠯᠭ᠎ᠠ ᠪᠠᠷᠢᠬᠤ᠂ | ᠪᠠᠶᠢᠴᠠᠭᠠᠨ ᠵᠠᠰᠠᠬᠤ ᠵᠡᠷᠭᠡ ᠰᠢᠯᠲᠠᠭᠠᠨ ᠠᠴᠠ ᠪᠣᠯᠵᠤ ᠬᠡᠢ ᠬᠠᠨᠭ᠍ᠭᠠᠯᠭ᠎ᠠ ᠶᠢᠨ ᠬᠡᠮᠵᠢᠶ᠎ᠡ ᠶᠢ ᠲᠦᠷ ᠴᠠᠭ | ᠲᠣᠬᠢᠷᠠᠭᠤᠯᠬᠤ ᠪᠤᠶᠤ ᠲᠦᠷ ᠵᠣᠭᠰᠤᠭᠠᠬᠤ ᠴᠢᠬᠤᠯᠠᠲᠠᠢ ᠪᠤᠯ ᠠᠵᠢᠯᠯᠠᠬᠤ ᠴᠠᠭ ᠪᠠ ᠨᠥᠯᠥᠭᠡᠯᠡᠬᠦ ᠣᠷᠣᠨ | ᠪᠦᠰᠡ ᠪᠠᠨ ᠬᠤᠶᠠᠷ ᠬᠤᠨᠤᠭ ᠤᠨ ᠡᠮᠦᠨ᠎ᠡ ᠤᠷᠢᠳᠴᠢᠯᠠᠨ ᠵᠠᠷᠯᠠᠬᠤ ᠶᠢᠨ ᠪᠤᠶᠤ ᠰᠢᠲᠠᠮᠠᠬᠠᠢ ᠬᠡᠢ ᠶᠢᠨ | ᠬᠡᠷᠡᠭᠯᠡᠭᠴᠢᠳ ᠲᠤ ᠪᠢᠴᠢᠭ ᠢᠶᠠᠷ ᠮᠡᠳᠡᠭᠳᠡᠬᠦ ᠬᠡᠷᠡᠭᠲᠡᠢ᠃ ᠭᠡᠨᠡᠳᠲᠡ ᠶᠢᠨ ᠬᠡᠷᠡᠭ ᠠᠴᠠ ᠪᠣᠯᠵᠤ ᠬᠡᠢ ᠬᠠᠩᠭᠠᠬᠤ ᠶᠢ | ᠨᠦᠯᠦᠬᠡᠯᠡᠪᠡᠯ ᠪᠠᠴᠢᠮ ᠠᠷᠭ᠎ᠠ ᠠᠪᠬᠤ ᠶᠢᠨ ᠬᠠᠮᠳᠤ ᠬᠡᠷᠡᠭᠯᠡᠭᠴᠢᠳ ᠲᠤ ᠲᠠᠷᠤᠢ ᠮᠡᠳᠡᠭᠳᠡᠬᠦ ᠪᠦᠬᠡᠳ ᠲᠣᠭᠲᠠᠭᠠᠯ | ᠶᠣᠰᠣᠭᠠᠷ ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ᠃ ᠬᠡᠢ | ᠬᠠᠩᠭᠠᠬᠤ ᠪᠠᠨ ᠵᠣᠭᠰᠣᠭᠰᠠᠨ ᠰᠢᠯᠲᠠᠭᠠᠨ ᠢ ᠰᠢᠢᠳᠪᠤᠷᠢᠯᠡᠭᠰᠡᠨ ᠤ ᠳᠠᠷᠠᠭ᠎ᠠ ᠳᠠᠮᠵᠢᠭᠤᠯᠬᠤ ᠬᠤᠭᠤᠯᠠᠢ ᠶᠢᠨ | ᠰᠢᠲᠠᠮᠠᠬᠠᠢ ᠬᠡᠢ ᠡᠵᠡᠩᠨᠡᠭᠴᠢ ᠳᠤ ᠬᠡᠢ ᠬᠠᠩᠭᠠᠬᠤ ᠪᠠᠨ ᠠᠯᠢ ᠲᠦᠷᠭᠡᠨ ᠢᠶᠠᠷ ᠰᠡᠷᠭᠦᠭᠡᠬᠦ ᠬᠡᠷᠡᠭᠲᠡᠢ᠃ ᠰᠢᠲᠠᠮᠠᠬᠠᠢ | ᠬᠡᠢ ᠶᠢᠨ ᠬᠠᠩᠭᠠᠯᠭ᠎ᠠ ᠶᠢ ᠰᠡᠷᠭᠦᠭᠡᠬᠦ ᠠᠴᠠ ᠡᠮᠦᠨ᠎ᠡ ᠬᠡᠷᠡᠭᠯᠡᠭᠴᠢ ᠳᠤ ᠴᠠᠭ ᠲᠤᠬᠠᠢ ᠳᠤ ᠨᠢ ᠮᠡᠳᠡᠭᠳᠡᠬᠦ ᠬᠡᠷᠡᠭᠲᠡᠢ᠂ | ᠭᠡᠬᠦ ᠳᠤ ᠪᠠᠨ ᠰᠦᠨᠢ ᠶᠢᠨ 10 ᠴᠠᠭ ᠠᠴᠠ ᠳᠠᠷᠠᠭ᠎ᠠ ᠡᠳᠦᠷ ᠤᠨ 6 ᠴᠠᠭ ᠤᠨ ᠬᠤᠭᠤᠷᠣᠨᠳᠤ ᠰᠠᠭᠤᠭᠠᠯᠢ ᠠᠷᠠᠳ | ᠬᠡᠷᠡᠭᠯᠡᠭᠴᠢ ᠳᠤ ᠰᠢᠲᠠᠮᠠᠬᠠᠢ ᠬᠡᠢ ᠶᠢᠨ ᠬᠠᠩᠭᠠᠯᠭ᠎ᠠ ᠶᠢ ᠰᠡᠷᠭᠦᠭᠡᠵᠦ ᠪᠣᠯᠬᠤ ᠦᠭᠡᠢ᠃ ᠰᠢᠲᠠᠮᠠᠬᠠᠢ ᠬᠡᠢ ᠡᠵᠡᠩᠨᠡᠭᠴᠢ | ᠠᠵᠢᠯ ᠢᠶᠠᠨ ᠵᠤᠬᠰᠤᠭᠠᠪᠠᠯ ᠰᠢᠲᠠᠮᠠᠬᠠᠢ ᠬᠡᠢ ᠬᠠᠩᠭᠠᠬᠤ ᠬᠡᠪᠴᠢᠶᠡᠨ ᠳᠣᠲᠣᠷᠠᠬᠢ ᠰᠢᠲᠠᠮᠠᠬᠠᠢ ᠬᠡᠢ ᠬᠡᠷᠡᠭᠯᠡᠭᠴᠢᠳ ᠤᠨ | ᠬᠡᠪ ᠤᠨ ᠬᠡᠷᠡᠭᠯᠡᠭᠡᠨ ᠤ ᠬᠡᠢ ᠶᠢ ᠲᠣᠬᠢᠲᠠᠢ ᠲᠣᠬᠢᠷᠠᠭᠤᠯᠬᠤ ᠬᠡᠷᠡᠭᠲᠡᠢ ᠪᠥᠭᠡᠳ ᠶᠡᠷᠡᠨ ᠠᠵᠢᠯ ᠤᠨ ᠡᠳᠦᠷ ᠠᠴᠠ | ᠡᠮᠦᠨ᠎ᠡ ᠪᠠᠶᠢᠭ᠎ᠠ ᠭᠠᠵᠠᠷ ᠤᠨ ᠢᠶᠠᠨ ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠵᠦ᠂ | ᠵᠥᠪᠰᠢᠶᠡᠷᠡᠭᠦᠯᠦᠭᠰᠡᠨ ᠤ ᠳᠠᠷᠠᠭ᠎ᠠ ᠰᠠᠶ᠋ᠢ ᠠᠵᠢᠯ ᠢᠶᠠᠨ ᠵᠣᠭᠰᠣᠭᠠᠵᠤ ᠪᠣᠯᠣᠨ᠎ᠠ᠃ | ᠬᠤᠷᠢᠨ ᠵᠢᠷᠭᠤᠳᠤᠭᠠᠷ ᠵᠦᠢᠯ᠄ ᠲᠠᠮᠵᠢᠭᠤᠯᠬᠤ ᠬᠤᠭᠤᠯᠠᠢ ᠶᠢᠨ ᠰᠢᠲᠠᠮᠠᠬᠠᠢ ᠬᠡᠢ ᠡᠵᠡᠩᠨᠡᠭᠴᠢ ᠲᠦᠭᠡᠮᠡᠯ | ᠦᠢᠯᠡᠴᠢᠯᠡᠭᠡᠨ ᠤ ᠡᠭᠦᠷᠭᠡ ᠪᠠᠨ ᠭᠦᠢᠴᠡᠳᠬᠡᠬᠦ ᠬᠡᠷᠡᠭᠲᠡᠢ᠂ ᠭᠤᠶᠤᠴᠢᠯᠠᠭᠰᠠᠨ ᠪᠥᠭᠡᠳ ᠬᠡᠷᠡᠭᠯᠡᠬᠦ ᠨᠥᠬᠦᠴᠡᠯ ᠳᠤ | ᠨᠡᠶᠢᠴᠡᠭᠰᠡᠨ ᠰᠢᠲᠠᠮᠠᠬᠠᠢ ᠬᠡᠢ ᠬᠡᠷᠡᠭᠯᠡᠭᠴᠢ ᠳᠤ ᠰᠢᠲᠠᠮᠠᠬᠠᠢ ᠬᠡᠢ ᠬᠠᠩᠭᠠᠬᠤ ᠶᠢ ᠲᠡᠪᠴᠢᠵᠦ ᠪᠣᠯᠬᠤ ᠦᠭᠡᠢ᠃ | ᠬᠤᠭᠤᠯᠠᠢ ᠪᠠᠷ ᠳᠠᠮᠵᠢᠭᠤᠯᠬᠤ ᠰᠢᠲᠠᠮᠠᠬᠠᠢ ᠬᠡᠢ ᠶᠢᠨ ᠡᠵᠡᠩᠨᠡᠭᠴᠢ ᠰᠢᠲᠠᠮᠠᠬᠠᠢ ᠬᠡᠢ ᠬᠠᠩᠭᠠᠬᠤ ᠬᠡᠪᠴᠢᠶᠡᠨ ᠳᠣᠲᠣᠷᠠᠬᠢ | ᠬᠤᠲᠠ ᠶᠢᠨ ᠶᠠᠪᠤᠳᠠᠯ ᠤᠨ ᠰᠢᠲᠠᠮᠠᠬᠠᠢ ᠬᠡᠢ ᠶᠢᠨ ᠲᠦᠬᠦᠬᠡᠷᠤᠮᠵᠢ᠂ ᠪᠠᠷᠢᠯᠭ᠎ᠠ ᠶᠢᠨ ᠣᠷᠣᠨ ᠤ ᠬᠤᠪᠢᠶᠠᠷᠢᠯᠠᠯ ᠤᠨ | ᠳᠣᠲᠣᠷᠠᠬᠢ ᠰᠢᠲᠠᠮᠠᠬᠠᠢ ᠬᠡᠢ ᠶᠢᠨ ᠲᠦᠬᠦᠬᠡᠷᠤᠮᠵᠢ ᠶᠢ ᠠᠵᠢᠯᠯᠠᠭᠤᠯᠬᠤ᠂ ᠬᠠᠮᠠᠭᠠᠯᠠᠬᠤ᠂ ᠱᠠᠯᠠᠪᠳᠠᠨ ᠵᠠᠰᠠᠬᠤ ᠪᠠ | ᠰᠢᠨᠡᠳᠬᠡᠬᠦ ᠬᠠᠷᠢᠭᠤᠴᠠᠯᠭ᠎ᠠ ᠶᠢ ᠡᠭᠦᠷᠭᠡᠯᠡᠨ᠎ᠡ᠃ ᠰᠢᠲᠠᠮᠠᠬᠠᠢ ᠬᠡᠢ ᠶᠢᠨ ᠬᠡᠷᠡᠭᠯᠡᠭᠴᠢ ᠡᠷᠦᠬᠡ ᠶᠢᠨ ᠬᠡᠷ ᠳᠣᠲᠣᠷᠠᠬᠢ | ᠰᠢᠲᠠᠮᠠᠬᠠᠢ ᠬᠡᠢ ᠶᠢᠨ ᠲᠦᠬᠦᠬᠡᠷᠤᠮᠵᠢ ᠶᠢᠨ ᠠᠮᠤᠷ ᠲᠦᠪᠰᠢᠨ ᠤ ᠬᠠᠮᠢᠶᠠᠷᠤᠯᠲᠠ᠂ ᠬᠠᠮᠠᠭᠠᠯᠠᠯᠲᠠ᠂ ᠰᠢᠨᠡᠳᠬᠡᠯᠲᠡ ᠶᠢ | ᠬᠠᠷᠢᠭᠤᠴᠠᠬᠤ ᠶᠢᠨ ᠬᠠᠮᠲᠤ᠂ ᠰᠠᠭᠤᠭᠠᠯᠢ ᠠᠷᠠᠳ ᠤᠨ ᠬᠡᠷᠡᠭᠯᠡᠭᠴᠢ ᠶᠢᠨ ᠵᠣᠬᠢᠬᠤ ᠵᠠᠷᠤᠳᠠᠯ ︵ᠰᠢᠲᠠᠮᠠᠬᠠᠢ ᠬᠡᠢ ᠶᠢᠨ | ᠵᠤᠤᠬ᠎ᠠ᠂ ᠭᠤᠮ ᠬᠤᠭᠤᠯᠠᠢ ᠪᠠᠭᠲᠠᠬᠤ ᠦᠭᠡᠢ︶ ᠢ ᠡᠭᠦᠷᠭᠡᠯᠡᠵᠦ᠂ ᠰᠠᠭᠤᠭᠠᠯᠢ ᠠᠷᠠᠳ ᠤᠨ ᠪᠤᠰᠤ ᠬᠡᠷᠡᠭᠯᠡᠭᠴᠢ ᠶᠢᠨ | ᠵᠣᠬᠢᠬᠤ ᠵᠠᠷᠤᠳᠠᠯ ᠢ ᠰᠢᠲᠠᠮᠠᠬᠠᠢ ᠬᠡᠢ ᠬᠠᠩᠭᠠᠬᠤ ᠪᠠ ᠬᠡᠷᠡᠭᠯᠡᠬᠦ ᠭᠡᠷ᠎ᠡ ᠶᠢᠨ ᠪᠣᠯᠵᠤᠭ᠎ᠠ ᠶᠣᠰᠣᠭᠠᠷ ᠡᠭᠦᠷᠭᠡᠯᠡᠨ᠎ᠡ᠃ | ᠬᠤᠷᠢᠨ ᠳᠣᠯᠣᠳᠤᠭᠠᠷ ᠵᠦᠢᠯ᠄ ᠯᠣᠩᠬᠤᠨ ᠳᠤ ᠰᠠᠪᠠᠯᠠᠭᠰᠠᠨ ᠰᠢᠲᠠᠮᠠᠬᠠᠢ ᠬᠡᠢ ᠶᠢ ᠦᠨᠡᠨ ᠨᠡᠷ᠎ᠡ ᠪᠠᠷ ᠢᠶᠠᠨ | ᠬᠤᠳᠠᠯᠳᠤᠨ ᠠᠪᠬᠤ ᠳᠦᠷᠢᠮ ᠢ ᠬᠡᠷᠡᠭᠵᠢᠭᠦᠯᠦᠨ᠎ᠡ᠃ ᠯᠣᠩᠬᠤᠨ ᠳᠤ ᠰᠠᠪᠠᠯᠠᠭᠰᠠᠨ ᠰᠢᠲᠠᠮᠠᠬᠠᠢ ᠬᠡᠢ ᠶᠢᠨ ᠡᠵᠡᠩᠨᠡᠭᠴᠢ | ᠰᠢᠲᠠᠮᠠᠬᠠᠢ ᠬᠡᠢ ᠶᠢᠨ ᠬᠡᠷᠡᠭᠯᠡᠭᠴᠢ ᠶᠢᠨ ᠦᠨᠳᠦᠰᠦᠨ ᠮᠡᠳᠡᠭᠡ ᠵᠠᠩᠭᠢ ᠪᠠ ᠯᠣᠩᠬᠤᠨ ᠤ ᠲᠤᠭ᠎ᠠ᠂ ᠲᠣᠭᠲᠠᠮᠠᠯ | ᠬᠤᠭᠤᠴᠠᠭ᠎ᠠ ᠲᠠᠢ ᠪᠠᠶᠢᠴᠠᠭᠠᠬᠤ ᠴᠠᠭ ᠪᠠ ᠬᠡᠷᠡᠭᠯᠡᠭᠡᠨ ᠤ ᠬᠤᠭᠤᠴᠠᠭ᠎ᠠ ᠵᠡᠷᠭᠡ ᠶᠢ ᠦᠨᠡᠨ ᠮᠥᠨ ᠢᠶᠠᠷ ᠲᠡᠮᠳᠡᠭᠯᠡᠬᠦ | ᠬᠡᠷᠡᠭᠲᠡᠢ᠃ ᠰᠢᠲᠠᠮᠠᠬᠠᠢ ᠬᠡᠢ ᠶᠢᠨ ᠬᠡᠷᠡᠭᠯᠡᠭᠴᠢ ᠵᠠᠷᠤᠵᠤ ᠪᠠᠶᠢᠭ᠎ᠠ ᠬᠡᠢ ᠶᠢᠨ ᠯᠤᠩᠬᠤ ᠶᠢ ᠲᠣᠭᠲᠠᠮᠠᠯ ᠬᠤᠭᠤᠴᠠᠭ᠎ᠠ ᠲᠠᠢ | ᠪᠠᠶᠢᠴᠠᠭᠠᠵᠤ᠂ ᠬᠡᠷᠡᠭᠯᠡᠭᠡᠨ ᠤ ᠬᠤᠭᠤᠴᠠᠭ᠎ᠠ ᠨᠢ ᠳᠦᠭᠦᠷᠬᠦ ᠠᠴᠠ ᠭᠤᠴᠢ ᠬᠤᠨᠤᠭ ᠤᠨ ᠡᠮᠦᠨ᠎ᠡ ᠰᠢᠲᠠᠮᠠᠬᠠᠢ | ᠬᠡᠢ ᠶᠢᠨ ᠯᠤᠩᠬᠤ ᠶᠢ ᠰᠢᠲᠠᠮᠠᠬᠠᠢ ᠬᠡᠢ ᠶᠢᠨ ᠡᠵᠡᠩᠨᠡᠭᠴᠢ ᠳᠤ ᠲᠤᠰᠢᠶᠠᠨ ᠰᠢᠢᠳᠪᠦᠷᠢᠯᠡᠭᠦᠯᠬᠦ ᠬᠡᠷᠡᠭᠲᠡᠢ᠃ | ᠲᠤᠰᠢᠶᠠᠬᠰᠠᠨ ᠦᠭᠡᠢ ᠪᠤᠯ ᠰᠢᠲᠠᠮᠠᠬᠠᠢ ᠬᠡᠢ ᠡᠵᠡᠩᠨᠡᠭᠴᠢ ᠨᠢ ᠬᠡᠷᠡᠭᠯᠡᠭᠴᠢ ᠲᠤ ᠮᠡᠳᠡᠭᠳᠡᠬᠦ ᠬᠡᠷᠡᠭᠲᠡᠢ᠃ ᠯᠣᠩᠬᠤᠨ ᠳᠤ | ᠰᠠᠪᠠᠯᠠᠭᠰᠠᠨ ᠰᠢᠲᠠᠮᠠᠬᠠᠢ ᠬᠡᠢ ᠶᠢᠨ ᠡᠵᠡᠩᠨᠡᠭᠴᠢ ᠬᠡᠷᠡᠭᠯᠡᠭᠴᠢᠳ ᠲᠤ ᠰᠢᠲᠠᠮᠠᠬᠠᠢ ᠬᠡᠢ ᠶᠢᠨ ᠯᠣᠩᠬᠤ ︵ ᠮᠤᠰᠬᠢᠭᠤᠷ | ᠨᠡᠭᠡᠯᠡᠭᠡᠢ᠂ ᠳᠠᠷᠤᠯᠲᠠ ᠪᠠᠭᠤᠷᠠᠭᠤᠯᠬᠤ ᠨᠡᠭᠡᠯᠡᠭᠡᠢ ᠪᠠᠭᠲᠠᠨ᠎ᠠ︶ ᠬᠠᠩᠭᠠᠬᠤ᠂ ᠬᠦᠷᠭᠡᠬᠦ᠂ ᠤᠭᠰᠠᠷᠠᠬᠤ ᠶᠢ | ᠬᠠᠷᠢᠭᠤᠴᠠᠬᠤ ᠶᠢᠨ ᠬᠠᠮᠲᠤ ᠬᠠᠮᠠᠭᠠᠯᠠᠬᠤ᠂ ᠰᠢᠨᠡᠳᠬᠡᠬᠦ ᠪᠠ ᠠᠶᠤᠯᠭᠦᠢ ᠪᠠᠷ ᠬᠡᠢ ᠬᠡᠷᠡᠭᠯᠡᠬᠦ ᠬᠠᠮᠢᠶᠠᠷᠤᠯᠲᠠ ᠶᠢᠨ | ᠵᠣᠬᠢᠴᠠᠩᠭᠤᠢ ᠬᠠᠷᠢᠭᠤᠴᠠᠯᠭ᠎ᠠ ᠶᠢ ᠡᠭᠦᠷᠭᠡᠯᠡᠵᠦ᠂ ᠰᠢᠲᠠᠮᠠᠬᠠᠢ ᠬᠡᠢ ᠬᠡᠷᠡᠭᠯᠡᠭᠴᠢᠳ ᠤᠨ ᠬᠡᠢ ᠬᠡᠷᠡᠭᠯᠡᠬᠦ ᠲᠠᠯᠠᠪᠤᠷ᠂ | ᠰᠢᠲᠠᠮᠠᠬᠠᠢ ᠬᠡᠢ ᠶᠢᠨ ᠲᠥᠬᠦᠭᠡᠷᠦᠮᠵᠢ ᠪᠠ ᠰᠢᠲᠠᠮᠠᠬᠠᠢ ᠬᠡᠢ ᠰᠢᠲᠠᠭᠠᠬᠤ ᠪᠠᠭᠠᠵᠢ ᠬᠡᠷᠡᠭᠰᠡᠯ ᠳᠤ ᠠᠶᠤᠯᠭᠦᠢ ᠶᠢᠨ | ᠪᠠᠶᠢᠴᠠᠭᠠᠯᠲᠠ ᠬᠢᠬᠦ ᠬᠡᠷᠡᠭᠲᠡᠢ᠃ ᠰᠢᠲᠠᠮᠠᠬᠠᠢ ᠬᠡᠢ ᠶᠢᠨ ᠡᠵᠡᠩᠨᠡᠭᠴᠢ ᠲᠤᠰᠬᠠᠢ ᠲᠡᠭᠡᠭᠡᠪᠦᠷᠢ ᠶᠢᠨ ᠨᠢᠬᠡᠴᠢ ᠳᠤ | ᠨᠠᠶᠢᠳᠠᠵᠤ ᠯᠤᠩᠬᠤ ᠲᠠᠢ ᠰᠢᠲᠠᠮᠠᠬᠠᠢ ᠬᠡᠢ ᠶᠢ ᠬᠦᠷᠬᠡᠯᠬᠡᠪᠡᠯ ᠬᠦᠷᠭᠡᠬᠦ ᠠᠵᠢᠯᠲᠠᠨ ᠪᠠ ᠲᠡᠷᠭᠡ ᠬᠥᠰᠬᠡ ᠶᠢᠨ | ᠬᠠᠮᠢᠶᠠᠷᠤᠯᠲᠠ ᠪᠠᠨ ᠴᠢᠩᠭᠠᠳᠬᠠᠵᠤ᠂ ᠰᠢᠲᠠᠮᠠᠬᠠᠢ ᠬᠡᠢ ᠶᠢᠨ ᠡᠵᠡᠩᠨᠡᠭᠴᠢ ᠪᠠ ᠲᠤᠰᠬᠠᠢ ᠲᠡᠭᠡᠭᠡᠪᠦᠷᠢ ᠶᠢᠨ ᠨᠢᠬᠡᠴᠢ | ᠬᠤᠶᠠᠷ ᠲᠠᠯ᠎ᠠ ᠶᠢᠨ ᠠᠶᠤᠯᠬᠦᠢ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠢ᠃ ᠯᠤᠩᠬᠤ ᠲᠠᠢ ᠰᠢᠲᠠᠮᠠᠬᠠᠢ | ᠬᠡᠢ ᠶᠢᠨ ᠡᠵᠡᠩᠨᠡᠭᠴᠢ ᠰᠢᠲᠠᠮᠠᠬᠠᠢ ᠬᠡᠢ ᠬᠡᠷᠡᠭᠯᠡᠭᠴᠢ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢᠨ ᠰᠢᠰᠲ᠋ᠧᠮ ᠢ | ᠪᠦᠷᠢᠨᠰᠢᠭᠦᠯᠵᠦ᠂ ᠰᠢᠲᠠᠮᠠᠬᠠᠢ ᠬᠡᠢ ᠬᠡᠷᠡᠭᠯᠡᠭᠴᠢ ᠶᠢᠨ ᠲᠠᠩᠰᠠ ᠡᠪᠬᠡᠮᠡᠯ ᠤᠨ ᠬᠠᠮᠢᠶᠠᠷᠤᠯᠲᠠ ᠶᠢ ᠬᠡᠷᠡᠭᠵᠢᠭᠦᠯᠦᠨ᠂ | ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠰᠢᠲᠠᠮᠠᠬᠠᠢ ᠬᠡᠢ ᠬᠡᠷᠡᠭᠯᠡᠭᠴᠢ ᠶᠢᠨ ᠬᠠᠮᠢᠶᠠᠷᠤᠯᠲᠠ | ᠵᠡᠷᠭᠡ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠮᠡᠳᠡᠬᠦᠯᠬᠦ ᠬᠡᠷᠡᠭᠳᠡᠢ᠃ | ᠬᠤᠷᠢᠨ ᠨᠠᠢᠮᠠᠳᠤᠭᠠᠷ ᠵᠦᠢᠯ᠄ ᠯᠤᠩᠬᠤ ᠲᠠᠢ ᠰᠢᠳᠠᠮᠠᠬᠠᠢ ᠬᠡᠢ ᠶᠢᠨ ᠡᠵᠡᠩᠨᠡᠭᠴᠢ ᠬᠡᠢ ᠶᠢ ᠯᠣᠩᠬᠤᠨ ᠳᠤ | ᠰᠠᠪᠠᠯᠠᠬᠤ᠂ ᠡᠵᠡᠩᠨᠡᠬᠦ ᠶᠠᠪᠤᠴᠠ ᠳᠤ ᠲᠠᠷᠠᠭᠠᠬᠢ ᠠᠶᠤᠯᠭᠦᠢ ᠶᠢᠨ ᠲᠣᠭᠲᠠᠭᠠᠯ ᠢ ᠵᠢᠷᠤᠮᠯᠠᠬᠤ ᠬᠡᠷᠡᠭᠲᠡᠢ᠄ ︵ᠨᠢᠭᠡ︶ | ᠰᠢᠳᠠᠮᠠᠬᠠᠢ ᠬᠡᠢ ᠶᠢᠨ ᠯᠣᠩᠬᠤ ᠶᠢ ᠤᠯᠤᠰ ᠤᠨ ᠪᠠᠷᠢᠮᠵᠢᠶ᠎ᠠ ᠪᠠ ᠲᠣᠭᠲᠠᠭᠠᠯ ᠶᠣᠰᠣᠭᠠᠷ ᠪᠠᠶᠢᠴᠠᠭᠠᠬᠤ ᠬᠡᠷᠡᠭᠲᠡᠢ᠂ | ᠬᠤᠭᠤᠴᠠᠭ᠎ᠠ ᠨᠢ ᠥᠩᠭᠡᠷᠡᠭᠡᠳ ᠪᠠᠶᠢᠴᠠᠭᠠᠭᠰᠠᠨ ᠦᠭᠡᠢ ᠯᠣᠩᠬᠤ᠂ ᠬᠢᠷᠢ ᠲᠡᠩᠴᠡᠬᠦ ᠦᠭᠡᠢ ᠯᠣᠩᠬᠤ ᠪᠠ ᠬᠠᠶᠠᠭᠳᠠᠮᠠᠯ | ᠰᠢᠳᠠᠮᠠᠬᠠᠢ ᠬᠡᠢ ᠰᠠᠪᠠᠯᠠᠵᠤ ᠪᠣᠯᠬᠤ ᠦᠭᠡᠢ᠃ ︵ᠬᠤᠶᠠᠷ︶ ᠤᠯᠤᠰ ᠤᠨ ᠪᠠᠷᠢᠮᠵᠢᠶ᠎ᠠ ᠪᠠ ᠲᠣᠭᠲᠠᠭᠠᠯ ᠶᠣᠰᠣᠭᠠᠷ | ᠰᠢᠲᠠᠮᠠᠬᠠᠢ ᠬᠡᠢ ᠳᠦᠭᠦᠷᠭᠡᠵᠦ᠂ ᠦᠯᠡᠳᠡᠭᠳᠡᠯ ᠬᠡᠢ ᠶᠢ ᠨᠢ ᠰᠣᠷᠣᠭᠤᠯᠵᠤ ᠬᠠᠶᠠᠬᠤ ᠬᠡᠷᠡᠭᠳᠡᠢ᠃ ︵ᠭᠤᠷᠪᠠ︶ | ᠥᠷᠲᠡᠭᠡ ᠠᠴᠠ ᠭᠠᠷᠬᠤ ᠰᠢᠲᠠᠮᠠᠬᠠᠢ ᠬᠡᠢ ᠲᠠᠢ ᠯᠤᠩᠬᠤ ᠶᠢ ᠲᠠᠬᠢᠨᠳᠠ ᠪᠠᠶᠢᠴᠠᠭᠠᠭᠠᠳ ᠬᠢᠷᠢ ᠲᠡᠩᠴᠡᠪᠡᠯ ᠠᠶᠤᠯᠬᠦᠢ | ᠶᠢᠨ ᠮᠡᠷᠭᠡᠵᠢᠯ ᠤᠨ ᠵᠢᠷᠤᠮᠵᠢᠯ ᠪᠠ ᠤᠯᠤᠰ ᠤᠨ ᠪᠠᠷᠢᠮᠵᠢᠶ᠎ᠠ ᠳᠤ ᠨᠡᠶᠢᠴᠡᠬᠦ ᠰᠡᠷᠡᠮᠵᠢ ᠶᠢᠨ ᠱᠣᠰᠢᠭ᠎ᠠ᠂ ᠰᠠᠪᠠᠯᠠᠬᠰᠠᠨ | ᠱᠣᠰᠢᠭ᠎ᠠ ᠨᠠᠭᠠᠬᠤ ᠶᠢᠨ ᠬᠠᠮᠲᠤ ᠠᠶᠤᠯᠬᠦᠢ ᠪᠠᠷ ᠬᠡᠷᠡᠭᠯᠡᠬᠦ ᠲᠣᠳᠣᠷᠬᠠᠶᠢᠯᠠᠯᠲᠠ ᠣᠯᠭᠤᠨ᠎ᠠ᠃ ᠰᠡᠷᠡᠮᠵᠢ ᠶᠢᠨ | ᠱᠣᠰᠢᠭ᠎ᠠ ᠪᠠ ᠰᠠᠪᠠᠯᠠᠬᠰᠠᠨ ᠱᠣᠰᠢᠭ᠎ᠠ ᠪᠠᠶᠢᠬᠤ ᠦᠭᠡᠢ ᠪᠤᠶᠤ ᠱᠣᠰᠢᠭ᠎ᠠ ᠨᠢ ᠲᠣᠳᠣᠷᠬᠠᠢ ᠦᠭᠡᠢ᠂ ᠵᠢᠷᠤᠮᠵᠢᠯ | ᠦᠭᠡᠢ ᠬᠡᠢ ᠲᠠᠢ ᠯᠤᠩᠬᠤ ᠶᠢ ᠥᠷᠲᠡᠭᠡ ᠠᠴᠠ ᠭᠠᠷᠭᠠᠵᠤ ᠪᠣᠯᠬᠤ ᠦᠭᠡᠢ᠃ ︵ᠳᠥᠷᠪᠡ︶ ᠬᠡᠢ ᠬᠠᠩᠭᠠᠬᠤ | ᠨᠦᠬᠦᠴᠡᠯ ᠳᠤ ᠨᠡᠶᠢᠴᠡᠭᠰᠡᠨ ᠯᠤᠩᠬᠤ ᠵᠠᠷᠤᠵᠤ᠂ ᠬᠡᠢ ᠶᠢᠨ ᠯᠤᠩᠬᠤ ᠶᠢᠨ ᠡᠵᠡᠩᠨᠡᠯᠲᠡ᠂ ᠲᠡᠭᠡᠭᠡᠪᠦᠷᠢ᠂ | ᠬᠡᠷᠡᠭᠯᠡᠯᠲᠡ ᠶᠢᠨ ᠪᠥᠬᠦ ᠶᠠᠪᠤᠴᠠ ᠶᠢ ᠮᠥᠷᠳᠡᠵᠦ ᠪᠣᠯᠬᠤ ᠶᠢ ᠪᠠᠲᠤᠯᠠᠵᠤ᠂ ᠬᠡᠷᠡᠭᠯᠡᠬᠦ ᠬᠤᠭᠤᠴᠠᠭ᠎ᠠ ᠠᠴᠠ ᠬᠡᠲᠦᠷᠡᠭᠰᠡᠨ | ᠬᠡᠢ ᠶᠢᠨ ᠯᠤᠩᠬᠤ ᠶᠢ ᠬᠤᠷᠢᠶᠠᠬᠤ ᠶᠢᠨ ᠬᠠᠮᠲᠤ ᠬᠠᠮᠢᠶ᠎ᠠ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ᠂ | ᠪᠤᠰᠤᠳ ᠯᠤᠩᠬᠤᠨ ᠳᠤ ᠲᠤᠷ᠎ᠠ ᠪᠠᠷ ᠢᠶᠠᠨ ᠬᠡᠢ ᠰᠠᠪᠠᠯᠠᠵᠤ ᠪᠣᠯᠬᠤ ᠦᠭᠡᠢ᠃ ︵ᠲᠠᠪᠤ︶ ᠤᠯᠤᠰ ᠤᠨ | ᠠᠶᠤᠯᠭᠦᠢ ᠶᠢᠨ ᠪᠠᠷᠢᠮᠵᠢᠶ᠎ᠠ ᠳᠤ ᠨᠡᠶᠢᠴᠡᠭᠰᠡᠨ ᠰᠢᠲᠠᠮᠠᠬᠠᠢ ᠬᠡᠢ ᠶᠢ ᠰᠠᠪᠠᠯᠠᠵᠤ᠂ ᠠᠷᠠᠳ ᠤᠨ ᠬᠡᠷᠡᠭᠯᠡᠭᠡᠨ ᠤ | ᠰᠢᠩᠭᠡᠨᠵᠢᠮᠡᠯ ᠴᠢᠯᠠᠭᠤᠨ ᠲᠤᠰᠤᠨ ᠤ ᠬᠡᠢ ᠳᠤ ᠬᠤᠶᠠᠷ ᠮᠧᠲ᠋ᠢᠯᠲᠦ ᠡᠲ᠋ᠧᠷ ᠬᠤᠯᠢᠬᠤ ᠪᠤᠶᠤ ᠪᠤᠰᠤᠳ ᠠᠶᠤᠯᠲᠠᠢ | ᠬᠢᠮᠢ ᠶᠢᠨ ᠵᠦᠢᠯ ᠢ ᠳᠤᠷ᠎ᠠ ᠪᠠᠷ ᠢᠶᠠᠨ ᠨᠡᠮᠡᠵᠦ ᠪᠣᠯᠬᠤ ᠦᠭᠡᠢ᠃ ︵ᠵᠢᠷᠭᠤᠭ᠎ᠠ︶ ᠰᠢᠲᠠᠮᠠᠬᠠᠢ ᠬᠡᠢ ᠶᠢ ᠰᠢᠳᠠᠮᠠᠬᠠᠢ | ᠬᠡᠢ ᠵᠦᠬᠡᠬᠡᠪᠤᠷᠢᠯᠡᠬᠦ ᠲᠡᠷᠬᠡᠨ ᠠᠴᠠ ᠰᠢᠭᠤᠳ ᠯᠣᠩᠬᠤᠨ ᠳᠤ ᠰᠠᠪᠠᠯᠠᠬᠤ᠂ ᠪᠤᠰᠤᠳ ᠰᠢᠲᠠᠮᠠᠬᠠᠢ ᠬᠡᠢ ᠵᠦᠬᠡᠬᠡᠪᠤᠷᠢᠯᠡᠬᠦ | ᠲᠡᠷᠭᠡᠨ ᠳᠤ ᠰᠢᠯᠵᠢᠬᠦᠯᠬᠦ ᠪᠤᠶᠤ ᠯᠤᠩᠬᠤᠨ ᠳᠤ ᠬᠢᠭᠰᠡᠨ ᠰᠢᠳᠠᠮᠠᠬᠠᠢ ᠬᠡᠢ ᠶᠢ ᠪᠤᠴᠠᠭᠠᠵᠤ ᠬᠢᠵᠤ ᠪᠤᠯᠬᠤ ᠦᠬᠡᠢ᠃ ︵ | ᠲᠤᠯᠤᠭ᠎ᠠ︶ ᠵᠥᠪᠰᠢᠶᠡᠷᠡᠯ ᠣᠯᠣᠭᠰᠠᠨ ᠦᠭᠡᠢ ᠬᠡᠢ ᠰᠠᠪᠠᠯᠠᠬᠤ ᠨᠢᠭᠡᠴᠢ ᠶᠢᠨ ᠰᠠᠪᠠᠯᠠᠭᠰᠠᠨ ᠯᠤᠩᠬᠤ ᠲᠠᠢ | ᠰᠢᠲᠠᠮᠠᠬᠠᠢ ᠬᠡᠢ ᠪᠤᠶᠤ ᠦᠪᠡᠷ ᠤᠨ ᠪᠤᠰᠤ ᠯᠤᠩᠬᠤᠨ ᠳᠤ ᠰᠠᠪᠠᠯᠠᠬᠰᠠᠨ ᠰᠢᠲᠠᠮᠠᠬᠠᠢ ᠬᠡᠢ ᠶᠢ ᠪᠣᠷᠣᠯᠠᠭᠤᠯᠵᠤ ᠪᠣᠯᠬᠤ | ᠦᠭᠡᠢ᠃ ︵ᠨᠠᠢᠮᠠ︶ ᠪᠤᠰᠤᠳ ᠠᠵᠤ ᠠᠬᠤᠶᠢᠯᠠᠯ ᠤᠨ ᠨᠡᠷᠡᠶᠢᠳᠦᠯ ᠪᠤᠶᠤ ᠲᠡᠮᠳᠡᠭ ᠢ ᠬᠠᠭᠤᠷᠮᠠᠭᠯᠠᠨ ᠬᠡᠷᠡᠭᠯᠡᠵᠦ | ᠯᠤᠩᠬᠤ ᠲᠠᠢ ᠰᠢᠲᠠᠮᠠᠬᠠᠢ ᠬᠡᠢ ᠡᠵᠡᠩᠨᠡᠵᠤ ᠪᠣᠯᠬᠤ ᠦᠭᠡᠢ᠃ ︵ᠶᠢᠰᠦ︶ ᠰᠢᠲᠠᠮᠠᠬᠠᠢ ᠬᠡᠢ ᠶᠢ ᠡᠵᠡᠩᠨᠡᠬᠦ | ᠵᠥᠪᠰᠢᠶᠡᠷᠡᠯ ᠤᠨ ᠦᠨᠡᠮᠯᠡᠯ ᠣᠯᠣᠭᠰᠠᠨ ᠦᠭᠡᠢ ᠨᠢᠭᠡᠴᠢ ᠪᠤᠶᠤ ᠬᠤᠪᠢ ᠬᠥᠮᠥᠨ ᠳᠤ ᠡᠵᠡᠩᠨᠡᠯᠲᠡ ᠳᠤ ᠬᠡᠷᠡᠭᠯᠡᠬᠦ | ᠯᠤᠩᠬᠤ ᠲᠠᠢ ᠰᠢᠲᠠᠮᠠᠬᠠᠢ ᠬᠡᠢ ᠶᠢ ᠬᠠᠩᠭᠠᠵᠤ ᠪᠣᠯᠬᠤ ᠦᠭᠡ᠊᠃ ︵ᠠᠷᠪᠠ︶ ᠭᠠᠵᠠᠷ ᠳᠣᠣᠷᠠᠬᠢ ᠥᠷᠥᠭᠡ᠂ ᠬᠠᠭᠠᠰ | ᠭᠠᠵᠠᠷ ᠳᠣᠣᠷᠠᠬᠢ ᠥᠷᠥᠭᠡ ᠪᠤᠶᠤ ᠠᠷᠠᠳ ᠤᠨ ᠬᠡᠷᠡᠭᠯᠡᠭᠡᠨ ᠤ ᠥᠨᠳᠥᠷ ᠪᠠᠷᠢᠯᠭ᠎ᠠ ᠳᠤ ᠯᠤᠩᠬᠤ ᠲᠠᠢ ᠰᠢᠲᠠᠮᠠᠬᠠᠢ ᠬᠡᠢ | ᠬᠠᠩᠭᠠᠵᠤ ᠪᠣᠯᠬᠤ ᠦᠭᠡᠢ᠂ ᠯᠤᠩᠬᠤ ᠲᠠᠢ ᠰᠢᠲᠠᠮᠠᠬᠠᠢ ᠬᠡᠢ ᠶᠢ ᠴᠠᠬᠢᠯᠭᠠᠨ ᠱᠠᠲᠤ ᠪᠠᠷ ᠵᠦᠬᠡᠬᠡᠵᠤ ᠪᠣᠯᠬᠤ ᠦᠭᠡᠢ᠃ | ︵ᠠᠷᠪᠠᠨ ᠨᠢᠭᠡ︶ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠪᠤᠰᠤᠳ ᠲᠣᠭᠲᠠᠭᠠᠯ ᠤᠳ᠃ | ᠬᠤᠷᠢ ᠶᠢᠰᠦᠳᠦᠭᠡᠷ ᠵᠦᠢᠯ᠄ ᠰᠢᠲᠠᠮᠠᠬᠠᠢ ᠬᠡᠢ ᠡᠵᠡᠩᠨᠡᠭᠴᠢ ᠰᠠᠭᠤᠭᠠᠯᠢ ᠠᠷᠠᠳ ᠤᠨ ᠪᠤᠰᠤ ᠰᠢᠲᠠᠮᠠᠬᠠᠢ | ᠬᠡᠢ ᠶᠢᠨ ᠳᠠᠩᠰᠠ ᠪᠠᠶᠢᠭᠤᠯᠬᠤ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ ᠳᠤ ᠰᠢᠲᠠᠮᠠᠬᠠᠢ ᠬᠡᠢ ᠬᠡᠷᠡᠭᠯᠡᠬᠦ | ᠣᠷᠴᠢᠨ ᠲᠣᠭᠤᠷᠢᠨ ᠳᠤ ᠨᠢ ᠠᠶᠤᠯᠬᠦᠢ ᠶᠢᠨ ᠪᠠᠶᠢᠴᠠᠭᠠᠯᠲᠠ ᠬᠢᠬᠦ ᠬᠡᠷᠡᠭᠲᠡᠢ᠃ ᠲᠠᠷᠠᠭᠠᠬᠢ ᠠᠯᠢ ᠨᠢᠬᠡ ᠪᠠᠶᠢᠳᠠᠯ | ᠲᠤᠤᠷ᠎ᠠ ᠲᠡᠳᠡᠨ ᠲᠠᠢ ᠰᠢᠲᠠᠮᠠᠬᠠᠢ ᠬᠡᠢ ᠬᠠᠨᠭ᠍ᠭᠠᠬᠤ ᠭᠡᠷ᠎ᠡ ᠲᠣᠭᠲᠠᠭᠠᠵᠤ ᠪᠣᠯᠬᠤ ᠦᠭᠡᠢ᠂ ᠰᠢᠲᠠᠮᠠᠬᠠᠢ ᠬᠡᠢ ᠬᠠᠩᠭᠠᠵᠤ | ᠪᠣᠯᠬᠤ ᠦᠭᠡᠢ᠄ ︵ᠨᠢᠭᠡ︶ ᠰᠢᠲᠠᠮᠠᠬᠠᠢ ᠬᠡᠢ ᠬᠡᠷᠡᠭᠯᠡᠬᠦ ᠭᠠᠵᠠᠷ ᠨᠢ ᠬᠠᠤᠯᠢ ᠪᠤᠰᠤ᠃ ︵ᠬᠤᠶᠠᠷ︶ ᠬᠡᠢ ᠬᠡᠷᠡᠭᠯᠡᠬᠦ | ᠲᠠᠯᠠᠪᠤᠷ᠂ ᠰᠢᠲᠠᠮᠠᠬᠠᠢ ᠬᠡᠢ ᠶᠢᠨ ᠲᠥᠬᠦᠭᠡᠷᠦᠮᠵᠢ ᠪᠤᠶᠤ ᠰᠢᠲᠠᠮᠠᠬᠠᠢ ᠬᠡᠢ ᠰᠢᠳᠠᠭᠠᠬᠤ ᠪᠠᠭᠠᠵᠢ ᠬᠡᠷᠡᠭᠰᠡᠯ ᠨᠢ | ᠠᠶᠤᠯᠭᠦᠢ ᠪᠠᠷ ᠬᠡᠢ ᠬᠡᠷᠡᠭᠯᠡᠬᠦ ᠨᠥᠬᠦᠴᠡᠯ ᠳᠤ ᠦᠯᠦ ᠨᠡᠶᠢᠴᠡᠬᠦ᠃ ︵ᠭᠤᠷᠪᠠ︶ ᠬᠡᠢ ᠬᠡᠷᠡᠭᠯᠡᠬᠦ ᠲᠠᠯᠠᠪᠤᠷ ᠲᠤ | ᠰᠢᠲᠠᠮᠠᠬᠠᠢ ᠬᠡᠢ ᠯᠡᠪᠡᠷᠡᠬᠦ ᠶᠢ ᠰᠡᠷᠡᠮᠵᠢᠯᠡᠭᠦᠯᠬᠦ ᠲᠣᠨᠣᠭᠯᠠᠯ ᠦᠯᠦ ᠤᠭᠰᠠᠷᠠᠭᠰᠠᠨ᠃ ︵ᠲᠦᠷᠪᠡ︶ ᠠᠶᠤᠯᠭᠦᠢ ᠶᠢᠨ | ᠪᠠᠶᠢᠴᠠᠭᠠᠯᠲᠠ ᠬᠢᠬᠦ ᠶᠢ ᠲᠡᠪᠴᠢᠭᠰᠡᠨ᠃ | ᠤᠷᠴᠢᠭᠤᠯᠤᠬᠴᠢ ᠶᠢᠨ ᠬᠠᠶ᠋ᠢᠭ᠄ ᠦᠪᠤᠷ ᠮᠤᠩᠭᠤᠯ ᠤᠨ ᠰᠤᠷᠭᠠᠨ ᠬᠦᠮᠤᠵᠢᠯ ᠤᠨ ᠬᠡᠪᠯᠡᠯ ᠤᠨ ᠬᠤᠷᠢᠶ᠎ᠠ | |