ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠮᠠᠭᠠᠯᠠᠬᠤ ᠠᠵᠢᠯ ᠢ ᠴᠢᠩᠭᠠᠳᠬᠠᠬᠤ ᠲᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠲᠡᠬᠡᠷᠡᠬᠢ ᠥᠪᠥᠷ ᠮᠣᠩᠭᠤᠯ ᠤᠨ ᠲᠧᠯᠸᠢᠰ ᠬᠤᠷᠢᠶᠠᠨ ᠤ ᠰᠤᠷᠪᠤᠯᠵᠢᠯᠠᠭᠴᠢ ᠶᠢᠨ ᠠᠰᠠᠭᠤᠯᠳᠠ᠄
ᠨᠡᠶᠢᠲᠡᠯᠡᠭᠰᠡᠨ ᠴᠠᠭ᠄
2023/10/12
ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠮᠠᠭᠠᠯᠠᠬᠤ ᠠᠵᠢᠯ ᠢ ᠠᠬᠢᠭᠤᠯᠬᠤ ᠶᠢ ᠳᠠᠭᠠᠯᠳᠤᠨ ᠤᠷᠴᠢᠮ ᠤᠨ ᠵᠢᠯ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠡᠷᠡᠭᠦᠦ ᠶᠢᠨ ᠬᠠᠤᠯᠢ ᠶᠢᠨ ᠭᠦᠢᠴᠡᠳᠬᠡᠬᠦ ᠠᠵᠢᠯᠲᠠᠨ ᠬᠠᠷᠠᠭᠠᠯᠵᠠᠨ ᠬᠠᠮᠠᠭᠠᠯᠠᠬᠤ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ᠂ ᠨᠡᠶᠢᠭᠡᠮ ᠲᠣᠭᠤᠷᠢᠭ ᠤᠨ ᠬᠢᠨ ᠵᠠᠰᠠᠷᠠᠭᠤᠯᠬᠤ ᠲᠠᠯ᠎ᠠ ᠪᠠᠷ ᠤᠯᠠᠮ ᠠᠴᠠ ᠤᠯᠠᠮ  ᠠᠩᠬᠠᠷᠴᠤ ᠪᠠᠶᠢᠨ᠎ᠠ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠬᠢᠨ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠬᠠᠤᠯᠢ ᠪᠠᠷ ᠵᠠᠰᠠᠬᠤ ᠪᠠᠲᠤᠯᠠᠭ᠎ᠠ ᠶᠢᠨ ᠲᠠᠯ᠎ᠠ ᠪᠠᠷ ᠶᠠᠮᠠᠷ ᠶᠠᠮᠠᠷ ᠪᠣᠳᠠᠲᠠᠢ ᠠᠷᠭ᠎ᠠ   ᠠᠪᠤᠭᠰᠠᠨ ᠪᠤᠯ︖ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠠᠤᠯᠢ ᠴᠠᠭᠠᠵᠠ ᠶᠢᠨ ᠲᠢᠩᠬᠢᠮ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠤᠨ ᠡᠷᠬᠢᠯᠡᠭᠴᠢ ᠸᠠᠩ ᠪᠢᠨ ᠤ ᠬᠠᠷᠢᠭᠤᠯᠳᠠ᠄          ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠬᠢᠨ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠮᠠᠭᠠᠯᠠᠬᠤ ᠠᠵᠢᠯ ᠢ  ᠠᠷᠠᠳ ᠤᠨ ᠠᠮᠢᠳᠤᠷᠠᠯ᠂ ᠠᠷᠠᠳ ᠤᠨ ᠰᠡᠳᠬᠢᠯ ᠤᠨ ᠴᠢᠬᠤᠯᠠ ᠢᠨᠵᠧᠨᠧᠷᠢᠩ ᠤᠨ ᠨᠢᠬᠡ ᠪᠣᠯᠭᠠᠵᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠤᠯᠢ ᠪᠠᠷ ᠬᠠᠯᠠᠮᠵᠢᠯᠠᠨ ᠬᠠᠮᠠᠭᠠᠯᠠᠬᠤ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠬᠠᠤᠯᠢ ᠶᠢ ᠲᠦᠭᠡᠮᠡᠯᠵᠢᠭᠦᠯᠬᠦ ᠬᠥᠮᠦᠵᠢᠯ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠲᠦᠪᠰᠢᠨ ᠢ  ᠴᠢᠷᠮᠠᠶᠢᠨ ᠳᠡᠭᠡᠭᠰᠢᠯᠡᠭᠦᠯᠵᠦ᠂ ᠡᠷᠡᠭᠦᠦ ᠰᠢᠢᠳᠬᠡᠯ ᠭᠦᠢᠴᠡᠳᠬᠡᠵᠦ ᠪᠠᠶᠢᠭ᠎ᠠ ᠬᠥᠮᠥᠰ ᠪᠤᠯᠤᠨ ᠬᠤᠣᠷ ᠲᠠᠳᠠᠬᠤ ᠶᠢ ᠨᠢ ᠵᠤᠭᠰᠤᠭᠠᠵᠤ ᠪᠠᠶᠢᠭ᠎ᠠ ᠬᠦᠮᠦᠰ ᠤᠨ ᠨᠠᠰᠤᠨ ᠳᠤ ᠦᠯᠤ ᠬᠦᠷᠬᠦ ᠦᠷ᠎ᠡ ᠬᠡᠤᠬᠡᠳ ᠢ ᠬᠠᠯᠠᠮᠵᠢᠯᠠᠬᠤ ᠠᠵᠢᠯ ᠢ ᠴᠢᠩᠭᠠᠳᠬᠠᠪᠠ᠃       ᠨᠢᠭᠡ ᠳᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠮᠠᠭᠠᠯᠠᠬᠤ ᠲᠤᠬᠠᠢ ᠬᠠᠤᠯᠢ ᠶᠢ ᠲᠦᠭᠡᠮᠡᠯᠵᠢᠭᠦᠯᠬᠦ ᠤᠬᠠᠭᠤᠯᠭ᠎ᠠ ᠬᠦᠮᠤᠵᠢᠯ ᠢ ᠴᠢᠩᠭᠠᠳᠬᠠᠪᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠠᠢ ᠬᠠᠮᠲᠤᠷᠠᠨ ︽ᠵᠠᠯᠠᠭᠤᠴᠤᠳ ᠪᠠᠭᠠᠴᠤᠳ ᠤᠨ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯ ᠢ ᠤᠯᠠᠮ ᠴᠢᠩᠭᠠᠳᠬᠠᠬᠤ ᠲᠤᠬᠠᠢ ᠰᠠᠨᠠᠯ︾ ᠢ ᠨᠡᠶᠢᠲᠡᠯᠡᠵᠦ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠠᠵᠢᠯ ᠢ ︽ᠬᠡᠨ ᠬᠠᠤᠯᠢ ᠬᠡᠷᠡᠭᠵᠢᠭᠦᠯᠪᠡᠯ ᠬᠠᠤᠯᠢ ᠶᠢ ᠬᠡᠨ ᠲᠦᠭᠡᠮᠡᠯᠵᠢᠭᠦᠯᠬᠦ︾ ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠦᠨᠡᠯᠡᠬᠦ ᠬᠡᠪᠴᠢᠶᠡᠨ ᠳᠤ ᠣᠷᠣᠭᠤᠯᠵᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠬᠦ ᠶᠢ  ᠠᠬᠢᠭᠤᠯᠪᠠ᠃ ᠬᠡᠦᠬᠡᠳ ᠤᠨ ᠪᠡᠶ᠎ᠡ ᠰᠡᠳᠬᠢᠯ ᠤᠨ ᠣᠨᠴᠠᠯᠢᠭ ᠲᠤ ᠴᠢᠭᠯᠡᠭᠦᠯᠦᠨ 50 ᠬᠤᠭᠤᠴᠠᠭᠠᠨ ᠤ ᠬᠠᠤᠯᠢ ᠪᠠᠷ ᠵᠠᠰᠠᠬᠤ ᠺᠠᠷᠲ᠋ᠣᠨ ᠺᠢᠨᠣ᠋ ︽ᠵᠢᠭᠠᠯ ᠰᠧ ᠢᠷᠡᠯ᠎ᠡ︾᠂ 100 ᠪᠦᠯᠦᠭᠳᠤ ᠸᠢᠳᠢᠤ᠋ ᠹᠢᠯᠢᠮ ︽ᠤᠳᠤ ᠪᠠᠷ ᠢᠶᠠᠨ ᠬᠠᠤᠯᠢ ᠶᠠᠷᠢᠶ᠎ᠠ︾ ᠶᠢ ᠵᠣᠬᠢᠶᠠᠵᠤ᠂ ᠬᠠᠤᠯᠢ ᠴᠠᠭᠠᠵᠠ ᠶᠢᠨ ︽ᠦᠷ᠎ᠡ︾ ᠶᠢ ᠰᠠᠴᠤᠵᠤ ᠬᠡᠦᠬᠡᠳ ᠤᠨ ᠡᠷᠡᠭᠦᠯ ᠦᠰᠤᠯᠳᠡ ᠳᠤ ᠬᠦᠴᠦᠨ ᠨᠡᠮᠡᠷᠢᠯᠡᠪᠡ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠥᠯᠥ ᠭᠦᠷᠦᠭᠰᠡᠳ ᠤᠨ ᠶᠠᠯ᠎ᠠ ᠬᠢᠬᠦ ᠶᠢ ᠰᠡᠷᠭᠡᠶᠢᠯᠡᠬᠦ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠵᠣᠬᠢᠶᠠᠨ ᠪᠠᠶᠢᠭᠤᠯᠤᠨ ᠤᠬᠠᠭᠤᠯᠵᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠪᠠ᠃ ᠵᠢᠯ ᠪᠦᠷᠢ ᠶᠢᠨ ︽4.15 ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ︾᠂ ︽5 ᠳ᠋ᠤᠭᠠᠷ ᠰᠠᠷ᠎ᠠ ᠶᠢᠨ ᠢᠷᠭᠡᠨ ᠤ ᠬᠠᠤᠯᠢ ᠶᠢᠨ ᠪᠢᠴᠢᠭ ᠤᠨ ᠤᠬᠠᠭᠤᠯᠭ᠎ᠠ ᠶᠢᠨ ᠰᠠᠷ᠎ᠠ︾ ︽12 ᠳ᠋ᠤᠭᠠᠷ ᠰᠠᠷ᠎ᠠ ᠶᠢᠨ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾ ᠲᠡᠬᠡᠷ᠎ᠡ ᠬᠦᠴᠢᠷᠳᠡᠯ ᠳᠤ ᠲᠤᠯᠭᠠᠷᠠᠭᠰᠠᠨ ᠬᠡᠦᠬᠡᠳ ᠢ  ᠬᠠᠯᠠᠮᠵᠢᠯᠠᠵᠤ᠂ ᠬᠠᠤᠯᠢ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠦᠷᠨᠢᠬᠦᠯᠪᠡ᠃ ᠦᠨᠤ ᠵᠢᠯ ︽ᠰᠠᠶᠢᠨ ᠰᠠᠶᠢᠬᠠᠨ ᠠᠮᠢᠳᠤᠷᠠᠯ  ᠳᠤ ᠢᠷᠭᠡᠨ ᠤ ᠬᠠᠤᠯᠢ ᠶᠢᠨ ᠪᠢᠴᠢᠭ ᠢ ᠬᠠᠨᠢ ᠪᠤᠯᠤᠨ᠎ᠠ︾ ᠬᠡᠬᠦ ᠨᠡᠶᠢᠭᠡᠮ ᠲᠣᠭᠤᠷᠢᠭ ᠲᠤ ᠣᠷᠣᠬᠤ ᠠᠵᠢᠯᠯᠠᠭ᠎ᠠ ᠪᠠᠷ ︽ᠪᠠᠭᠠᠴᠤᠳ ᠬᠡᠦᠬᠡᠳ ᠤᠨ ᠬᠠᠤᠯᠢ ᠶᠢ ᠲᠦᠭᠡᠮᠡᠯᠵᠢᠭᠦᠯᠬᠦ ᠬᠢᠴᠢᠶᠡᠯ ︾ ᠢ ᠲᠣᠬᠢᠷᠠᠭᠤᠯᠵᠤ᠂ ᠥᠪᠥᠷ ᠮᠣᠩᠭᠤᠯ ᠤᠨ ᠲᠧᠯᠸᠢᠰ ᠬᠤᠷᠢᠶᠠᠨ ᠤ ᠪᠠᠭᠠᠴᠤᠳ ᠬᠡᠦᠬᠡᠳ ᠤᠨ ᠰᠤᠪᠠᠭ ᠤᠨ ᠬᠢᠨ ᠲᠠᠢ ᠬᠠᠮᠲᠤᠷᠠᠨ ᠵᠠᠯᠠᠭᠤᠴᠤᠳ ᠪᠠᠭᠠᠴᠤᠳ ᠤᠨ ᠦᠨᠳᠦᠰᠦᠨ ᠬᠠᠤᠯᠢ ᠶᠢᠨ ᠭᠤᠣᠯ ᠰᠡᠳᠦᠪᠲᠦ ᠤᠬᠠᠭᠤᠯᠭ᠎ᠠ ᠶᠢᠨ ᠣᠨᠴᠠᠭᠠᠢ ᠫᠷᠣᠭ᠍ᠷᠠᠮ ᠢ ᠰᠢᠩᠭᠡᠬᠡᠨ ᠦᠢᠯᠡᠳᠴᠡᠢ᠃     ᠬᠤᠶᠠᠷ ᠲᠤ᠂ ᠨᠠᠰᠤᠨ ᠳᠤ ᠥᠯᠥ ᠭᠦᠷᠦᠭᠰᠡᠳ ᠲᠤ ᠬᠠᠤᠯᠢ ᠴᠠᠭᠠᠵᠨ ᠶᠢᠨ ᠲᠤᠰᠠᠯᠠᠮᠵᠢ ᠦᠵᠡᠬᠦᠯᠬᠦ ᠠᠵᠢᠯ ᠢ ᠴᠢᠩᠭᠠᠳᠬᠠᠪᠠ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠨᠢ ᠨᠠᠰᠤᠨ ᠳᠤ ᠥᠯᠥ ᠭᠦᠷᠦᠭᠰᠡᠳ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠡᠷᠬᠡ ᠪᠠᠨ ᠬᠠᠮᠠᠭᠠᠯᠠᠬᠤ ᠲᠤᠬᠳᠠᠴᠨ ᠶᠢ ᠢᠳᠡᠪᠬᠢᠳᠡᠢ ᠰᠢᠨᠡᠴᠢᠯᠡᠨ ᠰᠦᠪᠡᠭᠴᠢᠯᠡᠪᠡ᠃ ᠪᠥᠬᠦ ᠣᠷᠣᠨ ᠤ ᠡᠯ᠎ᠡ ᠱᠠᠲᠤᠨ ᠤ ᠬᠠᠤᠯᠢ ᠪᠠᠷ ᠲᠤᠰᠠᠯᠠᠬᠤ ᠪᠠᠶᠢᠭᠤᠯᠤᠮᠵᠢ ᠨᠤᠭᠤᠳ ︽6 · 1︾ ᠤ ᠬᠡᠦᠬᠡᠳ ᠤᠨ ᠪᠠᠶᠠᠷ ᠲᠠᠢ ᠤᠶᠠᠯᠳᠤᠭᠤᠯᠤᠨ᠂ ᠬᠠᠤᠯᠢ ᠶᠢ ᠰᠤᠷᠭᠠᠭᠤᠯᠢ ᠶᠢᠨ ᠬᠦᠷᠢᠶᠡᠨ ᠳᠤ ᠬᠦᠷᠭᠡᠬᠦ᠂ ᠨᠡᠶᠢᠭᠡᠮ ᠲᠣᠭᠤᠷᠢᠭ ᠲᠤ ᠬᠦᠷᠭᠡᠬᠦ᠂ ᠬᠥᠳᠡᠭᠡ ᠲᠣᠰᠬᠤᠨ ᠳᠤ ᠬᠦᠷᠭᠡᠬᠦ ᠵᠡᠷᠭᠡ ᠠᠵᠢᠯᠯᠠᠭ᠎ᠠ ᠶᠢ ᠶᠡᠭᠡ ᠪᠠᠷ ᠥᠷᠨᠢᠭᠦᠯᠵᠦ᠂ ᠰᠢᠨ᠎ᠡ ᠵᠠᠭᠤᠴᠢᠯᠠᠭᠤᠷ ᠢ ᠭᠦᠢᠴᠡᠳ ᠬᠡᠷᠡᠭᠯᠡᠨ᠂ ︽ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ︾ ᠶᠢ ᠢᠳᠡᠪᠬᠢᠲᠡᠢ ᠤᠬᠠᠭᠤᠯᠵᠤ᠂ ᠬᠠᠤᠯᠢ ᠴᠠᠭᠠᠵᠠ ᠶᠢᠨ ᠲᠤᠰᠠᠯᠠᠮᠵᠢ ᠶᠢ ᠨᠡᠩ ᠤᠯᠠᠨ ᠨᠠᠰᠤᠨ ᠳᠤ ᠥᠯᠥ ᠭᠦᠷᠦᠭᠰᠡᠳ ᠲᠤ ᠮᠡᠳᠡᠬᠦᠯᠪᠡ᠃ ᠳᠣᠲᠣᠭᠠᠳᠤ ᠶᠢ ᠬᠠᠮᠠᠭᠠᠯᠠᠬᠤ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ ᠵᠡᠷᠬᠡ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ᠂ ᠨᠠᠰᠤᠨ ᠳᠤ ᠥᠯᠥ ᠭᠦᠷᠦᠭᠰᠡᠳ ᠤᠨ ᠡᠷᠡᠭᠦᠦ ᠶᠢᠨ ᠬᠡᠷᠡᠭ ᠤᠨ ᠮᠡᠳᠡᠭᠳᠡᠯ ᠤᠨ ᠥᠮᠥᠭᠯᠡᠬᠦ ᠬᠡᠷᠡᠭ ᠪᠤᠯᠤᠨ  ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠭᠰᠠᠨ ᠬᠡᠷᠡᠭ ᠤᠨ ᠲᠤᠰᠢᠶᠠᠬᠤ ᠪᠠ ᠭᠥᠯᠢᠶᠡᠨ ᠠᠪᠬᠤ ᠭᠠᠷᠳᠠᠮ ᠢ ᠰᠢᠯᠵᠢᠬᠦᠯᠬᠦ ᠠᠵᠢᠯ ᠢ ᠰᠢᠯᠤᠭᠤᠳᠬᠠᠪᠠ᠃ ᠨᠠᠰᠤᠨ ᠳᠤ ᠥᠯᠥ ᠭᠦᠷᠦᠭᠰᠡᠳ ᠲᠤ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ︽ᠰᠠᠭᠠᠳ ᠨᠡᠪᠲᠡᠷᠡᠬᠦ ᠵᠠᠮ︾ ᠢ ᠨᠡᠭᠡᠭᠡᠵᠦ᠂ ︽  ᠤᠷᠢᠳ ᠢᠶᠠᠷ ᠲᠣᠬᠢᠷᠠᠭᠤᠯᠬᠤ᠂  ᠤᠶᠢᠳ ᠢᠶᠠᠷ ᠭᠦᠢᠴᠡᠳᠬᠡᠬᠦ᠂ ᠴᠢᠨᠠᠷ ᠰᠠᠶᠢᠲᠠᠢ ᠦᠢᠯᠡᠴᠢᠯᠡᠬᠦ︾ ︽ᠭᠤᠷᠪᠠᠨ ᠰᠢᠯᠢᠳᠡᠭ︾ ᠤᠨ ᠵᠠᠷᠴᠢᠮ ᠢ ᠵᠢᠷᠤᠮᠯᠠᠪᠠ᠃ ᠳᠣᠲᠣᠭᠠᠳᠤ ᠶᠢ ᠬᠠᠮᠠᠭᠠᠯᠠᠬᠤ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ ᠶᠢᠨ ᠬᠢᠨ ᠠᠴᠠ ᠥᠮᠥᠭᠯᠡᠭᠦᠯᠬᠦ ᠪᠠᠷ ᠮᠡᠳᠡᠭᠳᠡᠭᠰᠡᠨ ᠨᠠᠰᠤᠨ ᠳᠤ ᠦᠯᠤ ᠬᠥᠷᠦᠭᠰᠡᠳ ᠤᠨ ᠡᠷᠡᠭᠦᠦ ᠶᠢᠨ ᠬᠡᠷᠡᠭ ᠲᠤ ᠨᠠᠰᠤᠨ ᠳᠤ ᠦᠯᠤ ᠬᠥᠷᠦᠭᠰᠡᠳ ᠤᠨ ᠰᠡᠳᠬᠢᠴᠡ ᠶᠢᠨ ᠣᠨᠴᠠᠯᠢᠭ ᠢ ᠰᠠᠶᠢᠨ ᠮᠡᠳᠡᠳᠡᠭ᠂ ᠬᠡᠷᠡᠭ ᠰᠢᠢᠳᠪᠦᠷᠢᠯᠡᠬᠦ ᠲᠤᠷᠰᠢᠯᠭ᠎ᠠ ᠪᠠᠷ ᠪᠠᠶᠠᠯᠢᠭ ᠬᠠᠤᠯᠢᠴᠢ ᠶᠢ ᠲᠡᠷᠡ ᠳᠠᠷᠤᠢ ᠳᠤ  ᠨᠢ  ᠲᠣᠮᠢᠯᠠᠨ ᠥᠮᠥᠭᠯᠡᠭᠴᠢ ᠪᠣᠯᠭᠠᠵᠤ᠂ ︽ᠲᠤᠰᠠᠯᠠᠪᠠᠯ ᠵᠣᠬᠢᠬᠤ ᠶᠢ ᠨᠢ ᠴᠥᠮ ᠲᠤᠰᠠᠯᠠᠵᠤ᠂ ᠲᠤᠰᠠᠯᠠᠪᠠᠯ ᠵᠣᠬᠢᠬᠤ ᠶᠢ ᠨᠢ ᠵᠠᠪᠠᠯ ᠲᠤᠰᠠᠯᠠᠬᠤ︾ ᠶᠢ ᠪᠡᠶᠡᠯᠡᠭᠦᠯᠪᠡ᠃ ᠥᠪᠥᠷ ᠮᠣᠩᠭᠤᠯ ᠤᠨ ︽12348︾ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ  ᠪᠠᠶᠢᠡᠭᠭᠤ ᠶᠢᠨ ᠲᠠᠪᠴᠠᠩ ᠬᠢᠭᠡᠳ ᠥᠪᠥᠷ ᠮᠣᠩᠭᠤᠯ ᠤᠨ 12355 ᠵᠠᠯᠠᠭᠤᠴᠤᠳ ᠪᠠᠭᠠᠴᠤᠳ ᠤᠨ ᠦᠢᠯᠡᠴᠢᠯᠡᠭᠡᠨ ᠤ ᠲᠠᠪᠴᠠᠩ ᠤᠨ ᠬᠤᠯᠪᠣᠯᠳᠤᠨ ᠨᠡᠪᠲᠡᠷᠡᠯᠴᠡᠬᠦ ᠶᠢᠨ ᠰᠢᠨ᠎ᠡ ᠶᠢ ᠡᠭᠦᠳᠦᠨ᠂ ᠨᠠᠰᠤᠨ ᠳᠤ ᠥᠯᠥ ᠭᠦᠷᠦᠭᠰᠡᠳ ᠤᠨ ᠬᠠᠤᠯᠢ ᠴᠠᠭᠠᠵᠠ ᠶᠢᠨ ᠯᠠᠪᠯᠠᠯᠭ᠎ᠠ ᠶᠢ ᠲᠡᠷᠡ ᠳᠠᠷᠤᠢ ᠳᠤ  ᠨᠢ ᠭᠥᠯᠢᠶᠡᠨ ᠠᠪᠴᠤ᠂ ᠵᠠᠯᠠᠭᠤᠴᠤᠳ ᠪᠠᠭᠠᠴᠤᠳ ᠲᠤ ᠬᠠᠤᠯᠢ ᠴᠠᠭᠠᠵᠠ ᠶᠢᠨ ᠬᠠᠪᠰᠤᠷᠤᠯᠭ᠎ᠠ ᠬᠠᠩᠭᠠᠬᠤ ᠪᠠᠷ ᠪᠠᠷᠠᠬᠤ ᠦᠭᠡᠢ ᠨᠠᠩ ᠴᠤ ᠵᠠᠯᠠᠭᠤᠴᠤᠳ ᠪᠠᠭᠠᠴᠤᠳ ᠲᠤ ᠰᠡᠳᠬᠢᠴᠡ ᠶᠢᠨ ᠵᠢᠯᠣᠭᠤᠳᠤᠯᠭ᠎ᠠ  ᠬᠠᠨᠭ᠍ᠭᠠᠪᠠ᠃ ︽ᠢᠨᠲ᠋ᠧᠷ ᠰᠦᠯᠵᠢᠶ᠎ᠡ +︾ ᠠᠷᠭ᠎ᠠ  ᠪᠠᠷ ᠨᠠᠰᠤᠨ ᠳᠤ ᠥᠯᠥ ᠭᠦᠷᠦᠭᠰᠡᠳ ᠤᠨ ᠵᠥᠷᠢᠴᠡᠯ ᠵᠢᠭᠤᠷᠠᠯᠳᠤᠭᠠᠨ ᠢ ᠠᠷᠢᠯᠭᠠᠵᠤ᠂ ᠢᠯᠡᠳᠲᠡ ᠨᠡᠶᠢᠭᠡᠮ ᠤᠨ ᠦᠷ᠎ᠡ ᠪᠦᠲᠦᠮᠵᠢ ᠣᠯᠪᠠ᠃   ᠭᠤᠷᠪᠠ ᠳᠤ᠂ ᠡᠷᠡᠭᠦᠦ ᠶᠢᠨ ᠰᠢᠢᠳᠬᠡᠯ ᠭᠦᠢᠴᠡᠳᠬᠡᠭᠰᠡᠳ᠂ ᠠᠯᠪᠠᠳᠠᠯᠭ᠎ᠠ ᠪᠠᠷ ᠲᠤᠰᠠᠭᠠᠷᠯᠠᠵᠤ ᠬᠤᠣᠷ ᠲᠠᠳᠠᠬᠤ  ᠶᠢ ᠨᠢ ᠵᠤᠭᠰᠤᠭᠠᠵᠤ ᠪᠠᠶᠢᠭ᠎ᠠ ᠬᠥᠮᠥᠰ ᠤᠨ ᠭᠡᠷ ᠪᠦᠯᠢ ᠶᠢᠨ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠷᠠᠭᠠᠯᠵᠠᠨ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠨᠡᠶᠢᠭᠡᠮ ᠲᠣᠭᠤᠷᠢᠭ ᠤᠨ ᠵᠠᠰᠠᠨ ᠵᠠᠯᠠᠷᠠᠭᠤᠯᠵᠤ ᠪᠠᠶᠢᠭ᠎ᠠ ᠨᠠᠰᠤᠨ ᠳᠤ ᠦᠯᠦ  ᠬᠦᠷᠦᠭᠰᠡᠳ ᠢ ᠬᠠᠯᠠᠮᠵᠢᠯᠠᠨ ᠲᠡᠳᠬᠦᠬᠦ ᠶᠢ ᠠᠵᠢᠯ ᠢ ᠴᠢᠩᠭᠠᠳᠬᠠᠪᠠ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠭᠢᠨᠳᠠᠨ ᠤ ᠰᠢᠰᠲ᠋ᠧᠮ ᠤᠨ ᠬᠢᠨ ︽ᠨᠡᠷᠡᠨ ᠬᠡᠷᠡᠯᠳᠦ ᠰᠦᠶ᠎ᠡ ︾ ᠬᠡᠬᠦ ᠶᠠᠯᠠᠲᠠᠨ ᠤ ᠨᠠᠰᠤᠨ ᠳᠤ ᠬᠦᠷᠤᠬᠡᠳᠤᠢ ᠦᠷ᠎ᠡ ᠬᠡᠦᠬᠡᠳ ᠢ ᠬᠠᠯᠠᠮᠵᠢᠯᠠᠨ ᠬᠠᠮᠠᠭᠠᠯᠠᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠪᠣᠳᠠᠲᠠᠢ ᠪᠠᠶᠢᠳᠠᠯ ᠤᠨ ᠲᠣᠭᠤᠷᠢᠨ ᠳᠤ ︽ᠨᠢᠭᠡ ᠳᠤ ᠨᠢᠭᠡ︾ ᠶᠢᠨ ᠬᠤᠣᠰᠯᠠᠯ ᠪᠠᠶᠢᠭᠤᠯᠤᠨ ᠲᠡᠳᠬᠦᠵᠤ᠂ ᠶᠠᠯᠠᠲᠠᠨ ᠤ ᠨᠠᠰᠤᠨ ᠳᠤ ᠬᠦᠷᠤᠬᠡᠳᠤᠢ ᠦᠷ᠎ᠡ ᠬᠡᠦᠬᠡᠳ ᠢ ᠰᠤᠷᠭᠠᠨ ᠬᠥᠮᠦᠵᠢᠯ᠂ ᠰᠡᠳᠬᠢᠴᠡ᠂ ᠠᠮᠢᠳᠤᠷᠠᠯ ᠵᠡᠷᠭᠡ ᠲᠠᠯ᠎ᠠ ᠪᠠᠷ ᠬᠠᠪᠰᠤᠷᠪᠠ ᠬᠠᠩᠭᠠᠪᠠ᠃ ᠡᠯ᠎ᠡ ᠬᠤᠷᠢᠭᠤᠯ ᠤᠨ ᠭᠠᠵᠠᠷ ᠤᠨ ᠬᠢᠨ ᠲᠦᠷᠦᠯ ᠰᠠᠳᠤᠨ ᠲᠠᠢ ᠪᠠᠨ ᠠᠭᠤᠯᠵᠠᠬᠤ᠂ ᠬᠠᠶᠢᠷ᠎ᠠ ᠰᠡᠳᠬᠢᠯᠬᠡ ᠶᠢᠨ ᠬᠠᠯᠠᠮᠵᠢ ᠬᠦᠷᠳᠡᠬᠡᠬᠦ᠂ ᠬᠤᠣᠰᠯᠠᠨ ᠲᠡᠳᠬᠦᠬᠦ ᠵᠡᠷᠭᠡ ᠬᠡᠯᠪᠡᠷᠢ ᠪᠠᠷ ᠲᠦᠷᠦᠯ ᠰᠠᠳᠤᠨ ᠤ ᠪᠠᠨ ᠬᠠᠶᠢᠷ᠎ᠠ ᠰᠡᠳᠬᠢᠯᠭᠡ ᠶᠢ ᠳᠠᠮᠵᠢᠭᠤᠯᠵᠤ᠂ ᠬᠤᠯᠪᠣᠭ᠎ᠠ ᠲᠠᠰᠤᠷᠠᠬᠤ ᠦᠭᠡᠢ ᠪᠠᠶᠢᠬᠤ ᠶᠢ ᠪᠠᠲᠤᠯᠠᠵᠠᠢ᠃  ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠬᠤᠣᠷ ᠲᠠᠲᠠᠬᠤ ᠶᠢ ᠵᠣᠭᠰᠤᠭᠠᠬᠤ ᠰᠢᠰᠲ᠋ᠧᠮ ᠤᠨ ᠬᠢᠨ ᠠᠯᠪᠠᠳᠠᠯᠭ᠎ᠠ ᠪᠠᠷ ᠲᠤᠰᠠᠭᠠᠷᠯᠠᠵᠤ ᠬᠤᠣᠷ ᠲᠠᠳᠠᠬᠤ ᠶᠢ ᠨᠢ ᠵᠤᠬᠰᠤᠭᠠᠵᠤ ᠪᠠᠶᠢᠭ᠎ᠠ ᠬᠥᠮᠥᠰ ᠤᠨ ᠬᠢᠨᠠᠨ ᠬᠠᠮᠠᠭᠠᠯᠠᠭᠴᠢ ᠳᠤᠲᠠᠭᠳᠠᠵᠤ ᠪᠠᠶᠢᠭ᠎ᠠ ᠨᠠᠰᠤᠨ ᠳᠤ ᠬᠦᠷᠦᠭᠡᠳᠦᠶ ᠦᠷ᠎ᠡ ᠬᠡᠦᠬᠡᠳ ᠢ ᠨᠠᠷᠢᠯᠢᠭ ᠣᠨᠣᠴᠠᠲᠠᠢ ᠵᠢᠭᠰᠠᠭᠠᠨ ᠪᠠᠶᠢᠴᠠᠭᠠᠵᠤ᠂ ᠣᠯᠠᠨ ᠲᠠᠯ᠎ᠠ ᠪᠠᠷ ᠬᠤᠯᠪᠤᠭᠠᠯᠠᠨ ᠬᠥᠳᠡᠯᠦᠯᠴᠡᠵᠦ᠂ ᠲᠣᠭᠲᠠᠮᠠᠯ ᠬᠤᠭᠤᠴᠠᠭ᠎ᠠ ᠲᠠᠢ ᠪᠠᠷ ︽ᠭᠡᠷ ᠲᠤ ᠬᠦᠷᠴᠤ ᠰᠤᠷᠪᠤᠯᠵᠢᠯᠠᠨ ᠲᠡᠳᠬᠦᠬᠦ᠂ ᠶᠠᠷᠢᠯᠴᠠᠭ᠎ᠠ ᠬᠢᠵᠦ ᠰᠡᠳᠬᠢᠯ ᠢ ᠳᠤᠯᠠᠭᠠᠴᠠᠭᠤᠯᠬᠤ︾ ᠠᠵᠢᠯᠯᠠᠭ᠎ᠠ ᠶᠢ ᠥᠷᠨᠢᠭᠦᠯᠵᠦ᠂ ᠬᠤᠣᠷ ᠲᠠᠳᠠᠬᠤ ᠶᠢ ᠨᠢ ᠵᠣᠭᠰᠤᠭᠠᠬᠤ ᠲᠠᠯᠠᠪᠤᠷ ᠤᠨ ᠬᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠮᠢᠯᠠᠭᠰᠠᠨ ᠰᠠᠯᠪᠤᠷᠢ᠂ ᠲᠣᠰᠬᠤᠨ ᠤ ᠠᠷᠠᠳ ᠤᠨ ᠵᠥᠪᠯᠡᠯ ᠵᠡᠷᠭᠡ ᠰᠠᠯᠠᠭ᠎ᠠ ᠮᠥᠴᠢᠷ ᠤᠨ ᠬᠢᠨ ᠲᠠᠢ ᠰᠠᠨᠠᠭᠠᠴᠢᠯᠠᠭ᠎ᠠ ᠠᠴᠠ ᠪᠠᠨ ᠵᠣᠬᠢᠴᠠᠭᠤᠯᠵᠤ᠂ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠬᠢᠭᠡᠳ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠪᠦᠲᠦᠮᠵᠢᠲᠡᠶ ᠵᠣᠯᠭᠠᠭᠤᠯᠬᠤ ᠶᠢ ᠠᠬᠢᠭᠤᠯᠵᠤ᠂ ᠠᠯᠪᠠᠳᠠᠯᠭ᠎ᠠ ᠪᠠᠷ ᠬᠤᠣᠷ ᠲᠠᠳᠠᠬᠤ  ᠶᠢ ᠨᠢ ᠵᠤᠬᠰᠤᠭᠠᠵᠤ ᠪᠠᠶᠢᠭ᠎ᠠ ᠬᠦᠮᠦᠰ ᠤᠨ ᠠᠰᠠᠷᠠᠨ ᠲᠡᠵᠢᠭᠡᠬᠦ ᠬᠥᠮᠥᠨ ᠦᠭᠡᠢ ᠦᠷ᠎ᠡ ᠬᠡᠦᠬᠡᠳ ᠲᠤ ᠬᠠᠤᠯᠢ ᠪᠠᠷ ᠵᠠᠰᠠᠬᠤ ᠤᠬᠠᠭᠤᠯᠭ᠎ᠠ᠂ ᠰᠤᠷᠤᠯᠴᠠᠯᠭ᠎ᠠ ᠶᠢᠨ ᠳᠡᠮᠵᠢᠯᠭᠡ᠂ ᠰᠡᠳᠬᠢᠴᠡ ᠶᠢᠨ ᠵᠢᠯᠣᠭᠤᠳᠤᠯᠭ᠎ᠠ ᠵᠡᠷᠭᠡ ᠠᠵᠢᠯ ᠢ ᠰᠠᠶᠢᠲᠤᠷ ᠬᠢᠵᠦ᠂ ᠲᠡᠳᠡᠨ ᠤ ᠨᠠᠰᠤᠨ ᠳᠤ ᠬᠦᠷᠤᠬᠡᠳᠤᠢ ᠦᠷ᠎ᠡ ᠬᠡᠦᠬᠡᠳ ᠢ ᠨᠠᠩ ᠰᠠᠶᠢᠲᠤᠷ ᠲᠡᠳᠬᠦᠵᠦ ᠲᠤᠰᠠᠯᠠᠪᠠ᠃ ᠪᠥᠬᠦ ᠣᠷᠣᠨ ᠤ ᠡᠯ᠎ᠡ ᠱᠠᠲᠤᠨ ᠤ ᠨᠡᠶᠢᠭᠡᠮ ᠲᠣᠭᠤᠷᠢᠭ ᠤᠨ ᠵᠠᠯᠠᠷᠠᠭᠤᠯᠬᠤ ᠪᠠᠶᠢᠭᠤᠯᠤᠮᠵᠢ ᠨᠢ ᠨᠡᠶᠢᠭᠡᠮ ᠲᠣᠭᠤᠷᠢᠭ ᠤᠨ ᠵᠠᠰᠠᠨ ᠵᠠᠯᠠᠷᠠᠭᠤᠯᠵᠤ ᠪᠠᠶᠢᠭ᠎ᠠ ᠨᠠᠰᠤᠨ ᠳᠤ ᠬᠦᠷᠤᠬᠡᠳᠤᠢ  ᠬᠡᠤᠬᠡᠳ ᠤᠨ ᠨᠠᠰᠤ ᠵᠢᠯ᠂ ᠰᠡᠳᠬᠢᠴᠡ ᠶᠢᠨ ᠣᠨᠴᠠᠯᠢᠭ᠂ ᠦᠰᠦᠨ ᠪᠣᠶᠢᠵᠢᠭᠰᠠᠨ ᠥᠩᠭᠡᠷᠡᠯᠲᠡ᠂ ᠶᠠᠯ᠎ᠠ ᠬᠢᠭᠰᠡᠨ ᠰᠢᠯᠲᠠᠭᠠᠨ᠂ ᠭᠡᠷ ᠪᠦᠯᠢ ᠶᠢᠨ ᠬᠠᠷᠠᠭᠠᠯᠵᠠᠨ ᠬᠠᠮᠠᠭᠠᠯᠠᠬᠤ ᠰᠤᠷᠭᠠᠨ ᠬᠥᠮᠦᠵᠢᠯ ᠤᠨ ᠨᠥᠬᠦᠴᠡᠯ ᠵᠡᠷᠭᠡ ᠪᠠᠶᠢᠳᠠᠯ ᠢ ᠦᠨᠳᠦᠰᠦᠯᠡᠨ᠂ ᠪᠣᠳᠠᠲᠠᠢ ᠬᠡᠷᠡᠭᠵᠢᠭᠦᠯᠵᠦ ᠪᠣᠯᠬᠤᠶᠢᠴᠠ ᠬᠠᠪᠰᠤᠷᠤᠨ ᠲᠡᠳᠬᠦᠬᠦ ᠬᠠᠮᠢᠶᠠᠷᠤᠯᠲᠠ ᠶᠢᠨ ᠠᠷᠭ᠎ᠠ ᠶᠢ ᠰᠤᠳᠤᠯᠤᠨ ᠲᠣᠭᠲᠠᠭᠠᠵᠤ᠂ ᠬᠠᠮᠢᠶᠠᠷᠤᠯᠲᠠ ᠶᠢᠨ ᠲᠣᠭᠲᠠᠭᠠᠯ ᠢ ᠪᠣᠳᠠᠲᠠᠢ ᠳᠤ ᠨᠠᠶᠢᠳᠠᠪᠤᠷᠢᠵᠢᠭᠤᠯᠤᠨ᠂ ᠲᠡᠳᠡᠨ ᠤ ᠳᠦᠷᠢᠮ ᠰᠠᠬᠢᠯᠭ᠎ᠠ ᠶᠢ ᠵᠢᠷᠤᠮᠯᠠᠬᠤ ᠦᠵᠡᠯ ᠤᠬᠠᠮᠰᠠᠷ ᠢ  ᠲᠡᠭᠡᠭᠰᠢᠯᠡᠬᠦᠯᠪᠡ᠃ ᠡᠯ᠎ᠡ ᠲᠠᠯ᠎ᠠ ᠶᠢᠨ ᠬᠢᠨ ᠤ ᠳᠡᠮᠵᠢᠯᠭᠡ ᠶᠢ ᠣᠯᠬᠤ ᠪᠠᠷ ᠢᠳᠡᠪᠬᠢᠲᠡᠢ ᠴᠢᠷᠮᠠᠶᠢᠵᠤ᠂ ᠲᠣᠭᠲᠠᠮᠠᠯ ᠬᠤᠭᠤᠴᠠᠭ᠎ᠠ ᠲᠠᠢ ᠪᠠᠷ ᠰᠡᠳᠬᠢᠴᠡ ᠶᠢᠨ ᠵᠥᠪᠯᠡᠯᠭᠡ ᠥᠭᠭᠦᠭᠴᠢ ᠶᠢ ᠤᠷᠢᠵᠤ ᠰᠡᠳᠬᠢᠴᠡ ᠶᠢᠨ ᠵᠥᠪᠯᠡᠯᠭᠡ ᠥᠭᠬᠦ ᠠᠵᠢᠯᠯᠠᠭ᠎ᠠ ᠥᠷᠨᠢᠭᠦᠯᠦᠨ᠂ ᠨᠡᠶᠢᠭᠡᠮ ᠲᠣᠭᠤᠷᠢᠭ ᠤᠨ ᠵᠠᠰᠠᠨ ᠵᠠᠯᠠᠷᠠᠭᠤᠯᠵᠤ ᠪᠠᠶᠢᠭ᠎ᠠ ᠨᠠᠰᠤᠨ ᠳᠤ ᠬᠦᠷᠦᠭᠡᠳᠦᠢ ᠬᠡᠤᠬᠡᠳ ᠢ‌‍ᠢ ᠬᠠᠪᠰᠤᠷᠤᠨ ᠰᠡᠳᠬᠢᠴᠡ ᠶᠢᠨ ᠠᠰᠠᠭᠤᠳᠠᠯ ᠪᠠ ᠠᠮᠢᠳᠤᠷᠠᠯ ᠤᠨ ᠠᠰᠠᠭᠤᠳᠠᠯ ᠢ ᠨᠢ ᠰᠢᠢᠳᠪᠦᠷᠢᠯᠡᠵᠦ᠂ ᠲᠡᠳᠡᠨ ᠢ ᠬᠠᠪᠰᠤᠷᠤᠨ ᠪᠤᠷᠤᠭᠤ ᠪᠠᠨ ᠬᠠᠯᠠᠵᠤ ᠵᠠᠰᠠᠷᠠᠬᠤ ᠢᠲᠡᠭᠡᠯ ᠢ ᠨᠢ ᠪᠤᠢ ᠪᠣᠯᠭᠠᠵᠤ᠂ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠶᠢ ᠨᠢ ᠬᠥᠮᠥᠵᠢᠭᠦᠯᠦᠨ᠂ ᠨᠡᠶᠢᠭᠡᠮ ᠳᠤ ᠨᠡᠩ ᠲᠦᠷᠭᠡᠨ ᠢᠶᠠᠷ ᠠᠭᠤᠰᠤᠯᠴᠠᠭᠤᠯᠪᠠ᠃ ᠬᠠᠤᠯᠢ ᠴᠠᠭᠠᠵᠠ ᠶᠢᠨ ᠭᠠᠵᠠᠷ᠂ ᠰᠤᠷᠭᠠᠭᠤᠯᠢ᠂ ᠬᠢᠨᠠᠨ ᠬᠠᠮᠠᠭᠠᠯᠠᠭᠴᠢ᠂ ᠪᠠᠲᠤᠯᠠᠭᠴᠢ ᠪᠠᠷ ᠪᠦᠷᠢᠯᠳᠦᠭᠰᠡᠨ ᠵᠠᠰᠠᠨ ᠵᠠᠯᠠᠷᠠᠭᠤᠯᠬᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠭᠡᠷ ᠪᠦᠯᠢ ᠶᠢᠨ  ᠬᠢᠨ ᠲᠠᠢ ᠨᠢ ᠪᠠᠶᠢᠡᠭᠭᠤ ᠬᠠᠷᠢᠯᠴᠠᠵᠤ᠂ ᠭᠡᠷ ᠪᠦᠯᠢ ᠶᠢᠨ ᠬᠥᠮᠦᠵᠢᠯ ᠤᠨ ᠲᠦᠪᠰᠢᠨ ᠢ ᠨᠢ ᠬᠠᠪᠰᠤᠷᠤᠨ ᠲᠡᠭᠡᠭᠰᠢᠯᠡᠬᠦᠯᠪᠡ᠃ ᠠᠷᠠᠳ ᠤᠨ ᠶᠠᠪᠤᠳᠠᠯ᠂ ᠰᠤᠷᠭᠠᠨ ᠬᠥᠮᠦᠵᠢᠯ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ ᠵᠡᠷᠭᠡ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠵᠥᠪᠯᠡᠯ ᠤᠨ ᠪᠦᠷᠢᠯᠳᠦᠭᠦᠨ ᠨᠢᠬᠡᠴᠢ ᠶᠢᠨ ᠬᠢᠨ ᠲᠠᠢ ᠬᠤᠯᠪᠤᠭᠠᠯᠠᠨ᠂ ᠨᠡᠶᠢᠭᠡᠮ ᠲᠣᠭᠤᠷᠢᠭ ᠤᠨ ᠵᠠᠰᠠᠨ ᠵᠠᠯᠠᠷᠠᠭᠤᠯᠵᠤ ᠪᠠᠶᠢᠭ᠎ᠠ ᠨᠠᠰᠤᠨ ᠳᠤ ᠬᠦᠷᠤᠬᠡᠳᠤᠢ ᠬᠡᠤᠬᠡᠳ ᠢ ᠬᠠᠯᠠᠮᠵᠢᠯᠠᠨ ᠲᠡᠳᠬᠦᠪᠡ᠃ ᠬᠥᠳᠡᠯᠮᠦᠷᠢ ᠠᠵᠢᠯ ᠣᠯᠭᠤᠬᠤ ᠰᠠᠯᠠᠭ᠎ᠠ ᠮᠥᠴᠢᠷ ᠤᠨ ᠬᠢᠨ ᠢ ᠵᠣᠬᠢᠴᠠᠭᠤᠯᠵᠤ᠂  ᠨᠡᠶᠢᠭᠡᠮ ᠲᠣᠭᠤᠷᠢᠭ ᠤᠨ ᠵᠠᠰᠠᠨ ᠵᠠᠯᠠᠷᠠᠭᠤᠯᠵᠤ ᠪᠠᠶᠢᠭ᠎ᠠ‌ᠨᠠᠰᠤᠨ ᠳᠤ ᠬᠦᠷᠤᠬᠡᠳᠤᠢ ᠬᠡᠤᠬᠡᠳ ᠲᠤ ᠠᠵᠢᠯ ᠤᠨ ᠮᠡᠷᠭᠡᠵᠢᠯ ᠴᠢᠳᠠᠪᠤᠷᠢ ᠪᠠ ᠠᠵᠢᠯ ᠣᠯᠬᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠳᠤ ᠬᠠᠨᠳᠤᠯᠭ᠎ᠠ ᠲᠠᠢ ᠪᠠᠷ ᠥᠷᠨᠢᠭᠦᠯᠵᠦ᠂ ᠥᠪᠡᠷ ᠤᠨ ᠬᠦᠴᠦ ᠪᠠᠷ ᠢᠶᠠᠨ ᠠᠮᠢᠳᠤᠷᠠᠬᠤ ᠬᠥᠳᠡᠯᠮᠦᠷᠢᠴᠢᠨ ᠪᠤᠯᠬᠤ ᠶᠢ ᠠᠬᠢᠭᠤᠯᠪᠠ᠃       ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠬᠢᠨ ᠲᠠᠷᠠᠭᠠᠴᠢ ᠪᠠᠷ ᠰᠢ ᠶᠢᠨ ᠫᠢᠩ ᠶᠡᠷᠦᠩᠬᠡᠢ ᠱᠦᠵᠢ ᠶᠢᠨ ᠬᠡᠦᠬᠡᠳ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠢᠯᠠᠩᠭᠤᠶ᠎ᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠮᠠᠭᠠᠯᠠᠬᠤ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠠᠷᠭ᠎ᠠ ᠪᠠᠷ ᠠᠳᠠᠯᠢ ᠴᠢᠭᠯᠡᠯ ᠢᠶᠠᠷ ᠬᠦᠴᠦᠯᠡᠵᠦ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠲᠤ ᠨᠠᠩ ᠰᠢᠯᠢᠳᠡᠭ ᠬᠠᠤᠯᠢ ᠴᠠᠭᠠᠵᠠ ᠶᠢᠨ ᠦᠢᠯᠡᠴᠢᠯᠡᠭᠡ ᠪᠠ ᠪᠠᠲᠤ ᠴᠢᠩᠭ᠎ᠠ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠨ᠎ᠠ᠃          
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号