ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠨ ᠬᠢᠨ ᠴᠢᠬᠤᠯᠠ ᠡᠭᠦᠷᠭᠡ ᠴᠢᠳᠠᠪᠤᠷᠢᠲᠤ ᠰᠠᠯᠠᠭ᠎ᠠ | ᠮᠥᠴᠢᠷ ᠤᠨ ᠨᠢᠬᠡ ᠪᠣᠯᠤᠭᠰᠠᠨ ᠤ ᠬᠤᠪᠢ ᠳᠤ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠡᠷᠬᠢᠨ ᠬᠠᠯᠠᠮᠵᠢᠯᠠᠨ | ᠬᠠᠮᠠᠭᠠᠯᠠᠬᠤ ᠪᠣᠶ︖ | | ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠬᠡ ᠨᠢᠯᠬᠠᠰ ᠤᠨ | ᠭᠠᠵᠠᠷ ᠤᠨ ᠳᠠᠷᠤᠭ᠎ᠠ ᠵᠠᠩ ᠯᠢ ᠰᠢᠨ ᠤ ᠬᠠᠷᠢᠭᠤᠯᠳᠠ᠄ | ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠡᠦᠬᠡᠳ ᠤᠨ ᠡᠷᠡᠭᠦᠯ | ᠮᠡᠨᠳᠦ ᠶᠢᠨ ᠲᠦᠪᠰᠢᠨ ᠢ ᠳᠡᠭᠡᠭᠰᠢᠯᠡᠭᠦᠯᠬᠦ ᠶᠢ ᠢᠮᠠᠭᠲᠠ ᠶᠢᠨ ᠬᠠᠷᠠᠯᠲᠠ ᠪᠣᠯᠭᠠᠵᠤ᠂ ᠡᠷᠡᠭᠦᠯ ᠴᠢᠭᠢᠷᠠᠭ ᠬᠡᠦᠬᠡᠳ ᠤᠨ | ᠠᠵᠢᠯᠯᠠᠭ᠎ᠠ ᠶᠢ ᠳᠡᠭᠡᠭᠰᠢᠯᠡᠭᠦᠯᠬᠦ ᠲᠥᠯᠥᠪᠯᠡᠭᠡ ᠪᠠᠷ ᠪᠠᠷᠢᠴᠨ ᠪᠤᠯᠭᠠᠨ᠂ ᠬᠡᠦᠬᠡᠳ ᠤᠨ ᠡᠷᠡᠭᠦᠯ ᠮᠡᠨᠳᠦ ᠶᠢᠨ | ᠬᠠᠮᠢᠶᠠᠷᠤᠯᠲᠠ ᠶᠢᠨ ᠦᠢᠯᠡᠴᠢᠯᠡᠭᠡ ᠶᠢ ᠴᠢᠩᠭᠠᠳᠬᠠᠨ᠂ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠮᠠᠨ ᠤ ᠣᠷᠣᠨ ᠤ ᠬᠦᠴᠢᠷᠳᠡᠯ ᠳᠤ | ᠲᠤᠯᠭᠠᠷᠠᠭᠰᠠᠨ ᠬᠡᠦᠬᠡᠳ ᠤᠨ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠲᠦᠪᠰᠢᠨ ᠢ ᠲᠡᠭᠡᠭᠰᠢᠯᠡᠬᠦᠯᠦᠭᠰᠡᠬᠡᠷ | ᠢᠷᠡᠪᠡ᠃ | ᠨᠢᠭᠡ᠂ ᠬᠡᠦᠬᠡᠳ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠪᠠ | ᠮᠠᠨ ᠤ ᠣᠷᠣᠨ ᠤ ᠬᠢᠨ ᠤᠷᠴᠢᠮ ᠤᠨ ᠵᠢᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠴᠢᠨᠠᠷ ᠰᠠᠶᠢᠲᠠᠢ | ᠥᠨᠳᠥᠷ ᠦᠷ᠎ᠡ ᠪᠦᠲᠦᠮᠵᠢᠲᠡᠶ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠤᠨ | ᠪᠠᠶᠢᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠬᠡᠦᠬᠡᠳ ᠤᠨ ᠰᠠᠯᠠᠭᠠᠨ ᠤ ᠴᠢᠨᠠᠷ ᠰᠠᠶᠢᠲᠠᠢ ᠡᠮᠴᠢᠯᠡᠭᠡᠨ ᠤ ᠡᠬᠢ | ᠪᠠᠶᠠᠯᠢᠭ ᠤᠨ ᠪᠠᠭᠲᠠᠭᠠᠮᠵᠢ ᠶᠢ ᠥᠷᠭᠡᠳᠬᠡᠬᠦ ᠪᠠ ᠣᠷᠣᠨ ᠪᠦᠰᠡ ᠶᠢᠨ ᠲᠡᠩᠴᠡᠭᠦᠷᠢᠲᠡᠢ ᠪᠠᠶᠢᠷᠢᠰᠢᠭᠤᠯᠤᠯᠲᠠ ᠶᠢ | ᠢᠳᠡᠪᠬᠢᠲᠡᠢ ᠠᠬᠢᠭᠤᠯᠵᠤ᠂ ᠮᠤᠵᠢ ᠬᠤᠲᠠ᠂ ᠬᠤᠰᠢᠭᠤ ᠰᠢᠶᠠᠨ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ | ᠲᠠᠪᠤᠨ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠭᠰᠡᠨ ᠡᠮᠴᠢᠯᠡᠭᠡᠨ ᠤ ᠦᠢᠯᠡᠴᠢᠯᠡᠭᠡᠨ ᠤ ᠲᠤᠤᠷᠵᠢᠯ ᠢ ᠪᠣᠶ | ᠪᠣᠯᠭᠠᠵᠤ᠂ ᠬᠥᠨᠳᠡᠯᠡᠨ ᠴᠢᠭᠯᠡᠯ ᠢᠶᠠᠷ ᠬᠢᠵᠠᠭᠠᠷ ᠬᠦᠷᠲᠡᠯ᠎ᠡ᠂ ᠭᠤᠯᠳᠤ ᠴᠢᠭᠯᠡᠯ ᠢᠶᠠᠷ ᠡᠴᠦᠰ ᠲᠤ ᠨᠢ ᠲᠤᠯᠳᠠᠯᠠᠬᠢ | ᠬᠤᠲᠠ ᠬᠥᠳᠡᠭᠡ ᠶᠢ ᠬᠠᠮᠤᠷᠤᠭᠰᠠᠨ ᠬᠡᠦᠬᠡᠳ ᠤᠨ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠲᠤᠤᠷᠵᠢᠯ ᠢ | ᠪᠠᠶᠢᠭᠤᠯᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︽ᠡᠬᠡ ᠨᠢᠯᠬᠠᠰ ᠤᠨ ᠡᠷᠡᠭᠦᠯ | ᠮᠡᠨᠳᠦ ᠶᠢᠨ ᠦᠢᠯᠡᠴᠢᠯᠡᠭᠡᠨ ᠤ ᠰᠢᠰᠲ᠋ᠧᠮ ᠪᠠ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠤᠯᠠᠮ | ᠴᠢᠩᠭᠠᠳᠬᠠᠬᠤ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠬᠤ ᠶᠢ ᠠᠬᠢᠭᠤᠯᠵᠤ᠂ ᠬᠡᠦᠬᠡᠳ ᠤᠨ ᠦᠢᠯᠡᠴᠢᠯᠡᠭᠡᠨ ᠤ | ᠰᠢᠰᠲ᠋ᠧᠮ ᠪᠠ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠷᠠᠭᠤᠯᠪᠠ᠃ ᠠᠪᠤᠷᠠᠨ ᠵᠠᠰᠠᠬᠤ | ᠲᠥᠪ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠮᠢ ᠨᠠᠰᠤᠨ ᠤ ᠠᠶᠤᠯ ᠲᠠᠢ ᠨᠢᠷᠠᠢ ᠬᠡᠦᠬᠡᠳ ᠢ | ᠠᠪᠤᠷᠠᠨ ᠵᠠᠰᠠᠬᠤ ᠲᠥᠪ ᠢ 106᠂ ᠠᠮᠢ ᠨᠠᠰᠤᠨ ᠤ ᠠᠶᠤᠯ ᠲᠠᠢ ᠪᠠᠭᠠᠴᠤᠳ ᠬᠡᠦᠬᠡᠳ ᠢ ᠠᠪᠤᠷᠠᠨ ᠵᠠᠰᠠᠬᠤ | ᠲᠥᠪ ᠢ 25 ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ | ᠱᠠᠳᠤ ᠶᠢ ᠨᠡᠶᠢᠳᠡᠮ ᠪᠦᠷᠬᠦᠬᠦᠯᠪᠡ᠃ ᠳᠠᠪᠠᠭᠤᠯᠢᠭ ᠢᠶᠠᠨ ᠤᠯᠠᠮ ᠴᠢᠩᠭᠠᠳᠬᠠᠬᠤ᠂ ᠳᠤᠲᠠᠭᠤᠳᠠᠯ ᠢᠶᠠᠨ | ᠨᠥᠬᠦᠪᠦᠷᠢᠯᠡᠬᠦ ᠪᠠᠷ ᠳᠠᠮᠵᠢᠭᠤᠯᠤᠨ᠂ ᠰᠠᠷ᠎ᠠ ᠲᠦᠬᠦᠷᠡᠬᠡᠳᠤᠢ ᠬᠡᠦᠬᠡᠳ ᠤᠨ ᠣᠨᠴᠠᠯᠢᠭᠲᠤ 2 ᠲᠤᠰᠬᠠᠢ ᠰᠠᠯᠠᠭᠠᠨ ᠤ | ᠨᠢᠬᠡᠴᠢ ᠶᠢᠨ ᠰᠠᠴᠤᠷᠠᠭᠯᠠᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠠᠷ᠎ᠠ ᠲᠦᠬᠦᠷᠡᠬᠡᠳᠤᠢ | ᠬᠡᠦᠬᠡᠳ ᠤᠨ ᠬᠦᠨᠳᠦ ᠡᠪᠡᠳᠴᠢᠨ᠂ ᠲᠦᠪᠡᠭ ᠪᠤᠳᠤᠯᠢᠶᠠᠨᠲᠠᠢ ᠡᠪᠡᠳᠴᠢᠨ ᠢ ᠵᠠᠰᠠᠬᠤ ᠡᠮᠴᠢᠯᠡᠬᠡᠨ ᠤ ᠲᠦᠪᠰᠢᠨ ᠢ | ᠳᠡᠭᠡᠭᠰᠢᠯᠡᠭᠦᠯᠵᠦ᠂ ᠡᠪᠡᠳᠴᠢᠲᠡᠨ ᠤ ᠣᠷᠣᠨ ᠪᠦᠰᠡ ᠠᠯᠤᠰᠯᠠᠨ ᠰᠢᠯᠵᠢᠬᠦ ᠶᠢ ᠪᠠᠭᠠᠰᠬᠠᠪᠠ᠃ ᠵᠡᠷᠡᠮᠳᠡᠭ ᠲᠦᠷᠦᠭᠦ ᠶᠢ | ᠰᠡᠷᠭᠡᠶᠢᠯᠡᠨ ᠵᠠᠰᠠᠬᠤ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠤᠷᠤᠭᠯᠠᠬᠤ ᠠᠴᠠ ᠡᠮᠦᠨᠡᠬᠢ᠂ | ᠵᠢᠷᠮᠦᠰᠦᠯᠡᠬᠦ ᠠᠴᠠ ᠡᠮᠦᠨᠡᠬᠢ᠂ ᠵᠢᠷᠮᠦᠰᠦᠨ ᠬᠤᠭᠤᠴᠠᠭ᠎ᠠ᠂ ᠨᠢᠷᠠᠢ ᠬᠡᠦᠬᠡᠳ ᠪᠠ ᠬᠡᠦᠬᠡᠳ ᠤᠨ ᠡᠯ᠎ᠡ ᠱᠠᠲᠤ | ᠦᠶ᠎ᠡ ᠶᠢ ᠬᠠᠮᠤᠷᠤᠭᠰᠠᠨ ᠵᠡᠷᠡᠮᠳᠡᠭ ᠲᠦᠷᠦᠭᠦ ᠶᠢ ᠰᠡᠷᠭᠡᠶᠢᠯᠡᠨ ᠵᠠᠰᠠᠬᠤ ᠰᠢᠰᠲ᠋ᠧᠮ ᠢ ᠪᠠᠶᠢᠭᠤᠯᠪᠠ᠃ ︽ᠢᠨᠲ᠋ᠧᠷᠨᠡᠲ | ᠡᠬᠡ ᠨᠢᠯᠬᠠᠰ︾ ᠵᠡᠷᠭᠡ ᠠᠯᠤᠰ ᠡᠵᠡᠮᠰᠢᠯᠲᠦ ᠡᠮᠴᠢᠯᠡᠭᠡᠨ ᠤ ᠬᠠᠮᠵᠢᠯᠴᠠᠭᠠᠨ ᠤ ᠰᠦᠯᠵᠢᠶ᠎ᠡ ᠶᠢ ᠢᠳᠡᠪᠬᠢᠲᠡᠢ | ᠬᠥᠭᠵᠢᠭᠦᠯᠵᠦ᠂ ᠬᠡᠦᠬᠡᠳ ᠤᠨ ᠰᠠᠯᠠᠭᠠᠨ ᠤ ᠰᠢᠯᠢᠳᠡᠭ ᠡᠮᠴᠢᠯᠡᠭᠡᠨ ᠤ ᠡᠬᠢ ᠪᠠᠶᠠᠯᠢᠭ ᠢ ᠦᠨᠳᠦᠰᠦᠨ ᠱᠠᠲᠤᠨ ᠳᠤ | ᠪᠠᠭᠤᠯᠭᠠᠬᠤ ᠶᠢ ᠠᠬᠢᠭᠤᠯᠤᠨ᠂ ᠬᠡᠦᠬᠡᠳ ᠤᠨ ᠰᠠᠯᠠᠭᠠᠨ ᠤ ᠡᠮᠴᠢᠯᠡᠭᠡᠨ ᠤ ᠦᠢᠯᠡᠴᠢᠯᠡᠭᠡᠨ ᠤ ᠪᠣᠯᠣᠮᠵᠢᠲᠤ ᠴᠢᠨᠠᠷ ᠢ | ᠲᠡᠭᠡᠭᠰᠢᠯᠡᠬᠦᠯᠪᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠡᠦᠬᠡᠳ ᠤᠨ ᠰᠠᠯᠠᠭᠠᠨ ᠤ | ᠡᠪᠡᠳᠴᠢᠲᠡᠨ ᠤ ᠣᠷᠣ ᠶᠢᠨ ᠲᠤᠭ᠎ᠠ 2016 ᠣᠨ ᠳᠤ 3960 ᠪᠠᠶᠢᠭᠰᠠᠨ ᠢ 2022 ᠣᠨ ᠤ ᠵᠢᠯ ᠤᠨ | ᠡᠴᠦᠰ ᠲᠤ 7170 ᠪᠤᠯᠭᠠᠪᠠ᠃ ᠬᠡᠦᠬᠡᠳ ᠤᠨ ᠰᠠᠯᠠᠭᠠᠨ ᠤ ᠲᠤᠰᠬᠠᠢ ᠮᠡᠷᠭᠡᠵᠢᠯ ᠤᠨ ᠠᠵᠢᠯ ᠡᠷᠭᠢᠯᠡᠬᠦ ︵ | ᠲᠤᠰᠠᠯᠠᠭᠴᠢ︶ ᠡᠮᠴᠢ ᠶᠢᠨ 2016 ᠣᠨ ᠳᠤ 1610 ᠪᠠᠶᠢᠭᠰᠠᠨ ᠠᠴᠠ ᠤᠳᠤ 4093 ᠪᠣᠯᠵᠠᠢ᠃ | ᠬᠤᠶᠠᠷ᠂ ᠬᠡᠦᠬᠡᠳ ᠤᠨ ᠡᠷᠡᠭᠦᠯ ᠮᠡᠨᠳᠦ ᠶᠢᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠴᠢᠩᠭᠠᠳᠬᠠᠪᠠ | ᠬᠡᠦᠬᠡᠳ ᠷ ᠡᠩ ᠲᠡᠷᠢᠬᠦᠨ ᠳᠤ ᠪᠣᠳᠣᠯᠬᠢᠯᠠᠬᠤ ᠤᠶᠢᠯᠠᠭᠠᠬᠳᠠᠬᠤᠨ ᠢ ᠪᠠᠷᠢᠮᠲᠠᠯᠠᠨ᠂ ᠬᠠᠮᠢᠶ᠎ᠠ ᠪᠦᠬᠦᠢ ᠰᠠᠯᠠᠭ᠎ᠠ | ᠮᠥᠴᠢᠷ ᠢ ᠰᠠᠨᠠᠭᠠᠴᠢᠯᠠᠭ᠎ᠠ ᠠᠴᠠ ᠪᠠᠨ ᠵᠣᠬᠢᠴᠠᠭᠤᠯᠵᠤ᠂ ᠬᠡᠦᠬᠡᠳ ᠤᠨ ᠡᠷᠡᠭᠦᠯ ᠮᠡᠨᠳᠦ ᠶᠢ ᠪᠠᠲᠤᠯᠠᠬᠤ ᠶᠢ ᠴᠢᠬᠤᠯᠠ | ᠠᠭᠤᠯᠭ᠎ᠠ ᠪᠣᠯᠭᠠᠨ ︽ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠡᠷᠡᠭᠦᠯ | ᠬᠠᠮᠠᠭᠠᠯᠠᠯ ᠬᠢᠭᠡᠳ ᠡᠷᠡᠭᠦᠯ ᠮᠡᠨᠳᠦ ᠶᠢᠨ ᠦᠢᠯᠡᠰ ᠤᠨ ᠬᠦᠭᠵᠢᠬᠦᠯᠤᠯᠳᠡ ᠶᠢᠨ ᠲᠥᠯᠦᠪᠵᠢᠭᠦᠯᠭᠡ︾ ᠳᠤ ᠣᠷᠣᠭᠤᠯᠵᠤ | ᠂ ᠬᠡᠦᠬᠡᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠤᠤᠷᠵᠢᠯ ᠤᠨ ᠪᠠᠶᠢᠭᠤᠯᠤᠯᠲᠠ ᠶᠢ ᠲᠣᠪᠤᠶᠢᠯᠭᠠᠨ᠂ | ᠬᠡᠦᠬᠡᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠬᠠᠩᠭᠠᠯᠭ᠎ᠠ ᠶᠢ ᠴᠢᠩᠭᠠᠷᠠᠭᠤᠯᠪᠠ᠃ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠬᠡ ᠨᠢᠯᠬᠠᠰ ᠤᠨ | ᠡᠷᠡᠭᠦᠯᠵᠢᠯ ᠤᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠳᠤ ᠵᠠᠰᠠᠪᠤᠷᠢ ᠣᠷᠣᠭᠤᠯᠵᠤ᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠡᠷᠡᠭᠦᠯ ᠴᠢᠭᠢᠷᠠᠭ ᠬᠡᠦᠬᠡᠳ ᠤᠨ ᠠᠵᠢᠯᠯᠠᠭ᠎ᠠ ᠶᠢ ᠳᠡᠭᠡᠭᠰᠢᠯᠡᠭᠦᠯᠬᠦ ᠲᠥᠯᠥᠪᠯᠡᠭᠡ ᠶᠢᠨ | ᠬᠡᠷᠡᠭᠵᠢᠭᠦᠯᠬᠦ ᠲᠥᠰᠥᠯ︾ ︽ᠬᠡᠦᠬᠡᠳ ᠤᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠭᠡᠷᠡᠴᠢᠯᠡᠯᠲᠡ | ᠬᠢᠭᠡᠳ ᠬᠦᠭᠵᠢᠬᠦᠯᠤᠯᠳᠡ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠲᠥᠰᠥᠯ︾ ᠪᠠ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠡᠦᠬᠡᠳ ᠤᠨ ᠰᠠᠯᠠᠭᠠᠨ ᠤ ᠡᠮᠨᠡᠯᠭᠡ ᠶᠢᠨ ᠠᠵᠢᠯᠲᠠᠨ ᠢ ᠬᠥᠮᠥᠵᠢᠭᠦᠯᠦᠨ | ᠬᠥᠭᠵᠢᠭᠦᠯᠬᠦ ᠲᠥᠯᠦᠪᠵᠢᠭᠦᠯᠭᠡ ︵2016 ︱ 2020 ᠣᠨ︶︾ ᠵᠡᠷᠭᠡ ᠬᠠᠮᠢᠶ᠎ᠠ ᠪᠦᠬᠦᠢ ᠪᠢᠴᠢᠭ | ᠮᠠᠲ᠋ᠧᠷᠢᠶᠠᠯ ᠢ ᠲᠣᠭᠲᠠᠭᠠᠨ ᠳᠠᠷᠤᠮᠠᠯᠯᠠᠨ ᠲᠠᠷᠬᠠᠭᠠᠪᠠ᠃ ᠪᠦᠬᠦ ᠣᠷᠣᠨ ᠤ ᠡᠮᠴᠢᠯᠡᠭᠡᠨ ᠤ ᠪᠠᠶᠢᠭᠤᠯᠤᠮᠵᠢ ᠪᠠ | ᠠᠵᠢᠯᠲᠠᠨ ᠤ ᠠᠯᠪᠠᠳᠠᠯᠭ᠎ᠠ ᠪᠠᠷ ᠮᠡᠳᠡᠭᠦᠯᠬᠦ ᠤᠬᠠᠮᠰᠠᠷ ᠢ ᠴᠢᠩᠭᠠᠳᠬᠠᠵᠤ᠂ ᠠᠯᠪᠠᠳᠠᠯᠭ᠎ᠠ ᠪᠠᠷ ᠮᠡᠳᠡᠭᠦᠯᠬᠦ ᠠᠵᠢᠯ ᠢ | ᠥᠷᠨᠢᠭᠦᠯᠵᠦ᠂ ᠪᠥᠬᠦ ᠤᠯᠤᠰ ᠤᠨ ᠰᠤᠷᠤᠭᠴᠢᠳ ᠤᠨ ᠪᠠᠶᠢᠩᠭᠤ ᠲᠣᠬᠢᠶᠠᠯᠳᠤᠳᠠᠭ ᠡᠪᠡᠳᠴᠢᠨ ᠪᠠ ᠡᠷᠡᠭᠦᠯ ᠮᠡᠨᠳᠦ ᠶᠢ | ᠨᠥᠯᠥᠭᠡᠯᠡᠬᠦ ᠬᠦᠴᠦᠨ ᠵᠦᠢᠯ ᠢ ᠬᠢᠨᠠᠨ ᠬᠡᠮᠵᠢᠬᠦ ᠲᠠᠪᠴᠠᠩ ᠳᠤ ᠲᠦᠰᠢᠭᠯᠡᠨ᠂ ᠪᠥᠬᠦ ᠣᠷᠣᠨ ᠤ 3 ᠠᠶᠢᠮᠠᠭ | ᠬᠤᠲᠠ ᠶᠢᠨ 9 ᠡᠮᠴᠢᠯᠡᠭᠡᠨ ᠤ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠭᠡᠮᠲᠦᠯ ᠢ ᠬᠢᠨᠠᠨ ᠬᠡᠮᠵᠢᠬᠦ ᠠᠵᠢᠯ ᠢ | ᠥᠷᠨᠢᠭᠦᠯᠵᠦ᠂ ᠬᠤᠬᠢᠷᠠᠯ ᠳᠤ ᠤᠴᠠᠷᠠᠭᠰᠠᠨ ᠪᠤᠶᠤ ᠠᠳᠡᠯ ᠤᠨ ᠭᠡᠮᠲᠦᠯ ᠳᠤ ᠲᠤᠯᠭᠠᠷᠠᠭᠰᠠᠨ ᠬᠦᠴᠢᠷᠳᠡᠯ ᠳᠤ | ᠲᠤᠯᠭᠠᠷᠠᠭᠰᠠᠨ ᠬᠡᠦᠬᠡᠳ ᠢ ᠴᠠᠭ ᠲᠤᠬᠠᠢ ᠳᠤ ᠨᠢ ᠭᠥᠯᠢᠶᠡᠨ ᠠᠪᠴᠤ ᠠᠪᠤᠷᠠᠨ ᠵᠠᠰᠠᠵᠤ᠂ ᠰᠢᠷᠬᠠᠲᠤᠯ ᠤᠨ | ᠪᠠᠶᠢᠳᠠᠯ ᠢ ᠬᠢᠨᠠᠨ ᠲᠣᠭᠲᠠᠭᠠᠬᠤ᠂ ᠪᠡᠶ᠎ᠡ ᠰᠡᠳᠬᠢᠯ ᠤᠨ ᠡᠷᠡᠭᠦᠯ ᠮᠡᠨᠳᠦ ᠶᠢᠨ ᠪᠠᠶᠢᠳᠠᠯ ᠢ ᠦᠨᠡᠯᠡᠬᠦ ᠵᠡᠷᠭᠡ ᠠᠵᠢᠯ ᠢ | ᠬᠠᠪᠰᠤᠷᠤᠨ ᠰᠠᠶᠢᠲᠤᠷ ᠬᠢᠵᠦ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠪᠡᠶ᠎ᠡ ᠶᠢᠨ ᠠᠮᠤᠷ ᠲᠦᠪᠰᠢᠨ ᠢ | ᠪᠠᠳᠤᠯᠠᠪᠠ᠃ | ᠭᠤᠷᠪᠠ᠂ ᠬᠡᠦᠬᠡᠳ ᠤᠨ ᠡᠮᠴᠢᠯᠡᠭᠡᠨ ᠤ ᠠᠪᠤᠷᠠᠨ ᠵᠠᠰᠠᠬᠤ ᠪᠠᠲᠤᠯᠠᠭ᠎ᠠ ᠶᠢᠨ ᠦᠢᠯᠡᠴᠢᠯᠡᠭᠡ ᠶᠢ ᠴᠢᠩᠭᠠᠷᠠᠭᠤᠯᠪᠠ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠦᠬᠡᠳ ᠤᠨ ᠴᠢᠰᠤᠨ ᠡᠪᠡᠳᠴᠢᠨ᠂ ᠬᠤᠣᠷᠲᠤ | ᠬᠠᠪᠤᠳᠠᠷ ᠤᠨ ᠡᠮᠴᠢᠯᠡᠭᠡᠨ ᠤ ᠠᠪᠤᠷᠠᠨ ᠵᠠᠰᠠᠯᠲᠠ ᠪᠠ ᠪᠠᠲᠤᠯᠠᠭ᠎ᠠ ᠶᠢᠨ ᠬᠠᠮᠢᠶᠠᠷᠤᠯᠲᠠ ᠶᠢᠨ ᠠᠵᠢᠯ ᠤᠨ ᠬᠡᠷᠡᠭᠵᠢᠭᠦᠯᠬᠦ | ᠲᠥᠰᠥᠯ︾ ᠵᠡᠷᠭᠡ 3 ᠪᠢᠴᠢᠭ ᠮᠠᠲ᠋ᠧᠷᠢᠶᠠᠯ ᠢ ᠨᠡᠶᠢᠲᠡᠯᠡᠵᠦ᠂ ᠶᠠᠰᠤ ᠴᠢᠨᠠᠷ ᠢ ᠪᠠᠲᠤᠯᠠᠬᠤ᠂ ᠡᠪᠡᠳᠴᠢᠲᠡᠨ ᠳᠤ | ᠲᠥᠬᠦᠮ ᠦᠵᠡᠭᠦᠯᠬᠦ᠂ ᠵᠢᠷᠤᠮᠵᠢᠭᠤᠨ ᠬᠠᠮᠢᠶᠠᠷᠬᠤ ᠵᠠᠷᠴᠢᠮ ᠶᠣᠰᠣᠭᠠᠷ ᠥᠪᠡᠷᠲᠡᠭᠡᠨ ᠵᠠᠰᠠᠬᠤ ᠣᠷᠣᠨ ᠤ | ᠬᠡᠦᠬᠡᠳ ᠤᠨ ᠴᠢᠰᠤᠨ ᠤ ᠡᠪᠡᠳᠴᠢᠨ ᠪᠠ ᠬᠤᠤᠷᠠᠳᠤ ᠬᠠᠪᠤᠳᠠᠷ ᠤᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠢ | ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠪᠠᠷ ᠲᠦᠷᠦᠭᠦᠯᠡᠭᠦᠯᠦᠭᠰᠡᠨ᠂ | ᠡᠯ᠎ᠡ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠨᠤᠭᠤᠳ ᠬᠠᠮᠳᠤ ᠪᠠᠷ ᠣᠷᠣᠯᠴᠠᠭᠰᠠᠨ ᠣᠨᠣᠰᠢᠯᠠᠨ ᠡᠮᠨᠡᠬᠦ | ᠦᠢᠯᠡᠴᠢᠯᠡᠭᠡᠨ ᠤ ᠲᠤᠤᠷᠵᠢᠯ ᠢ ᠪᠠᠶᠢᠭᠤᠯᠪᠠ᠃ 2019 ᠣᠨ ᠳᠤ ᠡᠪᠡᠳᠴᠢᠨ ᠡᠭᠦᠰᠬᠦ ᠨᠤᠷᠮ᠎ᠠ ᠪᠠᠷ ᠬᠠᠷᠢᠴᠠᠩᠭᠤᠢ | ᠥᠨᠳᠥᠷ 10 ᠡᠪᠡᠳᠴᠢᠨ ᠤ ᠲᠦᠷᠦᠯ ᠢ ᠠᠩᠬᠠᠳᠠᠭᠴᠢ ᠪᠦᠯᠦᠭ ᠴᠢᠰᠤ ᠴᠠᠶᠢᠬᠤ ᠡᠪᠡᠳᠴᠢᠨ᠂ ᠬᠤᠣᠷᠲᠤ ᠬᠠᠪᠤᠳᠠᠷ | ᠵᠡᠷᠭᠡ ᠬᠦᠨᠳᠦ ᠡᠪᠡᠳᠴᠢᠨ ᠲᠠᠢ ᠬᠡᠦᠬᠡᠳ ᠢ ᠡᠮᠨᠡᠨ ᠠᠪᠤᠷᠠᠬᠤ ᠬᠠᠮᠢᠶᠠᠷᠤᠯᠲᠠ ᠶᠢᠨ ᠡᠪᠡᠳᠴᠢᠨ ᠤ ᠲᠦᠷᠦᠯ ᠢᠶᠠᠷ | ᠲᠣᠭᠲᠠᠭᠠᠵᠤ᠂ 2021 ᠣᠨ ᠳᠤ ᠲᠥᠪ ᠮᠡᠳᠡᠷᠡᠯ ᠤᠨ ᠰᠢᠰᠲ᠋ᠧᠮ ᠤᠨ ᠪᠡᠲᠡᠭᠢᠲᠦ ᠬᠠᠪᠤᠳᠠᠷ ᠵᠡᠷᠭᠡ 12 | ᠡᠪᠡᠳᠴᠢᠨ ᠤ ᠲᠦᠷᠦᠯ ᠢ ᠬᠡᠦᠬᠡᠳ ᠤᠨ ᠴᠢᠰᠤᠨ ᠡᠪᠡᠳᠴᠢᠨ ᠬᠤᠣᠷᠲᠤ ᠬᠠᠪᠤᠳᠠᠷ ᠢ ᠡᠮᠨᠡᠨ ᠵᠠᠰᠠᠬᠤ | ᠬᠠᠮᠢᠶᠠᠷᠤᠯᠲᠠ ᠶᠢᠨ ᠡᠪᠡᠳᠴᠢᠨ ᠤ ᠲᠦᠷᠦᠯ ᠳᠤ ᠣᠷᠣᠭᠤᠯᠪᠠ᠃ ᠨᠥᠬᠦᠴᠡᠯ ᠳᠤ ᠨᠡᠶᠢᠴᠡᠬᠦ ᠬᠦᠴᠢᠷᠳᠡᠯᠲᠡᠢ ᠣᠯᠠᠨ | ᠲᠦᠮᠡᠨ ᠢ ᠲᠤᠰᠠᠯᠠᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠤᠯᠵᠤ᠂ ᠨᠥᠬᠦᠴᠡᠯ ᠳᠤ ᠨᠡᠶᠢᠴᠡᠬᠦ | ᠬᠡᠦᠬᠡᠳ ᠤᠨ ᠴᠢᠰᠤᠨ ᠡᠪᠡᠳᠴᠢᠨ᠂ ᠬᠤᠣᠷᠲᠤ ᠬᠠᠪᠤᠳᠠᠷ ᠵᠡᠷᠭᠡ ᠬᠦᠨᠳᠦ ᠶᠡᠭᠡ ᠡᠪᠡᠳᠴᠢᠨ ᠡᠮᠭᠡᠭ ᠢ ᠡᠮᠨᠡᠨ ᠵᠠᠰᠠᠬᠤ | ᠨᠠᠩ ᠣᠯᠠᠨ ᠡᠮ ᠢ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠤᠷᠤᠭᠤᠯᠪᠠ᠃ | ᠨᠡᠶᠢᠭᠡᠮ ᠤᠨ ᠲᠠᠷᠠᠬᠠᠢ ᠰᠠᠭᠤᠵᠤ ᠪᠠᠶᠢᠭ᠎ᠠ ᠬᠡᠷᠡᠭᠴᠡᠭᠡ ᠱᠠᠭᠠᠷᠳᠠᠯᠭ᠎ᠠ ᠲᠠᠢ ᠥᠨᠥᠴᠢᠨ ᠬᠡᠦᠬᠡᠳ ᠲᠤ | ᠪᠠᠶᠢᠭᠤᠯᠤᠮᠵᠢ ᠶᠢᠨ ᠳᠣᠲᠣᠷᠠᠬᠢ ᠬᠡᠦᠬᠡᠳ ᠢ ᠠᠪᠤᠷᠠᠨ ᠵᠠᠰᠠᠬᠤ ᠲᠥᠷᠥ ᠶᠢᠨ ᠪᠣᠳᠣᠯᠭ᠎ᠠ ᠪᠠ ᠠᠷᠭ᠎ᠠ ᠬᠢᠳᠡᠯ ᠢᠶᠠᠷ | ᠯᠠᠪᠯᠠᠯᠲᠠ ᠪᠣᠯᠭᠠᠨ ᠡᠮᠴᠢᠯᠡᠵᠦ ᠡᠷᠡᠭᠦᠯᠵᠢᠭᠦᠯᠬᠦ ᠠᠷᠭ᠎ᠠ ᠶᠢ ᠬᠡᠷᠡᠭᠵᠢᠭᠦᠯᠵᠦ᠂ ᠭᠤᠯᠣᠭᠳᠠᠭᠰᠠᠨ ᠨᠢᠯᠬ᠎ᠠ ᠬᠡᠦᠬᠡᠳ ᠪᠠ | ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠨᠠᠰᠤᠨ ᠳᠤ ᠥᠯᠥ ᠬᠦᠷᠦᠭᠰᠡᠨ ᠡᠪᠡᠳᠴᠢᠲᠡᠨ ᠢ ᠡᠮᠴᠢᠯᠡᠵᠦ ᠠᠪᠤᠷᠠᠨ | ᠵᠠᠰᠠᠬᠤ ᠳᠤ ᠠᠩᠬ᠎ᠠ ᠡᠮᠨᠡᠭᠦᠯᠬᠦ ᠬᠠᠷᠢᠭᠤᠴᠠᠯᠭ᠎ᠠ ᠶᠢᠨ ᠳᠦᠷᠢᠮ ᠪᠠ ᠤᠷᠢᠳ ᠢᠶᠠᠷ ᠠᠪᠤᠷᠠᠨ ᠵᠠᠰᠠᠵᠤ ᠳᠠᠷᠠᠭ᠎ᠠ ᠨᠢ | ᠲᠠᠩᠰᠠ ᠴᠠᠶᠢᠷᠠᠭᠤᠯᠬᠤ ᠬᠠᠮᠢᠶᠠᠷᠤᠯᠲᠠ ᠶᠢᠨ ᠳᠦᠷᠢᠮ ᠢ ᠬᠡᠷᠡᠭᠵᠢᠬᠦᠯᠪᠡ᠃ 2022 ᠣᠨ ᠠᠴᠠ ᠨᠠᠭᠠᠰᠢ | ᠬᠡᠦᠬᠡᠳ ᠤᠨ ᠴᠢᠰᠤ ᠴᠠᠶᠢᠬᠤ ᠡᠪᠡᠳᠴᠢᠨ ᠢ 70 ᠭᠠᠷᠤᠢ ᠰᠢᠨ᠎ᠡ ᠪᠠᠷ ᠣᠨᠣᠰᠢᠯᠠᠵᠤ᠂ ᠬᠡᠦᠬᠡᠳ ᠤᠨ ᠬᠤᠣᠷᠲᠤ | ᠬᠠᠪᠤᠳᠠᠷ ᠢ 60 ᠭᠠᠷᠤᠢ ᠤᠳᠠᠭ᠎ᠠ ᠣᠨᠣᠰᠢᠯᠠᠵᠠᠢ᠃ | ᠳᠥᠷᠪᠡ᠂ ᠬᠡᠦᠬᠡᠳ ᠤᠨ ᠡᠷᠡᠭᠦᠯ ᠮᠡᠨᠳᠦ ᠶᠢᠨ ᠪᠥᠬᠦ ᠶᠠᠪᠤᠴᠠ ᠪᠥᠬᠦ ᠲᠠᠯ᠎ᠠ ᠶᠢᠨ ᠦᠢᠯᠡᠴᠢᠯᠡᠭᠡ ᠬᠠᠨᠭ᠍ᠭᠠᠪᠠ | ᠤᠯᠤᠰ ᠤᠨ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠷᠥᠯ ᠵᠦᠢᠯ | ᠳᠤ ᠬᠢ 6 ᠨᠠᠰᠤᠨ ᠠᠴᠠ ᠲᠤᠷᠤᠬᠰᠢᠬᠢ ᠬᠡᠦᠬᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ᠂ ᠲᠥᠷᠥᠯᠬᠢ ᠵᠢᠷᠦᠬᠡᠨ | ᠡᠪᠡᠳᠴᠢᠨ ᠤ ᠰᠢᠭᠰᠢᠨ ᠪᠠᠶᠢᠴᠠᠭᠠᠯᠲᠠ᠂ ᠥᠨᠥᠴᠢᠷᠡᠮᠡᠯ ᠡᠪᠡᠳᠴᠢᠨ ᠤ ᠰᠢᠭᠰᠢᠨ ᠪᠠᠶᠢᠴᠠᠭᠠᠯᠲᠠ ᠵᠡᠷᠭᠡ | ᠦᠢᠯᠡᠴᠢᠯᠡᠭᠡᠨ ᠤ ᠠᠭᠤᠯᠭ᠎ᠠ ᠳᠤ ᠲᠦᠰᠢᠭᠯᠡᠨ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ ᠪᠠ ᠬᠠᠮᠢᠶᠠᠷᠤᠯᠲᠠ ᠶᠢᠨ | ᠲᠣᠭᠲᠠᠴᠠ ᠶᠢ ᠰᠠᠨᠠᠭᠠᠴᠢᠯᠠᠭ᠎ᠠ ᠠᠴᠠ ᠪᠠᠨ ᠪᠠᠶᠢᠭᠤᠯᠵᠤ᠂ 2022 ᠣᠨ ᠤ 6 ᠨᠠᠰᠤᠨ ᠠᠴᠠ ᠲᠤᠷᠤᠬᠰᠢᠬᠢ | ᠬᠡᠦᠬᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠨᠣᠷᠮ᠎ᠠ ᠶᠢ 95% ᠳᠤ ᠬᠦᠷᠤᠬᠦᠯᠪᠡ᠃ 8 ᠵᠢᠯ ᠤᠨ | ᠳᠣᠲᠣᠷ᠎ᠠ ᠰᠤᠷᠬᠤ ᠨᠠᠰᠤᠨ ᠠᠴᠠ ᠡᠮᠦᠨᠡᠬᠢ 2.63 ᠲᠦᠮᠡᠨ ᠬᠡᠦᠬᠡᠳ ᠤᠨ ᠲᠥᠷᠥᠯᠬᠢ ᠵᠢᠷᠦᠬᠡᠨ ᠡᠪᠡᠳᠴᠢᠨ ᠢ | ᠰᠢᠭᠰᠢᠨ ᠪᠠᠶᠢᠴᠠᠭᠠᠵᠤ᠂ 279 ᠠᠷᠭ᠎ᠠ ᠴᠢᠨᠠᠷᠲᠠᠢ ᠬᠡᠦᠬᠡᠳ ᠢ ᠰᠢᠭᠰᠢᠨ ᠪᠠᠶᠢᠴᠠᠭᠠᠵᠤ ᠭᠠᠷᠭᠠᠵᠠᠢ᠃ ᠭᠤᠷᠪᠠᠨ | ᠬᠤᠰᠢᠭᠤ ᠰᠢᠶᠠᠨ ᠲᠣᠭᠤᠷᠢᠭ ᠲᠤ ᠦᠨᠳᠦᠰᠦᠨ ᠱᠠᠲᠤᠨ ᠤ ᠬᠡᠦᠬᠡᠳ ᠤᠨ ᠠᠩᠬᠠᠨ ᠤ ᠬᠤᠭᠤᠴᠠᠭᠠᠨ ᠤ | ᠬᠦᠭᠵᠢᠬᠦᠯᠤᠯᠳᠡ ᠶᠢᠨ ᠲᠥᠷᠥᠯ ᠵᠦᠢᠯ ᠢ ᠡᠬᠢᠯᠡᠬᠦᠯᠪᠡ᠃ ᠰᠠᠷ᠎ᠠ ᠲᠦᠬᠦᠷᠡᠬᠡᠳᠤᠢ ᠬᠡᠦᠬᠡᠳ ᠤᠨ ᠡᠪᠡᠳᠴᠢᠨ ᠡᠮᠭᠡᠭ ᠢ | ᠰᠢᠭᠰᠢᠨ ᠪᠠᠶᠢᠴᠠᠭᠠᠬᠤ ᠲᠥᠷᠥᠯ ᠵᠦᠢᠯ ᠢ ᠥᠷᠨᠢᠭᠦᠯᠵᠦ᠂ ᠨᠡᠶᠢᠲᠡ 11.85 ᠲᠦᠮᠡᠨ ᠬᠥᠮᠥᠨ ᠢ ᠰᠢᠭᠰᠢᠨ | ᠪᠠᠶᠢᠴᠠᠭᠠᠪᠠ᠃ 2 — 6 ᠨᠠᠰᠤᠨ ᠤ 42.78 ᠲᠦᠮᠡ ᠭᠠᠷᠤᠢ ᠬᠡᠦᠬᠡᠳ ᠲᠤ ᠰᠦᠢᠳᠬᠡᠯ ᠬᠤᠷᠢᠶᠠᠬᠤ ᠦᠭᠡᠢ ᠪᠠᠷ | ᠰᠢᠮ᠎ᠡ ᠲᠡᠵᠢᠭᠡᠯ ᠤᠨ ᠪᠣᠭᠤᠳᠠᠯ ᠲᠦᠭᠡᠭᠡᠵᠦ᠂ ᠶᠠᠳᠠᠭᠤ ᠬᠦᠴᠢᠷᠳᠡᠯᠲᠡᠢ ᠭᠠᠵᠠᠷ ᠣᠷᠣᠨ ᠤ ᠬᠡᠦᠬᠡᠳ ᠤᠨ ᠰᠢᠮ᠎ᠡ | ᠲᠡᠵᠢᠭᠡᠯ ᠤᠨ ᠪᠠᠶᠢᠳᠠᠯ ᠢ ᠰᠠᠶᠢᠵᠢᠷᠠᠭᠤᠯᠪᠠ᠃ ᠣᠯᠠᠨ ᠲᠥᠷᠥᠯ ᠤᠨ ᠤᠳᠤᠮᠯᠠᠯ ᠤᠨ ᠡᠪᠡᠳᠴᠢᠨ ᠢ ᠪᠠᠶᠢᠴᠠᠭᠠᠨ | ᠰᠢᠯᠭᠠᠬᠤ ᠲᠥᠷᠥᠯ ᠵᠦᠢᠯ ᠢ ᠡᠬᠢᠯᠡᠭᠦᠯᠵᠦ᠂ ᠣᠲᠣ ᠪᠣᠯᠲᠠᠯ᠎ᠠ ᠨᠢᠭᠡᠨᠲᠡ 8000 ᠭᠠᠷᠤᠢ ᠬᠥᠮᠥᠨ ᠠᠰᠢᠭ | ᠭᠥᠷᠳᠡᠭᠰᠡᠨ ᠪᠠᠶᠢᠨ᠎ᠠ᠃ ᠵᠡᠷᠡᠮᠳᠡᠭ ᠲᠦᠷᠦᠭᠦ ᠠᠴᠠ ᠰᠡᠷᠬᠡᠶᠢᠯᠡᠬᠦ᠂ ᠠᠪᠤᠷᠠᠨ ᠲᠤᠰᠠᠯᠠᠬᠤ ᠲᠥᠷᠥᠯ ᠵᠦᠢᠯ ᠢ | ᠥᠷᠨᠢᠭᠦᠯᠵᠦ᠂ ᠣᠲᠣ ᠪᠣᠯᠲᠠᠯ᠎ᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠡᠮᠴᠢᠯᠡᠭᠡᠨ ᠤ ᠪᠠᠲᠤᠯᠠᠭ᠎ᠠ ᠶᠢᠨ | ᠠᠪᠤᠷᠠᠨ ᠲᠤᠰᠠᠯᠠᠬᠤ ᠬᠠᠮ ᠬᠦᠴᠦᠨ ᠢ ᠪᠦᠷᠢᠯᠳᠤᠬᠦᠯᠵᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠭᠡᠷ | ᠪᠦᠯᠢ ᠶᠢᠨ ᠠᠵᠤ ᠠᠬᠤᠢ ᠶᠢᠨ ᠳᠠᠷᠤᠭᠠᠰᠤ ᠶᠢ ᠬᠥᠩᠭᠡᠷᠡᠭᠦᠯᠵᠦ᠂ ᠡᠪᠡᠳᠴᠢᠨ ᠠᠴᠠ ᠪᠣᠯᠵᠤ ᠳᠠᠬᠢᠨ ᠶᠠᠳᠠᠭᠤᠷᠠᠬᠤ ᠶᠢ | ᠰᠡᠷᠬᠡᠶᠢᠯᠡᠵᠡᠢ᠃ | ᠲᠠᠪᠤ᠂ ᠬᠡᠦᠬᠡᠳ ᠤᠨ ᠡᠷᠡᠭᠦᠯ ᠮᠡᠨᠳᠦ ᠶᠢᠨ ᠬᠥᠮᠦᠵᠢᠯ ᠤᠨ ᠤᠬᠠᠭᠤᠯᠭ᠎ᠠ ᠰᠠᠨᠠᠭᠠᠴᠢᠯᠠᠭ᠎ᠠ ᠶᠢ ᠦᠷᠨᠢᠬᠦᠯᠪᠡ | ᠵᠡᠷᠡᠮᠳᠡᠭ ᠲᠦᠷᠦᠭᠦ ᠶᠢ ᠰᠡᠷᠭᠡᠶᠢᠯᠡᠬᠦ ᠡᠳᠦᠷ᠂ ᠳᠡᠯᠡᠬᠡᠢ ᠶᠢᠨ ᠡᠬᠡ ᠶᠢᠨ ᠰᠦ ᠪᠠᠷ ᠲᠡᠵᠢᠭᠡᠬᠦ ᠭᠠᠷᠠᠭ᠂ ᠪᠥᠬᠦ | ᠤᠯᠤᠰ ᠤᠨ ︽ᠨᠢᠳᠦ ᠬᠠᠶᠢᠷᠠᠯᠠᠬᠤ ᠡᠳᠦᠷ︾ ᠵᠡᠷᠭᠡ ᠴᠢᠬᠤᠯᠠ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠤᠨ | ᠲᠣᠭᠤᠷᠢᠨ ᠳᠤ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠬᠡᠦᠬᠡᠳ ᠤᠨ ᠡᠷᠡᠭᠦᠯ | ᠮᠡᠨᠳᠦ ᠶᠢᠨ ᠰᠢᠨᠵᠢᠯᠡᠬᠦ ᠤᠬᠠᠭᠠᠨ ᠤ ᠮᠡᠳᠡᠯᠭᠡ ᠶᠢ ᠲᠦᠬᠡᠮᠡᠯᠵᠢᠬᠦᠯᠪᠡ᠃ ᠬᠦᠴᠢᠷᠳᠡᠯ ᠳᠤ ᠲᠤᠯᠭᠠᠷᠠᠭᠰᠠᠨ | ᠬᠡᠦᠬᠡᠳ ᠤᠨ ᠠᠰᠢᠭ ᠲᠤᠰᠠ ᠪᠠ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠲᠥᠷᠥᠯ ᠬᠤᠪᠢᠶᠠᠨ | ᠵᠢᠯᠤᠭᠤᠳᠬᠤ ᠶᠢ ᠪᠠᠷᠢᠮᠲᠠᠯᠠᠵᠤ᠂ ᠠᠳᠠᠯᠢ ᠪᠤᠰᠤ ᠬᠡᠦᠬᠡᠳ ᠤᠨ ᠬᠡᠷᠡᠭᠴᠡᠭᠡ ᠱᠠᠭᠠᠷᠳᠠᠯᠭ᠎ᠠ ᠶᠢᠨ ᠣᠨᠴᠠᠯᠢᠭ ᠢ | ᠦᠨᠳᠦᠰᠦᠯᠡᠨ᠂ ᠬᠡᠦᠬᠡᠳ ᠢ ᠡᠩ ᠲᠡᠷᠢᠬᠦᠨ ᠳᠤ ᠪᠣᠳᠣᠯᠬᠢᠯᠠᠬᠤ ᠪᠠ ᠡᠷᠬᠡ ᠠᠰᠢᠭ ᠢ ᠬᠠᠮᠠᠭᠠᠯᠠᠬᠤ ᠪᠠᠷ ᠭᠤᠣᠯ | ᠰᠡᠳᠦᠪ ᠪᠣᠯᠭᠠᠭᠰᠠᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠲᠠᠰ ᠲᠥᠷᠥᠯ ᠬᠤᠪᠢᠶᠠᠨ ᠥᠷᠨᠢᠭᠦᠯᠵᠦ᠂ | ᠬᠦᠴᠢᠷᠳᠡᠯ ᠳᠤ ᠲᠤᠯᠭᠠᠷᠠᠭᠰᠠᠨ ᠬᠡᠦᠬᠡᠳ ᠪᠠ ᠲᠡᠳᠡᠨ ᠤ ᠭᠡᠷ ᠪᠦᠯᠢ ᠶᠢᠨ ᠬᠢᠨ ᠢ ᠬᠠᠪᠰᠤᠷᠤᠨ ᠲᠦᠷᠭᠡᠨ ᠠᠪᠤᠷᠠᠬᠤ | ᠵᠡᠷᠭᠡ ᠦᠨᠳᠦᠰᠦᠨ ᠡᠷᠡᠭᠦᠯ ᠬᠠᠮᠠᠭᠠᠯᠠᠯ ᠤᠨ ᠶᠡᠷᠦ ᠶᠢᠨ ᠮᠡᠳᠡᠯᠭᠡ ᠶᠢ ᠡᠵᠡᠮᠰᠢᠭᠦᠯᠵᠦ᠂ ᠬᠦᠴᠢᠷᠳᠡᠯ ᠳᠤ | ᠲᠤᠯᠭᠠᠷᠠᠭᠰᠠᠨ ᠬᠡᠦᠬᠡᠳ ᠤᠨ ᠥᠪᠡᠷ ᠢ ᠪᠠᠨ ᠬᠠᠮᠠᠭᠠᠯᠠᠬᠤ ᠪᠠ ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ | ᠳᠡᠭᠡᠭᠰᠢᠯᠡᠭᠦᠯᠦᠨ᠂ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ | ᠢᠳᠡᠪᠬᠢᠲᠡᠢ ᠪᠠᠷ ᠪᠣᠶ ᠪᠤᠯᠭᠠᠪᠠ᠃ ᠬᠡᠦᠬᠡᠳ ᠤᠨ ᠭᠡᠷ ᠪᠦᠯᠢ᠂ ᠭᠡᠷ ᠤᠨ ᠠᠬᠠᠮᠠᠳ ᠤᠨ ᠰᠤᠷᠭᠠᠭᠤᠯᠢ ᠵᠡᠷᠭᠡ | ᠠᠵᠢᠯᠯᠠᠭ᠎ᠠ ᠶᠢ ᠠᠰᠢᠭᠯᠠᠨ ᠬᠦᠴᠢᠷᠳᠡᠯ ᠳᠤ ᠲᠤᠯᠭᠠᠷᠠᠭᠰᠠᠨ ᠬᠡᠦᠬᠡᠳ ᠪᠠ ᠲᠡᠳᠡᠨ ᠤ ᠭᠡᠷ ᠪᠦᠯᠢ ᠶᠢᠨ ᠰᠤᠷᠭᠠᠨ | ᠬᠥᠮᠦᠵᠢᠯ ᠤᠨ ᠵᠢᠯᠣᠭᠤᠳᠤᠯᠭ᠎ᠠ ᠪᠠ ᠪᠣᠯᠪᠠᠰᠤᠷᠠᠯ ᠬᠢᠵᠦ ᠬᠠᠪᠰᠤᠷᠤᠨ ᠲᠡᠳᠬᠦᠬᠦ ᠶᠢ ᠴᠢᠩᠭᠠᠳᠬᠠᠪᠠ᠃ ᠤᠷᠴᠢᠮ | ᠤᠨ ᠭᠤᠷᠪᠠᠨ ᠵᠢᠯ ᠳᠤ ᠪᠥᠬᠦ ᠣᠷᠣᠨ ᠤ ᠡᠯ᠎ᠡ ᠭᠠᠵᠠᠷ ᠤᠨ ᠬᠢᠨ ᠬᠥᠳᠡᠭᠡ ᠪᠠᠭᠤᠬᠤ ᠠᠵᠢᠯᠯᠠᠭ᠎ᠠ ᠶᠢ ᠨᠡᠶᠢᠲᠡ ᠵᠠᠭᠤ | ᠭᠠᠷᠤᠢ ᠤᠳᠠᠭ᠎ᠠ ᠥᠷᠨᠢᠭᠦᠯᠵᠦ᠂ ᠪᠠᠴᠢᠮ ᠠᠪᠤᠷᠠᠯᠳᠠ ᠶᠢᠨ ᠠᠮᠤᠷ ᠲᠦᠪᠰᠢᠨ ᠤ ᠮᠡᠳᠡᠯᠭᠡ ᠶᠢᠨ ᠪᠣᠯᠪᠠᠰᠤᠷᠠᠯ ᠢ ᠠᠷᠪᠠ | ᠭᠠᠷᠤᠢ ᠤᠳᠠᠭ᠎ᠠ ᠡᠷᠭᠢᠯᠡᠵᠦ᠂ 18 ᠨᠠᠰᠤᠨ ᠠᠴᠠ ᠳᠣᠷᠣᠭᠰᠢᠬᠢ ᠨᠠᠰᠤᠨ ᠳᠤ ᠥᠯᠥ ᠭᠦᠷᠦᠭᠰᠡᠳ ᠢ ᠪᠠᠷᠤᠭ 500 | ᠤᠳᠠᠭ᠎ᠠ ᠭᠥᠯᠢᠶᠡᠨ ᠠᠪᠤᠪᠠ᠃ | ᠳᠠᠷᠠᠭᠠᠴᠢ ᠪᠠᠷ ᠮᠠᠨ ᠤ ᠬᠤᠷᠢᠶ᠎ᠠ ᠶᠢᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠬᠡᠦᠬᠡᠳ ᠪᠠ ᠬᠡᠦᠬᠡᠳ ᠤᠨ | ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠦᠴᠢᠷᠳᠡᠯ ᠳᠤ | ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠮᠠᠭᠠᠯᠠᠬᠤ ᠲᠤᠬᠠᠢ ᠨᠠᠮ ᠤᠨ ᠲᠥᠪ ᠬᠤᠷᠢᠶ᠎ᠠ᠂ ᠲᠦᠷᠦ ᠶᠢᠨ | ᠶᠠᠪᠤᠳᠠᠯ ᠤᠨ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠨᠠᠶᠢᠳᠠᠪᠤᠷᠢᠵᠢᠭᠤᠯᠵᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠮᠠᠭᠠᠯᠠᠬᠤ ᠠᠵᠢᠯ ᠤᠨ | ᠡᠷᠴᠢᠮ ᠢᠶᠠᠨ ᠴᠢᠩᠭᠠᠷᠠᠭᠤᠯᠵᠤ᠂ ᠡᠮ ᠡᠮᠨᠡᠯᠭᠡ ᠶᠢᠨ ᠪᠠᠳᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠵᠦ᠂ ᠵᠢᠱᠢᠶᠡᠴᠢ | ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠤᠪᠢ ᠨᠡᠮᠡᠷᠢ ᠪᠠᠨ ᠦᠷᠬᠦᠯᠵᠢᠯᠡᠨ | ᠦᠵᠡᠬᠦᠯᠬᠦ ᠪᠤᠯᠤᠨ᠎ᠠ᠃ | |