ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 18 ᠤ ᠴᠠᠭᠢᠯᠭᠠᠨ ᠮᠡᠳᠡᠭᠡ 10 ᠰᠠᠷ᠎ᠠ ᠶᠢᠨ 18 ᠤ | ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ | ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭᠠᠨ ᠤ | ᠲᠦᠷᠦᠭᠦᠴᠦᠳ ᠤᠨ ᠶᠠᠷᠢᠶᠠᠨ ᠤ ᠲᠠᠪᠴᠠᠩ ᠤᠨ ᠡᠭᠢᠯᠡᠯᠲᠡ ᠶᠢᠨ ᠶᠣᠰᠣᠯᠠᠯ ᠳᠤ ᠣᠷᠣᠯᠴᠠᠬᠰᠠᠨ ᠪᠥᠭᠡᠳ ︽ᠨᠡᠭᠡᠭᠡᠯᠲᠡᠲᠡᠢ | ᠪᠠᠭᠲᠠᠭᠠᠮᠵᠢᠲᠠᠢ᠂ ᠬᠤᠯᠪᠣᠯᠳᠤᠨ ᠨᠡᠪᠲᠡᠷᠡᠯᠴᠡᠵᠦ᠂ ᠬᠠᠮᠲᠤ ᠪᠠᠷ ᠬᠥᠭᠵᠢᠭᠰᠡᠨ ᠳᠡᠯᠡᠬᠡᠢ ᠶᠢᠷᠲᠢᠨᠴᠦ ᠶᠢ ᠪᠦᠲᠦᠭᠡᠨ | ᠪᠠᠶᠢᠭᠤᠯᠤᠶ᠎ᠠ︾ ᠭᠡᠬᠦ ᠰᠡᠳᠦᠪ ᠢᠶᠠᠷ ᠭᠤᠣᠯ ᠵᠤᠷᠢᠯᠳᠠᠳᠤ ᠶᠠᠷᠢᠶ᠎ᠠ ᠢᠯᠡᠳᠬᠡᠯ ᠬᠢᠪᠡ᠃ | | | | 10 ᠰᠠᠷ᠎ᠠ ᠶᠢᠨ 18 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠠᠬᠢ | ᠠᠷᠠᠳ ᠤᠨ ᠶᠡᠭᠡ ᠬᠤᠷᠠᠯ ᠤᠨ ᠲᠠᠩᠬᠢᠮ ᠳᠤ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠤᠯᠠᠨ | ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠤᠨ ᠡᠭᠢᠯᠡᠯᠲᠡ ᠶᠢᠨ ᠶᠣᠰᠣᠯᠠᠯ ᠳᠤ | ᠣᠷᠣᠯᠴᠠᠬᠰᠠᠨ ᠪᠥᠭᠡᠳ ︽ᠨ᠊ ᠡᠭᠡᠭᠡᠯᠲᠡᠲᠡᠢ ᠪᠠᠭᠲᠠᠭᠠᠮᠵᠢᠲᠠᠢ ᠬᠤᠯᠪᠣᠯᠳᠤᠨ ᠨᠡᠪᠲᠡᠷᠡᠯᠴᠡᠵᠦ ᠬᠠᠮᠲᠤ ᠪᠠᠷ ᠬᠥᠭᠵᠢᠭᠰᠡᠨ | ᠳᠡᠯᠡᠬᠡᠢ ᠶᠢᠷᠲᠢᠨᠴᠦ ᠶᠢ ᠪᠦᠲᠦᠭᠡᠨ ᠪᠠᠶᠢᠭᠤᠯᠤᠶ᠎ᠠ︾ ᠭᠡᠬᠦ ᠰᠡᠳᠦᠪ ᠢᠶᠠᠷ ᠭᠤᠣᠯ ᠵᠤᠷᠢᠯᠳᠠᠳᠤ ᠶᠠᠷᠢᠶ᠎ᠠ ᠢᠯᠡᠳᠬᠡᠯ ᠬᠢᠪᠡ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠸᠠᠩ ᠶᠧ ᠰᠡᠭᠦᠳᠡᠷᠯᠡᠪᠡ | ᠰᠢ ᠶᠢᠨ ᠫᠢᠩ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠶᠢ ᠳᠡᠮᠵᠢᠬᠦ | ᠳᠤᠮᠳᠠᠳᠤ ᠤᠯᠤᠰ ᠤᠨ ᠨᠠᠢᠮᠠᠨ ᠵᠦᠢᠯ ᠤᠨ ᠠᠵᠢᠯᠯᠠᠭ᠎ᠠ ᠶᠢ ᠨᠡᠶᠢᠲᠡᠯᠡᠵᠦ᠂ ᠳᠤᠮᠳᠠᠳᠤ ᠤᠯᠤᠰ ᠳᠤᠷᠠᠲᠠᠶ᠎ᠠ ᠡᠯ᠎ᠡ | ᠲᠠᠯ᠎ᠠ ᠶᠢᠨ ᠬᠢᠨ ᠲᠠᠢ ᠬᠠᠮᠲᠤ ᠪᠠᠷ ︽ᠨᠢᠭᠡ ᠪᠦᠰᠡ ᠨᠢᠭᠡ ᠵᠠᠮ︾ ᠤᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ | ᠭᠦᠨᠵᠡᠭᠡᠶᠢᠷᠡᠭᠦᠯᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠶᠢ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠱᠠᠲᠤᠨ ᠳᠤ ᠣᠷᠣᠭᠤᠯᠬᠤ ᠶᠢ ᠠᠬᠢᠭᠤᠯᠵᠤ᠂ ᠳᠡᠯᠡᠬᠡᠢ ᠶᠢᠨ ᠡᠯ᠎ᠡ ᠤᠯᠤᠰ ᠤᠨ | ᠣᠳᠣᠬᠢᠴᠢᠯᠠᠯᠲᠠ ᠶᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠴᠢᠷᠮᠠᠶᠢᠨ᠎ᠠ ᠭᠡᠵᠦ ᠴᠢᠬᠤᠯᠠᠴᠢᠯᠠᠪᠠ᠃ | ᠠᠯᠲᠠᠨ ᠨᠠᠮᠤᠷ ᠰᠢᠷᠭᠠᠯᠲᠤᠨ᠂ ᠲᠡᠭᠷᠢ ᠨᠢ ᠴᠡᠯᠮᠡᠭ ᠠᠭᠠᠷ ᠨᠢ ᠲᠤᠩᠭᠠᠯᠠᠭ᠃ ᠲᠢᠶᠠᠨ ᠠᠨ ᠮᠧᠨ ᠠᠭᠤᠳᠠᠮ ᠲᠠᠯᠠᠪᠠᠢ ᠳᠤ | ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠵᠤ ᠪᠠᠶᠢᠭ᠎ᠠ ᠤᠯᠤᠰ ᠤᠳ ᠤᠨ ᠤᠯᠤᠰ ᠤᠨ ᠲᠤᠭ | ᠰᠠᠯᠬᠢᠨ ᠤ ᠠᠶ᠎ᠠ ᠪᠠᠷ ᠨᠠᠮᠢᠷᠠᠵᠤ᠂ ᠭᠡᠷᠡᠯ ᠭᠢᠯᠪᠠᠭ᠎ᠠ ᠰᠠᠴᠤᠷᠠᠭᠤᠯᠤᠨ᠎ᠠ᠃ | ᠲᠦᠷᠦᠭᠦᠴᠦᠳ ᠤᠨ ᠶᠠᠷᠢᠶᠠᠨ ᠤ ᠲᠠᠪᠴᠠᠩ ᠳᠤ ᠣᠷᠤᠯᠴᠠᠬᠤ ᠭᠠᠳᠠᠭᠠᠳᠤ ᠶᠢᠨ ᠤᠯᠤᠰ ᠤᠨ ᠲᠡᠷᠢᠭᠦᠨ᠂ ᠵᠠᠰᠠᠭ ᠤᠨ | ᠣᠷᠳᠣᠨ ᠤ ᠲᠦᠷᠦᠭᠦᠴᠦᠳ ᠪᠣᠯᠣᠨ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠵᠡᠷᠭᠡ ᠤᠯᠠᠨ | ᠤᠯᠤᠰ ᠤᠨ ᠬᠦᠨᠳᠦᠲᠦ ᠵᠣᠴᠢᠳ ᠬᠤᠶᠢᠨ᠎ᠠ ᠬᠤᠶᠢᠨ᠎ᠠ ᠠᠴᠠ ᠪᠠᠨ ᠬᠦᠷᠦᠯᠴᠡᠨ ᠢᠷᠡᠪᠡ᠃ ᠠᠷᠠᠳ ᠤᠨ ᠶᠡᠭᠡ ᠬᠤᠷᠠᠯ ᠤᠨ | ᠲᠠᠩᠬᠢᠮ ᠤᠨ ᠵᠡᠭᠦᠨ ᠡᠭᠦᠳᠡᠨ ᠤ ᠶᠡᠭᠡ ᠲᠢᠩᠬᠢᠮ ᠤᠨ ᠬᠤᠶᠠᠷ ᠬᠠᠵᠠᠭᠤ ᠶᠢᠨ ᠲᠣᠮᠣ ᠳᠡᠯᠭᠡᠴᠡ ᠳᠡᠭᠡᠷ᠎ᠡ ︽ᠨᠢᠭᠡ ᠪᠦᠰᠡ | ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠲᠦᠷᠦᠯ ᠵᠦᠢᠯ ᠤᠨ ᠭᠡᠷᠠᠯ ᠰᠠᠴᠤᠷᠠᠩᠭᠤᠢ ᠠᠷᠪᠠᠨ ᠵᠢᠯ ᠤᠨ | ᠲᠤᠷᠰᠢᠬᠢ ᠠᠰᠤᠷᠤ ᠶᠡᠭᠡ ᠠᠮᠵᠢᠯᠲᠠ ᠪᠦᠳᠦᠮᠵᠢ ᠳᠡᠯᠭᠡᠭᠳᠡᠨ᠎ᠡ᠃ | ᠰᠢ ᠶᠢᠨ ᠫᠢᠩ ᠡᠭᠢᠯᠡᠯᠲᠡ ᠶᠢᠨ ᠶᠣᠰᠣᠯᠠᠯ ᠳᠤ ᠣᠷᠤᠯᠴᠠᠬᠤ ᠭᠠᠳᠠᠭᠠᠳᠤ ᠶᠢᠨ ᠤᠳᠤᠷᠢᠳᠬᠤ ᠬᠥᠮᠥᠰ ᠲᠠᠢ ᠬᠠᠮᠲᠤ ᠭᠡᠷᠡᠯ | ᠵᠢᠷᠤᠭ ᠲᠠᠲᠠᠭᠤᠯᠪᠠ᠃ | ︽ᠡᠩᠬᠡ ᠲᠠᠶᠢᠪᠤᠩ — ᠬᠤᠪᠢ ᠵᠠᠶᠠᠭᠠᠨ ᠤ ᠬᠠᠮᠲᠤ ᠶᠢᠨ ᠴᠣᠭᠴᠠ︾ ᠭᠡᠬᠦ ᠬᠥᠭᠵᠢᠮ ᠤᠨ ᠠᠶᠠᠰ ᠳᠤᠮᠳᠠ᠂ | ᠰᠢ ᠶᠢᠨ ᠫᠢᠩ ᠭᠠᠳᠠᠭᠠᠳᠤ ᠶᠢᠨ ᠤᠳᠤᠷᠢᠳᠬᠤ ᠬᠥᠮᠥᠰ ᠲᠠᠢ ᠬᠠᠮᠲᠤ ᠬᠤᠷᠠᠯ ᠤᠨ ᠲᠠᠯᠠᠪᠠᠶ ᠳᠤ ᠠᠯᠬᠤᠨ ᠣᠷᠣᠪᠠ᠃ | ᠲᠠᠯᠠᠪᠠᠢ ᠳᠠᠶᠠᠭᠠᠷ ᠢᠶᠠᠨ ᠪᠣᠰᠴᠤ ᠵᠣᠭᠰᠣᠨ ᠬᠠᠯᠠᠭᠤᠨ ᠢᠶᠠᠷ ᠤᠭᠲᠤᠪᠠ᠃ | ᠲᠡᠷᠢᠭᠦᠯᠡᠭᠴᠢ ᠰᠢ ᠶᠢᠨ ᠫᠢᠩ ︽ᠨᠡᠭᠡᠭᠡᠯᠲᠡᠲᠡᠢ ᠪᠠᠭᠲᠠᠭᠠᠮᠵᠢᠲᠠᠢ᠂ ᠬᠤᠯᠪᠣᠯᠳᠤᠨ ᠨᠡᠪᠲᠡᠷᠡᠯᠴᠡᠵᠦ᠂ ᠬᠠᠮᠲᠤ ᠪᠠᠷ | ᠬᠥᠭᠵᠢᠭᠰᠡᠨ ᠳᠡᠯᠡᠬᠡᠢ ᠶᠢᠷᠲᠢᠨᠴᠦ ᠶᠢ ᠪᠦᠲᠦᠭᠡᠨ ᠪᠠᠶᠢᠭᠤᠯᠤᠶ᠎ᠠ︾ ᠭᠡᠬᠦ ᠰᠡᠳᠦᠪ ᠢᠶᠠᠷ ᠭᠤᠣᠯ ᠵᠤᠷᠢᠯᠳᠠᠳᠤ ᠶᠠᠷᠢᠶ᠎ᠠ ᠢᠯᠡᠳᠬᠡᠯ | ᠬᠢᠪᠡ᠃ | ᠰᠢ ᠶᠢᠨ ᠫᠢᠩ᠂ ᠡᠨᠡ ᠵᠢᠯ ᠪᠣᠯ ᠮᠢᠨᠤ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ | ᠰᠠᠨᠠᠭᠠᠴᠢᠯᠠᠭ᠎ᠠ ᠶᠢ ᠳᠤᠷᠠᠳᠤᠭᠰᠠᠨ 10 ᠵᠢᠯ ᠤᠨ ᠤᠢ ᠪᠣᠯᠣᠨ᠎ᠠ᠃ ᠡᠨᠡ ᠬᠦ ᠰᠠᠨᠠᠭᠠᠴᠢᠯᠠᠭ᠎ᠠ ᠶᠢ ᠳᠤᠷᠠᠳᠤᠭᠰᠠᠨ ᠤᠭ | ᠰᠠᠨᠠᠭ᠎ᠠ ᠪᠣᠯ ᠡᠷᠲᠡᠨ ᠤ ᠲᠣᠷᠭᠠᠨ ᠵᠠᠮ ᠢᠶᠠᠷ ᠲᠣᠯᠢ ᠪᠤᠯᠭᠠᠵᠤ᠂ ᠬᠤᠯᠪᠣᠯᠳᠤᠨ ᠨᠡᠪᠲᠡᠷᠡᠯᠴᠡᠬᠦ ᠪᠠᠷ ᠭᠤᠣᠯ ᠰᠢᠵᠢᠮ ᠪᠤᠯᠭᠠᠵᠤ | ᠂ ᠡᠯ᠎ᠡ ᠤᠯᠤᠰ ᠯᠤᠭ᠎ᠠ ᠲᠦᠷᠦ ᠶᠢᠨ ᠪᠣᠳᠣᠯᠭ᠎ᠠ ᠶᠢᠨ ᠨᠡᠪᠲᠡᠷᠡᠯᠴᠡᠭᠡ᠂ ᠰᠠᠭᠤᠷᠢ ᠲᠥᠬᠦᠭᠡᠷᠦᠮᠵᠢ ᠶᠢᠨ ᠨᠡᠪᠲᠡᠷᠡᠯᠴᠡᠭᠡ᠂ | ᠠᠷᠠᠯᠵᠢᠶ᠎ᠠ ᠬᠤᠳᠠᠯᠳᠤᠭᠠᠨ ᠤ ᠨᠡᠪᠲᠡᠷᠡᠯᠴᠡᠭᠡ᠂ ᠪᠡᠯᠡ ᠮᠥᠩᠭᠦᠨ ᠤ ᠨᠡᠪᠲᠡᠷᠡᠯᠴᠡᠭᠡ᠂ ᠠᠷᠠᠳ ᠤᠨ ᠰᠡᠳᠬᠢᠯ ᠤᠨ | ᠨᠡᠪᠲᠡᠷᠡᠯᠴᠡᠭᠡ ᠪᠠᠨ ᠴᠢᠩᠭᠠᠳᠬᠠᠵᠤ᠂ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠳᠤ ᠰᠢᠨ᠎ᠡ ᠬᠥᠳᠡᠯᠭᠡᠬᠦ ᠬᠦᠴᠦᠨ | ᠨᠡᠮᠡᠷᠢᠯᠡᠵᠦ᠂ ᠪᠦᠭᠦ ᠪᠥᠮᠪᠥᠷᠴᠡᠭ ᠤᠨ ᠬᠥᠭᠵᠢᠯᠲᠡ ᠳᠤ ᠰᠢᠨ᠎ᠡ ᠣᠷᠣᠨ ᠵᠠᠢ ᠶᠢ ᠨᠡᠭᠡᠭᠡᠵᠦ᠂ ᠤᠯᠠᠨ ᠤᠯᠤᠰ ᠤᠨ ᠠᠵᠤ | ᠠᠬᠤᠢ ᠶᠢᠨ ᠬᠠᠮᠲᠤᠷᠠᠯᠴᠠᠭ᠎ᠠ ᠳᠤ ᠰᠢᠨ᠎ᠡ ᠲᠠᠪᠴᠠᠩ ᠡᠭᠦᠳᠬᠦ ᠶᠠᠪᠤᠳᠠᠯ ᠪᠣᠯᠣᠨ᠎ᠠ᠃ | 10 ᠵᠢᠯ ᠤᠨ ᠲᠤᠷᠰᠢ᠂ ᠪᠢᠳᠡ ᠤᠭ ᠰᠠᠨᠠᠭ᠎ᠠ ᠪᠠᠨ ᠪᠠᠲᠤ ᠰᠠᠬᠢᠵᠤ᠂ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ︽ | ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭ᠎ᠠ ᠶᠢᠨ ᠦᠭᠡᠢ ᠪᠠᠶᠢᠭᠰᠠᠨ ᠠᠴᠠ ᠪᠠᠨ ᠪᠠᠶᠢᠬᠤ ᠪᠣᠯᠵᠤ᠂ | ᠥᠷᠨᠢᠨ ᠬᠥᠭᠵᠢᠵᠦ᠂ ᠦᠯᠡᠮᠵᠢ ᠦᠷ᠎ᠡ ᠪᠦᠲᠦᠭᠡᠯ ᠣᠯᠬᠤ ᠶᠢ ᠠᠬᠢᠭᠤᠯᠪᠠ᠃ ︽ᠨᠢᠭᠡ ᠪᠦᠰᠡ ᠨᠢᠭᠡ ᠵᠠᠮ︾ ᠤᠨ | ᠬᠠᠮᠲᠤᠷᠠᠯᠴᠠᠭ᠎ᠠ ᠠᠽᠢᠶ᠎ᠠ ᠡᠸᠦ᠋ᠷᠦᠫᠡ ᠶᠢᠨ ᠡᠬᠡ ᠬᠠᠭᠤᠷᠠᠢ ᠠᠴᠠ ᠠᠹᠷᠢᠺᠠ ᠲᠢᠪ ᠪᠣᠯᠣᠨ ᠯᠠᠲ᠋ᠢᠨ ᠠᠮᠧᠷᠢᠺᠠ ᠲᠢᠪ ᠭᠦᠷᠲᠡᠯ᠎ᠡ | ᠥᠷᠭᠡᠵᠢᠵᠦ᠂ 150 ᠭᠠᠷᠤᠢ ᠤᠯᠤᠰ᠂ 30 ᠭᠠᠷᠤᠢ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ︽ᠨᠢᠭᠡ ᠪᠦᠰᠡ | ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ | ᠵᠢᠷᠤᠵᠤ᠂ ᠲᠤᠰᠬᠠᠢ ᠮᠡᠷᠭᠡᠵᠢᠯ ᠤᠨ ᠬᠦᠷᠢᠶᠡᠨ ᠤ ᠤᠯᠠᠨ ᠲᠠᠯᠠᠲᠤ ᠬᠠᠮᠲᠤᠷᠠᠯᠴᠠᠭᠠᠨ ᠤ 20 ᠭᠠᠷᠤᠢ ᠲᠠᠪᠴᠠᠩ ᠢ | ᠪᠠᠶᠢᠭᠤᠯᠪᠠ︔ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ ᠲᠦᠷᠦᠯ ᠵᠦᠢᠯ ᠪᠣᠯᠣᠨ ᠠᠷᠠᠳ ᠤᠨ ᠠᠮᠢᠳᠤᠷᠠᠯ ᠳᠤ ᠠᠰᠢᠭ | ᠬᠦᠷᠲᠡᠭᠡᠬᠦ ︽ᠪᠠᠭ᠎ᠠ ᠮᠥᠷᠲᠡᠭᠡᠨ ᠭᠤᠶᠢᠳᠠ︾ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠤᠯᠵᠠᠢ︔ ᠬᠠᠮᠲᠤ ᠪᠠᠷ ᠵᠥᠪᠳᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ᠂ ᠨᠡᠭᠡᠭᠡᠯᠲᠡᠲᠤ ᠪᠣᠬᠢᠷᠳᠤᠯ ᠦᠭᠡᠢ | ᠠᠷᠢᠭᠤᠨ ᠴᠢᠬᠡᠴᠢ᠂ ᠥᠨᠳᠥᠷ ᠪᠠᠷᠢᠮᠵᠢᠶ᠎ᠠ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠦᠷᠭᠦᠯᠵᠢᠯᠡᠬᠦ ᠴᠢᠨᠠᠷ ᠨᠢ ︽ | ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠶᠢᠨ ᠴᠢᠬᠤᠯᠠ ᠵᠢᠯᠤᠭᠤᠳᠬᠤ ᠵᠠᠷᠴᠢᠮ | ᠪᠣᠯᠵᠠᠢ᠃ 10 ᠵᠢᠯ ᠤᠨ ᠲᠤᠷᠰᠢ᠂ ᠪᠢᠳᠡ ᠠᠵᠤ ᠠᠬᠤᠢ ᠶᠢᠨ ᠬᠤᠩᠭᠢᠯ ᠢᠶᠠᠷ ᠵᠢᠯᠣᠭᠤᠳᠤᠮᠵᠢ ᠪᠤᠯᠭᠠᠵᠤ᠂ ᠶᠡᠭᠡ ᠵᠠᠮ | ᠪᠣᠯᠣᠨ ᠮᠡᠳᠡᠭᠡ ᠵᠠᠩᠭᠢ ᠶᠢᠨ ᠲᠦᠷᠭᠡᠨ ᠤ ᠵᠠᠮ ᠢᠶᠠᠷ ᠠᠷᠤᠭ ᠶᠠᠰᠤ ᠪᠤᠯᠭᠠᠵᠤ᠂ ᠲᠡᠮᠦᠷ ᠵᠠᠮ᠂ ᠵᠠᠰᠠᠮᠠᠯ ᠵᠠᠮ᠂ ᠨᠢᠰᠬᠡᠯ ᠤᠨ | ᠪᠠᠭᠤᠳᠠᠯ᠂ ᠭᠠᠷᠠᠮ᠂ ᠬᠤᠭᠤᠯᠠᠢ ᠶᠢᠨ ᠲᠣᠣᠷ ᠢᠶᠠᠷ ᠲᠤᠯᠭᠠᠭᠤᠷᠢᠯᠠᠯ ᠪᠤᠯᠭᠠᠵᠤ᠂ ᠡᠬᠡ ᠬᠠᠭᠤᠷᠠᠢ᠂ ᠳᠠᠯᠠᠢ ᠲᠠᠩᠭᠢᠰ᠂ | ᠣᠭᠲᠠᠷᠭᠤᠢ᠂ ᠢᠨᠲ᠋ᠧᠷ ᠰᠦᠯᠵᠢᠶ᠎ᠡ ᠶᠢ ᠬᠠᠮᠤᠷᠤᠭᠰᠠᠨ ᠪᠦᠭᠦ ᠪᠥᠮᠪᠥᠷᠴᠡᠭ ᠤᠨ ᠬᠤᠯᠪᠣᠯᠳᠤᠨ ᠨᠡᠪᠲᠡᠷᠡᠯᠴᠡᠬᠦ ᠲᠣᠣᠷ ᠢ | ᠪᠠᠶᠢᠭᠤᠯᠬᠤ ᠪᠠᠷ ᠴᠢᠷᠮᠠᠶᠢᠵᠤ᠂ ᠡᠯ᠎ᠡ ᠤᠯᠤᠰ ᠤᠨ ᠲᠠᠸᠠᠷ᠂ ᠪᠡᠯᠡ ᠮᠥᠩᠭᠦ᠂ ᠮᠡᠷᠭᠡᠵᠢᠯ᠂ ᠬᠥᠮᠥᠰ ᠤᠨ ᠶᠡᠭᠡ ᠭᠦᠢᠯᠭᠡᠭᠡ ᠶᠢ | ᠪᠦᠲᠦᠮᠵᠢᠲᠡᠢ ᠠᠬᠢᠭᠤᠯᠵᠤ᠂ ᠮᠢᠩᠭᠠᠨ ᠵᠢᠯ ᠦᠷᠭᠦᠯᠵᠢᠯᠡᠭᠰᠡᠨ ᠡᠷᠲᠡᠨ ᠤ ᠲᠣᠷᠭᠠᠨ ᠵᠠᠮ ᠤᠨ ᠰᠢᠨ᠎ᠡ ᠴᠠᠭ ᠦᠶ᠎ᠡ ᠳᠤ ᠰᠢᠨ᠎ᠡ | ᠠᠮᠢᠵᠢᠷᠠᠯ ᠤᠨ ᠬᠦᠴᠦᠨ ᠲᠠᠢ ᠪᠤᠯᠬᠤ ᠶᠢ ᠠᠬᠢᠭᠤᠯᠪᠠ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ | ᠪᠠᠶᠢᠭᠤᠯᠬᠤ ᠳᠤ ᠬᠠᠮᠲᠤ ᠪᠠᠷ ᠵᠥᠪᠳᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠶᠢ ᠪᠠᠷᠢᠮᠲᠠᠯᠠᠵᠤ᠂ ᠠᠳᠠᠯᠢ ᠪᠤᠰᠤ | ᠪᠣᠯᠪᠠᠰᠤᠨ᠂ ᠰᠣᠶᠣᠯ᠂ ᠨᠡᠶᠢᠭᠡᠮ ᠤᠨ ᠪᠠᠶᠢᠭᠤᠯᠤᠯ᠂ ᠬᠥᠭᠵᠢᠯᠲᠡ ᠶᠢᠨ ᠱᠠᠲᠤᠨ ᠤ ᠢᠯᠭᠠᠭ᠎ᠠ ᠶᠢ ᠲᠡᠪᠴᠢᠵᠦ᠂ ᠡᠯ᠎ᠡ | ᠤᠯᠤᠰ ᠤᠨ ᠶᠠᠪᠤᠯᠴᠠᠭᠠᠨ ᠤ ᠰᠢᠨ᠎ᠡ ᠵᠠᠮ ᠢ ᠨᠡᠭᠡᠭᠡᠵᠦ᠂ ᠤᠯᠠᠨ ᠤᠯᠤᠰ ᠤᠨ ᠬᠠᠮᠲᠤᠷᠠᠯᠴᠠᠭᠠᠨ ᠤ ᠰᠢᠨ᠎ᠡ ᠪᠣᠷᠣ ᠲᠥᠯᠥᠪ ᠢ | ᠪᠠᠶᠢᠭᠤᠯᠵᠤ᠂ ᠬᠥᠮᠥᠨ ᠲᠥᠷᠥᠯᠬᠢᠲᠡᠨ ᠤ ᠬᠠᠮᠲᠤ ᠶᠢᠨ ᠬᠥᠭᠵᠢᠯᠲᠡ ᠶᠢᠨ ᠬᠠᠮᠤᠭ ᠤᠨ ᠶᠡᠭᠡ ᠶᠡᠷᠦᠩᠬᠡᠢ ᠬᠤᠷᠢᠶᠠᠭᠴᠢ | ᠲᠤᠭ᠎ᠠ ᠶᠢ ᠲᠥᠪᠯᠡᠷᠡᠭᠦᠯᠪᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠥᠩᠭᠡᠷᠡᠭᠰᠡᠨ 10 ᠵᠢᠯ ᠳᠤ ᠣᠯᠣᠭᠰᠠᠨ ᠠᠮᠵᠢᠯᠲᠠ ᠪᠦᠲᠦᠮᠵᠢ ᠪᠣᠯ ᠲᠦᠢᠯ ᠤᠨ ᠡᠷᠬᠢᠮ ᠨᠠᠨᠳᠢᠨ | ᠶᠤᠮ᠂ ᠲᠤᠷᠰᠢᠯᠭ᠎ᠠ ᠶᠢ ᠳ᠋ᠦᠩᠨᠡᠭᠦᠰᠢᠲᠡᠢ᠃ ᠬᠥᠮᠥᠨ ᠲᠥᠷᠥᠯᠬᠢᠲᠡᠨ ᠪᠣᠯ ᠬᠠᠷᠢᠯᠴᠠᠨ ᠲᠦᠰᠢᠭᠯᠡᠯᠴᠡᠨ ᠣᠷᠣᠰᠢᠬᠤ ᠬᠤᠪᠢ | ᠵᠠᠶᠠᠭᠠᠨ ᠤ ᠬᠠᠮᠲᠤ ᠶᠢᠨ ᠴᠣᠭᠴᠠ ᠮᠥᠨ ᠭᠡᠳᠡᠭ ᠢ ᠪᠢᠳᠡ ᠭᠦᠨᠵᠡᠭᠡᠢ ᠲᠠᠨᠢᠵᠠᠢ᠃ ᠳᠡᠯᠡᠬᠡᠢ ᠶᠢᠷᠲᠢᠨᠴᠦ ᠰᠠᠶᠢᠨ ᠪᠠᠶᠢᠪᠠᠯ | ᠳᠤᠮᠳᠠᠳᠤ ᠤᠯᠤᠰ ᠰᠠᠶ᠋ᠢ ᠰᠠᠶᠢᠨ ᠪᠠᠶᠢᠵᠤ ᠴᠢᠳᠠᠨ᠎ᠠ︔ ᠳᠤᠮᠳᠠᠳᠤ ᠤᠯᠤᠰ ᠰᠠᠶᠢᠨ ᠪᠠᠶᠢᠪᠠᠯ ᠳᠡᠯᠡᠬᠡᠢ ᠶᠢᠷᠲᠢᠨᠴᠦ ᠨᠡᠩ | ᠰᠠᠶᠢᠨ ᠪᠣᠯᠣᠨ᠎ᠠ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠪᠠᠷ ᠳᠠᠮᠵᠢᠨ᠂ ᠳᠤᠮᠳᠠᠳᠤ | ᠤᠯᠤᠰ ᠤᠨ ᠭᠠᠳᠠᠭᠰᠢ ᠨᠡᠭᠡᠭᠡᠯᠲᠡ ᠬᠢᠬᠦ ᠡᠭᠦᠳᠡ ᠤᠯᠠᠮ ᠶᠡᠭᠡ ᠨᠡᠭᠡᠭᠡᠭᠳᠡᠵᠦ᠂ ᠳᠤᠮᠳᠠᠳᠤ ᠤᠯᠤᠰ ᠤᠨ ᠵᠠᠬ᠎ᠠ ᠳᠡᠯᠭᠡᠭᠦᠷ | ᠪᠣᠯᠣᠨ ᠳᠡᠯᠡᠬᠡᠢ ᠶᠢᠨ ᠵᠠᠬ᠎ᠠ ᠳᠡᠯᠭᠡᠭᠦᠷ ᠤᠨ ᠬᠠᠷᠢᠯᠴᠠᠭ᠎ᠠ ᠤᠯᠠᠮ ᠨᠢᠭᠲᠠ ᠪᠣᠯᠵᠠᠢ᠃ ᠭᠠᠭᠴᠠ ᠬᠦ ᠬᠠᠮᠲᠤᠷᠠᠯᠴᠠᠨ | ᠬᠠᠮᠲᠤ ᠪᠠᠷ ᠠᠰᠢᠭ ᠭᠦᠷᠳᠡᠪᠡᠯ ᠰᠠᠶ᠋ᠢ ᠤᠴᠢᠷ ᠶᠠᠪᠤᠳᠠᠯ ᠢ ᠪᠦᠲᠦᠭᠡᠵᠦ᠂ ᠤᠴᠢᠷ ᠶᠠᠪᠤᠳᠠᠯ ᠢ ᠰᠠᠶᠢᠲᠤᠷ ᠪᠦᠲᠦᠭᠡᠵᠦ᠂ ᠶᠡᠭᠡ | ᠶᠠᠪᠤᠳᠠᠯ ᠢ ᠪᠦᠲᠦᠭᠡᠵᠦ ᠴᠢᠳᠠᠨ᠎ᠠ ᠭᠡᠳᠡᠭ ᠢ ᠪᠢᠳᠡ ᠭᠦᠨᠵᠡᠭᠡᠢ ᠲᠠᠨᠢᠵᠠᠢ᠃ ᠵᠦᠪᠭᠡᠨ ᠡᠯ᠎ᠡ ᠤᠯᠤᠰ ᠬᠠᠮᠲᠤᠷᠠᠯᠴᠠᠬᠤ | ᠬᠦᠰᠡᠯ ᠲᠠᠢ᠂ ᠵᠣᠬᠢᠴᠠᠩᠭᠤᠢ ᠬᠥᠳᠡᠯᠦᠯᠴᠡᠳᠡᠭ ᠯᠠ ᠶᠤᠮ ᠪᠣᠯ ᠪᠠᠶᠢᠭᠠᠯᠢ ᠶᠢᠨ ᠪᠠᠷᠳᠠᠭ᠎ᠠ ᠶᠢ ᠳᠠᠷᠳᠠᠩ ᠵᠠᠮ ᠪᠣᠯᠭᠠᠨ | ᠬᠤᠪᠢᠷᠠᠭᠤᠯᠵᠤ ᠪᠣᠯᠣᠨ᠎ᠠ᠂ ︽ᠡᠬᠡ ᠬᠠᠭᠤᠷᠠᠢ ᠶᠢᠨ ᠪᠢᠲᠡᠭᠦᠮᠵᠢᠲᠦ ᠤᠯᠤᠰ︾ ᠢ ︽ᠡᠬᠡ ᠬᠠᠭᠤᠷᠠᠢ ᠶᠢᠨ ᠵᠠᠮ | ᠬᠠᠷᠢᠯᠴᠠᠭᠠᠨ ᠤ ᠬᠦᠢᠰᠦ ᠤᠯᠤᠰ︾ ᠪᠣᠯᠭᠠᠨ ᠬᠤᠪᠢᠷᠠᠭᠤᠯᠵᠤ ᠪᠣᠯᠣᠨ᠎ᠠ᠂ ᠬᠥᠭᠵᠢᠯᠲᠡ ᠶᠢᠨ ᠨᠥᠬᠦᠴᠡᠯ ᠪᠠᠷᠤᠭᠲᠠᠢ | ᠣᠷᠣᠨ ᠢ ᠬᠥᠭᠵᠢᠨ ᠴᠡᠴᠡᠭᠯᠡᠭᠰᠡᠨ ᠥᠨᠳᠦᠷᠯᠢᠭ ᠪᠣᠯᠭᠠᠨ ᠬᠤᠪᠢᠷᠠᠭᠤᠯᠵᠤ ᠪᠣᠯᠣᠨ᠎ᠠ᠃ ᠡᠶ᠎ᠡ ᠨᠠᠶᠢᠷᠲᠠᠢ ᠬᠠᠮᠲᠤᠷᠠᠯᠴᠠᠬᠤ᠂ | ᠨᠡᠭᠡᠭᠡᠯᠲᠡᠲᠡᠢ ᠪᠠᠭᠲᠠᠭᠠᠮᠵᠢᠲᠠᠢ ᠪᠠᠶᠢᠬᠤ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠤᠯᠭᠠᠬᠤ᠂ ᠬᠠᠷᠢᠯᠴᠠᠨ ᠠᠰᠢᠭᠲᠠᠢ | ᠬᠠᠮᠲᠤ ᠪᠠᠷ ᠠᠰᠢᠭ ᠭᠦᠷᠳᠡᠭᠦ ᠲᠣᠷᠭᠠᠨ ᠵᠠᠮ ᠤᠨ ᠵᠣᠷᠢᠭ ᠰᠠᠨᠠᠭ᠎ᠠ ᠪᠣᠯ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠪᠦᠲᠦᠭᠡᠨ ᠪᠠᠶᠢᠭᠤᠯᠬᠤ ᠶᠢᠨ ᠬᠠᠮᠤᠭ ᠤᠨ ᠴᠢᠬᠤᠯᠠ ᠬᠦᠴᠦᠨ ᠴᠢᠳᠠᠯ ᠤᠨ ᠡᠬᠢ ᠪᠤᠯᠠᠭ ᠮᠥᠨ ᠭᠡᠳᠡᠭ ᠢ ᠪᠢᠳᠡ ᠭᠦᠨᠵᠡᠭᠡᠢ | ᠲᠠᠨᠢᠵᠤ ᠣᠯᠪᠠ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠤᠯᠠᠨ ᠤ ᠬᠦᠴᠦᠨ ᠳᠤ | ᠣᠪᠣᠭ᠎ᠠ ᠪᠣᠰᠣᠨ᠎ᠠ᠂ ᠬᠠᠷᠢᠯᠴᠠᠨ ᠬᠠᠪᠰᠤᠷᠤᠯᠴᠠᠵᠤ ᠲᠤᠰᠠᠯᠠᠯᠴᠠᠪᠠᠯ ᠬᠤᠯᠠ ᠠᠶᠠᠯᠠᠵᠤ ᠳᠡᠶᠢᠯᠦᠨ᠎ᠡ ᠭᠡᠳᠡᠭ ᠢ | ᠴᠢᠬᠤᠯᠠᠴᠢᠯᠠᠵᠤ᠂ ᠥᠪᠡᠷ ᠢᠶᠠᠨ ᠰᠠᠶᠢᠨ ᠠᠮᠢᠳᠤᠷᠠᠬᠤ ᠮᠥᠷᠲᠡᠭᠡᠨ ᠪᠠᠰᠠ ᠪᠤᠰᠤᠳ ᠢ ᠰᠠᠶᠢᠬᠠᠨ ᠠᠮᠢᠳᠤᠷᠠᠭᠤᠯᠬᠤ ᠶᠢ | ᠡᠷᠬᠢᠮᠯᠡᠵᠦ᠂ ᠬᠠᠷᠢᠯᠴᠠᠨ ᠬᠤᠯᠪᠣᠯᠳᠤᠨ ᠨᠡᠪᠲᠡᠷᠡᠯᠴᠡᠬᠦ᠂ ᠬᠠᠷᠢᠯᠴᠠᠨ ᠠᠰᠢᠭᠲᠠᠢ ᠬᠠᠷᠢᠯᠴᠠᠨ ᠬᠠᠷᠠᠭᠠᠯᠵᠠᠬᠤ ᠶᠢ | ᠦᠢᠯᠡᠳᠦᠯᠭᠡᠵᠢᠭᠦᠯᠵᠦ᠂ ᠬᠠᠮᠲᠤ ᠪᠠᠷ ᠬᠥᠭᠵᠢᠬᠦ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠶᠢ ᠰᠦᠪᠡᠭᠴᠢᠯᠡᠬᠦ ᠶᠤᠮ᠃ | ᠦᠵᠡᠯ ᠤᠬᠠᠮᠰᠠᠷ ᠤᠨ ᠭᠡᠯᠪᠡᠷᠢ ᠶᠢᠨ ᠡᠰᠡᠷᠭᠦᠴᠡᠯᠳᠦᠯ ᠢ ᠪᠤᠢ ᠪᠤᠯᠭᠠᠬᠤ ᠦᠭᠡᠢ᠂ ᠭᠠᠵᠠᠷ ᠣᠷᠣᠨ ᠤ ᠤᠯᠤᠰ ᠲᠦᠷᠦ ᠶᠢᠨ | ᠦᠵᠡᠯᠴᠡᠭᠡᠨ ᠢ ᠶᠠᠪᠤᠭᠤᠯᠬᠤ ᠦᠭᠡᠢ᠂ ᠪᠦᠯᠦᠭᠯᠡᠯ ᠤᠨ ᠤᠯᠤᠰ ᠲᠦᠷᠦ ᠶᠢᠨ ᠡᠰᠡᠷᠭᠦᠴᠡᠯᠳᠦᠯ ᠢ ᠴᠦ ᠡᠭᠦᠰᠬᠡᠬᠦ ᠦᠭᠡᠢ᠂ | ᠭᠠᠭᠴᠠ ᠲᠠᠯ᠎ᠠ ᠶᠢᠨ ᠵᠠᠯᠬᠠᠭᠠᠯ ᠢ ᠡᠰᠡᠷᠭᠦᠴᠡᠵᠦ᠂ ᠠᠵᠤ ᠠᠬᠤᠢ ᠶᠢᠨ ᠰᠦᠷᠳᠡᠭᠦᠯᠦᠯ ᠢ ᠡᠰᠡᠷᠭᠦᠴᠡᠵᠦ᠂ ᠪᠠᠰᠠ ︽ | ᠬᠠᠷᠢᠴᠠᠭ᠎ᠠ ᠬᠤᠯᠪᠤᠭ᠎ᠠ ᠪᠠᠨ ᠲᠠᠰᠤᠯᠬᠤ ᠶᠢ ᠡᠰᠡᠷᠭᠦᠴᠡᠶ᠎ᠡ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ | ᠪᠠᠶᠢᠭᠤᠯᠬᠤ ᠨᠢ ᠲᠡᠦᠬᠡ ᠶᠢᠨ ᠵᠥᠪ ᠲᠠᠯ᠎ᠠ ᠳᠤ ᠵᠣᠭᠰᠣᠵᠤ᠂ ᠴᠠᠭ ᠦᠶ᠎ᠡ ᠶᠢᠨ ᠲᠠᠪᠰᠢᠯᠳᠠ ᠶᠢᠨ ᠯᠣᠭᠢᠭ ᠲᠠᠢ ᠨᠡᠶᠢᠴᠡᠵᠦ᠂ | ᠬᠥᠮᠥᠨ ᠤ ᠶᠢᠷᠲᠢᠨᠴᠦ ᠶᠢᠨ ᠵᠥᠪ ᠵᠠᠮ ᠢᠶᠠᠷ ᠵᠠᠮᠨᠠᠭᠰᠠᠨ ᠭᠡᠳᠡᠭ ᠢ 10 ᠵᠢᠯ ᠤᠨ ᠲᠡᠦᠬᠡᠨ ᠶᠠᠪᠤᠴᠠ ᠭᠡᠷᠡᠴᠢᠯᠡᠪᠡ᠃ ᠪᠢᠳᠡ | ᠡᠭᠡᠳᠡᠷᠡᠭᠡᠨ ᠪᠤᠳᠤᠯᠢᠶᠠᠨᠲᠠᠢ ᠶᠢᠷᠲᠢᠨᠴᠦ ᠳᠤ ᠠᠵᠢᠭ ᠴᠤ ᠦᠭᠡᠢ ᠤᠷᠤᠭᠰᠢᠯᠠᠬᠤ ᠲᠣᠭᠲᠠᠯ ᠬᠦᠴᠦᠨ ᠲᠠᠢ ᠪᠠᠶᠢᠵᠤ᠂ ᠲᠡᠦᠬᠡ | ᠂ ᠠᠷᠠᠳ ᠲᠦᠮᠡᠨ᠂ ᠳᠡᠯᠡᠬᠡᠢ ᠳ᠋ᠠᠬᠢᠨ ᠳᠤ ᠬᠠᠷᠢᠭᠤᠴᠠᠬᠤ ᠣᠪᠣᠷ ᠢᠶᠠᠷ᠂ ᠪᠦᠭᠦ ᠪᠥᠮᠪᠥᠷᠴᠡᠭ ᠤᠨ ᠴᠢᠨᠠᠷᠲᠠᠢ ᠡᠯ᠎ᠡ ᠵᠦᠢᠯ ᠤᠨ | ᠠᠶᠤᠯ ᠲᠦᠭᠰᠢᠭᠦᠷᠢ ᠪᠣᠯᠣᠨ ᠥᠷᠢᠰᠦᠯᠳᠦᠭᠡᠨ ᠢ ᠭᠠᠷ ᠬᠤᠯᠪᠣᠨ ᠠᠷᠭᠠᠴᠠᠭᠠᠵᠤ᠂ ᠦᠷ᠎ᠡ ᠬᠤᠶᠢᠴᠢᠰ ᠲᠠᠭᠠᠨ ᠡᠩᠬᠡ | ᠲᠠᠶᠢᠪᠤᠩ᠂ ᠬᠥᠭᠵᠢᠯᠲᠡ ᠲᠠᠢ᠂ ᠬᠠᠮᠲᠤᠷᠠᠯᠴᠠᠵᠤ᠂ ᠬᠠᠮᠲᠤ ᠪᠠᠷ ᠠᠰᠢᠭ ᠭᠥᠷᠳᠡᠭᠰᠡᠨ ᠰᠠᠶᠢᠨ ᠰᠠᠶᠢᠬᠠᠨ ᠢᠷᠡᠭᠡᠳᠦᠢ ᠶᠢ | ᠪᠠᠶᠢᠭᠤᠯᠵᠤ ᠥᠭᠭᠦᠶ᠎ᠡ ᠭᠡᠵᠦ ᠴᠢᠬᠤᠯᠠᠴᠢᠯᠠᠵᠠᠢ᠃ | ᠰᠢ ᠶᠢᠨ ᠫᠢᠩ᠂ ᠳᠤᠮᠳᠠᠳᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ | ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ | ᠲᠠᠯ᠎ᠠ ᠪᠠᠷ ᠠᠬᠢᠭᠤᠯᠵᠤ ᠪᠠᠶᠢᠨ᠎ᠠ᠃ ᠪᠢᠳᠠᠨ ᠤ ᠬᠥᠭᠡᠭᠡᠴᠡᠯᠳᠦᠵᠦ ᠪᠠᠶᠢᠭ᠎ᠠ ᠨᠢ ᠳᠤᠮᠳᠠᠳᠤ ᠤᠯᠤᠰ ᠤᠨ ᠪᠡᠶ᠎ᠡ ᠪᠠᠨ ᠪᠤᠳᠤᠭᠠᠳ | ᠪᠤᠰᠤᠳ ᠢ ᠬᠠᠶᠢᠬᠤᠷᠬᠤ ᠦᠭᠡᠢ ᠣᠳᠣᠬᠢᠴᠢᠯᠠᠯᠲᠠ ᠪᠢᠰᠢ᠂ ᠬᠠᠷᠢᠨ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠳ ᠲᠠᠢ | ᠬᠠᠮᠲᠤ ᠪᠠᠷ ᠣᠳᠣᠬᠢᠴᠢᠯᠠᠯᠲᠠ ᠶᠢ ᠪᠡᠶᠡᠯᠡᠭᠦᠯᠬᠦ ᠶᠢ ᠬᠦᠰᠡᠵᠦ ᠪᠠᠶᠢᠭ᠎ᠠ ᠶᠤᠮ᠃ ᠳᠡᠯᠡᠬᠡᠢ ᠶᠢᠨ ᠣᠳᠣᠬᠢᠴᠢᠯᠠᠯᠲᠠ ᠪᠣᠯ ᠡᠩᠬᠡ | ᠲᠠᠶᠢᠪᠤᠩ ᠢᠶᠠᠷ ᠬᠥᠭᠵᠢᠭᠰᠡᠨ ᠣᠳᠣᠬᠢᠴᠢᠯᠠᠯᠲᠠ᠂ ᠬᠠᠷᠢᠯᠴᠠᠨ ᠠᠰᠢᠭᠲᠠᠢ ᠬᠠᠮᠲᠤᠷᠠᠯᠴᠠᠭᠰᠠᠨ ᠣᠳᠣᠬᠢᠴᠢᠯᠠᠯᠲᠠ᠂ | ᠬᠠᠮᠲᠤ ᠪᠠᠷ ᠴᠡᠴᠡᠭᠯᠡᠨ ᠬᠥᠭᠵᠢᠭᠰᠡᠨ ᠣᠳᠣᠬᠢᠴᠢᠯᠠᠯᠲᠠ ᠪᠠᠶᠢᠬᠤ ᠶᠣᠰᠣᠲᠠᠢ᠃ ᠳᠤᠮᠳᠠᠳᠤ ᠤᠯᠤᠰ ᠳᠤᠷᠠᠲᠠᠶ᠎ᠠ ᠡᠯ᠎ᠡ | ᠲᠠᠯ᠎ᠠ ᠶᠢᠨ ᠬᠢᠨ ᠲᠠᠢ ︽ᠨᠢᠭᠡ ᠪᠦᠰᠡ ᠨᠢᠭᠡ ᠵᠠᠮ︾ ᠤᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠪᠠᠨ | ᠭᠦᠨᠵᠡᠭᠡᠶᠢᠷᠡᠭᠦᠯᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠶᠢ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠱᠠᠲᠤᠨ ᠳᠤ ᠣᠷᠣᠭᠤᠯᠬᠤ ᠶᠢ ᠠᠬᠢᠭᠤᠯᠵᠤ᠂ ᠳᠡᠯᠡᠬᠡᠢ ᠶᠢᠨ ᠡᠯ᠎ᠡ ᠤᠯᠤᠰ ᠤᠨ | ᠣᠳᠣᠬᠢᠴᠢᠯᠠᠯᠲᠠ ᠶᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠴᠢᠷᠮᠠᠶᠢᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠶᠢ ᠳᠡᠮᠵᠢᠬᠦ | ᠳᠤᠮᠳᠠᠳᠤ ᠤᠯᠤᠰ ᠤᠨ ᠨᠠᠢᠮᠠᠨ ᠵᠦᠢᠯ ᠤᠨ ᠠᠵᠢᠯᠯᠠᠭ᠎ᠠ ᠶᠢ ᠨᠡᠶᠢᠲᠡᠯᠡᠪᠡ᠄ | ᠨᠢᠭᠡ᠂ ︽ᠨᠢᠭᠡ ᠪᠦᠰᠡ ᠨᠢᠭᠡ ᠵᠠᠮ︾ ᠤᠨ ᠪᠣᠰᠤᠭ᠎ᠠ ᠴᠣᠭᠴᠠᠲᠤ ᠬᠠᠷᠢᠯᠴᠠᠨ ᠬᠤᠯᠪᠣᠯᠳᠤᠨ ᠨᠡᠪᠲᠡᠷᠡᠯᠴᠡᠬᠦ ᠲᠣᠣᠷ ᠢ | ᠪᠠᠶᠢᠭᠤᠯᠤᠨ᠎ᠠ᠃ ᠳᠤᠮᠳᠠᠳᠤ ᠤᠯᠤᠰ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠴᠢᠨᠠᠷ ᠰᠠᠶᠢᠲᠠᠢ | ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠺᠠᠰᠫᠢ ᠲᠠᠩᠭᠢᠰ ᠢ ᠰᠤᠨᠳᠠᠯᠠᠭᠰᠠᠨ ᠣᠯᠠᠨ ᠤᠯᠤᠰ ᠤᠨ ᠲᠡᠭᠡᠭᠡᠪᠦᠷᠢ ᠶᠢᠨ | ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠵᠤ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ | ᠣᠯᠠᠨ ᠤᠯᠤᠰ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠢ ᠰᠠᠶᠢᠲᠤᠷ ᠡᠷᠭᠢᠯᠡᠵᠦ᠂ ᠡᠯ᠎ᠡ ᠲᠠᠯ᠎ᠠ ᠶᠢᠨ ᠬᠢᠨ ᠲᠠᠢ | ᠬᠠᠮᠲᠤᠷᠠᠨ ᠲᠡᠮᠦᠷ ᠵᠠᠮ᠂ ᠵᠠᠰᠠᠮᠠᠯ ᠵᠠᠮ ᠤᠨ ᠰᠢᠭᠤᠳ ᠬᠦᠷᠬᠦ ᠲᠡᠭᠡᠭᠡᠪᠦᠷᠢ ᠪᠠᠷ ᠲᠤᠯᠭᠠᠭᠤᠷᠢᠯᠠᠯ ᠪᠤᠯᠭᠠᠬᠰᠠᠨ ᠠᠽᠢᠶ᠎ᠠ | ᠡᠸᠦ᠋ᠷᠦᠫᠡ ᠶᠢᠨ ᠡᠬᠡ ᠬᠠᠭᠤᠷᠠᠢ ᠶᠢᠨ ᠪᠠᠷᠠᠭᠠᠨ ᠤ ᠭᠦᠢᠯᠭᠡᠭᠡ ᠶᠢᠨ ᠰᠢᠨ᠎ᠡ ᠵᠠᠮ ᠢ ᠪᠠᠶᠢᠭᠤᠯᠤᠨ᠎ᠠ᠃ ︽ᠲᠣᠷᠭᠠᠨ ᠵᠠᠮ ᠤᠨ | ᠳᠠᠯᠠᠢ ᠶᠢᠨ ᠲᠡᠭᠡᠭᠡᠪᠦᠷᠢ︾ ᠶᠢᠨ ᠭᠠᠷᠠᠮ ᠤᠨ ᠤᠰᠤᠨ ᠵᠠᠮ ᠤᠨ ᠠᠷᠠᠯᠵᠢᠶ᠎ᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ | ᠢᠳᠡᠪᠬᠢᠲᠡᠢ ᠠᠬᠢᠭᠤᠯᠵᠤ᠂ ᠬᠠᠭᠤᠷᠠᠢ ᠳᠠᠯᠠᠢ ᠶᠢ ᠨᠡᠪᠲᠡᠷᠡᠭᠦᠯᠬᠦ ᠰᠢᠨ᠎ᠡ ᠵᠠᠮ᠂ ᠠᠭᠠᠷ ᠤᠨ ᠲᠣᠷᠭᠠᠨ ᠵᠠᠮ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ᠎ᠡ᠃ | ᠬᠤᠶᠠᠷ᠂ ᠨᠡᠭᠡᠭᠡᠯᠲᠡᠲᠤ ᠮᠠᠶ᠋ᠢᠭ ᠤᠨ ᠳᠡᠯᠡᠬᠡᠢ ᠶᠢᠨ ᠠᠵᠤ ᠠᠬᠤᠢ ᠶᠢ ᠪᠠᠶᠢᠭᠤᠯᠬᠤ ᠶᠢ ᠲᠡᠮᠵᠢᠨ᠎ᠠ᠃ ᠳᠤᠮᠳᠠᠳᠤ ᠤᠯᠤᠰ | ︽ᠲᠣᠷᠭᠠᠨ ᠵᠠᠮ ᠤᠨ ᠡᠯᠧᠺᠳ᠋ᠷᠣᠨ ᠬᠤᠳᠠᠯᠳᠤᠭ᠎ᠠ︾ ᠶᠢᠨ ᠬᠠᠮᠲᠤᠷᠠᠯᠴᠠᠭᠠᠨ ᠤ ᠤᠷᠢᠳ ᠢᠶᠠᠷ ᠬᠡᠷᠡᠭᠵᠢᠭᠦᠯᠬᠦ ᠣᠷᠣᠨ ᠢ | ᠡᠭᠦᠳᠦᠨ ᠪᠠᠶᠢᠭᠤᠯᠵᠤ᠂ ᠨᠡᠩ ᠤᠯᠠᠨ ᠤᠯᠤᠰ ᠲᠠᠢ ᠴᠢᠯᠦᠭᠡᠲᠦ ᠠᠷᠠᠯᠵᠢᠶᠠᠨ ᠤ ᠬᠡᠯᠡᠯᠴᠡᠭᠡᠷ᠂ ᠪᠡᠯᠡ ᠣᠷᠣᠭᠤᠯᠤᠯᠲᠠ ᠶᠢ | ᠬᠠᠮᠠᠭᠠᠯᠠᠬᠤ ᠬᠡᠯᠡᠯᠴᠡᠭᠡᠷ ᠢ ᠵᠥᠪᠳᠡᠯᠴᠡᠨ ᠲᠣᠭᠲᠠᠭᠠᠨ᠎ᠠ᠃ ᠦᠢᠯᠡᠳᠬᠦ ᠦᠢᠯᠡᠰ ᠤᠨ ᠬᠦᠷᠢᠶᠡᠨ ᠳᠠᠬᠢ ᠭᠠᠳᠠᠭᠠᠳᠤ ᠪᠡᠯᠡ ᠶᠢᠨ | ᠣᠷᠣᠬᠤ ᠵᠥᠪᠰᠢᠶᠡᠷᠡᠯ ᠢ ᠬᠢᠵᠠᠭᠠᠷᠯᠠᠬᠤ ᠠᠷᠭ᠎ᠠ ᠬᠡᠮᠵᠢᠶ᠎ᠡ ᠶᠢ ᠪᠦᠭᠦ ᠲᠠᠯ᠎ᠠ ᠪᠠᠷ ᠬᠦᠴᠦᠨ ᠦᠭᠡᠢ ᠪᠣᠯᠭᠠᠨ᠎ᠠ᠃ ᠣᠯᠠᠨ | ᠤᠯᠤᠰ ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ ᠤ ᠳᠦᠷᠢᠮ ᠲᠠᠢ ᠰᠠᠨᠠᠭᠠᠴᠢᠯᠠᠭ᠎ᠠ ᠠᠴᠠ ᠪᠠᠨ ᠬᠠᠷᠭᠤᠭᠤᠯᠵᠤ | ᠂ ᠬᠢᠯᠢ ᠠᠯᠤᠰᠯᠠᠭᠰᠠᠨ ᠦᠢᠯᠡᠴᠢᠯᠡᠭᠡᠨ ᠤ ᠠᠷᠠᠯᠵᠢᠶ᠎ᠠ ᠪᠠ ᠪᠡᠯᠡ ᠣᠷᠣᠭᠤᠯᠤᠯᠲᠠ ᠶᠢᠨ ᠥᠨᠳᠥᠷ ᠲᠦᠪᠰᠢᠨ ᠪᠦᠬᠦᠢ | ᠨᠡᠭᠡᠭᠡᠯᠲᠡ ᠶᠢ ᠭᠦᠨᠵᠡᠭᠡᠢ ᠠᠬᠢᠭᠤᠯᠵᠤ᠂ ᠲᠣᠭᠠᠴᠢᠯᠠᠭᠰᠠᠨ ᠦᠢᠯᠡᠳᠬᠦᠨ ᠵᠡᠷᠭᠡ ᠶᠢᠨ ᠵᠠᠬ᠎ᠠ ᠳᠡᠯᠭᠡᠭᠦᠷ ᠲᠤ ᠣᠷᠣᠬᠤ ᠶᠢ | ᠵᠥᠪᠰᠢᠶᠡᠷᠡᠬᠦ ᠶᠢ ᠥᠷᠭᠡᠳᠬᠡᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠲᠣᠭᠠᠴᠢᠯᠠᠭᠰᠠᠨ ᠠᠵᠤ ᠠᠬᠤᠢ᠂ | ᠮᠡᠳᠡᠯᠭᠡ ᠶᠢᠨ ᠥᠮᠴᠢᠯᠡᠯ ᠤᠨ ᠡᠷᠬᠡ᠂ ᠵᠠᠰᠠᠭ ᠤᠨ ᠣᠷᠳᠣᠨ ᠤ ᠬᠤᠳᠠᠯᠳᠤᠨ ᠠᠪᠬᠤ ᠵᠡᠷᠭᠡ ᠬᠦᠷᠢᠶᠡᠨ ᠳᠠᠬᠢ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠳᠤᠮᠳᠠᠳᠤ ᠤᠯᠤᠰ ᠵᠢᠯ ᠪᠦᠷᠢ ︽ᠪᠦᠭᠦ ᠪᠥᠮᠪᠥᠷᠴᠡᠭ ᠤᠨ ᠲᠣᠭᠠᠴᠢᠯᠠᠭᠰᠠᠨ | ᠠᠷᠠᠯᠵᠢᠶᠠᠨ ᠤ ᠦᠵᠡᠰᠭᠦᠯᠡᠩ︾ ᠢ ᠡᠷᠭᠢᠯᠡᠨ ᠶᠠᠪᠤᠭᠳᠠᠭᠤᠯᠤᠨ᠎ᠠ᠃ | ᠭᠤᠷᠪᠠ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠥᠷᠨᠢᠭᠦᠯᠦᠨ᠎ᠡ᠃ ᠳᠤᠮᠳᠠᠳᠤ ᠤᠯᠤᠰ ᠪᠡᠯᠭᠡ ᠲᠡᠮᠳᠡᠭ ᠤᠨ | ᠴᠢᠨᠠᠷᠲᠠᠢ ᠢᠨᠵᠧᠨᠧᠷᠢᠩ ᠪᠣᠯᠣᠨ ︽ᠪᠠᠭ᠎ᠠ ᠮᠥᠷᠲᠡᠭᠡᠨ ᠭᠤᠶᠢᠳᠠ︾ ᠠᠷᠠᠳ ᠤᠨ ᠠᠮᠢᠳᠤᠷᠠᠯ ᠤᠨ ᠲᠥᠷᠥᠯ ᠵᠦᠢᠯ ᠢ | ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ᠃ ᠳᠤᠮᠳᠠᠳᠤ ᠤᠯᠤᠰ ᠤᠨ ᠤᠯᠤᠰ ᠤᠨ ᠨᠡᠭᠡᠭᠡᠨ ᠬᠥᠭᠵᠢᠭᠦᠯᠦᠯᠲᠡ ᠶᠢᠨ | ᠪᠠᠩᠬᠢ᠂ ᠳᠤᠮᠳᠠᠳᠤ ᠤᠯᠤᠰ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠩᠬᠢ ᠠᠷᠠᠳ ᠤᠨ | ᠵᠣᠭᠤᠰ ᠤᠨ ᠪᠡᠯᠡ ᠬᠤᠷᠠᠮᠳᠤᠭᠤᠯᠬᠤ ᠴᠣᠩᠬᠤᠪᠴᠢ ᠶᠢ ᠲᠣᠬᠢᠷᠠᠭᠤᠯᠵᠤ᠂ ᠲᠣᠷᠭᠠᠨ ᠵᠠᠮ ᠤᠨ ᠰᠠᠭᠤᠷᠢ ᠮᠥᠩᠭᠦ ᠳᠤ | ᠰᠢᠨ᠎ᠡ ᠪᠠᠷ ᠪᠡᠯᠡ ᠮᠥᠩᠭᠦ ᠨᠡᠮᠡᠭᠳᠡᠭᠦᠯᠵᠦ᠂ ᠵᠠᠬ᠎ᠠ ᠳᠡᠯᠭᠡᠭᠦᠷᠴᠢᠯᠡᠬᠦ᠂ ᠬᠤᠳᠠᠯᠳᠤᠭᠠᠴᠢᠯᠠᠬᠤ ᠭᠡᠯᠪᠡᠷᠢ ᠪᠠᠷ ︽ᠨᠢᠭᠡ ᠪᠦᠰᠡ | ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠲᠦᠷᠦᠯ ᠵᠦᠢᠯ ᠢ ᠳᠡᠮᠵᠢᠬᠦ ᠪᠠᠷ ᠪᠠᠶᠢᠨ᠎ᠠ᠃ ᠳᠤᠮᠳᠠᠳᠤ ᠤᠯᠤᠰ ᠪᠠᠰᠠ | 1000 ᠪᠠᠭ᠎ᠠ ᠭᠡᠯᠪᠡᠷᠢ ᠶᠢᠨ ᠠᠷᠠᠳ ᠤᠨ ᠠᠮᠢᠳᠤᠷᠠᠯ ᠢ ᠲᠤᠰᠠᠯᠠᠬᠤ ᠲᠥᠷᠥᠯ ᠵᠦᠢᠯ ᠢ ᠬᠡᠷᠡᠭᠵᠢᠭᠦᠯᠵᠦ᠂ ᠯᠦ ᠪᠠᠨ ᠤ | ᠦᠢᠯᠡᠳᠬᠡᠯ ᠤᠨ ᠭᠠᠵᠠᠷ ᠵᠡᠷᠭᠡ ᠪᠠᠷ ᠳᠠᠮᠵᠢᠭᠤᠯᠤᠨ ᠳᠤᠮᠳᠠᠳᠤ ᠭᠠᠳᠠᠭᠠᠳᠤ ᠶᠢᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠬᠠᠮᠲᠤᠷᠠᠯᠴᠠᠭ᠎ᠠ ᠶᠢ ᠠᠬᠢᠭᠤᠯᠬᠤ ᠪᠥᠭᠡᠳ ᠡᠯ᠎ᠡ ᠲᠠᠯ᠎ᠠ ᠶᠢᠨ ᠬᠢᠨ ᠲᠠᠢ ︽ᠨᠢᠭᠡ ᠪᠦᠰᠡ ᠨᠢᠭᠡ ᠵᠠᠮ︾ ᠢ | ᠬᠠᠮᠲᠤ ᠪᠠᠷ ᠪᠦᠲᠦᠭᠡᠨ ᠪᠠᠶᠢᠭᠤᠯᠬᠤ ᠲᠥᠷᠥᠯ ᠵᠦᠢᠯ ᠪᠣᠯᠣᠨ ᠠᠵᠢᠯᠲᠠᠨ ᠤ ᠠᠮᠤᠷ ᠲᠦᠪᠰᠢᠨ ᠤ ᠪᠠᠲᠤᠯᠠᠭ᠎ᠠ ᠶᠢ | ᠴᠢᠩᠭᠠᠳᠬᠠᠨ᠎ᠠ᠃ | ᠳᠥᠷᠪᠡ᠂ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠤᠨ᠎ᠠ᠃ ᠳᠤᠮᠳᠠᠳᠤ ᠤᠯᠤᠰ ᠪᠣᠬᠢᠷᠳᠤᠯ ᠦᠭᠡᠢ ᠰᠠᠭᠤᠷᠢ | ᠪᠦᠲᠦᠭᠡᠨ ᠪᠠᠶᠢᠭᠤᠯᠤᠯᠲᠠ᠂ ᠪᠣᠬᠢᠷᠳᠤᠯ ᠦᠭᠡᠢ ᠡᠨᠧᠷᠭᠢ᠂ ᠪᠣᠬᠢᠷᠳᠤᠯ ᠦᠭᠡᠢ ᠵᠠᠮ ᠬᠠᠷᠢᠯᠴᠠᠭ᠎ᠠ ᠵᠡᠷᠭᠡ ᠬᠦᠷᠢᠶᠡᠨ ᠳᠠᠬᠢ | ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ︽ᠨᠢᠭᠡ ᠪᠦᠰᠡ ᠨᠢᠭᠡ ᠵᠠᠮ︾ ᠤᠨ ᠪᠣᠬᠢᠷᠳᠤᠯ ᠦᠭᠡᠢ | ᠬᠥᠭᠵᠢᠯᠲᠡ ᠶᠢᠨ ᠣᠯᠠᠨ ᠤᠯᠤᠰ ᠤᠨ ᠬᠤᠯᠪᠤᠭ᠎ᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ︽ᠨᠢᠭᠡ ᠪᠦᠰᠡ ᠨᠢᠭᠡ | ᠵᠠᠮ︾ ᠤᠨ ᠪᠣᠬᠢᠷᠳᠤᠯ ᠦᠭᠡᠢ ᠰᠢᠨ᠎ᠡ ᠶᠢ ᠡᠭᠦᠳᠬᠦ ᠶᠡᠭᠡ ᠬᠤᠷᠠᠯ ᠢ ᠦᠷᠭᠦᠯᠵᠢᠯᠡᠨ ᠡᠷᠭᠢᠯᠡᠵᠦ᠂ ᠭᠡᠷᠡᠯᠴᠢ ᠴᠡᠨᠡᠭ ᠤᠨ ᠠᠵᠤ | ᠦᠢᠯᠡᠰ ᠤᠨ ᠶᠠᠷᠢᠯᠴᠠᠭ᠎ᠠ ᠰᠣᠯᠢᠯᠴᠠᠭᠠᠨ ᠤ ᠲᠣᠭᠲᠠᠴᠠ ᠪᠠ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢ ᠶᠢᠨ ᠲᠤᠰᠬᠠᠢ | ᠮᠡᠷᠭᠡᠵᠢᠯᠲᠡᠨ ᠤ ᠲᠣᠣᠷ ᠰᠦᠯᠵᠢᠶ᠎ᠡ ᠶᠢ ᠪᠠᠶᠢᠭᠤᠯᠤᠨ᠎ᠠ᠃ ︽ᠨᠢᠭᠡ ᠪᠦᠰᠡ ᠨᠢᠭᠡ ᠵᠠᠮ︾ ᠤᠨ ᠪᠣᠬᠢᠷᠳᠤᠯ ᠦᠭᠡᠢ ᠪᠡᠯᠡ | ᠣᠷᠣᠭᠤᠯᠤᠯᠲᠠ ᠶᠢᠨ ᠵᠠᠷᠴᠢᠮ ᠢ ᠨᠠᠶᠢᠳᠠᠪᠤᠷᠢᠵᠢᠭᠤᠯᠵᠤ᠂ 2030 ᠣᠨ ᠪᠤᠯᠬᠤ ᠳᠤ ᠬᠠᠨᠢᠲᠠᠨ ᠤᠯᠤᠰ ᠲᠤ 10 ᠲᠦᠮᠡᠨ | ᠬᠥᠮᠥᠨ ᠤᠳᠠᠭ᠎ᠠ ᠶᠢ ᠪᠤᠯᠪᠠᠰᠤᠷᠠᠭᠤᠯᠵᠤ ᠥᠭᠭᠦᠨ᠎ᠡ᠃ | ᠲᠠᠪᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠤᠨ᠎ᠠ᠃ ᠳᠤᠮᠳᠠᠳᠤ ᠤᠯᠤᠰ ︽ | ᠨᠢᠭᠡ ᠪᠦᠰᠡ ᠨᠢᠭᠡ ᠵᠠᠮ︾ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯᠯᠠᠭᠠᠨ ᠤ | ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠵᠦ᠂ ᠠᠩᠬᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ | ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠣᠯᠢᠯᠴᠠᠭᠠᠨ ᠤ ᠶᠡᠭᠡ ᠬᠤᠷᠠᠯ ᠢ ᠡᠷᠭᠢᠯᠡᠨ᠂ ᠢᠷᠡᠬᠦ 5 ᠵᠢᠯ ᠳᠤ ᠡᠯ᠎ᠡ | ᠲᠠᠯ᠎ᠠ ᠶᠢᠨ ᠬᠢᠨ ᠲᠠᠢ ᠬᠠᠮᠲᠤ ᠪᠠᠷ ᠪᠠᠶᠢᠭᠤᠯᠬᠤ ᠬᠠᠮᠲᠤᠷᠠᠭᠰᠠᠨ ᠲᠤᠷᠰᠢᠯᠲᠠ ᠶᠢᠨ ᠲᠠᠰᠤᠭ ᠢ 100 ᠪᠤᠯᠳᠠᠯ᠎ᠠ | ᠨᠡᠮᠡᠭᠳᠡᠭᠦᠯᠵᠦ᠂ ᠡᠯ᠎ᠡ ᠤᠯᠤᠰ ᠤᠨ ᠵᠠᠯᠠᠭᠤ ᠰᠢᠨᠵᠢᠯᠡᠬᠦ ᠤᠬᠠᠭᠠᠨᠲᠠᠨ ᠤ ᠳᠤᠮᠳᠠᠳᠤ ᠤᠯᠤᠰ ᠲᠤ ᠢᠷᠡᠵᠦ ᠣᠬᠤᠷ | ᠬᠤᠭᠤᠴᠠᠭ᠎ᠠ ᠪᠠᠷ ᠠᠵᠢᠯᠯᠠᠬᠤ ᠶᠢ ᠳᠡᠮᠵᠢᠨ᠎ᠡ᠃ ᠳᠤᠮᠳᠠᠳᠤ ᠤᠯᠤᠰ ᠲᠤᠰ ᠬᠤᠭᠤᠴᠠᠭᠠᠨ ᠤ ᠶᠠᠷᠢᠶᠠᠨ ᠤ ᠲᠠᠪᠴᠠᠩ ᠳᠡᠭᠡᠷ᠎ᠡ | ᠪᠦᠭᠦ ᠪᠥᠮᠪᠥᠷᠴᠡᠭ ᠤᠨ ᠵᠣᠬᠢᠶᠠᠮᠠᠯ ᠤᠶᠤᠨ ᠴᠢᠳᠠᠪᠤᠷᠢ ᠶᠢᠨ ᠵᠠᠰᠠᠯᠲᠠ ᠶᠢᠨ ᠰᠠᠨᠠᠭᠠᠴᠢᠯᠠᠭ᠎ᠠ ᠶᠢ ᠳᠤᠷᠠᠳᠴᠤ᠂ ᠳᠤᠷᠠᠲᠠᠶ᠎ᠠ | ᠡᠯ᠎ᠡ ᠤᠯᠤᠰ ᠯᠤᠭ᠎ᠠ ᠰᠣᠯᠢᠯᠴᠠᠭ᠎ᠠ ᠪᠠ ᠶᠠᠷᠢᠯᠴᠠᠭ᠎ᠠ ᠪᠠᠨ ᠴᠢᠩᠭᠠᠳᠬᠠᠵᠤ᠂ ᠪᠦᠭᠦ ᠪᠥᠮᠪᠥᠷᠴᠡᠭ ᠤᠨ ᠵᠣᠬᠢᠶᠠᠮᠠᠯ ᠤᠶᠤᠨ | ᠴᠢᠳᠠᠪᠤᠷᠢ ᠶᠢᠨ ᠡᠷᠡᠭᠦᠯ ᠪᠥᠭᠡᠳ ᠡᠮᠬᠢ ᠳᠢᠭᠯᠢᠮ ᠲᠠᠢ ᠠᠮᠤᠷ ᠲᠦᠪᠰᠢᠨ ᠬᠥᠭᠵᠢᠯᠲᠡ ᠶᠢ ᠬᠠᠮᠲᠤ ᠪᠠᠷ ᠠᠬᠢᠭᠤᠯᠤᠨ᠎ᠠ᠃ | ᠵᠢᠷᠭᠤᠭ᠎ᠠ᠂ ᠠᠷᠠᠳ ᠤᠨ ᠬᠤᠭᠤᠷᠣᠨᠳᠣᠭᠢ ᠶᠠᠪᠤᠯᠴᠠᠭ᠎ᠠ ᠶᠢ ᠲᠡᠮᠵᠢᠨ᠎ᠡ᠃ ᠳᠤᠮᠳᠠᠳᠤ ᠤᠯᠤᠰ ︽ᠯᠢᠶᠠᠩ ᠵᠦ ᠶᠢᠨ | ᠶᠠᠷᠢᠶᠠᠨ ᠤ ᠲᠠᠪᠴᠠᠩ︾ ᠢ ᠡᠷᠭᠢᠯᠡᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ | ᠤᠯᠤᠰ ᠯᠤᠭ᠎ᠠ ᠶᠢᠨ ᠪᠣᠯᠪᠠᠰᠤᠨ ᠤ ᠶᠠᠷᠢᠯᠴᠠᠭ᠎ᠠ ᠪᠠᠨ ᠭᠦᠨᠵᠡᠭᠡᠶᠢᠷᠡᠭᠦᠯᠦᠨ᠎ᠡ᠃ ᠲᠣᠷᠭᠠᠨ ᠵᠠᠮ ᠤᠨ ᠣᠯᠠᠨ ᠤᠯᠤᠰ ᠤᠨ | ᠲᠢᠶᠠᠳ᠋ᠷ᠂ ᠤᠷᠠᠯᠢᠭ ᠤᠨ ᠨᠠᠶᠢᠷ᠂ ᠮᠦᠽᠧᠢ᠂ ᠤᠷᠠᠨ ᠵᠢᠷᠤᠭ ᠤᠨ ᠣᠷᠳᠣᠨ᠂ ᠨᠣᠮ ᠤᠨ ᠰᠠᠩ ᠤᠨ ᠬᠤᠯᠪᠤᠭ᠎ᠠ ᠶᠢ | ᠪᠠᠶᠢᠭᠤᠯᠤᠭᠰᠠᠨ ᠰᠠᠭᠤᠷᠢᠨ ᠳᠡᠭᠡᠷ᠎ᠡ ᠲᠣᠷᠭᠠᠨ ᠵᠠᠮ ᠤᠨ ᠵᠢᠭᠤᠯᠴᠢᠯᠠᠯ ᠤᠨ ᠬᠤᠲᠠ ᠶᠢᠨ ᠬᠤᠯᠪᠤᠭ᠎ᠠ ᠶᠢ ᠪᠠᠶᠢᠭᠤᠯᠤᠨ᠎ᠠ᠃ ︽ | ᠲᠣᠷᠭᠠᠨ ᠵᠠᠮ︾ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠤᠷᠤᠯᠭ᠎ᠠ ᠶᠢᠨ ᠱᠠᠩᠨᠠᠯ ᠤᠨ ᠮᠥᠩᠭᠦ ᠶᠢᠨ ᠲᠦᠷᠦᠯ | ᠵᠦᠢᠯ ᠢ ᠦᠷᠭᠦᠯᠵᠢᠯᠡᠨ ᠬᠡᠷᠡᠭᠵᠢᠭᠦᠯᠦᠨ᠎ᠡ᠃ | ᠳᠣᠯᠤᠭ᠎ᠠ᠂ ᠠᠷᠢᠭᠤᠨ ᠴᠢᠬᠡᠴᠢ ᠵᠠᠮ ᠢ ᠪᠦᠲᠦᠭᠡᠨ ᠪᠠᠶᠢᠭᠤᠯᠤᠨ᠎ᠠ᠃ ᠳᠤᠮᠳᠠᠳᠤ ᠤᠯᠤᠰ ᠬᠠᠮᠲᠤᠷᠠᠯᠴᠠᠭᠠᠨ ᠤ | ᠬᠠᠨᠢᠲᠠᠨ ᠲᠠᠢ ᠬᠠᠮᠲᠤᠷᠠᠨ ︽︿ᠨᠢᠭᠡ ᠪᠦᠰᠡ ᠨᠢᠭᠡ ᠵᠠᠮ﹀ ᠤᠨ ᠠᠷᠢᠭᠤᠨ ᠴᠢᠬᠡᠴᠢ ᠶᠢᠨ ᠪᠠᠶᠢᠭᠤᠯᠤᠯᠲᠠ ᠶᠢᠨ ᠦᠷ᠎ᠡ | ᠪᠦᠲᠦᠮᠵᠢ ᠪᠣᠯᠣᠨ ᠪᠠᠷᠠᠯᠠᠯ︾ ᠢ ᠨᠡᠶᠢᠲᠡᠯᠡᠵᠦ᠂ ︽︿ᠨᠢᠭᠡ ᠪᠦᠰᠡ ᠨᠢᠭᠡ ᠵᠠᠮ﹀ ᠤᠨ ᠠᠷᠢᠭᠤᠨ ᠴᠢᠬᠡᠴᠢ ᠶᠢᠨ | ᠪᠠᠶᠢᠭᠤᠯᠤᠯᠲᠠ ᠶᠢᠨ ᠳᠡᠭᠡᠳᠦ ᠲᠡᠰ ᠤᠨ ᠵᠠᠷᠴᠢᠮ︾ ᠢ ᠲᠣᠭᠲᠠᠭᠠᠵᠤ᠂ ︽ᠨᠢᠭᠡ ᠪᠦᠰᠡ ᠨᠢᠭᠡ ᠵᠠᠮ︾ ᠤᠨ ᠠᠵᠤ | ᠠᠬᠤᠶᠢᠯᠠᠯ ᠤᠨ ᠠᠷᠢᠭᠤᠨ ᠴᠢᠬᠡᠴᠢ ᠳᠦᠷᠢᠮ ᠲᠣᠭᠲᠠᠭᠠᠯ ᠳᠤ ᠨᠡᠶᠢᠴᠡᠭᠰᠡᠨ ᠦᠨᠡᠯᠡᠯᠲᠡ ᠶᠢᠨ ᠰᠢᠰᠲ᠋ᠧᠮ ᠢ ᠪᠠᠶᠢᠭᠤᠯᠵᠤ᠂ | ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠲᠠᠢ ᠬᠠᠮᠲᠤᠷᠠᠨ ︽ᠨᠢᠭᠡ ᠪᠦᠰᠡ ᠨᠢᠭᠡ ᠵᠠᠮ︾ ᠤᠨ ᠠᠷᠢᠭᠤᠨ ᠴᠢᠬᠡᠴᠢ ᠶᠢᠨ | ᠰᠤᠳᠤᠯᠭᠠᠨ ᠪᠠ ᠪᠣᠯᠪᠠᠰᠤᠷᠠᠯ ᠢ ᠥᠷᠨᠢᠭᠦᠯᠦᠨ᠎ᠡ᠃ | ᠨᠠᠢᠮᠠ᠂ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠣᠭᠲᠠᠴᠠ ᠶᠢ | ᠲᠡᠭᠦᠯᠳᠡᠷᠵᠢᠭᠦᠯᠦᠨ᠎ᠡ᠃ ᠳᠤᠮᠳᠠᠳᠤ ᠤᠯᠤᠰ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠡᠯ᠎ᠡ | ᠤᠯᠤᠰ ᠯᠤᠭ᠎ᠠ ᠡᠨᠧᠷᠭᠢ᠂ ᠭᠠᠶᠢᠯᠢ᠂ ᠮᠥᠩᠭᠦᠨ ᠭᠦᠢᠯᠭᠡᠭᠡ᠂ ᠪᠣᠬᠢᠷᠳᠤᠯ ᠦᠭᠡᠢ ᠬᠥᠭᠵᠢᠯᠲᠡ᠂ ᠭᠠᠮᠰᠢᠭ ᠢ ᠪᠠᠭᠠᠰᠬᠠᠬᠤ᠂ | ᠢᠯᠵᠢᠷᠡᠯ ᠢ ᠡᠰᠡᠷᠭᠦᠴᠡᠬᠦ᠂ ᠤᠶᠤᠨ ᠤ ᠬᠥᠮᠥᠷᠭᠡ᠂ ᠵᠠᠭᠤᠴᠢᠯᠠᠭᠤᠷ᠂ ᠰᠣᠶᠣᠯ ᠵᠡᠷᠭᠡ ᠬᠦᠷᠢᠶᠡᠨ ᠳᠠᠬᠢ ᠤᠯᠠᠨ ᠲᠠᠯ᠎ᠠ ᠶᠢᠨ | ᠬᠠᠮᠲᠤᠷᠠᠯᠴᠠᠭᠠᠨ ᠤ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠎ᠠ᠃ ︽ᠨᠢᠭᠡ ᠪᠦᠰᠡ ᠨᠢᠭᠡ ᠵᠠᠮ︾ ᠤᠨ ᠤᠯᠠᠨ | ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠯᠴᠠᠭᠠᠨ ᠤ ᠲᠠᠪᠴᠠᠩ ᠢ ᠦᠷᠭᠦᠯᠵᠢᠯᠡᠨ ᠡᠷᠭᠢᠯᠡᠭᠦ ᠶᠢᠨ ᠬᠠᠮᠲᠤ | ᠲᠦᠷᠦᠭᠦᠴᠦᠳ ᠤᠨ ᠶᠠᠷᠢᠯᠴᠠᠭᠠᠨ ᠤ ᠲᠠᠪᠴᠠᠩ ᠤᠨ ᠨᠠᠷᠢᠨ ᠪᠢᠴᠢᠭ ᠤᠨ ᠭᠠᠵᠠᠷ ᠢ ᠪᠠᠶᠢᠭᠤᠯᠤᠨ᠎ᠠ᠃ | ᠰᠢ ᠶᠢᠨ ᠫᠢᠩ ᠬᠠᠮᠤᠭ ᠤᠨ ᠰᠡᠭᠦᠯ ᠳᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠨᠢ | ᠳᠤᠮᠳᠠᠳᠤ ᠤᠯᠤᠰ ᠠᠴᠠ ᠢᠷᠡᠯᠲᠡ ᠲᠠᠢ᠂ ᠦᠷ᠎ᠡ ᠪᠦᠲᠦᠭᠡᠯ ᠪᠠ ᠠᠵᠠ ᠲᠣᠭᠢᠶᠠᠯ ᠨᠢ ᠳᠡᠯᠡᠬᠡᠢ ᠳ᠋ᠠᠬᠢᠨ ᠳᠤ ᠬᠠᠷᠢᠶᠠᠯᠠᠭᠳᠠᠨ᠎ᠠ | ᠃ ᠪᠢᠳᠡ ᠠᠷᠠᠳ ᠲᠦᠮᠡᠨ ᠤ ᠬᠦᠰᠡᠯ ᠡᠷᠡᠮᠡᠯᠵᠡᠯ ᠢ ᠪᠠᠲᠤ ᠴᠡᠭᠡᠵᠢᠯᠡᠵᠦ᠂ ᠲᠡᠦᠬᠡ ᠶᠢᠨ ᠬᠦᠨᠳᠦ ᠡᠭᠦᠷᠭᠡ ᠶᠢ ᠵᠣᠷᠢᠭᠲᠠᠢ | ᠡᠭᠦᠷᠭᠡᠯᠡᠵᠦ᠂ ᠴᠠᠭ ᠦᠶ᠎ᠡ ᠶᠢᠨ ᠪᠠᠶᠢᠳᠠᠯ ᠢ ᠣᠨᠣᠪᠴᠢᠲᠠᠢ ᠡᠵᠡᠮᠳᠡᠵᠦ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ | ᠨᠡᠭᠡᠭᠡᠵᠦ᠂ ᠡᠷᠡᠮᠡᠬᠡᠶᠢᠯᠡᠨ ᠤᠷᠤᠭᠰᠢᠯᠠᠵᠤ᠂ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠨᠡᠩ ᠴᠢᠨᠠᠷ ᠰᠠᠶᠢᠲᠠᠢ᠂ ᠨᠡᠩ | ᠥᠨᠳᠥᠷ ᠲᠦᠪᠰᠢᠨ ᠪᠦᠬᠦᠢ ᠰᠢᠨ᠎ᠡ ᠬᠥᠭᠵᠢᠯᠲᠡ ᠶᠢ ᠤᠭᠲᠤᠵᠤ᠂ ᠳᠡᠯᠡᠬᠡᠢ ᠶᠢᠨ ᠡᠯ᠎ᠡ ᠤᠯᠤᠰ ᠤᠨ ᠣᠳᠣᠬᠢᠴᠢᠯᠠᠯᠲᠠ ᠶᠢ | ᠪᠡᠶᠡᠯᠡᠭᠦᠯᠬᠦ ᠶᠢ ᠠᠬᠢᠭᠤᠯᠵᠤ᠂ ᠨᠡᠭᠡᠭᠡᠯᠲᠡᠲᠡᠢ ᠪᠠᠭᠲᠠᠭᠠᠮᠵᠢᠲᠠᠢ᠂ ᠬᠤᠯᠪᠣᠯᠳᠤᠨ ᠨᠡᠪᠲᠡᠷᠡᠯᠴᠡᠵᠦ᠂ ᠬᠠᠮᠲᠤ ᠪᠠᠷ ᠬᠥᠭᠵᠢᠭᠰᠡᠨ | ᠳᠡᠯᠡᠬᠡᠢ ᠶᠢᠷᠲᠢᠨᠴᠦ ᠶᠢ ᠪᠠᠶᠢᠭᠤᠯᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠬᠤ ᠶᠢ ᠬᠠᠮᠲᠤ ᠪᠠᠷ ᠠᠬᠢᠭᠤᠯᠤᠶ᠎ᠠ︕ ᠭᠡᠵᠦ ᠵᠢᠭᠠᠵᠤ ᠭᠠᠷᠭᠠᠪᠠ᠃ | | | | 10 ᠰᠠᠷ᠎ᠠ ᠶᠢᠨ 18 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠠᠬᠢ | ᠠᠷᠠᠳ ᠤᠨ ᠶᠡᠭᠡ ᠬᠤᠷᠠᠯ ᠤᠨ ᠲᠠᠩᠬᠢᠮ ᠳᠤ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠤᠯᠠᠨ | ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠤᠨ ᠡᠭᠢᠯᠡᠯᠲᠡ ᠶᠢᠨ ᠶᠣᠰᠣᠯᠠᠯ ᠳᠤ | ᠣᠷᠣᠯᠴᠠᠬᠰᠠᠨ ᠪᠥᠭᠡᠳ ︽ᠨᠡᠭᠡᠭᠡᠯᠲᠡᠲᠡᠢ ᠪᠠᠭᠲᠠᠭᠠᠮᠵᠢᠲᠠᠢ᠂ ᠬᠤᠯᠪᠣᠯᠳᠤᠨ ᠨᠡᠪᠲᠡᠷᠡᠯᠴᠡᠵᠦ᠂ ᠬᠠᠮᠲᠤ ᠪᠠᠷ ᠬᠥᠭᠵᠢᠭᠰᠡᠨ | ᠳᠡᠯᠡᠬᠡᠢ ᠶᠢᠷᠲᠢᠨᠴᠦ ᠶᠢ ᠪᠦᠲᠦᠭᠡᠨ ᠪᠠᠶᠢᠭᠤᠯᠤᠶ᠎ᠠ︾ ᠭᠡᠬᠦ ᠰᠡᠳᠦᠪ ᠢᠶᠠᠷ ᠭᠤᠣᠯ ᠵᠤᠷᠢᠯᠳᠠᠳᠤ ᠶᠠᠷᠢᠶ᠎ᠠ ᠢᠯᠡᠳᠬᠡᠯ ᠬᠢᠪᠡ᠃ | ᠵᠢᠷᠤᠭ ᠪᠣᠯ᠂ ᠬᠤᠷᠠᠯ ᠠᠴᠠ ᠡᠮᠦᠨ᠎ᠡ᠂ ᠰᠢ ᠶᠢᠨ ᠫᠢᠩ ᠡᠭᠢᠯᠡᠯᠲᠡ ᠶᠢᠨ ᠶᠣᠰᠣᠯᠠᠯ ᠳᠤ ᠣᠷᠤᠯᠴᠠᠬᠤ ᠭᠠᠳᠠᠭᠠᠳᠤ ᠶᠢᠨ | ᠤᠯᠤᠰ ᠤᠨ ᠲᠡᠷᠢᠭᠦᠨ᠂ ᠵᠠᠰᠠᠭ ᠤᠨ ᠣᠷᠳᠣᠨ ᠤ ᠲᠦᠷᠦᠭᠦᠴᠦᠳ ᠪᠣᠯᠣᠨ ᠤᠯᠠᠨ ᠤᠯᠤᠰ ᠤᠨ ᠵᠣᠬᠢᠶᠠᠨ | ᠪᠠᠶᠢᠭᠤᠯᠤᠯᠲᠠ ᠶᠢᠨ ᠬᠠᠷᠢᠭᠤᠴᠠᠯᠭᠠᠲᠠᠨ ᠵᠡᠷᠭᠡ ᠤᠯᠠᠨ ᠤᠯᠤᠰ ᠤᠨ ᠬᠦᠨᠳᠦᠲᠦ ᠵᠣᠴᠢᠳ ᠲᠠᠢ ᠬᠠᠮᠲᠤ ᠭᠡᠷᠡᠯ ᠵᠢᠷᠤᠭ | ᠲᠠᠲᠠᠭᠤᠯᠵᠤ ᠪᠠᠶᠢᠭ᠎ᠠ ᠨᠢ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ | ᠠᠷᠭᠧᠨ᠋ᠲ᠋ᠢᠨ ᠤ ᠶᠡᠷᠦᠩᠬᠡᠶᠢᠯᠡᠭᠴᠢ ᠹᠤᠶᠢᠷᠨᠠᠨᠳᠧᠰ᠂ ᠴᠢᠯᠢ ᠶᠢᠨ ᠶᠡᠷᠦᠩᠬᠡᠶᠢᠯᠡᠭᠴᠢ ᠪᠦᠸᠧᠯᠢᠴᠢ᠂ ᠪᠦᠭᠦᠳᠡ ᠨᠠᠶᠢᠷᠠᠮᠳᠠᠬᠤ | ᠺᠣᠩᠭᠣ᠋ ᠤᠯᠤᠰ ᠤᠨ ᠶᠡᠷᠦᠩᠬᠡᠶᠢᠯᠡᠭᠴᠢ ᠰᠠᠰᠦ᠋᠂ ᠢᠨᠳᠤᠨᠧᠰᠢᠶ᠎ᠠ ᠶᠢᠨ ᠶᠡᠷᠦᠩᠬᠡᠶᠢᠯᠡᠭᠴᠢ ᠽᠥᠤᠤᠺᠧ᠂ ᠺᠠᠽᠠᠬᠰᠲ᠋ᠠᠨ ᠤ | ᠶᠡᠷᠦᠩᠬᠡᠶᠢᠯᠡᠭᠴᠢ ᠲᠦᠸᠧᠺᠠᠶᠧᠹ᠂ ᠺᠧᠨᠢᠶᠠ ᠶᠢᠨ ᠶᠡᠷᠦᠩᠬᠡᠶᠢᠯᠡᠭᠴᠢ ᠷᠦᠲ᠋ᠤ᠋᠂ ᠯᠠᠤᠰ ᠤᠨ ᠤᠯᠤᠰ ᠤᠨ ᠲᠡᠷᠢᠭᠦᠯᠡᠭᠴᠢ | ᠲᠦᠩᠯᠥ᠋ᠨ᠂ ᠮᠣᠩᠭᠤᠯ ᠤᠯᠤᠰ ᠤᠨ ᠶᠡᠷᠦᠩᠬᠡᠶᠢᠯᠡᠭᠴᠢ ᠬᠦᠷᠡᠯᠰᠦ᠋ᠬᠡ᠂ ᠣᠷᠣᠰ ᠤᠨ ᠶᠡᠷᠦᠩᠬᠡᠶᠢᠯᠡᠭᠴᠢ ᠫᠦᠲ᠋ᠢᠨ᠂ | ᠰᠧᠷᠪᠢᠶ᠎ᠠ ᠶᠢᠨ ᠶᠡᠷᠦᠩᠬᠡᠶᠢᠯᠡᠭᠴᠢ ᠥᠴᠢᠴᠢ᠂ ᠰᠷᠢ ᠯᠠᠨᠺᠠ ᠶᠢᠨ ᠶᠡᠷᠦᠩᠬᠡᠶᠢᠯᠡᠭᠴᠢ ᠸᠢᠺᠷᠧᠮᠧᠰᠢᠩᠾᠧ᠂ ᠲᠦᠷᠺᠮᠧᠨ᠋ᠰᠲ᠋ᠠᠠ ᠤ | ᠦᠨᠳᠦᠰᠦᠲᠡᠨ ᠤ ᠤᠳᠤᠷᠢᠳᠤᠭᠴᠢ᠂ ᠠᠷᠠᠳ ᠤᠨ ᠬᠤᠷᠢᠶ᠎ᠠ ᠶᠢᠨ ᠲᠡᠷᠢᠭᠦᠯᠡᠭᠴᠢ ᠪᠢᠷᠳᠢᠮᠥ᠋ᠬᠠᠮᠧᠳᠤᠹ᠂ ᠦᠽᠪᠤᠺᠰᠲ᠋ᠠᠨ ᠤ | ᠶᠡᠷᠦᠩᠬᠡᠶᠢᠯᠡᠭᠴᠢ ᠮᠢᠷᠵᠢᠶᠤᠤᠶᠧᠹ᠂ ᠸᠢᠶᠧᠳ᠋ᠨᠠᠮ ᠤᠨ ᠤᠯᠤᠰ ᠤᠨ ᠲᠡᠷᠢᠭᠦᠯᠡᠭᠴᠢ ᠦ᠋ ᠸᠧᠨ ᠱᠠᠩ᠂ ᠺᠠᠮᠪᠤᠵᠠ ᠶᠢᠨ ᠲᠡᠷᠢᠭᠦᠨ | ᠰᠠᠶᠢᠳ ᠬᠤᠩᠮᠠᠨᠠᠢ᠂ ᠶᠧᠵᠢᠫᠲ ᠤᠨ ᠶᠡᠷᠦᠩᠬᠡᠢ ᠰᠠᠶᠢᠳ ᠮᠠᠳᠧᠪᠦ᠋ᠯᠢ᠂ ᠧᠽᠢᠦᠫᠢᠶᠠ ᠶᠢᠨ ᠶᠡᠷᠦᠩᠬᠡᠢ ᠰᠠᠶᠢᠳ ᠠᠪᠢ᠂ | ᠬᠠᠩᠭᠠᠷᠢ ᠶᠢᠨ ᠶᠡᠷᠦᠩᠬᠡᠢ ᠰᠠᠶᠢᠳ ᠡᠸᠦᠷᠪᠠᠨ᠂ ᠮᠣᠽᠠᠮᠪᠢᠺ ᠤᠨ ᠶᠡᠷᠦᠩᠬᠡᠢ ᠰᠠᠶᠢᠳ ᠮᠠᠯᠠᠶᠢᠶᠠᠨᠧ᠂ ᠫᠠᠺᠢᠰᠲ᠋ᠠᠨ ᠤ ᠶᠡᠷᠦᠩᠬᠡᠢ | ᠰᠠᠶᠢᠳ ᠺᠠᠺᠠᠯ᠂ ᠫᠠᠫᠦ᠋ᠶᠠ ᠰᠢᠨ᠎ᠡ ᠭᠢᠨᠤᠶᠠ ᠶᠢᠨ ᠶᠡᠷᠦᠩᠬᠡᠢ ᠰᠠᠶᠢᠳ ᠮᠠᠯᠠᠫᠸᠢ᠂ ᠲᠠᠢ ᠤᠯᠤᠰ ᠤᠨ ᠶᠡᠷᠦᠩᠬᠡᠢ ᠰᠠᠶᠢᠳ | ᠰᠠᠶᠢᠲ᠋ᠠ᠂ ᠨᠢᠭᠧᠷᠢᠶ᠎ᠠ ᠶᠢᠨ ᠳᠡᠳ᠋ ᠶᠡᠷᠦᠩᠬᠡᠶᠢᠯᠡᠭᠴᠢ ᠰᠢᠶᠧᠳᠢᠮᠠ᠂ ᠠᠷᠠᠪ ᠤᠨ ᠬᠤᠯᠪᠣᠭᠠᠲᠤ ᠠᠬᠠᠮᠠᠳᠲᠤ ᠤᠯᠤᠰ ᠤᠨ | ᠶᠡᠷᠦᠩᠬᠡᠶᠢᠯᠡᠭᠴᠢ ᠶᠢᠨ ᠣᠨᠴᠠ ᠲᠥᠯᠥᠭᠡᠯᠡᠭᠴᠢ᠂ ᠬᠠᠶᠢᠮᠠ ᠬᠤᠱᠣᠣ ᠠᠬᠠᠮᠠᠳ ᠤᠯᠤᠰ ᠤᠨ ᠠᠬᠠᠯᠠᠭᠴᠢ ᠺᠠᠰᠢᠮᠢ᠂ | ᠹᠷᠠᠨᠼᠢ ᠶᠢᠨ ᠶᠡᠷᠦᠩᠬᠡᠶᠢᠯᠡᠭᠴᠢ ᠶᠢᠨ ᠲᠤᠰᠬᠠᠢ ᠲᠥᠯᠥᠭᠡᠯᠡᠭᠴᠢ᠂ ᠤᠤᠯ ᠤᠨ ᠶᠡᠷᠦᠩᠬᠡᠢ ᠰᠠᠶᠢᠳ ᠯᠠᠹᠠᠯᠠᠨ᠂ ᠭᠷᠧᠭ ᠤᠨ | ᠶᠡᠷᠦᠩᠬᠡᠢ ᠰᠠᠶᠢᠳ ᠤᠨ ᠳᠡᠭᠡᠳᠦ ᠵᠡᠷᠭᠡ ᠶᠢᠨ ᠲᠥᠯᠥᠭᠡᠯᠡᠭᠴᠢ᠂ ᠬᠥᠭᠵᠢᠭᠦᠯᠦᠯᠲᠡ ᠶᠢᠨ ᠶᠠᠮᠤᠨ ᠤ ᠰᠠᠶᠢᠳ ᠰᠺᠧᠯᠸᠢᠢᠺᠠᠰ | ᠵᠡᠷᠭᠡ 20 ᠭᠠᠷᠤᠢ ᠤᠯᠤᠰ ᠤᠨ ᠤᠯᠤᠰ ᠤᠨ ᠲᠡᠷᠢᠭᠦᠨ᠂ ᠵᠠᠰᠠᠭ ᠤᠨ ᠣᠷᠳᠣᠨ ᠤ ᠲᠦᠷᠦᠭᠦᠴᠦᠳ᠂ ᠳᠡᠭᠡᠳᠦ ᠲᠡᠰ ᠤᠨ | ᠲᠥᠯᠥᠭᠡᠯᠡᠭᠴᠢ ᠵᠢᠴᠢ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠨᠠᠷᠢᠨ ᠪᠢᠴᠢᠭ ᠤᠨ ᠳᠠᠷᠤᠭ᠎ᠠ ᠭᠦᠲ᠋ᠧᠯᠦ᠋ᠢᠰ᠂ | ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠳᠠᠷᠤᠭ᠎ᠠ ᠯᠦᠸᠧᠰᠠᠶᠢᠹ ᠵᠡᠷᠭᠡ ᠤᠯᠠᠨ ᠤᠯᠤᠰ ᠤᠨ ᠵᠣᠬᠢᠶᠠᠨ | ᠪᠠᠶᠢᠭᠤᠯᠤᠯᠲᠠ ᠶᠢᠨ ᠬᠠᠷᠢᠭᠤᠴᠠᠯᠭᠠᠲᠠᠨ ᠡᠭᠢᠯᠡᠯᠲᠡ ᠶᠢᠨ ᠶᠣᠰᠣᠯᠠᠯ ᠳᠤ ᠣᠷᠣᠯᠴᠠᠪᠠ᠃ | ᠫᠦᠲ᠋ᠢᠨ᠂ ᠲᠦᠸᠧᠺᠠᠶᠧᠹ᠂ ᠽᠦᠤᠤᠺᠧ᠂ ᠹᠧᠷᠨᠠᠨᠳᠧᠰ᠂ ᠠᠪᠢ᠂ ᠭᠦᠲ᠋ᠧᠯᠦ᠋ᠢᠰ ᠪᠠᠰᠠ ᠡᠭᠢᠯᠡᠯᠲᠡ ᠶᠢᠨ ᠶᠣᠰᠣᠯᠠᠯ | ᠳᠡᠭᠡᠷ᠎ᠡ ᠪᠠᠶᠠᠷ ᠤᠨ ᠦᠭᠡ ᠬᠡᠯᠡᠪᠡ᠃ | ᠳ᠋ᠢᠩ ᠰᠢᠤᠸᠠᠢ ᠰᠢᠶᠠᠩ ᠡᠭᠢᠯᠡᠯᠲᠡ ᠶᠢᠨ ᠶᠣᠰᠣᠯᠠᠯ ᠢ ᠡᠷᠭᠢᠯᠡᠪᠡ᠃ | ᠼᠠᠢ ᠴᠢ᠂ ᠸᠠᠩ ᠢ᠂ ᠶᠢᠨ ᠯᠢ᠂ ᠾᠧ ᠯᠢ ᠹᠧᠩ᠂ ᠸᠠᠩ ᠰᠢᠶᠣᠣ ᠬᠤᠩ ᠨᠠᠷ ᠣᠷᠣᠯᠴᠠᠵᠠᠢ᠃ | | |