ᠪᠥᠬᠦ ᠤᠯᠤᠰ ᠤᠨ ᠨᠠᠰᠤᠲᠠᠶᠢᠴᠤᠳ ᠤᠨ ᠵᠥᠪᠯᠡᠯ ᠲᠠᠷᠬᠠᠭᠠᠭᠰᠠᠨ ﹇2023﹈ 1 ᠳ᠋ᠤᠬᠡᠷ ᠲᠣᠭᠠᠲᠤ | | | ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠨᠠᠰᠤᠲᠠᠶᠢᠴᠤᠳ ᠤᠨ ᠠᠵᠢᠯ ᠤᠨ | ᠵᠦᠪᠯᠡᠯ᠂ ᠡᠯ᠎ᠡ ᠠᠰ ᠲᠤ ᠪᠠᠨ ᠲᠥᠯᠥᠪᠯᠡᠭᠡ ᠬᠢᠬᠦ ᠬᠤᠳᠠ ᠶᠢᠨ ᠨᠠᠰᠤᠲᠠᠶᠢᠴᠤᠳ ᠤᠨ ᠠᠵᠢᠯ ᠤᠨ ᠵᠦᠪᠯᠡᠯ᠂ | ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠨᠠᠰᠤᠲᠠᠶᠢᠴᠤᠳ ᠤᠨ ᠠᠵᠢᠯ ᠤᠨ | ᠵᠦᠪᠯᠡᠯ᠂ ᠪᠥᠬᠦ ᠤᠯᠤᠰ ᠤᠨ ᠨᠠᠰᠤᠲᠠᠶᠢᠴᠤᠳ ᠤᠨ ᠠᠵᠢᠯ ᠤᠨ ᠵᠥᠪᠯᠡᠯ ᠤᠨ ᠡᠯ᠎ᠡ ᠪᠦᠷᠢᠯᠳᠦᠭᠦᠨ ᠨᠢᠬᠡᠴᠢ᠂ | ᠨᠠᠰᠤᠲᠠᠶᠢᠴᠤᠳ ᠲᠤ ᠬᠤᠯᠪᠣᠭᠳᠠᠬᠤ ᠡᠯ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠢᠨ ᠳᠤ᠄ | ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠭᠠᠬᠤ ᠤᠯᠤᠰ ᠤᠨ ᠪᠠᠶᠢᠯᠳᠤᠬᠤ ᠪᠣᠳᠣᠯᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠲᠦᠷᠦᠯ ᠰᠠᠳᠤᠨ ᠢᠶᠠᠨ ᠠᠴᠢᠯᠠᠵᠤ | ᠨᠠᠰᠤᠲᠠᠨ ᠢᠶᠠᠨ ᠬᠦᠨᠳᠦᠯᠡᠬᠦ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂ ᠨᠠᠰᠤᠲᠠᠨ ᠢᠶᠠᠨ ᠠᠰᠠᠷᠠᠵᠤ | ᠨᠠᠰᠤᠲᠠᠨ ᠢᠶᠠᠨ ᠬᠦᠨᠳᠦᠯᠡᠬᠦ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ | ᠪᠦᠬᠦ ᠤᠯᠤᠰ ᠤᠨ ᠨᠠᠰᠤᠲᠠᠶᠢᠴᠤᠳ ᠤᠨ ᠠᠵᠢᠯ ᠤᠨ ᠵᠥᠪᠯᠡᠯ ᠤᠨ ᠬᠢᠨ 2023 ᠣᠨ ᠤ ᠪᠦᠬᠦ ᠤᠯᠤᠰ ᠤᠨ ︽ | ᠨᠠᠰᠤᠲᠠᠨ ᠢᠶᠠᠨ ᠬᠦᠨᠳᠦᠯᠡᠬᠦ ᠰᠠᠷ᠎ᠠ︾ ᠶᠢᠨ ᠠᠵᠢᠯᠯᠠᠭ᠎ᠠ ᠥᠷᠨᠢᠭᠦᠯᠬᠦ ᠪᠠᠷ ᠲᠣᠭᠲᠠᠪᠠ᠃ ᠡᠳᠦᠭᠡ ᠬᠤᠯᠪᠣᠭᠳᠠᠯ | ᠪᠦᠬᠦᠢ ᠵᠦᠢᠯ ᠢ ᠮᠡᠳᠡᠭᠳᠡᠶ᠎ᠡ᠄ | ᠨᠢᠭᠡ᠂ ᠠᠵᠢᠯᠯᠠᠭᠠᠨ ᠤ ᠵᠣᠷᠢᠯᠲᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠨ᠂ ᠰᠢ ᠶᠢᠨ ᠫᠢᠩ ᠶᠡᠷᠦᠩᠬᠡᠢ ᠱᠦᠵᠢ ᠶᠢᠨ ᠨᠠᠰᠤᠲᠠᠶᠢᠴᠤᠳ ᠤᠨ | ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠬᠠᠤᠯᠢ︾ ︵︽ | ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠬᠠᠤᠯᠢ︾ ᠭᠡᠵᠦ ᠲᠤᠪᠴᠢᠯᠠᠶ᠎ᠠ︶ ᠶᠢ | ᠬᠢᠨᠠᠮᠠᠭᠠᠢ ᠨᠠᠶᠢᠳᠠᠪᠤᠷᠢᠵᠢᠭᠤᠯᠵᠤ᠂ ᠪᠦᠬᠦ ᠤᠯᠤᠰ ᠲᠤ ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠬᠠᠶᠢᠷᠠᠯᠠᠵᠤ | ᠨᠠᠰᠤᠲᠠᠨ ᠢᠶᠠᠨ ᠬᠠᠪᠰᠤᠷᠬᠤ ᠪᠠᠶᠠᠯᠢᠭ ᠠᠭᠤᠯᠭ᠎ᠠ ᠲᠠᠢ᠂ ᠤᠯᠠᠨ ᠶᠠᠩᠵᠤ ᠶᠢᠨ ᠠᠵᠢᠯᠯᠠᠭ᠎ᠠ ᠶᠢ ᠥᠷᠭᠡᠨ ᠢᠶᠠᠷ | ᠥᠷᠨᠢᠭᠦᠯᠵᠦ᠂ ᠨᠠᠰᠤᠵᠢᠯ ᠤᠨ ᠦᠵᠡᠯᠲᠡ ᠶᠢ ᠢᠳᠡᠪᠬᠢᠳᠡᠢ ᠪᠠᠷ ᠪᠤᠢ ᠪᠣᠯᠭᠠᠵᠤ᠂ ᠡᠷᠡᠭᠦᠯ ᠴᠢᠭᠢᠷᠠᠭ ᠨᠠᠰᠤᠵᠢᠯᠲᠠ ᠶᠢ | ᠠᠬᠢᠭᠤᠯᠵᠤ᠂ ᠨᠠᠰᠤᠲᠠᠨ ᠳᠤ ᠲᠣᠬᠢᠷᠠᠮᠵᠢᠲᠠᠢ ᠣᠷᠣᠰᠢᠨ ᠰᠠᠭᠤᠬᠤ ᠳᠤ ᠲᠣᠬᠢᠷᠠᠮᠵᠢᠲᠠᠢ ᠨᠡᠶᠢᠭᠡᠮ ᠤᠨ ᠣᠷᠴᠢᠨ | ᠲᠣᠭᠤᠷᠢᠨ ᠢ ᠬᠦᠴᠦᠯᠡᠨ ᠪᠤᠢ ᠪᠣᠯᠭᠠᠵᠤ᠂ ᠨᠠᠰᠤᠲᠠᠶᠢᠴᠤᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ | ᠬᠠᠮᠠᠭᠠᠯᠠᠵᠤ᠂ ᠲᠦᠷᠦᠯ ᠰᠠᠳᠤᠨ ᠢᠶᠠᠨ ᠠᠴᠢᠯᠠᠵᠤ ᠨᠠᠰᠤᠲᠠᠨ ᠢᠶᠠᠨ ᠬᠦᠨᠳᠦᠯᠡᠬᠦ ᠤᠯᠠᠮᠵᠢᠯᠠᠯᠲᠤ ᠰᠠᠶᠢᠬᠠᠨ ᠰᠤᠷᠲᠠᠯ ᠢ | ᠶᠡᠭᠡ ᠪᠠᠷ ᠪᠠᠳᠠᠷᠠᠭᠤᠯᠵᠤ᠂ ᠨᠠᠰᠤᠲᠠᠶᠢᠴᠤᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ | ᠠᠮᠤᠷ ᠠᠮᠤᠭᠤᠯᠠᠩ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠬᠦᠯᠬᠦ ᠪᠤᠯᠤᠨ᠎ᠠ᠃ | | | ᠬᠤᠶᠠᠷ᠂ ᠠᠵᠢᠯᠯᠠᠭ᠎ᠠ ᠶᠢᠨ ᠭᠤᠣᠯ ᠰᠡᠳᠦᠪ | | | ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠭᠠᠬᠤ ᠤᠯᠤᠰ ᠤᠨ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠵᠦ᠂ ᠰᠠᠭᠠᠳ ᠦᠭᠡᠢ ᠣᠷᠴᠢᠨ ᠲᠤᠭᠤᠷᠢᠨ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ | ᠠᠬᠢᠭᠤᠯᠤᠨ᠎ᠠ᠃ | | | ᠭᠤᠷᠪᠠ᠂ ᠠᠵᠢᠯᠯᠠᠭᠠᠨ ᠤ ᠴᠠᠭ | | | 2023 ᠣᠨ ᠤ 10 ᠰᠠᠷ᠎ᠠ ᠶᠢᠨ 1 ᠠᠴᠠ 31 ᠤ ᠡᠳᠦᠷ ᠪᠣᠯᠲᠠᠯ᠎ᠠ᠃ | | | ᠳᠥᠷᠪᠡ᠂ ᠠᠵᠢᠯᠯᠠᠭᠠᠨ ᠤ ᠠᠭᠤᠯᠭ᠎ᠠ | | ︵ᠨᠢᠭᠡ︶ ᠤᠬᠠᠭᠤᠯᠤᠨ ᠲᠤᠭᠤᠰᠢᠯᠠᠭᠤᠯᠬᠤ ᠶᠢ ᠴᠢᠩᠭᠠᠳᠬᠠᠵᠤ᠂ ᠰᠠᠭᠠᠳ ᠦᠭᠡᠢ ᠣᠷᠴᠢᠨ ᠲᠣᠭᠤᠷᠢᠨ ᠢ | ᠬᠠᠮᠳᠤ ᠪᠠᠷ ᠪᠠᠶᠢᠭᠤᠯᠵᠤ ᠬᠠᠮᠳᠤ ᠪᠠᠷ ᠡᠳ᠋ᠯᠡᠨ᠎ᠡ᠃ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ | ᠪᠠᠶᠢᠭᠤᠯᠤᠯᠲᠠ ᠶᠢᠨ ᠬᠠᠤᠯᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠬᠠᠤᠯᠢ | ᠴᠠᠭᠠᠵᠠ ᠶᠢ ᠬᠥᠳᠡᠭᠡ ᠲᠣᠰᠬᠤᠨ ᠳᠤ ᠣᠷᠣᠭᠤᠯᠬᠤ᠂ ᠰᠤᠷᠭᠠᠭᠤᠯᠢ ᠳᠤ ᠣᠷᠣᠭᠤᠯᠬᠤ᠂ ᠨᠡᠶᠢᠭᠡᠮ ᠲᠣᠭᠤᠷᠢᠭ ᠲᠤ | ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠪᠠᠶᠢᠭᠤᠯᠭ᠎ᠠ ᠨᠢᠬᠡᠴᠢ ᠳᠤ ᠣᠷᠣᠭᠤᠯᠬᠤ ᠶᠢ ᠠᠬᠢᠭᠤᠯᠵᠤ᠂ | ᠲᠥᠪᠯᠡᠷᠡᠭᠦᠯᠦᠨ ᠤᠬᠠᠭᠤᠯᠬᠤ ᠪᠠ ᠡᠳᠦᠷ ᠲᠤᠲᠤᠮ ᠤᠨ ᠤᠬᠠᠭᠤᠯᠬᠤ ᠶᠢ ᠬᠠᠷᠢᠯᠴᠠᠨ ᠤᠶᠠᠯᠳᠤᠭᠤᠯᠬᠤ᠂ | ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ᠰᠠᠭᠠᠳ | ᠦᠭᠡᠢ ᠣᠷᠴᠢᠨ ᠲᠣᠭᠤᠷᠢᠨ ᠤ ᠤᠶᠢᠯᠠᠭᠠᠬᠳᠠᠬᠤᠨ ᠢ ᠤᠬᠠᠭᠤᠯᠵᠤ᠂ ᠰᠠᠭᠠᠳ ᠦᠭᠡᠢ ᠣᠷᠴᠢᠨ ᠲᠣᠭᠤᠷᠢᠨ ᠤ | ᠮᠡᠳᠡᠯᠭᠡ ᠶᠢ ᠲᠦᠭᠡᠮᠡᠯᠵᠢᠭᠦᠯᠦᠨ᠂ ᠨᠡᠶᠢᠭᠡᠮ ᠲᠠᠶᠠᠭᠠᠷ ᠤᠨ ᠬᠢᠨ ᠤ ᠰᠠᠭᠠᠳ ᠦᠭᠡᠢ ᠣᠷᠴᠢᠨ ᠲᠣᠭᠤᠷᠢᠨ ᠤ ᠲᠤᠬᠠᠢ | ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃ ︽ᠨᠠᠰᠤᠲᠠᠶᠢᠴᠤᠳ ᠢ ᠣᠶᠤᠨᠴᠢ ᠪᠠᠷ ᠲᠤᠰᠠᠯᠠᠬᠤ︾ ᠠᠵᠢᠯᠯᠠᠭ᠎ᠠ ᠶᠢ | ᠦᠷᠭᠦᠯᠵᠢᠯᠡᠨ ᠠᠬᠢᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ᠂ | ᠨᠠᠰᠤᠲᠠᠶᠢᠴᠤᠳ ᠲᠤ ᠬᠤᠯᠪᠣᠭᠳᠠᠬᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠶᠢ ᠵᠢᠯᠤᠭᠤᠳᠴᠤ ᠪᠠᠶᠢᠭᠠᠳ | ᠨᠠᠰᠤᠲᠠᠶᠢᠴᠤᠳ ᠲᠤ ᠬᠠᠨᠳᠤᠭᠤᠯᠤᠨ ᠣᠶᠤᠨᠴᠢ ᠮᠡᠷᠭᠡᠵᠢᠯ ᠢ ᠬᠡᠷᠡᠭᠯᠡᠬᠦ ᠪᠣᠯᠪᠠᠰᠤᠷᠠᠯ ᠵᠡᠷᠭᠡ ᠠᠵᠢᠯᠯᠠᠭ᠎ᠠ ᠥᠷᠨᠢᠭᠦᠯᠵᠦ | ᠂ ᠨᠠᠰᠤᠲᠠᠶᠢᠴᠤᠳ ᠤᠨ ᠡᠯᠧᠺᠲᠷᠣᠨ ᠲᠥᠬᠦᠭᠡᠷᠦᠮᠵᠢ ᠶᠢ ᠰᠤᠷᠴᠤ ᠬᠡᠷᠡᠭᠯᠡᠬᠦ ᠳᠤ ᠬᠠᠪᠰᠤᠷᠤᠨ᠎ᠠ᠃ | ᠨᠠᠰᠤᠲᠠᠶᠢᠴᠤᠳ ᠲᠤ ᠬᠤᠯᠪᠣᠭᠳᠠᠭᠰᠠᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠢᠨ ᠤ 2023 ᠣᠨ ᠤ | ᠨᠠᠰᠤᠲᠠᠶᠢᠴᠤᠳ ᠤᠨ ᠤᠶᠤᠨᠯᠢᠭ ᠢᠶᠠᠷ ᠭᠠᠳᠠᠭᠰᠢ ᠭᠠᠷᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ | ᠥᠷᠨᠢᠭᠦᠯᠬᠦ ᠶᠢ ᠲᠡᠮᠵᠢᠨ᠎ᠡ᠃ ᠴᠢᠮᠡᠭᠡ ᠬᠤᠯᠪᠤᠭ᠎ᠠ ᠪᠠᠷ ᠲᠦᠷᠢᠶᠡᠰᠦᠨ ᠮᠠᠰᠢᠨ ᠳᠠᠭᠤᠳᠠᠬᠤ ᠪᠠ ᠰᠦᠯᠵᠢᠶ᠎ᠡ ᠪᠠᠷ | ᠪᠣᠯᠵᠣᠬᠤ ᠲᠡᠷᠭᠡ ᠶᠢ ︽ᠨᠢᠭᠡ ᠳᠠᠷᠤᠪᠴᠢ ᠪᠠᠷ ᠳᠠᠭᠤᠳᠠᠬᠤ︾ ᠦᠢᠯᠡᠴᠢᠯᠡᠭᠡᠨ ᠤ ᠬᠠᠮᠤᠷᠬᠤ ᠬᠡᠪᠴᠢᠶ᠎ᠡ ᠶᠢ ᠤᠯᠠᠮ | ᠥᠷᠭᠡᠳᠬᠡᠨ᠎ᠡ᠃ ︽ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠶᠢ ᠲᠦᠮᠡᠨ ᠡᠷᠦᠬᠡ ᠳᠤ ᠬᠦᠷᠭᠡᠬᠦ︾ ᠭᠤᠣᠯ | ᠰᠡᠳᠦᠪᠲᠦ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠰᠦᠯᠵᠢᠶᠡᠨ ᠳᠡᠭᠡᠷᠡᠬᠢ ᠪᠠ | ᠰᠦᠯᠵᠢᠶᠡᠨ ᠠᠴᠠ ᠭᠠᠳᠠᠭᠤᠷᠬᠢ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠠᠷᠭ᠎ᠠ ᠶᠢ ᠶᠡᠭᠡ ᠪᠠᠷ | ᠤᠬᠠᠭᠤᠯᠤᠨ ᠳᠡᠯᠭᠡᠷᠡᠭᠦᠯᠦᠨ᠎ᠡ᠃ | ︵ᠬᠤᠶᠠᠷ︶ ᠡᠯ᠎ᠡ ᠡᠲᠡᠭᠡᠳ ᠤᠨ ᠬᠦᠴᠦᠨ ᠢ ᠳᠠᠶᠢᠴᠢᠯᠠᠨ᠂ ᠰᠤᠷᠪᠤᠯᠵᠢᠯᠠᠨ ᠲᠣᠬᠤᠨᠢᠭᠤᠯᠬᠤ ᠪᠠ ᠬᠠᠯᠠᠮᠵᠢᠯᠠᠨ | ᠲᠡᠳᠬᠦᠬᠦ ᠠᠵᠢᠯᠯᠠᠭ᠎ᠠ ᠶᠢ ᠥᠷᠨᠢᠭᠦᠯᠦᠨ᠎ᠡ᠃ ᠨᠠᠮ ᠤᠨ ᠭᠡᠰᠢᠭᠦᠨ ᠺᠠᠳ᠋ᠷᠴᠤᠳ᠂ ᠠᠵᠤ ᠠᠬᠤᠶᠢᠯᠠᠯ ᠠᠵᠢᠯ | ᠦᠢᠯᠡᠰ ᠤᠨ ᠨᠢᠬᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ | ᠪᠠᠶᠢᠭᠤᠯᠤᠯᠲᠠ ᠵᠡᠷᠭᠡ ᠨᠡᠶᠢᠭᠡᠮ ᠤᠨ ᠡᠯ᠎ᠡ ᠡᠲᠡᠭᠡᠳ ᠤᠨ ᠬᠦᠴᠦᠨ ᠢ ᠳᠠᠶᠢᠴᠢᠯᠠᠨ ᠵᠣᠬᠢᠶᠠᠨ ᠪᠠᠶᠢᠭᠤᠯᠵᠤ᠂ | ᠠᠶᠢᠯᠴᠢᠯᠠᠨ ᠲᠣᠬᠤᠨᠢᠭᠤᠯᠬᠤ ᠠᠵᠢᠯᠯᠠᠭ᠎ᠠ ᠶᠢ ᠤᠯᠠᠨ ᠠᠷᠭ᠎ᠠ ᠪᠠᠷ ᠥᠷᠭᠡᠨ ᠢᠶᠠᠷ ᠥᠷᠨᠢᠭᠦᠯᠵᠦ᠂ ᠭᠠᠭᠴᠠᠭᠠᠷ | ᠰᠠᠭᠤᠭ᠎ᠠ᠂ ᠭᠡᠷ ᠲᠤ ᠪᠠᠨ ᠬᠤᠴᠣᠷᠤᠭᠰᠠᠨ᠂ ᠪᠡᠶ᠎ᠡ ᠳᠤ ᠪᠠᠨ ᠵᠦᠪ ᠦᠬᠡᠢ᠂ ᠨᠤᠴᠢᠳᠠᠢ ᠵᠡᠮᠳᠡᠭ ᠪᠣᠯᠤᠭᠰᠠᠨ᠂ | ᠲᠥᠯᠥᠪᠯᠡᠭᠡ ᠲᠠᠢ ᠪᠠᠷ ᠬᠡᠦᠬᠡᠳ ᠠᠪᠤᠭᠰᠠᠨ ᠣᠨᠴᠠᠭᠠᠶ ᠭᠡᠷ ᠪᠦᠯᠢ ᠶᠢᠨ ᠨᠠᠰᠤᠲᠠᠶᠢᠴᠤᠳ ᠤᠨ ᠬᠢ ᠪᠠᠷ ᠭᠤᠤᠯᠳᠠᠯᠭ᠎ᠠ | ᠲᠠᠢ ᠠᠶᠢᠯᠴᠢᠯᠠᠨ ᠲᠣᠬᠤᠨᠢᠭᠤᠯᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠣᠨᠣᠰᠴᠤ᠂ ᠳᠣᠲᠣᠨᠣ | ᠬᠠᠯᠠᠮᠵᠢᠯᠠᠯ ᠢ ᠳᠠᠮᠵᠢᠭᠤᠯᠵᠤ᠂ ᠪᠣᠳᠠᠲᠠᠢ ᠬᠦᠴᠢᠷᠳᠡᠯ ᠢ ᠨᠢ ᠬᠠᠪᠰᠤᠷᠤᠨ ᠰᠢᠢᠳᠪᠦᠷᠢᠯᠡᠵᠦ᠂ ᠨᠠᠰᠤᠲᠠᠶᠢᠴᠤᠳ ᠲᠤ | ᠬᠤᠯᠪᠣᠭᠳᠠᠭᠰᠠᠨ ᠵᠥᠷᠢᠴᠡᠯ ᠵᠠᠭᠤᠷᠠᠯᠳᠤᠭᠠᠨ ᠢ ᠪᠠᠶᠢᠴᠠᠭᠠᠵᠤ ᠰᠢᠢᠳᠪᠦᠷᠢᠯᠡᠨ᠎ᠡ᠃ ᠰᠠᠶᠢᠨ ᠳᠤᠷ᠎ᠠ ᠶᠢᠨ | ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠬᠠᠨᠳᠢᠪ ᠡᠷᠬᠦᠬᠦ ᠠᠵᠤ | ᠠᠬᠤᠶᠢᠯᠠᠯ ᠵᠡᠷᠭᠡ ᠶᠢ ᠥᠷᠭᠡᠨ ᠢᠶᠠᠷ ᠲᠠᠶᠢᠴᠢᠯᠠᠨ ᠰᠠᠶᠢᠨ ᠳᠤᠷ᠎ᠠ ᠶᠢᠨ ᠨᠠᠰᠤᠲᠠᠨ ᠢ ᠲᠤᠰᠠᠯᠠᠬᠤ ᠦᠢᠯᠡᠴᠢᠯᠡᠭᠡᠨ ᠤ | ᠠᠵᠢᠯᠯᠠᠭ᠎ᠠ ᠶᠢ ᠥᠷᠨᠢᠭᠦᠯᠦᠨ᠎ᠡ᠃ ᠨᠡᠩ ᠤᠯᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ | ᠵᠣᠬᠢᠶᠠᠨ ᠪᠠᠶᠢᠭᠤᠯᠤᠨ ᠲᠠᠶᠢᠴᠢᠯᠠᠵᠦ ᠵᠠᠯᠠᠭᠤ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠨᠠᠰᠤᠲᠠᠨ ᠢ ᠬᠠᠪᠰᠤᠷᠬᠤ | ᠠᠵᠢᠯᠯᠠᠭ᠎ᠠ ᠳᠤ ᠣᠷᠣᠯᠴᠠᠭᠤᠯᠤᠨ᠎ᠠ᠃ | ︵ᠭᠤᠷᠪᠠ︶ ᠨᠠᠰᠤᠲᠠᠶᠢᠴᠤᠳ ᠲᠤ ᠦᠢᠯᠡᠴᠢᠯᠡᠬᠦ ᠠᠵᠢᠯ ᠢ ᠰᠢᠯᠢᠳᠡᠭᠵᠢᠭᠦᠯᠵᠦ᠂ ᠨᠠᠰᠤᠲᠠᠶᠢᠴᠤᠳ ᠤᠨ ᠬᠠᠤᠯᠢ | ᠶᠣᠰᠣᠨ ᠤ ᠡᠷᠬᠡ ᠠᠰᠢᠭ ᠢ ᠪᠠᠲᠤᠯᠠᠨ᠎ᠠ᠃ ᠨᠠᠰᠤᠵᠢᠯ ᠤᠨ ᠮᠡᠬᠡᠯᠡᠯ ᠢ ᠰᠡᠷᠭᠡᠶᠢᠯᠡᠨ ᠵᠠᠰᠠᠬᠤ ᠠᠵᠢᠯ ᠢ ᠦᠷᠭᠦᠯᠵᠢᠯᠡᠨ | ᠴᠢᠩᠭᠠᠳᠬᠠᠵᠤ᠂ ᠴᠢᠮᠡᠭᠡ ᠬᠤᠯᠪᠣᠭ᠎ᠠ ᠰᠦᠯᠵᠢᠶ᠎ᠡ ᠪᠠᠷ ᠮᠡᠬᠡᠯᠡᠬᠦ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠵᠡᠷᠭᠡ | ᠠᠶᠤᠯ ᠲᠦᠭᠰᠢᠭᠦᠷᠢ ᠶᠢ ᠬᠢᠨᠠᠨ ᠬᠡᠮᠵᠢᠬᠦ ᠪᠠ ᠤᠷᠢᠳᠴᠢᠯᠠᠨ ᠰᠡᠷᠡᠮᠵᠢᠯᠡᠭᠦᠯᠬᠦ ᠰᠠᠨᠠᠭᠤᠯᠭ᠎ᠠ ᠶᠢ ᠭᠤᠣᠯᠳᠠᠯᠭ᠎ᠠ ᠲᠠᠢ | ᠴᠢᠩᠭᠠᠳᠬᠠᠵᠤ᠂ ᠢᠳᠡᠭᠡᠨ᠂ ᠡᠷᠡᠭᠦᠯᠵᠢᠯ ᠤᠨ ᠢᠳᠡᠭᠡᠨ ᠢᠶᠠᠷ ᠮᠡᠬᠡᠯᠡᠬᠦ ᠪᠠ ᠬᠤᠳᠠᠯ ᠬᠠᠭᠤᠷᠮᠠᠭ ᠢᠶᠠᠷ ᠤᠬᠠᠭᠤᠯᠬᠤ | ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠠᠰᠤᠲᠠᠶᠢᠴᠤᠳ ᠤᠨ ᠦᠢᠯᠡᠳᠬᠦᠨ ᠤ ᠶᠠᠰᠤ ᠴᠢᠨᠠᠷ ᠤᠨ | ᠠᠶᠤᠯ ᠦᠬᠡᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠨᠠᠰᠤᠲᠠᠶᠢᠴᠤᠳ ᠤᠨ ᠬᠠᠤᠯᠢ ᠶᠣᠰᠣᠨ ᠤ ᠡᠷᠬᠡ | ᠠᠰᠢᠭ ᠢ ᠬᠦᠴᠦᠯᠡᠨ ᠬᠠᠮᠠᠭᠠᠯᠠᠨ᠎ᠠ᠃ ᠨᠠᠰᠤᠲᠠᠶᠢᠴᠤᠳ ᠤᠨ ᠮᠡᠬᠡᠯᠡᠯ ᠢ ᠡᠰᠡᠷᠭᠦᠴᠡᠬᠦ ᠮᠡᠳᠡᠯᠭᠡ ᠶᠢᠨ ᠤᠬᠠᠭᠤᠯᠭ᠎ᠠ ᠶᠢᠨ | ᠡᠷᠴᠢᠮ ᠢ ᠴᠢᠩᠭᠠᠷᠠᠭᠤᠯᠵᠤ᠂ ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠨ᠂ ᠤᠬᠠᠭᠤᠯᠭ᠎ᠠ ᠶᠢᠨ ᠨᠠᠷᠠᠲᠤ ᠲᠥᠷᠥᠯ | ᠲᠡᠮᠳᠡᠭᠲᠦ ᠶᠢ ᠪᠣᠶ ᠪᠣᠯᠭᠠᠵᠤ᠂ ᠨᠠᠰᠤᠲᠠᠶᠢᠴᠤᠳ ᠤᠨ ᠰᠡᠷᠭᠡᠶᠢᠯᠡᠬᠦ ᠦᠵᠡᠯ ᠤᠬᠠᠮᠰᠠᠷ ᠢ ᠲᠡᠭᠡᠭᠰᠢᠯᠡᠬᠦᠯᠤᠨ᠎ᠡ᠃ | ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ᠂ ᠠᠯᠪᠠᠨ ᠭᠡᠷᠡᠴᠢᠯᠡᠭᠡ ᠶᠢᠨ ᠪᠠᠶᠢᠭᠤᠯᠤᠮᠵᠢ ᠵᠡᠷᠭᠡ ᠵᠣᠬᠢᠶᠠᠨ | ᠪᠠᠶᠢᠭᠤᠯᠤᠯᠲᠠ ᠶᠢᠨ ᠬᠢᠨ ᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠯᠠᠨ ᠬᠡᠯᠪᠡᠷᠢ ᠶᠢᠨ | ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠬᠦ ᠶᠢ ᠲᠡᠮᠵᠢᠵᠤ᠂ ᠴᠢᠨᠠᠷ ᠰᠠᠶᠢᠲᠠᠢ ᠥᠨᠳᠥᠷ ᠪᠦᠲᠦᠮᠵᠢᠲᠡᠶ ᠬᠠᠤᠯᠢ | ᠴᠠᠭᠠᠵᠠ ᠶᠢᠨ ᠦᠢᠯᠡᠴᠢᠯᠡᠭᠡ ᠬᠠᠩᠭᠠᠵᠤ᠂ ᠬᠠᠤᠯᠢ ᠴᠠᠭᠠᠵᠠ ᠶᠢᠨ ᠦᠢᠯᠡᠴᠢᠯᠡᠭᠡ ᠪᠠᠷ ᠨᠠᠰᠤᠲᠠᠶᠢᠴᠤᠳ ᠲᠤ ᠨᠡᠩ | ᠰᠠᠶᠢᠨ ᠠᠰᠢᠭ ᠬᠦᠷᠲᠡᠭᠡᠨ᠎ᠡ᠃ ︽ ᠦᠳᠡᠯᠤᠬᠡ ᠪᠤᠭᠤᠷᠤᠯᠴᠤᠳ ᠢᠶᠠᠨ ᠰᠠᠬᠢᠨ ᠬᠠᠮᠠᠭᠠᠯᠠᠬᠤ︾ | ᠨᠠᠰᠤᠲᠠᠶᠢᠴᠤᠳ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠷᠠᠳᠢᠣ᠋ ᠨᠡᠪᠲᠡᠷᠡᠭᠦᠯᠭᠡ ᠶᠢᠨ ᠰᠢᠷᠢᠰ | ᠫᠷᠣᠭ᠍ᠷᠠᠮ ᠢ ᠦᠢᠯᠡᠳᠦᠨ ᠨᠠᠪᠲᠠᠷᠡᠭᠦᠯᠵᠦ᠂ ᠨᠠᠰᠤᠲᠠᠶᠢᠴᠤᠳ ᠤᠨ ᠲᠤᠬᠠᠢ ᠬᠠᠤᠯᠢ ᠶᠢ ᠲᠦᠭᠡᠮᠡᠯᠵᠢᠭᠦᠯᠬᠦ ᠬᠥᠮᠦᠵᠢᠯ ᠢ | ᠨᠡᠶᠢᠭᠡᠮ ᠲᠣᠭᠤᠷᠢᠭ ᠲᠤ ᠣᠷᠣᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠳᠥᠷᠪᠡ︶ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠵᠦ᠂ ᠨᠠᠰᠤᠲᠠᠶᠢᠴᠤᠳ ᠤᠨ ᠡᠷᠡᠭᠦᠯ | ᠮᠡᠨᠳᠦ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠨᠠᠰᠤᠲᠠᠶᠢᠴᠤᠳ ᠤᠨ ᠡᠷᠡᠭᠦᠯ ᠮᠡᠨᠳᠦ ᠶᠢᠨ ᠬᠠᠮᠢᠶᠠᠷᠤᠯᠲᠠ᠂ | ᠨᠠᠰᠤᠲᠠᠶᠢᠴᠤᠳ ᠤᠨ ᠡᠷᠡᠭᠦᠯ ᠮᠡᠨᠳᠦ ᠬᠢᠭᠡᠳ ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ᠂ ᠴᠢᠰᠤᠨ ᠳᠠᠷᠤᠯᠲᠠ | ᠥᠨᠳᠥᠷ ᠡᠪᠡᠳᠴᠢᠲᠡᠨ ᠤ ᠡᠷᠡᠭᠦᠯ ᠮᠡᠨᠳᠦ ᠶᠢᠨ ᠬᠠᠮᠢᠶᠠᠷᠤᠯᠲᠠ᠂ ᠰᠢᠬᠢᠷ ᠰᠢᠵᠢᠩ ᠡᠪᠡᠳᠴᠢᠲᠡᠨ ᠤ ᠡᠷᠡᠭᠦᠯ | ᠮᠡᠨᠳᠦ ᠶᠢᠨ ᠬᠠᠮᠢᠶᠠᠷᠤᠯᠲᠠ᠂ ᠬᠢᠲᠠᠳ ᠡᠮ ᠡᠮᠨᠡᠯᠭᠡ ᠶᠢᠨ ᠡᠷᠡᠭᠦᠯ ᠮᠡᠨᠳᠦ ᠶᠢᠨ ᠬᠠᠮᠢᠶᠠᠷᠤᠯᠲᠠ ᠵᠡᠷᠭᠡ ᠤᠯᠤᠰ ᠤᠨ | ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠷᠥ ᠶᠢᠨ ᠪᠣᠳᠣᠯᠭ᠎ᠠ ᠶᠢ ᠶᠡᠭᠡ ᠪᠠᠷ | ᠤᠬᠠᠭᠤᠯᠵᠤ᠂ ᠸᠠᠺᠼᠢᠨ ᠤ ᠲᠠᠷᠢᠯᠭ᠎ᠠ᠂ ᠨᠠᠰᠤᠲᠠᠶᠢᠴᠤᠳ ᠤᠨ ᠪᠠᠶᠢᠩᠭᠤ ᠲᠣᠬᠢᠶᠠᠯᠳᠤᠳᠠᠭ ᠡᠪᠡᠳᠴᠢᠨ ᠪᠠ ᠤᠳᠠᠭᠠᠨ | ᠴᠢᠨᠠᠷᠲᠠᠢ ᠡᠪᠡᠳᠴᠢᠨ ᠢ ᠰᠡᠷᠭᠡᠶᠢᠯᠡᠨ ᠵᠠᠰᠠᠬᠤ᠂ ᠭᠡᠮᠲᠦᠯ ᠢ ᠰᠡᠷᠭᠡᠶᠢᠯᠡᠬᠦ᠂ ᠪᠠᠴᠢᠮ ᠪᠠᠶᠢᠳᠠᠯ ᠢ ᠠᠷᠭᠠᠴᠠᠭᠠᠵᠤ | ᠠᠪᠤᠷᠠᠨ ᠲᠤᠰᠠᠯᠠᠬᠤ᠂ ᠰᠡᠳᠬᠢᠴᠡ ᠶᠢᠨ ᠡᠷᠡᠭᠦᠯ ᠮᠡᠨᠳᠦ᠂ ᠠᠮᠢ ᠨᠠᠰᠤᠨ ᠤ ᠲᠤᠬᠠᠢ ᠬᠥᠮᠦᠵᠢᠯ ᠵᠡᠷᠭᠡ ᠡᠷᠡᠭᠦᠯ | ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠦᠨ᠎ᠡ᠃ ᠨᠠᠰᠤᠲᠠᠶᠢᠴᠤᠳ ᠤᠨ ᠠᠮᠠᠨ ᠬᠥᠨᠳᠡᠢ ᠶᠢᠨ ᠡᠷᠡᠭᠦᠯ ᠮᠡᠨᠳᠦ᠂ | ᠨᠠᠰᠤᠲᠠᠶᠢᠴᠤᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ᠂ ᠨᠠᠰᠤᠲᠠᠶᠢᠴᠤᠳ ᠤᠨ ᠵᠥᠨᠥᠭ ᠡᠪᠡᠳᠴᠢᠨ ᠢ | ᠰᠡᠷᠭᠡᠶᠢᠯᠡᠨ ᠵᠠᠰᠠᠬᠤ ᠶᠢ ᠠᠬᠢᠭᠤᠯᠬᠤ ᠪᠠ ᠨᠠᠰᠤᠲᠠᠶᠢᠴᠤᠳ ᠤᠨ ᠰᠡᠳᠬᠢᠴᠡ ᠶᠢ ᠬᠠᠯᠠᠮᠵᠢᠯᠠᠬᠤ ᠠᠵᠢᠯᠯᠠᠭ᠎ᠠ ᠶᠢ | ᠭᠦᠨᠵᠡᠭᠡᠢ ᠥᠷᠨᠢᠭᠦᠯᠵᠦ᠂ ᠡᠷᠡᠭᠦᠯ ᠮᠡᠨᠳᠦ ᠨᠠᠰᠤᠵᠢᠯᠳᠠ ᠶᠢ ᠠᠬᠢᠭᠤᠯᠤᠨ᠎ᠠ᠃᠂ ᠬᠢᠲᠠᠳ ᠡᠮᠨᠡᠯᠭᠡ ᠶᠢᠨ ᠡᠷᠡᠭᠦᠯ | ᠮᠡᠨᠳᠦ ᠶᠢᠨ ᠪᠡᠶ᠎ᠡ ᠶᠢᠨ ᠪᠠᠶᠢᠴᠠᠭᠠᠯᠲᠠ᠂ ᠡᠷᠡᠭᠦᠯ ᠮᠡᠨᠳᠦ ᠶᠢᠨ ᠵᠢᠯᠣᠭᠤᠳᠤᠯᠭ᠎ᠠ᠂ ᠡᠷᠡᠭᠦᠯ ᠮᠡᠨᠳᠦ ᠶᠢᠨ ᠬᠠᠮᠢᠶᠠᠷᠤᠯᠲᠠ | ᠵᠡᠷᠭᠡ ᠦᠢᠯᠡᠴᠢᠯᠡᠭᠡ ᠶᠢ ᠢᠳᠡᠪᠬᠢᠲᠡᠢ ᠥᠷᠨᠢᠭᠦᠯᠦᠨ᠎ᠡ᠃ ᠨᠠᠰᠤᠲᠠᠶᠢᠴᠤᠳ ᠤᠨ ᠡᠷᠡᠭᠦᠯ ᠮᠡᠨᠳᠦ ᠶᠢᠨ ᠮᠡᠳᠡᠯᠭᠡ ᠶᠢᠨ | ᠤᠷᠤᠯᠳᠤᠭᠠᠨ ᠡᠷᠬᠢᠯᠡᠨ᠎ᠡ᠃ | ︵ᠲᠠᠪᠤ︶ ᠰᠣᠶᠣᠯ ᠲᠠᠮᠢᠷ ᠤᠨ ᠠᠵᠢᠯᠯᠠᠭ᠎ᠠ ᠶᠢ ᠪᠠᠶᠠᠯᠢᠭᠵᠢᠭᠤᠯᠵᠤ᠂ ᠨᠠᠰᠤᠲᠠᠶᠢᠴᠤᠳ ᠤᠨ ᠨᠡᠶᠢᠭᠡᠮ ᠤᠨ | ᠣᠷᠤᠯᠴᠠᠯᠭ᠎ᠠ ᠶᠢ ᠠᠬᠢᠭᠤᠯᠤᠨ᠎ᠠ᠃ ᠡᠯ᠎ᠡ ᠭᠠᠵᠠᠷ ᠤᠨ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠳᠠᠪᠠᠭᠤᠯᠢᠭ ᠢ | ᠭᠦᠢᠴᠡᠳ ᠠᠰᠢᠭᠯᠠᠨ᠂ ᠲᠠᠯᠠᠪᠠᠶ ᠶᠢᠨ ᠪᠥᠵᠢᠭ᠂ ᠠᠯᠬᠤᠬᠤ᠂ ᠲᠠᠭᠤᠯᠠᠬᠤ᠂ ᠤᠡᠭᠰᠢᠬᠤ᠂ ᠪᠢᠴᠢᠯᠭᠡ ᠵᠢᠷᠤᠭ᠂ ᠬᠡᠷᠡᠯ | ᠵᠢᠷᠤᠭ ᠵᠡᠷᠭᠡ ᠨᠠᠰᠤᠲᠠᠶᠢᠴᠤᠳ ᠲᠤ ᠲᠣᠬᠢᠷᠠᠬᠤ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠢᠳᠡᠪᠬᠢᠲᠡᠢ ᠪᠠᠷ | ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ᠃ ︽ᠶᠢᠰᠦᠨ ᠰᠠᠷ᠎ᠠ ᠶᠢᠨ ᠶᠢᠰᠦᠨ︾ ᠤ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠭᠤᠣᠯ ᠰᠡᠳᠦᠪᠲᠦ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠵᠦ᠂ ᠨᠠᠰᠤᠲᠠᠶᠢᠴᠤᠳ ᠤᠨ | ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠵᠢᠯᠣᠭᠤᠳᠤᠯᠭ᠎ᠠ ᠶᠢ ᠴᠢᠩᠭᠠᠳᠬᠠᠨ᠂ ᠨᠠᠰᠤᠲᠠᠶᠢᠴᠤᠳ ᠤᠨ | ᠪᠡᠶ᠎ᠡ ᠴᠢᠭᠢᠷᠠᠭᠵᠢᠭᠤᠯᠬᠤ ᠰᠣᠯᠢᠯᠴᠠᠭ᠎ᠠ᠂ ᠪᠣᠯᠪᠠᠰᠤᠷᠠᠯ᠂ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠠᠵᠢᠯᠯᠠᠭ᠎ᠠ ᠶᠢ | ᠡᠷᠭᠢᠯᠡᠨ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠮᠡᠳᠡᠯᠭᠡ ᠪᠠ ᠤᠷ᠎ᠠ ᠴᠢᠳᠠᠪᠤᠷᠢ ᠶᠢ | ᠲᠦᠭᠡᠮᠡᠯᠵᠢᠭᠦᠯᠵᠦ᠂ ᠨᠡᠷᠡᠬᠦᠢ ᠨᠢᠳᠤᠷᠭ᠎ᠠ᠂ ᠪᠠ ᠳ᠋ᠤᠸᠠᠨ ᠶᠢᠨ᠂ ᠡᠤ ᠴᠢᠨ ᠰᠢ ᠵᠦᠴᠤᠬᠡ ᠵᠡᠷᠭᠡ ᠤᠯᠠᠮᠵᠢᠯᠠᠯᠲᠤ | ᠬᠥᠳᠡᠯᠭᠡᠭᠡᠨ ᠤ ᠲᠥᠷᠥᠯ ᠵᠦᠢᠯ ᠢ ᠳᠡᠯᠭᠡᠷᠡᠭᠦᠯᠦᠨ᠎ᠡ᠃ ᠡᠯ᠎ᠡ ᠭᠠᠵᠠᠷ ᠤᠨ ᠬᠢᠨ ᠤ ︽ᠶᠢᠰᠦᠨ ᠰᠠᠷ᠎ᠠ ᠶᠢᠨ ᠶᠢᠰᠦᠨ ᠤ | ᠪᠠᠶᠠᠷ︾ ᠤᠨ ᠡᠳᠦᠷ ᠲᠤ ᠨᠠᠰᠤᠲᠠᠶᠢᠴᠤᠳ ᠲᠤ ᠪᠡᠶ᠎ᠡ ᠶᠢᠨ ᠲᠠᠮᠢᠷ ᠤᠨ ᠣᠷᠳᠣᠨ ᠪᠠ ᠣᠷᠣᠨ ᠪᠦᠰᠡ ᠶᠢᠨ | ᠳᠣᠲᠣᠷᠠᠬᠢ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠢ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠵᠦ᠂ | ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠬᠢᠨ ᠨᠠᠰᠤᠲᠠᠶᠢᠴᠤᠳ ᠲᠤ ᠬᠠᠷᠠᠭᠠᠯᠵᠠᠯ ᠦᠵᠡᠭᠦᠯᠬᠦ | ᠬᠡᠷᠡᠭᠳᠡᠢ᠃ ᠠᠵᠤ ᠠᠬᠤᠶᠢᠯᠠᠯ ᠤᠳ ᠨᠠᠰᠤᠲᠠᠶᠢᠴᠤᠳ ᠲᠤ ᠲᠣᠬᠢᠷᠠᠬᠤ ᠪᠡᠶ᠎ᠡ ᠰᠤᠪᠢᠯᠠᠬᠤ ᠵᠢᠭᠤᠯᠴᠢᠯᠠᠯ᠂ | ᠡᠮᠴᠢᠯᠡᠭᠡᠨ ᠤ ᠵᠢᠭᠤᠯᠴᠢᠯᠠᠯ ᠵᠡᠷᠭᠡ ᠰᠡᠯᠡᠭᠦᠴᠡᠨ ᠠᠮᠠᠷᠠᠬᠤ ᠲᠥᠷᠥᠯ ᠤᠨ ᠦᠢᠯᠡᠳᠬᠦᠨ ᠢ ᠨᠡᠭᠡᠭᠡᠨ ᠬᠥᠭᠵᠢᠭᠦᠯᠬᠦ ᠶᠢ | ᠳᠡᠮᠵᠢᠨ᠎ᠡ᠃ ᠵᠡᠮᠳᠡᠭ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠪᠡᠶ᠎ᠡ ᠶᠢᠨ ᠲᠠᠮᠢᠷ ᠢ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠪᠦᠬᠦᠯᠢ ᠴᠣᠭᠴᠠ ᠶᠢᠨ ᠲᠣᠬᠢᠷᠠᠭᠤᠯᠤᠯᠲᠠ ᠳᠤ ᠣᠷᠣᠭᠤᠯᠵᠤ᠂ ᠵᠡᠮᠳᠡᠭ ᠨᠠᠰᠤᠲᠠᠶᠢᠴᠤᠳ ᠲᠤ | ᠲᠣᠬᠢᠷᠠᠬᠤ ᠡᠷᠡᠭᠦᠯᠵᠢᠯ ᠪᠡᠶ᠎ᠡ ᠴᠢᠭᠢᠷᠠᠭᠵᠢᠭᠤᠯᠬᠤ ᠪᠡᠶ᠎ᠡ ᠶᠢᠨ ᠲᠠᠮᠢᠷ ᠤᠨ ᠠᠷᠭ᠎ᠠ ᠪᠠ ᠠᠵᠢᠯᠯᠠᠭ᠎ᠠ ᠶᠢ ᠨᠠᠩ ᠣᠯᠠᠨ | ᠭᠠᠷᠭᠠᠨ᠎ᠠ᠃ | ︵ᠵᠢᠷᠭᠤᠭ᠎ᠠ︶ ᠤᠬᠠᠭᠤᠯᠤᠨ ᠰᠠᠨᠠᠭᠠᠴᠢᠯᠠᠬᠤ ᠶᠢ ᠴᠢᠩᠭᠠᠷᠠᠭᠤᠯᠵᠤ᠂ ᠨᠠᠰᠤᠲᠠᠨ ᠢᠶᠠᠨ ᠬᠦᠨᠳᠦᠯᠡᠵᠦ | ᠨᠠᠰᠤᠲᠠᠨ ᠢᠶᠠᠨ ᠬᠠᠶᠢᠷᠠᠯᠠᠵᠤ ᠨᠠᠰᠤᠲᠠᠨ ᠢᠶᠠᠨ ᠬᠠᠪᠰᠤᠷᠬᠤ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠨ᠎ᠠ᠃ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ | ᠤᠶᠠᠯᠳᠤᠭᠤᠯᠤᠨ᠂ ᠬᠥᠮᠥᠨ ᠠᠮᠠ ᠶᠢᠨ ᠨᠠᠰᠤᠵᠢᠯᠲᠠ ᠶᠢᠨ ᠲᠤᠬᠠᠢ ᠤᠯᠤᠰ ᠤᠨ ᠪᠠᠶᠢᠳᠠᠯ ᠤᠨ ᠬᠥᠮᠦᠵᠢᠯ ᠵᠡᠷᠭᠡ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ | ᠠᠷᠭᠠᠴᠠᠭᠠᠬᠤ ᠲᠤᠬᠠᠢ ᠨᠡᠶᠢᠬᠡᠮ ᠲᠠᠶᠠᠭᠠᠷ ᠤᠨ ᠬᠢᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ᠎ᠠ᠃ ᠪᠦᠬᠦ | ᠤᠯᠤᠰ ᠤᠨ ᠨᠠᠰᠤᠲᠠᠶᠢᠴᠤᠳ ᠤᠨ ᠰᠢᠰᠲ᠋ᠧᠮ ᠤᠨ ᠲᠡᠷᠢᠭᠦᠨ ᠤ ᠬᠠᠮᠲᠤ ᠪᠠ ᠲᠡᠷᠢᠭᠦᠨ ᠤ ᠠᠵᠢᠯᠲᠠᠨ ᠤ ᠨᠡᠶᠢᠲᠡᠯᠢᠭ | ᠦᠢᠯᠡ ᠠᠵᠢᠯᠯᠠᠭ᠎ᠠ ᠶᠢ ᠶᠡᠭᠡ ᠪᠠᠷ ᠤᠬᠠᠭᠤᠯᠵᠤ᠂ ᠨᠠᠰᠤᠲᠠᠶᠢᠴᠤᠳ ᠤᠨ ᠲᠡᠷᠢᠭᠦᠨ ᠤ ᠬᠢ ᠠᠴᠠ ᠰᠤᠷᠤᠯᠴᠠᠬᠤ᠂ | ᠴᠢᠷᠮᠠᠶᠢᠨ ᠲᠡᠮᠡᠴᠡᠵᠦ ᠬᠤᠪᠢ ᠨᠡᠮᠡᠷᠢ ᠦᠵᠡᠭᠦᠯᠬᠦ ᠶᠢ ᠤᠷᠮᠠᠰᠢᠭᠤᠯᠤᠨ ᠵᠢᠯᠣᠭᠤᠳᠤᠨ᠎ᠠ᠃ ᠨᠠᠰᠤᠲᠠᠨ ᠢ ᠬᠦᠨᠳᠦᠯᠡᠬᠦ | ᠰᠡᠳᠦᠪᠲᠦ ᠷᠠᠳᠢᠣ᠋ ᠨᠡᠪᠲᠡᠷᠡᠭᠦᠯᠭᠡ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠪᠦᠲᠦᠭᠡᠯ ᠢ ᠵᠣᠬᠢᠶᠠᠨ | ᠪᠦᠲᠦᠭᠡᠵᠦ ᠨᠡᠪᠲᠡᠷᠡᠭᠦᠯᠬᠦ ᠶᠢ ᠵᠣᠷᠢᠭᠵᠢᠭᠤᠯᠵᠤ᠂ ᠪᠦᠬᠦ ᠤᠯᠤᠰ ᠤᠨ ᠨᠠᠰᠤᠲᠠᠨ ᠢ ᠬᠦᠨᠳᠦᠯᠡᠵᠦ ᠨᠠᠰᠤᠲᠠᠨ ᠢ | ᠠᠰᠠᠷᠠᠵᠤ ᠨᠠᠰᠤᠲᠠᠨ ᠢ ᠬᠠᠪᠰᠤᠷᠬᠤ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠴᠤᠭᠯᠠᠭᠤᠯᠬᠤ ᠪᠠ ᠳᠡᠯᠭᠡᠨ | ᠨᠡᠪᠲᠡᠷᠡᠭᠦᠯᠬᠦ ᠠᠵᠢᠯᠯᠠᠭ᠎ᠠ ᠶᠢ ᠥᠷᠨᠢᠭᠦᠯᠵᠦ᠂ ᠬᠥᠮᠥᠨ ᠠᠮᠠ ᠶᠢᠨ ᠨᠠᠰᠤᠵᠢᠯᠲᠠ ᠶᠢᠨ ᠤᠯᠤᠰ ᠤᠨ ᠪᠠᠶᠢᠳᠠᠯ ᠤᠨ | ᠬᠥᠮᠦᠵᠢᠯ ᠤᠨ ᠲᠠᠨᠢᠯᠴᠠᠭᠤᠯᠭ᠎ᠠ ᠶᠢᠨ ᠺᠢᠨᠣ᠋ ᠶᠢ ᠨᠡᠪᠲᠡᠷᠡᠭᠦᠯᠦᠨ᠎ᠡ᠃ ︽ᠮᠥᠩᠭᠦᠨ ᠪᠤᠭᠤᠷᠤᠯᠴᠤᠳ ᠤᠨ ᠤᠩᠰᠢᠯᠭ᠎ᠠ | ︱ ᠠᠯᠲᠠᠨ ᠰᠢᠷᠭᠠᠯ ᠤᠨ ᠵᠢᠯ︾ ᠨᠠᠰᠤᠲᠠᠶᠢᠴᠤᠳ ᠤᠨ ᠤᠩᠰᠢᠯᠭ᠎ᠠ ᠶᠢ ᠳᠡᠯᠭᠡᠷᠡᠭᠦᠯᠬᠦ ᠰᠢᠷᠢᠰ ᠠᠵᠢᠯᠯᠠᠭ᠎ᠠ ᠶᠢ | ᠥᠷᠨᠢᠭᠦᠯᠦᠨ᠎ᠡ᠃ ᠡᠯ᠎ᠡ ᠭᠠᠵᠠᠷ ᠤᠨ ᠬᠢᠨ ᠤ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡ ᠶᠢ ᠴᠢᠩᠭᠠᠳᠬᠠᠭᠰᠠᠨ ᠨᠡᠶᠢᠲᠡᠯᠢᠭ ᠲᠤᠷᠰᠢᠯᠭ᠎ᠠ ᠶᠢ ᠳᠡᠯᠭᠡᠷᠡᠭᠦᠯᠵᠦ᠂ ᠨᠠᠰᠤᠲᠠᠨ ᠢᠶᠠᠨ ᠠᠴᠢᠯᠠᠵᠤ | ᠨᠠᠰᠤᠲᠠᠨ ᠢᠶᠠᠨ ᠬᠦᠨᠳᠦᠯᠡᠬᠦ ᠪᠣᠯᠪᠠᠰᠤᠨ ᠨᠤᠲᠤᠭ ᠤᠨ ᠰᠤᠷᠲᠠᠯ ᠢ ᠪᠠᠳᠠᠷᠠᠭᠤᠯᠤᠨ᠎ᠠ᠃ ︽ᠬᠠᠮᠤᠭ ᠤᠨ ᠰᠤᠳᠤᠨ ᠭᠡᠷ | ᠪᠦᠯᠢ︾ ᠶᠢᠨ ᠠᠵᠢᠯᠯᠠᠭ᠎ᠠ ᠶᠢ ᠡᠷᠢᠬᠦ ᠪᠠᠷ ᠠᠴᠢᠶᠠᠯᠠᠪᠤᠷᠢ ᠪᠣᠯᠭᠠᠵᠤ᠂ ᠨᠠᠰᠤᠲᠠᠨ ᠢᠶᠠᠨ ᠠᠴᠢᠯᠠᠵᠤ ᠲᠥᠷᠥᠯ | ᠰᠠᠳᠤᠨ ᠢᠶᠠᠨ ᠬᠠᠶᠢᠷᠠᠯᠠᠬᠤ ᠭᠡᠷ ᠪᠦᠯᠢ ᠶᠢᠨ ᠨᠡᠶᠢᠲᠡᠯᠢᠭ ᠵᠢᠱᠢᠶ᠎ᠡ ᠶᠢ ᠰᠣᠩᠭᠤᠨ ᠤᠬᠠᠭᠤᠯᠤᠨ᠎ᠠ᠃ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠡᠮᠡᠭᠲᠡᠶᠢᠴᠦᠳ ᠤᠨ ᠰᠠᠶᠢᠨ ᠳᠤᠷ᠎ᠠ ᠶᠢᠨ ᠠᠵᠢᠯᠯᠠᠭ᠎ᠠ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ ᠰᠠᠶᠢᠨ ᠰᠠᠶᠢᠬᠠᠨ ᠠᠭᠤᠷ | ᠠᠮᠢᠰᠬᠤᠯ ᠢ ᠪᠤᠢ ᠪᠣᠯᠭᠠᠬᠤ ᠶᠢ ᠠᠬᠢᠭᠤᠯᠤᠨ᠎ᠠ᠃ | | | ᠲᠠᠪᠤ᠂ ᠠᠵᠢᠯ ᠤᠨ ᠱᠠᠭᠠᠷᠳᠠᠯᠭ᠎ᠠ | | ︵ᠨᠢᠭᠡ︶ ᠤᠳᠤᠷᠢᠳᠤᠯᠭ᠎ᠠ ᠪᠠᠨ ᠴᠢᠩᠭᠠᠳᠬᠠᠵᠤ᠂ ᠨᠢᠮᠪᠠᠢ ᠲᠥᠯᠥᠪᠵᠢᠭᠦᠯᠬᠦ ᠬᠡᠷᠡᠭᠲᠡᠢ᠃ ᠡᠯ᠎ᠡ ᠱᠠᠲᠤᠨ ᠤ | ᠨᠠᠰᠤᠲᠠᠶᠢᠴᠤᠳ ᠤᠨ ᠠᠵᠢᠯ ᠤᠨ ᠵᠦᠪᠯᠡᠯ ᠤᠨ ᠬᠢᠨ ︽ᠨᠠᠰᠤᠲᠠᠨ ᠢ ᠬᠦᠨᠳᠦᠯᠡᠬᠦ ᠰᠠᠷ᠎ᠠ︾ ᠶᠢᠨ ᠠᠵᠢᠯᠯᠠᠭ᠎ᠠ ᠶᠢ | ᠴᠢᠬᠤᠯᠠᠴᠢᠯᠠᠨ᠂ ᠲᠤᠰ ᠭᠠᠵᠠᠷ ᠣᠷᠣᠨ ᠤ ᠠᠵᠢᠯᠯᠠᠭ᠎ᠠ ᠶᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠴᠢᠩᠭᠠᠳᠬᠠᠵᠤ᠂ ᠡᠷᠲᠡ ᠠᠴᠠ ᠲᠥᠯᠥᠪᠯᠡᠨ᠂ ᠨᠢᠮᠪᠠᠢ ᠲᠣᠬᠢᠷᠠᠭᠤᠯᠵᠤ᠂ ᠨᠢᠭᠡᠳᠦᠯᠲᠡᠢ ᠲᠥᠯᠥᠪᠯᠡᠨ ᠠᠬᠢᠭᠤᠯᠵᠤ᠂ ︽ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠬᠢ ᠤᠯᠤᠰ | ᠤᠨᠨᠠᠰᠤᠲᠠᠶᠢᠴᠤᠳ ᠤᠨ ᠦᠢᠯᠡᠰ ᠤᠨ ᠬᠥᠭᠵᠢᠯᠲᠡ ᠪᠣᠯᠣᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠰᠢᠰᠲ᠋ᠧᠮ ᠤᠨ ᠲᠥᠯᠦᠪᠵᠢᠭᠦᠯᠭᠡ︾ ᠳᠤ ᠳᠤᠷᠠᠳᠤᠭᠰᠠᠨ ︽ᠰᠢᠶᠠᠨ ︵ᠬᠤᠳᠠ᠂ ᠲᠣᠭᠤᠷᠢᠭ᠂ ᠬᠤᠰᠢᠭᠤ︶ | ᠪᠤᠯᠭᠠᠨ ᠳᠤ ︿ᠨᠠᠰᠤᠲᠠᠨ ᠢ ᠬᠦᠨᠳᠦᠯᠡᠬᠦ ᠰᠠᠷ᠎ᠠ﹀ ᠶᠢᠨ ᠠᠵᠢᠯᠯᠠᠭ᠎ᠠ ᠶᠢ ᠵᠢᠯ ᠪᠦᠷᠢ ᠨᠢᠭᠡ ᠤᠳᠠᠭ᠎ᠠ ᠥᠷᠨᠢᠭᠦᠯᠬᠦ︾ | ᠠᠵᠢᠯ ᠤᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠱᠠᠲᠤᠨ ᠤ ᠨᠠᠰᠤᠲᠠᠶᠢᠴᠤᠳ ᠤᠨ | ᠠᠵᠢᠯ ᠤᠨ ᠵᠥᠪᠯᠡᠯ ᠤᠨ ᠠᠯᠪᠠᠨ ᠭᠡᠷ ᠤᠨ ᠬᠢᠨ ᠡᠯ᠎ᠡ ᠪᠦᠷᠢᠯᠳᠦᠭᠦᠨ ᠨᠢᠬᠡᠴᠢ ᠯᠦᠭᠡ ᠶᠢᠨ ᠵᠤᠬᠢᠴᠠᠯᠳᠤᠭ᠎ᠠ | ᠬᠠᠮᠵᠢᠯᠴᠠᠭ᠎ᠠ ᠪᠠᠨ ᠴᠢᠩᠭᠠᠳᠬᠠᠵᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠠᠵᠢᠯ ᠲᠥᠷᠥᠯ ᠤᠨ | ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠡᠬᠢ ᠪᠠᠶᠠᠯᠢᠭ ᠢ ᠨᠡᠶᠢᠯᠡᠭᠦᠯᠵᠦ᠂ ᠠᠷᠠᠳ ᠣᠯᠠᠨ ᠤ ᠦᠵᠡᠵᠦ | ᠰᠣᠨᠢᠷᠬᠠᠬᠤ ᠳᠤᠷᠠᠲᠠᠢ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠪᠣᠶ ᠪᠣᠯᠭᠠᠬᠤ ᠬᠡᠷᠡᠭᠲᠡᠢ᠃ | ︵ᠬᠤᠶᠠᠷ︶ ᠠᠮᠢᠳᠤᠯᠢᠭ ᠢᠶᠠᠷ ᠰᠢᠨ᠎ᠡ ᠶᠢ ᠡᠭᠦᠳᠴᠦ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠨ᠎ᠠ᠃ | ᠠᠵᠢᠯᠯᠠᠭ᠎ᠠ ᠶᠢᠨ ᠬᠡᠯᠪᠡᠷᠢ ᠶᠢᠨ ᠰᠢᠨ᠎ᠡ ᠶᠢ ᠡᠭᠦᠳᠴᠦ᠂ ᠠᠵᠢᠯᠯᠠᠭ᠎ᠠ ᠶᠢᠨ ᠠᠭᠤᠯᠭ᠎ᠠ ᠶᠢ ᠪᠠᠶᠠᠯᠢᠭᠵᠢᠭᠤᠯᠵᠤ᠂ | ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠳᠡᠢ᠃ ᠲᠥᠪ ᠬᠤᠷᠢᠶᠠᠨ ᠤ | ᠨᠠᠢᠮᠠᠨ ᠲᠣᠭᠲᠠᠭᠠᠯ ᠪᠠ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠪᠦᠷᠢᠯᠬᠡᠬᠦ ᠦᠭᠡᠢ᠂ ᠬᠡᠯᠪᠡᠷᠢ ᠶᠢᠨ ᠦᠵᠡᠯ ᠭᠠᠷᠭᠠᠬᠤ ᠦᠭᠡᠢ ᠪᠠᠶᠢᠬᠤ ᠬᠡᠷᠡᠭᠳᠡᠢ᠃ | ︵ᠭᠤᠷᠪᠠ︶ ᠦᠨᠳᠦᠰᠦᠨ ᠱᠠᠲᠤᠨ ᠳᠤ ᠬᠠᠨᠳᠤᠭᠤᠯᠤᠨ᠂ ᠨᠥᠯᠥᠭᠡ ᠶᠢ ᠥᠷᠭᠡᠳᠬᠡᠨ᠎ᠡ᠃ ᠦᠨᠳᠦᠰᠦᠨ | ᠱᠠᠲᠤᠨ ᠳᠤ ᠬᠠᠨᠳᠤᠭᠤᠯᠬᠤ᠂ ᠤᠯᠠᠨ ᠲᠦᠮᠡᠨ ᠳᠤ ᠬᠠᠨᠳᠤᠭᠤᠯᠬᠤ ᠶᠢ ᠪᠠᠷᠢᠮᠲᠠᠯᠠᠵᠤ᠂ ᠨᠢᠭᠡᠳᠦᠯᠲᠡᠢ ᠵᠣᠬᠢᠶᠠᠨ | ᠪᠠᠶᠢᠭᠤᠯᠬᠤ ᠠᠵᠢᠯᠯᠠᠭ᠎ᠠ ᠪᠠ ᠤᠯᠠᠨ ᠲᠦᠮᠡᠨ ᠤ ᠠᠶᠠᠨᠳᠠᠭᠠᠨ ᠥᠷᠨᠢᠭᠦᠯᠬᠦ ᠠᠵᠢᠯᠯᠠᠭ᠎ᠠ ᠶᠢ ᠤᠶᠠᠯᠳᠤᠭᠤᠯᠬᠤ ᠶᠢ | ᠴᠢᠬᠤᠯᠠᠴᠢᠯᠠᠵᠤ᠂ ᠨᠠᠰᠤᠲᠠᠶᠢᠴᠤᠳ ᠲᠤ ᠬᠤᠯᠪᠣᠭᠳᠠᠭᠰᠠᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ | ᠭᠦᠢᠴᠡᠳ ᠪᠠᠳᠠᠷᠠᠭᠤᠯᠵᠤ᠂ ᠨᠡᠶᠢᠭᠡᠮ ᠤᠨ ᠬᠦᠴᠦᠨ ᠢ ᠲᠠᠶᠢᠴᠢᠯᠠᠨ ᠢᠳᠡᠪᠬᠢᠲᠡᠢ ᠣᠷᠣᠯᠴᠠᠭᠤᠯᠬᠤ ᠬᠡᠷᠡᠭᠲᠡᠢ᠃ | ᠭᠤᠣᠯ ᠵᠠᠭᠤᠴᠢᠯᠠᠭᠤᠷ᠂ ᠰᠢᠨ᠎ᠡ ᠵᠠᠭᠤᠴᠢᠯᠠᠭᠤᠷ᠂ ᠬᠤᠪᠢ ᠶᠢᠨ ᠵᠠᠭᠤᠴᠢᠯᠠᠭᠤᠷ ᠤᠨ ᠲᠠᠪᠴᠠᠩ ᠢ ᠭᠦᠢᠴᠡᠳ | ᠠᠰᠢᠭᠯᠠᠨ᠂ ︽ᠨᠠᠰᠤᠲᠠᠨ ᠢ ᠬᠦᠨᠳᠦᠯᠡᠬᠦ ᠰᠠᠷ᠎ᠠ︾ ᠶᠢᠨ ᠠᠵᠢᠯᠯᠠᠭ᠎ᠠ ᠶᠢ ᠤᠬᠠᠭᠤᠯᠤᠨ ᠮᠡᠳᠡᠭᠡᠯᠡᠬᠦ ᠠᠵᠢᠯ ᠢ | ᠴᠢᠩᠭᠠᠳᠬᠠᠵᠤ᠂ ᠠᠵᠢᠯᠯᠠᠭ᠎ᠠ ᠶᠢᠨ ᠨᠥᠯᠥᠭᠡᠯᠡᠬᠦ ᠬᠦᠴᠦᠨ ᠪᠠ ᠬᠠᠮᠤᠷᠬᠤ ᠬᠡᠪᠴᠢᠶ᠎ᠡ ᠶᠢ ᠲᠠᠰᠤᠷᠠᠯᠳᠠ ᠦᠭᠡᠢ | ᠦᠷᠬᠡᠳᠬᠡᠬᠦ ᠬᠡᠷᠡᠭᠳᠡᠢ᠃ | ᠡᠯ᠎ᠡ ᠮᠤᠵᠢ ︵ᠣᠷᠣᠨ᠂ ᠬᠤᠲᠠ︶ ᠶᠢᠨ ᠨᠠᠰᠤᠲᠠᠶᠢᠴᠤᠳ ᠤᠨ ᠠᠵᠢᠯ ᠤᠨ ᠵᠦᠪᠯᠡᠯ᠂ ᠠᠰ ᠲᠤ ᠪᠠᠨ | ᠲᠦᠯᠦᠪᠯᠡᠭᠡ ᠭᠠᠷᠭᠠᠬᠤ ᠬᠤᠲᠠ ᠶᠢᠨ ᠨᠠᠰᠤᠲᠠᠶᠢᠴᠤᠳ ᠤᠨ ᠠᠵᠢᠯ ᠤᠨ ᠵᠥᠪᠯᠡᠯ᠂ ᠰᠢᠨᠵᠢᠶᠠᠩ ᠤᠨ ᠦᠢᠯᠡᠳᠪᠦᠷᠢᠯᠡᠯ | ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠨᠠᠰᠤᠲᠠᠶᠢᠴᠤᠳ ᠤᠨ ᠠᠵᠢᠯ ᠤᠨ ᠵᠥᠪᠯᠡᠯ ᠪᠣᠯᠣᠨ ᠪᠥᠬᠦ | ᠤᠯᠤᠰ ᠤᠨ ᠨᠠᠰᠤᠲᠠᠶᠢᠴᠤᠳ ᠤᠨ ᠠᠵᠢᠯ ᠤᠨ ᠵᠥᠪᠯᠡᠯ ᠤᠨ ᠡᠯ᠎ᠡ ᠪᠦᠷᠢᠯᠳᠦᠭᠦᠨ ᠨᠢᠬᠡᠴᠢ ᠨᠦᠭᠦᠳ ᠲᠣᠰ | ᠮᠡᠳᠡᠭᠳᠡᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ︽ | ᠨᠠᠰᠤᠲᠠᠶᠢᠴᠤᠳ ᠢ ᠬᠦᠨᠳᠦᠯᠡᠬᠦ ᠰᠠᠷ᠎ᠠ︾ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠶᠢᠨ ᠬᠠᠮᠲᠤ | 2023 ᠣᠨ ᠤ 11 ᠳ᠋ᠦᠭᠡᠷ ᠰᠠᠷ᠎ᠠ ᠶᠢᠨ 15 ᠤ ᠡᠳᠦᠷ ᠠᠴᠠ ᠡᠮᠦᠨ᠎ᠡ ︽ᠨᠠᠰᠤᠲᠠᠶᠢᠴᠤᠳ ᠢ ᠬᠦᠨᠳᠦᠯᠡᠬᠦ ᠰᠠᠷ᠎ᠠ︾ | ᠶᠢᠨ ᠠᠵᠢᠯᠯᠠᠭ᠎ᠠ ᠶᠢᠨ ᠳ᠋ᠦᠩᠨᠡᠯᠲᠡ ᠪᠠᠨ ᠪᠥᠬᠦ ᠤᠯᠤᠰ ᠤᠨ ᠨᠠᠰᠤᠲᠠᠶᠢᠴᠤᠳ ᠤᠨ ᠠᠵᠢᠯ ᠤᠨ ᠵᠥᠪᠯᠡᠯ ᠤᠨ ᠠᠯᠪᠠᠨ | ᠭᠡᠷ ᠲᠤ ᠮᠡᠳᠡᠭᠦᠯᠬᠦ ᠬᠡᠷᠡᠭᠲᠡᠢ᠃ | ᠪᠦᠬᠦ ᠤᠯᠤᠰ ᠤᠨ ᠨᠠᠰᠤᠳᠠᠶᠢᠴᠤᠳ ᠤᠨ ᠠᠵᠢᠯ ᠤᠨ ᠵᠦᠪᠯᠡᠯ | 2023 ᠣᠨ ᠤ 9 ᠰᠠᠷ᠎ᠠ ᠶᠢᠨ 25 ᠤ ᠡᠳᠤᠷ | | | |