ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠳᠤᠬᠡᠨ ᠪᠠᠶᠢᠭᠤᠯᠬᠤ ᠲᠦᠷᠢᠮ — ᠭᠤᠷᠪᠠᠳᠤᠭᠠᠷ ᠪᠦᠯᠦᠭ
ᠨᠡᠶᠢᠲᠡᠯᠡᠭᠰᠡᠨ ᠴᠠᠭ᠄
2023/10/23
ᠭᠤᠷᠪᠠᠳᠤᠭᠠᠷ ᠪᠦᠯᠦᠭ    ᠤᠯᠤᠰ ᠲᠦᠷᠦ ᠶᠢᠨ ᠪᠠᠶᠢᠭᠤᠯᠤᠯᠲᠠ   ᠠᠷᠪᠠ ᠶᠢᠰᠦᠳᠦᠭᠡᠷ ᠵᠦᠢᠯ᠄ ᠥᠪᠡᠷᠲᠡᠭᠡᠨ ᠵᠠᠰᠠᠬᠤ ᠣᠷᠣᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠯᠤᠰ ᠲᠦᠷᠦ ᠶᠢᠨ ᠬᠥᠭᠵᠢᠯᠲᠡ ᠶᠢᠨ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠦᠭᠦᠯᠬᠦ ᠶᠢ ᠪᠠᠷᠢᠮᠲᠠᠯᠠᠵᠤ᠂ ᠠᠷᠠᠳ ᠲᠦᠮᠡᠨ ᠤ ᠭᠤᠣᠯ ᠴᠣᠭᠴᠠ ᠶᠢᠨ ᠪᠠᠶᠢᠷᠢ ᠰᠠᠭᠤᠷᠢ ᠶᠢ ᠪᠠᠷᠢᠮᠲᠠᠯᠠᠵᠤ᠂ ᠠᠷᠠᠳ ᠲᠦᠮᠡᠨ ᠤ ᠬᠦᠰᠡᠯ ᠵᠣᠷᠢᠯᠲᠠ ᠶᠢ ᠭᠦᠢᠴᠡᠳ ᠢᠯᠡᠷᠡᠭᠦᠯᠵᠦ᠂ ᠠᠷᠠᠳ ᠲᠦᠮᠡᠨ ᠤ ᠡᠷᠬᠡ ᠠᠰᠢᠭ ᠢ ᠪᠠᠲᠤᠯᠠᠵᠤ᠂ ᠠᠷᠠᠳ ᠲᠦᠮᠡᠨ ᠤ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠨ᠎ᠡ᠃   ᠬᠤᠷᠢᠳᠤᠭᠠᠷ ᠵᠦᠢᠯ᠄ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠤᠯᠤᠨ ᠲᠡᠭᠦᠨ ᠤ ᠪᠠᠶᠢᠩᠭᠤ ᠶᠢᠨ ᠬᠤᠷᠢᠶ᠎ᠠ ᠦᠨᠳᠦᠰᠦᠨ ᠬᠠᠤᠯᠢ ᠬᠠᠤᠯᠢ ᠴᠠᠭᠠᠵᠠ ᠠᠴᠠ ᠣᠯᠭᠤᠭᠰᠠᠨ ᠡᠯ᠎ᠡ ᠵᠦᠢᠯ ᠤᠨ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠢ᠃ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠬᠤ ᠳᠤ  ᠪᠠᠨ ᠳᠤᠮᠳᠠᠳᠤ ᠶᠢᠨ ᠦᠨᠳᠦᠰᠦᠲᠡᠨ ᠤ ᠨᠡᠶᠢᠲᠡᠯᠢᠭ ᠴᠢᠨᠠᠷ ᠢ ᠴᠢᠩᠭᠠᠳᠬᠠᠬᠤ ᠶᠢ ᠪᠣᠳᠣᠯᠬᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠬᠡᠷᠡᠭᠳᠡᠢ᠃   ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠲᠡᠭᠦᠨ ᠤ ᠪᠠᠶᠢᠩᠭᠤ ᠶᠢᠨ ᠬᠤᠷᠢᠶ᠎ᠠ ᠨᠢ ᠲᠤᠰᠬᠠᠢ ᠠᠵᠢᠯ ᠤᠨ ᠮᠡᠳᠡᠭᠦᠯᠦᠯᠲᠡ ᠶᠢ ᠰᠣᠨᠣᠰᠬᠤ ᠪᠠ ᠬᠢᠨᠠᠨ ᠵᠥᠪᠯᠡᠬᠦ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠬᠤ᠂ ᠲᠤᠰᠬᠠᠢ ᠰᠡᠳᠦᠪ ᠢᠶᠠᠷ ᠯᠠᠪᠯᠠᠨ ᠠᠰᠠᠭᠤᠬᠤ ᠪᠠ ᠠᠵᠢᠯ ᠤᠨ ᠦᠨᠡᠯᠡᠯᠲᠡ ᠬᠢᠬᠦ ᠶᠢ ᠥᠷᠨᠢᠭᠦᠯᠬᠦ ᠵᠡᠷᠭᠡ ᠠᠷᠭ᠎ᠠ   ᠪᠠᠷ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ ᠳᠤ ᠬᠢᠨᠠᠯᠲᠠ ᠲᠠᠯᠪᠢᠬᠤ ᠬᠡᠷᠡᠭᠲᠡᠢ᠃   ᠬᠤᠷᠢᠨ ᠨᠢᠭᠡᠳᠦᠭᠡᠷ ᠵᠦᠢᠯ᠄ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ ᠠᠷᠠᠳ ᠤᠯᠠᠨ ᠤ ᠰᠠᠨᠠᠯ ᠪᠠ ᠱᠠᠭᠠᠷᠳᠠᠯᠭ᠎ᠠ ᠶᠢ ᠰᠣᠨᠣᠰᠬᠤ ᠪᠠ ᠲᠤᠰᠬᠠᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠠᠬᠢᠭᠤᠯᠬᠤ ᠵᠥᠪᠯᠡᠯᠭᠡ ᠰᠠᠨᠠᠭᠤᠯᠭ᠎ᠠ ᠶᠢ ᠢᠳᠡᠪᠬᠢᠲᠡᠢ ᠪᠠᠷ ᠳᠤᠷᠠᠳᠴᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠳᠠᠭᠤᠷᠢᠶᠠᠯ ᠪᠣᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃   ᠬᠤᠷᠢᠨ ᠬᠤᠶᠠᠳᠤᠭᠠᠷ ᠵᠦᠢᠯ᠄ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ᠂ ᠬᠢᠨᠠᠨ ᠪᠠᠶᠢᠴᠠᠭᠠᠬᠤ ᠵᠥᠪᠯᠡᠯ᠂ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠨᠤᠭᠤᠳ ᠬᠠᠤᠯᠢ ᠴᠠᠭᠠᠵᠠ ᠬᠠᠤᠯᠢ ᠲᠣᠭᠲᠠᠭᠠᠯ ᠪᠠ ᠬᠤᠯᠪᠣᠭᠳᠠᠯ ᠪᠦᠬᠦᠢ ᠰᠢᠢᠳᠪᠦᠷᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠪᠠᠶᠢᠩᠭᠤ ᠶᠢᠨ ᠬᠤᠷᠢᠶ᠎ᠠ ᠳᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ ᠢᠶᠠᠨ ᠬᠠᠤᠯᠢ ᠶᠣᠰᠣᠭᠠᠷ ᠮᠡᠳᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠢ᠃   ᠬᠤᠷᠢᠨ ᠭᠤᠷᠪᠠᠳᠤᠭᠠᠷ ᠵᠦᠢᠯ᠄ ᠥᠪᠡᠷᠲᠡᠭᠡᠨ ᠵᠠᠰᠠᠬᠤ ᠣᠷᠣᠨ ᠪᠥᠬᠦ ᠶᠠᠪᠤᠴᠠ ᠳᠤ ᠠᠷᠠᠳ ᠤᠨ ᠠᠷᠠᠳᠴᠢᠯᠠᠯ ᠢ ᠬᠥᠭᠵᠢᠭᠦᠯᠵᠦ᠂ ᠠᠷᠠᠳ ᠲᠦᠮᠡᠨ ᠤ ᠡᠮᠬᠢ ᠵᠢᠷᠤᠮ ᠲᠠᠢ ᠪᠠᠷ ᠤᠯᠤᠰ ᠲᠥᠷᠥ ᠳᠤ ᠣᠷᠣᠯᠴᠠᠬᠤ ᠶᠢ ᠥᠷᠭᠡᠳᠬᠡᠨ᠂ ᠠᠷᠠᠳ ᠲᠦᠮᠡᠨ   ᠤ ᠠᠷᠠᠳᠴᠢᠯᠠᠯ ᠢᠶᠠᠷ ᠰᠣᠩᠭᠤᠭᠤᠯᠢ ᠶᠠᠪᠤᠭᠤᠯᠬᠤ᠂ ᠠᠷᠠᠳᠴᠢᠯᠠᠯ ᠢᠶᠠᠷ ᠵᠥᠪᠳᠡᠯᠴᠡᠬᠦ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠷᠠᠳᠴᠢᠯᠠᠯ ᠢᠶᠠᠷ ᠬᠠᠮᠢᠶᠠᠷᠬᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠬᠠᠤᠯᠢ ᠶᠣᠰᠣᠭᠠᠷ ᠬᠡᠷᠡᠭᠵᠢᠭᠦᠯᠬᠦ ᠶᠢ ᠪᠠᠲᠤᠯᠠᠵᠤ᠂ ᠠᠷᠠᠳ ᠤᠯᠠᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠲᠦᠭᠡᠨ ᠪᠠᠶᠢᠭᠤᠯᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ᢭ᠢ ᠪᠠᠳᠠᠷᠠᠭᠤᠯᠤᠨ᠂ ᠠᠮᠢᠳᠤ ᠴᠣᠪᠣᠭᠤᠯᠢᠭ᠂ ᠲᠦᠪᠰᠢᠷᠡᠨ ᠪᠦᠯᠬᠦᠮᠳᠡᠭᠰᠡᠨ ᠤᠯᠤᠰ ᠲᠥᠷᠥ ᠶᠢᠨ ᠪᠠᠶᠢᠳᠠᠯ ᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ᠃   ᠬᠤᠷᠢᠨ ᠳᠥᠷᠪᠡᠳᠦᠭᠡᠷ ᠵᠦᠢᠯ᠄ ᠭᠠᠴᠠᠭᠠᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠦᠨᠳᠦᠰᠦᠨ ᠱᠠᠲᠤᠨ ᠤ ᠰᠢᠭᠤᠳ ᠠᠷᠠᠳᠴᠢᠯᠠᠯ ᠤᠨ ᠳᠦᠷᠢᠮ ᠤᠨ ᠰᠢᠰᠲ᠋ᠧᠮ ᠪᠠ ᠠᠵᠢᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠣᠯᠠᠨ ᠲᠦᠮᠡᠨ ᠤ ᠥᠪᠡᠷ ᠢ ᠪᠠᠨ ᠬᠠᠮᠢᠶᠠᠷᠬᠤ ᠂ ᠥᠪᠡᠷ ᠤᠨ ᠪᠡᠶ᠎ᠡ ᠳᠤ ᠪᠠᠨ ᠦᠢᠯᠡᠴᠢᠯᠡᠬᠦ᠂ ᠥᠪᠡᠷ ᠢ ᠪᠠᠨ ᠬᠥᠮᠥᠵᠢᠭᠦᠯᠬᠦ᠂ ᠥᠪᠡᠷ ᠤᠨ ᠪᠡᠶ᠎ᠡ ᠳᠤ ᠪᠠᠨ ᠬᠢᠨᠠᠯᠲᠠ ᠲᠠᠯᠪᠢᠬᠤ ᠶᠢᠨ ᠪᠣᠳᠠᠲᠤ ᠦᠷ᠎ᠡ ᠪᠦᠲᠦᠮᠵᠢ ᠶᠢ ᠴᠢᠩᠭᠠᠷᠠᠭᠤᠯᠵᠤ᠂ ᠠᠵᠢᠯ ᠶᠠᠪᠤᠳᠠᠯ ᠭᠦᠢᠴᠡᠳᠬᠡᠬᠦ ᠶᠢ ᠢᠯᠡᠵᠢᠬᠦᠯᠬᠦ ᠳᠦᠷᠢᠮ ᠢ ᠲᠡᠭᠦᠯᠳᠡᠷᠵᠢᠭᠦᠯᠦᠨ᠂ ᠦᠨᠳᠦᠰᠦᠨ ᠱᠠᠲᠤᠨ ᠤ ᠡᠯ᠎ᠡ ᠲᠥᠷᠥᠯ ᠤᠨ ᠬᠠᠮᠲᠤᠯᠢᠭ ᠤᠨ ᠦᠨᠳᠦᠰᠦᠨ ᠱᠠᠲᠤᠨ ᠤ ᠵᠠᠰᠠᠯᠲᠠ ᠳᠤ ᠡᠮᠬᠢ ᠵᠢᠷᠤᠮ ᠲᠠᠢ ᠪᠠᠷ ᠣᠷᠣᠯᠴᠠᠬᠤ ᠠᠷᠭ᠎ᠠ ᠵᠠᠮ ᠢ ᠥᠷᠭᠡᠳᠬᠡᠵᠦ᠂ ᠦᠨᠳᠦᠰᠦᠨ ᠱᠠᠲᠤᠨ ᠤ ᠣᠯᠠᠨ ᠲᠦᠮᠡᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ  ᠳᠤ ᠤᠷᠤᠯᠴᠠᠬᠤ ᠶᠢ ᠪᠠᠳᠤᠯᠠᠬᠤ ᠬᠡᠷᠡᠭᠳᠡᠢ᠃
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号