ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠢ | ᠬᠠᠯᠠᠮᠵᠢᠯᠠᠨ ᠬᠠᠮᠠᠭᠠᠯᠠᠬᠤ ᠠᠵᠢᠯ ᠢ ᠶᠠᠮᠠᠷ ᠶᠠᠮᠠᠷ ᠠᠷᠭ᠎ᠠ ᠪᠠᠷ ᠴᠢᠩᠭᠠᠳᠬᠠᠭᠰᠠᠨ ᠪᠣᠶ︖ | | ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠭᠡᠷ ᠪᠦᠯᠢ ᠪᠠ | ᠬᠡᠦᠬᠡᠳ ᠤᠨ ᠠᠵᠢᠯ ᠤᠨ ᠬᠡᠯᠲᠡᠰ ᠤᠨ ᠳᠠᠷᠤᠭ᠎ᠠ ᠯᠢᠦᠢ ᠬᠤᠩ ᠺᠠᠢ ᠶᠢᠨ ᠬᠠᠷᠢᠭᠤᠯᠳᠠ᠄ | | ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠬᠢᠨ ᠦᠨᠤ ᠵᠢᠯ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠬᠡᠦᠬᠡᠳ ᠪᠣᠯᠣᠨ | ᠬᠡᠦᠬᠡᠳ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠪᠦᠬᠦ ᠲᠠᠯ᠎ᠠ ᠪᠠᠷ ᠭᠦᠨᠵᠡᠭᠡᠢ ᠲᠤᠭᠤᠰᠢᠯᠠᠭᠤᠯᠤᠨ᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠷ ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ︾ ᠶᠢ | ᠭᠦᠨᠵᠡᠭᠡᠢ ᠨᠠᠶᠢᠳᠠᠪᠤᠷᠢᠵᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠪᠦᠯᠢ ᠶᠢᠨ | ᠬᠥᠮᠦᠵᠢᠯ ᠢ ᠠᠬᠢᠭᠤᠯᠬᠤ ᠳᠦᠷᠢᠮ︾ ᠢ ᠨᠡᠶᠢᠲᠡᠯᠡᠨ ᠬᠡᠷᠡᠭᠵᠢᠭᠦᠯᠬᠦ ᠶᠢ ᠠᠬᠢᠭᠤᠯᠵᠤ᠂ ᠬᠡᠦᠬᠡᠳ ᠤᠨ ᠦᠰᠦᠨ | ᠪᠤᠶᠢᠵᠢᠯᠲᠠ ᠶᠢᠨ ᠵᠠᠮᠴᠢᠯᠠᠭᠴᠢ᠂ ᠬᠡᠦᠬᠡᠳ ᠤᠨ ᠡᠷᠬᠡ ᠠᠰᠢᠭ ᠤᠨ ᠰᠠᠬᠢᠨ ᠬᠠᠮᠠᠭᠠᠯᠠᠭᠴᠢ᠂ ᠬᠡᠦᠬᠡᠳ ᠤᠨ | ᠢᠷᠡᠭᠡᠳᠦᠢ ᠶᠢᠨ ᠬᠦᠰᠡᠯ ᠵᠡᠭᠦᠳᠦ ᠶᠢ ᠲᠡᠷᠭᠡᠯᠰᠢᠭᠦᠯᠦᠭᠴᠢ ᠪᠣᠯᠬᠤ ᠪᠠᠷ ᠴᠢᠷᠮᠠᠶᠢᠪᠠ᠃ | ᠨᠢᠭᠡ ᠳᠤ᠂ ᠤᠬᠠᠭᠤᠯᠵᠤ ᠲᠠᠶᠢᠴᠢᠯᠠᠬᠤ ᠶᠢ ᠴᠢᠩᠭᠠᠳᠬᠠᠵᠤ᠂ ᠰᠠᠶᠢᠨ ᠰᠠᠶᠢᠬᠠᠨ ᠨᠡᠶᠢᠭᠡᠮ ᠤᠨ ᠠᠭᠤᠷ | ᠠᠮᠢᠰᠬᠤᠯ ᠢ ᠪᠤᠢ ᠪᠤᠯᠭᠠᠪᠠ᠃ ︽ᠤᠮᠠᠷᠠᠲᠤ ᠬᠢᠯᠢ ᠶᠢᠨ ᠡᠮᠡᠭᠳᠡᠶᠢᠴᠤᠳ ᠤᠨ ᠲᠠᠭᠤᠨ︾ ︽ᠤᠮᠠᠷᠠᠲᠤ ᠬᠢᠯᠢ ᠶᠢᠨ | ᠭᠡᠷ ᠪᠦᠯᠢ︾ ᠵᠡᠷᠭᠡ ᠸᠢᠴᠠᠲ ᠢᠶᠠᠷ ᠳᠠᠮᠵᠢᠭᠤᠯᠤᠨ᠂ ᠬᠡᠦᠬᠡᠳ ᠢ ᠬᠠᠯᠠᠮᠵᠢᠯᠠᠨ ᠬᠠᠮᠠᠭᠠᠯᠠᠬᠤ ᠨᠡᠶᠢᠲᠡ ᠶᠢᠨ | ᠠᠰᠠᠷᠠᠮᠵᠢ ᠶᠢᠨ ᠬᠢᠴᠢᠶᠡᠯ ᠢ ᠦᠷᠭᠦᠯᠵᠢᠯᠡᠨ ᠬᠦᠷᠭᠡᠵᠦ᠂ ᠨᠡᠶᠢᠭᠡᠮ ᠲᠠᠶᠠᠭᠠᠷ ᠢᠶᠠᠨ ᠬᠡᠦᠬᠡᠳ ᠢ ᠡᠩ ᠲᠡᠷᠢᠭᠦᠨ ᠳᠤ | ᠬᠠᠮᠠᠭᠠᠯᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠤᠯᠭᠠᠪᠠ᠃ ᠤᠤᠯ ᠤᠨ 12338 | ᠡᠷᠬᠡ ᠪᠠᠨ ᠬᠠᠮᠠᠭᠠᠯᠠᠬᠤ ᠪᠠᠶᠢᠡᠭᠭᠤ ᠤᠲᠠᠰᠤ ᠶᠢᠨ ᠰᠠᠭᠤᠷᠢᠨ ᠳᠡᠭᠡᠷ᠎ᠡ ᠭᠡᠷ ᠪᠦᠯᠢ ᠶᠢᠨ ᠬᠥᠮᠦᠵᠢᠯ ᠤᠨ ᠵᠢᠭᠠᠨ | ᠵᠢᠯᠤᠭᠤᠳᠬᠤ ᠦᠢᠯᠡᠴᠢᠯᠡᠭᠡᠨ ᠤ ᠴᠢᠳᠠᠮᠵᠢ ᠶᠢ ᠨᠡᠮᠡᠭᠳᠡᠭᠦᠯᠵᠦ᠂ ᠭᠡᠷ ᠪᠦᠯᠢ ᠶᠢᠨ ᠬᠥᠮᠦᠵᠢᠯ ᠤᠨ ᠰᠢᠯᠢᠳᠡᠭ | ᠪᠠᠭᠰᠢ ᠶᠢᠨ ᠶᠡᠭᠡ ᠰᠤᠷᠭᠠᠭᠤᠯᠢ ᠶᠢᠨ ᠬᠢᠴᠢᠶᠡᠯ ᠤᠨ ᠲᠠᠩᠬᠢᠮ ᠭᠠᠷᠭᠠᠵᠤ᠂ ᠥᠷᠭᠡᠨ ᠤᠯᠠᠨ ᠭᠡᠷ ᠪᠦᠯᠢ ᠳᠤ | ᠬᠠᠨᠳᠤᠭᠤᠯᠤᠨ ᠭᠡᠷ ᠪᠦᠯᠢ ᠶᠢᠨ ᠬᠥᠮᠦᠵᠢᠯ ᠤᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ᠂ ᠶᠣᠰᠣ | ᠰᠤᠷᠲᠠᠬᠤᠨ ᠢ ᠪᠤᠢ ᠪᠣᠯᠭᠠᠨ ᠬᠥᠮᠥᠨ ᠢ ᠬᠥᠮᠥᠵᠢᠭᠦᠯᠵᠦ᠂ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ | ᠦᠵᠡᠯᠲᠡ ᠶᠢ ᠪᠣᠶᠢᠵᠢᠭᠤᠯᠤᠨ ᠦᠢᠯᠡᠳᠤᠯᠬᠡᠵᠢᠬᠦᠯᠪᠡ᠃ ᠥᠪᠥᠷ ᠮᠣᠩᠭᠤᠯ ᠤᠨ ᠲᠧᠯᠸᠢᠰ ᠲᠡᠬᠡᠷ᠎ᠡ ︽ᠭᠠᠷᠠᠭ ᠤᠨ | ᠲᠠᠪᠤᠨ ᠤ ᠭᠡᠷ ᠤᠨ ᠠᠬᠠᠮᠠᠳ ᠤᠨ ᠭᠤᠪᠢᠭᠤᠯᠭ᠎ᠠ︾ ᠭᠡᠬᠦ ᠪᠤᠯᠤᠩ ᠭᠠᠷᠭᠠᠵᠤ᠂ ᠭᠡᠷ ᠤᠨ ᠠᠬᠠᠮᠠᠳ ᠤᠨ ᠠᠩᠬᠠᠷᠴᠤ | ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠳᠤ ᠬᠠᠷᠢᠭᠤᠯᠲᠠ ᠥᠭᠴᠦ᠂ ᠨᠡᠶᠢᠳᠡ 85 ᠬᠤᠭᠤᠴᠠᠭ᠎ᠠ | ᠨᠠᠪᠲᠠᠷᠡᠭᠦᠯᠵᠦ᠂ 1200 ᠲᠦᠮᠡᠨ ᠤᠳᠠᠭ᠎ᠠ ᠦᠵᠡᠪᠡ᠃ 117 ᠠᠶᠢᠮᠠᠭ ᠬᠤᠲᠠ᠂ ᠬᠤᠰᠢᠭᠤ ᠰᠢᠶᠠᠨ ᠤ | ᠱᠠᠲᠤᠨ ᠤ ᠭᠡᠷ ᠪᠦᠯᠢ ᠶᠢᠨ ᠬᠥᠮᠦᠵᠢᠯ ᠤᠨ ᠵᠢᠭᠠᠨ ᠵᠢᠯᠤᠭᠤᠳᠬᠤ ᠲᠥᠪ ᠪᠠ 1000 ᠨᠡᠶᠢᠭᠡᠮ ᠲᠣᠭᠤᠷᠢᠭ ᠤᠨ | ᠭᠡᠷ ᠤᠨ ᠠᠬᠠᠮᠠᠳ ᠤᠨ ᠰᠤᠷᠭᠠᠭᠤᠯᠢ ᠶᠢ ᠰᠢᠨ᠎ᠡ ᠪᠠᠷ ᠪᠠᠶᠢᠭᠤᠯᠵᠤ᠂ ᠨᠡᠶᠢᠭᠡᠮ ᠲᠣᠭᠤᠷᠢᠭ ᠤᠨ ᠭᠡᠷ ᠤᠨ ᠠᠬᠠᠮᠠᠳ ᠤᠨ | ᠰᠤᠷᠭᠠᠭᠤᠯᠢ ᠪᠠ ᠭᠡᠷ ᠪᠦᠯᠢ ᠶᠢᠨ ᠬᠥᠮᠦᠵᠢᠯ ᠤᠨ ᠵᠢᠭᠠᠨ ᠵᠢᠯᠤᠭᠤᠳᠬᠤ ᠦᠢᠯᠡᠴᠢᠯᠡᠭᠡᠨ ᠤ ᠥᠷᠲᠡᠭᠡ ᠴᠡᠭ ᠢ | 10019 ᠪᠠᠶᠢᠭᠤᠯᠬᠤ ᠶᠢ ᠠᠬᠢᠭᠤᠯᠵᠤ᠂ ᠵᠢᠯ ᠪᠦᠷᠢ ᠳᠤᠮᠳᠠᠴᠢ ᠪᠠᠷ 800 ᠭᠠᠷᠤᠢ ᠲᠦᠮᠡᠨ ᠭᠡᠷ ᠤᠨ ᠠᠬᠠᠮᠠᠳ ᠢ | ᠪᠣᠯᠪᠠᠰᠤᠷᠠᠭᠤᠯᠪᠠ᠃ ᠬᠤᠲᠠ ᠬᠥᠳᠡᠭᠡ ᠶᠢᠨ ᠨᠡᠶᠢᠭᠡᠮ ᠲᠣᠭᠤᠷᠢᠭ᠂ ᠮᠠᠯᠵᠢᠬᠤ ᠲᠠᠷᠢᠶᠠᠯᠠᠬᠤ ᠣᠷᠣᠨ ᠳᠤ 2387 | ᠬᠡᠦᠬᠡᠳ ᠤᠨ ᠭᠡᠷ ᠢ ᠪᠦᠲᠦᠭᠡᠨ ᠪᠠᠶᠢᠭᠤᠯᠵᠤ᠂ ᠪᠠᠭᠠᠴᠤᠳ ᠬᠡᠦᠬᠡᠳ ᠲᠤ ᠡᠷᠡᠭᠦᠯ ᠮᠡᠨᠳᠦ ᠪᠦᠬᠡᠳ ᠠᠮᠤᠷ ᠲᠦᠪᠰᠢᠨ | ᠰᠤᠷᠭᠠᠭᠤᠯᠢ ᠶᠢᠨ ᠭᠠᠳᠠᠨᠠᠬᠢ ᠠᠵᠢᠯᠯᠠᠭᠠᠨ ᠤ ᠲᠠᠯᠠᠪᠤᠷ ᠢ ᠬᠠᠨᠭ᠍ᠭᠠᠬᠰᠠᠨ ᠪᠠᠶᠢᠨ᠎ᠠ᠃ | ᠬᠤᠶᠠᠷ ᠲᠤ᠂ ᠬᠡᠦᠬᠡᠳ ᠤᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠯᠠᠮᠵᠢᠯᠠᠨ | ᠬᠠᠮᠠᠭᠠᠯᠠᠬᠤ ᠠᠵᠢᠯᠯᠠᠭ᠎ᠠ ᠶᠢ ᠦᠷᠨᠢᠬᠦᠯᠪᠡ᠃ ︽ᠭᠤᠣᠯᠳᠠᠯᠭ᠎ᠠ ᠲᠠᠢ ᠬᠥᠮᠥᠰ ᠪᠠ ᠭᠡᠷ ᠪᠦᠯᠢ ᠶᠢᠨ ᠬᠠᠯᠠᠮᠵᠢᠯᠠᠨ | ᠲᠡᠳᠬᠦᠬᠦ ᠠᠵᠢᠯ ᠢ ᠤᠯᠠᠮ ᠰᠠᠶᠢᠳᠤᠷ ᠥᠷᠨᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠡᠮᠡᠭᠲᠡᠶᠢᠴᠦᠳ ᠤᠨ ᠬᠤᠯᠪᠣᠭ᠎ᠠ ᠶᠢᠨ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠭᠤᠣᠯᠳᠠᠯᠭ᠎ᠠ ᠲᠠᠢ ᠬᠥᠮᠥᠰ ᠪᠠ | ᠭᠡᠷ ᠪᠦᠯᠢ ᠶᠢᠨ ᠪᠠᠶᠢᠳᠠᠯ ᠢ ᠣᠶᠢᠯᠠᠭᠠᠬᠤ ᠶᠢᠨ ᠬᠠᠮᠲᠤ ᠣᠶᠢᠯᠠᠭᠠᠭᠰᠠᠨ ᠪᠠᠶᠢᠳᠠᠯ ᠲᠠᠢ ᠪᠠᠨ ᠤᠶᠠᠯᠳᠤᠭᠤᠯᠤᠨ | ᠰᠤᠷᠪᠤᠯᠵᠢᠯᠠᠬᠤ ᠪᠠ ᠬᠠᠯᠠᠮᠵᠢᠯᠠᠨ ᠲᠡᠳᠬᠦᠬᠦ ᠠᠵᠢᠯ ᠢ ᠦᠷᠨᠢᠬᠦᠯᠪᠡ᠃ ︽ᠬᠠᠶᠢᠷ᠎ᠠ ᠬᠠᠯᠠᠮᠵᠢ ᠬᠦᠷᠭᠡᠬᠦ ᠠᠨᠢᠶ᠎ᠠ︾ ᠶᠢ | ᠡᠯᠰᠡᠬᠦ ᠠᠵᠢᠯ ᠢ ᠥᠷᠨᠢᠭᠦᠯᠵᠦ᠂ ᠲᠦᠮᠡ ᠭᠠᠷᠤᠢ ︽ᠬᠠᠶᠢᠷ᠎ᠠ ᠬᠠᠯᠠᠮᠵᠢ ᠬᠦᠷᠭᠡᠬᠦ ᠠᠨᠢᠶ᠎ᠠ︾ ᠶᠢ ᠦᠷᠭᠦᠯᠵᠢᠯᠡᠨ | ᠵᠣᠬᠢᠶᠠᠨ ᠪᠠᠶᠢᠭᠤᠯᠵᠤ ᠪᠠᠶᠢᠭᠠᠳ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠪᠰᠤᠷᠤᠨ ᠲᠡᠳᠬᠦᠵᠦ᠂ | ᠬᠠᠯᠠᠮᠵᠢᠯᠠᠨ ᠲᠡᠳᠬᠦᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠰᠦᠪᠡᠭᠴᠢᠯᠡᠨ ᠲᠡᠬᠦᠯᠳᠡᠷᠵᠢᠬᠦᠯᠪᠡ᠃ | ︽ᠪᠢᠴᠢᠭ ᠰᠤᠶᠤᠯ ᠲᠠᠢ ᠠᠶᠢᠯ ᠡᠷᠤᠬᠡ᠂ ᠰᠢᠨ᠎ᠡ ᠠᠶᠠᠨ ᠢᠶᠠᠨ ᠡᠬᠢᠯᠡᠭᠦᠯᠬᠦ︾ ᠭᠡᠷ ᠪᠦᠯᠢ ᠶᠢᠨ ᠲᠦᠷᠦᠯ ᠰᠠᠳᠤᠨ | ᠦᠷ᠎ᠡ ᠬᠡᠦᠬᠡᠳ ᠤᠨ ᠨᠣᠮ ᠤᠩᠰᠢᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠰᠢ ᠶᠢᠨ ᠫᠢᠩ ᠶᠡᠷᠦᠩᠬᠡᠢ | ᠱᠦᠵᠢ ᠶᠢᠨ ᠡᠯᠢᠭᠡᠰᠡᠭ ᠳᠣᠲᠣᠨᠣ ᠰᠠᠨᠠᠭᠠᠰᠢᠷᠠᠯ ᠢ ᠳᠠᠮᠵᠢᠭᠤᠯᠵᠤ᠂ ᠪᠠᠭᠠᠴᠤᠳ ᠬᠡᠦᠬᠡᠳ ᠤᠨ ᠢᠯᠡᠭᠦᠬᠡᠨ ᠨᠣᠮ | ᠤᠩᠰᠢᠬᠤ᠂ ᠰᠠᠶᠢᠨ ᠨᠣᠮ ᠢ ᠤᠩᠰᠢᠬᠤ᠂ ᠨᠣᠮ ᠤᠩᠰᠢᠬᠤ ᠳᠤ ᠪᠠᠨ ᠴᠢᠳᠠᠮᠠᠭᠠᠢ ᠪᠤᠯᠬᠤ ᠳᠤ ᠵᠢᠯᠤᠭᠤᠳᠪᠠ᠃ ︽ | ᠪᠠᠭᠠᠴᠤᠳ ᠬᠡᠦᠬᠡᠳ ᠤᠨ ᠰᠡᠳᠬᠢᠯ ᠨᠠᠮ ᠢᠶᠠᠨ ᠲᠠᠭᠠᠬᠤ︾ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ | ᠥᠷᠨᠢᠭᠦᠯᠵᠦ᠂ ᠡᠴᠢᠭᠡ ᠡᠬᠡ ᠦᠷ᠎ᠡ ᠬᠡᠦᠬᠡᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ | ᠤᠡᠭᠰᠢᠬᠤ ᠤᠷᠤᠯᠳᠤᠭᠠᠨ ᠢ ᠲᠦᠷᠪᠡᠨ ᠬᠤᠭᠤᠴᠠᠭ᠎ᠠ ᠳᠠᠷᠠᠭᠠᠯᠠᠨ ᠥᠷᠨᠢᠭᠦᠯᠵᠦ᠂ ᠪᠠᠭᠠᠴᠤᠳ ᠬᠡᠦᠬᠡᠳ ᠤᠨ ᠨᠠᠮ ᠤᠨ | ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠬᠤ ᠶᠢ ᠲᠠᠶᠢᠴᠢᠯᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠪᠠ᠃ ᠡᠪᠦᠯ ᠵᠣᠨ ᠤ ᠠᠮᠠᠷᠠᠯᠲᠠ ᠳᠤ ᠬᠢ | ᠬᠡᠦᠬᠡᠳ ᠢ ᠬᠠᠯᠠᠮᠵᠢᠯᠠᠬᠤ ᠦᠢᠯᠡᠴᠢᠯᠡᠭᠡ ᠶᠢ ᠦᠷᠭᠦᠯᠵᠢᠯᠡᠨ ᠥᠷᠨᠢᠭᠦᠯᠵᠦ᠂ ᠵᠢᠯ ᠪᠦᠷᠢ ᠳᠤᠮᠳᠠᠴᠢ ᠪᠠᠷ ᠭᠡᠷ ᠤᠨ | ᠠᠬᠠᠮᠠᠳ ᠪᠠ ᠬᠡᠦᠬᠡᠳ ᠲᠤ 50 ᠭᠠᠷᠤᠢ ᠲᠦᠮᠡᠨ ᠬᠥᠮᠥᠨ ᠤᠳᠠᠭ᠎ᠠ ᠦᠢᠯᠡᠴᠢᠯᠡᠪᠡ᠃ ᠥᠪᠡᠷᠲᠡᠭᠡᠨ ᠵᠠᠰᠠᠬᠤ | ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠳᠠᠭᠠᠭᠤᠯᠭ᠎ᠠ ᠪᠠᠷ ᠪᠥᠬᠦ ᠣᠷᠣᠨ ᠤ ᠡᠯ᠎ᠡ ᠱᠠᠲᠤᠨ ᠤ | ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ︽ᠪᠢ ᠡᠮᠡᠭᠲᠡᠶᠢᠴᠦᠳ ᠬᠡᠦᠬᠡᠳ ᠲᠤ ᠪᠣᠳᠠᠲᠤ | ᠶᠠᠪᠤᠳᠠᠯ ᠬᠢᠵᠦ ᠥᠭᠬᠦ · ᠠᠷᠪᠠ ᠶᠢ ᠬᠦᠷᠭᠡᠬᠦ︾ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠬᠡᠦᠬᠡᠳ | ᠪᠠᠭᠠᠴᠤᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠠᠮᠤᠭᠤᠯᠠᠩ ᠲᠥᠷᠥᠭᠳᠡᠯ ᠢ | ᠪᠦᠲᠦᠮᠵᠢᠲᠡᠶ ᠳᠡᠭᠡᠭᠰᠢᠯᠡᠭᠦᠯᠪᠡ᠃ | ᠭᠤᠷᠪᠠ ᠳᠤ᠂ ᠨᠡᠶᠢᠲᠡ ᠶᠢᠨ ᠠᠰᠠᠷᠠᠮᠵᠢ ᠶᠢᠨ ᠵᠦᠢᠯᠡᠰ ᠢ ᠬᠡᠷᠡᠭᠵᠢᠭᠦᠯᠵᠦ᠂ ᠬᠡᠦᠬᠡᠳ ᠤᠨ ᠦᠰᠦᠨ ᠪᠣᠶᠢᠵᠢᠬᠤ | ᠣᠷᠴᠢᠨ ᠨᠥᠬᠦᠴᠡᠯ ᠢ ᠰᠢᠯᠢᠳᠡᠭᠵᠢᠬᠦᠯᠪᠡ᠃ ᠳᠤᠮᠳᠠᠳᠤ ᠤᠯᠤᠰ ᠤᠨ ᠬᠡᠦᠬᠡᠳ ᠪᠠᠭᠠᠴᠤᠳ ᠤᠨ ᠰᠠᠭᠤᠷᠢ | ᠮᠥᠩᠭᠦᠨ ᠤ ᠨᠡᠶᠢᠭᠡᠮᠯᠢᠭ ᠤᠨ ︽ᠴᠦᠨ ᠯᠧᠢ ᠲᠥᠯᠥᠪᠯᠡᠭᠡ︾ ︽ᠲᠣᠭᠲᠠᠮᠠᠯ ᠬᠠᠶᠢᠷ᠎ᠠ ᠶᠢᠨ ᠠᠵᠢᠯᠯᠠᠭ᠎ᠠ︾ ᠪᠠ ︽ | ᠬᠥᠬᠡ ᠲᠡᠭᠷᠢ ᠰᠤᠷᠤᠯᠭ᠎ᠠ ᠶᠢ ᠲᠡᠳᠬᠦᠬᠦ ᠢᠨᠵᠧᠨᠧᠷᠢᠩ︾ ︽ᠬᠠᠶᠢᠷ᠎ᠠ ᠶᠢᠨ ᠡᠬᠢᠯᠡᠯᠲᠡ᠄ 6 ᠨᠠᠰᠤᠨ ᠠᠴᠠ ᠡᠮᠦᠨᠡᠬᠢ | ᠬᠡᠤᠬᠡᠳ ᠢ ᠰᠢᠨᠵᠢᠯᠡᠬᠦ ᠤᠬᠠᠭᠠᠨᠴᠢ ᠪᠠᠷ ᠬᠥᠮᠥᠵᠢᠭᠦᠯᠬᠦ ᠨᠡᠶᠢᠭᠡᠮ ᠲᠣᠭᠤᠷᠢᠭ ᠤᠨ ᠭᠡᠷ ᠪᠦᠯᠢ ᠶᠢ ᠳᠡᠮᠵᠢᠨ | ᠳᠡᠯᠭᠡᠷᠡᠭᠦᠯᠬᠦ︾ ᠵᠡᠷᠭᠡ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠢ ᠴᠢᠷᠮᠠᠶᠢᠨ ᠣᠯᠵᠤ᠂ ᠬᠦᠴᠢᠷᠳᠡᠯ ᠳᠤ | ᠲᠤᠯᠭᠠᠷᠠᠭᠰᠠᠨ ᠬᠡᠦᠬᠡᠳ ᠤᠨ ᠰᠤᠷᠤᠯᠭ᠎ᠠ ᠪᠠ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠪᠠ᠃ 2010 ᠣᠨ | ᠠᠴᠠ ᠨᠠᠭᠠᠰᠢ ︽ᠴᠦᠨ ᠯᠧᠢ ᠲᠥᠯᠥᠪᠯᠡᠭᠡ︾ ᠪᠠᠷ ᠨᠡᠶᠢᠲᠡ ᠶᠢᠨ ᠠᠰᠠᠷᠠᠮᠵᠢ ᠶᠢᠨ ᠮᠥᠩᠭᠦ ᠶᠢ 850.17 ᠲᠦᠮᠡᠨ | ᠲᠥᠭᠦᠷᠢᠭ ᠴᠤᠭᠯᠠᠭᠤᠯᠤᠨ ᠲᠠᠷᠬᠠᠭᠠᠵᠤ᠂ ᠬᠦᠴᠢᠷᠳᠡᠯ ᠳᠤ ᠲᠤᠯᠭᠠᠷᠠᠭᠰᠠᠨ 4299 ᠵᠢᠭᠠᠯ ᠥᠬᠢᠨ ᠢ ᠲᠤᠰᠠᠯᠠᠭᠰᠠᠨ | ᠪᠠᠶᠢᠨ᠎ᠠ᠃ ︽ᠲᠣᠭᠲᠠᠮᠠᠯ ᠬᠠᠶᠢᠷ᠎ᠠ ᠶᠢᠨ ᠠᠵᠢᠯᠯᠠᠭ᠎ᠠ︾ ᠪᠠᠷ ᠬᠡᠦᠬᠡᠳ ᠲᠤ ᠬᠠᠶᠢᠷ᠎ᠠ ᠬᠠᠯᠠᠮᠵᠢ ᠶᠢᠨ ᠨᠣᠣᠰᠣᠨ | ᠴᠠᠮᠴᠠ2.6 ᠲᠦᠮᠨ ᠶᠢ ᠨᠡᠬᠡᠨ ᠥᠭᠴᠦ᠂ 2.5 ᠲᠦᠮᠡ ᠭᠠᠷᠤᠢ ᠬᠡᠦᠬᠡᠳ ᠢ ᠲᠤᠯᠠᠭᠠᠴᠠᠭᠤᠯᠪᠠ᠃ 2017 ᠣᠨ | ᠠᠴᠠ ᠨᠠᠭᠠᠰᠢ 860 ᠲᠦᠮᠡᠨ ᠲᠥᠭᠦᠷᠢᠭ ᠤᠨ ᠲᠤᠰᠬᠠᠢ ᠵᠦᠢᠯ ᠤᠨ ᠵᠠᠷᠤᠳᠠᠯ ᠣᠷᠣᠭᠤᠯᠵᠤ᠂ ︽ᠪᠠᠭᠪᠠᠭᠠᠢ ᠴᠡᠴᠡᠭ | ︾ ᠡᠮᠡᠭᠲᠡᠶᠢᠴᠦᠳ ᠬᠡᠦᠬᠡᠳ ᠤᠨ ᠡᠷᠬᠡ ᠠᠰᠢᠭ ᠤᠨ ᠦᠢᠯᠡᠴᠢᠯᠡᠭᠡᠨ ᠤ 304 ᠲᠥᠷᠥᠯ ᠵᠦᠢᠯ ᠢ ᠬᠡᠷᠡᠭᠵᠢᠭᠦᠯᠵᠦ᠂ | 53 ᠲᠦᠮᠡᠨ ᠡᠮᠡᠭᠲᠡᠶᠢᠴᠦᠳ ᠬᠡᠦᠬᠡᠳ ᠪᠠ ᠭᠡᠷ ᠪᠦᠯᠢ ᠳᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠡᠷᠬᠡ ᠪᠠᠨ | ᠬᠠᠮᠠᠭᠠᠯᠠᠬᠤ ᠦᠢᠯᠡᠴᠢᠯᠡᠭᠡ ᠬᠠᠩᠭᠠᠪᠠ᠃ 2023 ᠣᠨ ᠤ ᠨᠡᠶᠢᠲᠡ ᠶᠢᠨ ᠠᠰᠠᠷᠠᠮᠵᠢ ᠶᠢᠨ ᠡᠳᠦᠷ ᠤᠨ | ᠬᠤᠭᠤᠴᠠᠭᠠᠨ ᠳᠤ ︽ᠥᠪᠥᠷ ᠮᠣᠩᠭᠤᠯ ᠤᠨ ᠴᠣᠮᠣᠷᠯᠢᠭ ᠲᠥᠯᠥᠪᠯᠡᠭᠡ 23︾ ᠠᠵᠢᠯᠯᠠᠭ᠎ᠠ ᠶᠢ ᠥᠷᠨᠢᠭᠦᠯᠵᠦ᠂ | 200 ᠭᠠᠷᠤᠢ ᠲᠦᠮᠡᠨ ᠲᠥᠭᠦᠷᠢᠭ ᠤᠨ ᠬᠠᠨᠳᠢᠪ ᠮᠥᠩᠭᠦ ᠴᠤᠭᠯᠠᠭᠤᠯᠵᠤ᠂ ᠬᠦᠴᠢᠷᠳᠡᠯ ᠳᠤ ᠲᠤᠯᠭᠠᠷᠠᠭᠰᠠᠨ | 1000 ᠭᠠᠷᠤᠢ ᠵᠢᠭᠠᠯ ᠥᠬᠢᠳ ᠤᠨ ᠰᠤᠷᠤᠯᠭ᠎ᠠ ᠪᠠ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠬᠤ ᠳᠤ ᠬᠦᠴᠦᠨ | ᠨᠡᠮᠡᠷᠢᠯᠡᠪᠡ᠃ | ᠬᠡᠦᠬᠡᠳ ᠢ ᠬᠠᠯᠠᠮᠵᠢᠯᠠᠨ ᠬᠠᠮᠠᠭᠠᠯᠠᠬᠤ ᠠᠵᠢᠯ ᠳᠤ ᠨᠠᠮ ᠪᠣᠯᠣᠨ ᠵᠠᠰᠠᠭ ᠤᠨ ᠣᠷᠳᠣᠨ ᠤ ᠭᠦᠨ ᠵᠤᠵᠠᠭᠠᠨ | ᠬᠠᠶᠢᠷ᠎ᠠ ᠬᠠᠯᠠᠮᠵᠢ ᠠᠭᠤᠯᠤᠭᠳᠠᠵᠤ ᠪᠤᠢ ᠶᠤᠮ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ | ᠡᠮᠡᠭᠲᠡᠶᠢᠴᠦᠳ ᠤᠨ ᠬᠤᠯᠪᠣᠭ᠎ᠠ ᠶᠢᠨ ᠬᠢᠨ ᠳᠠᠷᠠᠭᠠᠴᠢ ᠪᠠᠷ ᠰᠢ ᠶᠢᠨ ᠫᠢᠩ ᠶᠡᠷᠦᠩᠬᠡᠢ ᠱᠦᠵᠢ ᠶᠢᠨ ᠬᠡᠦᠬᠡᠳ | ᠪᠣᠯᠣᠨ ᠬᠡᠦᠬᠡᠳ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠦᠷᠭᠦᠯᠵᠢᠯᠡᠨ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠳᠤ ᠪᠠᠨ ᠰᠠᠭᠤᠷᠢᠯᠠᠵᠤ᠂ ᠬᠡᠦᠬᠡᠳ ᠢ ᠦᠵᠡᠯ | ᠰᠠᠨᠠᠭ᠎ᠠ ᠪᠠᠷ ᠬᠦᠳᠤᠯᠤᠨ ᠲᠠᠭᠠᠭᠤᠯᠵᠤ᠂ ᠬᠡᠦᠬᠡᠳ ᠢ ᠬᠠᠯᠠᠮᠵᠢᠯᠠᠨ ᠬᠠᠮᠠᠭᠠᠯᠠᠬᠤ ᠵᠡᠷᠭᠡ ᠠᠵᠢᠯ ᠢ ᠨᠠᠷᠢᠨ ᠪᠣᠳᠠᠲᠠᠢ | ᠬᠢᠵᠦ᠂ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠠᠬᠢᠭᠤᠯᠬᠤ ᠳᠤ ᠡᠮᠡᠭᠲᠡᠶᠢᠴᠦᠳ ᠤᠨ ᠬᠤᠯᠪᠣᠭ᠎ᠠ ᠶᠢᠨ | ᠬᠦᠴᠦᠨ ᠴᠢᠳᠠᠯ ᠢᠶᠠᠨ ᠦᠷᠬᠦᠯᠵᠢᠯᠡᠨ ᠡᠷᠭᠦᠨ᠎ᠡ᠃ | | | | | | | | | | | | |