ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠳᠤᠬᠡᠨ ᠪᠠᠶᠢᠭᠤᠯᠬᠤ ᠲᠦᠷᠢᠮ —  ᠨᠢᠭᠡᠳᠦᠭᠡᠷ ᠪᠦᠯᠦᠭ  ᠶᠡᠷᠦᠩᠬᠡᠢ ᠳᠦᠷᠢᠮ
ᠨᠡᠶᠢᠲᠡᠯᠡᠭᠰᠡᠨ ᠴᠠᠭ᠄
2023/10/19
︵2023 ᠣᠨ ᠤ 7 ᠳ᠋ᠤᠭᠠᠷ ᠰᠠᠷ᠎ᠠ ᠶᠢᠨ 31 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠵᠦᠪᠯᠡᠯ ᠤᠨ ᠲᠠᠪᠤᠳᠤᠭᠠᠷ ᠬᠤᠷᠠᠯ ᠲᠡᠬᠡᠷ᠎ᠡ ᠪᠠᠳᠤᠯᠠᠪᠠ︶ ᠨᠢᠭᠡᠳᠦᠭᠡᠷ ᠪᠦᠯᠦᠭ  ᠶᠡᠷᠦᠩᠬᠡᠢ ᠳᠦᠷᠢᠮ        ᠨᠢᠭᠡᠳᠦᠭᠡᠷ ᠵᠦᠢᠯ᠄ ᠰᠢᠨ᠎ᠡ ᠴᠠᠭ ᠦᠶ᠎ᠡ ᠳᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ ᠠᠯᠳᠠᠷ ᠢ ᠦᠷᠭᠦᠯᠵᠢᠯᠡᠨ ᠪᠠᠲᠤᠯᠠᠵᠤ᠂ ᠳᠤᠮᠳᠠᠳᠤ ᠤᠯᠤᠰ ᠤᠨ ᠮᠠᠶ᠋ᠢᠭ ᠤᠨ ᠤᠳᠤᠬᠢᠴᠢᠯᠠᠯᠳᠠ ᠶᠢᠨ ᠪᠦᠲᠦᠭᠡᠨ ᠪᠠᠶᠢᠭᠤᠯᠤᠯᠲᠠ ᠳᠤ ᠰᠢᠨ᠎ᠡ ᠵᠠᠮ ᠨᠡᠭᠡᠭᠡᠵᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠠᠬᠢᠭᠤᠯᠬᠤ ᠶᠢᠨ ᠲᠦᠯᠤᠬᠡ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ ᠲᠣᠰ ᠳᠦᠷᠢᠮ ᠢ ᠲᠣᠭᠲᠠᠭᠠᠪᠠ᠃    ᠬᠤᠶᠠᠳᠤᠭᠠᠷ ᠵᠦᠢᠯ᠄ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠠᠬᠢᠭᠤᠯᠬᠤ ᠠᠵᠢᠯ ᠬᠢᠭᠡᠳ ᠬᠠᠮᠢᠶ᠎ᠠ ᠪᠦᠬᠦᠢ ᠠᠵᠢᠯᠯᠠᠭ᠎ᠠ ᠳᠤ ᠲᠤᠰ ᠳᠦᠷᠢᠮ ᠲᠣᠬᠢᠷᠠᠨ᠎ᠠ᠃   ᠭᠤᠷᠪᠠᠳᠤᠭᠠᠷ ᠵᠦᠢᠯ᠄ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ  ᠪᠠᠷ ᠪᠦᠲᠦᠭᠡᠨ ᠪᠠᠶᠢᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠣᠣ ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ᠂ ᠰᠢ ᠶᠢᠨ ᠫᠢᠡᠭ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠳᠠᠯᠠᠨ᠂ ︽ᠬᠤᠶᠠᠷ ᠢ  ᠲᠤᠬᠳᠠᠭᠠᠬᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾  ᠢᠶᠠᠨ ᠴᠢᠩᠭᠠᠳᠬᠠᠵᠤ᠂ ︽ᠲᠦᠷᠪᠡᠨ ᠢᠲᠡᠭᠡᠯ︾  ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠳᠡᠭᠡᠷ᠎ᠡ ᠪᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃    ᠳᠥᠷᠪᠡᠳᠦᠭᠡᠷ ᠵᠦᠢᠯ᠄ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠤᠨᠤᠰᠤᠨ᠂ ᠨᠠᠮ ᠢᠶᠠᠨ ᠳᠠᠭᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ᠂ ᠦᠨᠳᠦᠰᠦᠲᠡᠨ ᠤ ᠭᠠᠵᠠᠷ ᠣᠷᠣᠨ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠢ ᠬᠠᠮᠲᠤ ᠪᠠᠷ ᠴᠢᠨᠡᠭᠡᠯᠢᠭᠵᠢᠭᠦᠯᠬᠦ᠂ ᠬᠢᠯᠢ ᠬᠢᠵᠠᠭᠠᠷ ᠢ ᠬᠥᠭᠵᠢᠭᠦᠯᠵᠦ ᠲᠣᠭᠲᠠᠭᠤᠨ ᠬᠢᠯᠢ ᠬᠢᠵᠠᠭᠠᠷ ᠢ ᠪᠠᠬᠢᠵᠢᠭᠦᠯᠬᠦ᠂ ᠬᠢᠯᠢ ᠬᠢᠵᠠᠭᠠᠷ ᠣᠷᠣᠨ ᠢ ᠬᠥᠭᠵᠢᠭᠦᠯᠵᠦ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠨᠡᠪᠲᠡᠷᠡᠭᠦᠯᠬᠦ᠂ ᠰᠢᠨ᠎ᠡ ᠰᠤᠷᠲᠠᠯ ᠲᠥᠪ ᠰᠤᠷᠲᠠᠯ ᠢ ᠪᠠᠳᠠᠷᠠᠭᠤᠯᠬᠤ ᠵᠡᠷᠭᠡ ᠲᠠᠯ᠎ᠠ ᠪᠠᠷ ᠵᠢᠱᠢᠶᠡᠴᠢ ᠪᠣᠯᠬᠤ ᠶᠢ ᠪᠠᠷᠢᠮᠲᠠᠯᠠᠬᠤ ᠬᠡᠷᠡᠭᠲᠡᠢ᠃    ᠲᠠᠪᠤᠳᠤᠭᠠᠷ ᠵᠦᠢᠯ᠄ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠤᠯᠤᠰ ᠣᠷᠣᠨ ᠤ ᠨᠢᠭᠡᠳᠦᠯ ᠪᠠ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠶᠢ ᠦᠨᠳᠦᠰᠦᠲᠡᠨ ᠨᠦᠭᠦᠳ ᠤᠨ ᠬᠠᠮᠤᠭ ᠤᠨ ᠳᠡᠭᠡᠳᠦ ᠠᠰᠢᠭ ᠲᠤᠰᠠ ᠪᠠᠨ ᠪᠣᠯᠭᠠᠵᠤ᠂ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠯ ᠲᠠᠢ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠲᠠᠰᠤᠷᠠᠯᠳᠠ ᠦᠭᠡᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ᠃    ᠵᠢᠷᠭᠤᠳᠤᠭᠠᠷ ᠵᠦᠢᠯ᠄ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠤᠯᠤᠰ ᠲᠦᠷᠦ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠵᠡᠷᠭᠡ ᠡᠯ᠎ᠡ ᠵᠦᠢᠯ ᠤᠨ ᠠᠵᠢᠯ ᠢ ᠡᠨᠡ ᠬᠦ ᠭᠤᠣᠯ ᠰᠢᠵᠢᠮ ᠲᠠᠢ ᠨᠢᠭᠲᠠ ᠤᠶᠠᠯᠳᠤᠭᠤᠯᠵᠤ᠂ ᠡᠬᠦᠨ  ᠠᠴᠠ ᠥᠴᠥᠬᠡᠨ ᠴᠦ ᠵᠠᠶᠢᠳᠠᠬᠤ ᠦᠭᠡᠢ ᠪᠠᠶᠢᠯᠭᠠᠬᠤ ᠬᠡᠷᠡᠭᠲᠡᠢ᠃    ᠳᠣᠯᠣᠳᠤᠭᠠᠷ ᠵᠦᠢᠯ᠄ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ  ᠳᠤ ᠬᠥᠭᠵᠢᠭᠦᠯᠬᠦ ᠬᠢᠭᠡᠳ ᠠᠮᠤᠷ ᠲᠦᠪᠰᠢᠨ ᠢ ᠵᠡᠷᠭᠡ ᠳᠤ ᠨᠢ ᠴᠢᠬᠤᠯᠠᠴᠢᠯᠠᠬᠤ ᠶᠢ ᠪᠠᠷᠢᠮᠲᠠᠯᠠᠨ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ᠂ ᠡᠨᠧᠷᠬᠢ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠠᠵᠤ ᠦᠢᠯᠡᠰ ᠤᠨ ᠠᠮᠤᠷ ᠲᠦᠪᠰᠢᠨ᠂ ᠬᠢᠯᠢ ᠬᠢᠵᠠᠭᠠᠷ ᠤᠨ ᠠᠮᠤᠷ ᠲᠦᠪᠰᠢᠨ ᠢ ᠬᠠᠮᠠᠭᠠᠯᠠᠬᠤ ᠳᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ᠃    ᠨᠠᠢᠮᠠᠳᠤᠭᠠᠷ ᠵᠦᠢᠯ᠄ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠪᠣᠯ ᠪᠥᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ ᠪᠣᠯᠣᠨ᠎ᠠ᠃    ᠲᠥᠷᠥ ᠶᠢᠨ ᠪᠠᠶᠢᠭᠤᠯᠭ᠎ᠠ᠂ ᠠᠷᠠᠳ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠬᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠣᠯᠣᠨ ᠦᠨᠳᠦᠰᠦᠨ ᠱᠠᠲᠤᠨ ᠤ ᠣᠯᠠᠨ ᠲᠦᠮᠡᠨᠴᠢ ᠴᠢᠨᠠᠷᠲᠠᠢ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠨᠤᠭᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠲᠣᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠠᠮᠢᠶ᠎ᠠ ᠪᠦᠬᠦᠢ ᠠᠵᠢᠯ ᠢ ᠬᠠᠤᠯᠢ ᠶᠣᠰᠣᠭᠠᠷ ᠥᠷᠨᠢᠭᠦᠯᠬᠦ ᠬᠡᠷᠡᠭᠲᠡᠢ᠃    ᠶᠢᠰᠦᠳᠦᠭᠡᠷ ᠵᠦᠢᠯ᠄ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ  ᠳᠤ ᠨᠠᠮ   ᠤᠨ ᠬᠤᠷᠢᠶ᠎ᠠ ᠪᠥᠬᠦ ᠲᠠᠯ᠎ᠠ ᠪᠠᠷ ᠤᠳᠤᠷᠢᠳᠬᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠬᠠᠤᠯᠢ ᠶᠣᠰᠣᠭᠠᠷ ᠬᠢᠨᠠᠯᠲᠠ ᠲᠠᠯᠪᠢᠬᠤ᠂ ᠵᠠᠰᠠᠭ ᠤᠨ ᠣᠷᠳᠣᠨ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠰᠠᠯᠠᠭ᠎ᠠ ᠮᠥᠴᠢᠷ ᠤᠳ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠬᠠᠮᠵᠢᠯᠴᠠᠬᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠬᠠᠮᠳᠤ ᠪᠠᠷ ᠣᠷᠣᠯᠴᠠᠬᠤ ᠠᠵᠢᠯ ᠢ ᠪᠠᠶᠢᠷᠢᠰᠢᠯ ᠢ ᠪᠠᠷᠢᠮᠲᠠᠯᠠᠬᠤ ᠬᠡᠷᠡᠭᠲᠡᠢ᠃    ᠥᠪᠡᠷᠲᠡᠭᠡᠨ ᠵᠠᠰᠠᠬᠤ ᠣᠷᠣᠨ ᠠᠴᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠠᠶᠢᠭᠤᠯᠬᠤ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠵᠣᠬᠢᠶᠠᠨ ᠪᠠᠶᠢᠭᠤᠯᠤᠨ ᠵᠣᠬᠢᠴᠠᠭᠤᠯᠬᠤ ᠪᠠᠶᠢᠭᠤᠯᠤᠮᠵᠢ ᠶᠢ ᠲᠣᠳᠣᠷᠬᠠᠶᠢᠯᠠᠨ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠵᠣᠬᠢᠶᠠᠨ ᠪᠠᠶᠢᠭᠤᠯᠤᠨ ᠠᠬᠢᠭᠤᠯᠬᠤ᠂ ᠰᠢᠮᠳᠠᠭᠤᠯᠤᠨ ᠨᠠᠶᠢᠳᠠᠪᠤᠷᠢᠵᠢᠭᠤᠯᠬᠤ᠂ ᠬᠢᠨᠠᠯᠲᠠ ᠲᠠᠯᠪᠢᠵᠤ ᠰᠢᠯᠭᠠᠨ ᠬᠢᠨᠠᠬᠤ ᠵᠡᠷᠭᠡ ᠠᠵᠢᠯ ᠢ ᠬᠠᠷᠢᠭᠤᠴᠠᠨ᠎ᠠ᠃
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号