ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 25 ᠤ ᠴᠠᠭᠢᠯᠭᠠᠨ ᠮᠡᠳᠡᠭᠡ 10 ᠰᠠᠷ᠎ᠠ ᠶᠢᠨ 25 ᠤ | ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ | ᠠᠮᠧᠷᠢᠺᠠ ᠶᠢᠨ ᠺᠠᠯᠢᠹᠣᠷᠨᠢᠶ᠎ᠠ ᠵᠧᠦ ᠶᠢᠨ ᠳᠠᠷᠤᠭ᠎ᠠ ᠨᠢᠦ᠋ᠰᠧᠨ ᠲᠠᠢ ᠠᠭᠤᠯᠵᠠᠪᠠ᠃ | ᠰᠢ ᠶᠢᠨ ᠫᠢᠩ᠂ ᠳᠤᠮᠳᠠᠳᠤ ᠠᠮᠧᠷᠢᠺᠠ ᠬᠤᠶᠠᠷ ᠤᠯᠤᠰ ᠪᠣᠯ ᠪᠦᠭᠦ ᠪᠥᠮᠪᠥᠷᠴᠡᠭ ᠤᠨ ᠡᠮᠦᠨ᠎ᠡ ᠬᠤᠶᠠᠷ ᠲᠣᠮᠣ ᠠᠵᠤ | ᠠᠬᠤᠢ ᠶᠢᠨ ᠴᠣᠭᠴᠠ ᠪᠣᠯᠣᠨ᠎ᠠ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠳᠡᠯᠡᠬᠡᠢ ᠶᠢᠨ ᠭᠤᠷᠪᠠᠨ ᠤ ᠨᠢᠭᠡ ᠬᠤᠪᠢ ᠶᠢ | ᠳᠠᠪᠠᠵᠤ᠂ ᠬᠥᠮᠥᠨ ᠠᠮᠠ ᠶᠢᠨ ᠶᠡᠷᠦᠩᠬᠡᠢ ᠲᠤᠭ᠎ᠠ ᠳᠡᠯᠡᠬᠡᠢ ᠶᠢᠨ ᠳᠥᠷᠪᠡᠨ ᠤ ᠨᠢᠭᠡ ᠰᠢᠬᠠᠮ ᠢ ᠡᠵᠡᠯᠡᠵᠦ᠂ ᠬᠤᠶᠠᠷ | ᠲᠠᠯ᠎ᠠ ᠶᠢᠨ ᠠᠷᠠᠯᠵᠢᠶᠠᠨ ᠤ ᠬᠡᠮᠵᠢᠶ᠎ᠡ ᠪᠠᠷᠤᠭ ᠳᠡᠯᠡᠬᠡᠢ ᠶᠢᠨ ᠲᠠᠪᠤᠨ ᠤ ᠨᠢᠭᠡ ᠬᠤᠪᠢ ᠶᠢ ᠡᠵᠡᠯᠡᠵᠦ᠂ ᠬᠤᠶᠠᠷ ᠲᠠᠯ᠎ᠠ ᠶᠢᠨ | ᠠᠰᠢᠭ ᠲᠤᠰᠠ ᠶᠢᠨ ᠠᠭᠤᠰᠤᠯᠴᠠᠯ ᠮᠠᠰᠢ ᠨᠢᠭᠲᠠ ᠪᠠᠶᠢᠨ᠎ᠠ᠃ ᠳᠤᠮᠳᠠᠳᠤ ᠠᠮᠧᠷᠢᠺᠠ ᠶᠢᠨ ᠬᠠᠷᠢᠯᠴᠠᠭ᠎ᠠ ᠥᠨᠥᠳᠥᠷ ᠪᠤᠯᠲᠠᠯ᠎ᠠ | ᠬᠥᠭᠵᠢᠵᠦ ᠪᠠᠶᠢᠭ᠎ᠠ ᠨᠢ ᠭᠢᠯᠪᠠᠷ ᠪᠤᠰᠤ ᠶᠤᠮ᠂ ᠡᠭᠦᠨ ᠢ ᠬᠤᠪᠢ ᠳᠠᠭᠢᠨ ᠨᠠᠨᠳᠢᠩᠨᠠᠭᠤᠰᠢᠲᠠᠢ ᠶᠤᠮ᠃ ᠳᠤᠮᠳᠠᠳᠤ ᠶᠢᠨ | ᠲᠠᠯ᠎ᠠ ᠶᠢᠨ ᠠᠮᠧᠷᠢᠺᠠ ᠳᠤ ᠠᠪᠴᠤ ᠪᠠᠶᠢᠭ᠎ᠠ ᠲᠥᠷᠥ ᠶᠢᠨ ᠪᠣᠳᠣᠯᠭ᠎ᠠ ᠪᠣᠯ ᠳᠠᠷᠤᠢ ᠬᠠᠷᠢᠯᠴᠠᠨ ᠬᠦᠨᠳᠦᠳᠬᠡᠬᠦ᠂ | ᠨᠠᠶᠢᠷᠠᠮᠳᠠᠯ ᠢᠶᠠᠷ ᠵᠡᠷᠭᠡᠴᠡᠨ ᠣᠷᠣᠰᠢᠬᠤ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠦᠷᠲᠡᠭᠦ ᠶᠢ ᠢᠮᠠᠭᠲᠠ ᠪᠠᠷᠢᠮᠲᠠᠯᠠᠬᠤ | ᠪᠣᠯᠣᠨ᠎ᠠ᠃ ᠳᠤᠮᠳᠠᠳᠤ ᠤᠯᠤᠰ ᠦᠷᠭᠦᠯᠵᠢᠯᠡᠨ ᠡᠨᠡ ᠬᠦ ᠴᠢᠭᠯᠡᠯ ᠲᠡᠶᠢᠰᠢ ᠴᠢᠷᠮᠠᠶᠢᠨ᠎ᠠ᠂ ᠠᠳᠠᠯᠢ ᠪᠠᠷ ᠠᠮᠧᠷᠢᠺᠠ ᠶᠢᠨ ᠬᠢᠨ | ᠳᠤᠮᠳᠠᠳᠤ ᠤᠯᠤᠰ ᠲᠠᠢ ᠠᠳᠠᠯᠢ ᠴᠢᠭᠯᠡᠯ ᠢᠶᠠᠷ ᠤᠷᠤᠭᠰᠢᠯᠠᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ ᠰᠢ ᠶᠢᠨ | ᠫᠢᠩ ᠺᠠᠯᠢᠹᠣᠷᠨᠢᠶ᠎ᠠ ᠵᠧᠦ ᠳᠤ ᠠᠶᠢᠯᠴᠢᠯᠠᠵᠤ ᠥᠩᠭᠡᠷᠡᠭᠰᠡᠨ ᠪᠠᠶᠢᠳᠠᠯ ᠢᠶᠠᠨ ᠪᠠᠶᠠᠷᠲᠠᠢ ᠪᠠᠷ ᠡᠷᠭᠢᠴᠡᠭᠦᠯᠵᠦ᠂ ᠳᠤᠮᠳᠠᠳᠤ | ᠤᠯᠤᠰ ᠤᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠤᠭᠰᠠᠨ ᠵᠢᠴᠢ ᠬᠤᠯᠪᠣᠭᠳᠠᠯ ᠪᠦᠬᠦᠢ ᠭᠠᠵᠠᠷ ᠣᠷᠣᠨ ᠤ | ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠪᠠ᠃ | ᠰᠢ ᠶᠢᠨ ᠫᠢᠩ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢ ᠰᠠᠶᠢᠲᠤᠷ ᠬᠥᠭᠵᠢᠭᠦᠯᠬᠦ ᠳᠤ ᠡᠯ᠎ᠡ ᠲᠠᠯ᠎ᠠ ᠶᠢᠨ ᠬᠦᠴᠦᠨ ᠢ | ᠨᠢᠭᠲᠠᠷᠠᠭᠤᠯᠬᠤ ᠴᠢᠬᠤᠯᠠᠲᠠᠢ᠃ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠰᠠᠭᠤᠷᠢ ᠨᠢ ᠠᠷᠠᠳ ᠤᠨ ᠳᠤᠮᠳᠠ ᠪᠤᠢ᠂ | ᠬᠦᠰᠡᠯ ᠡᠷᠡᠮᠡᠯᠵᠡᠯ ᠨᠢ ᠠᠷᠠᠳ ᠲᠦᠮᠡᠨ ᠳᠤ ᠪᠤᠢ᠂ ᠢᠷᠡᠭᠡᠳᠦᠢ ᠨᠢ ᠵᠠᠯᠠᠭᠤᠴᠤᠳ ᠲᠤ ᠪᠤᠢ᠂ ᠠᠮᠢᠵᠢᠷᠠᠯ ᠤᠨ ᠬᠦᠴᠦᠨ ᠨᠢ | ᠣᠷᠣᠨ ᠨᠤᠲᠤᠭ ᠲᠤ ᠪᠤᠢ᠃ ᠪᠢ ᠳᠤᠮᠳᠠᠳᠤ ᠠᠮᠧᠷᠢᠺᠠ ᠶᠢᠨ ᠡᠯ᠎ᠡ ᠡᠲᠡᠭᠡᠳ ᠤᠨ ᠶᠠᠪᠤᠯᠴᠠᠭ᠎ᠠ ᠪᠠ ᠣᠷᠣᠨ ᠨᠤᠲᠤᠭ ᠤᠨ | ᠬᠠᠮᠲᠤᠷᠠᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠪᠥᠭᠡᠳ ᠳᠡᠮᠵᠢᠨ᠎ᠡ᠃ ᠲᠠᠨ ᠤ ᠲᠤᠰ ᠤᠳᠠᠭ᠎ᠠ ᠶᠢᠨ | ᠠᠶᠢᠯᠴᠢᠯᠠᠯᠲᠠ ᠨᠢ ᠬᠤᠶᠠᠷ ᠲᠠᠯ᠎ᠠ ᠶᠢᠨ ᠣᠶᠢᠯᠠᠭᠠᠯᠴᠠᠭ᠎ᠠ ᠶᠢ ᠨᠡᠮᠡᠭᠳᠡᠭᠦᠯᠵᠦ᠂ ᠳᠤᠮᠳᠠᠳᠤ ᠤᠯᠤᠰ ᠪᠣᠯᠣᠨ ᠺᠠᠯᠢᠹᠣᠷᠨᠢᠶ᠎ᠠ | ᠵᠧᠦ ᠶᠢᠨ ᠬᠠᠮᠲᠤᠷᠠᠯᠴᠠᠭ᠎ᠠ ᠶᠢ ᠥᠷᠭᠡᠳᠬᠡᠵᠦ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠡᠷᠡᠭᠦᠯ ᠲᠣᠭᠲᠠᠭᠤᠨ | ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠭᠦ ᠶᠢ ᠬᠦᠰᠡᠵᠦ ᠪᠠᠶᠢᠨ᠎ᠠ᠃ ᠳᠤᠮᠳᠠᠳᠤ ᠠᠮᠧᠷᠢᠺᠠ ᠶᠢᠨ | ᠪᠣᠬᠢᠷᠳᠤᠯ ᠦᠭᠡᠢ ᠬᠥᠭᠵᠢᠯᠲᠡ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠵᠡᠷᠭᠡ ᠬᠦᠷᠢᠶᠡᠨ ᠳᠠᠬᠢ | ᠬᠠᠮᠲᠤᠷᠠᠯᠴᠠᠭᠠᠨ ᠤ ᠳᠠᠯᠳᠠ ᠬᠦᠴᠦᠨ ᠯᠤᠲᠤ ᠶᠡᠭᠡ ᠪᠠᠶᠢᠨ᠎ᠠ᠂ ᠬᠤᠶᠠᠷ ᠲᠠᠯ᠎ᠠ ᠪᠠᠷ ᠢᠶᠠᠨ ᠡᠨᠡ ᠲᠠᠯ᠎ᠠ ᠶᠢᠨ | ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠡᠭᠦᠨ ᠢ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠬᠥᠭᠵᠢᠯᠲᠡ ᠶᠢᠨ ᠰᠢᠨ᠎ᠡ | ᠭᠢᠯᠠᠰ ᠴᠡᠭ ᠪᠤᠯᠭᠠᠵᠤ ᠪᠦᠷᠢᠮᠦᠰᠦᠨ ᠪᠤᠯᠬᠤ ᠶᠤᠮ ᠭᠡᠵᠦ ᠴᠢᠬᠤᠯᠠᠴᠢᠯᠠᠪᠠ᠃ | ᠨᠢᠦ᠋ᠰᠧᠨ᠂ ᠥᠩᠭᠡᠷᠡᠭᠰᠡᠨ ᠬᠡᠳᠦᠨ ᠠᠷᠪᠠᠨ ᠵᠢᠯ ᠤᠨ ᠲᠤᠷᠰᠢ᠂ ᠳᠤᠮᠳᠠᠳᠤ ᠤᠯᠤᠰ ᠤᠨ ᠬᠥᠭᠵᠢᠯᠲᠡ ᠶᠡᠷᠦ ᠪᠤᠰᠤ ᠶᠢᠨ | ᠠᠮᠵᠢᠯᠲᠠ ᠣᠯᠵᠤ᠂ ᠢᠯᠠᠩᠭᠤᠶ᠎ᠠ ᠣᠶᠢᠷ᠎ᠠ ᠶᠢᠨ ᠵᠢᠯ ᠠᠴᠠ ᠰᠢᠨ᠎ᠡ ᠡᠨᠧᠷᠭᠢ ᠶᠢᠨ ᠬᠦᠷᠢᠶᠡᠨ ᠳᠤ ᠣᠯᠣᠭᠰᠠᠨ ᠠᠮᠵᠢᠯᠲᠠ ᠨᠢ | ᠬᠥᠮᠥᠰ ᠢ ᠭᠠᠶᠢᠬᠠᠰᠢ ᠠᠯᠳᠠᠭᠤᠯᠤᠨ᠎ᠠ᠃ ᠳᠡᠯᠡᠬᠡᠢ ᠳᠡᠭᠡᠷ᠎ᠡ ᠪᠤᠰᠤᠳ ᠶᠠᠮᠠᠷᠪᠠ ᠤᠯᠤᠰ ᠤᠨ ᠬᠠᠷᠢᠯᠴᠠᠭ᠎ᠠ ᠨᠢ ᠠᠮᠧᠷᠢᠺᠠ | ᠳᠤᠮᠳᠠᠳᠤ ᠶᠢᠨ ᠬᠠᠷᠢᠯᠴᠠᠭ᠎ᠠ ᠠᠴᠠ ᠨᠡᠩ ᠴᠢᠬᠤᠯᠠ ᠪᠢᠰᠢ᠂ ᠠᠮᠧᠷᠢᠺᠠ ᠳᠤᠮᠳᠠᠳᠤ ᠶᠢᠨ ᠬᠠᠷᠢᠯᠴᠠᠭ᠎ᠠ ᠨᠢ ᠠᠮᠧᠷᠢᠺᠠ ᠶᠢᠨ | ᠢᠷᠡᠭᠡᠳᠦᠢ ᠳᠤ ᠬᠤᠯᠪᠣᠭᠳᠠᠬᠤ ᠪᠥᠭᠡᠳ ᠠᠷᠠᠳ ᠲᠦᠮᠡᠨ ᠤ ᠵᠣᠯ ᠵᠢᠷᠭᠠᠯ ᠳᠤ ᠬᠤᠯᠪᠣᠭᠳᠠᠨ᠎ᠠ᠃ ᠣᠷᠣᠨ ᠨᠤᠲᠤᠭ ᠤᠨ | ᠶᠠᠪᠤᠯᠴᠠᠭ᠎ᠠ ᠪᠣᠯ ᠠᠮᠧᠷᠢᠺᠠ ᠳᠤᠮᠳᠠᠳᠤ ᠶᠢᠨ ᠬᠠᠷᠢᠯᠴᠠᠭ᠎ᠠ ᠶᠢᠨ ᠴᠢᠬᠤᠯᠠ ᠪᠦᠷᠢᠯᠳᠦᠭᠦᠨ ᠬᠡᠰᠡᠭ ᠮᠥᠨ᠃ ᠲᠡᠦᠬᠡᠨ ᠳᠡᠭᠡᠷ᠎ᠡ | ᠳᠤᠮᠳᠠᠳᠤᠴᠤᠳ ᠺᠠᠯᠢᠹᠣᠷᠨᠢᠶ᠎ᠠ ᠵᠧᠦ ᠶᠢᠨ ᠪᠦᠲᠦᠭᠡᠨ ᠪᠠᠶᠢᠭᠤᠯᠤᠯᠲᠠ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠶᠤᠮ᠂ | ᠺᠠᠯᠢᠹᠣᠷᠨᠢᠶ᠎ᠠ ᠵᠧᠦ ᠪᠣᠯ ᠠᠮᠧᠷᠢᠺᠠ ᠶᠢᠨ ᠳᠤᠮᠳᠠᠳᠤ ᠤᠯᠤᠰ ᠲᠠᠢ ᠬᠠᠮᠲᠤᠷᠠᠨ ᠠᠵᠢᠯᠯᠠᠬᠤ ᠴᠢᠬᠤᠯᠠ ᠡᠭᠦᠳᠡ ᠪᠣᠯᠣᠭᠰᠠᠭᠠᠷ | ᠢᠷᠡᠭᠰᠡᠨ ᠶᠤᠮ᠃ ᠪᠢ ᠲᠡᠷᠢᠭᠦᠯᠡᠭᠴᠢ ᠰᠢ ᠶᠢᠨ ᠫᠢᠩ ᠤᠨ ᠠᠮᠧᠷᠢᠺᠠ ᠳᠤᠮᠳᠠᠳᠤ ᠶᠢᠨ ᠬᠠᠷᠢᠯᠴᠠᠭ᠎ᠠ ᠶᠢ ᠬᠥᠭᠵᠢᠭᠦᠯᠬᠦ ᠲᠤᠬᠠᠢ | ᠪᠠᠷᠢᠮᠲᠠᠯᠠᠬᠤ ᠵᠠᠷᠴᠢᠮ ᠢ ᠵᠥᠪᠰᠢᠶᠡᠷᠡᠵᠦ ᠪᠠᠶᠢᠨ᠎ᠠ᠂ ᠳᠤᠷᠠᠲᠠᠶ᠎ᠠ ᠠᠳᠠᠯᠢᠬᠠᠨ ᠵᠣᠷᠢᠭ ᠰᠠᠨᠠᠭ᠎ᠠ ᠪᠠᠷ ᠺᠠᠯᠢᠹᠣᠷᠨᠢᠶ᠎ᠠ ᠵᠧᠦ ᠶᠢᠨ | ᠳᠤᠮᠳᠠᠳᠤ ᠤᠯᠤᠰ ᠯᠤᠭ᠎ᠠ ᠶᠢᠨ ᠶᠠᠪᠤᠯᠴᠠᠭ᠎ᠠ ᠰᠣᠯᠢᠯᠴᠠᠭ᠎ᠠ ᠪᠠᠨ ᠴᠢᠩᠭᠠᠳᠬᠠᠬᠤ ᠶᠢ ᠠᠬᠢᠭᠤᠯᠵᠤ᠂ ᠠᠭᠤᠷ ᠠᠮᠢᠰᠬᠤᠯ ᠤᠨ | ᠬᠤᠪᠢᠷᠠᠯᠲᠠ᠂ ᠰᠢᠨ᠎ᠡ ᠡᠨᠧᠷᠭᠢ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠨᠢᠭᠲᠠᠷᠠᠭᠤᠯᠤᠨ᠎ᠠ᠃ ᠺᠠᠯᠢᠹᠣᠷᠨᠢᠶ᠎ᠠ ᠵᠧᠦ | ᠳᠤᠷᠠᠲᠠᠶ᠎ᠠ ᠳᠤᠮᠳᠠᠳᠤ ᠤᠯᠤᠰ ᠤᠨ ᠤᠷᠳᠤ ᠬᠤᠭᠤᠴᠠᠭᠠᠨ ᠤ ᠲᠣᠭᠲᠠᠭᠤᠨ᠂ ᠬᠦᠴᠦᠷᠬᠡᠭ ᠶᠡᠭᠡ ᠬᠠᠮᠲᠤᠷᠠᠯᠴᠠᠭᠠᠨ ᠤ | ᠬᠠᠨᠢᠲᠠᠨ ᠪᠣᠯᠣᠨ᠎ᠠ ᠭᠡᠵᠦ ᠢᠯᠡᠳᠬᠡᠪᠡ᠃ | ᠸᠠᠩ ᠢ ᠠᠭᠤᠯᠵᠠᠯᠲᠠ ᠳᠤ ᠣᠷᠣᠯᠴᠠᠵᠠᠢ᠃ | |