ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠮᠠᠭᠠᠯᠠᠬᠤ ᠠᠵᠢᠯ ᠢ ᠴᠢᠩᠭᠠᠳᠬᠠᠬᠤ ᠲᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠲᠡᠬᠡᠷᠡᠬᠢ ᠬᠠᠤᠯᠢ ᠴᠠᠭᠠᠵᠨ ᠶᠢᠨ ᠰᠣᠨᠢᠨ ᠤ ᠰᠤᠷᠪᠤᠯᠵᠢᠯᠠᠭᠴᠢ ᠶᠢᠨ ᠠᠰᠠᠭᠤᠯᠳᠠ᠄
ᠨᠡᠶᠢᠲᠡᠯᠡᠭᠰᠡᠨ ᠴᠠᠭ᠄
2023/10/12
ᠬᠦᠴᠢᠷᠳᠡᠯ ᠳᠤ ᠲᠤᠯᠭᠠᠷᠠᠭᠰᠠᠨ ᠬᠡᠦᠬᠡᠳ ᠲᠤ ᠨᠠᠩ ᠴᠢᠨᠠᠷ ᠰᠠᠶᠢᠲᠠᠢ ᠰᠤᠷᠭᠠᠨ ᠬᠥᠮᠦᠵᠢᠯ ᠤᠨ ᠪᠠᠲᠤᠯᠠᠭ᠎ᠠ ᠬᠠᠩᠭᠠᠬᠤ ᠲᠠᠯ᠎ᠠ ᠪᠠᠷ ᠶᠠᠮᠠᠷ ᠶᠠᠮᠠᠷ ᠠᠵᠢᠯ ᠥᠷᠨᠢᠭᠦᠯᠦᠭᠰᠡᠨ ᠪᠣᠶ︖          ᠦᠪᠤᠷ ᠮᠤᠩᠭᠤᠯ ᠤᠨ ᠰᠤᠷᠭᠠᠨ ᠬᠥᠮᠦᠵᠢᠯ ᠤᠨ ᠲᠢᠩᠬᠢᠮ ᠤᠨ ᠰᠠᠭᠤᠷᠢ ᠰᠤᠷᠭᠠᠨ ᠬᠥᠮᠦᠵᠢᠯ ᠤᠨ ᠭᠠᠵᠠᠷ ᠤᠨ ᠳᠡᠳ᠋ ᠳᠠᠷᠤᠭ᠎ᠠ ᠬᠠᠨ ᠰᠢᠤᠸᠠᠢ ᠶᠢᠨ ᠬᠠᠷᠢᠭᠤᠯᠳᠠ᠄         ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ  ᠶᠢ ᠭᠦᠨᠵᠡᠭᠡᠢ ᠲᠤᠭᠤᠰᠢᠯᠠᠭᠤᠯᠵᠤ᠂ ᠰᠤᠷᠭᠠᠨ ᠬᠥᠮᠦᠵᠢᠯ ᠤᠨ ᠡᠷᠬᠡ ᠲᠡᠭᠰᠢ ᠶᠢ ᠠᠬᠢᠭᠤᠯᠬᠤ ᠶᠢ ᠰᠤᠷᠭᠠᠨ ᠬᠥᠮᠦᠵᠢᠯ ᠤᠨ ᠬᠦᠷᠢᠶᠡᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠡᠯ᠎ᠡ ᠲᠠᠯ᠎ᠠ ᠡᠯ᠎ᠡ ᠭᠤᠭᠴᠤᠭ᠎ᠠ ᠳᠤ ᠠᠭᠤᠰᠬᠠᠵᠤ᠂ ᠭᠡᠷ ᠤᠨ ᠠᠮᠢᠳᠤᠷᠠᠯ ᠨᠢ ᠬᠦᠴᠢᠷᠳᠡᠯᠲᠡᠢ ᠰᠣᠷᠣᠭᠴᠢ᠂ ᠭᠡᠷ ᠲᠤ ᠪᠠᠨ ᠬᠤᠴᠣᠷᠤᠭᠰᠠᠨ ᠬᠡᠦᠬᠡᠳ᠂ ᠵᠡᠮᠳᠡᠭ ᠬᠡᠦᠬᠡᠳ ᠵᠡᠷᠭᠡ ᠣᠨᠴᠠᠭᠠᠶ  ᠬᠦᠮᠦᠰ ᠢ  