︽ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠵᠢᠱᠢᠶᠡᠴᠢ ᠦᠪᠡᠷᠳᠡᠬᠡᠨ ᠵᠠᠰᠠᠬᠤ ᠤᠷᠤᠨ ᠢ ᠪᠦᠬᠦ ᠲᠠᠯ᠎ᠠ ᠪᠠᠷ ᠪᠦᠳᠤᠬᠡᠨ ᠪᠠᠶᠢᠭᠤᠯᠬᠤ ᠶᠢ ᠠᠬᠢᠭᠤᠯᠬᠤ ᠲᠦᠷᠢᠮ︾ ᠳᠥᠷᠪᠡᠳᠦᠭᠡᠷ ᠪᠦᠯᠦᠭ  ᠰᠣᠶᠣᠯ ᠤᠨ ᠪᠠᠶᠢᠭᠤᠯᠤᠯᠲᠠ
ᠨᠡᠶᠢᠲᠡᠯᠡᠭᠰᠡᠨ ᠴᠠᠭ᠄
2023/10/24
    ᠬᠤᠷᠢᠨ ᠲᠠᠪᠤᠳᠤᠭᠠᠷ ᠵᠦᠢᠯ᠄ ᠥᠪᠡᠷᠲᠡᠭᠡᠨ ᠵᠠᠰᠠᠬᠤ ᠣᠷᠣᠨ ᠮᠠᠷᠺᠰ ᠤᠨ ᠦᠵᠡᠯ ᠤᠨ ᠦᠨᠳᠦᠰᠦᠨ ᠤᠭ ᠶᠣᠰᠣ ᠶᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠦᠲᠦᠭᠡᠯᠴᠢ ᠪᠠᠷ ᠬᠤᠪᠢᠷᠠᠭᠤᠯᠬᠤ᠂ ᠰᠢᠨ᠎ᠡ ᠶᠢ ᠡᠭᠦᠳᠬᠦ ᠴᠢᠨᠠᠷᠲᠠᠢ ᠪᠠᠷ ᠬᠥᠭᠵᠢᠭᠦᠯᠬᠦ ᠶᠢ ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠣᠶᠣᠯ ᠤᠨ ᠪᠠᠶᠢᠭᠤᠯᠤᠯᠲᠠ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠠᠶᠢᠭᠤᠯᠤᠯᠲᠠ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠳᠤᠮᠳᠠᠳᠤ ᠶᠢᠨ ᠰᠣᠶᠣᠯ ᠤᠨ ᠲᠤᠬᠠᠢ ᠮᠡᠳᠡᠷᠡᠮᠵᠢ ᠶᠢ ᠨᠡᠮᠡᠭᠳᠡᠭᠦᠯᠦᠨ᠎ᠡ᠃   ᠬᠤᠷᠢᠨ ᠵᠢᠷᠭᠤᠳᠤᠭᠠᠷ ᠵᠦᠢᠯ᠄ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠬᠥᠭᠵᠢᠭᠦᠯᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠢ ᠵᠢᠯᠤᠭᠤᠳᠴᠤ ᠪᠠᠶᠢᠭᠠᠳ ᠳᠤᠮᠳᠠᠳᠤ ᠶᠢᠨ ᠦᠨᠳᠦᠰᠦᠲᠡᠨ ᠪᠠ ᠳᠤᠮᠳᠠᠳᠤ ᠶᠢᠨ ᠪᠣᠯᠪᠠᠰᠤᠨ ᠤ ᠤᠯᠠᠨ ᠡᠰᠢᠲᠦ ᠨᠢᠭᠡ ᠴᠣᠭᠴᠠᠵᠢᠭᠰᠠᠨ ᠪᠠᠶᠢᠷᠢᠰᠢᠯ ᠢ ᠣᠨᠣᠪᠴᠢᠲᠠᠶ ᠲᠠᠨᠢᠭᠤᠯᠵᠤ᠂ ᠳᠤᠮᠳᠠᠳᠤ ᠶᠢᠨ ᠰᠣᠶᠣᠯ ᠪᠣᠯ ᠭᠤᠣᠯ ᠲᠤᠯᠭᠠᠭᠤᠷᠢ ᠮᠥᠨ᠂ ᠦᠨᠳᠦᠰᠦᠲᠡᠨ ᠨᠦᠭᠦᠳ ᠤᠨ ᠰᠣᠶᠣᠯ ᠪᠣᠯ ᠰᠠᠯᠠᠭ᠎ᠠ ᠨᠠᠮᠠᠭ᠎ᠠ ᠮᠥᠨ ᠭᠡᠳᠡᠭ ᠤᠨ ᠬᠠᠷᠢᠴᠠᠭ᠎ᠠ ᠶᠢ ᠣᠨᠣᠪᠴᠢᠲᠠᠶ ᠡᠵᠡᠮᠰᠢᠭᠦᠯᠵᠦ᠂ ᠦᠨᠳᠦᠰᠦᠲᠡᠨ ᠨᠦᠭᠦᠳ ᠬᠠᠮᠲᠤ ᠪᠠᠷ ᠡᠳ᠋ᠯᠡᠬᠦ ᠳᠤᠮᠳᠠᠳᠤ ᠶᠢᠨ ᠰᠣᠶᠣᠯ ᠤᠨ ᠲᠡᠮᠳᠡᠭ ᠪᠠ ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠶᠢ ᠪᠤᠢ ᠪᠣᠯᠭᠠᠨ ᠲᠤᠪᠤᠶᠢᠯᠭᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠥᠮᠥᠰ ᠤᠨ ᠰᠡᠳᠬᠢᠯ ᠢ ᠨᠢᠭᠲᠠᠷᠠᠭᠤᠯᠬᠤ᠂ ᠤᠶᠤᠨ ᠰᠠᠨᠠᠭᠠᠨ ᠤ ᠲᠦᠰᠢᠯᠴᠡᠯ ᠢ ᠠᠬᠢᠭᠤᠯᠤᠨ᠎ᠠ᠃  ᠬᠤᠷᠢᠨ ᠳᠣᠯᠣᠳᠤᠭᠠᠷ ᠵᠦᠢᠯ᠄ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠬᠤᠪᠢᠰᠬᠠᠯ ᠤᠨ ᠰᠣᠶᠣᠯ ᠢ ᠪᠠᠳᠠᠷᠠᠭᠤᠯᠵᠤ᠂ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠬᠤᠪᠢᠰᠬᠠᠯ ᠤᠨ ᠲᠡᠦᠬᠡ ᠶᠢᠨ ᠲᠦᠷᠦᠯ ᠤᠨ ᠳᠤᠷᠠᠰᠬᠠᠯ ᠤᠨ ᠲᠥᠬᠦᠭᠡᠷᠦᠮᠵᠢ᠂ ᠪᠠᠭᠤᠷᠢ ᠪᠣᠯᠣᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ ᠵᠡᠷᠭᠡ ᠠᠴᠢᠶᠠᠯᠠᠪᠤᠷᠢ ᠳᠤ ᠲᠦᠰᠢᠭᠯᠡᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠣᠷᠣᠨ ᠳᠤ ᠬᠢ ᠲᠡᠦᠬᠡ ᠶᠢ ᠭᠦᠨᠵᠡᠭᠡᠢ ᠰᠤᠳᠤᠯᠤᠨ ᠡᠮᠬᠢᠯᠡᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠢ ᠵᠢᠯᠤᠭᠤᠳᠴᠤ ᠪᠠᠶᠢᠭᠠᠳ ᠲᠡᠦᠬᠡ ᠶᠢ ᠮᠡᠳᠡᠵᠦ ᠨᠠᠮ ᠢᠶᠠᠨ ᠬᠠᠶᠢᠷᠠᠯᠠᠬᠤ᠂ ᠲᠡᠦᠬᠡ ᠶᠢ ᠮᠡᠳᠡᠵᠦ ᠤᠯᠤᠰ ᠢᠶᠠᠨ ᠬᠠᠶᠢᠷᠠᠯᠠᠬᠤ᠂ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠣᠯᠭᠠᠨ᠎ᠠ᠃   ᠬᠤᠷᠢᠨ ᠨᠠᠢᠮᠠᠳᠤᠭᠠᠷ ᠵᠦᠢᠯ᠄ ᠥᠪᠡᠷᠲᠡᠭᠡᠨ ᠵᠠᠰᠠᠬᠤ ᠣᠷᠣᠨ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠬᠥᠭᠵᠢᠭᠦᠯᠵᠦ᠂ ᠨᠠᠮ ᠪᠠᠶᠢᠭᠤᠯᠬᠤ ᠠᠭᠤᠤ ᠶᠡᠭᠡ  ᠵᠣᠷᠢᠭ ᠰᠠᠨᠠᠭ᠎ᠠ ᠪᠠᠷ ᠡᠬᠢ ᠡᠭᠦᠰᠦᠯ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤᠴᠤᠳ ᠤᠨ ᠵᠣᠷᠢᠭ ᠰᠠᠨᠠᠭᠠᠨ ᠤ ᠰᠢᠰᠲ᠋ᠧᠮ ᠢ ᠪᠠᠳᠠᠷᠠᠭᠤᠯᠵᠤ᠂ ᠲᠡᠦᠬᠡ ᠰᠣᠶᠣᠯ ᠤᠨ ᠡᠬᠢ ᠪᠠᠶᠠᠯᠢᠭ ᠢ ᠭᠦᠢᠴᠡᠳ ᠠᠭᠤᠳᠠᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠬᠤ᠂ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠣᠨ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ  ᠬᠠᠮᠳᠤ ᠪᠠᠷ ᠪᠠᠳᠠᠷᠠᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢᠶᠠᠷ ᠦᠨᠳᠦᠰᠦᠨ ᠠᠭᠤᠯᠭ᠎ᠠ ᠪᠣᠯᠭᠠᠭᠰᠠᠨ ︽ᠤᠮᠠᠷᠠᠲᠤ ᠶᠢᠨ ᠰᠣᠶᠣᠯ︾ ᠤᠨ ᠲᠦᠷᠦᠯ ᠲᠡᠮᠳᠡᠭ ᠢ ᠪᠤᠢ ᠪᠣᠯᠭᠠᠨ᠎ᠠ᠃   ᠬᠤᠷᠢ ᠶᠢᠰᠦᠳᠦᠭᠡᠷ ᠵᠦᠢᠯ᠄ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠨ ᠠᠰᠢᠭᠯᠠᠬᠤ ᠪᠠ ᠰᠣᠶᠣᠯ ᠤᠨ ᠥᠪ ᠢ ᠬᠠᠮᠠᠭᠠᠯᠠᠨ ᠵᠠᠯᠭᠠᠮᠵᠢᠯᠠᠬᠤ ᠶᠢ  ᠠᠬᠢᠭᠤᠯᠵᠤ᠂ ᠰᠣᠶᠣᠯ ᠤᠨ ᠥᠪ ᠲᠤ ᠠᠬᠤᠭᠤᠯᠤᠭᠳᠠᠵᠤ ᠪᠠᠶᠢᠭ᠎ᠠ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠤᠬᠢ ᠰᠣᠳᠣ ᠶᠢ ᠭᠦᠢᠴᠡᠳ ᠠᠭᠤᠳᠠᠯᠵᠤ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠵᠣᠷᠢᠭ ᠰᠠᠨᠠᠭ᠎ᠠ ᠶᠢ ᠠᠴᠢᠶᠠᠯᠠᠭᠰᠠᠨ ᠦᠷᠳᠡᠭ ᠤᠨ ᠲᠡᠮᠳᠡᠭ ᠪᠠ ᠰᠣᠶᠣᠯ ᠤᠨ ᠪᠦᠲᠦᠭᠡᠭᠳᠡᠬᠦᠨ ᠢ ᠨᠡᠩ ᠤᠯᠠᠨ ᠤᠯᠠᠮᠵᠢᠯᠠᠨ ᠲᠠᠷᠬᠠᠭᠠᠬᠤ ᠬᠡᠷᠡᠭᠲᠡᠢ᠃   ᠭᠤᠴᠢᠳᠤᠭᠠᠷ ᠵᠦᠢᠯ᠄ ᠥᠪᠡᠷᠲᠡᠭᠡᠨ ᠵᠠᠰᠠᠬᠤ ᠣᠷᠣᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ   ᠢ ᠪᠥᠬᠦ ᠲᠠᠯ᠎ᠠ ᠪᠠᠷ ᠲᠦᠭᠡᠮᠡᠯᠵᠢᠭᠦᠯᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠪᠥᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ  ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠰᠠᠶᠢᠲᠤᠷ ᠡᠵᠡᠮᠰᠢᠨ ᠬᠡᠷᠡᠭᠯᠡᠬᠦ ᠶᠢ ᠦᠨᠡᠨ ᠬᠦ ᠪᠠᠲᠤᠯᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠢᠨᠵᠢᠯᠡᠬᠦ ᠤᠬᠠᠭᠠᠨ ᠰᠣᠶᠣᠯ ᠤᠨ ᠬᠡᠪ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠦᠨᠳᠦᠰᠦᠲᠡᠨ ᠨᠦᠭᠦᠳ ᠤᠨ ᠦᠭᠡ ᠬᠡᠯᠡ ᠦᠰᠦᠭ ᠪᠢᠴᠢᠭ ᠢ ᠰᠢᠨᠵᠢᠯᠡᠬᠦ ᠤᠬᠠᠭᠠᠨᠴᠢ ᠪᠠᠷ ᠬᠠᠮᠠᠭᠠᠯᠠᠵᠤ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠰᠤᠷᠤᠯᠴᠠᠵᠤ ᠬᠡᠷᠡᠭᠯᠡᠬᠦ ᠶᠢ ᠬᠦᠨᠳᠦᠳᠬᠡᠨ ᠪᠠᠲᠤᠯᠠᠨ᠎ᠠ᠃   ᠭᠤᠴᠢᠨ ᠨᠢᠭᠡᠳᠦᠭᠡᠷ ᠵᠦᠢᠯ᠄ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠤᠳᠤ ᠦᠶ᠎ᠡ ᠶᠢᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠵᠦ᠂ ᠰᠣᠶᠣᠯ ᠤᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠨ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠬᠦᠷᠢᠶᠡᠨ ᠤ ᠰᠣᠶᠣᠯ᠂ ᠠᠵᠤ ᠠᠬᠤᠶᠢᠯᠠᠯ   ᠤᠨ ᠰᠤᠶᠤᠯ᠂ ᠬᠥᠳᠡᠭᠡ ᠲᠣᠰᠬᠤᠨ ᠤ ᠰᠣᠶᠣᠯ᠂ ᠰᠦᠯᠵᠢᠶᠡᠨ ᠤ ᠰᠣᠶᠣᠯ ᠵᠡᠷᠭᠡ ᠶᠢᠨ ᠪᠠᠶᠢᠭᠤᠯᠤᠯᠲᠠ ᠶᠢ ᠠᠬᠢᠭᠤᠯᠵᠤ᠂ ᠰᠣᠶᠣᠯ   ᠤᠨ ᠦᠢᠯᠡᠰ᠂ ᠰᠣᠶᠣᠯ ᠤᠨ ᠠᠵᠤ ᠦᠢᠯᠡᠰ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ᠃
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号