ᠪᠥᠬᠦ ᠣᠷᠣᠨ ᠤ ᠬᠤᠰᠢᠭᠤ ᠰᠢᠶᠠᠨ ᠤ ᠲᠡᠰ ᠠᠴᠠ ᠲᠡᠭᠡᠭᠰᠢᠬᠢ 4510 ᠨᠠᠮ ᠵᠠᠰᠠᠭ‌‍ᠤᠨ ᠪᠠᠶᠢᠭᠤᠯᠭ᠎ᠠ ᠶᠢᠨ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢ ᠪᠠᠶᠢᠭᠤᠯᠤᠭᠰᠠᠨ ᠨᠣᠷᠮ᠎ᠠ 73.7% ᠳᠤ ᠬᠥᠷᠪᠡ
ᠨᠡᠶᠢᠲᠡᠯᠡᠭᠰᠡᠨ ᠴᠠᠭ᠄
2023/10/12
   ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ  ᠤ ᠬᠢᠨ ᠠᠴᠠ 10 ᠳ᠋ᠤᠭᠠᠷ ᠰᠠᠷ᠎ᠠ ᠶᠢᠨ 11 ᠤ ᠡᠳᠦᠷ ᠤᠨ ᠣᠶᠢᠯᠠᠭᠠᠭᠰᠠᠨ ᠢᠶᠠᠷ ᠮᠠᠨ ᠤ ᠣᠷᠣᠨ ᠤ ᠬᠤᠰᠢᠭᠤ ᠰᠢᠶᠠᠨ ᠤ ᠲᠡᠰ ᠠᠴᠠ ᠳᠡᠭᠡᠭᠰᠢᠬᠢ 768 ᠨᠠᠮ ᠵᠠᠰᠠᠭ ᠤᠨ ᠪᠠᠶᠢᠭᠤᠯᠭ᠎ᠠ ᠪᠥᠬᠦ ᠤᠯᠤᠰ ᠤᠨ ᠭᠤᠷᠪᠠᠳᠤᠭᠠᠷ ᠪᠦᠯᠦᠭ ᠤᠨ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠤᠯᠭ᠎ᠠ ᠶᠢᠨ ᠪᠠᠶᠢᠭᠤᠯᠤᠭᠰᠠᠨ ᠨᠢᠬᠡᠴᠢ ᠳᠤ ᠠᠮᠵᠢᠯᠲᠠ ᠲᠠᠢ ᠪᠠᠷ ᠰᠣᠩᠭᠤᠭᠳᠠᠪᠠ᠃ ᠮᠠᠨ ᠤ ᠣᠷᠣᠨ ᠳᠤ  ᠣᠲᠣ ᠪᠣᠯᠲᠠᠯ᠎ᠠ ᠬᠤᠰᠢᠭᠤ ᠰᠢᠶᠠᠨ ᠲᠡᠰ ᠠᠴᠠ ᠳᠡᠭᠡᠭᠰᠢᠬᠢ 4510  ᠨᠠᠮ ᠵᠠᠰᠠᠭ ᠤᠨ ᠪᠠᠶᠢᠭᠤᠯᠭ᠎ᠠ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢ ᠪᠠᠶᠢᠭᠤᠯᠤᠭᠰᠠᠨ ᠨᠣᠷᠮ᠎ᠠ ᠨᠢ 73.7% ᠳᠤ ᠬᠦᠷᠦᠭᠰᠡᠨ ᠤ ᠲᠤᠳᠤᠷ᠎ᠠ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ 74᠂ ᠠᠶᠢᠮᠠᠭ ᠬᠤᠲᠠ ᠶᠢᠨ ᠱᠠᠲᠤᠨ ᠤ 573᠂ ᠬᠤᠰᠢᠭᠤ ᠰᠢᠶᠠᠨ ᠤ ᠱᠠᠲᠤᠨ ᠤ 3863  ᠪᠤᠢ ᠪᠦᠬᠡᠳ ᠤᠯᠤᠰ ᠠᠴᠠ ᠪᠠᠭᠤᠯᠭᠠᠭᠰᠠᠨ ᠬᠠᠷᠠᠯᠲᠠᠲᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠬᠢᠨ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢ ᠪᠠᠶᠢᠭᠤᠯᠬᠤ ᠶᠠᠰᠤ ᠴᠢᠨᠠᠷ ᠦᠷ᠎ᠡ ᠠᠰᠢᠭ ᠢ  ᠳᠡᠭᠡᠭᠰᠢᠯᠡᠭᠦᠯᠬᠦ ᠶᠢᠨ ᠲᠥᠯᠥᠭᠡ 1370 ᠲᠦᠮᠡᠨ ᠲᠥᠭᠦᠷᠢᠭ ᠤᠨ ᠲᠤᠰᠬᠠᠢ ᠪᠡᠯᠡ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠭᠦᠳᠦᠨ ᠪᠠᠶᠢᠭᠤᠯᠬᠤ ᠨᠢᠭᠡᠴᠢ ᠶᠢᠨ ᠰᠠᠭᠤᠷᠢ ᠴᠢᠨᠠᠷᠲᠠᠢ ᠡᠨᠧᠷᠭᠢ ᠠᠷᠪᠢᠯᠠᠬᠤ ᠥᠭᠡᠷᠡᠴᠢᠯᠡᠯᠲᠡ  ᠶᠢ ᠳᠡᠮᠵᠢᠵᠦ᠂ ᠠᠶᠢᠮᠠᠭ ᠬᠤᠲᠠ ᠶᠢᠨ ᠬᠠᠷᠢᠯᠴᠠᠨ ᠦᠨᠡᠯᠡᠬᠦ᠂ ᠮᠤᠵᠢ ᠣᠷᠣᠨ ᠤ ᠬᠠᠷᠢᠯᠴᠠᠨ ᠬᠢᠨᠠᠬᠤ ᠠᠵᠢᠯ ᠤᠨ ᠲᠣᠭᠲᠠᠴᠠ ᠶᠢ ᠪᠠᠶᠢᠭᠤᠯᠬᠤ ᠪᠠᠷ ᠳᠠᠮᠵᠢᠭᠤᠯᠤᠨ᠂ ᠡᠨᠧᠷᠭᠢ ᠠᠷᠪᠢᠯᠠᠬᠤ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠪᠥᠬᠦ ᠣᠷᠣᠨ ᠤ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠶᠢ ᠵᠢᠯᠣᠭᠤᠳᠤᠨ ᠳᠠᠶᠢᠴᠢᠯᠠᠵᠤ ᠪᠠᠶᠢᠭᠠᠳ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢ ᠡᠭᠦᠳᠦᠨ ᠪᠠᠶᠢᠭᠤᠯᠬᠤ ᠪᠠᠷ ᠢᠳᠡᠪᠬᠢᠲᠡᠢ ᠭᠤᠶᠤᠴᠢᠯᠠᠭᠤᠯᠵᠤ᠂ ᠨᠠᠮ ᠵᠠᠰᠠᠭ ᠤᠨ ᠪᠠᠶᠢᠭᠤᠯᠭ᠎ᠠ ᠶᠢᠨ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠬᠦ ᠪᠠ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠶᠢ ᠪᠠᠭ᠎ᠠ ᠭᠠᠳᠠᠭᠰᠢᠯᠠᠭᠤᠯᠬᠤ ᠬᠦᠭᠵᠢᠬᠦᠯᠤᠯᠳᠡ ᠶᠢᠨ ᠳᠤᠮᠳᠠ ᠵᠢᠱᠢᠶ᠎ᠡ ᠦᠵᠡᠭᠦᠯᠦᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠬᠤ ᠶᠢ ᠨᠡᠯᠢᠶᠡᠳ ᠰᠠᠶᠢᠨ  ᠠᠬᠢᠭᠤᠯᠤᠬᠰᠠᠨ ᠪᠠᠶᠢᠨ᠎ᠠ᠃   ᠣᠶᠢᠯᠠᠭᠠᠭᠰᠠᠨ ᠢᠶᠠᠷ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠬᠢᠨ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠤᠯᠠᠮ ᠴᠢᠩᠭ᠎ᠠ ᠪᠣᠳᠠᠲᠠᠶᠢᠵᠢᠭᠤᠯᠵᠤ᠂ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠦᠨ᠂ ᠪᠥᠬᠦ ᠣᠷᠣᠨ ᠤ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢ ᠡᠬᠦᠳᠤᠨ ᠪᠠᠶᠢᠭᠤᠯᠤᠭᠰᠠᠨ ᠨᠢᠬᠡᠴᠢ ᠳᠤ ︽ᠡᠷᠬᠢᠨ ᠬᠠᠷᠠᠬᠤ︾ ᠦᠨᠡᠯᠡᠯᠲᠡ ᠬᠢᠵᠦ᠂ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠤᠯᠭ᠎ᠠ ᠶᠢ ᠡᠭᠦᠳᠦᠨ ᠪᠠᠶᠢᠭᠤᠯᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠬᠦᠴᠦᠨ ᠴᠢᠳᠠᠯ ᠢᠶᠠᠨ  ᠡᠷᠬᠦᠬᠦ ᠪᠤᠯᠤᠨ᠎ᠠ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号