ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 23 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ | ᠰᠢ ᠶᠢᠨ ᠫᠢᠩ 23 ᠤ ᠦᠳᠡ ᠶᠢᠨ ᠬᠤᠶᠢᠨ᠎ᠠ ᠵᠦᠩ ᠨᠠᠨ ᠬᠠᠢ ᠳᠤ ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ | ᠶᠡᠷᠦᠩᠬᠡᠢ ᠡᠪᠯᠡᠯ ᠤᠨ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠤᠨ ᠪᠦᠷᠢᠯᠳᠦᠭᠦᠨ ᠲᠠᠢ ᠬᠠᠮᠲᠤ ᠶᠢᠨ ᠶᠠᠷᠢᠯᠴᠠᠭ᠎ᠠ | ᠬᠢᠬᠦ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ᠃ ᠰᠢ ᠶᠢᠨ ᠫᠢᠩ᠂ ᠮᠠᠨ ᠤ ᠤᠯᠤᠰ ᠤᠨ ᠠᠵᠢᠯᠴᠢᠨ ᠤ ᠬᠥᠳᠡᠯᠭᠡᠭᠡᠨ ᠤ | ᠦᠢᠯᠡᠰ ᠪᠣᠯ ᠨᠠᠮ ᠤᠨ ᠤᠳᠤᠷᠢᠳᠤᠯᠭ᠎ᠠ ᠳᠣᠣᠷ᠎ᠠ ᠬᠥᠭᠵᠢᠵᠦ ᠢᠷᠡᠭᠰᠡᠨ ᠶᠤᠮ᠂ ᠠᠵᠢᠯᠴᠢᠨ ᠤ ᠡᠪᠯᠡᠯ ᠪᠣᠯ ᠨᠠᠮ ᠤᠨ | ᠤᠳᠤᠷᠢᠳᠤᠭᠰᠠᠨ ᠠᠵᠢᠯᠴᠢᠨ ᠠᠩᠭᠢ ᠶᠢᠨ ᠤᠯᠠᠨ ᠲᠦᠮᠡᠨᠴᠢ ᠵᠣᠬᠢᠶᠠᠨ ᠪᠠᠶᠢᠭᠤᠯᠤᠯᠲᠠ ᠮᠥᠨ᠃ ᠨᠠᠮ ᠤᠨ ᠠᠵᠢᠯᠴᠢᠨ ᠤ | ᠡᠪᠯᠡᠯ ᠳᠠᠬᠢ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠶᠠᠮᠠᠷᠪᠠ ᠴᠠᠭ ᠦᠶ᠎ᠡ᠂ ᠶᠠᠮᠠᠷᠪᠠ ᠪᠠᠶᠢᠳᠠᠯ ᠳᠣᠣᠷ᠎ᠠ ᠴᠤ | ᠭᠤᠶᠢᠪᠢᠯᠵᠠᠵᠤ ᠪᠤᠯᠬᠤ ᠦᠭᠡᠢ᠂ ᠵᠠᠶᠢᠳᠠᠵᠤ ᠪᠤᠯᠬᠤ ᠦᠭᠡᠢ᠃ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠵᠢᠯᠴᠢᠨ | ᠠᠩᠭᠢ ᠳᠤ ᠲᠦᠰᠢᠭᠯᠡᠬᠦ ᠦᠨᠳᠦᠰᠦᠨ ᠴᠢᠭᠯᠡᠯᠲᠡ ᠶᠢ ᠪᠠᠷᠢᠮᠲᠠᠯᠠᠵᠤ᠂ ᠥᠷᠭᠡᠨ ᠣᠯᠠᠨ ᠠᠵᠢᠯᠲᠠᠨ ᠠᠵᠢᠯᠴᠢᠨ ᠲᠦᠮᠡᠨ ᠤ | ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠭᠦᠢᠴᠡᠳ ᠳᠠᠶᠢᠴᠢᠯᠠᠵᠤ᠂ ᠤᠯᠤᠰ ᠢᠶᠠᠨ | ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ | ᠲᠠᠯ᠎ᠠ ᠪᠠᠷ ᠠᠬᠢᠭᠤᠯᠬᠤ ᠳᠤ ᠢᠳᠡᠪᠬᠢᠲᠡᠢ ᠣᠷᠤᠯᠴᠠᠬᠤ ᠬᠡᠷᠡᠭᠲᠡᠢ ᠭᠡᠵᠦ ᠴᠢᠬᠤᠯᠠᠴᠢᠯᠠᠪᠠ᠃ | | | | 10 ᠰᠠᠷ᠎ᠠ ᠶᠢᠨ 23 ᠤ ᠡᠳᠦᠷ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠵᠦᠩ ᠨᠠᠨ ᠬᠠᠢ ᠳᠤ ᠳᠤᠮᠳᠠᠳᠤ ᠶᠢᠨ | ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠤᠨ | ᠪᠦᠷᠢᠯᠳᠦᠭᠦᠨ ᠲᠠᠢ ᠬᠠᠮᠲᠤ ᠶᠢᠨ ᠶᠠᠷᠢᠯᠴᠠᠭ᠎ᠠ ᠬᠢᠬᠦ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ᠃ ᠰᠢᠨᠬᠤᠸᠠ ᠬᠤᠷᠢᠶ᠎ᠠ ᠶᠢᠨ | ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠱᠦᠵᠢ | ᠨᠠᠷ ᠤᠨ ᠭᠠᠵᠠᠷ ᠤᠨ ᠱᠦᠵᠢ ᠼᠠᠢ ᠴᠢ ᠬᠠᠮᠲᠤ ᠶᠢᠨ ᠶᠠᠷᠢᠯᠴᠠᠭ᠎ᠠ ᠳᠤ ᠣᠷᠣᠯᠴᠠᠪᠠ᠃ | ᠰᠢ ᠶᠢᠨ ᠫᠢᠩ ᠶᠠᠭᠤᠨ ᠤ ᠡᠮᠦᠨ᠎ᠡ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ | ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠮᠠᠨ ᠤ ᠤᠯᠤᠰ ᠤᠨ ᠠᠵᠢᠯᠴᠢᠨ ᠠᠩᠭᠢ ᠨᠠᠮ ᠪᠣᠯᠣᠨ | ᠤᠯᠤᠰ ᠤᠨ ᠠᠵᠢᠯ ᠦᠢᠯᠡᠰ ᠤᠨ ᠬᠥᠭᠵᠢᠯᠲᠡ ᠳᠤᠮᠳᠠ ᠭᠤᠣᠯᠯᠠᠭᠴᠢ ᠬᠦᠴᠦᠨ ᠤ ᠦᠢᠯᠡᠳᠦᠯ ᠢᠶᠠᠨ ᠪᠠᠳᠠᠷᠠᠭᠤᠯᠵᠤ᠂ | ᠠᠵᠢᠯᠴᠢᠨ ᠤ ᠬᠥᠳᠡᠯᠭᠡᠭᠡᠨ ᠤ ᠦᠢᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ᠂ ᠠᠵᠢᠯᠴᠢᠨ ᠤ ᠡᠪᠯᠡᠯ ᠤᠨ ᠠᠵᠢᠯ ᠪᠦᠭᠦ | ᠲᠠᠯ᠎ᠠ ᠪᠠᠷ ᠳᠠᠪᠰᠢᠵᠠᠢ᠃ ᠥᠩᠭᠡᠷᠡᠭᠰᠡᠨ 5 ᠵᠢᠯ ᠳᠤ᠂ ᠥᠷᠭᠡᠨ ᠣᠯᠠᠨ ᠠᠵᠢᠯᠲᠠᠨ ᠠᠵᠢᠯᠴᠢᠨ ᠨᠠᠮ ᠲᠠᠢ ᠰᠡᠳᠬᠢᠯ | ᠵᠢᠷᠦᠬᠡ ᠪᠠᠨ ᠬᠤᠯᠪᠣᠨ᠂ ᠨᠠᠮ ᠢᠶᠠᠨ ᠳᠠᠭᠠᠵᠤ ᠲᠡᠮᠡᠴᠡᠵᠦ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯ | ᠭᠠᠮᠰᠢᠭ ᠠᠴᠠ ᠠᠪᠤᠷᠠᠬᠤ ᠵᠡᠷᠭᠡ ᠴᠢᠬᠤᠯᠠ ᠶᠡᠭᠡ ᠠᠵᠢᠯ ᠤᠨ ᠳᠤᠮᠳᠠ᠂ ᠵᠣᠷᠢᠭᠲᠠᠢ ᠪᠠᠷ ᠬᠠᠲᠠᠭᠤ ᠳᠠᠶᠢᠯᠠᠯᠳᠤᠭᠠᠨ ᠬᠢᠬᠦ᠂ | ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠬᠦ ᠴᠠᠭ ᠦᠶ᠎ᠡ ᠶᠢᠨ ᠴᠤᠭ ᠵᠢᠪᠬᠤᠭ᠎ᠠ ᠶᠢ ᠢᠯᠡᠷᠡᠭᠦᠯᠪᠡ᠃ ᠪᠦᠭᠦ ᠤᠯᠤᠰ ᠤᠨ | ᠠᠵᠢᠯᠴᠢᠨ ᠤ ᠶᠡᠷᠦᠩᠬᠡᠢ ᠡᠪᠯᠡᠯ ᠪᠣᠯᠣᠨ ᠡᠯ᠎ᠡ ᠱᠠᠲᠤᠨ ᠤ ᠠᠵᠢᠯᠴᠢᠨ ᠤ ᠡᠪᠯᠡᠯ ᠠᠵᠢᠯᠲᠠᠨ ᠠᠵᠢᠯᠴᠢᠨ ᠤ ᠦᠵᠡᠯ ᠰᠠᠨᠠᠭ᠎ᠠ | ᠤᠯᠤᠰ ᠲᠦᠷᠦ ᠶᠢᠨ ᠵᠢᠯᠣᠭᠤᠳᠤᠯᠭ᠎ᠠ ᠶᠢ ᠴᠢᠩᠭᠠᠳᠬᠠᠵᠤ᠂ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ | ᠪᠠᠶᠢᠭᠤᠯᠤᠯᠲᠠ ᠶᠢᠨ ᠥᠭᠡᠷᠡᠴᠢᠯᠡᠯᠲᠡ ᠶᠢ ᠠᠬᠢᠭᠤᠯᠵᠤ᠂ ᠬᠥᠳᠡᠯᠮᠦᠷᠢᠴᠢᠳ ᠤᠨ ᠡᠷᠬᠡ ᠠᠰᠢᠭ ᠢ ᠪᠠᠲᠤᠯᠠᠵᠤ᠂ | ᠭᠦᠳᠡᠯᠮᠦᠷᠢ ᠶᠢᠨ ᠬᠦᠷᠢᠶᠡᠨ ᠤ ᠤᠯᠤᠰ ᠲᠦᠷᠦ ᠶᠢᠨ ᠠᠮᠤᠷ ᠲᠦᠪᠰᠢᠨ ᠢ ᠬᠠᠮᠠᠭᠠᠯᠠᠵᠤ᠂ ᠠᠵᠢᠯᠴᠢᠨ ᠤ ᠡᠪᠯᠡᠯ ᠤᠨ | ᠰᠢᠰᠲ᠋ᠧᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠲᠥᠷᠥᠴᠢ ᠴᠢᠨᠠᠷ᠂ ᠲᠡᠷᠢᠭᠦᠨ ᠤ ᠴᠢᠨᠠᠷ᠂ ᠤᠯᠠᠨ | ᠲᠦᠮᠡᠨᠴᠢ ᠴᠢᠨᠠᠷ ᠢ ᠲᠠᠰᠤᠷᠠᠯᠳᠠ ᠦᠭᠡᠢ ᠴᠢᠩᠭᠠᠳᠬᠠᠪᠠ᠃ ᠠᠵᠢᠯᠴᠢᠨ ᠠᠩᠭᠢ ᠶᠢᠨ ᠭᠠᠷᠭᠠᠭᠰᠠᠨ ᠴᠢᠬᠤᠯᠠ ᠶᠡᠭᠡ ᠬᠤᠪᠢ | ᠨᠡᠮᠡᠷᠢ᠂ ᠠᠵᠢᠯᠴᠢᠨ ᠤ ᠡᠪᠯᠡᠯ ᠤᠨ ᠠᠵᠢᠯ ᠤᠨ ᠣᠯᠣᠭᠰᠠᠨ ᠰᠢᠨ᠎ᠡ ᠠᠮᠵᠢᠯᠲᠠ ᠪᠦᠲᠦᠮᠵᠢ ᠶᠢ ᠨᠠᠮ ᠤᠨ ᠲᠥᠪ ᠬᠤᠷᠢᠶ᠎ᠠ | ᠭᠦᠢᠴᠡᠳ ᠨᠤᠲᠠᠯᠠᠵᠤ ᠪᠠᠶᠢᠨ᠎ᠠ᠃ ᠨᠠᠮ ᠤᠨ ᠲᠥᠪ ᠬᠤᠷᠢᠶ᠎ᠠ ᠠᠴᠠ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ | ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠲᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠲᠠᠯᠪᠢᠵᠤ ᠪᠠᠶᠢᠨ᠎ᠠ ᠭᠡᠵᠦ | ᠢᠯᠡᠳᠬᠡᠪᠡ᠃ | ᠰᠢ ᠶᠢᠨ ᠫᠢᠩ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠳᠤ ᠡᠷᠬᠡᠪᠰᠢ ᠠᠵᠢᠯᠴᠢᠨ ᠤ ᠡᠪᠯᠡᠯ ᠤᠨ ᠠᠵᠢᠯ ᠤᠨ ᠪᠦᠭᠦ | ᠶᠠᠪᠤᠴᠠ ᠪᠣᠯᠣᠨ ᠡᠯ᠎ᠡ ᠲᠠᠯ᠎ᠠ ᠳᠤ ᠪᠦᠭᠦ ᠲᠠᠯ᠎ᠠ ᠪᠠᠷ ᠪᠦᠲᠦᠮᠵᠢᠲᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ | ᠨᠠᠮ ᠤᠨ ᠲᠥᠪ ᠬᠤᠷᠢᠶ᠎ᠠ ᠶᠢᠨ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ | ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠨᠠᠮ ᠤᠨ ᠲᠥᠪ ᠬᠤᠷᠢᠶ᠎ᠠ ᠲᠠᠢ ᠳᠡᠭᠡᠳᠦ | ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ | ᠪᠠᠷᠢᠮᠲᠠᠯᠠᠵᠤ᠂ ᠤᠨᠤᠯ ᠤᠨ ᠵᠡᠪᠰᠡᠭᠯᠡᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠷᠭᠦᠯᠵᠢᠯᠡᠨ ᠠᠬᠢᠭᠤᠯᠵᠤ᠂ | ᠨᠠᠮ ᠤᠨ ᠰᠢᠨ᠎ᠡ ᠶᠢ ᠡᠭᠦᠳᠦᠭᠰᠡᠨ ᠤᠨᠤᠯ ᠢ ᠰᠤᠷᠤᠯᠴᠠᠨ ᠦᠢᠯᠡᠳᠦᠯᠭᠡᠵᠢᠭᠦᠯᠬᠦ ᠦᠵᠡᠯ ᠰᠠᠨᠠᠭᠠᠨ ᠤ ᠤᠬᠠᠮᠰᠠᠷ ᠪᠣᠯᠣᠨ | ᠦᠢᠯᠡ ᠠᠵᠢᠯᠯᠠᠭ᠎ᠠ ᠶᠢᠨ ᠤᠬᠠᠮᠰᠠᠷ ᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃ ︽ᠤᠯᠤᠰ ᠤᠨ ᠶᠡᠭᠡ ᠶᠠᠪᠤᠳᠠᠯ︾ | ᠢ ᠪᠠᠲᠤ ᠴᠡᠭᠡᠵᠢᠯᠡᠵᠦ᠂ ᠠᠵᠢᠯᠴᠢᠨ ᠤ ᠡᠪᠯᠡᠯ ᠤᠨ ᠠᠵᠢᠯ ᠪᠣᠯᠣᠨ ᠨᠠᠮ ᠤᠨ ᠭᠤᠣᠯ ᠡᠭᠦᠷᠭᠡ ᠶᠢᠨ ᠤᠶᠠᠯᠳᠤᠯ ᠤᠨ ᠴᠡᠭ᠂ | ᠭᠠᠷᠳᠠᠬᠤ ᠴᠡᠭ᠂ ᠬᠦᠴᠦᠯᠡᠬᠦ ᠴᠡᠭ ᠢ ᠣᠨᠣᠪᠴᠢᠲᠠᠢ ᠣᠯᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠠᠵᠢᠯᠴᠢᠨ ᠤ ᠡᠪᠯᠡᠯ ᠤᠨ ᠰᠢᠰᠲ᠋ᠧᠮ ᠳᠤ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ | ᠬᠡᠷᠡᠭᠲᠡᠢ᠃ ᠦᠵᠡᠯ ᠰᠠᠨᠠᠭ᠎ᠠ ᠤᠯᠤᠰ ᠲᠥᠷᠥ ᠶᠢᠨ ᠲᠠᠯ᠎ᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠠᠵᠢᠯᠲᠠᠨ | ᠠᠵᠢᠯᠴᠢᠨ ᠤ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠢ ᠰᠠᠶᠢᠲᠤᠷ ᠬᠢᠵᠦ᠂ ᠥᠷᠭᠡᠨ ᠣᠯᠠᠨ ᠠᠵᠢᠯᠲᠠᠨ ᠠᠵᠢᠯᠴᠢᠨ ᠢ | ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ ᠪᠠᠷ ᠬᠥᠮᠥᠵᠢᠭᠦᠯᠦᠨ ᠵᠢᠯᠤᠭᠤᠳᠴᠤ᠂ | ᠠᠵᠢᠯᠴᠢᠨ ᠠᠩᠭᠢ ᠶᠢᠨ ᠢᠮᠠᠭᠲᠠ ᠮᠠᠨ ᠤ ᠨᠠᠮ ᠤᠨ ᠬᠠᠮᠤᠭ ᠤᠨ ᠪᠠᠲᠤ ᠪᠠᠬᠢ ᠬᠠᠮᠤᠭ ᠤᠨ ᠨᠠᠶᠢᠳᠠᠪᠤᠷᠢᠲᠠᠢ ᠠᠩᠭᠢ ᠶᠢᠨ | ᠰᠠᠭᠤᠷᠢ ᠪᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠥᠷᠭᠡᠨ ᠤᠯᠠᠨ ᠠᠵᠢᠯᠲᠠᠨ ᠠᠵᠢᠯᠴᠢᠨ ᠢ ᠨᠠᠮ ᠤᠨ ᠲᠣᠭᠤᠷᠢᠨ ᠳᠤ ᠨᠢᠭᠲᠠ ᠪᠦᠯᠬᠦᠮᠳᠡᠭᠦᠯᠵᠦ᠂ | ᠨᠠᠮ ᠤᠨ ᠭᠤᠣᠯ ᠡᠭᠦᠷᠭᠡ ᠶᠢ ᠪᠡᠶᠡᠯᠡᠭᠦᠯᠬᠦ ᠶᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ᠃ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠲᠠᠢ ᠤᠶᠠᠯᠳᠤᠭᠤᠯᠵᠤ᠂ ᠡᠯ᠎ᠡ ᠵᠦᠢᠯ ᠤᠨ ᠭᠡᠯᠪᠡᠷᠢ ᠶᠢᠨ ᠭᠦᠳᠡᠯᠮᠦᠷᠢ ᠪᠠ ᠤᠷ᠎ᠠ | ᠴᠢᠳᠠᠪᠤᠷᠢ ᠶᠢᠨ ᠤᠷᠤᠯᠳᠤᠭᠠᠨ ᠢ ᠥᠷᠭᠡᠨ ᠢᠶᠠᠷ ᠭᠦᠨᠵᠡᠭᠡᠢ ᠥᠷᠨᠢᠭᠦᠯᠵᠦ᠂ ᠥᠷᠭᠡᠨ ᠣᠯᠠᠨ ᠠᠵᠢᠯᠲᠠᠨ ᠠᠵᠢᠯᠴᠢᠨ ᠤ | ᠭᠦᠳᠡᠯᠮᠦᠷᠢ ᠶᠢᠨ ᠬᠠᠯᠠᠭᠤᠨ ᠰᠡᠳᠬᠢᠯᠭᠡ᠂ ᠡᠭᠦᠳᠦᠨ ᠪᠦᠲᠦᠭᠡᠬᠦ ᠳᠠᠯᠳᠠ ᠴᠢᠳᠠᠪᠤᠷᠢ ᠶᠢ ᠬᠥᠭᠵᠢᠭᠡᠵᠦ᠂ ᠡᠯ᠎ᠡ ᠠᠵᠢᠯ | ᠲᠥᠷᠥᠯ ᠡᠯ᠎ᠡ ᠬᠦᠷᠢᠶᠡᠨ ᠳᠤ ᠭᠤᠣᠯ ᠬᠦᠴᠦᠨ ᠤ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠬᠡᠷᠡᠭᠲᠡᠢ᠃ | ᠭᠦᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠭᠦᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ | ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠭᠦᠳᠡᠯᠮᠦᠷᠢ ᠶᠢᠨ ᠵᠢᠱᠢᠶᠡᠴᠢ ᠤᠷᠠᠨ ᠳᠠᠷᠬᠠᠨ ᠤ ᠵᠢᠱᠢᠶ᠎ᠡ ᠦᠵᠡᠭᠦᠯᠵᠦ ᠬᠥᠲᠥᠯᠥᠨ | ᠳᠠᠭᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠥᠷᠭᠡᠨ ᠣᠯᠠᠨ ᠠᠵᠢᠯᠲᠠᠨ ᠠᠵᠢᠯᠴᠢᠨ ᠤ ᠰᠢᠷᠭᠠᠭᠤ ᠭᠦᠳᠡᠯᠮᠦᠷᠢ᠂ | ᠦᠨᠡᠨᠴᠢ ᠭᠦᠳᠡᠯᠮᠦᠷᠢ᠂ ᠪᠦᠲᠦᠭᠡᠯᠴᠢ ᠭᠦᠳᠡᠯᠮᠦᠷᠢ ᠶᠢᠨ ᠳᠤᠮᠳᠠ ᠬᠦᠰᠡᠯ ᠵᠡᠭᠦᠳᠦ ᠪᠠᠨ ᠲᠡᠷᠭᠡᠯᠰᠢᠭᠦᠯᠬᠦ ᠶᠢ ᠵᠣᠷᠢᠭᠵᠢᠭᠤᠯᠬᠤ | ᠬᠡᠷᠡᠭᠲᠡᠢ᠃ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ | ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠰᠢᠨ᠎ᠡ ᠶᠢ ᠡᠭᠦᠳᠬᠦ ᠬᠥᠭᠵᠢᠯᠲᠡ ᠪᠠᠷ | ᠬᠥᠳᠡᠯᠭᠡᠭᠦᠷ ᠪᠤᠯᠭᠠᠬᠰᠠᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠬᠦ ᠲᠠᠢ ᠤᠶᠠᠯᠳᠤᠭᠤᠯᠵᠤ᠂ ᠠᠵᠤ ᠦᠢᠯᠡᠰ ᠤᠨ | ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠮᠡᠳᠡᠯᠭᠡ ᠶᠢᠨ ᠭᠡᠯᠪᠡᠷᠢ ᠶᠢᠨ᠂ | ᠤᠷ᠎ᠠ ᠴᠢᠳᠠᠪᠤᠷᠢ ᠶᠢᠨ ᠭᠡᠯᠪᠡᠷᠢ ᠶᠢᠨ᠂ ᠰᠢᠨ᠎ᠡ ᠶᠢ ᠡᠭᠦᠳᠬᠦ ᠭᠡᠯᠪᠡᠷᠢ ᠶᠢᠨ ᠠᠵᠤ ᠦᠢᠯᠡᠰ ᠤᠨ ᠠᠵᠢᠯᠴᠢᠨ ᠤ ᠲᠣᠮᠣ | ᠡᠩᠨᠡᠭᠡ ᠶᠢ ᠲᠦᠷᠭᠡᠨ ᠪᠠᠶᠢᠭᠤᠯᠵᠤ᠂ ᠲᠣᠮᠣ ᠤᠯᠤᠰ ᠤᠨ ᠨᠡᠩ ᠤᠯᠠᠨ ᠤᠷᠠᠨ ᠳᠠᠷᠬᠠᠨ ᠪᠠ ᠳᠡᠭᠡᠳᠦ ᠤᠷ᠎ᠠ ᠴᠢᠳᠠᠪᠤᠷᠢ ᠲᠠᠢ | ᠴᠢᠳᠠᠪᠤᠷᠢᠲᠠᠨ ᠢ ᠬᠥᠮᠥᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠠᠵᠢᠯᠴᠢᠨ ᠠᠩᠭᠢ ᠪᠣᠯᠣᠨ ᠥᠷᠭᠡᠨ ᠣᠯᠠᠨ ᠬᠥᠳᠡᠯᠮᠦᠷᠢᠴᠢᠨ ᠤᠯᠠᠨ ᠲᠦᠮᠡᠨ ᠪᠣᠯ ᠨᠡᠶᠢᠭᠡᠮ ᠤᠨ ᠡᠳ᠋ | ᠪᠠᠶᠠᠯᠢᠭ ᠤᠨ ᠭᠤᠣᠯ ᠡᠭᠦᠳᠦᠨ ᠪᠦᠲᠦᠭᠡᠭᠴᠢ ᠮᠥᠨ᠂ ᠪᠦᠭᠦ ᠠᠷᠠᠳ ᠲᠦᠮᠡᠨ ᠤ ᠬᠠᠮᠲᠤ ᠪᠠᠷ ᠴᠢᠨᠡᠭᠡᠯᠢᠭᠵᠢᠬᠦ ᠶᠢ | ᠠᠬᠢᠭᠤᠯᠵᠤ ᠨᠠᠩ ᠢᠯᠡᠷᠬᠡᠢ ᠮᠥᠨ ᠴᠢᠨᠠᠷ ᠤᠨ ᠠᠬᠢᠴᠠ ᠲᠠᠢ ᠪᠤᠯᠭᠠᠬᠤ ᠳᠤ ᠡᠩ ᠲᠡᠷᠢᠭᠦᠨ ᠳᠤ ᠲᠦᠭ ᠲᠦᠮᠡᠨ | ᠬᠥᠳᠡᠯᠮᠦᠷᠢᠴᠢᠨ ᠤ ᠪᠡᠶ᠎ᠡ ᠳᠡᠭᠡᠷ᠎ᠡ ᠢᠯᠡᠷᠡᠭᠦᠯᠬᠦ ᠬᠡᠷᠡᠭᠲᠡᠢ᠃ ᠠᠵᠢᠯᠴᠢᠨ ᠤ ᠡᠪᠯᠡᠯ ᠨᠢ ᠠᠵᠢᠯᠲᠠᠨ ᠠᠵᠢᠯᠴᠢᠨ ᠤ ᠠᠰᠢᠭ | ᠲᠤᠰᠠ ᠶᠢᠨ ᠲᠥᠯᠥᠭᠡᠯᠡᠭᠴᠢ ᠪᠠ ᠬᠠᠮᠠᠭᠠᠯᠠᠭᠴᠢ ᠪᠣᠯᠤᠭᠰᠠᠨ ᠤ ᠬᠤᠪᠢ ᠳᠤ᠂ ᠡᠷᠬᠡ ᠠᠰᠢᠭ ᠢᠶᠠᠨ ᠬᠠᠮᠠᠭᠠᠯᠠᠬᠤ | ᠦᠢᠯᠡᠴᠢᠯᠡᠭᠡᠨ ᠤ ᠦᠨᠳᠦᠰᠦᠨ ᠲᠤᠰᠢᠶᠠᠯ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ ᠠᠵᠢᠯᠲᠠᠨ ᠠᠵᠢᠯᠴᠢᠨ | ᠲᠦᠮᠡᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠪᠣᠳᠠᠲᠠᠢ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ | ᠰᠢᠨ᠎ᠡ ᠠᠵᠢᠯ ᠣᠯᠭᠤᠯᠲᠠ ᠶᠢᠨ ᠭᠡᠯᠪᠡᠷᠢ ᠶᠢᠨ ᠬᠥᠳᠡᠯᠮᠦᠷᠢᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢ | ᠴᠢᠬᠤᠯᠠᠴᠢᠯᠠᠬᠤ ᠬᠡᠷᠡᠭᠲᠡᠢ᠃ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠷᠠᠳᠴᠢᠯᠠᠭᠰᠠᠨ ᠬᠠᠮᠢᠶᠠᠷᠤᠯᠲᠠ ᠶᠢ | ᠴᠢᠩᠭᠠᠳᠬᠠᠵᠤ᠂ ᠠᠵᠢᠯᠲᠠᠨ ᠠᠵᠢᠯᠴᠢᠨ ᠤ ᠬᠦᠰᠡᠯ ᠱᠠᠭᠠᠷᠳᠠᠯᠭ᠎ᠠ ᠪᠠᠨ ᠢᠯᠡᠳᠬᠡᠬᠦ ᠠᠷᠭ᠎ᠠ ᠵᠠᠮ ᠢ ᠰᠢᠯᠤᠭᠤᠳᠬᠠᠵᠤ᠂ | ᠠᠵᠢᠯᠲᠠᠨ ᠠᠵᠢᠯᠴᠢᠨ ᠤ ᠬᠠᠤᠯᠢ ᠶᠣᠰᠣᠭᠠᠷ ᠥᠪᠡᠷ ᠤᠨ ᠡᠷᠬᠡ ᠠᠰᠢᠭ ᠢᠶᠠᠨ ᠬᠠᠮᠠᠭᠠᠯᠠᠬᠤ ᠶᠢ ᠬᠥᠲᠥᠯᠥᠨ ᠵᠢᠯᠤᠭᠤᠳᠴᠤ᠂ | ᠡᠶ᠎ᠡ ᠵᠣᠬᠢᠴᠠᠩᠭᠤᠢ ᠭᠦᠳᠡᠯᠮᠦᠷᠢ ᠶᠢᠨ ᠬᠠᠷᠢᠴᠠᠭ᠎ᠠ ᠪᠠᠶᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠠᠵᠢᠯᠴᠢᠨ ᠤ ᠡᠪᠯᠡᠯ ᠤᠨ ᠥᠭᠡᠷᠡᠴᠢᠯᠡᠯᠲᠡ ᠪᠠ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ | ᠂ ᠦᠨᠳᠦᠰᠦᠨ ᠱᠠᠲᠤ ᠶᠢ ᠶᠡᠭᠡ ᠪᠠᠷ ᠠᠳᠬᠤᠬᠤ ᠢᠯᠡ ᠲᠣᠳᠣ ᠤᠳᠤᠷᠢᠳᠤᠮᠵᠢ ᠶᠢ ᠪᠠᠲᠤ ᠪᠤᠶ ᠪᠤᠯᠭᠠᠵᠤ᠂ ᠦᠨᠳᠦᠰᠦᠨ | ᠱᠠᠲᠤᠨ ᠤ ᠰᠠᠭᠤᠷᠢ ᠶᠢ ᠪᠠᠬᠢᠵᠢᠭᠦᠯᠵᠦ᠂ ᠦᠨᠳᠦᠰᠦᠨ ᠱᠠᠲᠤᠨ ᠤ ᠠᠮᠢᠵᠢᠷᠠᠯ ᠤᠨ ᠬᠦᠴᠦᠨ ᠢ ᠬᠥᠭᠵᠢᠭᠡᠵᠦ᠂ ᠦᠨᠳᠦᠰᠦᠨ | ᠱᠠᠲᠤᠨ ᠤ ᠠᠵᠢᠯᠴᠢᠨ ᠤ ᠡᠪᠯᠡᠯ ᠤᠨ ᠬᠥᠲᠥᠯᠥᠨ ᠳᠠᠭᠠᠭᠤᠯᠬᠤ ᠬᠦᠴᠦᠨ᠂ ᠵᠣᠬᠢᠶᠠᠨ ᠪᠠᠶᠢᠭᠤᠯᠬᠤ ᠬᠦᠴᠦᠨ᠂ ᠦᠢᠯᠡᠴᠢᠯᠡᠬᠦ | ᠬᠦᠴᠦᠨ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠨᠢᠭᠡᠨᠲᠡ ᠪᠠᠶᠢᠭ᠎ᠠ ᠵᠣᠬᠢᠶᠠᠨ ᠪᠠᠶᠢᠭᠤᠯᠤᠯᠲᠠ ᠶᠢᠨ | ᠰᠠᠭᠤᠷᠢ ᠪᠠᠨ ᠲᠡᠭᠦᠯᠳᠡᠷᠵᠢᠭᠦᠯᠵᠦ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠠᠮᠤᠷᠬᠤ ᠬᠡᠪᠴᠢᠶ᠎ᠡ ᠶᠢ | ᠥᠷᠭᠡᠳᠬᠡᠬᠦ ᠬᠡᠷᠡᠭᠲᠡᠢ᠃ ᠠᠵᠢᠯ ᠤᠨ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠠᠵᠢᠯᠲᠠᠨ ᠠᠵᠢᠯᠴᠢᠨ | ᠲᠦᠮᠡᠨ ᠳᠤ ᠨᠠᠷᠢᠯᠢᠭ ᠣᠨᠣᠴᠠᠲᠠᠢ᠂ ᠳᠣᠲᠣᠨᠣ ᠦᠢᠯᠡᠴᠢᠯᠡᠭᠡ ᠬᠠᠩᠭᠠᠬᠤ ᠪᠠᠷ ᠴᠢᠷᠮᠠᠶᠢᠬᠤ ᠬᠡᠷᠡᠭᠲᠡᠢ᠃ ᠠᠵᠢᠯᠴᠢᠨ ᠤ | ᠡᠪᠯᠡᠯ ᠤᠨ ᠺᠠᠳ᠋ᠷᠴᠤᠳ ᠨᠠᠮ ᠤᠨ ᠤᠯᠠᠨ ᠲᠦᠮᠡᠨᠴᠢ ᠱᠤᠭᠤᠮ ᠢ ᠦᠢᠯᠡᠳᠦᠯᠭᠡᠵᠢᠭᠦᠯᠵᠦ᠂ ᠭᠦᠨᠵᠡᠭᠡᠢ ᠪᠠᠶᠢᠴᠠᠭᠠᠨ | ᠰᠤᠳᠤᠯᠤᠯᠲᠠ ᠬᠢᠵᠦ᠂ ᠠᠵᠢᠯᠲᠠᠨ ᠠᠵᠢᠯᠴᠢᠨ ᠤ ᠪᠤᠳᠤᠵᠤ ᠰᠠᠨᠠᠭᠰᠠᠨ ᠵᠦᠢᠯ ᠢ ᠴᠠᠭ ᠲᠤᠬᠠᠢ ᠳᠤᠨᠢ ᠣᠶᠢᠯᠠᠭᠠᠵᠤ᠂ | ᠠᠵᠢᠯᠲᠠᠨ ᠠᠵᠢᠯᠴᠢᠨ ᠳᠤ ᠦᠢᠯᠡᠴᠢᠯᠡᠬᠦ ᠴᠢᠳᠠᠪᠤᠷᠢ ᠪᠠᠨ ᠲᠠᠰᠤᠷᠠᠯᠳᠠ ᠦᠭᠡᠢ ᠴᠢᠩᠭᠠᠳᠬᠠᠵᠤ᠂ ᠦᠨᠡᠨ | ᠰᠡᠳᠬᠢᠯ ᠠᠴᠠ ᠪᠠᠨ ᠠᠵᠢᠯᠲᠠᠨ ᠠᠵᠢᠯᠴᠢᠨ ᠤ ᠲᠥᠯᠥᠭᠡ ᠦᠭᠡ ᠬᠡᠯᠡᠵᠦ ᠠᠵᠢᠯ ᠶᠠᠪᠤᠳᠠᠯ ᠬᠢᠬᠦ ᠬᠡᠷᠡᠭᠲᠡᠢ᠃ ᠪᠦᠭᠦ | ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠬᠢᠨ ᠲᠦᠷᠦᠭᠦᠯᠡᠨ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ | ᠂ ᠦᠯᠢᠭᠡᠷ ᠳᠠᠭᠤᠷᠢᠶᠠᠯ ᠪᠣᠯᠵᠤ᠂ ᠵᠢᠱᠢᠶ᠎ᠡ ᠦᠵᠡᠭᠦᠯᠵᠦ᠂ ᠨᠠᠮ ᠢ ᠰᠠᠨᠠᠭ᠎ᠠ ᠠᠮᠤᠷ ᠪᠠᠶᠢᠯᠭᠠᠬᠤ᠂ ᠠᠷᠠᠳ ᠲᠦᠮᠡᠨ ᠢ | ᠰᠡᠳᠬᠢᠯ ᠬᠠᠨᠤᠮᠵᠢᠲᠠᠢ ᠪᠠᠶᠢᠯᠭᠠᠬᠤ ᠵᠢᠱᠢᠶᠡᠴᠢ ᠤᠯᠤᠰ ᠲᠦᠷᠦ ᠶᠢᠨ ᠪᠠᠶᠢᠭᠤᠯᠭ᠎ᠠ ᠪᠤᠯᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠰᠢ ᠶᠢᠨ ᠫᠢᠩ᠂ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠬᠢᠨ ᠠᠵᠢᠯᠴᠢᠨ ᠤ ᠡᠪᠯᠡᠯ ᠪᠣᠯᠣᠨ ᠠᠵᠢᠯᠴᠢᠨ ᠤ ᠡᠪᠯᠡᠯ ᠤᠨ | ᠠᠵᠢᠯ ᠳᠠᠬᠢ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯᠴᠢᠨ ᠤ ᠡᠪᠯᠡᠯ ᠤᠨ ᠤᠳᠤᠷᠢᠳᠬᠤ ᠪᠠᠭ ᠢ ᠰᠠᠶᠢᠲᠤᠷ ᠰᠣᠩᠭᠤᠨ | ᠲᠣᠬᠢᠷᠠᠭᠤᠯᠵᠤ᠂ ᠠᠵᠢᠯᠴᠢᠨ ᠤ ᠡᠪᠯᠡᠯ ᠤᠨ ᠺᠠᠳ᠋ᠷ ᠢ ᠬᠠᠯᠠᠭᠤᠨ ᠢᠶᠠᠷ ᠬᠠᠯᠠᠮᠵᠢᠯᠠᠨ ᠴᠢᠩᠭ᠎ᠠ ᠱᠠᠭᠠᠷᠳᠠᠵᠤ᠂ ᠠᠵᠢᠯᠴᠢᠨ ᠤ | ᠡᠪᠯᠡᠯ ᠤᠨ ᠺᠠᠳ᠋ᠷ ᠢ ᠬᠥᠮᠥᠵᠢᠭᠦᠯᠦᠨ ᠬᠡᠷᠡᠭᠯᠡᠬᠦ ᠶᠢ ᠴᠢᠬᠤᠯᠠᠴᠢᠯᠠᠬᠤ ᠬᠡᠷᠡᠭᠲᠡᠢ᠃ ᠠᠵᠢᠯᠴᠢᠨ ᠤ ᠡᠪᠯᠡᠯ ᠤᠨ ᠵᠣᠬᠢᠶᠠᠨ | ᠪᠠᠶᠢᠭᠤᠯᠤᠯᠲᠠ ᠶᠢᠨ ᠦᠢᠯᠡᠳᠦᠯ ᠢ ᠴᠢᠬᠤᠯᠠᠴᠢᠯᠠᠨ ᠪᠠᠳᠠᠷᠠᠭᠤᠯᠵᠤ᠂ ᠠᠵᠢᠯᠲᠠᠨ ᠠᠵᠢᠯᠴᠢᠨ ᠤᠯᠠᠨ ᠲᠦᠮᠡᠨ ᠪᠠ | ᠠᠵᠢᠯᠴᠢᠨ ᠤ ᠡᠪᠯᠡᠯ ᠤᠨ ᠠᠵᠢᠯ ᠳᠤ ᠲᠤᠯᠭᠠᠷᠠᠭᠰᠠᠨ ᠴᠢᠬᠤᠯᠠ ᠠᠰᠠᠭᠤᠳᠠᠯ ᠢ ᠴᠠᠭ ᠲᠤᠬᠠᠢ ᠳᠤᠨᠢ ᠰᠤᠳᠤᠯᠵᠤ᠂ | ᠠᠵᠢᠯᠴᠢᠨ ᠤ ᠡᠪᠯᠡᠯ ᠤᠨ ᠪᠦᠲᠦᠭᠡᠯᠴᠢ ᠴᠢᠨᠠᠷᠲᠠᠢ ᠪᠠᠷ ᠠᠵᠢᠯ ᠢᠶᠠᠨ ᠥᠷᠨᠢᠭᠦᠯᠬᠦ ᠶᠢ ᠳᠡᠮᠵᠢᠬᠦ ᠬᠡᠷᠡᠭᠲᠡᠢ᠃ ᠡᠯ᠎ᠡ ᠱᠠᠲᠤᠨ ᠤ | ᠵᠠᠰᠠᠭ ᠤᠨ ᠣᠷᠳᠣᠨ ᠤ ᠬᠢᠨ ᠵᠠᠰᠠᠭ ᠤᠨ ᠣᠷᠳᠣᠨ ᠪᠣᠯᠣᠨ ᠠᠵᠢᠯᠴᠢᠨ ᠤ ᠡᠪᠯᠡᠯ ᠤᠨ ᠬᠠᠮᠲᠤᠷᠠᠭᠰᠠᠨ ᠬᠤᠷᠠᠯ ᠤᠨ | ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠠᠵᠢᠯᠴᠢᠨ ᠤ ᠡᠪᠯᠡᠯ ᠢ ᠢᠳᠡᠪᠬᠢᠲᠡᠢ ᠪᠠᠷ ᠬᠠᠪᠰᠤᠷᠤᠨ ᠠᠵᠢᠯᠲᠠᠨ ᠠᠵᠢᠯᠴᠢᠨ | ᠤᠯᠠᠨ ᠲᠦᠮᠡᠨ ᠤ ᠪᠣᠳᠠᠲᠠᠢ ᠬᠦᠴᠢᠷᠳᠡᠯ ᠪᠣᠯᠣᠨ ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠢ ᠭᠡᠵᠦ | ᠴᠢᠬᠤᠯᠠᠴᠢᠯᠠᠪᠠ᠃ | ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠸᠠᠩ ᠳ᠋ᠦᠩ ᠮᠢᠩ | ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠰᠢᠨ᠎ᠡ ᠨᠢᠭᠡ ᠬᠤᠭᠤᠴᠠᠭᠠᠨ ᠤ ᠤᠳᠤᠷᠢᠳᠬᠤ | ᠪᠠᠭ ᠢ ᠲᠥᠯᠥᠭᠡᠯᠡᠵᠦ ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ | ᠬᠤᠯᠪᠣᠭᠳᠠᠯ ᠪᠦᠬᠦᠢ ᠪᠠᠶᠢᠳᠠᠯ ᠪᠠ ᠢᠷᠡᠭᠡᠳᠦᠢ ᠶᠢᠨ 5 ᠵᠢᠯ ᠤᠨ ᠠᠵᠢᠯᠴᠢᠨ ᠤ ᠡᠪᠯᠡᠯ ᠤᠨ ᠠᠵᠢᠯ ᠤᠨ | ᠲᠣᠬᠢᠷᠠᠭᠤᠯᠤᠯᠲᠠ ᠶᠢᠨ ᠲᠤᠬᠠᠢ ᠬᠠᠷᠢᠭᠤ ᠮᠡᠳᠡᠭᠦᠯᠦᠯᠲᠡ ᠬᠢᠪᠡ᠃ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ | ᠳᠡᠳ᠋ ᠲᠡᠷᠢᠭᠦᠯᠡᠭᠴᠢ ᠰᠢᠦᠢ ᠯᠢᠦ ᠫᠢᠩ᠂ ᠶᠠᠩ ᠢᠦᠢ ᠳ᠋ᠦᠩ᠂ ᠭᠤᠤ ᠹᠧᠩ ᠯᠢᠨ ᠦᠭᠡ ᠬᠡᠯᠡᠪᠡ᠃ | ᠱᠢ ᠲᠠᠢ ᠹᠧᠩ᠂ ᠯᠢ ᠭᠠᠨ ᠵᠢᠶᠧ᠂ ᠯᠢ ᠱᠤ᠋ ᠯᠧᠢ᠂ ᠴᠧᠨ ᠸᠧᠨ ᠴᠢᠩ᠂ ᠯᠢᠦ ᠶᠢᠨ ᠭᠦᠸᠧ᠂ ᠸᠠᠩ ᠰᠢᠶᠣᠣ ᠬᠤᠩ | ᠶᠠᠷᠢᠯᠴᠠᠭ᠎ᠠ ᠳᠤ ᠣᠷᠣᠯᠴᠠᠵᠠᠢ᠃ | | |