| ︵2023 ᠣᠨ ᠤ 1 ᠳ᠋ᠤᠬᠡᠷ ᠰᠠᠷ᠎ᠠ ᠶᠢᠨ 17 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠶᠢᠨ ᠭᠤᠷᠪᠠᠳᠤᠭᠠᠷ ᠪᠦᠬᠦᠳᠡ ᠬᠤᠷᠠᠯ ᠠᠴᠠ ᠪᠠᠳᠤᠯᠠᠪᠠ︶ | ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ | ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠤᠷᠪᠠᠳᠤᠭᠠᠷ ᠪᠥᠬᠦᠳᠡ ᠬᠤᠷᠠᠯ | 2023 ᠣᠨ ᠤ 1 ᠳ᠋ᠤᠬᠡᠷ ᠰᠠᠷ᠎ᠠ ᠶᠢᠨ 17 ᠤ ᠡᠳᠦᠷ ᠬᠥᠬᠡᠬᠤᠲᠠ ᠳᠤ ᠬᠤᠷᠠᠯᠳᠤᠪᠠ᠃ ᠲᠤᠰ ᠤᠳᠠᠭ᠎ᠠ ᠶᠢᠨ | ᠪᠦᠬᠦᠳᠡ ᠬᠤᠷᠠᠯ ᠳᠤ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ 40 ᠭᠡᠰᠢᠭᠦᠨ | ᠣᠷᠣᠯᠴᠠᠵᠤ᠂ 114 ᠬᠥᠮᠥᠨ ᠰᠤᠯᠠ ᠣᠷᠣᠯᠴᠠᠪᠠ᠃ | ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠰᠦᠨ ᠱᠤᠤ ᠴᠧᠩ ᠪᠦᠬᠦᠳᠡ | ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠪᠤᠯᠤᠨ | ᠥᠪᠡᠷᠲᠡᠭᠡᠨ ᠵᠠᠰᠠᠬᠤ ᠣᠷᠣᠨ ᠤ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠶᠢᠨ ᠤᠳᠤᠷᠢᠳᠬᠤ ᠨᠥᠬᠦᠳ ᠬᠤᠷᠠᠯ | ᠳᠤ ᠤᠷᠤᠯᠴᠠᠪᠠ᠃ | ᠪᠦᠭᠦᠳᠡ ᠬᠤᠷᠠᠯ ᠢ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠠᠴᠠ ᠡᠷᠬᠢᠯᠡᠪᠡ᠃ ᠪᠦᠬᠦᠳᠠ ᠬᠤᠷᠠᠯ ᠠᠴᠠ ᠥᠪᠡᠷᠲᠡᠭᠡᠨ ᠵᠠᠰᠠᠬᠤ | ᠣᠷᠣᠨ ᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ | ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠤᠶᠠᠳᠤᠭᠠᠷ ᠪᠦᠬᠦᠳᠠ | ᠬᠤᠷᠠᠯ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ | ᠬᠤᠭᠤᠴᠠᠭᠠᠨ ᠤ ᠤᠳᠠᠭ᠎ᠠ ᠪᠦᠷᠢ ᠶᠢᠨ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ 2022 ᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠳ᠋ᠦᠩᠨᠡᠵᠦ᠂ | 2023 ᠣᠨ ᠤ ᠠᠵᠢᠯ ᠢ ᠪᠠᠶᠢᠷᠢᠯᠠᠭᠤᠯᠪᠠ᠃ ᠬᠤᠷᠠᠯ ᠠᠴᠠ ᠯᠢᠦ ᠱᠤᠸᠠᠩ ᠨᠥᠬᠦᠷ ᠤᠨ ᠦᠪᠤᠷ ᠮᠤᠩᠭᠤᠯ ᠤᠨ | ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ | ᠡᠮᠦᠨ᠎ᠡ ᠠᠴᠠ ᠬᠢᠭᠰᠡᠨ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠰᠢᠨ᠎ᠡ ᠠᠶᠠᠨ ᠵᠠᠮ ᠳᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠤᠶᠢᠪᠢᠰᠢ ᠦᠭᠡᠢ | ᠠᠬᠢᠭᠤᠯᠵᠤ᠂ ᠥᠪᠥᠷ ᠮᠣᠩᠭᠤᠯ ᠤᠨ ᠴᠢᠨᠠᠷᠯᠢᠭ ᠬᠥᠭᠵᠢᠯᠲᠡ ᠳᠤ ᠦᠢᠯᠡᠴᠢᠯᠡᠬᠦ ᠶᠢ ᠪᠠᠳᠤᠯᠠᠶ᠎ᠠ︾ ᠭᠡᠬᠦ ᠠᠵᠢᠯ ᠤᠨ | ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠪᠠ᠃ | ᠪᠥᠬᠦᠳᠡ ᠬᠤᠷᠠᠯ ᠲᠡᠬᠡᠷ᠎ᠡ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠣᠶᠢᠯᠠᠭᠠᠪᠠ᠃ | ᠬᠤᠷᠠᠯ ᠳᠤ ᠤᠷᠤᠯᠴᠠᠬᠰᠠᠳ ᠰᠠᠨᠠᠯ ᠨᠢᠭᠡᠲᠡᠢ ᠦᠵᠡᠭᠰᠡᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠬᠤᠷᠢᠳᠤᠭᠠᠷ | ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠳᠡᠭᠡᠷ᠎ᠡ | ᠲᠠᠯᠪᠢᠭᠰᠠᠨ ᠴᠢᠬᠤᠯᠠ ᠶᠠᠷᠢᠶ᠎ᠠ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠬᠢ ᠨᠠᠮ ᠪᠣᠯᠣᠨ ᠤᠯᠤᠰ ᠤᠨ | ᠦᠢᠯᠡᠰ ᠤᠨ ᠬᠥᠭᠵᠢᠯᠲᠡ ᠶᠢᠨ ᠪᠦᠬᠦ ᠲᠠᠯ᠎ᠠ ᠶᠢᠨ ᠥᠨᠳᠥᠷᠴᠡ ᠠᠴᠠ ᠶᠡᠭᠡ ᠨᠠᠮ ᠤᠨ ᠥᠪᠡᠷᠮᠢᠴᠡ ᠬᠦᠴᠢᠷ | ᠠᠰᠠᠭᠤᠳᠠᠯ ᠤᠨ ᠪᠦᠷᠢᠯᠳᠦᠭᠰᠡᠨ ᠰᠢᠯᠲᠠᠭᠠᠨ᠂ ᠭᠤᠣᠯ ᠢᠯᠡᠷᠡᠯ ᠪᠠ ᠰᠢᠢᠳᠪᠦᠷᠢᠯᠡᠬᠦ ᠠᠷᠭ᠎ᠠ ᠢ ᠭᠦᠨᠵᠡᠭᠡᠢ ᠵᠠᠳᠠᠯᠵᠤ᠂ | ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠬᠦ ᠬᠠᠷᠠᠯᠲᠠ ᠡᠭᠦᠷᠭᠡ᠂ ᠦᠢᠯᠡᠳᠦᠯᠭᠡ ᠶᠢᠨ | ᠱᠠᠭᠠᠷᠳᠠᠯᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ | ᠭᠤᠶᠢᠪᠢᠰᠢ ᠦᠭᠡᠢ ᠭᠦᠨᠵᠡᠭᠡᠢ ᠠᠬᠢᠭᠤᠯᠬᠤ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ᠂ | ᠶᠠᠷᠢᠶ᠎ᠠ ᠨᠢ ᠥᠨᠳᠥᠷ ᠲᠤ ᠵᠣᠭᠰᠣᠨ ᠠᠯᠤᠰ ᠢ ᠪᠠᠷᠠᠯᠠᠵᠦ᠂ ᠦᠵᠡᠯ ᠰᠠᠨᠠᠭ᠎ᠠ ᠨᠢ ᠭᠦᠨᠵᠡᠭᠡᠢ᠂ ᠠᠭᠤᠯᠤᠭᠳᠠᠬᠤᠨ ᠨᠢ | ᠪᠠᠶᠠᠯᠢᠭ᠂ ᠥᠭᠦᠯᠡᠯᠲᠡ ᠨᠢ ᠭᠤᠶᠢᠳᠠ ᠮᠡᠷᠭᠡᠨ ᠪᠠᠶᠢᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ | ᠰᠢᠨ᠎ᠡ ᠠᠭᠤᠤ ᠶᠡᠭᠡ ᠢᠨᠵᠧᠨᠧᠷᠢᠩ ᠢ ᠭᠦᠨᠵᠡᠭᠡᠢ ᠠᠬᠢᠭᠤᠯᠬᠤ ᠶᠢᠨ ᠦᠨᠳᠦᠰᠦᠨ ᠵᠢᠷᠤᠮᠯᠠᠯ ᠪᠣᠯᠵᠤ᠂ ᠰᠢᠨ᠎ᠡ ᠴᠠᠭ | ᠦᠶ᠎ᠡ ᠰᠢᠨ᠎ᠡ ᠠᠶᠠᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠳᠤ | ᠦᠨᠳᠦᠰᠦᠨ ᠵᠢᠯᠣᠭᠤᠳᠤᠯᠭ᠎ᠠ ᠬᠠᠩᠭᠠᠵᠠᠢ᠃ ᠰᠢ ᠶᠢᠨ ᠫᠢᠩ ᠶᠡᠷᠦᠩᠬᠡᠢ ᠱᠦᠵᠢ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠳᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠲᠠᠯᠪᠢᠵᠤ᠂ ᠲᠣᠳᠣᠷᠬᠠᠢ | ᠱᠠᠭᠠᠷᠳᠠᠯᠭ᠎ᠠ ᠳᠤᠷᠠᠳᠴᠠᠢ᠃ ᠯᠢ ᠰᠢ ᠨᠥᠬᠦᠷ ᠤᠨ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠪᠠᠶᠢᠩᠭᠤ ᠶᠢᠨ ᠬᠤᠷᠢᠶᠠᠨ ᠤ ᠡᠮᠦᠨ᠎ᠡ ᠠᠴᠠ ᠬᠢᠭᠰᠡᠨ ᠠᠵᠢᠯ ᠤᠨ ᠮᠡᠳᠡᠭᠦᠯᠦᠯᠲᠡ ᠳᠤ ᠪᠠᠨ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠪᠦᠬᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ | ᠨᠠᠶᠢᠳᠠᠪᠤᠷᠢᠵᠢᠭᠤᠯᠬᠤ ᠪᠠ 2023 ᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠰᠠᠶᠢᠲᠤᠷ | ᠬᠢᠬᠦ ᠲᠤᠬᠠᠢ ᠪᠠᠶᠢᠷᠢᠯᠠᠭᠤᠯᠵᠤ᠂ ᠭᠤᠣᠯ ᠰᠡᠳᠦᠪ ᠨᠢ ᠢᠯᠡ ᠲᠣᠳᠣ᠂ ᠪᠦᠬᠦ ᠲᠠᠯ᠎ᠠ ᠪᠠᠷ ᠰᠢᠰᠲ᠋ᠧᠮ ᠲᠠᠢ ᠦᠬᠦᠯᠡᠭᠰᠡᠨ | ᠪᠦᠬᠡᠳ ᠠᠭᠤᠯᠤᠭᠳᠠᠬᠤᠨ ᠨᠢ ᠭᠦᠨᠵᠡᠭᠡᠢ᠂ ᠱᠠᠭᠠᠷᠳᠠᠯᠭ᠎ᠠ ᠨᠢ ᠲᠣᠳᠣᠷᠬᠠᠢ ᠪᠣᠯᠵᠠᠢ᠃ ᠰᠦᠨ ᠱᠤᠤ ᠴᠧᠩ | ᠨᠥᠬᠦᠷ ᠤᠨ ᠶᠠᠷᠢᠶ᠎ᠠ ᠨᠢ ᠰᠢ ᠶᠢᠨ ᠫᠢᠩ ᠶᠡᠷᠦᠩᠬᠡᠢ ᠱᠦᠵᠢ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ | ᠡᠭᠦᠷᠭᠡ ᠶᠢ ᠰᠠᠶᠢᠲᠤᠷ ᠪᠡᠶᠡᠯᠡᠭᠦᠯᠬᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ | ᠪᠠᠶᠢᠭᠤᠯᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠨᠢᠭᠡ ᠮᠥᠴᠡ ᠴᠦ ᠵᠣᠭᠰᠣᠯ ᠦᠭᠡᠢ ᠠᠬᠢᠭᠤᠯᠬᠤ ᠶᠢᠨ | ᠲᠣᠭᠤᠷᠢᠨ ᠳᠤ ᠪᠠᠶᠢᠷᠢᠯᠠᠭᠤᠯᠵᠠᠢ᠃ ᠪᠦᠬᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠠᠬᠢᠭᠤᠯᠬᠤ ᠬᠡᠷᠡᠭᠲᠡᠢ᠃ | ᠪᠦᠬᠦᠳᠡ ᠬᠤᠷᠠᠯ ᠠᠴᠠ ᠵᠢᠭᠠᠬᠰᠠᠨ ᠨᠢ᠂ 2022 ᠣᠨ ᠳᠤ᠂ ᠪᠦᠬᠦ ᠣᠷᠣᠨ ᠤ ᠡᠯ᠎ᠡ ᠱᠠᠲᠤᠨ ᠤ ᠰᠠᠬᠢᠯᠭ᠎ᠠ | ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨ ᠰᠢ ᠶᠢᠨ ᠫᠢᠩ ᠤ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠨᠡᠪᠲᠡᠷᠡᠲᠡᠯ᠎ᠡ | ᠣᠶᠢᠯᠠᠭᠠᠵᠤ ᠪᠣᠳᠠᠲᠠᠶᠢᠵᠢᠭᠤᠯᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠬᠢᠨᠠᠮᠠᠭᠠᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠡᠷᠡᠭᠳᠡᠢ᠃ ︽ᠲᠠᠪᠤᠨ ᠶᠡᠭᠡ ᠡᠭᠦᠷᠭᠡ︾ ᠶᠢ | ᠨᠠᠶᠢᠳᠠᠪᠤᠷᠢᠵᠢᠭᠤᠯᠬᠤ ᠶᠢ ᠠᠬᠢᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ | ᠪᠦᠲᠦᠭᠡᠨ ᠪᠠᠶᠢᠭᠤᠯᠬᠤ ᠶᠢᠨ ᠲᠣᠭᠤᠷᠢᠨ ᠳᠤ ᠤᠯᠤᠰ ᠲᠥᠷᠥ ᠶᠢᠨ ᠬᠢᠨᠠᠯᠲᠠ ᠲᠠᠯᠪᠢᠬᠤ ᠶᠢ ᠴᠢᠩᠭᠠᠳᠬᠠᠵᠤ᠂ ︽ | ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠴᠥᠬᠦᠷᠡᠯ ᠦᠭᠡᠢ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠢ ᠵᠠᠯᠠᠷᠠᠭᠤᠯᠬᠤ ᠶᠢ ᠰᠢᠨᠲᠠᠷᠠᠰᠢ | ᠦᠭᠡᠢ ᠪᠠᠷᠢᠮᠲᠠᠯᠠᠵᠤ ᠰᠢᠨ᠎ᠡ ᠰᠤᠷᠲᠠᠯ ᠢ ᠪᠤᠢ ᠪᠣᠯᠭᠠᠪᠠ᠃ ᠢᠯᠵᠠᠷᠠᠬᠤ ᠵᠣᠷᠢᠭ ᠦᠭᠡᠢ᠂ ᠢᠯᠵᠠᠷᠠᠵᠤ ᠲᠡᠶᠢᠯᠬᠦ ᠦᠭᠡᠢ | ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠢᠯᠵᠠᠷᠠᠯ ᠢ ᠡᠰᠡᠷᠭᠦᠴᠡᠬᠦ | ᠲᠡᠮᠡᠴᠡᠯ ᠢ ᠡᠷᠡᠰ ᠭᠤᠶᠢᠪᠢᠰᠢ ᠦᠭᠡᠢ ᠠᠬᠢᠭᠤᠯᠬᠤ ᠬᠡᠷᠡᠭᠲᠡᠢ᠃ ᠲᠥᠪ ᠤᠨ ᠲᠣᠭᠤᠷᠢᠨ ᠪᠠᠶᠢᠴᠠᠭᠠᠬᠤ ᠠᠵᠢᠯ ᠤᠨ | ᠴᠢᠭᠯᠡᠯᠲᠡ ᠶᠢ ᠨᠠᠶᠢᠳᠠᠪᠤᠷᠢᠵᠢᠭᠤᠯᠵᠤ᠂ ᠲᠣᠭᠤᠷᠢᠨ ᠪᠠᠶᠢᠴᠠᠭᠠᠬᠤ ᠬᠤᠷᠴᠠ ᠰᠡᠯᠡᠮ᠎ᠡ ᠶᠢᠨ ᠦᠢᠯᠡᠳᠦᠯ ᠢ ᠭᠦᠢᠴᠡᠳ | ᠪᠠᠳᠠᠷᠠᠭᠤᠯᠬᠤ ᠬᠡᠷᠡᠭᠲᠡᠢ᠃ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠤᠯᠠᠨ ᠲᠦᠮᠡᠨ ᠤ ᠳᠡᠷᠭᠡᠳᠡᠬᠢ ᠲᠥᠪ | ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠬᠤ ᠬᠡᠷᠡᠭᠲᠡᠢ᠃ | ᠵᠢᠷᠤᠮᠵᠢᠭᠤᠯᠬᠤ᠂ ᠬᠠᠤᠯᠢᠵᠢᠭᠤᠯᠬᠤ᠂ ᠵᠢᠩᠬᠢᠨᠢᠴᠢᠯᠡᠬᠦ ᠪᠠᠶᠢᠭᠤᠯᠤᠯᠲᠠ ᠶᠢ ᠴᠢᠩᠭᠠᠳᠬᠠᠵᠤ᠂ ᠨᠠᠮ ᠪᠠ ᠠᠷᠠᠳ | ᠲᠦᠮᠡᠨ ᠤ ᠦᠨᠡᠨᠴᠢ ᠰᠢᠳᠤᠷᠭᠤ ᠬᠠᠮᠠᠭᠠᠯᠠᠭᠴᠢ ᠪᠣᠯᠬᠤ ᠪᠠᠷ ᠴᠢᠷᠮᠠᠶᠢᠬᠤ ᠬᠡᠷᠡᠭᠳᠡᠢ᠃ ᠪᠥᠬᠦᠳᠡ ᠬᠤᠷᠠᠯ ᠠᠴᠠ | ᠠᠮᠵᠢᠯᠲᠠ ᠪᠠᠨ ᠨᠤᠲᠠᠯᠠᠬᠤ ᠶᠢᠨ ᠬᠠᠮᠳᠤ ᠪᠦᠬᠦ ᠣᠷᠣᠨ ᠤ ᠨᠠᠮ ᠤᠨ ᠰᠤᠷᠲᠠᠯ ᠤᠨ ᠪᠠ ᠠᠷᠢᠭᠤᠨ ᠴᠢᠭᠴᠢ ᠪᠠᠷ ᠵᠠᠰᠠᠭ | ᠪᠠᠷᠢᠬᠤ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠠᠶᠢᠳᠠᠯ᠂ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠰᠢᠰᠲ᠋ᠧᠮ ᠤᠨ ᠲᠤᠰ ᠪᠡᠶ᠎ᠡ ᠶᠢᠨ ᠪᠠᠶᠢᠭᠤᠯᠤᠯᠲᠠ ᠶᠢᠨ ᠲᠠᠯ᠎ᠠ ᠪᠠᠷ ᠣᠷᠣᠰᠢᠵᠤ ᠪᠠᠶᠢᠭ᠎ᠠ | ᠠᠰᠠᠭᠤᠳᠠᠯ ᠢ ᠦᠨᠡᠨ ᠢ ᠪᠠᠷᠢᠮᠲᠠᠯᠠᠨ ᠵᠠᠳᠠᠯᠵᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠦᠨᠡᠨ ᠬᠦ | ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠪᠠ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠲᠤᠭᠤᠰᠢᠯᠠᠭᠤᠯᠬᠤ ᠡᠬᠢᠯᠡᠯᠲᠡ ᠶᠢᠨ ᠵᠢᠯ ᠮᠥᠨ᠃ ᠪᠦᠬᠦ ᠣᠷᠣᠨ ᠤ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ | ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ | ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ | ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠯᠳᠤᠬᠤ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠬᠦ ᠡᠭᠦᠷᠭᠡ ᠶᠢᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ | ᠨᠠᠮ ᠤᠨ ᠰᠤᠷᠲᠠᠯ ᠠᠷᠢᠭᠤᠨ ᠴᠢᠭᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ | ᠲᠡᠮᠡᠴᠡᠯ ᠢ ᠭᠦᠨᠵᠡᠭᠡᠢ ᠥᠷᠨᠢᠭᠦᠯᠵᠦ᠂ ᠰᠢᠨ᠎ᠡ ᠴᠠᠭ ᠦᠶ᠎ᠡ ᠰᠢᠨ᠎ᠡ ᠠᠶᠠᠨ ᠳᠤ ᠬᠢ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠠᠵᠢᠯ ᠤᠨ ᠴᠢᠨᠠᠷᠯᠢᠭ ᠬᠥᠭᠵᠢᠯᠲᠡ ᠶᠢ ᠭᠦᠨᠵᠡᠭᠡᠢ ᠠᠬᠢᠭᠤᠯᠵᠤ᠂ ᠰᠢ ᠶᠢᠨ ᠫᠢᠩ ᠶᠡᠷᠦᠩᠬᠡᠢ | ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ᠂ ︽ᠵᠢᠱᠢᠶᠡᠴᠢ | ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠪᠠᠲᠤ ᠴᠢᠩᠭ᠎ᠠ ᠪᠠᠲᠤᠯᠠᠭ᠎ᠠ | ᠬᠠᠩᠭᠠᠬᠤ ᠬᠡᠷᠡᠭᠲᠡᠢ᠃ ᠨᠢᠭᠡ ᠳᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠲᠤᠬᠠᠢ ᠨᠠᠮ ᠤᠨ ᠬᠤᠷᠢᠳᠤᠭᠠᠷ | ᠶᠡᠭᠡ ᠬᠤᠷᠠᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠨᠠᠶᠢᠳᠠᠪᠤᠷᠢᠵᠢᠭᠤᠯᠬᠤ ᠬᠡᠷᠡᠭᠲᠡᠢ᠃ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠠᠪᠤᠳᠠᠯ ᠢ | ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ | ᠪᠣᠯᠭᠠᠵᠤ᠂ ᠭᠦᠨᠵᠡᠭᠡᠢ ᠰᠤᠷᠤᠯᠴᠠᠵᠤ᠂ ᠪᠣᠳᠠᠲᠠᠢ ᠪᠠᠶᠢᠴᠠᠭᠠᠨ ᠰᠤᠳᠤᠯᠤᠯᠲᠠ ᠬᠢᠵᠦ᠂ ᠨᠠᠶᠢᠳᠠᠪᠤᠷᠢᠵᠢᠭᠤᠯᠤᠯᠲᠠ ᠶᠢ | ᠠᠳᠬᠤᠬᠤ ᠬᠡᠷᠡᠭᠲᠡᠢ᠃ ︽ᠬᠤᠶᠠᠷ ᠢ ᠬᠠᠮᠠᠭᠠᠯᠠᠬᠤ︾ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ | ᠡᠷᠡᠰ ᠭᠤᠶᠢᠪᠢᠰᠢ ᠦᠭᠡᠢ ᠪᠠᠷ ᠡᠭᠦᠷᠭᠡᠯᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ | ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠠᠯᠢᠪᠠ ᠠᠵᠢᠯ ᠢ ᠶᠡᠷᠦᠩᠬᠡᠶᠢᠯᠡᠨ ᠡᠵᠡᠮᠳᠡᠬᠦ ᠶᠢ ᠭᠤᠶᠢᠪᠢᠰᠢ ᠦᠭᠡᠢ ᠪᠠᠷᠢᠮᠲᠠᠯᠠᠵᠤ᠂ ᠨᠠᠮ ᠤᠨ | ᠳᠦᠷᠢᠮ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠶᠢ ᠭᠤᠶᠢᠪᠢᠰᠢ ᠦᠭᠡᠢ ᠭᠦᠢᠴᠡᠳᠬᠡᠵᠦ᠂ ᠪᠦᠬᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠬᠦ ᠶᠢ ᠭᠤᠶᠢᠪᠢᠰᠢ ᠦᠭᠡᠢ ᠠᠬᠢᠭᠤᠯᠵᠤ᠂ ᠰᠤᠷᠲᠠᠯ ᠢ | ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠠᠵᠢᠯ ᠤᠨ ᠭᠦᠨᠵᠡᠭᠡᠶᠢᠷᠡᠨ ᠬᠥᠭᠵᠢᠬᠦ ᠶᠢ | ᠭᠤᠶᠢᠪᠢᠰᠢ ᠦᠭᠡᠢ ᠠᠬᠢᠭᠤᠯᠵᠤ᠂ ᠨᠠᠮ ᠪᠣᠯᠣᠨ ᠠᠷᠠᠳ ᠲᠦᠮᠡᠨ ᠠᠴᠠ ᠳᠠᠭᠠᠭᠠᠯᠭᠠᠭᠰᠠᠨ ᠡᠭᠦᠷᠭᠡ | ᠬᠠᠷᠢᠭᠤᠴᠠᠯᠭ᠎ᠠ ᠶᠢ ᠨᠡᠩ ᠰᠠᠶᠢᠲᠤᠷ ᠡᠭᠦᠷᠭᠡᠯᠡᠬᠦ ᠬᠡᠷᠡᠭᠲᠡᠢ᠃ ᠬᠤᠶᠠᠷ ᠲᠤ᠂ ᠤᠯᠤᠰ ᠲᠦᠷᠦ ᠶᠢᠨ ᠬᠢᠨᠠᠯᠲᠠ ᠶᠢ ᠨᠡᠩ | ᠬᠦᠴᠦᠲᠡᠢ ᠪᠥᠭᠡᠳ ᠪᠦᠲᠦᠮᠵᠢᠲᠡᠶ ᠪᠣᠯᠭᠠᠬᠤ ᠶᠢ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠬᠤ ᠶᠢ ᠠᠬᠢᠭᠤᠯᠵᠤ᠂ ᠤᠯᠤᠰ | ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ | ᠬᠡᠷᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠤᠯᠤᠰ ᠲᠦᠷᠦ ᠶᠢᠨ ᠵᠣᠭᠰᠣᠯᠲᠠ᠂ ᠤᠯᠤᠰ ᠲᠦᠷᠦ ᠶᠢᠨ ᠴᠢᠭᠯᠡᠯ᠂ | ᠤᠯᠤᠰ ᠲᠦᠷᠦ ᠶᠢᠨ ᠵᠠᠷᠴᠢᠮ᠂ ᠤᠯᠤᠰ ᠲᠦᠷᠦ ᠶᠢᠨ ᠵᠠᠮ ᠳᠡᠭᠡᠷ᠎ᠡ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠦᠨᠡᠨ ᠬᠦ ᠪᠠᠲᠤᠯᠠᠬᠤ | ᠬᠡᠷᠡᠭᠲᠡᠢ᠃ ᠤᠯᠤᠰ ᠲᠦᠷᠦ ᠶᠢᠨ ᠬᠢᠨᠠᠯᠲᠠ ᠲᠠᠯᠪᠢᠯᠲᠠ ᠶᠢ ᠪᠣᠳᠠᠲᠠᠶᠢᠵᠢᠭᠤᠯᠬᠤ᠂ ᠤᠨᠢᠨ ᠳᠡᠭᠡᠷ᠎ᠡ ᠨᠢ ᠲᠠᠯᠪᠢᠬᠤ᠂ | ᠪᠠᠶᠢᠩᠭᠤᠵᠢᠭᠤᠯᠬᠤ ᠶᠢ ᠠᠬᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠣᠳᠠᠲᠠᠢ ᠠᠵᠢᠯᠯᠠᠭ᠎ᠠ ᠪᠠ ᠠᠮᠢᠳᠤᠯᠢᠭ ᠦᠢᠯᠡᠳᠦᠯᠭᠡ ᠪᠣᠯᠭᠠᠨ | ᠬᠤᠪᠢᠷᠠᠭᠤᠯᠬᠤ ᠬᠡᠷᠡᠭᠲᠡᠢ᠃ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠳᠦᠷᠢᠮ ᠢ | ᠴᠢᠩᠳᠠᠯᠠᠵᠤ᠂ ︽ᠲᠤᠯᠤᠭᠠᠨ︾ ᠠᠰᠠᠭᠤᠳᠠᠯ ᠢ ᠴᠠᠭ ᠲᠤᠬᠠᠢ ᠳᠤ ᠨᠢ ᠢᠯᠡᠷᠡᠭᠦᠯᠵᠦ ᠬᠦᠴᠦᠯᠡᠨ ᠰᠢᠢᠳᠪᠤᠷᠢᠯᠡᠬᠦ | ᠬᠡᠷᠡᠭᠳᠡᠢ᠃ ᠭᠤᠷᠪᠠ ᠳᠤ᠂ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠬᠦ ᠶᠢ ᠠᠬᠢᠭᠤᠯᠬᠤ ᠬᠡᠷᠡᠭᠲᠡᠢ᠃ | ᠨᠠᠮ ᠠᠴᠠ ᠨᠢᠭᠡᠳᠦᠯᠲᠡᠢ ᠤᠳᠤᠷᠢᠳᠬᠤ᠂ ᠪᠦᠬᠦ ᠲᠠᠯ᠎ᠠ ᠶᠢ ᠬᠠᠮᠤᠷᠬᠤ᠂ ᠡᠷᠬᠡ ᠰᠦᠷ ᠲᠠᠢ ᠪᠥᠭᠡᠳ ᠥᠨᠳᠥᠷ | ᠪᠦᠲᠦᠮᠵᠢᠲᠡᠶ ᠪᠠᠶᠢᠬᠤ ᠱᠠᠭᠠᠷᠳᠠᠯᠭ᠎ᠠ ᠶᠣᠰᠣᠭᠠᠷ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠤᠰᠬᠠᠢ | ᠬᠠᠷᠢᠭᠤᠴᠠᠯᠭᠠᠲᠤ ᠬᠢᠨᠠᠯᠲᠠ ᠶᠢᠨ ᠰᠢᠰᠲ᠋ᠧᠮ᠂ ᠨᠠᠮ ᠤᠨ ᠳᠣᠲᠣᠭᠠᠳᠤ ᠶᠢᠨ ᠬᠢᠨᠠᠯᠲᠠ ᠶᠢᠨ ᠰᠢᠰᠲ᠋ᠧᠮ᠂ ᠡᠯ᠎ᠡ | ᠲᠦᠷᠦᠯ ᠤᠨ ᠬᠢᠨᠠᠯᠲᠠ ᠶᠢ ᠨᠡᠪᠲᠡᠷᠡᠯᠴᠡᠭᠦᠯᠦᠨ ᠵᠣᠬᠢᠴᠠᠭᠤᠯᠬᠤ ᠲᠣᠭᠲᠠᠴᠠ ᠪᠠ ᠦᠨᠳᠦᠰᠦᠨ ᠱᠠᠲᠤᠨ ᠤ | ᠬᠢᠨᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ ᠶᠢ ᠠᠬᠢᠭᠤᠯᠵᠤ᠂ ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ | ᠪᠦᠷᠢᠯᠳᠤᠬᠦᠯᠬᠦ ᠬᠡᠷᠡᠭᠳᠡᠢ᠃ ︽ᠨᠢᠭᠡᠳᠦᠭᠡᠷ ᠭᠠᠷ︾ ᠪᠠ ᠤᠳᠤᠷᠢᠳᠬᠤ ᠪᠠᠭ ᠲᠤ ᠲᠠᠯᠪᠢᠬᠤ ᠬᠢᠨᠠᠯᠲᠠ ᠶᠢ | ᠴᠢᠩᠭᠠᠳᠬᠠᠵᠤ᠂ ᠪᠡᠶ᠎ᠡ ᠪᠠᠨ ᠴᠢᠩᠭ᠎ᠠ ᠱᠠᠭᠠᠷᠳᠠᠬᠤ ᠶᠢ ᠰᠢᠪᠠᠳᠠᠭᠤᠯᠵᠤ᠂ ᠬᠠᠷᠢᠭᠤᠴᠠᠯᠭ᠎ᠠ ᠶᠢ ᠨᠢ ᠴᠢᠩᠭ᠎ᠠ | ᠡᠬᠦᠷᠬᠡᠯᠡᠬᠦᠯᠬᠦ ᠬᠡᠷᠡᠭᠳᠡᠢ᠃ ᠬᠢᠨᠠᠨ ᠪᠤᠳᠤᠬᠤ ᠪᠠᠶᠢᠭᠤᠯᠭ᠎ᠠ ᠯᠤᠭ᠎ᠠ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠬᠢᠨᠠᠨ | ᠪᠤᠳᠤᠵᠤ ᠬᠢᠨᠠᠯᠲᠠ ᠲᠠᠯᠪᠢᠭᠰᠠᠨ ᠦᠷ᠎ᠡ ᠪᠦᠲᠦᠭᠡᠯ ᠢ ᠰᠠᠶᠢᠲᠤᠷ ᠬᠡᠷᠡᠭᠯᠡᠨ᠎ᠡ᠃ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠷᠢᠭᠤᠴᠠᠯᠭ᠎ᠠ ᠨᠡᠬᠡᠮᠵᠢᠯᠡᠬᠦ ᠬᠤᠷᠴᠠ | ᠵᠡᠪᠰᠡᠭ ᠢ ᠰᠠᠶᠢᠲᠤᠷ ᠬᠡᠷᠡᠭᠯᠡᠵᠦ᠂ ᠬᠠᠷᠢᠭᠤᠴᠠᠯᠭ᠎ᠠ ᠨᠡᠬᠡᠮᠵᠢᠯᠡᠬᠦ ᠳᠤ ᠬᠦᠴᠦᠨ ᠮᠡᠬᠦᠰᠳᠡᠬᠦ ᠶᠢ ᠰᠡᠷᠭᠡᠶᠢᠯᠡᠬᠦ | ᠮᠥᠷᠲᠡᠭᠡᠨ ᠬᠠᠷᠢᠭᠤᠴᠠᠯᠭ᠎ᠠ ᠨᠡᠬᠡᠮᠵᠢᠯᠡᠬᠦ ᠳᠤ ᠲᠡᠯᠡᠷᠡᠬᠦ ᠠᠴᠠ ᠰᠡᠷᠭᠡᠶᠢᠯᠡᠬᠦ ᠬᠡᠷᠡᠭᠲᠡᠢ᠃ ᠳᠥᠷᠪᠡ ᠳᠤ᠂ ᠤᠯᠤᠰ | ᠲᠦᠷᠦ ᠶᠢᠨ ᠲᠣᠭᠤᠷᠢᠨ ᠪᠠᠶᠢᠴᠠᠭᠠᠯᠲᠠ ᠶᠢᠨ ᠬᠤᠷᠴᠠ ᠰᠡᠯᠡᠮ᠎ᠡ ᠶᠢᠨ ᠦᠢᠯᠡᠳᠦᠯ ᠢ ᠬᠦᠴᠦᠲᠡᠢ ᠪᠠᠳᠠᠷᠠᠭᠤᠯᠬᠤ | ᠬᠡᠷᠡᠭᠲᠡᠢ᠃ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢᠨ ᠪᠠᠶᠢᠷᠢ ᠲᠣᠭᠲᠠᠭᠠᠯᠲᠠ ᠶᠢ ᠳᠤᠪᠤᠶᠢᠯᠭᠠᠵᠤ᠂ | ᠲᠥᠪ ᠤᠨ ᠲᠣᠭᠤᠷᠢᠨ ᠪᠠᠶᠢᠴᠠᠭᠠᠬᠤ ᠠᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ︽ᠬᠤᠶᠠᠷ ᠢ | ᠬᠠᠮᠠᠭᠠᠯᠠᠬᠤ︾ ᠪᠠᠷ ᠦᠨᠳᠦᠰᠦᠨ ᠡᠭᠦᠷᠭᠡ ᠪᠤᠯᠭᠠᠬᠤ ᠬᠡᠷᠡᠭᠳᠡᠢ᠃ ᠪᠠᠶᠢᠩᠭᠤ ᠶᠢᠨ ᠲᠣᠭᠤᠷᠢᠨ ᠪᠠᠶᠢᠴᠠᠭᠠᠯᠲᠠ᠂ | ᠲᠤᠰᠬᠠᠢ ᠵᠦᠢᠯ ᠤᠨ ᠲᠣᠭᠤᠷᠢᠨ ᠪᠠᠶᠢᠴᠠᠭᠠᠯᠲᠠ᠂ ᠬᠥᠳᠡᠯᠦᠩᠭᠦᠢ ᠲᠣᠭᠤᠷᠢᠨ ᠪᠠᠶᠢᠴᠠᠭᠠᠯᠲᠠ ᠪᠠ ᠲᠣᠭᠤᠷᠢᠨ | ᠪᠠᠶᠢᠴᠠᠭᠠᠯᠲᠠ ᠶᠢᠨ ︽ᠡᠷᠭᠢᠵᠦ ᠬᠠᠷᠠᠬᠤ︾ ᠠᠵᠢᠯ ᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠲᠣᠭᠤᠷᠢᠨ | ᠪᠠᠶᠢᠴᠠᠭᠠᠬᠤ ᠠᠵᠢᠯ ᠤᠨ ᠭᠦᠨᠵᠡᠭᠡᠶᠢᠷᠡᠨ ᠥᠷᠭᠡᠳᠬᠦ᠂ ᠲᠤᠰᠬᠠᠶᠢᠯᠠᠨ ᠬᠦᠴᠦᠯᠡᠬᠦ᠂ ᠥᠷᠭᠡᠵᠢᠬᠦ ᠶᠢ ᠠᠬᠢᠭᠤᠯᠬᠤ | ᠬᠡᠷᠡᠭᠳᠡᠢ᠃ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ | ᠴᠢᠩᠭᠠᠳᠬᠠᠵᠤ᠂ ︽ᠲᠠᠪᠤᠨ ᠦᠨᠳᠦᠰᠦᠨ ᠵᠦᠢᠯ︾ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠭᠠᠷᠭᠠᠬᠤ ᠶᠢ ᠠᠬᠢᠭᠤᠯᠬᠤ ᠬᠡᠷᠡᠭᠳᠡᠢ᠃ ᠲᠣᠭᠤᠷᠢᠨ ᠪᠠᠶᠢᠴᠠᠭᠠᠬᠤ ᠠᠵᠢᠯ ᠤᠨ ᠳᠡᠭᠡᠳᠦ ᠳᠣᠣᠷᠠᠳᠤ ᠱᠠᠲᠤᠨ ᠤ | ᠬᠠᠮᠲᠤᠷᠠᠨ ᠬᠥᠳᠡᠯᠦᠯᠴᠡᠬᠦ ᠠᠵᠢᠯ ᠤᠨ ᠪᠠᠶᠢᠷᠢᠰᠢᠯ ᠢ ᠲᠡᠬᠦᠯᠳᠡᠷᠵᠢᠬᠦᠯᠬᠦ ᠬᠡᠷᠡᠭᠳᠡᠢ᠃ ᠲᠠᠪᠤ ᠳᠤ᠂ ᠲᠥᠪ ᠬᠤᠷᠢᠶᠠᠨ ᠤ | ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠬᠤ ᠬᠡᠷᠡᠭᠲᠡᠢ᠃ | ᠨᠠᠮ ᠤᠨ ᠳᠦᠷᠢ ᠲᠥᠷᠬᠦ ᠶᠢ ᠬᠤᠬᠢᠷᠠᠭᠤᠯᠤᠭᠰᠠᠨ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠵᠢᠷᠭᠠᠨ ᠴᠡᠩᠭᠡᠬᠦ | ᠦᠵᠡᠯ᠂ ᠱᠠᠯᠢᠨ ᠪᠦᠷᠢᠯᠭᠡᠬᠦ ᠰᠤᠷᠲᠠᠯ ᠢ ᠴᠢᠩᠭ᠎ᠠ ᠴᠡᠭᠴᠡᠯᠡᠨ᠂ ᠰᠠᠬᠢᠯᠭ᠎ᠠ ᠪᠠᠲᠤ ᠲᠠᠢ ᠥᠰᠢᠯᠳᠦᠨ ᠵᠥᠷᠢᠴᠡᠭᠰᠡᠨ | ᠦᠢᠯᠡ ᠠᠵᠢᠯᠯᠠᠭ᠎ᠠ ᠶᠢ ᠴᠤᠬᠤᠶᠢᠪᠠᠯ ᠴᠣᠬᠢᠵᠤ᠂ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠲᠠᠯᠳᠠ ᠬᠡᠯᠪᠡᠷᠢ ᠶᠢᠨ | ᠣᠨᠳᠣᠣᠰᠢᠯ ᠢ ᠡᠷᠡᠰ ᠰᠡᠷᠭᠡᠶᠢᠯᠡᠬᠦ᠂ ᠶᠠᠳᠠᠷᠠᠵᠤ ᠵᠦᠳᠡᠷᠡᠬᠦ ᠶᠢ ᠰᠡᠷᠬᠡᠶᠢᠯᠡᠬᠦ ᠬᠡᠷᠡᠭᠳᠡᠢ᠃ ᠬᠡᠯᠪᠡᠷᠢᠴᠢ ᠦᠵᠡᠯ᠂ | ᠨᠣᠶᠠᠨᠴᠢ ᠰᠤᠷᠲᠠᠯ᠂ ᠢᠯᠠᠩᠭᠤᠶ᠎ᠠ ︽ᠭᠤᠷᠪᠠᠨ ᠠᠷᠪᠢᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ | ᠭᠤᠣᠯᠳᠠᠯᠭ᠎ᠠ ᠲᠠᠢ ᠴᠡᠭᠴᠡᠯᠡᠨ᠎ᠡ᠃ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠬᠤ ᠤᠷᠳᠤ ᠬᠤᠭᠤᠴᠠᠭᠠᠨ ᠤ | ᠪᠦᠲᠦᠮᠵᠢᠲᠡᠶ ᠪᠣᠯᠭᠠᠬᠤ ᠶᠢ ᠠᠬᠢᠭᠤᠯᠤᠨ᠎ᠠ᠃ ᠵᠢᠷᠭᠤᠭ᠎ᠠ ᠳᠤ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ | ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠢ᠃ ᠪᠠᠶᠢᠩᠭᠤ ᠶᠢᠨ ᠴᠢᠨᠠᠷᠲᠠᠢ ᠰᠠᠬᠢᠯᠭ᠎ᠠ ᠪᠠᠲᠤ ᠶᠢᠨ ᠬᠥᠮᠦᠵᠢᠯ ᠢ | ᠴᠢᠩᠭᠠᠳᠬᠠᠵᠤ᠂ ᠡᠳᠦᠷ ᠲᠤᠳᠤᠮ ᠤᠨ ᠬᠠᠮᠢᠶᠠᠷᠤᠯᠲᠠ ᠬᠢᠨᠠᠯᠲᠠ ᠳᠤ ᠠᠭᠤᠰᠬᠠᠨ ᠣᠷᠣᠭᠤᠯᠤᠨ᠎ᠠ᠃ ᠵᠠᠯᠠᠭᠤ | ᠤᠳᠤᠷᠢᠳᠬᠤ ᠺᠠᠳ᠋ᠷᠴᠤᠳ ᠤᠨ ᠰᠠᠬᠢᠯᠭ᠎ᠠ ᠪᠠᠲᠤ ᠶᠢᠨ ᠬᠥᠮᠦᠵᠢᠯ ᠢ ᠴᠢᠬᠤᠯᠠᠴᠢᠯᠠᠵᠤ᠂ ᠰᠠᠬᠢᠯᠭ᠎ᠠ ᠪᠠᠲᠤ ᠶᠢ | ᠵᠥᠷᠢᠴᠡᠵᠦ ᠬᠠᠤᠯᠢ ᠴᠠᠭᠠᠵᠠ ᠶᠢ ᠵᠥᠷᠢᠴᠡᠭᠰᠡᠨ ᠬᠦᠨᠳᠦ ᠶᠡᠭᠡ ᠬᠡᠷᠡᠭ ᠭᠠᠷᠤᠭᠰᠠᠨ ᠬᠤᠯᠪᠣᠭᠳᠠᠯ ᠪᠦᠬᠦᠢ | ᠨᠢᠭᠡᠴᠢ ᠶᠢᠨ ᠨᠠᠮ ᠤᠨ ᠬᠤᠷᠢᠶ᠎ᠠ ᠶᠢᠨ ᠬᠢᠨ ︵ᠨᠠᠮ ᠤᠨ ᠤᠳᠤᠷᠢᠳᠬᠤ ᠳᠤᠭᠤᠶᠢᠯᠠᠩ︶ ᠲᠤᠰᠬᠠᠢ ᠰᠡᠳᠦᠪᠲᠦ | ᠠᠷᠠᠳᠴᠢᠯᠠᠭᠰᠠᠨ ᠠᠮᠢᠳᠤᠷᠠᠯ ᠤᠨ ᠬᠤᠷᠠᠯ ᠬᠤᠷᠠᠯᠳᠤᠭᠤᠯᠵᠤ᠂ ᠨᠢᠭᠡ ᠠᠴᠠ ᠨᠦᠬᠦᠬᠡ ᠶᠢ ᠵᠦᠢᠴᠢᠯᠡᠵᠦ᠂ ᠬᠡᠷᠡᠭ ᠢᠶᠠᠷ | ᠰᠠᠬᠢᠯᠭ᠎ᠠ ᠪᠠᠲᠤ ᠶᠢ ᠲᠣᠳᠣᠷᠬᠠᠶᠢᠯᠠᠬᠤ ᠶᠢ ᠱᠠᠯᠠᠪᠳᠠᠭᠤᠯᠤᠨ ᠵᠢᠯᠣᠭᠤᠳᠤᠨ᠎ᠠ᠃ ᠴᠢᠩᠭ᠎ᠠ ᠬᠠᠮᠢᠶᠠᠷᠴᠤ ᠬᠢᠨᠠᠯᠲᠠ | ᠲᠠᠯᠪᠢᠬᠤ ᠪᠠ ᠬᠠᠷᠢᠭᠤᠴᠠᠯᠭ᠎ᠠ ᠡᠭᠦᠷᠭᠡᠯᠡᠬᠦ ᠶᠢ ᠵᠣᠷᠢᠭᠵᠢᠭᠤᠯᠬᠤ ᠶᠢ ᠳᠡᠭᠡᠳᠦ ᠬᠡᠮᠵᠢᠶ᠎ᠡ ᠪᠠᠷ ᠨᠢᠭᠡᠳᠬᠡᠵᠦ᠂ ︽ | ᠲᠦᠷᠪᠡᠨ ᠬᠡᠯᠪᠡᠷᠢ︾ ᠶᠢ ᠤᠨᠢᠨ ᠳᠡᠭᠡᠷ᠎ᠡ ᠨᠢ ᠬᠡᠷᠡᠭᠯᠡᠵᠦ᠂ ︽ᠭᠤᠷᠪᠠ ᠶᠢ ᠢᠯᠭᠠᠬᠤ︾ ᠶᠢ ᠨᠠᠶᠢᠳᠠᠪᠤᠷᠢᠵᠢᠭᠤᠯᠵᠤ᠂ | ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ ᠠᠯᠳᠠᠭ᠎ᠠ ᠪᠤᠷᠤᠭᠤ ᠶᠢ ᠵᠠᠯᠠᠷᠠᠭᠤᠯᠬᠤ ᠲᠣᠭᠲᠠᠴᠠ ᠶᠢ | ᠲᠡᠭᠦᠯᠳᠡᠷᠵᠢᠭᠦᠯᠵᠦ᠂ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠠᠵᠢᠯᠯᠠᠭ᠎ᠠ ᠬᠢᠬᠦ ᠶᠢ ᠵᠣᠷᠢᠭᠵᠢᠭᠤᠯᠬᠤ ᠬᠡᠷᠡᠭᠲᠡᠢ᠃ | ᠲᠤᠯᠤᠭ᠎ᠠ ᠳᠤ᠂ ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠤᠭᠤᠮᠳᠠ ᠰᠢᠪᠳᠤᠯᠤᠯᠳᠠ ᠶᠢᠨ ᠤᠳᠠᠭᠠᠨ ᠳᠠᠭᠠᠭᠠᠮᠠᠭᠠᠢ | ᠲᠠᠶᠢᠨ ᠤ ᠢᠯᠠᠯᠲᠠ ᠶᠢ ᠵᠠᠪᠠᠯ ᠣᠯᠬᠤ ᠬᠡᠷᠡᠭᠲᠡᠢ᠃ ᠢᠯᠵᠠᠷᠠᠬᠤ ᠵᠣᠷᠢᠭ ᠦᠭᠡᠢ᠂ ᠢᠯᠵᠠᠷᠠᠵᠤ ᠲᠡᠶᠢᠯᠬᠦ ᠦᠬᠡᠢ᠂ | ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠨ᠎ᠠ᠃ | ᠭᠤᠣᠯᠳᠠᠯᠭ᠎ᠠ ᠲᠠᠢ ᠠᠰᠠᠭᠤᠳᠠᠯ ᠢ ᠴᠢᠩᠭ᠎ᠠ ᠪᠠᠶᠢᠴᠠᠭᠠᠵᠤ᠂ ᠤᠯᠤᠰ ᠲᠦᠷᠦ ᠶᠢᠨ ᠠᠰᠠᠭᠤᠳᠠᠯ ᠪᠠ ᠠᠵᠤ ᠠᠬᠤᠢ ᠶᠢᠨ | ᠠᠰᠠᠭᠤᠳᠠᠯ ᠰᠣᠯᠪᠢᠴᠠᠵᠤ ᠪᠠᠶᠢᠭ᠎ᠠ ᠢᠯᠵᠠᠷᠠᠯ ᠢ ᠡᠷᠡᠰ ᠪᠠᠶᠢᠴᠠᠭᠠᠨ ᠰᠢᠢᠳᠪᠦᠷᠢᠯᠡᠵᠦ᠂ ᠤᠳᠤᠷᠢᠳᠬᠤ ᠺᠠᠳ᠋ᠷᠴᠤᠳ | ᠠᠰᠢᠭ ᠲᠤᠰᠠ ᠶᠢᠨ ᠪᠦᠯᠦᠭᠯᠡᠯ ᠪᠠ ᠡᠷᠬᠡ ᠬᠦᠴᠦᠨ ᠤ ᠪᠦᠯᠬᠦᠮ ᠤᠨ ᠣᠷᠣᠯᠠᠨ ᠥᠭᠦᠯᠡᠭᠴᠢ᠂ ᠣᠷᠣᠯᠠᠭᠴᠢ ᠪᠣᠯᠬᠤ | ᠠᠴᠠ ᠡᠷᠡᠰ ᠰᠡᠷᠭᠡᠶᠢᠯᠡᠵᠦ᠂ ᠵᠠᠰᠠᠭ ᠪᠠ ᠬᠤᠳᠠᠯᠳᠤᠭᠠᠴᠢᠨ ᠰᠥᠯᠪᠡᠭᠡᠯᠳᠦᠬᠦ᠂ ᠬᠥᠷᠥᠩᠭᠡ ᠤᠯᠤᠰ ᠲᠦᠷᠦ ᠶᠢᠨ | ᠬᠦᠷᠢᠶᠡᠨ ᠳᠤ ᠨᠡᠪᠴᠢᠬᠦ ᠵᠡᠷᠭᠡ ᠤᠯᠤᠰ ᠲᠦᠷᠦ ᠶᠢᠨ ᠠᠮᠢ ᠠᠬᠤᠢ ᠪᠠ ᠠᠵᠤ ᠠᠬᠤᠢ ᠶᠢᠨ ᠬᠥᠭᠵᠢᠯᠲᠡ ᠶᠢᠨ | ᠣᠷᠴᠢᠨ ᠨᠥᠬᠦᠴᠡᠯ ᠢ ᠡᠪᠳᠡᠬᠦ ᠶᠢ ᠡᠷᠡᠰ ᠰᠡᠷᠭᠡᠶᠢᠯᠡᠬᠦ ᠬᠡᠷᠡᠭᠲᠡᠢ᠃ ᠭᠤᠣᠯᠳᠠᠯᠭ᠎ᠠ ᠲᠠᠢ ᠬᠦᠷᠢᠶ᠎ᠡ ᠶᠢ ᠲᠣᠪᠤᠶᠢᠯᠭᠠᠨ᠂ | ᠮᠥᠩᠭᠦᠨ ᠭᠦᠢᠯᠭᠡᠭᠡ᠂ ᠤᠯᠤᠰ ᠤᠨ ᠦᠮᠴᠢᠯᠡᠯᠳᠤ ᠠᠵᠤ ᠠᠬᠤᠶᠢᠯᠠᠯ᠂ ᠤᠯᠤᠰ ᠲᠦᠷᠦ ᠬᠠᠤᠯᠢ ᠴᠠᠭᠠᠵᠠ᠂ ᠠᠮᠤ | ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠵᠡᠷᠭᠡ ᠡᠷᠬᠡ ᠲᠥᠪᠯᠡᠷᠡᠭᠰᠡᠨ᠂ ᠪᠡᠯᠡ ᠮᠥᠩᠭᠦ ᠨᠢᠭᠲᠠᠷᠠᠭᠰᠠᠨ᠂ | ᠡᠬᠢ ᠪᠠᠶᠠᠯᠢᠭ ᠡᠯᠪᠡᠭ ᠬᠤᠷᠠᠭᠰᠠᠨ ᠬᠦᠷᠢᠶ᠎ᠡ ᠴᠠᠷᠠᠭᠠᠨ ᠳᠤ ᠬᠢ ᠢᠯᠵᠠᠷᠠᠯ ᠢ ᠴᠡᠭᠴᠡᠯᠡᠨ ᠵᠠᠰᠠᠬᠤ ᠠᠵᠢᠯ ᠢ | ᠬᠦᠨᠵᠡᠬᠡᠶᠢᠷᠡᠬᠦᠯᠬᠦ ᠬᠡᠷᠡᠭᠳᠡᠢ᠃ ᠭᠤᠣᠯᠳᠠᠯᠭ᠎ᠠ ᠲᠠᠢ ᠡᠲᠡᠭᠡᠳ ᠢ ᠴᠢᠩᠭ᠎ᠠ ᠠᠩᠬᠠᠷᠴᠤ᠂ ᠨᠠᠮ ᠤᠨ ᠠᠷᠪᠠᠨ ᠨᠠᠢᠮᠠᠳᠤᠭᠠᠷ | ᠶᠡᠭᠡ ᠬᠤᠷᠠᠯ ᠠᠴᠠ ᠨᠠᠭᠠᠰᠢ ᠰᠠᠨᠠᠭ᠎ᠠ ᠪᠠᠨ ᠬᠤᠷᠢᠶᠠᠬᠤ ᠦᠭᠡᠢ ᠭᠠᠷ ᠢᠶᠠᠨ ᠲᠠᠲᠠᠬᠤ ᠦᠭᠡᠢ᠂ ᠵᠤᠷᠢᠭ ᠢᠶᠠᠷ ᠢᠶᠠᠨ | ᠠᠭᠠᠰᠢᠯᠡᠭ᠌ᠰᠠᠳ ᠢ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ᠤᠳᠤᠷᠢᠳᠬᠤ ᠺᠠᠳ᠋ᠷ ᠤᠨ ᠬᠠᠨᠢ | ᠨᠦᠬᠦᠷ᠂ ᠦᠷ᠎ᠡ ᠬᠡᠦᠬᠡᠳ ᠵᠡᠷᠭᠡ ᠲᠦᠷᠦᠯ ᠰᠠᠳᠤᠨ ᠪᠠ ᠳᠡᠷᠭᠡᠳᠡᠬᠢ ᠠᠵᠢᠯᠲᠠᠳ ᠤᠨ ᠨᠥᠯᠥᠭᠡᠯᠡᠬᠦ ᠬᠦᠴᠦᠨ ᠢᠶᠠᠨ | ᠠᠰᠢᠭᠯᠠᠨ ᠬᠤᠪᠢ ᠪᠠᠨ ᠪᠣᠷᠳᠣᠵᠤ ᠱᠠᠮᠰᠢᠨ ᠢᠯᠵᠠᠷᠠᠬᠤ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠤᠷᠢᠯᠡᠬᠦ | ᠬᠡᠷᠡᠭᠳᠡᠢ᠃ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ᠂ ᠶᠡᠷᠦᠩᠬᠡᠶᠢᠯᠡᠨ ᠵᠠᠰᠠᠬᠤ ᠶᠢ | ᠠᠬᠢᠭᠤᠯᠵᠤ᠂ ᠬᠡᠭᠡᠯᠢ ᠢᠳᠡᠵᠦ ᠬᠠᠭ᠋ᠤᠤᠯᠢ ᠲᠦᠯᠬᠢᠬᠦ ᠶᠢ ᠬᠠᠮᠲᠤ ᠳᠤ ᠨᠢ ᠪᠠᠶᠢᠴᠠᠭᠠᠬᠤ ᠶᠢ ᠪᠠᠷᠢᠮᠲᠠᠯᠠᠵᠤ᠂ ᠬᠡᠭᠡᠯᠢ | ᠲᠦᠯᠬᠢᠬᠦ ᠠᠵᠢᠯᠯᠠᠭ᠎ᠠ ᠶᠢ ᠵᠠᠯᠬᠠᠭᠠᠨ ᠰᠢᠳᠬᠡᠬᠦ ᠡᠷᠴᠢᠮ ᠢᠶᠠᠨ ᠴᠢᠩᠭᠠᠷᠠᠭᠤᠯᠤᠨ᠎ᠠ᠃ ᠨᠠᠢᠮᠠ ᠳᠤ᠂ ᠤᠯᠠᠨ ᠲᠦᠮᠡᠨ ᠤ | ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠡᠷᠡᠰ ᠴᠡᠭᠴᠡᠯᠡᠨ ᠵᠠᠰᠠᠬᠤ ᠬᠡᠷᠡᠭᠲᠡᠢ᠃ | ᠤᠯᠠᠨ ᠲᠦᠮᠡᠨ ᠤ ᠳᠡᠷᠭᠡᠳᠡᠬᠢ ︽ᠢᠯᠠᠭ᠎ᠠ︾ ᠶᠢ ᠡᠷᠡᠰ ᠢᠶᠠᠷ ᠵᠠᠯᠬᠠᠭᠠᠨ ᠰᠢᠢᠳᠬᠡᠬᠦ ᠬᠡᠷᠡᠭᠳᠡᠢ᠃ ᠬᠠᠷ᠎ᠠ ᠬᠠᠷᠭᠢᠰ | ᠬᠡᠷᠡᠭ ᠤᠨ ᠠᠷᠤ ᠳᠤ ᠬᠢ ᠢᠯᠵᠠᠷᠠᠯ ᠪᠠ ︽ᠥᠮᠥᠭ ᠲᠦᠰᠢᠭ︾ ᠢ ᠴᠢᠩᠭ᠎ᠠ ᠪᠠᠶᠢᠴᠠᠭᠠᠬᠤ ᠬᠡᠷᠡᠭᠳᠡᠢ᠃ ᠶᠢᠰᠦ ᠳᠤ᠂ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠬᠤ | ᠬᠡᠷᠡᠭᠲᠡᠢ᠃ ᠨᠠᠮ ᠤᠨ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ᠂ ᠤᠯᠤᠰ ᠤᠨ ᠬᠢᠨᠠᠨ | ᠪᠠᠶᠢᠴᠠᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠪᠠᠶᠢᠭᠤᠯᠤᠮᠵᠢ ᠶᠢᠨ ᠥᠭᠡᠷᠡᠴᠢᠯᠡᠯᠲᠡ ᠶᠢ ᠨᠢᠭᠡ ᠴᠣᠭᠴᠠᠵᠢᠭᠤᠯᠤᠨ ᠭᠦᠨᠵᠡᠭᠡᠶᠢᠷᠡᠭᠦᠯᠦᠨ ᠠᠬᠢᠭᠤᠯᠤᠨ᠎ᠠ᠃ ᠲᠣᠮᠢᠯᠠᠨ | ᠰᠠᠭᠤᠯᠭᠠᠭᠰᠠᠨ ᠪᠠᠶᠢᠭᠤᠯᠤᠮᠵᠢ ᠶᠢᠨ ᠤᠳᠤᠷᠢᠳᠤᠯᠭ᠎ᠠ ᠶᠢᠨ ᠬᠠᠮᠢᠶᠠᠷᠤᠯᠲᠠ ᠶᠢᠨ ᠪᠠᠶᠢᠭᠤᠯᠤᠯ ᠢ ᠪᠦᠷᠢᠨᠰᠢᠭᠦᠯᠵᠦ᠂ | ᠲᠣᠮᠢᠯᠠᠨ ᠰᠠᠭᠤᠯᠭᠠᠵᠤ ᠬᠢᠨᠠᠯᠲᠠ ᠲᠠᠯᠪᠢᠬᠤ ᠰᠢᠰᠲ᠋ᠧᠮ ᠤᠨ ᠲᠣᠭᠲᠠᠴᠠ ᠶᠢ ᠲᠡᠭᠦᠯᠳᠡᠷᠵᠢᠭᠦᠯᠵᠦ᠂ ᠲᠣᠮᠢᠯᠠᠨ | ᠰᠠᠭᠤᠯᠭᠠᠭᠰᠠᠨ ᠪᠠᠶᠢᠭᠤᠯᠤᠮᠵᠢ᠂ ᠲᠣᠮᠢᠯᠠᠭᠰᠠᠨ ᠪᠠᠶᠢᠭᠤᠯᠤᠮᠵᠢ ᠶᠢᠨ ᠬᠢᠨᠠᠨ ᠪᠠᠶᠢᠴᠠᠭᠠᠬᠤ ᠡᠷᠬᠡ ᠶᠢ ᠪᠦᠬᠦ ᠲᠠᠯ᠎ᠠ ᠪᠠᠷ | ᠬᠡᠷᠡᠭᠯᠡᠬᠦ ᠶᠢ ᠠᠬᠢᠭᠤᠯᠤᠨ᠎ᠠ᠃ ᠠᠷᠪᠠ ᠳᠤ᠂ ᠲᠡᠮᠦᠷ ᠢ ᠳᠠᠪᠲᠠᠬᠤ ᠳᠤ ᠮᠤᠨᠠ ᠨᠢ ᠵᠠᠪᠠᠯ ᠬᠠᠲᠠᠭᠤ ᠪᠠᠶᠢᠬᠤ ᠴᠢᠬᠤᠯᠠ | ᠱᠠᠭᠠᠷᠳᠠᠯᠭ᠎ᠠ ᠶᠢ ᠡᠷᠡᠰ ᠲᠤᠭᠤᠰᠢᠯᠠᠭᠤᠯᠬᠤ ᠬᠡᠷᠡᠭᠲᠡᠢ᠃ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠵᠤ᠂ | ᠨᠠᠮ ᠳᠤ ᠪᠠᠨ ᠲᠤᠶᠢᠯ ᠤᠨ ᠦᠨᠡᠨᠴᠢ ᠰᠢᠳᠤᠷᠭᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠠᠶᠢᠴᠢᠨ | ᠡᠩᠨᠡᠭᠡ ᠶᠢ ᠪᠠᠶᠢᠭᠤᠯᠤᠨ᠎ᠠ᠃ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠣᠷᠢᠭᠲᠠᠢ ᠪᠠᠷ ᠲᠡᠮᠡᠴᠡᠬᠦ ᠳᠤ | ᠪᠠᠨ ᠴᠢᠳᠠᠮᠠᠭᠠᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠠᠶᠢᠴᠢᠨ ᠡᠩᠨᠡᠭᠡ ᠶᠢ ᠪᠠᠶᠢᠭᠤᠯᠤᠨ᠎ᠠ᠃ | ᠠᠷᠢᠭᠤᠨ ᠴᠢᠭᠴᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠢᠭᠡ ᠴᠣᠭᠴᠠᠵᠢᠭᠤᠯᠤᠨ ᠠᠬᠢᠭᠤᠯᠬᠤ ︽ᠭᠤᠷᠪᠠᠨ | ᠢᠯᠵᠢᠷᠠᠬᠤ ᠦᠭᠡᠢ︾ ᠣᠶᠢᠯᠠᠭᠠᠭᠳᠠᠬᠤᠨ ᠢ ᠲᠤᠰ ᠪᠡᠶ᠎ᠡ ᠶᠢᠨ ᠪᠠᠶᠢᠭᠤᠯᠤᠯᠲᠠ ᠳᠤ ᠪᠠᠨ ᠲᠤᠭᠤᠰᠢᠯᠠᠭᠤᠯᠵᠤ᠂ | ᠤᠯᠠᠨ ᠤ ᠨᠢᠭᠤᠷ ᠢ ᠬᠦᠤᠳᠡᠭᠴᠢ ᠶᠢ ᠡᠷᠡᠰ ᠴᠡᠪᠡᠷᠯᠡᠨ ᠠᠷᠢᠯᠭᠠᠵᠤ᠂ ᠲᠥᠪ ᠴᠢᠭᠴᠢ᠂ ᠬᠠᠲᠠᠭᠤ ᠴᠢᠩᠭ᠎ᠠ ᠰᠠᠬᠢᠯᠭ᠎ᠠ | ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠠᠶᠢᠴᠢᠨ ᠡᠩᠨᠡᠭᠡ ᠶᠢ ᠪᠠᠶᠢᠭᠤᠯᠤᠨ᠎ᠠ᠃ | ᠪᠦᠬᠦᠳᠡ ᠬᠤᠷᠠᠯ ᠠᠴᠠ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠠᠴᠠ ᠭᠠᠷᠭᠠᠭᠰᠠᠨ ᠪᠣᠣᠱᠠᠨ ᠳᠤ ᠨᠠᠮ ᠠᠴᠠ ᠬᠥᠭᠡᠭᠡᠬᠦ ᠰᠢᠢᠳᠬᠡᠯ ᠥᠭᠬᠦ | ᠲᠣᠭᠲᠠᠭᠠᠯ ᠢ ᠨᠤᠲᠠᠯᠠᠪᠠ᠃ | ᠪᠥᠬᠦᠳᠡ ᠬᠤᠷᠠᠯ ᠠᠴᠠ ᠤᠷᠢᠶᠠᠯᠠᠭᠰᠠᠨ ᠨᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ | ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠵᠢᠭᠠᠭᠰᠠᠨ ᠴᠢᠭᠯᠡᠯ ᠢᠶᠠᠷ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠥᠪ ᠤᠨ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠲᠤᠤᠷ᠎ᠠ ᠴᠤᠴᠠᠯᠲᠠ ᠦᠭᠡᠢ ᠲᠡᠮᠡᠴᠡᠬᠦ ᠣᠪᠣᠷ᠂ | ᠴᠥᠬᠦᠷᠡᠰᠢ ᠦᠭᠡᠢ ᠲᠡᠮᠡᠴᠡᠬᠦ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠵᠦ᠂ ᠰᠢᠨ᠎ᠡ ᠠᠶᠠᠨ ᠵᠠᠮ ᠳᠤ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ | ᠪᠢᠴᠢᠭᠯᠡᠬᠦ ᠶᠢᠨ ᠲᠥᠯᠥᠭᠡ ᠪᠦᠯᠬᠦᠮᠳᠡᠨ ᠲᠡᠮᠡᠴᠡᠰᠦᠭᠡᠢ︕ | | | | | |