ᠡᠷᠢᠶᠡᠨ ᠬᠤᠲᠠ ᠶᠢᠨ ᠬᠢᠨ ᠤᠷᠴᠢᠮ ᠤᠨ ᠵᠢᠯ ᠨᠠᠮ ᠤᠨ ᠪᠠᠶᠢᠭᠤᠯᠤᠯᠲᠠ ᠶᠢᠨ ᠵᠢᠯᠣᠭᠤᠳᠤᠯᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠬᠢ ︽ᠰᠢᠨ᠎ᠡ ᠠᠵᠤ | ᠠᠬᠤᠢ ᠶᠢᠨ ᠵᠣᠬᠢᠶᠠᠨ ᠪᠠᠶᠢᠭᠤᠯᠤᠯᠲᠠ᠂ ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠢᠨ᠎ᠡ ᠠᠵᠢᠯ | ᠣᠯᠭᠤᠯᠲᠠ ᠶᠢᠨ ᠬᠠᠮᠲᠤᠯᠢᠭ ᠤᠨ ᠨᠠᠮ ᠤᠨ ᠪᠠᠶᠢᠭᠤᠯᠤᠯᠲᠠ ᠶᠢ ᠴᠢᠩᠭᠠᠳᠬᠠᠬᠤ︾ ᠲᠤᠬᠠᠢ ᠪᠠᠶᠢᠷᠢᠯᠠᠭᠤᠯᠤᠯᠲᠠ ᠶᠢ | ᠬᠢᠨᠠᠮᠠᠭᠠᠢ ᠨᠠᠶᠢᠳᠠᠪᠤᠷᠢᠵᠢᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠨᠳᠦᠰᠦᠨ ᠱᠠᠲᠤᠨ ᠤ | ᠵᠠᠰᠠᠯᠲᠠ ᠳᠤ ᠣᠷᠣᠯᠴᠠᠬᠤ ᠶᠢ ᠢᠳᠡᠪᠬᠢᠲᠡᠢ ᠵᠢᠯᠤᠭᠤᠳᠴᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠪᠠ | ᠵᠠᠰᠠᠭ ᠤᠨ ᠣᠷᠳᠣᠨ ᠤ ᠬᠥᠭᠦᠷᠭᠡ ᠶᠢᠨ ᠦᠢᠯᠡᠳᠦᠯ ᠢ ᠰᠠᠶᠢᠲᠤᠷ ᠪᠠᠳᠠᠷᠠᠭᠤᠯᠬᠤ ᠶᠢ ᠠᠬᠢᠭᠤᠯᠵᠤ᠂ ᠪᠦᠬᠦ | ᠬᠤᠳᠠ ᠶᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠴᠢᠳᠠᠪᠤᠷᠢ ᠪᠠ ᠬᠥᠭᠵᠢᠯᠲᠡ ᠶᠢᠨ | ᠲᠦᠪᠰᠢᠨ ᠢ ᠯᠠᠪᠳᠠᠭᠤᠨ ᠢᠶᠠᠷ ᠲᠡᠭᠡᠭᠰᠢᠯᠡᠬᠦᠯᠪᠡ᠃ ᠣᠳᠣᠬᠠᠨ ᠳᠤ ᠪᠥᠬᠦ ᠬᠤᠲᠠ ᠳᠤ 78 ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢ ᠲᠠᠩᠰᠠᠯᠠᠵᠤ᠂ ᠠᠷᠠᠯᠵᠢᠶ᠎ᠠ ᠬᠤᠳᠠᠯᠳᠤᠭ᠎ᠠ᠂ ᠪᠠᠷᠢᠯᠭ᠎ᠠ ᠶᠢᠨ ᠮᠠᠲ᠋ᠧᠷᠢᠶᠠᠯ᠂ ᠢᠳᠡᠭᠡᠨ ᠤ ᠵᠦᠢᠯ᠂ | ᠡᠮ ᠤᠨ ᠵᠦᠢᠯ ᠂ ᠡᠮᠴᠢᠯᠡᠭᠡᠨ ᠤ ᠪᠠᠭᠠᠵᠢ᠂ ᠡᠳ᠋ ᠪᠠᠷᠠᠭᠠᠨ ᠤ ᠭᠦᠢᠯᠭᠡᠭᠡ᠂ ᠢᠳᠡᠭᠡᠨ ᠤᠮᠳᠠᠭᠠᠨ ᠤ ᠦᠢᠯᠡᠴᠢᠯᠡᠭᠡ᠂ | ᠬᠤᠪᠴᠠᠰᠤ ᠬᠤᠨᠠᠷ ᠵᠡᠷᠭᠡ ᠣᠯᠠᠨ ᠠᠵᠢᠯ ᠲᠥᠷᠥᠯ ᠳᠤ ᠬᠤᠯᠪᠣᠭᠳᠠᠨ᠂ 