ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠳᠤᠬᠡᠨ ᠪᠠᠶᠢᠭᠤᠯᠬᠤ ᠲᠦᠷᠢᠮ — ᠬᠤᠶᠠᠳᠤᠭᠠᠷ ᠪᠦᠯᠦᠭ ᠠᠵᠤ ᠠᠬᠤᠢ ᠶᠢᠨ ᠪᠦᠲᠦᠭᠡᠨ ᠪᠠᠶᠢᠭᠤᠯᠤᠯᠲᠠ
ᠨᠡᠶᠢᠲᠡᠯᠡᠭᠰᠡᠨ ᠴᠠᠭ᠄
2023/10/23
ᠬᠤᠶᠠᠳᠤᠭᠠᠷ ᠪᠦᠯᠦᠭ ᠠᠵᠤ ᠠᠬᠤᠢ ᠶᠢᠨ ᠪᠦᠲᠦᠭᠡᠨ ᠪᠠᠶᠢᠭᠤᠯᠤᠯᠲᠠ   ᠠᠷᠪᠠᠳᠤᠭᠠᠷ ᠵᠦᠢᠯ᠄ ᠥᠪᠡᠷᠲᠡᠭᠡᠨ ᠵᠠᠰᠠᠬᠤ ᠣᠷᠣᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠣᠭᠤᠷᠢᠨ ᠳᠤ  ᠰᠢᠨ᠎ᠡ ᠬᠥᠭᠵᠢᠯᠲᠡ ᠶᠢᠨ ᠤᠶᠢᠯᠠᠭᠠᠬᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠪᠠᠷ ᠠᠭᠤᠰᠤᠯᠴᠠᠬᠤ ᠪᠠ ᠲᠡᠭᠦᠨ ᠳᠤ ᠦᠢᠯᠡᠴᠢᠯᠡᠨ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠪᠠ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢ ᠲᠦᠷᠭᠡᠨ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠠᠵᠤ ᠠᠬᠤᠢ ᠶᠢᠨ ᠰᠠᠭᠤᠷᠢ ᠶᠢ ᠪᠠᠲᠤᠳᠬᠠᠨ᠎ᠠ᠃    ᠠᠷᠪᠠᠨ ᠨᠢᠭᠡᠳᠦᠭᠡᠷ ᠵᠦᠢᠯ᠄ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠡᠨᠧᠷᠭᠢ᠂ ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ᠂ ᠲᠡᠮᠦᠷᠯᠢᠭ ᠬᠠᠶᠢᠯᠤᠭᠤᠯᠬᠤ ᠵᠡᠷᠭᠡ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠪᠣᠬᠢᠷᠲᠤᠯ ᠦᠭᠡᠢ ᠣᠷᠴᠢᠨ ᠲᠣᠭᠤᠷᠢᠨ ᠤ ᠬᠠᠮᠠᠭᠠᠯᠠᠯᠲᠠ᠂ ᠠᠮᠢᠳᠤ ᠪᠣᠳᠠᠰ ᠤᠨ ᠡᠮ ᠡᠮᠨᠡᠯᠭᠡ᠂ ᠳᠡᠭᠡᠳᠦ ᠲᠠᠰ ᠤᠨ ᠲᠣᠨᠤᠭ ᠲᠥᠬᠦᠭᠡᠷᠦᠮᠵᠢ᠂ ᠮᠡᠳᠡᠭᠡ ᠵᠠᠩᠭᠢ ᠶᠢᠨ ᠮᠡᠷᠭᠡᠵᠢᠯ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠤᠨ ᠠᠭᠤᠰᠤᠯᠳᠤᠨ ᠪᠥᠭᠡᠮᠨᠡᠷᠡᠵᠦ ᠬᠥᠭᠵᠢᠬᠦ ᠶᠢ ᠠᠬᠢᠭᠤᠯᠵᠤ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠲᠡᠷᠢᠭᠦᠨ ᠤ ᠦᠢᠯᠡᠳᠬᠦ ᠦᠢᠯᠡᠰ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠯᠤᠭ᠎ᠠ ᠭᠦᠨᠵᠡᠭᠡᠢ ᠠᠭᠤᠰᠤᠯᠴᠠᠬᠤ ᠶᠢ ᠠᠬᠢᠭᠤᠯᠬᠤ ᠬᠡᠷᠡᠭᠲᠡᠢ᠃   ᠠᠷᠪᠠᠨ ᠬᠤᠶᠠᠳᠤᠭᠠᠷ ᠵᠦᠢᠯ᠄ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤᠯᠤᠰ   ᠤᠨ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢ ᠵᠢᠱᠢᠶ᠎ᠡ ᠦᠵᠡᠬᠦᠯᠬᠦ ᠲᠤᠭᠤᠷᠢᠭ ᠤᠨ ᠪᠦᠳᠤᠬᠡᠨ ᠪᠠᠶᠢᠭᠤᠯᠤᠯᠳᠠ ᠶᠢ ᠲᠦᠷᠬᠡᠳᠬᠡᠵᠤ᠂ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠢ ᠠᠰᠢᠭᠯᠠᠬᠤ ᠶᠢ ᠠᠬᠢᠭᠤᠯᠵᠤ᠂ ᠰᠢᠨ᠎ᠡ ᠡᠨᠧᠷᠭᠢ ᠶᠢᠨ ᠲᠣᠮᠣ ᠰᠠᠭᠤᠷᠢᠨ ᠭᠠᠵᠠᠷ᠂ ᠲᠤᠨᠤᠭ ᠲᠥᠬᠦᠭᠡᠷᠦᠮᠵᠢ ᠦᠢᠯᠡᠳᠬᠦ ᠰᠠᠭᠤᠷᠢᠨ ᠭᠠᠵᠠᠷ ᠪᠠ ᠴᠠᠬᠢᠯᠭᠠᠨ ᠬᠦᠴᠦᠨ ᠢ ᠭᠠᠳᠠᠭᠰᠢ ᠬᠦᠷᠭᠡᠬᠦ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠬᠡᠳᠬᠡᠨ᠂ ᠰᠢᠨ᠎ᠡ ᠡᠨᠧᠷᠭᠢ ᠪᠠᠷ ᠭᠤᠣᠯ ᠴᠣᠭᠴᠠ ᠪᠣᠯᠭᠠᠭᠰᠠᠨ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠪᠠᠶᠢᠭᠤᠯᠵᠤ᠂ ᠠᠷᠢᠭᠤᠨ ᠴᠡᠪᠡᠷ᠂ ᠨᠡᠭᠦᠷᠡᠰᠦᠲᠥ᠋ᠷᠥᠭᠴᠢ ᠶᠢ ᠪᠠᠭ᠎ᠠ ᠭᠠᠳᠠᠭᠰᠢᠯᠠᠭᠤᠯᠬᠤ ᠠᠮᠤᠷ ᠲᠦᠪᠰᠢᠨ ᠥᠨᠳᠥᠷ ᠪᠦᠲᠦᠮᠵᠢᠲᠡᠢ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠰᠢᠰᠲ᠋ᠧᠮ ᠢ ᠪᠠᠶᠢᠭᠤᠯᠤᠨ᠎ᠠ᠃   ᠠᠷᠪᠠᠨ ᠭᠤᠷᠪᠠᠳᠤᠭᠠᠷ ᠵᠦᠢᠯ᠄ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢᠨ ᠴᠢᠨᠠᠷᠲᠠᠢ ᠨᠡᠭᠡᠭᠡᠨ ᠬᠥᠭᠵᠢᠭᠦᠯᠬᠦ᠂ ᠴᠢᠨᠠᠷᠵᠢᠭᠤᠯᠤᠨ ᠠᠰᠢᠭᠯᠠᠬᠤ᠂ ᠵᠢᠷᠤᠮᠵᠢᠭᠤᠯᠤᠨ ᠬᠠᠮᠢᠶᠠᠷᠬᠤ ᠶᠢ ᠴᠢᠩᠭᠠᠳᠬᠠᠵᠤ᠂ ᠬᠤᠪᠣᠷ ᠰᠢᠷᠣᠢ ᠶᠢ ᠠᠰᠢᠭᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ ᠰᠢᠪᠲᠤᠯᠬᠤ ᠡᠷᠴᠢᠮ ᠢᠶᠠᠨ ᠴᠢᠩᠭᠠᠷᠠᠭᠤᠯᠤᠨ᠂ ︽ᠬᠤᠪᠣᠷ ᠰᠢᠷᠣᠢ +︾ ᠶᠢᠨ ᠬᠠᠮᠵᠢᠯᠴᠠᠨ ᠰᠢᠨ᠎ᠡ ᠶᠢ ᠡᠭᠦᠳᠬᠦ ᠶᠢ ᠠᠬᠢᠭᠤᠯᠵᠤ᠂ ᠪᠥᠬᠦ ᠤᠯᠤᠰ ᠤᠨ ᠬᠠᠮᠤᠭ ᠤᠨ ᠲᠣᠮᠣ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠰᠠᠭᠤᠷᠢᠨ ᠭᠠᠵᠠᠷ ᠪᠠ ᠪᠥᠬᠦ ᠳᠡᠯᠡᠬᠡᠢ ᠶᠢᠨ ᠲᠡᠷᠢᠭᠦᠨ ᠤ ᠬᠤᠪᠣᠷ ᠰᠢᠷᠣᠢ ᠶᠢᠨ ᠬᠡᠷᠡᠭᠯᠡᠭᠡᠨ ᠤ ᠰᠠᠭᠤᠷᠢᠨ ᠭᠠᠵᠠᠷ ᠢ ᠪᠣᠶ ᠪᠣᠯᠭᠠᠬᠤ ᠬᠡᠷᠡᠭᠲᠡᠢ᠃   ᠠᠷᠪᠠᠨ ᠳᠥᠷᠪᠡᠳᠦᠭᠡᠷ ᠵᠦᠢᠯ᠄ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠲᠠᠷᠢᠶᠠᠯᠠᠩ ᠮᠠᠯ ᠠᠵᠤ ᠠᠬᠤᠢ ᠶᠢᠨ ᠣᠷᠣᠨ ᠪᠦᠰᠡ ᠶᠢᠨ ᠪᠠᠶᠢᠷᠢᠰᠢᠯ ᠪᠠ ᠦᠢᠯᠡᠳᠪᠦᠷᠢᠯᠡᠯ ᠤᠨ ᠪᠦᠲᠦᠴᠡ ᠪᠠᠨ ᠰᠢᠯᠢᠳᠡᠭᠵᠢᠭᠦᠯᠵᠦ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠵᠤ᠂ ᠤᠰᠤ ᠠᠷᠪᠢᠯᠠᠬᠤ ᠲᠠᠷᠢᠶᠠᠯᠠᠩ᠂ ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠲᠠᠷᠢᠶᠠᠨ ᠭᠠᠵᠠᠷ ᠢ ᠬᠠᠮᠠᠭᠠᠯᠠᠬᠤ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ ᠡᠳ᠋ᠰᠢᠭᠦᠯᠬᠦ ᠪᠠ ᠪᠣᠬᠢᠷᠲᠤᠯ ᠦᠭᠡᠢ ᠣᠷᠭᠠᠨᠢᠭ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ ᠶᠢ ᠰᠠᠶᠢᠲᠤᠷ ᠬᠢᠵᠦ᠂ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠂ ᠬᠠᠩᠭᠠᠯᠭ᠎ᠠ ᠪᠠᠲᠤᠯᠠᠭ᠎ᠠ ᠶᠢᠨ ᠴᠢᠳᠠᠪᠤᠷᠢ ᠪᠠᠷ ᠴᠢᠩᠭ᠎ᠠ᠂ ᠠᠵᠤ ᠦᠢᠯᠡᠰ ᠤᠨ ᠬᠡᠯᠬᠢᠶ᠎ᠡ ᠶᠢᠨ ᠤᠶᠠᠨ ᠬᠠᠳᠠᠨ ᠴᠢᠨᠠᠷ ᠢᠶᠠᠷ ᠴᠢᠩᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠨᠤᠭ ᠲᠥᠬᠦᠭᠡᠷᠦᠮᠵᠢ ᠶᠢᠨ ᠲᠤᠯᠭᠠᠭᠤᠷᠢᠯᠠᠯ ᠢᠶᠠᠷ ᠴᠢᠩᠭ᠎ᠠ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠰᠢᠰᠲ᠋ᠧᠮ ᠴᠢᠩᠭ᠎ᠠ᠂ ᠪᠣᠬᠢᠷᠲᠤᠯ ᠦᠭᠡᠢ ᠬᠥᠭᠵᠢᠯᠲᠡ ᠶᠢᠨ ᠲᠦᠪᠰᠢᠨ ᠦᠨᠳᠤᠷ ᠲᠠᠷᠢᠶᠠᠯᠠᠩ ᠮᠠᠯ ᠠᠵᠤ ᠠᠬᠤᠢ ᠶᠢᠨ ᠬᠦᠴᠦᠷᠬᠡᠭ ᠣᠷᠣᠨ ᠢ ᠲᠦᠷᠭᠡᠨ ᠪᠠᠶᠢᠭᠤᠯᠤᠨ᠎ᠠ᠃   ᠠᠷᠪᠠᠨ ᠲᠠᠪᠤᠳᠤᠭᠠᠷ ᠵᠦᠢᠯ᠄ ᠥᠪᠡᠷᠲᠡᠭᠡᠨ ᠵᠠᠰᠠᠬᠤ ᠣᠷᠣᠨ ︽ᠨᠢᠭᠡ ᠪᠦᠰᠡ ᠨᠢᠭᠡ ᠵᠠᠮ︾ ᠪᠣᠯᠣᠨ ᠳᠤᠮᠳᠠᠳᠤ ᠮᠣᠩᠭᠤᠯ ᠤᠷᠤᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠬᠠᠮᠳᠤ ᠪᠠᠷ ᠪᠦᠲᠦᠭᠡᠨ ᠪᠠᠶᠢᠭᠤᠯᠬᠤ ᠳᠤ ᠢᠳᠡᠪᠬᠢᠲᠡᠢ ᠣᠷᠣᠯᠴᠠᠵᠤ᠂ ᠭᠠᠳᠠᠭᠠᠳᠤ ᠨᠡᠭᠡᠭᠡᠯᠲᠡ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠪᠡᠭᠡᠵᠢᠩ᠂ ᠲᠢᠶᠠᠨᠵᠢᠨ᠂ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ᠂ ᠰᠢᠶᠠᠩᠭᠠᠩ᠂ ᠣᠣᠮᠧᠨ ᠤ ᠲᠣᠮᠣ ᠪᠤᠯᠤᠩ ᠤᠨ ᠣᠷᠣᠨ ᠪᠠ ᠵᠡᠭᠦᠨ  ᠬᠤᠶᠢᠳᠤ ᠶᠢᠨ ᠭᠤᠷᠪᠠᠨ ᠮᠤᠵᠢ ᠯᠤᠭ᠎ᠠ ᠶᠢᠨ ᠬᠤᠯᠪᠤᠯᠳᠤᠭ᠎ᠠ ᠨᠡᠪᠳᠡᠷᠡᠯᠴᠡᠭᠡ ᠶᠢ ᠴᠢᠩᠭᠠᠳᠬᠠᠵᠤ᠂ ᠡᠸᠦ᠋ᠷᠦᠫᠡ ᠲᠢᠪ  ᠂ ᠵᠡᠭᠦᠨ ᠬᠤᠶᠢᠲᠤ ᠠᠽᠢᠶ᠎ᠠ᠂ ᠳᠤᠮᠳᠠᠳᠤ ᠪᠠᠷᠠᠭᠤᠨ ᠠᠽᠢᠶ᠎ᠠ ᠵᠡᠷᠭᠡ ᠤᠯᠤᠰ ᠤᠨ ᠭᠠᠳᠠᠭᠠᠳᠤ ᠶᠢᠨ ᠵᠠᠬ᠎ᠠ ᠳᠡᠯᠭᠡᠭᠦᠷ ᠢ ᠥᠷᠭᠡᠳᠬᠡᠵᠦ᠂ ᠤᠯᠤᠰ ᠤᠨ ᠳᠣᠲᠣᠭᠠᠳᠤ ᠶᠢᠨ ᠪᠠ ᠤᠯᠠᠨ ᠤᠯᠤᠰ ᠤᠨ ᠬᠤᠣᠰ ᠣᠷᠴᠢᠯ ᠳᠤ ᠨᠡᠩ ᠰᠠᠶᠢᠨ ᠠᠭᠤᠰᠤᠯᠴᠠᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠤᠨ ᠴᠢᠬᠤᠯᠠ ᠵᠠᠩᠭᠢᠯᠠᠭ᠎ᠠ ᠶᠢᠨ ᠴᠡᠭ ᠪᠠ ᠤᠯᠤᠰ ᠤᠨ ᠳᠣᠲᠣᠭᠠᠳᠤ ᠶᠢᠨ ᠪᠠ ᠤᠯᠠᠨ ᠤᠯᠤᠰ ᠤᠨ ᠬᠤᠣᠰ ᠣᠷᠴᠢᠯ ᠤᠨ ᠪᠠᠶᠢᠯᠳᠤᠬᠤ ᠪᠣᠳᠣᠯᠭ᠎ᠠ ᠶᠢᠨ ᠲᠤᠯᠬᠤ ᠴᠡᠭ ᠢ ᠪᠤᠢ ᠪᠣᠯᠭᠠᠵᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠳᠤ ᠦᠢᠯᠡᠴᠢᠯᠡᠬᠦ ᠶᠢᠨ ᠬᠠᠮᠳᠤ ᠡᠨᠡ ᠬᠦ ᠠᠵᠢᠯ ᠢ ᠠᠬᠢᠭᠤᠯᠤᠨ᠎ᠠ᠃   ᠠᠷᠪᠠᠨ ᠵᠢᠷᠭᠤᠳᠤᠭᠠᠷ ᠵᠦᠢᠯ᠄ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ᠂ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ᠂ ᠰᠣᠶᠣᠯ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠶᠢ ᠬᠥᠭᠵᠢᠭᠦᠯᠦᠨ ᠮᠠᠨᠳᠤᠭᠤᠯᠬᠤ᠂ ᠵᠣᠬᠢᠶᠠᠨ ᠪᠠᠶᠢᠭᠤᠯᠤᠯᠲᠠ ᠶᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠬᠥᠳᠡᠭᠡ ᠲᠣᠰᠬᠤᠨ ᠢ ᠠᠵᠤ ᠦᠢᠯᠡᠰ ᠬᠥᠭᠵᠢᠭᠰᠡᠨ᠂ ᠠᠮᠢ ᠠᠬᠤᠢ ᠣᠷᠣᠰᠢᠨ ᠰᠠᠭᠤᠬᠤ ᠳᠤ ᠲᠣᠬᠢᠷᠠᠮᠵᠢᠲᠠᠢ᠂ ᠬᠥᠳᠡᠭᠡ ᠶᠢᠨ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠶ᠂ ᠠᠮᠢᠳᠤᠷᠠᠯ ᠨᠢ ᠪᠠᠶᠠᠨ ᠴᠢᠨᠡᠭᠡᠯᠢᠭ ᠵᠣᠯ ᠵᠢᠷᠭᠠᠯᠲᠤ ᠭᠡᠷ ᠣᠷᠣᠨ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ᠃    ᠠᠷᠪᠠᠨ ᠳᠣᠯᠣᠳᠤᠭᠠᠷ ᠵᠦᠢᠯ᠄ ᠥᠪᠡᠷᠲᠡᠭᠡᠨ ᠵᠠᠰᠠᠬᠤ ᠣᠷᠣᠨ ᠠᠴᠠ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠪᠥᠬᠦ ᠲᠠᠯ᠎ᠠ ᠪᠠᠷ ᠰᠢᠯᠢᠳᠡᠭᠵᠢᠭᠦᠯᠵᠦ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠴᠢᠯᠦᠭᠡᠲᠡᠢ ᠪᠣᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡᠨ ᠢ ᠰᠢᠯᠢᠳᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠥᠭᠦᠮᠴᠢᠯᠡᠬᠦ ᠲᠦᠪᠰᠢᠨ ᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷᠴᠢᠯᠡᠬᠦ᠂ ᠬᠠᠤᠯᠢ ᠪᠠᠷ ᠵᠠᠰᠠᠬᠤ᠂ ᠳᠡᠯᠡᠬᠡᠶᠢᠴᠢᠯᠡᠬᠦ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠣᠶ ᠪᠣᠯᠭᠠᠵᠤ᠂ ᠡᠯ᠎ᠡ ᠵᠦᠢᠯ ᠤᠨ ᠥᠮᠴᠢᠯᠡᠯ ᠤᠨ ᠠᠵᠤ ᠠᠬᠤᠢ ᠳᠤ ᠬᠠᠤᠯᠢ ᠶᠣᠰᠣᠭᠠᠷ ᠡᠷᠬᠡ ᠲᠡᠭᠰᠢ ᠪᠠᠷ ᠦᠢᠯᠡᠳᠪᠦᠷᠢᠯᠡᠯ ᠤᠨ ᠬᠦᠴᠦᠨ ᠵᠦᠢᠯ ᠢ ᠬᠡᠷᠡᠭᠯᠡᠬᠦ᠂ ᠵᠠᠬ᠎ᠠ ᠳᠡᠯᠭᠡᠭᠦᠷ ᠤᠨ ᠥᠷᠢᠰᠦᠯᠳᠦᠭᠡᠨ ᠳᠤ ᠡᠷᠬᠡ ᠲᠡᠭᠰᠢ ᠪᠠᠷ ᠣᠷᠣᠯᠴᠠᠬᠤ᠂ ᠬᠠᠤᠯᠢ ᠴᠠᠭᠠᠵᠠ ᠶᠢᠨ ᠬᠠᠮᠠᠭᠠᠯᠠᠯᠲᠠ ᠶᠢ ᠠᠳᠠᠯᠢ ᠲᠡᠭᠰᠢ ᠪᠠᠷ ᠬᠦᠷᠲᠡᠭᠡᠨ᠎ᠡ᠃   ᠠᠷᠪᠠᠨ ᠨᠠᠢᠮᠠᠳᠤᠭᠠᠷ ᠵᠦᠢᠯ᠄ ᠥᠪᠡᠷᠲᠡᠭᠡᠨ ᠵᠠᠰᠠᠬᠤ ᠣᠷᠣᠨ ᠠᠶᠤᠯ ᠦᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠣᠯᠣᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠᠨ ᠴᠢᠩᠭᠠᠳᠬᠠᠵᠤ᠂ ᠠᠶᠤᠯ ᠦᠭᠡᠢ ᠶᠢ ᠲᠡᠷᠢᠭᠦᠨ ᠳᠤ ᠲᠠᠯᠪᠢᠬᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠶᠡᠷᠦᠩᠬᠡᠶᠢᠯᠡᠨ ᠵᠠᠰᠠᠬᠤ ᠴᠢᠭᠯᠡᠯᠲᠡ ᠶᠢ ᠪᠠᠷᠢᠮᠲᠠᠯᠠᠨ᠂ ᠠᠶᠤᠯ ᠦᠭᠡᠢ ᠦᠢᠯᠡᠳᠪᠦᠷᠢᠯᠡᠯ ᠤᠨ ᠳᠦᠷᠢᠮ ᠲᠣᠭᠲᠠᠭᠠᠯ ᠢ ᠪᠠᠶᠢᠭᠤᠯᠤᠨ ᠪᠦᠷᠢᠨᠰᠢᠭᠦᠯᠵᠦ᠂ ᠠᠶᠤᠯ ᠦᠭᠡᠢ ᠦᠢᠯᠡᠳᠪᠦᠷᠢᠯᠡᠯ   ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠠᠶᠤᠯ ᠦᠭᠡᠢ ᠦᠢᠯᠡᠳᠪᠦᠷᠢᠯᠡᠯ ᠤᠨ ᠣᠷᠣᠭᠤᠯᠤᠯᠲᠠ ᠶᠢ ᠪᠠᠲᠤᠯᠠᠵᠤ᠂ ᠦᠢᠯᠡᠳᠪᠦᠷᠢᠯᠡᠯ   ᠤᠨ ᠠᠶᠤᠯ ᠦᠭᠡᠢ ᠶᠢᠨ ᠡ᠊ᠨᠳᠡᠯ ᠢ ᠰᠡᠷᠭᠡᠶᠢᠯᠡᠨ ᠪᠠᠭᠠᠰᠬᠠᠬᠤ ᠬᠡᠷᠡᠭᠲᠡᠢ᠃
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号