ᠰᠢ ᠶᠢᠨ ᠫᠢᠩ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢ ᠴᠢᠨᠠᠭᠰᠢᠳᠠ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠬᠤ ᠳᠠᠭᠠᠨ ᠴᠢᠬᠤᠯᠠᠴᠢᠯᠠᠭᠰᠠᠨ ᠨᠢ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢ ᠴᠢᠨᠠᠭᠰᠢᠳᠠ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠨᠠᠩ ᠰᠠᠶᠢᠲᠤᠷ ᠲᠤᠯᠭᠠᠭᠤᠷᠢᠯᠠᠨ ᠦᠢᠯᠡᠴᠢᠯᠡᠬᠦ ᠬᠡᠷᠡᠭᠲᠡᠢ
ᠨᠡᠶᠢᠲᠡᠯᠡᠭᠰᠡᠨ ᠴᠠᠭ᠄
2023/10/13
ᠯᠢ ᠴᠢᠶᠠᠩ ᠼᠠᠢ ᠴᠢ ᠳ᠋ᠢᠩ ᠰᠢᠤᠸᠠᠢ ᠰᠢᠶᠠᠩ ᠣᠷᠣᠯᠴᠠᠵᠠᠢ   ᠰᠢᠨᠬᠤᠸᠠ ᠬᠤᠷᠢᠶ᠎ᠠ ᠶᠢᠨ ᠨᠠᠨᠴᠠᠩ ᠤᠨ 10 ᠰᠠᠷ᠎ᠠ ᠶᠢᠨ 12 ᠤᠨ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 12 ᠤᠨ ᠦᠳᠡ ᠶᠢᠨ ᠬᠤᠶᠢᠨ᠎ᠠ ᠵᠢᠶᠠᠩᠰᠢ ᠮᠤᠵᠢ ᠶᠢᠨ ᠨᠠᠨᠴᠠᠩ ᠬᠤᠳᠠ ᠳᠤ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢ ᠴᠢᠨᠠᠭᠰᠢᠳᠠ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ᠃ ᠲᠡᠷᠡ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠶ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠶᠡᠭᠡ ᠬᠠᠮᠠᠭᠠᠯᠠᠯᠲᠠ ᠶᠢ ᠬᠠᠮᠲᠤ ᠪᠠᠷ ᠠᠳᠬᠤᠬᠤ᠂ ᠶᠡᠭᠡ ᠨᠡᠭᠡᠭᠡᠨ ᠬᠥᠭᠵᠢᠭᠦᠯᠦᠯᠲᠡ ᠦᠯᠦ ᠬᠢᠬᠦ ᠶᠢ ᠪᠠᠷᠢᠮᠲᠠᠯᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠤᠳᠤᠷᠢᠳᠤᠮᠵᠢ ᠪᠤᠯᠭᠠᠵᠥ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠬᠠᠮᠵᠢᠯᠴᠠᠭ᠎ᠠ ᠪᠠ ᠠᠵᠢᠯ ᠤᠨ ᠬᠠᠮᠵᠢᠯᠴᠠᠭ᠎ᠠ ᠶᠢ ᠴᠢᠩᠭᠠᠳᠬᠠᠵᠤ᠂ ᠠᠯᠤᠰ ᠭᠡᠲᠦ ᠶᠢᠨ ᠬᠠᠨᠳᠤᠰᠢ ᠶᠢ ᠰᠦᠪᠡᠭᠴᠢᠯᠡᠵᠦ᠂ ᠣᠷᠳᠣ ᠬᠤᠭᠤᠴᠠᠭᠠᠨ ᠤ ᠠᠷᠭ᠎ᠠ ᠪᠣᠳᠣᠯᠭ᠎ᠠ ᠶᠢ ᠬᠡᠷᠡᠭᠵᠢᠭᠦᠯᠵᠦ᠂ ᠥᠨᠢᠳᠡ ᠶᠢᠨ ᠠᠮᠤᠷ ᠲᠦᠪᠰᠢᠨ ᠤ ᠰᠠᠭᠤᠷᠢ ᠶᠢ ᠪᠠᠶᠢᠭᠤᠯᠵᠤ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢ ᠴᠢᠨᠠᠭᠰᠢᠳᠠ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠨᠠᠩ ᠰᠠᠶᠢᠲᠤᠷ ᠲᠤᠯᠭᠠᠭᠤᠷᠢᠯᠠᠨ ᠦᠢᠯᠡᠴᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃
6383279231235830696950791.png     
       10 ᠰᠠᠷ᠎ᠠ ᠶᠢᠨ 12 ᠤᠨ ᠦᠳᠡ ᠶᠢᠨ ᠬᠤᠶᠢᠨ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠵᠢᠶᠠᠩᠰᠢ ᠮᠤᠵᠢ ᠶᠢᠨ ᠨᠠᠨᠴᠠᠩ ᠬᠤᠳᠠ ᠳᠤ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢ ᠴᠢᠨᠠᠭᠰᠢᠳᠠ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ᠃    ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ  ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ‌‍ᠰᠠᠶᠢᠳ ᠯᠢ ᠴᠢᠶᠠᠩ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠶᠠᠷᠢᠯᠴᠠᠬᠤ ᠬᠤᠷᠠᠯ ᠳᠤ ᠣᠷᠣᠯᠴᠠᠵᠠᠢ᠃    ᠰᠢ ᠶᠢᠨ ᠫᠢᠩ ᠵᠢᠶᠠᠩᠰᠢ ᠳᠤ ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠲᠠᠭᠠᠨ ᠲᠤᠰᠬᠠᠶᠢᠯᠠᠨ ᠡᠨᠡ ᠤᠳᠠᠭ᠎ᠠ ᠶᠢᠨ ᠶᠠᠷᠢᠯᠴᠠᠬᠤ ᠬᠤᠷᠠᠯ ᠢ ᠬᠤᠷᠠᠯᠳᠤᠭᠤᠯᠪᠠ᠃ ᠶᠠᠷᠢᠯᠴᠠᠬᠤ ᠬᠤᠷᠠᠯ ᠳᠡᠭᠡᠷ᠎ᠡ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠭᠢᠯᠡᠭᠴᠢ ᠵᠧᠩ ᠱᠠᠨ ᠵᠢᠶᠧ᠂ ᠴᠦᠩᠴᠢᠩ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠶᠤᠸᠠᠨ ᠵᠢᠶᠠ ᠵᠢᠶᠦ᠋ᠨ᠂ ᠵᠢᠶᠠᠩᠰᠢ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠶᠢᠨ ᠬᠤᠩ᠂ ᠱᠠᠩᠬᠠᠢ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠴᠧᠨ ᠵᠢᠢ ᠨᠢᠩ ᠤᠷᠢᠳ ᠬᠤᠵᠢᠳ ᠦᠭᠡ ᠬᠡᠯᠡᠵᠦ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠠᠵᠢᠯ ᠤᠨ ᠪᠠᠶᠢᠳᠠᠯ ᠢᠶᠠᠨ ᠮᠡᠳᠡᠭᠦᠯᠵᠦ᠂ ᠰᠠᠨᠠᠯ ᠰᠠᠨᠠᠭᠤᠯᠭ᠎ᠠ ᠳᠤᠷᠠᠳᠪᠠ᠃ ᠶᠠᠷᠢᠯᠴᠠᠬᠤ ᠬᠤᠷᠠᠯ ᠳᠤ ᠣᠷᠣᠯᠴᠠᠬᠰᠠᠨ ᠪᠤᠰᠤᠳ ᠮᠤᠵᠢ ᠶᠢᠨ ᠭᠤᠣᠯ ᠬᠠᠷᠢᠭᠤᠴᠠᠯᠭᠠᠲᠠᠨ ᠨᠥᠬᠦᠳ ᠪᠢᠴᠢᠭ ᠢᠶᠠᠷ ᠶᠠᠷᠢᠶ᠎ᠠ ᠲᠠᠯᠪᠢᠵᠠᠢ᠃ ᠤᠯᠠᠨ ᠤ ᠬᠡᠯᠡᠬᠦ ᠶᠢ ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠭᠰᠡᠨ 8 ᠵᠢᠯ ᠤᠨ ᠲᠤᠷᠰᠢ᠂ ᠮᠥᠷᠡᠨ ᠳᠠᠭᠠᠤ ᠮᠤᠵᠢ ᠬᠤᠲᠠ ᠪᠣᠯᠣᠨ ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠶᠡᠭᠡ ᠬᠠᠮᠠᠭᠠᠯᠠᠯᠲᠠ ᠶᠢ ᠬᠠᠮᠲᠤ ᠪᠠᠷ ᠠᠳᠬᠤᠬᠤ᠂ ᠶᠡᠭᠡ ᠨᠡᠭᠡᠭᠡᠨ ᠬᠥᠭᠵᠢᠭᠦᠯᠦᠯᠲᠡ ᠦᠯᠦ ᠬᠢᠬᠦ ᠶᠢ ᠪᠠᠷᠢᠮᠲᠠᠯᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠬᠥᠬᠡᠮᠥ᠋ᠷᠡᠨ ᠤ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠨ ᠰᠡᠷᠭᠦᠭᠡᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠢᠳᠡᠪᠬᠢᠲᠡᠢ ᠠᠬᠢᠭᠤᠯᠵᠤ᠂ ᠡᠷᠴᠢ ᠵᠣᠷᠢᠭ ᠤᠨ ᠶᠡᠭᠡ᠂ ᠡᠷᠴᠢᠮ ᠤᠨ ᠶᠡᠭᠡ ᠪᠠᠷ ᠤᠷᠢᠳ ᠡᠮᠦᠨ᠎ᠡ ᠪᠠᠶᠢᠭ᠎ᠠ ᠦᠭᠡᠢ ᠪᠠᠶᠢᠵᠤ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠳᠤ ᠴᠢᠬᠤᠯᠠ ᠶᠡᠭᠡ ᠬᠤᠪᠢᠷᠠᠯᠲᠠ ᠭᠠᠷᠴᠠᠢ᠃ ᠦᠵᠡᠯ ᠰᠠᠨᠠᠭ᠎ᠠ ᠲᠠᠨᠢᠯᠲᠠ ᠳᠤ ᠴᠢᠬᠤᠯᠠ ᠶᠡᠭᠡ ᠬᠤᠪᠢᠷᠠᠯᠲᠠ ᠭᠠᠷᠴᠤ᠂ ᠶᠡᠭᠡ ᠬᠠᠮᠠᠭᠠᠯᠠᠯᠲᠠ ᠶᠢ ᠬᠠᠮᠲᠤ ᠪᠠᠷ ᠠᠳᠬᠤᠵᠤ᠂ ᠶᠡᠭᠡ ᠨᠡᠭᠡᠭᠡᠨ ᠬᠥᠭᠵᠢᠭᠦᠯᠦᠯᠲᠡ ᠦᠯᠦ ᠬᠢᠬᠦ ᠨᠢ ᠬᠠᠮᠲᠤ ᠶᠢᠨ ᠲᠠᠨᠢᠯᠲᠠ ᠪᠤᠯᠪᠠ︔ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ ᠰᠡᠷᠭᠦᠭᠡᠯᠲᠡ ᠴᠢᠬᠤᠯᠠ ᠶᠡᠭᠡ ᠠᠮᠵᠢᠯᠲᠠ ᠣᠯᠵᠤ᠂ ︽ᠨᠣᠮᠢᠨ ᠤᠷᠤᠰᠬᠠᠯ ᠵᠡᠭᠦᠨᠰᠢᠯᠡᠬᠦ︾ ᠭᠤᠶᠤ ᠦᠵᠡᠮᠵᠢ ᠳᠠᠬᠢᠨᠲᠠ ᠢᠯᠡᠷᠡᠪᠡ︔ ᠬᠥᠭᠵᠢᠯᠲᠡ ᠶᠢᠨ ᠠᠷᠭ᠎ᠠ ᠭᠡᠯᠪᠡᠷᠢ ᠳᠤ ᠴᠢᠬᠤᠯᠠ ᠶᠡᠭᠡ ᠬᠤᠪᠢᠰᠤᠯᠲᠠ ᠭᠠᠷᠴᠤ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠤᠯᠭᠠᠬᠤ ᠠᠵᠢᠯ ᠪᠦᠭᠦ ᠲᠠᠯ᠎ᠠ ᠪᠠᠷ ᠡᠷᠴᠢᠮᠵᠢᠪᠡ︔ ᠣᠷᠣᠨ ᠪᠦᠰᠡ ᠶᠢᠨ ᠠᠭᠤᠰᠤᠯᠴᠠᠯ ᠴᠢᠬᠤᠯᠠ ᠶᠡᠭᠡ ᠳᠡᠭᠡᠭᠰᠢᠯᠡᠯᠲᠡ ᠶᠢ ᠪᠡᠶᠡᠯᠡᠭᠦᠯᠵᠦ᠂ ᠣᠷᠣᠨ ᠪᠦᠰᠡ ᠶᠢᠨ ᠬᠠᠮᠵᠢᠯᠴᠠᠨ  ᠬᠥᠳᠡᠯᠦᠯᠴᠡᠬᠦ ᠶᠢ ᠲᠠᠰᠤᠷᠠᠯᠲᠠ ᠦᠭᠡᠢ ᠴᠢᠩᠭᠠᠳᠬᠠᠪᠠ︔ ᠥᠭᠡᠷᠡᠴᠢᠯᠡᠯᠲᠡ ᠨᠡᠭᠡᠭᠡᠯᠲᠡ ᠴᠢᠬᠤᠯᠠ ᠶᠡᠭᠡ ᠠᠬᠢᠯᠲᠠ ᠲᠠᠢ ᠪᠣᠯᠵᠤ᠂ ᠪᠦᠭᠦ ᠲᠠᠯ᠎ᠠ ᠪᠠᠷ ᠳᠣᠲᠣᠭᠠᠳᠤ ᠭᠠᠳᠠᠭᠠᠳᠤ ᠳᠤ ᠨᠡᠭᠡᠭᠡᠯᠲᠡ ᠬᠢᠬᠦ ᠬᠠᠨᠳᠤᠰᠢ ᠲᠦᠷᠭᠡᠨ ᠪᠦᠷᠢᠯᠳᠦᠪᠡ᠃ ᠶᠡᠷᠦᠩᠬᠡᠢ ᠳᠤᠨᠢ ᠠᠪᠴᠤ ᠦᠵᠡᠪᠡᠯ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠶᠢᠨ ᠠᠮᠵᠢᠯᠲᠠ ᠪᠦᠲᠦᠮᠵᠢ ᠤᠯᠠᠨ ᠤ ᠨᠢᠳᠦᠨ ᠳᠤ ᠢᠯᠡᠭᠡᠨ ᠪᠠᠶᠢᠵᠤ᠂ ᠬᠥᠭᠵᠢᠯᠲᠡ ᠶᠢᠨ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠵᠦ᠂ ᠬᠥᠭᠵᠢᠯᠲᠡ ᠶᠢᠨ ᠪᠠᠶᠢᠳᠠᠯ ᠡᠳᠦᠷ ᠢᠷᠡᠬᠦᠶ᠎ᠡ ᠰᠠᠶᠢᠵᠢᠷᠠᠵᠤ ᠪᠠᠶᠢᠨ᠎ᠠ᠃ ᠡᠭᠦᠨ ᠤ ᠵᠡᠷᠭᠡ ᠪᠠᠷ᠂ ᠬᠥᠬᠡᠮᠥ᠋ᠷᠡᠨ ᠤ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠠᠭ ᠲᠣᠭᠠᠨ ᠤ ᠬᠤᠪᠢᠷᠠᠯᠲᠠ ᠠᠴᠠ ᠴᠢᠨᠠᠷ ᠤᠨ ᠬᠤᠪᠢᠷᠠᠯᠲᠠ ᠳᠤ ᠬᠦᠷᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ᠂ ᠣᠯᠣᠭᠰᠠᠨ ᠦᠷ᠎ᠡ ᠪᠦᠲᠦᠮᠵᠢ ᠪᠠᠰᠠ ᠲᠣᠭᠲᠠᠭᠤᠨ ᠪᠤᠰᠤ᠂ ᠪᠤᠰᠤᠳᠴᠢ ᠲᠠᠯ᠎ᠠ ᠪᠠᠷ ᠪᠠᠰᠠ ᠴᠥᠭᠡᠨ ᠪᠤᠰᠤ ᠬᠦᠴᠢᠷᠳᠡᠯ ᠪᠣᠯᠣᠨ ᠠᠰᠠᠭᠤᠳᠠᠯ ᠣᠷᠣᠰᠢᠵᠤ ᠪᠠᠶᠢᠬᠤ ᠶᠢ ᠣᠯᠵᠤ ᠬᠠᠷᠠᠬᠤ ᠬᠡᠷᠡᠭᠲᠡᠢ᠂ ᠦᠷᠭᠦᠯᠵᠢᠯᠡᠨ ᠴᠢᠷᠮᠠᠶᠢᠨ ᠰᠠᠶᠢᠲᠤᠷ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠠᠯᠤᠰ ᠭᠡᠳᠦ ᠠᠴᠠ ᠠᠪᠴᠤ ᠦᠵᠡᠪᠡᠯ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠦᠨᠳᠦᠰᠦᠨ ᠠᠴᠠ ᠨᠢ ᠠᠪᠴᠤ ᠬᠡᠯᠡᠬᠦ ᠳᠤ ᠬᠥᠬᠡᠮᠥ᠋ᠷᠡᠨ ᠤ ᠰᠠᠪᠠ ᠭᠠᠵᠠᠷ ᠤᠨ ᠴᠢᠨᠠᠷ ᠰᠠᠶᠢᠲᠠᠢ ᠠᠮᠢ ᠠᠬᠤᠢ ᠣᠷᠴᠢᠨ ᠲᠣᠭᠤᠷᠢᠨ ᠳᠤ ᠲᠦᠰᠢᠭᠯᠡᠬᠦ ᠬᠡᠷᠡᠭᠲᠡᠢ᠃ ᠶᠡᠭᠡ ᠬᠠᠮᠠᠭᠠᠯᠠᠯᠲᠠ ᠶᠢ ᠬᠠᠮᠲᠤ ᠪᠠᠷ ᠠᠳᠬᠤᠬᠤ᠂ ᠶᠡᠭᠡ ᠨᠡᠭᠡᠭᠡᠨ ᠬᠥᠭᠵᠢᠭᠦᠯᠦᠯᠲᠡ ᠦᠯᠦ ᠬᠢᠬᠦ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠥᠨᠳᠥᠷ ᠲᠦᠪᠰᠢᠨ ᠪᠦᠬᠦᠢ ᠬᠠᠮᠠᠭᠠᠯᠠᠯᠲᠠ ᠳᠡᠭᠡᠷ᠎ᠡ ᠨᠡᠩ ᠶᠡᠭᠡ ᠬᠦᠴᠦ ᠣᠷᠣᠭᠤᠯᠬᠤ ᠬᠡᠷᠡᠭᠲᠡᠢ᠃ ᠮᠥᠷᠡᠨ ᠳᠠᠭᠠᠤ ᠡᠯ᠎ᠡ ᠭᠠᠵᠠᠷ ᠤᠨ ᠠᠮᠢ ᠠᠬᠤᠢ ᠶᠢᠨ ᠤᠯᠠᠭᠠᠨ ᠱᠤᠭᠤᠮ ᠢ ᠨᠢᠭᠡᠨᠲᠡ ᠵᠠᠭᠠᠭᠯᠠᠨ ᠲᠣᠭᠲᠠᠭᠠᠭᠰᠠᠨ ᠪᠣᠯᠬᠤᠷ ᠡᠷᠬᠡᠪᠰᠢ ᠪᠠᠲᠤ ᠰᠠᠬᠢᠵᠤ ᠬᠠᠮᠢᠶᠠᠷᠤᠨ᠂ ᠠᠮᠢ ᠠᠬᠤᠢ ᠣᠷᠴᠢᠨ ᠲᠣᠭᠤᠷᠢᠨ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠣᠷᠣᠬᠤ ᠶᠢ ᠵᠥᠪᠰᠢᠶᠡᠷᠡᠬᠦ ᠨᠠᠷᠢᠨ ᠳᠠᠩᠰᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠵᠠᠭᠠᠭᠯᠠᠨ ᠲᠣᠭᠲᠠᠭᠠᠭᠰᠠᠨ ᠲᠣᠰ ᠭᠠᠵᠠᠷ ᠤᠨ ᠢᠶᠠᠨ ᠴᠢᠬᠤᠯᠠ ᠠᠮᠢ ᠠᠬᠤᠢ ᠶᠢᠨ ᠣᠷᠣᠨ ᠵᠠᠢ ᠶᠢᠨ ᠲᠤᠬᠠᠢ ᠳᠣᠲᠣᠷ᠎ᠠ ᠪᠠᠨ ᠲᠤᠭ᠎ᠠ ᠲᠠᠢ ᠪᠠᠶᠢᠵᠤ᠂ ᠤᠷᠢᠳ ᠢᠶᠠᠷ ᠬᠠᠮᠠᠭᠠᠯᠠᠵᠤ᠂ ᠴᠢᠩᠭ᠎ᠠ ᠬᠠᠮᠠᠭᠠᠯᠠᠬᠤ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠦᠷᠭᠦᠯᠵᠢᠯᠡᠨ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶᠡᠨ ᠤ ᠪᠣᠬᠢᠷᠳᠤᠯ ᠤᠨ ᠵᠠᠰᠠᠯᠲᠠ ᠶᠢ ᠦᠷᠭᠦᠯᠵᠢᠯᠡᠨ ᠴᠢᠩᠭᠠᠳᠬᠠᠵᠤ᠂ ᠤᠰᠤᠨ ᠤ ᠡᠬᠢ ᠪᠠᠶᠠᠯᠢᠭ᠂ ᠤᠰᠤᠨ ᠤ ᠣᠷᠴᠢᠨ ᠲᠣᠭᠤᠷᠢᠨ᠂ ᠤᠰᠤᠨ ᠤ ᠠᠮᠢ ᠠᠬᠤᠢ ᠶᠢ ᠨᠢᠭᠡᠳᠦᠯᠲᠡᠢ ᠲᠥᠯᠥᠪᠵᠢᠭᠦᠯᠵᠦ᠂ ᠠᠭᠠᠷ ᠮᠠᠨᠳᠠᠯ ᠪᠣᠯᠣᠨ ᠬᠥᠷᠥᠰᠥ ᠰᠢᠷᠣᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠡᠮᠦᠨ᠎ᠡ ᠬᠡᠰᠡᠭ ᠤᠨ ᠪᠣᠬᠢᠷᠳᠤᠯ ᠢ ᠡᠵᠡᠮᠳᠡᠬᠦ ᠶᠢ ᠨᠡᠩ ᠴᠢᠬᠤᠯᠠᠴᠢᠯᠠᠵᠤ᠂ ᠪᠣᠬᠢᠷᠳᠤᠯ ᠪᠣᠳᠠᠰ ᠢ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠡᠬᠢ ᠡᠭᠦᠰᠦᠯ ᠠᠴᠠ ᠨᠢ ᠪᠠᠭᠤᠷᠠᠭᠤᠯᠬᠤ ᠬᠡᠷᠡᠭᠲᠡᠢ᠃ ᠬᠥᠬᠡᠮᠥ᠋ᠷᠡᠨ ᠤ ︽ᠠᠷᠪᠠᠨ ᠵᠢᠯ ᠳᠤ ᠵᠢᠭᠠᠰᠤ ᠠᠩᠨᠠᠬᠤ ᠶᠢ ᠴᠠᠭᠠᠵᠠᠯᠠᠬᠤ︾ ᠠᠵᠢᠯ ᠢ ᠡᠷᠡᠰ ᠠᠬᠢᠭᠤᠯᠵᠤ᠂ ᠨᠢᠭᠡᠨᠲᠡ ᠣᠯᠣᠭᠰᠠᠨ ᠦᠷ᠎ᠡ ᠪᠦᠲᠦᠭᠡᠯ ᠢᠶᠠᠨ ᠰᠠᠶᠢᠲᠤᠷ ᠪᠠᠬᠢᠵᠢᠭᠦᠯᠬᠦ ᠬᠡᠷᠡᠭᠲᠡᠢ᠃ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ᠂ ᠪᠣᠬᠢᠷᠳᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠡᠮᠡᠭᠳᠡᠬᠦ ᠶᠢ ᠬᠠᠮᠵᠢᠯᠴᠠᠨ ᠠᠬᠢᠭᠤᠯᠵᠤ᠂ ᠠᠵᠤ ᠦᠢᠯᠡᠰ ᠤᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠤᠯᠭᠠᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠠᠵᠤ ᠦᠢᠯᠡᠰ ᠢ ᠲᠦᠷᠭᠡᠳᠬᠡᠨ ᠪᠤᠶᠢᠵᠢᠭᠤᠯᠵᠤ᠂ ᠪᠣᠬᠢᠷᠳᠤᠯ ᠦᠭᠡᠢ ᠮᠡᠷᠭᠡᠵᠢᠯ᠂ ᠪᠣᠬᠢᠷᠳᠤᠯ ᠦᠭᠡᠢ ᠪᠦᠲᠦᠭᠡᠭᠳᠡᠬᠦᠨ ᠢ ᠢᠳᠡᠪᠬᠢᠲᠡᠢ ᠬᠥᠭᠵᠢᠭᠦᠯᠵᠦ᠂ ᠠᠵᠤ ᠠᠬᠤᠢ ᠶᠢᠨ ᠪᠣᠬᠢᠷᠳᠤᠯ ᠦᠭᠡᠢ ᠪᠠᠶᠢᠬᠤ ᠬᠡᠮᠵᠢᠶ᠎ᠡ ᠶᠢ ᠳᠡᠭᠡᠭᠰᠢᠯᠡᠭᠦᠯᠵᠦ᠂ ᠬᠥᠭᠵᠢᠯᠲᠡ ᠶᠢᠨ ᠳᠠᠯᠳᠠ ᠬᠦᠴᠦᠨ ᠪᠠ ᠨᠥᠭᠡᠴᠡ ᠬᠦᠴᠦᠨ ᠢ ᠴᠢᠩᠭᠠᠷᠠᠭᠤᠯᠬᠤ ᠬᠡᠷᠡᠭᠲᠡᠢ᠃ ᠠᠮᠢ ᠠᠬᠤᠢ ᠶᠢᠨ ᠳᠠᠪᠠᠭᠤᠯᠢᠭᠲᠤ ᠭᠠᠵᠠᠷ ᠣᠷᠣᠨ ᠢ ᠳᠡᠮᠵᠢᠵᠦ ᠪᠠᠶᠢᠭᠠᠳ ᠠᠮᠢ ᠠᠬᠤᠢ ᠶᠢ ᠠᠰᠢᠭᠯᠠᠬᠤ ᠠᠵᠢᠯ ᠢ ᠰᠠᠶᠢᠲᠤᠷ ᠬᠢᠵᠦ ᠂ ᠠᠮᠢ ᠠᠬᠤᠢ ᠶᠢᠨ ᠡᠳ᠋ ᠪᠠᠶᠠᠯᠢᠭ ᠢ ᠠᠵᠤ ᠠᠬᠤᠢ ᠶᠢᠨ ᠡᠳ᠋ ᠪᠠᠶᠠᠯᠢᠭ ᠪᠣᠯᠭᠠᠨ ᠬᠤᠪᠢᠷᠠᠭᠤᠯᠬᠤ ᠬᠡᠷᠡᠭᠲᠡᠢ᠃ ᠠᠮᠢ ᠠᠬᠤᠢ ᠶᠢᠨ ᠬᠠᠮᠠᠭᠠᠯᠠᠯᠲᠠ ᠳᠤ ᠨᠥᠬᠦᠪᠦᠷᠢ ᠥᠭᠬᠦ ᠬᠥᠨᠳᠡᠯᠡᠨ ᠤ ᠲᠣᠭᠲᠠᠴᠠ ᠶᠢ ᠲᠡᠭᠦᠯᠳᠡᠷᠵᠢᠭᠦᠯᠵᠦ᠂ ᠪᠦᠭᠦ ᠰᠠᠪᠠ ᠭᠠᠵᠠᠷ ᠢᠶᠠᠷ ᠢᠶᠠᠨ ᠠᠮᠢ ᠠᠬᠤᠢ ᠶᠢᠨ ᠬᠠᠮᠠᠭᠠᠯᠠᠯᠲᠠ ᠳᠤ ᠣᠷᠤᠯᠴᠠᠬᠤ ᠢᠳᠡᠪᠬᠢᠵᠢᠯ ᠢ ᠬᠥᠭᠵᠢᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠳᠠᠪᠠᠭᠤᠯᠢᠭ᠂ ᠴᠢᠳᠠᠪᠤᠷᠢᠲᠠᠨ ᠤ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠬᠥᠭᠵᠢᠯᠲᠡ ᠶᠢᠨ ᠰᠢᠨ᠎ᠡ ᠬᠦᠷᠢᠶ᠎ᠡ ᠰᠢᠨ᠎ᠡ ᠤᠷᠤᠯᠳᠤᠭᠠᠨ ᠤ ᠵᠠᠮ ᠢ ᠢᠳᠡᠪᠬᠢᠲᠡᠢ ᠨᠡᠭᠡᠭᠡᠵᠦ᠂ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠰᠢᠨ᠎ᠡ ᠳᠠᠪᠠᠭᠤᠯᠢᠭ ᠢ ᠪᠤᠢ ᠪᠤᠯᠭᠠᠬᠤ ᠬᠡᠷᠡᠭᠲᠡᠢ᠃ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠰᠢᠯᠢᠳᠡᠭᠵᠢᠭᠦᠯᠦᠨ ᠨᠡᠶᠢᠳᠬᠡᠬᠦ ᠪᠠ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠬᠠᠮᠵᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠠᠵᠤ ᠦᠢᠯᠡᠰ ᠤᠨ ᠰᠠᠭᠤᠷᠢ ᠶᠢ ᠳᠡᠭᠡᠳᠦ ᠳᠡᠰᠵᠢᠭᠦᠯᠭᠦ ᠪᠠ ᠠᠵᠤ ᠦᠢᠯᠡᠰ ᠤᠨ ᠬᠡᠯᠬᠢᠶ᠎ᠡ ᠶᠢ ᠣᠳᠣᠬᠢᠴᠢᠯᠠᠬᠤ ᠶᠢᠨ ᠲᠣᠭᠤᠷᠢᠨ ᠳᠤ᠂ ᠰᠢᠨ᠎ᠡ ᠬᠦᠷᠢᠶ᠎ᠡ ᠰᠢᠨ᠎ᠡ ᠤᠷᠤᠯᠳᠤᠭᠠᠨ ᠤ ᠵᠠᠮ ᠤᠨ ᠬᠥᠲᠥᠯᠥᠨ ᠳᠠᠭᠠᠭᠤᠯᠬᠤ ᠴᠢᠨᠠᠷᠲᠠᠢ ᠮᠡᠷᠭᠡᠵᠢᠯ ᠤᠨ ᠪᠣᠭᠤᠮᠲᠠ ᠰᠢᠪᠲᠤᠯᠬᠤ ᠶᠢ ᠢᠳᠡᠪᠬᠢᠲᠡᠢ ᠪᠠᠶᠢᠷᠢᠰᠢᠭᠤᠯᠵᠤ᠂ ᠳᠡᠭᠡᠳᠦ ᠲᠡᠰ ᠳᠠᠪᠬᠤᠷᠭ᠎ᠠ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠢ ᠲᠠᠳᠠᠨ ᠴᠤᠭᠯᠠᠭᠤᠯᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠤᠰᠢᠭᠤᠷᠠᠯ ᠬᠦᠷᠢᠶᠡᠨ ᠤ ᠤᠤᠭᠠᠯ ᠡᠭᠦᠳᠦᠯᠲᠡ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠨᠢᠭᠡ ᠪᠦᠯᠦᠭ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠰᠢᠪᠲᠤᠯᠤᠯᠲᠠ ᠶᠢ ᠲᠦᠷᠭᠡᠳᠬᠡᠬᠦ ᠬᠡᠷᠡᠭᠲᠡᠢ᠃ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠣᠳᠣᠬᠢᠴᠢᠯᠠᠯᠲᠠ ᠶᠢ ᠶᠡᠭᠡ ᠪᠠᠷ ᠠᠬᠢᠭᠤᠯᠵᠤ᠂ ᠦᠢᠯᠡᠳᠬᠦ ᠦᠢᠯᠡᠰ ᠤᠨ ᠭᠤᠣᠯᠯᠠᠬᠤ ᠥᠷᠢᠰᠦᠯᠳᠦᠬᠦ ᠬᠦᠴᠦᠨ ᠢ ᠴᠢᠩᠭᠠᠷᠠᠭᠤᠯᠬᠤ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠲᠡᠷᠢᠭᠦᠨ ᠤ ᠦᠢᠯᠡᠳᠬᠦ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠪᠠ ᠢᠷᠡᠭᠡᠳᠦᠢ ᠶᠢᠨ ᠠᠵᠤ ᠦᠢᠯᠡᠰ ᠢ ᠲᠦᠷᠭᠡᠳᠬᠡᠨ ᠬᠥᠭᠵᠢᠭᠦᠯᠵᠦ᠂ ᠲᠣᠭᠠᠴᠢᠯᠠᠭᠰᠠᠨ ᠠᠵᠤ ᠠᠬᠤᠢ ᠪᠠ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠬᠤ ᠬᠡᠷᠡᠭᠲᠡᠢ᠃ ᠠᠵᠤ ᠦᠢᠯᠡᠰ ᠤᠨ ᠬᠡᠯᠬᠢᠶ᠎ᠡ ᠶᠢᠨ ᠬᠠᠮᠵᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠳᠠᠪᠠᠭᠤᠯᠢᠭ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠵᠡᠭᠦᠨᠰᠢ ᠪᠠᠷᠠᠭᠤᠨᠰᠢ ᠬᠥᠨᠳᠡᠯᠡᠨ ᠨᠡᠪᠲᠡᠷᠡᠬᠦ᠂ ᠡᠮᠦᠨ᠎ᠡ ᠤᠮᠠᠷ᠎ᠠ ᠶᠢ ᠵᠠᠯᠭᠠᠬᠤ᠂ ᠮᠥᠷᠡᠨ ᠲᠠᠢ ᠵᠠᠯᠭᠠᠵᠤ ᠲᠠᠯᠠᠢ ᠳᠤ ᠨᠡᠪᠲᠡᠷᠡᠬᠦ ᠥᠪᠡᠷᠮᠢᠴᠡ ᠳᠠᠪᠠᠭᠤᠯᠢᠭ ᠢ ᠨᠡᠩ ᠰᠠᠶᠢᠲᠤᠷ ᠪᠠᠳᠠᠷᠠᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠵᠠᠬ᠎ᠠ ᠳᠡᠯᠭᠡᠭᠦᠷ ᠢ ᠨᠡᠩ ᠰᠠᠶᠢᠲᠤᠷ ᠬᠤᠯᠪᠣᠯᠳᠤᠭᠤᠯᠵᠤ ᠂ ᠬᠤᠶᠠᠷ ᠵᠦᠢᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠤᠨ ᠳᠣᠲᠣᠭᠠᠳᠤ ᠬᠥᠳᠡᠯᠭᠡᠬᠦ ᠬᠦᠴᠦᠨ ᠪᠠ ᠨᠠᠶᠢᠳᠠᠪᠤᠷᠢᠲᠤ ᠴᠢᠨᠠᠷ ᠢ ᠳᠡᠭᠡᠭᠰᠢᠯᠡᠭᠦᠯᠵᠦ᠂ ᠤᠯᠠᠨ ᠤᠯᠤᠰ ᠤᠨ ᠣᠷᠴᠢᠯ ᠳᠠᠬᠢ ᠲᠠᠲᠠᠬᠤ ᠬᠦᠴᠦᠨ᠂ ᠬᠥᠳᠡᠯᠭᠡᠬᠦ ᠬᠦᠴᠦᠨ ᠢ ᠴᠢᠩᠭᠠᠳᠬᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠬᠠᠩᠭᠠᠬᠤ ᠬᠡᠷᠡᠭᠲᠡᠢ᠃ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ᠂ ᠮᠥᠷᠡᠨ ᠳᠠᠭᠠᠤ ᠶᠢᠨ ᠮᠤᠵᠢ ᠬᠤᠳᠠ ᠶᠢᠨ ᠬᠢᠨ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠬᠤ ᠪᠥᠭᠡᠳ ᠪᠠᠰᠠ ᠬᠠᠮᠵᠢᠯᠴᠠᠨ ᠬᠥᠭᠵᠢᠵᠦ᠂ ᠰᠤᠯᠪᠢᠴᠡᠨ ᠬᠥᠭᠵᠢᠵᠦ᠂ ᠬᠤᠯᠪᠤᠭᠠᠯᠠᠨ ᠬᠥᠭᠵᠢᠬᠦ ᠬᠡᠷᠡᠭᠲᠡᠢ᠃ ᠮᠥᠷᠡᠨ ᠳᠠᠭᠠᠤ ᠶᠢᠨ ᠠᠵᠤ ᠦᠢᠯᠡᠰ ᠤᠨ ᠪᠠᠶᠢᠷᠢᠰᠢᠭᠤᠯᠤᠯᠲᠠ ᠪᠠ ᠰᠢᠯᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠴᠢᠬᠤᠯᠠ ᠶᠡᠭᠡ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠪᠡᠯᠡ ᠮᠥᠩᠭᠦ᠂ ᠮᠡᠷᠭᠡᠵᠢᠯ᠂ ᠭᠦᠳᠡᠯᠮᠦᠷᠢ ᠬᠦᠴᠦ ᠲᠥᠪᠯᠡᠷᠡᠭᠰᠡᠨ ᠭᠡᠯᠪᠡᠷᠢ ᠶᠢᠨ ᠠᠵᠤ ᠦᠢᠯᠡᠰ ᠢ ᠬᠥᠲᠥᠯᠥᠨ ᠵᠢᠯᠤᠭᠤᠳᠴᠤ ᠪᠠᠶᠢᠭᠠᠳ ᠵᠡᠭᠦᠨ ᠬᠡᠰᠡᠭ ᠠᠴᠠ ᠳᠤᠮᠳᠠ ᠬᠡᠰᠡᠭ ᠪᠠᠷᠠᠭᠤᠨ ᠬᠡᠰᠡᠭ ᠲᠡᠶᠢᠰᠢ ᠰᠢᠯᠵᠢᠭᠦᠯᠵᠦ᠂ ᠭᠤᠣᠯ ᠬᠤᠳᠠ ᠠᠴᠠ ᠥᠷᠥᠴᠡ ᠭᠠᠵᠠᠷ ᠲᠡᠶᠢᠰᠢ ᠡᠮᠬᠢ ᠵᠢᠷᠤᠮ ᠲᠠᠢ ᠪᠠᠷ ᠰᠢᠯᠵᠢᠭᠦᠯᠬᠦ ᠬᠡᠷᠡᠭᠲᠡᠢ᠃ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠢᠳᠡᠪᠬᠢᠲᠡᠢ ᠪᠠᠷ ᠠᠬᠢᠭᠤᠯᠵᠤ᠂ ᠤᠯᠠᠨ ᠤᠯᠤᠰ ᠤᠨ ᠠᠵᠤ ᠠᠬᠤᠢ ᠶᠢᠨ ᠬᠠᠮᠲᠤᠷᠠᠯᠴᠠᠭᠠᠨ ᠤ ᠰᠢᠨ᠎ᠡ ᠬᠦᠷᠢᠶ᠎ᠡ᠂ ᠰᠢᠨ᠎ᠡ ᠠᠷᠭ᠎ᠠ ᠵᠠᠮ ᠢ ᠢᠳᠡᠪᠬᠢᠲᠡᠢ ᠪᠠᠷ ᠥᠷᠭᠡᠳᠬᠡᠬᠦ ᠬᠡᠷᠡᠭᠲᠡᠢ᠃ ᠮᠥᠷᠡᠨ ᠳᠠᠭᠠᠤ ᠶᠢᠨ ᠮᠤᠵᠢ ᠬᠤᠳᠠ ᠶᠢᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠳᠦᠷᠢᠮ ᠤᠨ ᠰᠢᠨ᠎ᠡ ᠶᠢ ᠡᠭᠦᠳᠬᠦ ᠲᠠᠯ᠎ᠠ ᠪᠠᠷ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠵᠤ᠂ ᠮᠥᠷᠡᠨ ᠳᠠᠭᠠᠤ ᠶᠢᠨ ᠮᠤᠵᠢ ᠬᠤᠳᠠ ᠶᠢᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠬᠤᠯᠪᠤᠭᠠᠯᠠᠨ ᠬᠥᠭᠵᠢᠬᠦ ᠶᠢ ᠠᠬᠢᠭᠤᠯᠵᠤ᠂ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠤ ᠭᠡᠯᠪᠡᠷᠢ ᠶᠢᠨ ᠠᠵᠤ ᠠᠬᠤᠢ ᠶᠢᠨ ᠰᠢᠨ᠎ᠡ ᠪᠠᠶᠢᠭᠤᠯᠤᠮᠵᠢ ᠶᠢ ᠪᠠᠶᠢᠭᠤᠯᠬᠤ ᠳᠤ ᠰᠢᠨ᠎ᠡ ᠲᠤᠷᠰᠢᠯᠭ᠎ᠠ ᠬᠤᠷᠠᠮᠳᠤᠭᠤᠯᠵᠤ᠂ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠣᠷᠣᠨ ᠪᠦᠰᠡ ᠶᠢᠨ ᠬᠠᠮᠵᠢᠯᠴᠠᠨ ᠠᠭᠤᠰᠤᠯᠴᠠᠬᠤ ᠶᠢ ᠴᠢᠩᠭᠠᠳᠬᠠᠬᠤ ᠪᠠᠷ ᠬᠦᠴᠦᠯᠡᠬᠦ ᠴᠡᠭ ᠪᠤᠯᠭᠠᠬᠤ ᠶᠢ ᠪᠠᠷᠢᠮᠲᠠᠯᠠᠵᠤ᠂ ᠮᠥᠷᠡᠨ ᠳᠠᠭᠠᠤ ᠶᠢᠨ ᠮᠤᠵᠢ ᠬᠤᠳᠠ ᠶᠢᠨ ᠬᠢᠨ ᠮᠤᠵᠢ ᠶᠢᠨ ᠬᠤᠭᠤᠷᠣᠨᠳᠤ ᠪᠠᠨ ᠬᠠᠮᠲᠤ ᠪᠠᠷ ᠵᠥᠪᠳᠡᠯᠴᠡᠬᠦ᠂ ᠠᠮᠢ ᠠᠬᠤᠢ ᠶᠢ ᠬᠠᠮᠲᠤ ᠪᠠᠷ ᠵᠠᠰᠠᠬᠤ᠂ ᠪᠦᠭᠦ ᠣᠷᠣᠨ ᠪᠦᠰᠡ ᠪᠠᠷ ᠢᠶᠠᠨ ᠬᠠᠮᠲᠤ ᠪᠠᠷ ᠪᠠᠶᠢᠭᠤᠯᠬᠤ᠂ ᠬᠥᠭᠵᠢᠯᠲᠡ ᠶᠢ ᠬᠠᠮᠲᠤ ᠪᠠᠷ ᠡᠳ᠋ᠯᠡᠬᠦ ᠶᠢ ᠪᠠᠷᠢᠮᠲᠠᠯᠠᠵᠤ᠂ ᠣᠷᠣᠨ ᠪᠦᠰᠡ ᠶᠢᠨ ᠵᠠᠮ ᠬᠠᠷᠢᠯᠴᠠᠭᠠᠨ ᠤ ᠬᠤᠯᠪᠣᠯᠳᠤᠬᠤ ᠴᠢᠨᠠᠷ᠂ ᠲᠦᠷᠦ ᠶᠢᠨ ᠪᠣᠳᠣᠯᠭ᠎ᠠ ᠶᠢᠨ ᠨᠢᠭᠡᠳᠦᠯᠲᠦ ᠴᠢᠨᠠᠷ᠂ ᠳᠦᠷᠢᠮ ᠤᠨ ᠨᠢᠭᠡᠳᠦᠯᠲᠦ ᠴᠢᠨᠠᠷ᠂ ᠬᠡᠷᠡᠭᠵᠢᠭᠦᠯᠦᠯᠲᠡ ᠶᠢᠨ ᠬᠠᠮᠵᠢᠯᠴᠠᠬᠤ ᠴᠢᠨᠠᠷ ᠢ ᠴᠢᠩᠭᠠᠳᠬᠠᠵᠤ᠂ᠠᠮᠢ ᠠᠬᠤᠢ ᠶᠢᠨ ᠬᠠᠮᠲᠤ ᠶᠢᠨ ᠴᠣᠭᠴᠠ ᠪᠣᠯᠣᠨ ᠠᠰᠢᠭ ᠲᠤᠰᠠ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠲᠣᠭᠲᠠᠭᠤᠨ ᠢᠶᠠᠷ ᠠᠬᠢᠭᠤᠯᠵᠤ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠣᠷᠣᠨ ᠪᠦᠰᠡ ᠶᠢᠨ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢ ᠪᠦᠬᠦᠯᠢ ᠴᠣᠭᠴᠠ ᠶᠢᠨ ᠲᠠᠯ᠎ᠠ ᠠᠴᠠ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠬᠤᠩᠭᠢᠯ ᠢ ᠲᠦᠷᠭᠡᠳᠬᠡᠨ ᠪᠦᠲᠦᠭᠡᠨ  ᠪᠠᠶᠢᠭᠤᠯᠵᠤ᠂ ᠵᠠᠮ ᠬᠠᠷᠢᠯᠴᠠᠭᠠᠨ ᠤ ᠲᠣᠣᠷ ᠤᠨ ᠬᠠᠷᠢᠯᠴᠠᠨ ᠬᠤᠯᠪᠣᠯᠳᠤᠨ ᠨᠡᠪᠲᠡᠷᠡᠯᠴᠡᠬᠦ ᠪᠠ ︽ᠵᠠᠰᠠᠮᠠᠯ ᠵᠠᠮ ᠤᠰᠤᠨ ᠵᠠᠮ ᠲᠡᠮᠦᠷ ᠵᠠᠮ︾ ᠵᠡᠷᠭᠡ ᠲᠡᠭᠡᠭᠡᠪᠦᠷᠢ ᠶᠢᠨ  ᠠᠷᠭ᠎ᠠ ᠮᠠᠶ᠋ᠢᠭ ᠤᠨ ᠬᠠᠷᠢᠯᠴᠠᠨ ᠵᠣᠯᠭᠠᠯᠳᠤᠬᠤ ᠶᠢ ᠴᠢᠩᠭᠠᠳᠬᠠᠵᠤ᠂ ᠣᠷᠣᠨ ᠪᠦᠰᠡ ᠶᠢᠨ ᠵᠠᠮ ᠬᠠᠷᠢᠯᠴᠠᠭᠠᠨ ᠤ ᠨᠢᠭᠡ ᠴᠣᠭᠴᠠᠵᠢᠬᠤ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠡᠯᠧᠮᠧᠨ᠋ᠲ ᠤᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠥᠮᠴᠢᠯᠡᠯ ᠤᠨ ᠡᠷᠬᠡ ᠶᠢᠨ ᠬᠠᠮᠠᠭᠠᠯᠠᠯᠲᠠ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠭᠤᠣᠯᠴᠢ ᠪᠠᠷ ᠥᠷᠢᠰᠦᠯᠳᠦᠬᠦ᠂ ᠨᠡᠶᠢᠭᠡᠮ ᠤᠨ ᠢᠲᠡᠭᠡᠮᠵᠢ ᠵᠡᠷᠭᠡ ᠰᠠᠭᠤᠷᠢ ᠳᠦᠷᠢᠮ ᠢ ᠲᠡᠭᠦᠯᠳᠡᠷᠵᠢᠭᠦᠯᠵᠦ᠂ ᠣᠷᠣᠨ ᠪᠦᠰᠡ ᠠᠯᠤᠰᠯᠠᠭᠰᠠᠨ ᠂ ᠰᠠᠯᠠᠭ᠎ᠠ ᠮᠥᠴᠢᠷ ᠠᠯᠤᠰᠯᠠᠭᠰᠠᠨ᠂ ᠱᠠᠲᠤ ᠳᠠᠪᠬᠤᠷᠭ᠎ᠠ ᠠᠯᠤᠰᠯᠠᠭᠰᠠᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠ ᠶᠠᠪᠤᠴᠠ ᠶᠢᠨ ᠬᠤᠯᠪᠣᠯᠳᠤᠨ ᠨᠡᠪᠲᠡᠷᠡᠯᠴᠡᠬᠦ ᠶᠢ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠡᠷᠡᠭᠲᠡᠢ᠃ ᠬᠥᠬᠡᠮᠥ᠋ᠷᠡᠨ ᠤ ᠰᠣᠶᠣᠯ ᠤᠨ ᠴᠠᠭ ᠦᠶ᠎ᠡ ᠶᠢᠨ ᠦᠷᠳᠡᠭ ᠢ ᠭᠦᠨᠵᠡᠭᠡᠢ ᠠᠭᠤᠳᠠᠯᠵᠤ᠂ ᠰᠢᠨ᠎ᠡ ᠴᠠᠭ ᠦᠶ᠎ᠡ ᠶᠢᠨ ᠬᠥᠬᠡᠮᠥ᠋ᠷᠡᠨ ᠤ ᠰᠣᠶᠣᠯ ᠢ ᠬᠠᠷᠠᠭᠤᠯᠤᠭᠰᠠᠨ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠨᠡᠩ ᠤᠯᠠᠨ ᠭᠠᠷᠭᠠᠬᠤ ᠬᠡᠷᠡᠭᠲᠡᠢ᠃ ᠰᠣᠶᠣᠯ  ᠪᠠ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠢᠳᠡᠪᠬᠢᠲᠡᠢ ᠪᠠᠷ ᠠᠬᠢᠭᠤᠯᠵᠤ᠂ ᠨᠢᠭᠡ ᠪᠦᠯᠦᠭ ᠪᠠᠶᠢᠭᠠᠯᠢ ᠶᠢᠨ ᠠᠭᠤᠯᠠ ᠤᠰᠤᠨ ᠤ ᠣᠨᠴᠠᠯᠢᠭ ᠪᠠ ᠲᠡᠦᠬᠡ ᠰᠣᠶᠣᠯ ᠢᠷᠭᠡᠨᠰᠢᠯ ᠤᠨ ᠠᠭᠤᠯᠤᠭᠳᠠᠬᠤᠨ ᠲᠠᠢ ᠮᠥᠷᠡᠨ ᠳᠠᠭᠠᠤ ᠬᠤᠳᠠ᠂ ᠵᠢᠵᠢᠭ ᠬᠤᠲᠠ ᠪᠠᠯᠭᠠᠰᠤ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠵᠤ᠂ ᠬᠥᠬᠡᠮᠥ᠋ᠷᠡᠨ ᠤ ᠤᠯᠠᠨ ᠤᠯᠤᠰ ᠤᠨ ᠰᠢᠵᠢᠷ ᠠᠯᠳᠠᠨ ᠵᠢᠭᠤᠯᠴᠢᠯᠠᠯ ᠤᠨ ᠪᠦᠰᠡ ᠶᠢ ᠪᠤᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠨᠢ ᠪᠦᠭᠦ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠲᠠᠢ ᠬᠤᠯᠪᠣᠭᠳᠠᠨ᠎ᠠ᠃ ᠬᠥᠭᠵᠢᠯᠲᠡ ᠪᠠ ᠠᠮᠤᠷ ᠲᠦᠪᠰᠢᠨ ᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ᠂ ᠡᠨᠧᠷᠭᠢ ᠶᠢᠨ ᠠᠮᠤᠷ ᠲᠦᠪᠰᠢᠨ᠂ ᠴᠢᠬᠤᠯᠠ ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ᠂ ᠤᠰᠤᠨ ᠤ ᠠᠮᠤᠷ ᠲᠦᠪᠰᠢᠨ ᠢ ᠬᠠᠮᠠᠭᠠᠯᠠᠬᠤ ᠵᠡᠷᠭᠡ ᠲᠠᠯ᠎ᠠ ᠪᠠᠷ ᠨᠡᠩ ᠶᠡᠭᠡ ᠦᠢᠯᠡᠳᠦᠯ ᠦᠵᠡᠭᠦᠯᠵᠦ᠂ ᠨᠢᠭᠡ ᠣᠷᠣᠨ ᠪᠦᠰᠡ ᠶᠢᠨ ᠲᠣᠭᠲᠠᠭᠤᠨ ᠢᠶᠠᠷ ᠪᠦᠭᠦ ᠲᠠᠯ᠎ᠠ ᠶᠢᠨ ᠠᠮᠤᠷ ᠲᠦᠪᠰᠢᠨ ᠳᠤ ᠬᠤᠪᠢ ᠨᠡᠮᠡᠷᠢ ᠦᠵᠡᠭᠦᠯᠭᠦ ᠬᠡᠷᠡᠭᠲᠡᠢ᠃ ᠮᠥᠷᠡᠨ ᠳᠠᠭᠠᠤ ᠶᠢᠨ ᠮᠤᠵᠢ ᠬᠤᠳᠠ ᠶᠢᠨ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠴᠦ ᠲᠡᠷᠡ᠂ ᠭᠤᠣᠯ ᠪᠣᠷᠤᠯᠠᠭᠤᠯᠭ᠎ᠠ ᠶᠢᠨ ᠣᠷᠣᠨ᠂ ᠦᠢᠯᠡᠳᠪᠦᠷᠢᠯᠡᠯ ᠪᠣᠷᠤᠯᠠᠭᠤᠯᠭ᠎ᠠ ᠶᠢᠨ ᠲᠡᠩᠴᠡᠭᠦᠷᠢ ᠶᠢᠨ ᠣᠷᠣᠨ ᠴᠦ ᠲᠡᠷᠡ᠂ ᠴᠥᠮ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠪᠠᠲᠤ ᠡᠭᠦᠷᠭᠡᠯᠡᠬᠦ ᠬᠡᠷᠡᠭᠲᠡᠢ᠃  ᠲᠠᠷᠢᠶᠠᠨ ᠭᠠᠵᠠᠷ ᠤᠨ ᠲᠤᠭ᠎ᠠ ᠬᠡᠮᠵᠢᠶ᠎ᠡ᠂ ᠶᠠᠰᠤ ᠴᠢᠨᠠᠷ᠂ ᠠᠮᠢ ᠠᠬᠤᠢ ᠶᠢ ︽ᠭᠤᠷᠪᠠ ᠶᠢ ᠨᠢᠭᠡ ᠴᠣᠭᠴᠠᠵᠢᠭᠤᠯᠬᠤ︾ ᠬᠠᠮᠠᠭᠠᠯᠠᠯᠲᠠ ᠶᠢ ᠴᠢᠩᠭᠠᠳᠬᠠᠵᠤ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠠᠯᠬᠤᠮ ᠠᠯᠬᠤᠮ ᠢᠶᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠵᠤ᠂ ᠲᠠᠷᠢᠶᠠᠯᠠᠩ ᠤᠨ ᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠵᠤ᠂ ᠠᠮᠢᠳᠤ ᠪᠣᠳᠠᠰ ᠤᠨ ᠦᠷ᠎ᠡ ᠪᠤᠶᠢᠵᠢᠭᠤᠯᠬᠤ ᠴᠢᠬᠤᠯᠠ ᠶᠡᠭᠡ ᠲᠦᠷᠤᠯ ᠵᠦᠢᠯ ᠢ ᠬᠡᠷᠡᠭᠵᠢᠭᠦᠯᠵᠦ᠂ ᠦᠷ᠎ᠡ ᠶᠢᠨ ᠦᠢᠯᠡᠰ ᠤᠨ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠭᠤᠣᠯᠳᠠᠯᠭ᠎ᠠ ᠪᠠᠨ ᠲᠠᠯᠠᠪᠠᠶ ᠨᠢᠭᠡᠴᠢ ᠶᠢᠨ ᠤᠨᠠᠯᠲᠠ ᠶᠢ ᠶᠡᠭᠡ ᠬᠡᠪᠴᠢᠶ᠎ᠡ ᠪᠠᠷ ᠳᠡᠭᠡᠭᠰᠢᠯᠡᠭᠦᠯᠭᠦ ᠳᠡᠭᠡᠷ᠎ᠡ ᠲᠠᠯᠪᠢᠵᠤ᠂ ᠰᠠᠶᠢᠨ ᠲᠠᠷᠢᠶᠠᠨ ᠤ ᠰᠠᠶᠢᠨ ᠡᠭᠦᠯᠳᠡᠷ᠂ ᠰᠠᠶᠢᠨ ᠮᠠᠰᠢᠨ ᠰᠠᠶᠢᠨ ᠠᠷᠭ᠎ᠠ ᠶᠢ ᠲᠥᠪᠯᠡᠷᠡᠭᠦᠯᠦᠨ ᠳᠡᠯᠭᠡᠷᠡᠭᠦᠯᠬᠦ ᠪᠠᠨ ᠴᠢᠩᠭᠠᠳᠬᠠᠵᠤ᠂ ᠣᠯᠠᠨ ᠵᠦᠢᠯ ᠤᠨ ᠭᠡᠯᠪᠡᠷᠢ ᠮᠠᠶ᠋ᠢᠭ ᠪᠦᠬᠦᠢ ᠵᠣᠬᠢᠬᠤ ᠬᠡᠪᠴᠢᠶᠡᠲᠦ ᠡᠵᠡᠩᠨᠡᠯᠲᠡ ᠪᠣᠯᠣᠨ ᠨᠡᠶᠢᠭᠡᠮᠴᠢᠯᠡᠭᠰᠡᠨ ᠦᠢᠯᠡᠴᠢᠯᠡᠭᠡ ᠶᠢ ᠬᠥᠭᠵᠢᠭᠦᠯᠬᠦ ᠬᠡᠷᠡᠭᠲᠡᠢ᠃ ᠪᠦᠭᠦ ᠤᠯᠤᠰ ᠢᠶᠠᠷ ᠢᠶᠠᠨ ︽ᠨᠢᠭᠡ ᠬᠥᠯᠭᠡ ᠰᠢᠲᠠᠷ᠎ᠠ︾  ᠪᠤᠯᠬᠤ ᠶᠢ ᠪᠠᠷᠢᠮᠲᠠᠯᠠᠵᠤ᠂ ᠳᠡᠭᠡᠳᠦ ᠤᠷᠤᠰᠬᠠᠯ ᠤᠨ ᠭᠠᠵᠠᠷ ᠣᠷᠣᠨ ᠪᠣᠯᠣᠨ ᠳᠤᠮᠳᠠ ᠳᠣᠣᠷᠠᠳᠤ ᠤᠷᠤᠰᠬᠠᠯ ᠤᠨ ᠭᠠᠵᠠᠷ ᠣᠷᠣᠨ ᠤ ᠡᠨᠧᠷᠭᠢ ᠶᠢᠨ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠬᠦ ᠬᠡᠷᠡᠭᠲᠡᠢ᠃ ᠨᠡᠭᠦᠷᠡᠰᠦ ᠵᠡᠷᠭᠡ ᠴᠢᠯᠠᠭᠤᠵᠢᠮᠠᠯ ᠡᠨᠧᠷᠭᠢ ᠶᠢᠨ ᠦᠨᠳᠦᠰᠦᠨ ᠬᠦᠴᠦᠨ ᠵᠦᠢᠯ ᠢ ᠪᠠᠲᠤᠯᠠᠬᠤ ᠴᠢᠳᠠᠪᠤᠷᠢ ᠶᠢ ᠴᠢᠩᠭᠠᠳᠬᠠᠵᠤ᠂ ᠨᠡᠭᠦᠷᠡᠰᠦ ᠶᠢ ᠠᠷᠢᠭᠤᠨ ᠴᠡᠪᠡᠷ ᠪᠥᠭᠡᠳ ᠥᠨᠳᠥᠷ ᠪᠦᠲᠦᠮᠵᠢᠲᠡᠢ ᠪᠠᠷ ᠠᠰᠢᠭᠯᠠᠬᠤ ᠶᠢ ᠰᠠᠶᠢᠲᠤᠷ ᠠᠳᠬᠤᠵᠤ᠂ ᠤᠰᠤᠨ ᠴᠠᠭᠢᠯᠭᠠᠨ ᠵᠡᠷᠭᠡ ᠳᠠᠪᠠᠭᠤᠯᠢᠭ ᠤᠯᠠᠮᠵᠢᠯᠠᠯᠲᠤ ᠡᠨᠧᠷᠭᠢ ᠪᠣᠯᠣᠨ ᠰᠠᠯᠬᠢᠨ ᠬᠦᠴᠦᠨ ᠤ ᠴᠠᠭᠢᠯᠭᠠᠨ᠂ ᠭᠡᠷᠡᠯᠴᠢ ᠴᠡᠨᠡᠭ᠂ ᠤᠰᠤᠲᠥ᠋ᠷᠥᠭᠴᠢ ᠡᠨᠧᠷᠭᠢ ᠵᠡᠷᠭᠡ ᠰᠢᠨ᠎ᠡ ᠡᠨᠧᠷᠭᠢ ᠶᠢᠨ ᠤᠯᠠᠨ ᠡᠨᠧᠷᠭᠢ ᠶᠢ ᠬᠠᠷᠢᠯᠴᠠᠨ ᠨᠥᠬᠦᠪᠦᠷᠢᠯᠡᠬᠦ᠂ ᠭᠦᠨᠵᠡᠭᠡᠢ ᠠᠭᠤᠰᠤᠯᠴᠠᠬᠤ ᠶᠢ ᠴᠢᠬᠤᠯᠠᠴᠢᠯᠠᠵᠤ᠂ ᠰᠢᠨ᠎ᠡ ᠭᠡᠯᠪᠡᠷᠢ ᠶᠢᠨ ᠡᠨᠧᠷᠭᠢ ᠶᠢᠨ ᠰᠢᠰᠲ᠋ᠧᠮ ᠢ ᠲᠦᠷᠭᠡᠨ ᠪᠠᠶᠢᠭᠤᠯᠵᠤ᠂ ᠡᠨᠧᠷᠭᠢ ᠶᠢᠨ ᠰᠤᠷᠪᠤᠯᠵᠢ ᠲᠣᠣᠷ ᠳᠠᠭᠠᠭᠠᠴᠠ ᠨᠥᠭᠡᠴᠡ ᠶᠢᠨ ᠨᠢᠭᠡ ᠴᠣᠭᠴᠠᠵᠢᠯᠲᠠ ᠶᠢ ᠠᠬᠢᠭᠤᠯᠬᠤ ᠬᠡᠷᠡᠭᠲᠡᠢ᠃ ᠠᠮᠤᠷ ᠳᠥᠯᠭᠡᠨ ᠬᠥᠬᠡᠮᠥ᠋ᠷᠡᠨ ᠢ  ᠴᠢᠷᠮᠠᠶᠢᠨ ᠪᠦᠲᠦᠭᠡᠨ ᠪᠠᠶᠢᠭᠤᠯᠵᠤ᠂ ᠬᠥᠬᠡᠮᠥ᠋ᠷᠡᠨ ᠤ ᠤᠰᠤᠨ ᠤ ᠪᠠᠶᠢᠳᠠᠯ ᠤᠨ ᠬᠤᠪᠢᠷᠠᠯᠲᠠ ᠶᠢ ᠰᠢᠨᠵᠢᠯᠡᠬᠦ ᠤᠬᠠᠭᠠᠨᠴᠢ ᠪᠠᠷ ᠡᠵᠡᠮᠳᠡᠵᠦ᠂ ᠭᠠᠩ ᠬᠠᠭᠰᠠᠷᠠᠭᠠᠨ ᠤᠰᠤᠲᠤᠯ ᠢ ᠬᠠᠮᠲᠤ ᠪᠠᠷ ᠰᠡᠷᠭᠡᠶᠢᠯᠡᠵᠦ ᠬᠠᠮᠲᠤ ᠪᠠᠷ ᠵᠠᠰᠠᠬᠤ ᠶᠢ ᠪᠠᠷᠢᠮᠲᠠᠯᠠᠵᠤ᠂ ᠤᠰᠤᠨ ᠤ ᠰᠢᠰᠲ᠋ᠧᠮ ᠢ ᠨᠡᠪᠲᠡᠷᠡᠭᠦᠯᠬᠦ᠂ ᠤᠰᠤᠨ ᠤ ᠡᠬᠢ ᠰᠤᠷᠪᠤᠯᠵᠢ ᠶᠢ ᠬᠠᠮᠠᠭᠠᠯᠠᠨ ᠠᠷᠠᠴᠢᠯᠠᠬᠤ᠂ ᠬᠥᠷᠥᠰᠥ ᠰᠢᠷᠣᠢ ᠶᠢ ᠬᠠᠮᠠᠭᠠᠯᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠠᠪᠠ ᠭᠠᠵᠠᠷ ᠤᠨ ᠤᠰᠤᠨ ᠤ ᠢᠨᠵᠧᠨᠧᠷᠢᠩ ᠢ ᠨᠢᠭᠡᠳᠦᠯᠲᠡᠢ ᠬᠤᠯᠪᠤᠭᠠᠯᠠᠨ ᠲᠣᠬᠢᠷᠠᠭᠤᠯᠬᠤ ᠶᠢ ᠴᠢᠩᠭᠠᠳᠬᠠᠵᠤ᠂ ᠣᠷᠣᠨ ᠪᠦᠰᠡ ᠠᠯᠤᠰᠯᠠᠭᠰᠠᠨ ᠤᠰᠤᠨ ᠤ ᠡᠬᠢ ᠪᠠᠶᠠᠯᠢᠭ ᠤᠨ ᠡᠯᠪᠡᠭᠵᠢᠯ ᠬᠤᠮᠰᠠᠳᠠᠯ ᠢ ᠲᠣᠬᠢᠷᠠᠭᠤᠯᠬᠤ ᠶᠢ ᠴᠢᠩᠭᠠᠳᠬᠠᠵᠤ᠂ ᠰᠠᠪᠠ ᠭᠠᠵᠠᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠲᠥᠪ ᠠᠴᠠ ᠨᠢᠭᠡᠳᠦᠯᠲᠡᠢ ᠲᠥᠯᠥᠪᠵᠢᠭᠦᠯᠬᠦ᠂ ᠮᠤᠵᠢ ᠠᠴᠠ ᠶᠡᠷᠦᠩᠬᠡᠢ ᠬᠠᠷᠢᠭᠤᠴᠠᠯᠭ᠎ᠠ ᠡᠭᠦᠷᠭᠡᠯᠡᠬᠦ᠂ ᠬᠤᠲᠠ ᠰᠢᠶᠠᠨ ᠠᠴᠠ ᠨᠠᠶᠢᠳᠠᠪᠤᠷᠢᠵᠢᠭᠤᠯᠤᠯᠲᠠ ᠶᠢ ᠠᠳᠬᠤᠬᠤ ᠠᠵᠢᠯ ᠤᠨ ᠲᠣᠭᠲᠠᠴᠠ ᠶᠢ ᠪᠠᠷᠢᠮᠲᠠᠯᠠᠵᠤ᠂ ᠲᠥᠪ ᠤᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠤᠳᠤᠷᠢᠳᠬᠤ ᠳᠤᠭᠤᠶᠢᠯᠠᠩ ᠤᠨ ᠬᠢᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢᠨ ᠤᠳᠤᠷᠢᠳᠤᠮᠵᠢ ᠳᠤ ᠨᠡᠶᠢᠴᠡᠬᠦ ᠲᠦᠷᠦᠯ ᠵᠦᠢᠯ ᠳᠤ ᠳᠡᠮᠵᠢᠯᠭᠡ ᠦᠵᠡᠭᠦᠯᠵᠦ᠂ ᠭᠤᠣᠯᠳᠠᠯᠭ᠎ᠠ ᠲᠠᠢ ᠬᠦᠷᠢᠶᠡᠨ ᠳᠤ ᠨᠢᠭᠡ ᠪᠦᠯᠦᠭ ᠴᠢᠬᠤᠯᠠ ᠶᠡᠭᠡ ᠥᠭᠡᠷᠡᠴᠢᠯᠡᠯᠲᠡ ᠶᠢ ᠠᠬᠢᠭᠤᠯᠬᠤ ᠬᠡᠷᠡᠭᠲᠡᠢ᠃ ᠮᠥᠷᠡᠨ ᠳᠠᠭᠠᠤ ᠮᠤᠵᠢ ᠬᠤᠳᠠ ᠶᠢᠨ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ ᠢᠶᠠᠷ ᠠᠵᠠ ᠲᠣᠭᠢᠶᠠᠯ ᠪᠤᠯᠭᠠᠵᠤ᠂ ᠥᠷᠭᠡᠨ ᠤᠯᠠᠨ ᠺᠠᠳ᠋ᠷ ᠢ ᠬᠥᠮᠥᠵᠢᠭᠦᠯᠦᠨ ᠵᠢᠯᠤᠭᠤᠳᠴᠤ ᠪᠠᠶᠢᠭᠠᠳ ᠵᠥᠪ ᠠᠵᠢᠯ ᠤᠨ ᠠᠮᠵᠢᠯᠲᠠ ᠶᠢᠨ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠳᠠᠪᠤᠷᠢ ᠶᠢ ᠨᠢ ᠳᠡᠭᠡᠭᠰᠢᠯᠡᠭᠦᠯᠭᠦ ᠬᠡᠷᠡᠭᠲᠡᠢ᠃ ᠡᠯ᠎ᠡ ᠲᠦᠷᠦᠯ ᠤᠨ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠬᠥᠲᠥᠯᠥᠨ ᠵᠢᠯᠤᠭᠤᠳᠴᠤ ᠪᠠᠶᠢᠭᠠᠳ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠳᠤ ᠢᠳᠡᠪᠬᠢᠲᠡᠢ ᠣᠷᠣᠯᠴᠠᠭᠤᠯᠵᠤ᠂ ᠬᠥᠮᠥᠨ ᠤ ᠬᠦᠴᠦᠨ᠂ ᠪᠣᠳᠠᠰ ᠤᠨ ᠬᠦᠴᠦᠨ᠂ ᠡᠳ᠋ ᠤᠨ ᠬᠦᠴᠦᠨ ᠵᠡᠷᠭᠡ ᠲᠠᠯ᠎ᠠ ᠶᠢᠨ ᠣᠷᠣᠭᠤᠯᠤᠯᠲᠠ ᠶᠢ ᠨᠡᠮᠡᠭᠳᠡᠭᠦᠯᠵᠦ᠂ ᠠᠷᠠᠳ ᠤᠯᠠᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠰᠠᠶᠢᠲᠤᠷ ᠪᠠᠳᠠᠷᠠᠭᠤᠯᠬᠤ ᠬᠡᠷᠡᠭᠲᠡᠢ᠃ ︽ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠶᠢᠨ ᠲᠥᠯᠦᠪᠵᠢᠭᠦᠯᠭᠡ ᠶᠢᠨ ᠬᠥᠲᠥᠯᠪᠦᠷᠢ︾ ᠵᠢ‌‍ᠬᠡᠷᠡᠭᠵᠢᠭᠦᠯᠦᠭᠰᠡᠨ ᠲᠤᠬᠠᠢ ᠪᠠᠶᠢᠴᠠᠭᠠᠯᠲᠠ ᠦᠨᠡᠯᠡᠯᠲᠡ ᠪᠠ ᠬᠢᠨᠠᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ ᠂ ᠡᠯ᠎ᠡ ᠭᠠᠵᠠᠷ ᠤᠨ ᠬᠢᠨ ᠢ ᠱᠠᠯᠠᠪᠳᠠᠭᠤᠯᠵᠤ ᠪᠠᠶᠢᠭᠠᠳ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠬᠦ ᠶᠢᠨ ᠬᠠᠮᠲᠤ ᠵᠠᠯᠠᠷᠠᠭᠤᠯᠤᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠯᠢ ᠴᠢᠶᠠᠩ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠭᠡ ᠬᠠᠮᠠᠭᠠᠯᠠᠯᠲᠠ ᠶᠢ ᠬᠠᠮᠲᠤ ᠪᠠᠷ ᠠᠳᠬᠤᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ  ᠪᠠᠲᠤᠯᠠᠵᠤ᠂ ᠦᠷᠭᠦᠯᠵᠢᠯᠡᠨ ᠬᠦᠴᠦᠯᠡᠵᠦ᠂ ᠤᠳᠠᠭᠠᠨ ᠳᠠᠭᠠᠭᠠᠮᠠᠭᠠᠢ ᠪᠠᠷ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠶᠡᠷᠦᠩᠬᠡᠶᠢᠯᠡᠨ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠥᠭᠬᠦ ᠵᠡᠷᠭᠡ ᠳᠦᠷᠢᠮ ᠢ ᠲᠡᠭᠦᠯᠳᠡᠷᠵᠢᠭᠦᠯᠵᠦ᠂ ᠠᠮᠢ ᠠᠬᠤᠢ ᠶᠢᠨ ᠦᠢᠯᠡᠳᠬᠦᠨ ᠤ ᠦᠷᠳᠡᠭ ᠢ ᠪᠡᠶᠡᠯᠡᠭᠦᠯᠬᠦ ᠠᠷᠭ᠎ᠠ ᠵᠠᠮ ᠢ ᠭᠦᠨᠵᠡᠭᠡᠢ ᠰᠦᠪᠡᠭᠴᠢᠯᠡᠬᠦ ᠬᠡᠷᠡᠭᠲᠡᠢ᠃ ᠭᠤᠣᠯ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠪᠠᠷ ᠠᠵᠤ ᠠᠬᠤᠢ ᠶᠢᠨ ᠵᠦᠢ ᠵᠣᠬᠢᠰᠲᠠᠢ ᠪᠠᠶᠢᠷᠢᠰᠢᠭᠤᠯᠤᠯᠲᠠ ᠶᠢ ᠬᠥᠲᠥᠯᠥᠨ ᠵᠢᠯᠤᠭᠤᠳᠴᠤ᠂ ᠬᠠᠷᠢᠴᠠᠭᠤᠯᠤᠭᠰᠠᠨ ᠳᠠᠪᠠᠭᠤᠯᠢᠭ ᠲᠠᠭᠠᠨ ᠰᠠᠭᠤᠷᠢᠯᠠᠵᠤ᠂ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠢ ᠣᠯᠵᠤ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠳᠠᠭᠠᠭᠤᠯᠤᠭᠴᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠳᠤᠮᠳᠠ ᠳᠡᠭᠡᠳᠦ ᠤᠷᠤᠰᠬᠠᠯ ᠤᠨ ᠭᠠᠵᠠᠷ ᠣᠷᠣᠨ ᠤ ᠬᠠᠮᠲᠤ ᠶᠢᠨ ᠬᠥᠭᠵᠢᠯᠲᠡ ᠶᠢ ᠳᠠᠶᠢᠴᠢᠯᠠᠬᠤ ᠬᠡᠷᠡᠭᠲᠡᠢ᠃ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠵᠤ᠂ ᠣᠷᠣᠨ ᠪᠦᠰᠡ ᠶᠢᠨ ᠳᠣᠲᠣᠷᠠᠬᠢ ︽ᠵᠥᠭᠡᠯᠡᠨ︾᠂ ︽ᠬᠠᠲᠠᠭᠤ︾ ᠬᠤᠯᠪᠣᠯᠳᠤᠨ ᠨᠡᠪᠲᠡᠷᠡᠯᠴᠡᠬᠦ ᠲᠦᠪᠰᠢᠨ ᠢ ᠳᠡᠭᠡᠭᠰᠢᠯᠡᠭᠦᠯᠵᠦ᠂ ᠤᠯᠠᠨ ᠤᠯᠤᠰ ᠤᠨ ᠣᠷᠴᠢᠯ ᠳᠤ ᠢᠳᠡᠪᠬᠢᠲᠡᠢ ᠠᠭᠤᠰᠤᠯᠴᠠᠵᠤ᠂ ᠬᠤᠶᠠᠷ ᠵᠠᠬ᠎ᠠ ᠳᠡᠯᠭᠡᠭᠦᠷ ᠬᠤᠶᠠᠷ ᠵᠦᠢᠯ ᠤᠨ ᠡᠬᠢ ᠪᠠᠶᠠᠯᠢᠭ ᠤᠨ ᠬᠤᠯᠪᠣᠯᠳᠤᠨ ᠬᠥᠳᠡᠯᠦᠯᠴᠡᠬᠦ ᠦᠢᠯᠡᠳᠦᠯ ᠢ ᠴᠢᠩᠭᠠᠳᠬᠠᠬᠤ ᠬᠡᠷᠡᠭᠲᠡᠢ ᠭᠡᠵᠦ ᠢᠯᠡᠳᠬᠡᠪᠡ᠃    ᠳ᠋ᠢᠩ ᠰᠢᠤᠸᠠᠢ ᠰᠢᠶᠠᠩ ᠶᠠᠷᠢᠶᠠᠨ ᠳᠠᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠭᠡ ᠬᠠᠮᠠᠭᠠᠯᠠᠯᠲᠠ ᠶᠢ ᠬᠠᠮᠲᠤ ᠪᠠᠷ ᠠᠳᠬᠤᠬᠤ᠂ ᠶᠡᠭᠡ ᠨᠡᠭᠡᠭᠡᠨ ᠬᠥᠭᠵᠢᠭᠦᠯᠦᠯᠲᠡ ᠦᠯᠦ ᠬᠢᠬᠦ ᠶᠢ ᠪᠠᠷᠢᠮᠲᠠᠯᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠶᠢ ᠲᠤᠪᠤᠶᠢᠯᠭᠠᠵᠤ᠂ ᠥᠨᠳᠥᠷ ᠲᠦᠪᠰᠢᠨ ᠲᠠᠢ ᠬᠠᠮᠠᠭᠠᠯᠠᠯᠲᠠ ᠪᠠᠷ ᠴᠢᠨᠠᠷ ᠰᠠᠶᠢᠲᠠᠢ ᠬᠥᠭᠵᠢᠯᠲᠡ ᠳᠤ ᠴᠢᠬᠤᠯᠠ ᠲᠤᠯᠭᠠᠭᠤᠷᠢᠯᠠᠯ ᠬᠠᠩᠭᠠᠬᠤ ᠭᠡᠷᠡᠭᠲᠡᠢ︔ ᠴᠢᠬᠤᠯᠠ ᠶᠡᠭᠡ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠶᠢ ᠡᠭᠦᠳᠬᠦ ᠬᠡᠯᠬᠢᠶ᠎ᠡ ᠪᠣᠯᠣᠨ ᠠᠵᠤ ᠦᠢᠯᠡᠰ ᠤᠨ ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠶᠢ ᠪᠤᠶᠢᠵᠢᠭᠤᠯᠬᠤ ᠭᠡᠷᠡᠭᠳᠠᠢ︔ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠤᠶ ᠪᠤᠯᠭᠠᠵᠤ᠂ ᠴᠢᠳᠠᠮᠵᠢ ᠶᠢᠨ ᠪᠠᠶᠢᠷᠢ ᠲᠣᠭᠲᠠᠭᠠᠯᠲᠠ ᠪᠠ ᠬᠥᠭᠵᠢᠯᠲᠡ ᠶᠢᠨ ᠴᠢᠭᠯᠡᠯ ᠢ ᠵᠦᠢ ᠵᠣᠬᠢᠰᠲᠠᠢ ᠲᠣᠭᠲᠠᠭᠠᠵᠤ᠂ ᠲᠡᠯᠡᠶ ᠳᠠᠭᠠᠤ ᠮᠥᠷᠡᠨ ᠳᠠᠭᠠᠤ ᠬᠢᠯᠢ ᠳᠠᠭᠠᠤ ᠪᠠ ᠳᠣᠲᠣᠭᠠᠳᠤ ᠬᠠᠭᠤᠷᠠᠢ ᠶᠢᠨ ᠨᠡᠭᠡᠭᠡᠯᠲᠡ ᠶᠢ ᠨᠢᠭᠡᠳᠦᠯᠲᠡᠢ ᠲᠥᠯᠥᠪᠵᠢᠭᠦᠯᠵᠦ᠂ ᠥᠨᠳᠥᠷ ᠲᠦᠪᠰᠢᠨ ᠪᠦᠬᠦᠢ ᠬᠠᠮᠵᠢᠯᠴᠠᠨ ᠬᠠᠮᠲᠤᠷᠠᠯᠴᠠᠬᠤ ᠪᠠᠷ ᠴᠢᠨᠠᠷ ᠰᠠᠶᠢᠲᠠᠢ ᠬᠥᠭᠵᠢᠯᠲᠡ ᠶᠢᠨ ᠪᠦᠬᠦᠯᠢ ᠴᠣᠭᠴᠠ ᠶᠢᠨ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠵᠦ ᠢᠯᠡᠳᠬᠡᠪᠡ᠃    ᠯᠢ ᠭᠠᠨ ᠵᠢᠶᠧ᠂ ᠾᠧ ᠯᠢ ᠹᠧᠩ᠂ ᠦ᠋ ᠵᠧᠩ ᠯᠦᠩ᠂ ᠮᠦ ᠬᠤᠩ᠂ ᠵᠢᠶᠠᠩ ᠰᠢᠨ ᡁᠢ ᠶᠠᠷᠢᠯᠴᠠᠬᠤ ᠬᠤᠷᠠᠯ ᠳᠤ ᠣᠷᠣᠯᠴᠠᠵᠤ᠂ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠣᠷᠣᠨ ᠨᠤᠲᠤᠭ᠂ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ ᠣᠷᠣᠯᠴᠠᠵᠠᠢ᠃  
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号