ᠣᠷᠳᠣᠰ ᠬᠤᠳᠠ ᠶᠢᠨ ᠤᠳᠤᠭ ᠤᠨ ᠡᠮᠦᠨᠡᠲᠦ ᠬᠤᠰᠢᠭᠤ᠄ ᠤᠷᠤᠭ ᠵᠠᠩᠰᠢᠯ ᠤᠨ ᠥᠭᠡᠷᠡᠴᠢᠯᠡᠯᠲᠡ ᠶᠢ ᠠᠬᠢᠭᠤᠯᠵᠤ᠂ ᠤᠷᠤᠭ ᠬᠤᠷᠢᠮ ᠤᠨ ᠲᠠᠷᠤᠭᠠᠰᠤ ᠶᠢ ᠬᠦᠡᠭᠭᠡᠷᠡᠬᠦᠯᠵᠤ ᠪᠠᠶᠢᠨ᠎ᠠ
ᠨᠡᠶᠢᠲᠡᠯᠡᠭᠰᠡᠨ ᠴᠠᠭ᠄
2023/10/24
    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠤᠷᠤᠭ ᠭᠡᠷ ᠪᠦᠯᠢ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ  ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠨ ᠲᠥᠯᠥᠭᠡ᠂ ᠤᠳᠤᠭ ᠤᠨ ᠡᠮᠦᠨᠡᠳᠤ ᠬᠤᠰᠢᠭᠤᠨ ᠤ ᠬᠢᠨ ᠳᠡᠭᠡᠳᠦ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠤ ᠤᠷᠤᠭ ᠤᠨ ᠵᠠᠩᠰᠢᠯ ᠤᠨ ᠥᠭᠡᠷᠡᠴᠢᠯᠡᠯᠲᠡ ᠶᠢᠨ ᠪᠠᠶᠢᠳᠠᠯ ᠡᠭᠦᠷᠭᠡ ᠱᠠᠭᠠᠷᠳᠠᠯᠭ᠎ᠠ ᠶᠢ ᠪᠠᠲᠤ ᠡᠵᠡᠮᠰᠢᠵᠦ᠂ ᠪᠥᠬᠦ ᠲᠠᠯ᠎ᠠ ᠪᠠᠷ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠣᠷᠤᠭ ᠲᠠᠩᠰᠠᠯᠠᠬᠤ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠣᠷᠤᠭ ᠤᠨ ᠵᠠᠩᠰᠢᠯ ᠢ ᠥᠭᠡᠷᠡᠴᠢᠯᠡᠬᠦ ᠠᠵᠢᠯ ᠢ ᠶᠡᠭᠡ ᠪᠠᠷ ᠠᠬᠢᠭᠤᠯᠵᠤ᠂ ᠪᠣᠯᠪᠠᠰᠤᠨ ᠥᠭᠡᠳᠡᠷᠬᠡᠭ ᠣᠷᠤᠭ ᠤᠨ ᠵᠠᠩᠰᠢᠯ ᠤᠨ ᠰᠣᠶᠣᠯ ᠢ ᠪᠣᠶᠢᠵᠢᠭᠤᠯᠤᠨ᠂ ᠣᠷᠤᠭ ᠤᠨ ᠵᠠᠩ ᠳᠠᠳᠬᠠᠯ ᠤᠨ ᠥᠭᠡᠷᠡᠴᠢᠯᠡᠯᠲᠡ ᠶᠢᠨ ᠠᠵᠢᠯ ᠳᠤ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠵᠤ᠂ ᠤᠳᠤᠭ ᠤᠨ ᠡᠮᠦᠨᠡᠲᠦ ᠬᠤᠰᠢᠭᠤᠨ ᠤ ᠣᠨᠴᠠᠯᠢᠭ ᠲᠠᠢ ᠪᠦᠲᠦᠮᠵᠢᠲᠡᠶ ᠠᠷᠭ᠎ᠠ ᠪᠠᠷᠢᠯ ᠪᠠ ᠠᠮᠵᠢᠯᠲᠠ ᠲᠠᠢ ᠲᠤᠷᠰᠢᠯᠭ᠎ᠠ ᠶᠢ ᠬᠦᠴᠦᠯᠡᠨ ᠰᠦᠪᠡᠭᠴᠢᠯᠡᠵᠤ ᠪᠠᠶᠢᠨ᠎ᠠ᠃    ᠦᠢᠯᠡᠴᠢᠯᠡᠭᠡᠨ ᠤ ᠰᠢᠨ᠎ᠡ ᠶᠢ ᠡᠬᠦᠳᠪᠡ᠃ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠣᠷᠤᠭ ᠤᠨ ᠵᠢᠭᠰᠠᠭᠠᠯ ᠤᠨ ᠭᠠᠵᠠᠷ ᠢᠶᠠᠨ ᠦᠷᠭᠦᠯᠵᠢᠯᠡᠨ ᠲᠡᠭᠦᠯᠳᠡᠷᠵᠢᠭᠦᠯᠵᠦ᠂ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠰᠢᠰᠲ᠋ᠧᠮ ᠢᠶᠠᠨ ᠳᠡᠭᠡᠭᠰᠢᠯᠡᠭᠦᠯᠦᠨ᠂ ︽ᠮᠤᠵᠢ ᠠᠯᠤᠰᠯᠠᠨ ᠲᠤᠭᠤᠰᠢᠳᠠᠢ ᠭᠦᠢᠴᠡᠳᠬᠡᠬᠦ︾ ᠣᠷᠤᠭ ᠲᠠᠩᠰᠠᠯᠠᠬᠤ ᠠᠵᠢᠯ ᠳᠤ ᠪᠠᠲᠤ ᠪᠠᠬᠢ ᠰᠠᠭᠤᠷᠢ ᠲᠠᠯᠪᠢᠪᠠ᠃      ᠠᠵᠢᠯ ᠤᠨ ᠬᠠᠮᠵᠢᠯᠴᠠᠭ᠎ᠠ ᠶᠢ ᠴᠢᠩᠭᠠᠳᠬᠠᠪᠠ᠃ ᠲᠤᠰᠬᠠᠢ ᠮᠡᠷᠭᠡᠵᠢᠯ ᠤᠨ ᠨᠡᠶᠢᠭᠡᠮ ᠤᠨ ᠬᠦᠴᠦᠨ ᠢ ᠣᠷᠤᠭ ᠭᠡᠷ ᠪᠦᠯᠢ ᠶᠢᠨ ᠬᠠᠪᠰᠤᠷᠤᠨ ᠵᠢᠯᠤᠭᠤᠳᠬᠤ ᠦᠢᠯᠡᠴᠢᠯᠡᠭᠡᠨ ᠳᠤ ᠬᠠᠮᠳᠤ ᠪᠠᠷ ᠣᠷᠣᠯᠴᠠᠭᠤᠯᠵᠤ᠂ ᠣᠷᠤᠭ ᠭᠡᠷ ᠪᠦᠯᠢ ᠶᠢᠨ ᠬᠠᠪᠰᠤᠷᠤᠨ ᠵᠢᠯᠣᠭᠤᠳᠤᠭᠴᠢ ᠶᠢ ᠤᠷᠢᠵᠤ ᠣᠷᠤᠭ ᠭᠡᠷ ᠪᠦᠯᠢ ᠶᠢᠨ ᠬᠠᠪᠰᠤᠷᠤᠨ ᠵᠢᠯᠤᠭᠤᠳᠬᠤ ᠲᠠᠰᠤᠭ ᠲᠤ ᠠᠵᠢᠯᠯᠠᠭᠤᠯᠤᠨ᠂ ᠭᠡᠷ ᠪᠦᠯᠢ ᠶᠢᠨ ᠬᠥᠮᠦᠵᠢᠯ ᠤᠨ ᠤᠬᠠᠭᠤᠯᠭ᠎ᠠ᠂ ᠣᠷᠤᠭ ᠭᠡᠷ ᠪᠦᠯᠢ ᠶᠢᠨ ᠬᠠᠪᠰᠤᠷᠤᠨ ᠵᠢᠯᠤᠭᠤᠳᠬᠤ᠂ ᠵᠥᠷᠢᠴᠡᠯ ᠵᠠᠭᠤᠷᠠᠯᠳᠤᠭᠠᠨ ᠢ ᠡᠶᠡᠳᠡᠭᠦᠯᠬᠦ ᠵᠡᠷᠭᠡ ᠠᠵᠢᠯ ᠢ ᠪᠥᠬᠦ ᠲᠠᠯ᠎ᠠ ᠪᠠᠷ ᠥᠷᠨᠢᠭᠦᠯᠦᠨ᠎ᠡ᠃ ᠣᠲᠣ ᠪᠣᠯᠲᠠᠯ᠎ᠠ᠂ ᠣᠷᠤᠭ ᠰᠠᠯᠬᠤ ᠳᠠᠩᠰᠠᠯᠠᠯᠲᠠ ᠬᠢᠯᠭᠡᠬᠦ ᠪᠠᠷ ᠭᠤᠶᠤᠴᠢᠯᠠᠭᠰᠠᠨ 193 ᠬᠤᠣᠰ  ᠤᠨ 111 ᠢ ᠢᠳᠬᠠᠵᠤ ᠡᠶᠡᠳᠡᠬᠦᠯᠪᠡ᠃   ᠦᠨᠢᠷ ᠦᠳᠬᠡᠨ ᠠᠭᠤᠷ ᠠᠮᠢᠰᠬᠤᠯ ᠢ ᠪᠤᠢ ᠪᠣᠯᠭᠠᠬᠤ ᠶᠢ ᠴᠢᠩᠭᠠᠳᠬᠠᠪᠠ᠃ ᠤᠷᠤᠭᠯᠠᠬᠤ ᠠᠴᠠ ᠡᠮᠦᠨᠡᠬᠢ ᠬᠠᠪᠰᠤᠷᠤᠨ ᠵᠢᠯᠤᠭᠤᠳᠬᠤ ᠲᠥᠪ ᠭᠠᠷᠭᠠᠵᠤ᠂ ᠤᠷᠤᠭᠯᠠᠬᠤ ᠠᠴᠠ ᠡᠮᠦᠨᠡᠬᠢ ᠬᠠᠪᠰᠤᠷᠤᠨ ᠵᠢᠯᠤᠭᠤᠳᠬᠤ ᠠᠵᠢᠯ ᠢ ᠭᠦᠨᠵᠡᠭᠡᠢ ᠦᠷᠨᠢᠬᠦᠯᠪᠡ᠃ ᠸᠢᠴᠠᠲ ᠢᠶᠠᠷ ᠪᠠ ᠰᠦᠯᠵᠢᠶᠡᠨ ᠭᠠᠳᠠᠨᠠᠬᠢ ᠠᠵᠢᠯᠯᠠᠭ᠎ᠠ ᠶᠢ ᠠᠰᠢᠭᠯᠠᠨ ᠤᠷᠤᠭ ᠤᠨ ᠵᠠᠩᠰᠢᠯ ᠤᠨ ᠥᠭᠡᠷᠡᠴᠢᠯᠡᠯᠲᠡ ᠶᠢᠨ ᠤᠬᠠᠭᠤᠯᠭ᠎ᠠ ᠶᠢ ᠥᠷᠭᠡᠨ ᠢᠶᠠᠷ ᠥᠷᠨᠢᠭᠦᠯᠬᠦ ᠶᠢᠨ ᠬᠠᠮᠳᠤ ︽ᠥᠪᠥᠷ ᠮᠣᠩᠭᠤᠯ ᠤᠨ ᠠᠷᠠᠳ ᠤᠨ ᠶᠠᠪᠤᠳᠠᠯ︾ ᠵᠡᠷᠭᠡ ᠭᠤᠣᠯ ᠰᠡᠳᠬᠦᠯ ᠳᠤ ᠰᠣᠨᠢᠨ ᠮᠡᠳᠡᠭᠡ ᠨᠡᠶᠢᠲᠡᠯᠡᠵᠦ᠂ ᠣᠷᠤᠭ ᠤᠨ ᠵᠠᠩᠰᠢᠯ ᠤᠨ ᠥᠭᠡᠷᠡᠴᠢᠯᠡᠯᠲᠡ ᠶᠢ ᠬᠦᠮᠦᠰ ᠲᠤ ᠤᠶᠢᠯᠠᠭᠠᠭᠤᠯᠬᠤ ᠶᠢᠨ ᠬᠠᠮᠳᠤ ᠲᠡᠮᠵᠢᠵᠤ᠂ ᠤᠷᠤᠯᠴᠠᠬᠤ ᠶᠢ ᠳᠠᠶᠢᠴᠢᠯᠠᠪᠠ᠃   ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠲᠦᠷᠬᠡᠳᠬᠡᠪᠡ᠃ ᠬᠡᠷᠡᠭᠵᠢᠭᠦᠯᠵᠦ ᠪᠣᠯᠬᠤᠶᠢᠴᠠ᠂ ᠲᠡᠯᠬᠡᠷᠡᠬᠦᠯᠵᠤ ᠲᠡᠶᠢᠯᠬᠦᠶᠢᠴᠨ ᠲᠤᠷᠰᠢᠯᠭ᠎ᠠ ᠶᠢ ᠴᠠᠭ ᠲᠤᠬᠠᠢ ᠳᠤ ᠨᠢ ᠳ᠋ᠦᠩᠨᠡᠨ ᠰᠦᠪᠡᠭᠴᠢᠯᠡᠬᠦ ᠶᠢᠨ ᠬᠠᠮᠲᠤ᠂ ᠲᠡᠬᠦᠨ ᠢ ᠲᠥᠷᠥ ᠶᠢᠨ ᠪᠣᠳᠣᠯᠭ᠎ᠠ ᠪᠠ ᠣᠯᠠᠨ ᠲᠦᠮᠡᠨ ᠳᠤ ᠠᠰᠢᠭ ᠬᠦᠷᠲᠡᠭᠡᠬᠦ ᠦᠢᠯᠡᠴᠢᠯᠡᠭᠡᠨ ᠤ ᠵᠢᠷᠤᠮᠵᠢᠯ  ᠪᠤᠯᠭᠠᠪᠠ᠃ ᠣᠷᠤᠭ ᠲᠠᠩᠰᠠᠯᠠᠬᠤ ᠠᠵᠢᠯ ᠤᠨ ᠮᠡᠳᠡᠭᠡ ᠵᠠᠩᠭᠢᠵᠢᠯᠲᠠ᠂ ᠣᠶᠤᠨᠴᠢᠯᠠᠯᠲᠠ ᠶᠢᠨ ᠲᠦᠪᠰᠢᠨ ᠢ ᠴᠢᠷᠮᠠᠶᠢᠨ ᠳᠡᠭᠡᠭᠰᠢᠯᠡᠭᠦᠯᠵᠦ᠂ ᠰᠢᠨ᠎ᠡ ᠬᠤᠤᠰ ᠲᠤ ᠣᠷᠤᠭ ᠤᠨ ᠳᠠᠩᠰᠠᠯᠠᠯᠲᠠ᠂ ᠦᠨᠡᠮᠯᠡᠯ ᠣᠯᠭᠤᠬᠤ᠂ ᠣᠷᠤᠭ ᠤᠨ ᠵᠠᠩᠰᠢᠯ  ᠤᠨ ᠰᠣᠶᠣᠯ ᠢ ᠤᠯᠠᠮᠵᠢᠯᠠᠬᠤ ᠪᠠ ᠳᠡᠯᠭᠡᠷᠡᠭᠦᠯᠬᠦ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ ᠦᠢᠯᠡᠴᠢᠯᠡᠭᠡ ᠶᠢ ᠡᠳ᠋ᠯᠡᠬᠦᠯᠪᠡ᠃ 
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号