ᠬᠠᠯᠠᠮᠵᠢᠯᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠤᠷᠭᠠᠨ ᠬᠥᠮᠦᠵᠢᠯ ᠤᠨ ᠬᠤᠲᠠ ᠬᠥᠳᠡᠭᠡ᠂ ᠣᠷᠣᠨ ᠪᠦᠰᠡ᠂ ᠰᠤᠷᠭᠠᠭᠤᠯᠢ ᠶᠢᠨ ᠬᠤᠭᠤᠷᠣᠨᠳᠣᠬᠢ᠂ ᠬᠠᠮᠲᠤᠯᠢᠭ ᠤᠨ ᠵᠥᠷᠢᠶ᠎ᠡ ᠶᠢ ᠪᠠᠭᠠᠰᠬᠠᠨ᠂ ᠬᠡᠦᠬᠡᠳ ᠪᠤᠯᠭᠠᠨ ᠳᠤ ᠡᠷᠬᠡ ᠲᠡᠭᠰᠢ ᠪᠥᠭᠡᠳ ᠴᠢᠨᠠᠷ ᠰᠠᠶᠢᠲᠠᠢ ᠰᠤᠷᠭᠠᠨ ᠬᠥᠮᠦᠵᠢᠯ ᠬᠦᠷᠲᠡᠭᠡᠬᠦ ᠪᠠᠷ ᠴᠢᠷᠮᠠᠶᠢᠵᠤ᠂  ᠤᠯᠠᠨ ᠲᠦᠮᠡᠨ ᠤ ︽ᠰᠤᠷᠭᠠᠭᠤᠯᠢ ᠳᠤ ᠰᠠᠭᠤᠯᠭᠠᠬᠤ ᠳᠤᠷᠠᠲᠠᠢ︾ ᠪᠠᠶᠢᠬᠤ ᠬᠡᠷᠡᠭᠴᠡᠭᠡ ᠶᠢ ᠨᠠᠩ ᠰᠠᠶᠢᠨ ᠬᠠᠩᠭᠠᠨ᠎ᠠ᠃   ᠨᠢᠭᠡ ᠳᠤ᠂ ᠭᠡᠷ ᠤᠨ ᠠᠮᠢᠳᠤᠷᠠᠯ ᠨᠢ ᠬᠦᠴᠢᠷᠳᠡᠯᠲᠡᠢ ᠰᠤᠷᠤᠭᠴᠢᠳ ᠢ ᠪᠦᠬᠦᠨ ᠢ ᠲᠤᠰᠠᠯᠠᠬᠤ ᠰᠢᠰᠲ᠋ᠧᠮ ᠢ ᠪᠠᠶᠢᠭᠤᠯᠪᠠ᠃ ᠠᠵᠢᠯ ᠤᠨ ᠬᠡᠷᠡᠭᠵᠢᠭᠦᠯᠬᠦ ᠠᠷᠭ᠎ᠠ ᠶᠢ ᠲᠣᠭᠲᠠᠭᠠᠵᠤ᠂ ᠭᠡᠷ ᠤᠨ ᠠᠮᠢᠳᠤᠷᠠᠯ ᠨᠢ ᠬᠦᠴᠢᠷᠳᠡᠯᠲᠡᠢ ᠰᠣᠷᠣᠭᠴᠢ ᠶᠢ ᠨᠠᠷᠢᠯᠢᠭ ᠣᠨᠣᠴᠠᠲᠠᠢ  ᠮᠠᠭᠠᠳᠯᠠᠨ ᠲᠤᠬᠳᠠᠭᠠᠪᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠠᠴᠠ ᠠᠰᠫᠢᠷᠠᠨᠲ ᠤᠨ ᠰᠤᠷᠭᠠᠨ ᠬᠥᠮᠦᠵᠢᠯ ᠬᠦᠷᠲᠡᠯ᠎ᠡ ᠪᠦᠬᠦᠨ ᠢ ᠬᠠᠮᠤᠷᠤᠭᠰᠠᠨ ᠰᠤᠷᠤᠭᠴᠢᠳ ᠢ ᠲᠡᠳᠬᠦᠨ ᠲᠤᠰᠠᠯᠠᠬᠤ ᠰᠢᠰᠲ᠋ᠧᠮ ᠢ ᠪᠠᠶᠢᠭᠤᠯᠤᠨ  ᠲᠡᠬᠦᠯᠳᠡᠷᠵᠢᠬᠦᠯᠪᠡ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠱᠠᠳᠤᠨ ᠳᠤ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠯ ᠢᠶᠠᠷ ᠳᠡᠮᠵᠢᠨ ᠪᠠᠶᠢᠭᠤᠯᠤᠭᠰᠠᠨ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠪᠣᠯᠣᠨ ᠲᠦᠭᠡᠮᠡᠯ ᠬᠠᠷᠠᠭᠠᠯᠵᠠᠯ ᠤᠨ ᠴᠢᠨᠠᠷᠲᠠᠢ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠲᠤ ᠰᠤᠷᠤᠯᠴᠠᠵᠤ ᠪᠠᠶᠢᠭ᠎ᠠ ᠬᠡᠦᠬᠡᠳ ᠤᠨ ᠠᠰᠠᠷᠠᠨ ᠬᠥᠮᠥᠵᠢᠭᠦᠯᠬᠦ ᠵᠠᠷᠤᠳᠠᠯ ᠢ ᠬᠠᠰᠤᠵᠤ ᠰᠤᠷᠤᠯᠭ᠎ᠠ ᠶᠢ ᠲᠡᠳᠬᠦᠪᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠤ ᠰᠤᠷᠤᠭᠴᠢᠳ ᠤᠨ ᠠᠮᠢᠳᠤᠷᠠᠯ ᠤᠨ ᠵᠠᠷᠤᠳᠠᠯ ᠢ ᠨᠥᠬᠦᠪᠦᠷᠢᠯᠡᠵᠦ᠂ ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢᠳ ᠤᠨ ᠰᠢᠮ᠎ᠡ ᠲᠡᠵᠢᠬᠡᠯ ᠢ ᠰᠠᠶᠢᠵᠢᠷᠠᠭᠤᠯᠬᠤ ᠲᠦᠯᠤᠪᠯᠡᠭᠡ ᠶᠢ ᠬᠡᠷᠡᠭᠵᠢᠬᠦᠯᠪᠡ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠪᠠ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠱᠠᠲᠤᠨ ᠳᠤ ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠪᠠ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠪᠠᠷ ᠭᠤᠣᠯ ᠴᠣᠭᠴᠠ ᠪᠣᠯᠭᠠᠭᠰᠠᠨ᠂ ᠰᠤᠷᠭᠠᠭᠤᠯᠢ ᠪᠠ ᠨᠡᠶᠢᠭᠡᠮ ᠠᠴᠠ ᠵᠣᠭᠤᠰ ᠮᠥᠩᠭᠦ ᠪᠠᠷ ᠲᠤᠰᠠᠯᠠᠬᠤ᠂ ᠠᠵᠢᠯ ᠤᠨ ᠪᠠᠶᠢᠷᠢ ᠣᠷᠣᠯᠠᠨ ᠳᠠᠳᠤᠯᠭ᠎ᠠ ᠬᠢᠬᠦ ᠪᠠᠷ ᠨᠥᠬᠦᠪᠦᠷᠢ ᠪᠣᠯᠭᠠᠭᠰᠠᠨ ᠵᠣᠭᠤᠰ ᠮᠥᠩᠭᠦ ᠪᠠᠷ ᠲᠤᠰᠠᠯᠠᠬᠤ ᠠᠵᠢᠯᠯᠠᠭ᠎ᠠ ᠦᠷᠨᠢᠬᠦᠯᠪᠡ᠃   ᠬᠤᠶᠠᠷ ᠲᠤ᠂ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠪᠠᠲᠤᠲᠠᠢ ᠠᠬᠢᠭᠤᠯᠵᠤ᠂ ᠭᠡᠷ ᠲᠤ ᠪᠠᠨ ᠬᠤᠴᠣᠷᠤᠭᠰᠠᠨ ᠬᠡᠦᠬᠡᠳ ᠤᠨ ᠡᠷᠡᠭᠦᠯ ᠬᠦᠭᠵᠢᠯᠳᠡ ᠶᠢ ᠠᠬᠢᠭᠤᠯᠪᠠ᠃ ᠭᠡᠷ ᠲᠤ ᠪᠠᠨ ᠬᠤᠴᠣᠷᠤᠭᠰᠠᠨ ᠬᠡᠦᠬᠡᠳ  ᠲᠤ ᠲᠥᠷᠥᠯ ᠰᠠᠳᠤᠨ ᠤ ᠬᠠᠶᠢᠷ᠎ᠠ ᠬᠠᠯᠠᠮᠵᠢ ᠳᠤᠲᠠᠮᠠᠭ᠂ ᠭᠡᠷ ᠪᠦᠯᠢ ᠶᠢᠨ ᠰᠤᠷᠭᠠᠨ ᠬᠥᠮᠦᠵᠢᠯ ᠳᠤᠲᠠᠮᠠᠭ ᠵᠡᠷᠭᠡ ᠰᠢᠯᠲᠠᠭᠠᠨ ᠠᠴᠠ ᠪᠣᠯᠵᠤ ᠠᠮᠠᠷᠬᠠᠨ ᠰᠡᠳᠬᠢᠴᠡ ᠶᠢᠨ ᠠᠰᠠᠭᠤᠳᠠᠯ ᠡᠭᠦᠰᠬᠡᠬᠦ ᠪᠠᠶᠢᠳᠠᠯ ᠳᠤ ᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠬᠢᠨ ︽ᠳᠤᠮᠳᠠᠳᠤ ᠪᠠᠭ᠎ᠠ ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠠᠵᠢᠯ ᠢ ᠤᠯᠠᠮ ᠴᠢᠩᠭᠠᠳᠬᠠᠬᠤ ᠠᠷᠭ᠎ᠠ︾ ᠢ ᠳᠠᠷᠤᠮᠠᠯᠯᠠᠨ ᠲᠠᠷᠬᠠᠭᠠᠪᠠ᠃ ᠡᠯ᠎ᠡ ᠠᠶᠢᠮᠠᠭ ᠬᠤᠲᠠ ᠶᠢᠨ ᠬᠥᠳᠡᠭᠡ ᠲᠣᠰᠬᠤᠨ ᠤ ᠳᠤᠮᠳᠠᠳᠤ ᠪᠠᠭ᠎ᠠ ᠰᠤᠷᠭᠠᠭᠤᠯᠢ ᠳᠤ ᠰᠤᠷᠭᠠᠭᠤᠯᠢ ᠶᠢᠨ ᠲᠠᠰ ᠤᠨ ᠰᠡᠳᠬᠢᠴᠡ ᠶᠢᠨ ᠬᠥᠮᠦᠵᠢᠯ ᠪᠠ ᠵᠥᠪᠯᠡᠯᠭᠡ ᠥᠭᠬᠦ ᠪᠠᠶᠢᠭᠤᠯᠤᠮᠵᠢ ᠭᠠᠷᠭᠠᠵᠤ᠂ ᠰᠡᠳᠬᠢᠴᠡ ᠶᠢᠨ ᠵᠢᠭᠠᠨ ᠰᠤᠳᠤᠯᠤᠭᠴᠢ᠂ ᠰᠡᠳᠬᠢᠴᠡ ᠶᠢᠨ ᠡᠷᠡᠭᠦᠯ ᠮᠡᠨᠳᠦ ᠶᠢᠨ ᠪᠠᠭᠰᠢ᠂ ᠲᠤᠰᠬᠠᠢ ᠡᠮᠴᠢᠯᠡᠭᠡᠨ ᠤ ᠪᠠᠶᠢᠭᠤᠯᠤᠮᠵᠢ ᠶᠢᠨ ᠰᠡᠳᠬᠢᠴᠡ ᠶᠢᠨ ᠡᠮᠴᠢ ᠵᠡᠷᠭᠡ ᠡᠯ᠎ᠡ ᠲᠠᠯ᠎ᠠ ᠶᠢᠨ ᠬᠦᠴᠦᠨ ᠢ  ᠡᠮᠬᠢᠯᠡᠵᠤ ᠪᠠᠶᠢᠭᠠᠳ ᠰᠤᠷᠭᠠᠭᠤᠯᠢ ᠶᠢᠨ ᠰᠡᠳᠬᠢᠴᠡ ᠶᠢᠨ ᠬᠢᠮᠤᠷᠠᠯ ᠢ ᠤᠷᠢᠳᠴᠢᠯᠠᠨ ᠰᠡᠷᠭᠡᠶᠢᠯᠡᠬᠦ᠂ ᠬᠠᠮᠢᠶᠠᠷᠬᠤ ᠪᠠ ᠰᠢᠯᠵᠢᠭᠦᠯᠦᠨ ᠲᠠᠨᠢᠯᠴᠠᠭᠤᠯᠬᠤ ᠳᠦᠷᠢᠮ ᠢ ᠪᠠᠶᠢᠭᠤᠯᠬᠤ ᠬᠡᠷᠡᠭᠲᠡᠢ ᠭᠡᠵᠦ ᠱᠠᠭᠠᠷᠳᠠᠪᠠ᠃ ᠳᠡᠭᠡᠳᠦ ᠰᠤᠷᠭᠠᠭᠤᠯᠢ ᠶᠢᠨ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠳᠤᠮᠳᠠᠳᠤ ᠪᠠᠭ᠎ᠠ ᠰᠤᠷᠭᠠᠭᠤᠯᠢ ᠶᠢ ᠳᠡᠮᠵᠢᠬᠦ ᠠᠵᠢᠯ ᠤᠨ ᠲᠣᠭᠲᠠᠴᠠ  ᠶᠢ ᠬᠡᠷᠡᠭᠵᠢᠭᠦᠯᠵᠦ᠂ ᠪᠦᠬᠦ ᠣᠷᠣᠨ ᠤ 15 ᠣᠶᠤᠲᠠᠨ ᠤ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠵᠢᠱᠢᠶ᠎ᠡ ᠦᠵᠡᠭᠦᠯᠬᠦ ᠲᠥᠪ ᠲᠤ ᠲᠦᠰᠢᠭᠯᠡᠨ ᠮᠠᠨ ᠤ ᠣᠷᠣᠨ ᠤ ᠡᠯ᠎ᠡ ᠠᠶᠢᠮᠠᠭ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠳᠡᠮᠵᠢᠵᠦ᠂ ᠵᠠᠰᠠᠭ ᠵᠠᠬᠢᠷᠭᠠᠨ ᠤ ᠪᠠᠬᠢᠯᠡᠯᠲᠡ ᠪᠠ ᠣᠷᠣᠨ ᠪᠦᠰᠡ ᠶᠢᠨ ᠬᠠᠷᠰᠢ ᠰᠠᠭᠠᠳ ᠢ ᠰᠢᠪᠲᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠪᠠᠭᠰᠢ ᠶᠢᠨ ᠬᠡᠪ ᠴᠢᠨᠠᠷ ᠢ ᠳᠡᠭᠡᠭᠰᠢᠯᠡᠭᠦᠯᠬᠦ᠂ ᠲᠣᠨᠤᠭ ᠲᠥᠬᠦᠭᠡᠷᠦᠮᠵᠢ ᠶᠢᠨ ᠡᠬᠢ ᠪᠠᠶᠠᠯᠢᠭ ᠤᠨ ᠪᠠᠶᠢᠭᠤᠯᠤᠯᠲᠠ᠂ ᠰᠡᠳᠬᠢᠴᠡ ᠶᠢᠨ ᠡᠷᠡᠭᠦᠯ ᠮᠡᠨᠳᠦ ᠶᠢᠨ ᠠᠵᠢᠯᠯᠠᠭ᠎ᠠ ᠵᠡᠷᠭᠡ ᠲᠠᠯ᠎ᠠ ᠪᠠᠷ ᠡᠬᠢ ᠪᠠᠶᠠᠯᠢᠭ ᠢ ᠬᠠᠷᠢᠯᠴᠠᠨ ᠨᠡᠪᠳᠡᠷᠡᠯᠴᠡᠬᠦᠯᠬᠦ᠂ ᠬᠠᠮᠲᠤᠷᠠᠨ ᠠᠵᠢᠯᠯᠠᠵᠤ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠨᠢᠭᠲᠠ ᠬᠠᠮᠲᠤᠷᠠᠯᠴᠠᠬᠤ ᠬᠠᠷᠢᠴᠠᠭ᠎ᠠ ᠶᠢ ᠪᠣᠶ ᠪᠣᠯᠭᠠᠵᠤ᠂ ᠭᠡᠷ ᠲᠤ ᠪᠠᠨ ᠬᠤᠴᠣᠷᠤᠭᠰᠠᠨ ᠬᠡᠦᠬᠡᠳ ᠤᠨ ᠥᠪᠡᠷ ᠤᠨ ᠪᠡᠶ᠎ᠡ ᠳᠤ ᠪᠠᠨ ᠰᠠᠶᠢᠨ ᠬᠠᠨᠳᠤᠬᠤ᠂ ᠪᠤᠰᠤᠳ ᠬᠥᠮᠥᠨ ᠪᠠ ᠨᠡᠶᠢᠭᠡᠮ ᠢ ᠬᠠᠯᠠᠮᠵᠢᠯᠠᠬᠤ ᠳᠤ ᠬᠦᠴᠦᠨ ᠨᠡᠮᠡᠷᠢᠯᠡᠪᠡ᠃ ᠪᠥᠬᠦ ᠣᠷᠣᠨ ᠤ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠨᠡᠶᠢᠲᠡ ᠶᠢᠨ ᠠᠰᠠᠷᠠᠮᠵᠢ ᠶᠢᠨ ᠲᠠᠶᠢᠯᠤᠮᠵᠢ ᠶᠢᠨ ︽ᠰᠡᠳᠬᠢᠯ ᠢ ᠵᠥᠭᠡᠯᠡᠷᠡᠭᠦᠯᠬᠦ ᠬᠢᠴᠢᠶᠡᠯ ᠤᠨ ᠲᠠᠩᠬᠢᠮ︾ ᠤᠨ ᠲᠠᠪᠴᠠᠩ ᠢ ᠪᠠᠶᠢᠭᠤᠯᠵᠤ᠂ ᠰᠡᠳᠬᠢᠴᠡ ᠶᠢᠨ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠤᠷᠮ᠎ᠠ ᠰᠡᠳᠬᠢᠯᠭᠡ ᠶᠢᠨ ᠬᠠᠮᠢᠶᠠᠷᠤᠯᠲᠠ᠂ ᠡᠶ᠎ᠡ ᠵᠣᠬᠢᠴᠠᠯ ᠲᠠᠢ ᠡᠴᠢᠭᠡ ᠡᠬᠡ ᠦᠷ᠎ᠡ ᠬᠡᠦᠬᠡᠳ ᠤᠨ ᠬᠠᠷᠢᠴᠠᠭ᠎ᠠ ᠶᠢ ᠪᠠᠶᠢᠭᠤᠯᠬᠤ᠂ ᠰᠤᠷᠤᠯᠴᠠᠯᠭ᠎ᠠ ᠶᠢᠨ ᠳᠠᠷᠤᠯᠲᠠ ᠶᠢ ᠵᠠᠯᠠᠵᠤ ᠵᠢᠯᠤᠭᠤᠳᠬᠤ ᠵᠡᠷᠭᠡ ᠠᠭᠤᠯᠭ᠎ᠠ ᠶᠢᠨ ᠲᠣᠭᠤᠷᠢᠨ ᠳᠤ ᠬᠥᠳᠡᠭᠡ ᠲᠣᠰᠬᠤᠨ ᠤ ᠭᠡᠷ ᠤᠨ ᠠᠬᠠᠮᠠᠳ᠂ ᠰᠤᠷᠤᠭᠴᠢᠳ ᠲᠤ ᠨᠡᠶᠢᠲᠡᠯᠢᠭ ᠰᠡᠳᠬᠢᠴᠡ ᠶᠢᠨ ᠠᠰᠠᠭᠤᠳᠠᠯ ᠢ ᠬᠠᠨᠳᠤᠯᠭ᠎ᠠ ᠲᠠᠢ  ᠪᠠᠷ ᠬᠠᠷᠢᠭᠤᠯᠵᠤ᠂ ᠭᠡᠷ ᠲᠤ ᠪᠠᠨ ᠬᠤᠴᠣᠷᠤᠭᠰᠠᠨ ᠬᠡᠦᠬᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠡᠶ᠎ᠡ ᠵᠣᠬᠢᠴᠠᠯ ᠲᠠᠢ ᠬᠥᠭᠵᠢᠬᠦ ᠶᠢ ᠠᠬᠢᠭᠤᠯᠪᠠ᠃   ᠭᠤᠷᠪᠠ ᠳᠤ᠂ ᠨᠢᠭᠡᠳᠦᠯᠲᠡᠢ ᠲᠥᠯᠥᠪᠯᠡᠬᠦ ᠠᠵᠢᠯ ᠢ ᠴᠢᠩᠭᠠᠳᠬᠠᠵᠤ᠂ ᠣᠨᠴᠠᠭᠠᠶ ᠰᠤᠷᠭᠠᠨ ᠬᠥᠮᠦᠵᠢᠯ ᠤᠨ ᠰᠢᠰᠲ᠋ᠧᠮ ᠢ ᠲᠡᠬᠦᠯᠳᠡᠷᠵᠢᠬᠦᠯᠪᠡ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ︽︿ᠠᠷᠪᠠᠨ ᠳᠥᠷᠪᠡᠳᠦᠭᠡᠷ ᠲᠠᠪᠤᠨ ᠵᠢᠯ﹀ ᠤᠨ  ᠤᠨᠴᠠᠭᠠᠢ ᠰᠤᠷᠭᠠᠨ ᠬᠥᠮᠦᠵᠢᠯ ᠤᠨ ᠬᠥᠭᠵᠢᠯᠲᠡ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠵᠠᠷᠤᠳᠠᠯ ᠤᠨ ᠪᠠᠲᠤᠯᠠᠭ᠎ᠠ᠂ ᠲᠤᠰᠬᠠᠢ ᠮᠡᠷᠭᠡᠵᠢᠯ ᠤᠨ ᠪᠠᠭᠰᠢ ᠶᠢᠨ ᠪᠣᠯᠪᠠᠰᠤᠷᠠᠯ᠂ ᠰᠤᠷᠭᠠᠭᠤᠯᠢ ᠡᠷᠭᠢᠯᠡᠬᠦ ᠨᠥᠬᠦᠴᠡᠯ ᠢ ᠰᠠᠶᠢᠵᠢᠷᠠᠭᠤᠯᠬᠤ ᠵᠡᠷᠭᠡ ᠲᠠᠯ᠎ᠠ ᠪᠠᠷ ᠬᠢ ᠳᠡᠮᠵᠢᠯᠭᠡ ᠶᠢ ᠬᠦᠴᠦᠯᠡᠨ ᠨᠡᠮᠡᠭᠳᠡᠬᠦᠯᠪᠡ᠃ ᠬᠥᠩᠭᠡᠨ ᠵᠡᠮᠳᠡᠭ ᠬᠡᠦᠬᠡᠳ ᠡᠩ ᠤᠨ ᠰᠤᠷᠭᠠᠭᠤᠯᠢ ᠳᠤ ᠠᠩᠭᠢ ᠳᠠᠭᠠᠵᠤ ᠰᠤᠷᠤᠯᠴᠠᠬᠤ᠂ ᠳᠤᠮᠳᠠ ᠶᠢᠨ ᠵᠡᠮᠳᠡᠭ ᠬᠡᠦᠬᠡᠳ ᠣᠨᠴᠣᠭᠤᠢ ᠰᠤᠷᠭᠠᠨ ᠬᠥᠮᠦᠵᠢᠯ ᠤᠨ ᠰᠤᠷᠭᠠᠭᠤᠯᠢ ᠳᠤ ᠰᠤᠷᠤᠯᠴᠠᠬᠤ᠂ ᠨᠤᠴᠢᠳᠠᠢ ᠵᠡᠮᠳᠡᠭ ᠬᠡᠦᠬᠡᠳ ᠢ ᠭᠡᠷ ᠲᠤ ᠨᠢ ᠬᠦᠷᠭᠡᠬᠦ ᠵᠡᠷᠭᠡ ᠠᠷᠭ᠎ᠠ ᠪᠠᠷ ︽ᠨᠢᠭᠡ ᠬᠥᠮᠥᠨ ᠢ ᠨᠢᠭᠡ ᠠᠷᠭ᠎ᠠ︾ ᠪᠠᠷ ᠰᠢᠢᠳᠪᠤᠷᠢᠯᠡᠵᠤ᠂ ᠵᠡᠮᠳᠡᠭ ᠬᠡᠦᠬᠡᠳ ᠪᠤᠯᠭᠠᠨ ᠤ ᠡᠷᠬᠡ ᠲᠡᠭᠰᠢ ᠪᠠᠷ ᠰᠤᠷᠭᠠᠨ ᠬᠥᠮᠦᠵᠢᠯ ᠭᠥᠷᠳᠡᠬᠦ ᠲᠣᠬᠢᠶᠠᠯ ᠢ   ᠦᠨᠡᠨ ᠬᠦ ᠪᠠᠳᠤᠯᠠᠪᠠ᠃ 30 ᠲᠦᠮᠡ ᠠᠴᠠ ᠳᠡᠭᠡᠭᠰᠢ ᠬᠥᠮᠥᠨ ᠲᠠᠢ ᠬᠤᠰᠢᠭᠤ ᠰᠢᠶᠠᠨ ᠳᠤ ᠣᠲᠣ ᠴᠥᠮ ᠤᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠪᠠᠶᠢᠭᠤᠯᠵᠤ᠂ ᠪᠥᠬᠦ ᠣᠷᠣᠨ ᠤ ᠤᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠨᠡᠶᠢᠲᠡ 52᠂  ᠤᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠳᠤ ᠪᠠᠶᠢᠭ᠎ᠠ ᠰᠣᠷᠣᠭᠴᠢ 5920᠂ ᠠᠩᠭᠢ ᠳᠠᠭᠠᠵᠤ ᠰᠤᠷᠤᠯᠴᠠᠵᠤ ᠪᠠᠶᠢᠭ᠎ᠠ ᠰᠣᠷᠣᠭᠴᠢ 6267᠂ 2684 ᠬᠡᠤᠬᠡᠳ ᠢ ᠭᠡᠷ ᠲᠤ ᠨᠢ ᠬᠦᠷᠭᠡᠵᠦ᠂ ᠪᠥᠬᠦ ᠣᠷᠣᠨ ᠤ ᠰᠤᠷᠬᠤ ᠨᠠᠰᠤᠨ ᠤ ᠵᠡᠮᠳᠡᠭ ᠬᠡᠦᠬᠡᠳ ᠪᠠᠭᠠᠴᠤᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠬᠤ ᠨᠣᠷᠮ᠎ᠠ 97% ᠠᠴᠠ ᠳᠡᠭᠡᠭᠰᠢ ᠳᠤ ᠬᠥᠷᠪᠡ᠃   ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠬᠢᠨ ᠲᠠᠷᠠᠭᠠᠴᠢ  ᠪᠠᠷ  ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠬᠤ ᠪᠠᠷ ᠤᠳᠤᠷᠢᠳᠤᠮᠵᠢ ᠪᠣᠯᠭᠠᠵᠤ᠂ ᠭᠡᠷ ᠤᠨ ᠡᠭᠦᠳᠡᠨ ᠳᠤ ᠬᠢ ᠰᠤᠷᠭᠠᠭᠤᠯᠢ  ᠨᠢᠬᠡ ᠪᠦᠷᠢ ᠶᠢ ᠰᠠᠶᠢᠲᠤᠷ ᠡᠷᠭᠢᠯᠡᠬᠦ ᠪᠠᠷ ᠬᠠᠷᠠᠯᠲᠠ ᠪᠣᠯᠭᠠᠨ᠂ ᠡᠬᠢ ᠪᠠᠶᠠᠯᠢᠭ ᠤᠨ ᠬᠠᠩᠭᠠᠯᠭ᠎ᠠ ᠶᠢ ᠤᠯᠠᠮ ᠴᠢᠩᠭᠠᠳᠬᠠᠵᠤ᠂ ᠳᠦᠷᠢᠮ ᠲᠣᠭᠲᠠᠴᠠ ᠶᠢ ᠲᠡᠭᠦᠯᠳᠡᠷᠵᠢᠭᠦᠯᠦᠨ᠂ ᠬᠥᠮᠥᠨ ᠢ ᠬᠥᠮᠥᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠤᠨ ᠪᠥᠬᠦ ᠶᠠᠪᠤᠴᠠ ᠶᠢ ᠬᠡᠦᠬᠡᠳ ᠨᠢᠬᠡ ᠪᠦᠷᠢ ᠶᠢᠨ ᠪᠥᠬᠦ ᠲᠠᠯ᠎ᠠ ᠪᠠᠷ ᠡᠷᠡᠭᠦᠯ ᠢᠶᠠᠷ ᠦᠰᠦᠨ ᠪᠣᠶᠢᠵᠢᠬᠤ  ᠳᠤ ᠦᠢᠯᠡᠴᠢᠯᠡᠬᠦᠯᠵᠤ᠂ ᠬᠡᠦᠬᠡᠳ ᠪᠤᠯᠭᠠᠨ ᠳᠤ ᠠᠮᠢᠳᠤᠷᠠᠯ ᠳᠤ ᠪᠠᠨ ᠬᠡᠷᠡᠯ ᠭᠢᠯᠪᠠᠭ᠎ᠠ ᠪᠠᠨ ᠰᠠᠴᠤᠷᠠᠭᠤᠯᠬᠤ ᠵᠠᠪᠰᠢᠶᠠᠨ ᠢ ᠣᠯᠭᠤᠬᠤ ᠪᠠᠷ ᠴᠢᠷᠮᠠᠶᠢᠨ᠎ᠠ᠃
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号