︽ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠵᠢᠱᠢᠶᠡᠴᠢ ᠦᠪᠡᠷᠳᠡᠬᠡᠨ ᠵᠠᠰᠠᠬᠤ ᠤᠷᠤᠨ ᠢ ᠪᠦᠬᠦ ᠲᠠᠯ᠎ᠠ ᠪᠠᠷ ᠪᠦᠳᠤᠬᠡᠨ ᠪᠠᠶᠢᠭᠤᠯᠬᠤ ᠶᠢ ᠠᠬᠢᠭᠤᠯᠬᠤ ᠲᠦᠷᠢᠮ︾  ᠲᠠᠪᠤᠳᠤᠭᠠᠷ ᠪᠦᠯᠦᠭ  ᠨᠡᠶᠢᠭᠡᠮ ᠤᠨ ᠪᠠᠶᠢᠭᠤᠯᠤᠯᠲᠠ
ᠨᠡᠶᠢᠲᠡᠯᠡᠭᠰᠡᠨ ᠴᠠᠭ᠄
2023/10/25
   ᠭᠤᠴᠢᠨ ᠬᠤᠶᠠᠳᠤᠭᠠᠷ ᠵᠦᠢᠯ᠄ ᠥᠪᠡᠷᠲᠡᠭᠡᠨ ᠵᠠᠰᠠᠬᠤ ᠣᠷᠣᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠨᠡᠶᠢᠭᠡᠮ ᠤᠨ ᠦᠢᠯᠡᠰ ᠢ ᠬᠥᠭᠵᠢᠭᠦᠯᠵᠦ᠂ ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠪᠦᠷᠢᠯᠡᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠤ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠳᠤ ᠪᠠᠷ ᠴᠢᠨᠡᠭᠡᠯᠢᠭᠵᠢᠬᠦ ᠶᠢ ᠠᠬᠢᠭᠤᠯᠵᠤ᠂ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠵᠦ᠂ ᠰᠠᠶᠢᠲᠤᠷ ᠬᠠᠮᠠᠭᠠᠯᠠᠵᠤ᠂ ᠰᠠᠶᠢᠲᠤᠷ ᠬᠥᠭᠵᠢᠭᠦᠯᠬᠦ ᠬᠡᠷᠡᠭᠲᠡᠢ᠃    ᠭᠤᠴᠢᠨ ᠭᠤᠷᠪᠠᠳᠤᠭᠠᠷ ᠵᠦᠢᠯ᠄ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠳᠠᠯ ᠦᠢᠯᠡᠰ ᠪᠤᠰᠬᠠᠬᠤ ᠲᠥᠷᠥ ᠶᠢᠨ ᠪᠣᠳᠣᠯᠭ᠎ᠠ ᠪᠠ ᠭᠤᠣᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠳᠠᠷᠤᠭᠠᠰᠤ ᠶᠢ ᠬᠥᠩᠭᠡᠯᠡᠵᠦ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠥᠷᠭᠡᠳᠬᠡᠬᠦ ᠡᠯ᠎ᠡ ᠵᠦᠢᠯ ᠤᠨ ᠠᠷᠭ᠎ᠠ ᠶᠢ ᠨᠠᠷᠢᠯᠢᠭ ᠣᠨᠣᠴᠠᠲᠠᠢ ᠪᠠᠷ ᠪᠦᠲᠦᠮᠵᠢᠲᠡᠶ ᠬᠡᠷᠡᠭᠵᠢᠭᠦᠯᠵᠦ᠂ ᠠᠵᠢᠯ ᠣᠯᠭᠤᠯᠲᠠ ᠶᠢᠨ ᠦᠨᠳᠦᠰᠦᠨ ᠠᠴᠠ ᠨᠢ ᠪᠠᠲᠤᠯᠠᠵᠤ ᠲᠡᠳᠬᠦᠬᠦ ᠶᠢ ᠴᠢᠩᠭᠠᠳᠬᠠᠨ᠂ ᠨᠠᠩ ᠭᠦᠢᠴᠡᠳ ᠨᠠᠩ ᠴᠢᠨᠠᠷ ᠰᠠᠶᠢᠲᠠᠢ ᠠᠵᠢᠯ ᠣᠯᠭᠤᠯᠲᠠ ᠶᠢ ᠪᠡᠶᠡᠯᠡᠬᠦᠯᠬᠦ ᠶᠢ ᠠᠬᠢᠭᠤᠯᠬᠤ ᠬᠡᠷᠡᠭᠳᠡᠢ᠃   ᠭᠤᠴᠢᠨ ᠳᠥᠷᠪᠡᠳᠦᠭᠡᠷ ᠵᠦᠢᠯ᠄ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠰᠤᠷᠭᠠᠨ ᠬᠥᠮᠦᠵᠢᠯ   ᠢ ᠡᠩ ᠲᠡᠷᠢᠭᠦᠨ ᠳᠤ ᠬᠥᠭᠵᠢᠭᠦᠯᠬᠦ ᠶᠢ ᠪᠠᠷᠢᠮᠲᠠᠯᠠᠨ᠂ ᠰᠤᠷᠭᠠᠨ ᠬᠥᠮᠦᠵᠢᠯ  ᠤᠨ ᠬᠤᠳᠠ ᠬᠥᠳᠡᠭᠡ᠂ ᠣᠷᠣᠨ ᠪᠦᠰᠡ᠂ ᠰᠤᠷᠭᠠᠭᠤᠯᠢ ᠶᠢᠨ ᠬᠤᠭᠤᠷᠣᠨᠳᠣᠬᠢ᠂ ᠬᠠᠮᠲᠤᠯᠢᠭ ᠤᠨ ᠵᠥᠷᠢᠶ᠎ᠡ ᠶᠢ ᠪᠠᠭᠠᠰᠬᠠᠨ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠵᠣᠬᠢᠴᠠᠩᠭᠤᠢ ᠪᠠᠷ ᠬᠥᠭᠵᠢᠬᠦ ᠶᠢ ᠠᠬᠢᠭᠤᠯᠵᠤ᠂ ᠲᠣᠭᠠᠵᠢᠭᠤᠯᠤᠭᠰᠠᠨ ᠰᠤᠷᠭᠠᠨ ᠬᠥᠮᠦᠵᠢᠯ ᠢ ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠶᠢᠨ ᠲᠣᠭᠤᠷᠢᠨ ᠳᠤ ᠥᠨᠳᠥᠷ ᠬᠡᠪ ᠴᠢᠨᠠᠷ ᠪᠦᠬᠦᠢ ᠨᠡᠩ ᠤᠯᠠᠨ ᠴᠢᠳᠠᠪᠤᠷᠢᠲᠠᠨ ᠢ ᠬᠥᠮᠥᠵᠢᠭᠦᠯᠬᠦ ᠬᠡᠷᠡᠭᠲᠡᠢ᠃   ᠭᠤᠴᠢᠨ ᠲᠠᠪᠤᠳᠤᠭᠠᠷ ᠵᠦᠢᠯ᠄ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠡᠮ ᠡᠮᠨᠡᠯᠭᠡ ᠶᠢᠨ ᠳᠠᠭᠠᠳᠬᠠᠯ᠂ ᠡᠮᠴᠢᠯᠡᠭᠡ᠂ ᠡᠮ ᠡᠮᠨᠡᠯᠭᠡ ᠶᠢᠨ ᠬᠤᠯᠪᠤᠭᠠᠯᠠᠨ ᠬᠥᠭᠵᠢᠬᠦ  ᠶᠢ ᠠᠬᠢᠭᠤᠯᠵᠤ ᠂ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠬᠦ ᠪᠠ ᠣᠷᠣᠨ ᠪᠦᠰᠡ ᠶᠢᠨ ᠲᠡᠩᠴᠡᠭᠦᠷᠢᠲᠡᠢ ᠪᠠᠶᠢᠷᠢᠰᠢᠭᠤᠯᠤᠯᠲᠠ ᠶᠢ ᠠᠬᠢᠭᠤᠯᠵᠤ᠂ ᠡᠯ᠎ᠡ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ︽ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠦ︾ ᠶᠢ ᠳᠡᠯᠭᠡᠷᠡᠭᠦᠯᠵᠦ᠂ ᠱᠠᠲᠤ ᠬᠤᠪᠢᠶᠠᠨ ᠣᠨᠣᠰᠢᠯᠠᠨ ᠡᠮᠨᠡᠬᠦ᠂ ᠬᠦᠨᠳᠦ ᠡᠪᠡᠳᠴᠢᠨ ᠤ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠬᠤ ᠳᠦᠷᠢᠮ ᠢ ᠲᠡᠭᠦᠯᠳᠡᠷᠵᠢᠭᠦᠯᠦᠨ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠣᠯᠠᠨ ᠲᠠᠰ ᠳᠠᠪᠬᠤᠷᠭ᠎ᠠ ᠶᠢᠨ ᠡᠮᠴᠢᠯᠡᠭᠡᠨ ᠤ ᠪᠠᠲᠤᠯᠠᠭ᠎ᠠ ᠶᠢᠨ ᠡᠮᠬᠢ ᠵᠢᠷᠤᠮ ᠲᠠᠢ ᠵᠣᠯᠭᠠᠯᠳᠤᠬᠤ ᠶᠢ ᠠᠬᠢᠭᠤᠯᠤᠨ᠎ᠠ᠃   ᠭᠤᠴᠢᠨ ᠵᠢᠷᠭᠤᠳᠤᠭᠠᠷ ᠵᠦᠢᠯ᠄ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ   ᠤᠨ ᠣᠷᠳᠣᠨ ᠨᠤᠭᠤᠳ ᠨᠠᠰᠤᠵᠢᠯ   ᠤᠨ ᠠᠰᠠᠷᠠᠮᠵᠢ ᠶᠢᠨ ᠦᠢᠯᠡᠰ ᠪᠣᠯᠣᠨ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠢ ᠬᠥᠭᠵᠢᠭᠦᠯᠦᠨ᠂ ᠨᠠᠰᠤᠵᠢᠯ ᠤᠨ ᠠᠰᠠᠷᠠᠮᠵᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠵᠦ᠂ ᠨᠡᠶᠢᠭᠡᠮ ᠲᠣᠭᠤᠷᠢᠭ ᠤᠨ ᠨᠠᠰᠤᠵᠢᠬᠤ ᠳᠤ ᠲᠣᠬᠢᠷᠠᠬᠤ ᠥᠭᠡᠷᠡᠴᠢᠯᠡᠯᠲᠡ ᠶᠢ ᠲᠡᠭᠦᠯᠳᠡᠷᠵᠢᠭᠦᠯᠦᠨ᠂ ᠲᠠᠷᠢᠶᠠᠯᠠᠬᠤ ᠮᠠᠯᠵᠢᠬᠤ ᠣᠷᠣᠨ   ᠤ ᠪᠣᠳᠠᠲᠤ ᠪᠠᠶᠢᠳᠠᠯ ᠳᠤ ᠨᠡᠶᠢᠴᠡᠬᠦ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠢ ᠬᠥᠭᠵᠢᠭᠦᠯᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠡᠩᠨᠡᠭᠡᠨ ᠤ ᠲᠤᠰᠬᠠᠶᠢᠵᠢᠭᠰᠠᠨ  ᠲᠦᠪᠰᠢᠨ ᠢ ᠳᠡᠭᠡᠭᠰᠢᠯᠡᠭᠦᠯᠦᠨ᠂ ᠪᠦᠬᠦ ᠨᠠᠰᠤᠲᠠᠶᠢᠴᠤᠳ ᠲᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠬᠦᠷᠲᠡᠭᠡᠬᠦ ᠶᠢ ᠠᠬᠢᠭᠤᠯᠬᠤ ᠬᠡᠷᠡᠭᠲᠡᠢ᠃   ᠭᠤᠴᠢᠨ ᠳᠣᠯᠣᠳᠤᠭᠠᠷ ᠵᠦᠢᠯ᠄ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠪᠠ ᠨᠡᠶᠢᠭᠡᠮ ᠤᠨ ᠪᠠᠲᠤᠯᠠᠭ᠎ᠠ ᠶᠢᠨ ᠬᠠᠷᠢᠴᠠᠭ᠎ᠠ ᠶᠢ ᠰᠠᠶᠢᠲᠤᠷ ᠬᠢᠬᠦ ᠬᠡᠷᠡᠭᠲᠡᠢ᠃   ᠭᠤᠴᠢᠨ ᠨᠠᠢᠮᠠᠳᠤᠭᠠᠷ ᠵᠦᠢᠯ ᠄ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠦᠨᠳᠦᠰᠦᠨ ᠱᠠᠲᠤᠨ ᠤ ᠵᠠᠰᠠᠯᠳᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠬᠤᠶᠠᠷ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯᠯᠠᠭᠠᠨ ᠢ ᠵᠢᠷᠤᠮᠵᠢᠭᠤᠯᠤᠨ᠂ ᠲᠣᠥᠷᠵᠢᠭᠤᠯᠤᠨ ᠬᠠᠮᠢᠶᠠᠷᠬᠤ᠂ ᠨᠠᠷᠢᠯᠢᠭᠵᠢᠭᠤᠯᠤᠨ ᠦᠢᠯᠡᠴᠢᠯᠡᠬᠦ᠂ ᠮᠡᠳᠡᠭᠡ ᠵᠠᠩᠭᠢᠵᠢᠯᠲᠠ ᠳᠤ ᠲᠤᠯᠭᠠᠭᠤᠷᠢᠯᠠᠭᠰᠠᠨ ᠦᠨᠳᠦᠰᠦᠨ ᠱᠠᠲᠤᠨ ᠤ ᠵᠠᠰᠠᠬᠤ ᠲᠠᠪᠴᠠᠩ ᠢ ᠲᠡᠭᠦᠯᠳᠡᠷᠵᠢᠭᠦᠯᠵᠦ᠂ ᠬᠥᠮᠥᠨ ᠪᠣᠯᠭᠠᠨ ᠬᠠᠷᠢᠭᠤᠴᠠᠯᠭ᠎ᠠ ᠲᠠᠢ᠂ ᠬᠥᠮᠥᠨ ᠪᠣᠯᠭᠠᠨ ᠬᠠᠷᠢᠭᠤᠴᠠᠯᠭ᠎ᠠ ᠪᠠᠨ ᠭᠦᠢᠴᠡᠳᠬᠡᠬᠦ ᠂ ᠬᠥᠮᠥᠨ ᠪᠣᠯᠭᠠᠨ ᠡᠳ᠋ᠯᠡᠬᠦ ᠨᠡᠶᠢᠭᠡᠮ ᠤᠨ ᠵᠠᠰᠠᠯᠲᠠ ᠶᠢᠨ ᠬᠠᠮᠲᠤ ᠶᠢᠨ ᠴᠣᠭᠴᠠ ᠶᠢ ᠪᠠᠶᠢᠭᠤᠯᠬᠤ ᠬᠡᠷᠡᠭᠲᠡᠢ᠃ ᠭᠤᠴᠢ ᠶᠢᠰᠦᠳᠦᠭᠡᠷ ᠵᠦᠢᠯ ᠄ ᠥᠪᠡᠷᠲᠡᠭᠡᠨ ᠵᠠᠰᠠᠬᠤ ᠣᠷᠣᠨ ᠰᠢᠨ᠎ᠡ ᠴᠠᠭ ᠦᠶ᠎ᠡ ᠶᠢᠨ ︽ᠹᠸᠡᠭᠴᠢᠶᠤᠤ ᠶᠢᠨ ᠲᠤᠷᠰᠢᠯᠭ᠎ᠠ︾ ︽ᠫᠦᠵᠢᠶᠠᠩ ᠤᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠥᠷᠢᠴᠡᠯ ᠵᠠᠭᠤᠷᠠᠯᠳᠤᠭᠠᠨ ᠢ ᠤᠯᠠᠨ ᠡᠰᠢᠵᠢᠭᠦᠯᠦᠨ ᠰᠢᠢᠳᠪᠦᠷᠢᠯᠡᠬᠦ ᠲᠣᠭᠲᠠᠴᠠ ᠶᠢ ᠪᠦᠷᠢᠨᠰᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠳᠦᠷᠢᠮ ᠢ ᠬᠡᠷᠡᠭᠵᠢᠭᠦᠯᠵᠦ᠂ ᠤᠯᠠᠨ ᠲᠦᠮᠡᠨ ᠤ ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ᠂ ᠠᠰᠢᠭ ᠲᠤᠰᠠ ᠶᠢ ᠵᠣᠬᠢᠴᠠᠭᠤᠯᠬᠤ᠂ ᠡᠷᠬᠡ ᠠᠰᠢᠭ ᠢ ᠪᠠᠲᠤᠯᠠᠬᠤ ᠵᠠᠮ ᠢ ᠰᠢᠯᠤᠭᠤᠳᠬᠠᠨ ᠵᠢᠷᠤᠮᠵᠢᠭᠤᠯᠤᠨ᠎ᠠ᠃ ᠳᠥᠴᠢᠳᠦᠭᠡᠷ ᠵᠦᠢᠯ ᠄ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠬᠢᠯᠢ ᠬᠢᠵᠠᠭᠠᠷ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠢᠯᠢ ᠳᠠᠭᠠᠤ ᠭᠠᠵᠠᠷ ᠣᠷᠣᠨ ᠤ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠪᠠ ᠴᠢᠬᠤᠯᠠ ᠶᠡᠭᠡ ᠰᠠᠭᠤᠷᠢ  ᠲᠦᠬᠦᠬᠡᠷᠤᠮᠵᠢ ᠶᠢᠨ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠦᠨ᠂ ︽ᠲᠣᠭᠠᠴᠢᠯᠠᠭᠰᠠᠨ ᠬᠢᠯᠢ ᠶᠢᠨ ᠬᠠᠮᠠᠭᠠᠯᠠᠯᠲᠠ︾᠂ ︽ᠣᠶᠤᠨᠲᠤ ᠬᠢᠯᠢ ᠶᠢᠨ ᠬᠠᠮᠠᠭᠠᠯᠠᠯᠲᠠ︾ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠥᠮᠥᠨ ᠢᠶᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ ᠶᠢ ᠣᠷᠭᠠᠨᠢᠭ ᠢᠶᠠᠷ ᠤᠶᠠᠯᠳᠤᠭᠤᠯᠬᠤ ᠶᠢ ᠪᠡᠶᠡᠯᠡᠭᠦᠯᠵᠦ᠂ ᠬᠢᠯᠢ ᠶᠢᠨ ᠰᠡᠷᠭᠡᠶᠢᠯᠡᠨ ᠬᠠᠮᠠᠭᠠᠯᠠᠯᠲᠠ ᠶᠢᠨ ᠬᠠᠮᠢᠶᠠᠷᠤᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号