ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠮᠠᠭᠠᠯᠠᠬᠤ ᠠᠵᠢᠯ ᠢ ᠴᠢᠩᠭᠠᠳᠬᠠᠬᠤ ᠲᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠲᠡᠬᠡᠷᠡᠬᠢ ᠤᠮᠠᠷᠠᠲᠤ ᠶᠢᠨ ᠰᠢᠨ᠎ᠡ ᠰᠣᠨᠢᠨ ᠤ ᠰᠤᠷᠪᠤᠯᠵᠢᠯᠠᠭᠴᠢ ᠶᠢᠨ ᠠᠰᠠᠭᠤᠯᠳᠠ᠄
ᠨᠡᠶᠢᠲᠡᠯᠡᠭᠰᠡᠨ ᠴᠠᠭ᠄
2023/10/11
ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠮᠠᠭᠠᠯᠠᠬᠤ ᠠᠵᠢᠯ ᠢ ᠴᠢᠩᠭᠠᠳᠬᠠᠬᠤ ᠳᠤᠮᠳᠠ ᠡᠪ ᠬᠠᠮᠲᠤ ᠵᠠᠯᠠᠭᠤᠴᠤᠳ ᠤᠨ ᠡᠪᠯᠡᠯ ᠤᠨ ᠬᠢᠨ ᠶᠠᠮᠠᠷ ᠶᠠᠮᠠᠷ ᠠᠷᠭ᠎ᠠ ᠠᠪᠤᠭᠰᠠᠨ ᠪᠣᠶ︖      ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ ᠶᠢᠨ ᠠᠯᠪᠠᠨ ᠭᠡᠷ ᠤᠨ ᠡᠷᠬᠢᠯᠡᠭᠴᠢ᠂ ᠨᠢᠭᠡᠳᠦᠭᠡᠷ  ᠳᠡᠰ ᠤᠨ ᠪᠠᠶᠢᠴᠠᠭᠠᠨ ᠰᠤᠳᠤᠯᠤᠭᠴᠢ ᠵᠣᠣ ᡁᠢ ᠰᠢᠩ ᠤᠨ ᠬᠠᠷᠢᠭᠤᠯᠳᠠ᠄     ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ  ᠶᠢᠨ ᠬᠢᠨ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠮᠠᠭᠠᠯᠠᠬᠤ ᠠᠵᠢᠯ ᠢ ᠮᠠᠰᠢᠳᠠ ᠴᠢᠬᠤᠯᠠᠴᠢᠯᠠᠭᠰᠠᠭᠠᠷ ᠢᠷᠡᠪᠡ᠃ ᠡᠪᠯᠡᠯ ᠤᠨ ᠬᠤᠷᠢᠶ᠎ᠠ ᠶᠢᠨ ᠬᠢᠨ ᠤᠷᠴᠢᠮ ᠤᠨ ᠵᠢᠯ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ  ᠪᠠᠷ ᠵᠢᠯᠣᠭᠤᠳᠤᠯᠭ᠎ᠠ ᠪᠣᠯᠭᠠᠬᠤ  ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ  ᠪᠠᠷ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠪᠠᠭᠠᠴᠤᠳ ᠬᠡᠦᠬᠡᠳ ᠪᠣᠯᠣᠨ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ  ᠲᠤᠭᠤᠰᠢᠯᠠᠭᠤᠯᠤᠨ᠂ ᠨᠠᠮ ᠳᠤ ᠬᠥᠮᠥᠨ ᠬᠥᠮᠥᠵᠢᠭᠦᠯᠬᠦ ᠡᠭᠦᠷᠭᠡ ᠬᠠᠷᠢᠭᠤᠴᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠦᠴᠦᠲᠡᠢ ᠳᠡᠮᠵᠢᠯᠭᠡ  ᠪᠠᠷ ᠰᠤᠷᠤᠯᠭ᠎ᠠ ᠶᠢᠨ ᠲᠤᠰᠠᠯᠠᠮᠵᠢ᠂ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠲᠤ ᠨᠠᠮ ᠤᠨ ᠬᠠᠯᠠᠮᠵᠢᠯᠠᠯ ᠪᠠ ᠨᠡᠶᠢᠭᠡᠮ ᠵᠢᠷᠤᠮ ᠤᠨ ᠶᠡᠭᠡ ᠭᠡᠷ ᠪᠦᠯᠢ ᠶᠢᠨ ᠬᠠᠶᠢᠷ᠎ᠠ ᠬᠠᠯᠠᠮᠵᠢ ᠶᠢ ᠳᠠᠮᠵᠢᠭᠤᠯᠪᠠ᠃   ︽ᠬᠦᠰᠡᠯ︾ ᠢᠨᠵᠧᠨᠧᠷᠢᠩ ᠢ ᠬᠡᠷᠡᠭᠵᠢᠭᠦᠯᠬᠦ ᠠᠵᠢᠯ ᠢ ᠭᠦᠨᠵᠡᠭᠡᠶᠢᠷᠡᠭᠦᠯᠵᠦ᠂ ᠪᠥᠬᠦ ᠣᠷᠣᠨ ᠤ ᠬᠦᠴᠢᠷᠳᠡᠯ ᠳᠤ ᠲᠤᠯᠭᠠᠷᠠᠭᠰᠠᠨ ᠬᠡᠦᠬᠡᠳ ᠲᠤ ᠰᠢᠨ᠎ᠡ ᠬᠦᠴᠦᠨ ᠨᠡᠮᠡᠷᠢᠯᠡᠵᠦ᠂ ᠰᠢᠨ᠎ᠡ ᠬᠦᠰᠡᠯ ᠡᠷᠡᠮᠡᠯᠵᠡᠯ ᠢ ᠦᠷ᠎ᠡ ᠰᠠᠴᠤᠬᠰᠠᠨ᠃ ᠠᠶᠤᠯ ᠠᠴᠠ ᠠᠪᠤᠷᠠᠵᠤ ᠬᠦᠴᠢᠷᠳᠡᠯᠲᠡᠢ ᠶᠢ ᠲᠡᠳᠬᠦᠬᠦ᠂ ᠰᠤᠷᠭᠠᠨ ᠬᠥᠮᠦᠵᠢᠯ ᠢᠶᠠᠷ ᠰᠤᠷᠤᠯᠭ᠎ᠠ ᠶᠢ ᠲᠡᠳᠬᠦᠬᠦ ᠵᠡᠷᠭᠡ ᠲᠠᠯ᠎ᠠ ᠪᠠᠷ ︽︿ᠬᠦᠰᠡᠯ﹀ ᠢᠨᠵᠧᠨᠧᠷᠢᠩ · ︿ᠲᠢᠶᠠᠨ ᠰᠢᠶᠠᠩ﹀ ᠰᠠᠭᠤᠷᠢ ᠮᠥᠩᠭᠦ︾᠂ ︽︿ᠬᠦᠰᠡᠯ﹀ ᠢᠨᠵᠧᠨᠧᠷᠢᠩ 1+1 ︱ ᠬᠤᠸᠠᠨ ᠹᠠᠨᠭ᠌ ᠰᠤᠷᠤᠯᠭ᠎ᠠ ᠶᠢ ᠲᠡᠳᠬᠦᠬᠦ ᠲᠥᠯᠥᠪᠯᠡᠭᠡ︾ ︽ᠭᠤᠸᠠᠩ ᠹᠠ ᠪᠠᠩᠬᠢ ᠶᠢᠨ ︿ᠬᠦᠰᠡᠯ﹀ ᠰᠤᠷᠤᠯᠭ᠎ᠠ ᠶᠢᠨ ᠲᠡᠳᠬᠦᠮᠵᠢ ᠶᠢᠨ ᠮᠥᠩᠭᠦ︾  ︽ᠬᠠᠶᠢᠷ᠎ᠠ ᠬᠠᠯᠠᠮᠵᠢ ᠶᠢᠨ ᠲᠡᠭᠳᠡᠬᠡᠬᠡᠢ · ᠬᠦᠰᠡᠯ ᠤᠨ ᠣᠳᠣᠨ︾ ᠵᠡᠷᠭᠡ ᠨᠡᠶᠢᠲᠡ ᠶᠢᠨ ᠠᠰᠠᠷᠠᠮᠵᠢ ᠶᠢᠨ ᠲᠤᠰᠠᠯᠠᠮᠵᠢ ᠶᠢᠨ ᠲᠥᠷᠥᠯ ᠵᠦᠢᠯ ᠢ ᠥᠷᠨᠢᠭᠦᠯᠬᠦ ᠲᠠᠢ ᠤᠶᠠᠯᠳᠤᠭᠤᠯᠤᠨ᠂ 636 ᠲᠦᠮᠡ ᠭᠠᠷᠤᠢ ᠲᠥᠭᠦᠷᠢᠭ ᠴᠤᠭᠯᠠᠭᠤᠯᠵᠤ᠂ ᠬᠦᠴᠢᠷᠳᠡᠯ ᠳᠤ ᠲᠤᠯᠭᠠᠷᠠᠭᠰᠠᠨ 5500 ᠭᠠᠷᠤᠢ ᠵᠠᠯᠠᠭᠤᠴᠤᠳ ᠪᠠᠭᠠᠴᠤᠳ ᠢ ᠬᠠᠪᠰᠤᠷᠤᠨ ᠪᠠᠴᠢᠮᠳᠠᠯ ᠬᠦᠴᠢᠷᠳᠡᠯ ᠵᠤᠪᠠᠨᠢᠯ ᠢ ᠨᠢ ᠰᠢᠢᠳᠪᠦᠷᠢᠯᠡᠵᠦ ᠥᠭᠪᠡ᠃  ︽ᠬᠦᠰᠡᠯ︾ ᠢᠨᠵᠧᠨᠧᠷᠢᠩ ᠤᠨ ︽ᠵᠠᠯᠠᠭᠤᠴᠤᠳ ᠪᠠᠭᠠᠴᠤᠳ ᠢ ᠬᠠᠯᠠᠮᠵᠢᠯᠠᠬᠤ︾ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠥᠷᠨᠢᠭᠦᠯᠵᠦ᠂ ᠪᠦᠬᠦ ᠣᠷᠣᠨ ᠤ ᠬᠦᠴᠢᠷᠳᠡᠯ ᠳᠤ ᠲᠤᠯᠭᠠᠷᠠᠭᠰᠠᠨ 1500 ᠵᠠᠯᠠᠭᠤᠴᠤᠳ ᠪᠠᠭᠠᠴᠤᠳ ᠲᠤ ᠬᠠᠯᠠᠮᠵᠢ ᠶᠢᠨ ᠪᠡᠯᠡᠭ ᠬᠦᠷᠭᠡᠪᠡ᠃ ︽ᠰᠢᠨ᠎ᠡ ᠬᠦᠰᠡᠯ ᠡᠷᠡᠮᠡᠯᠵᠡᠯ ᠢᠶᠠᠨ ᠰᠠᠬᠢᠨ ᠬᠠᠮᠠᠭᠠᠯᠠᠵᠤ᠂ ᠬᠠᠯᠠᠮᠵᠢ ᠶᠢᠨ ᠦᠷᠤᠬᠡ ᠶᠢ ᠬᠠᠮᠳᠤ ᠪᠠᠷ ᠪᠠᠶᠢᠭᠤᠯᠬᠤ︾ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠢ ᠬᠡᠷᠡᠭᠵᠢᠬᠦᠯᠬᠦ ᠳᠤ ᠪᠠᠨ ᠮᠠᠯᠵᠢᠬᠤ ᠲᠠᠷᠢᠶᠠᠯᠠᠬᠤ ᠣᠷᠣᠨ ᠪᠠ ᠬᠤᠲᠠ ᠪᠠᠯᠭᠠᠰᠤ ᠶᠢᠨ ᠰᠠᠶᠢᠨ ᠰᠠᠶᠢᠬᠠᠨ ᠰᠤᠷᠤᠯᠭ᠎ᠠ ᠪᠠ ᠠᠮᠢᠳᠤᠷᠠᠯ ᠤᠨ ᠣᠷᠴᠢᠨ ᠲᠣᠭᠤᠷᠢᠨ ᠦᠭᠡᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠶᠢᠨ ᠬᠦᠴᠢᠷᠳᠡᠯᠲᠡᠢ ᠵᠠᠯᠠᠭᠤᠴᠤᠳ ᠪᠠᠭᠠᠴᠤᠳ ᠲᠤ ᠴᠢᠭᠯᠡᠭᠦᠯᠦᠨ᠂ ᠤᠤᠯ ᠤᠨ ᠪᠠᠶᠢᠭᠰᠠᠨ ᠣᠷᠣᠨ ᠰᠠᠭᠤᠴᠠ ᠶᠢ ᠨᠢ ᠲᠦᠯᠤᠪᠵᠢᠬᠦᠯᠵᠤ ᠰᠢᠨᠡᠳᠬᠡᠬᠦ ᠶᠢᠨ ᠬᠠᠮᠲᠤ ᠴᠢᠬᠤᠯᠠ ᠪᠦᠬᠦᠢ ᠭᠡᠷ ᠤᠨ ᠬᠡᠷᠡᠭᠰᠡᠯ᠂ ᠣᠷᠣ ᠳᠡᠪᠢᠰᠬᠡᠷ ᠪᠠ ᠰᠤᠷᠤᠯᠭ᠎ᠠ ᠠᠮᠢᠳᠤᠷᠠᠯ ᠤᠨ ᠬᠡᠷᠡᠭᠰᠡᠯ ᠢ ᠲᠤᠬᠢᠷᠠᠭᠤᠯᠪᠠ᠃ ᠬᠠᠯᠠᠮᠵᠢ ᠶᠢᠨ ᠦᠷᠦᠬᠡ ᠶᠢ ᠪᠠᠶᠢᠭᠤᠯᠤᠭᠰᠠᠨ ᠤ ᠳᠠᠷᠠᠭ᠎ᠠ ᠲᠤᠬᠠᠢ ᠶᠢᠨ ᠭᠠᠵᠠᠷ ᠤᠨ ᠡᠪᠯᠡᠯ ᠤᠨ ᠬᠤᠷᠢᠶ᠎ᠠ ᠶᠢᠨ ᠬᠢᠨ ᠬᠠᠯᠠᠮᠵᠢ ᠶᠢᠨ ᠰᠠᠶᠢᠨ ᠳᠤᠷ᠎ᠠ ᠶᠢᠨ ᠦᠢᠯᠡᠴᠢᠯᠡᠭᠴᠢᠳ ᠬᠠᠨᠢ ᠪᠣᠯᠬᠤ ᠦᠢᠯᠡᠴᠢᠯᠡᠭᠡ ᠶᠢ ᠢᠵᠢ ᠪᠦᠷᠢᠳᠦᠭᠦᠯᠦᠨ ᠬᠠᠩᠭᠠᠵᠤ᠂ ᠬᠡᠦᠬᠡᠳ ᠢ ᠬᠠᠪᠰᠤᠷᠤᠨ ᠦᠰᠦᠨ ᠪᠤᠶᠢᠵᠢᠯᠲᠠ ᠪᠠ ᠰᠤᠷᠤᠯᠴᠠᠯᠭ᠎ᠠ ᠶᠢᠨ ᠳᠤᠮᠳᠠᠬᠢ ᠬᠦᠴᠢᠷᠳᠡᠯ ᠪᠠ ᠠᠰᠠᠭᠤᠳᠠᠯ ᠢ ᠨᠢ ᠰᠢᠢᠳᠪᠦᠷᠢᠯᠡᠵᠦ ᠥᠭᠬᠦ ᠶᠢᠨ ᠬᠠᠮᠲᠤ ᠲᠡᠳᠡᠨ ᠢ ᠰᠠᠶᠢᠨ ᠰᠠᠶᠢᠬᠠᠨ ᠰᠤᠷᠤᠯᠴᠠᠯᠭ᠎ᠠ ᠠᠮᠢᠳᠤᠷᠠᠯ ᠤᠨ ᠳᠠᠳᠬᠠᠯ ᠲᠠᠢ ᠪᠣᠯᠭᠠᠵᠤ᠂ ᠪᠡᠶ᠎ᠡ ᠪᠠᠨ ᠳᠠᠭᠠᠭᠠᠬᠤ ᠴᠢᠳᠠᠪᠤᠷᠢ ᠶᠢ  ᠨᠢ ᠳᠡᠭᠡᠭᠰᠢᠯᠡᠭᠦᠯᠬᠦ ᠪᠠᠷ ᠬᠥᠲᠥᠯᠥᠨ ᠵᠢᠯᠣᠭᠤᠳᠪᠠ᠃ ᠣᠲᠣ ᠪᠣᠯᠲᠠᠯ᠎ᠠ ᠪᠥᠬᠦ ᠣᠷᠣᠨ ᠤ 116 ᠬᠡᠦᠬᠡᠳ ᠲᠤ ︽ᠬᠦᠰᠡᠯ ᠤᠨ ᠬᠠᠯᠠᠮᠵᠢ ᠶᠢᠨ ᠥᠷᠥᠭᠡ︾ ᠪᠠᠶᠢᠭᠤᠯᠤᠨ ᠥᠭᠴᠦ᠂ ᠲᠡᠳᠡᠨ ᠤ ᠰᠤᠷᠤᠯᠭ᠎ᠠ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠵᠤ ᠥᠭᠭᠦᠭᠰᠡᠨ ᠪᠠᠶᠢᠨ᠎ᠠ᠃ ᠵᠠᠯᠠᠭᠤᠴᠤᠳ ᠪᠠᠭᠠᠴᠤᠳ ᠤᠨ ᠬᠠᠷᠠᠭ᠎ᠠ ᠶᠢᠨ ᠡᠷᠡᠭᠦᠯ ᠮᠡᠨᠳᠦ ᠶᠢ ᠬᠠᠯᠠᠮᠵᠢᠯᠠᠨ ︽ᠬᠠᠷᠠᠭ᠎ᠠ ᠶᠢ ᠨᠢ ᠬᠡᠷᠡᠯᠳᠤᠬᠦᠯᠬᠦ ᠲᠥᠯᠥᠪᠯᠡᠭᠡ︾ ᠶᠢ ᠥᠷᠨᠢᠭᠦᠯᠵᠦ᠂ 980 ᠭᠠᠷᠤᠢ ᠲᠦᠮᠡᠨ ᠲᠥᠭᠦᠷᠢᠭ ᠤᠨ ᠥᠷᠲᠡᠭ ᠪᠦᠬᠦᠢ ᠨᠢᠳᠦ ᠬᠠᠮᠠᠭᠠᠯᠠᠬᠤ ᠦᠢᠯᠡᠳᠬᠦᠨ ᠢ ᠴᠤᠭᠯᠠᠭᠤᠯᠵᠤ᠂ 68 ᠰᠤᠷᠭᠠᠭᠤᠯᠢ ᠶᠢᠨ 15 ᠲᠦᠮᠡᠨ ᠵᠠᠯᠠᠭᠤᠴᠤᠳ ᠪᠠᠭᠠᠴᠤᠳ ᠲᠤ ᠰᠦᠢᠳᠬᠡᠯ ᠬᠤᠷᠢᠶᠠᠬᠤ ᠦᠭᠡᠢ ᠪᠠᠷ ᠬᠠᠷᠠᠭ᠎ᠠ ᠶᠢ ᠰᠢᠭᠰᠢᠨ ᠪᠠᠶᠢᠴᠠᠭᠠᠬᠤ᠂ ᠣᠶᠢᠷ᠎ᠠ ᠬᠠᠷᠠᠭ᠎ᠠ ᠶᠢ  ᠨᠠᠷᠢᠯᠢᠭ ᠣᠨᠣᠴᠠᠲᠠᠢ ᠰᠡᠷᠭᠡᠶᠢᠯᠡᠨ ᠡᠵᠡᠮᠳᠡᠬᠦ ᠪᠠᠶᠢᠴᠠᠭᠠᠯᠲᠠ᠂ ᠬᠠᠷᠠᠭ᠎ᠠ ᠶᠢ ᠰᠡᠷᠭᠡᠶᠢᠯᠡᠨ ᠡᠵᠡᠮᠳᠡᠬᠦ ᠶᠢ ᠳᠡᠭᠡᠭᠰᠢᠯᠡᠭᠦᠯᠬᠦ ᠵᠡᠷᠭᠡ ᠦᠢᠯᠡᠴᠢᠯᠡᠭᠡ ᠶᠢ ᠬᠠᠨᠭ᠍ᠭᠠᠪᠠ᠃ ᠦᠨᠳᠦᠰᠦᠨ ᠱᠠᠲᠤᠨ ᠤ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠵᠤ᠂ 3 ᠬᠦᠰᠡᠯ ᠪᠠᠭ᠎ᠠ ᠰᠤᠷᠭᠠᠭᠤᠯᠢ ᠶᠢ ᠲᠤᠰᠠᠯᠠᠨ ᠪᠠᠶᠢᠭᠤᠯᠪᠠ᠃ ︽ᠤᠩᠰᠢᠯᠭ᠎ᠠ ᠶᠢᠨ ᠣᠴᠢ ᠶᠢ ᠨᠣᠴᠣᠭᠠᠵᠤ ᠨᠣᠮ ᠤᠨ ᠰᠤᠷᠪᠤᠯᠵᠢᠲᠤ ᠰᠤᠷᠭᠠᠭᠤᠯᠢ ᠶᠢ ᠬᠠᠮᠲᠤ ᠪᠠᠷ ᠪᠠᠶᠢᠭᠤᠯᠬᠤ︾ ᠲᠥᠷᠥᠯ ᠵᠦᠢᠯ᠂ ︽ᠬᠦᠰᠡᠯ ᠬᠥᠯ ᠪᠥᠮᠪᠦᠭᠡ ᠪᠠᠶᠠᠷ ᠬᠥᠷ ᠲᠠᠢ ᠬᠥᠯ ᠪᠥᠮᠪᠦᠭᠡ︾᠂ ︽ᠬᠦᠰᠡᠯ︾ ᠢᠨᠵᠧᠨᠧᠷᠢᠩ ᠤᠨ ᠣᠯᠠᠨ ᠵᠠᠭᠤᠴᠢᠯᠠᠭᠤᠷ ᠤᠨ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠢ ᠥᠷᠨᠢᠭᠦᠯᠵᠦ᠂ ᠮᠠᠨ ᠤ ᠣᠷᠣᠨ ᠤ 12 ᠠᠶᠢᠮᠠᠭ ᠬᠤᠲᠠ ᠶᠢᠨ 47 ᠰᠤᠷᠭᠠᠭᠤᠯᠢ ᠶᠢᠨ ᠰᠤᠷᠤᠯᠴᠠᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠳᠤ 254 ᠲᠦᠮᠡᠨ ᠲᠥᠭᠦᠷᠢᠭ ᠤᠨ ᠵᠣᠭᠤᠰ ᠮᠥᠩᠭᠦ ᠡᠳ᠋ ᠪᠣᠳᠠᠰ ᠴᠤᠭᠯᠠᠭᠤᠯᠵᠤ᠂ 20000 ᠵᠠᠯᠠᠭᠤᠴᠤᠳ ᠪᠠᠭᠠᠴᠤᠳ ᠲᠤ ᠠᠰᠢᠭ ᠬᠦᠷᠲᠡᠭᠡᠪᠡ᠃ ︽ᠠᠨᠠᠷ ᠤᠨ ᠦᠷ᠎ᠡ · ᠭᠠᠷ ᠭᠠᠷ ᠢᠶᠠᠨ ᠬᠤᠯᠪᠤᠯᠴᠠᠶ᠎ᠠ︾ ᠬᠡᠮᠡᠬᠦ ᠪᠥᠬᠦ ᠤᠯᠤᠰ ᠤᠨ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠥᠪᠥᠷ ᠮᠣᠩᠭᠤᠯ ᠤᠨ ᠲᠦᠩ ᠰᠢᠨ ᠶᠢᠩ ᠭᠤᠣᠯ ᠰᠡᠳᠦᠪᠲᠦ ᠠᠵᠢᠯᠯᠠᠭ᠎ᠠ ᠶᠢ ᠡᠷᠭᠢᠯᠡᠵᠦ᠂ ᠰᠢᠨᠵᠢᠶᠠᠩ᠂ ᠭᠤᠸᠠᠩᠰᠢ ᠵᠡᠷᠭᠡ 17 ᠮᠤᠵᠢ ᠶᠢᠨ ᠦᠨᠳᠦᠰᠦᠲᠡᠨ ᠨᠦᠭᠦᠳ ᠤᠨ 240 ᠵᠠᠯᠠᠭᠤᠴᠤᠳ ᠪᠠᠭᠠᠴᠤᠳ ᠠᠵᠢᠯᠯᠠᠭ᠎ᠠ ᠳᠤ ᠤᠷᠤᠯᠴᠠᠬᠰᠠᠨ ᠪᠠᠶᠢᠨ᠎ᠠ᠃      ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ ᠶᠢᠨ ᠬᠢᠨ ᠳᠠᠷᠠᠭᠠᠴᠢ ᠪᠠᠷ ᠡᠬᠢ ᠪᠠᠶᠠᠯᠢᠭ ᠢ ᠡᠮᠬᠢᠯᠡᠬᠦ ᠪᠠ ᠵᠣᠬᠢᠶᠠᠨ ᠪᠠᠶᠢᠭᠤᠯᠵᠤ ᠳᠠᠶᠢᠴᠢᠯᠠᠬᠤ ᠳᠠᠪᠠᠭᠤᠯᠢᠭ ᠢᠶᠠᠨ ᠪᠠᠳᠠᠷᠠᠭᠤᠯᠵᠤ᠂ ᠠᠵᠢᠯ ᠤᠨ ᠠᠴᠢᠶᠠᠯᠠᠪᠤᠷᠢ ᠶᠢᠨ ᠰᠢᠨ᠎ᠡ ᠶᠢ ᠲᠠᠰᠤᠷᠠᠯᠲᠠ ᠦᠭᠡᠢ ᠡᠭᠦᠳᠴᠦ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠬᠤ ᠠᠵᠢᠯ ᠢ ᠡᠪ ᠬᠠᠮᠲᠤ ᠵᠠᠯᠠᠭᠤᠴᠤᠳ ᠤᠨ ᠡᠪᠯᠡᠯ ᠤᠨ ᠬᠢᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠬᠦ ᠪᠠ ᠰᠢᠨ᠎ᠡ ᠴᠠᠭ ᠦᠶ᠎ᠡ ᠶᠢᠨ ︽ᠬᠦᠰᠡᠯ︾ ᠢᠨᠵᠧᠨᠧᠷᠢᠩ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠲᠠᠢ ᠨᠢᠭᠲᠠ ᠤᠶᠠᠯᠳᠤᠭᠤᠯᠵᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠶᠢᠷ᠎ᠠ ᠰᠡᠳᠬᠢᠯᠭᠡ ᠪᠠᠷ ᠬᠠᠯᠠᠮᠵᠢᠯᠠᠬᠤ ᠪᠠ ᠦᠵᠡᠯ ᠰᠠᠨᠠᠭᠠᠨ ᠤ ᠲᠠᠯ᠎ᠠ ᠪᠠᠷ ᠵᠢᠯᠤᠭᠤᠳᠬᠤ ᠠᠵᠢᠯ ᠢ ᠴᠢᠩᠭᠠᠳᠬᠠᠵᠤ᠂ ᠲᠡᠳᠡᠨ ᠤ ᠬᠦᠴᠢᠷᠳᠡᠯ ᠢ ᠨᠢ ᠦᠨᠡᠨ ᠬᠦ ᠪᠣᠳᠠᠲᠠᠢ ᠪᠠᠷ ᠰᠢᠢᠳᠪᠦᠷᠢᠯᠡᠵᠦ᠂ ᠲᠡᠳᠡᠨ ᠢ ᠨᠠᠮ ᠲᠤᠶᠠᠭᠠᠯᠠᠯ ᠲᠤᠤᠷ᠎ᠠ ᠨᠡᠩ ᠢᠳᠡᠷᠡᠭᠦᠨ ᠢᠶᠠᠷ ᠪᠤᠶᠢᠵᠢᠭᠤᠯᠬᠤ ᠬᠡᠷᠡᠭᠳᠡᠢ᠃    
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号