600 ᠭᠠᠷᠤᠢ ᠠᠵᠢᠯᠲᠠᠨ ᠠᠵᠢᠯᠯᠠᠵᠤ᠂ | ᠲᠠᠰ ᠳᠠᠪᠬᠤᠷᠭ᠎ᠠ ᠲᠣᠳᠣᠷᠬᠠᠢ᠂ ᠬᠠᠮᠤᠷᠬᠤ ᠬᠡᠪᠴᠢᠶ᠎ᠡ ᠥᠷᠭᠡᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ | ᠰᠢᠰᠲ᠋ᠧᠮ ᠢ ᠠᠩᠬ᠎ᠠ ᠠᠯᠬᠤᠮ ᠪᠦᠷᠢᠯᠳᠦᠭᠦᠯᠪᠡ᠃ | ᠨᠢᠭᠡ ᠳᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠵᠤ | ᠂ ᠦᠨᠳᠦᠰᠦᠨ ᠱᠠᠲᠤᠨ ᠤ ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠪᠡ᠃ ︽ᠡᠷᠢᠶᠡᠨ ᠬᠤᠲᠠ ᠶᠢᠨ 2023 | ᠣᠨ ᠤ ᠨᠡᠶᠢᠲᠡ ᠶᠢᠨ ᠥᠮᠴᠢᠯᠡᠯ ᠤᠨ ᠪᠤᠰᠤ ᠬᠦᠷᠢᠶ᠎ᠡ ᠴᠠᠷᠠᠭᠠᠨ ᠳᠤ ᠬᠢ ︿ᠵᠠᠭᠤᠨ ᠡᠳᠦᠷ ᠤᠨ ᠪᠤᠭᠤᠮᠳᠠ | ᠰᠢᠪᠳᠤᠯᠤᠯᠳᠠ﹀ ᠶᠢ ᠬᠠᠮᠤᠷᠤᠭᠰᠠᠨ ᠬᠤᠶᠠᠷ ᠠᠵᠢᠯᠯᠠᠭᠠᠨ ᠤ ᠲᠥᠰᠥᠯ︾ ᠶᠣᠰᠣᠭᠠᠷ ᠡᠷᠢᠶᠡᠨ ᠬᠤᠲᠠ ᠶᠢᠨ | ᠣᠲᠣ ᠶᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠭᠡᠰᠢᠭᠦᠨ ᠤ ᠲᠤᠭ᠎ᠠ᠂ ᠠᠵᠢᠯᠯᠠᠵᠤ ᠪᠠᠶᠢᠭ᠎ᠠ | ᠬᠥᠮᠥᠨ ᠤ ᠲᠤᠭ᠎ᠠ᠂ ᠣᠲᠣ ᠶᠢᠨ ᠪᠠᠶᠢᠭ᠎ᠠ ᠨᠠᠮ ᠤᠨ ᠭᠡᠰᠢᠭᠦᠨ ᠤ ᠬᠠᠷᠢᠶᠠᠯᠠᠭᠳᠠᠬᠤ ᠨᠠᠮ ᠤᠨ ᠡᠭᠦᠷ ᠵᠡᠷᠭᠡ | ᠦᠨᠳᠦᠰᠦᠨ ᠮᠡᠳᠡᠭᠡ ᠵᠠᠩᠭᠢ ᠶᠢ ᠲᠠᠬᠢᠨᠳᠠ ᠵᠢᠭᠰᠠᠭᠠᠨ ᠪᠠᠶᠢᠴᠠᠭᠠᠵᠤ᠂ ᠪᠡᠶ᠎ᠡ ᠪᠠᠨ ᠳᠠᠭᠠᠭᠠᠭᠰᠠᠨ ᠨᠠᠮ ᠤᠨ ᠡᠭᠦᠷ | ᠪᠠᠶᠢᠭᠤᠯᠬᠤ ᠨᠥᠬᠦᠴᠡᠯ ᠳᠤ ᠨᠡᠶᠢᠴᠡᠬᠦ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠨᠠᠮ ᠤᠨ ᠡᠭᠦᠷ ᠪᠠᠶᠢᠭᠤᠯᠬᠤ ᠶᠢ | ᠵᠢᠯᠤᠭᠤᠳᠪᠠ᠃ ᠤᠳᠤ ᠡᠷᠢᠶᠡᠨ ᠬᠤᠲᠠ ᠶᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠠᠰ ᠢᠶᠠᠷ ᠢᠶᠠᠨ 9 ᠨᠠᠮ ᠤᠨ | ᠡᠭᠦᠷ᠂ 3 ᠬᠤᠯᠪᠣᠭᠠᠲᠤ ᠨᠠᠮ ᠤᠨ ᠡᠭᠦᠷ᠂ 50 ᠨᠠᠮ ᠤᠨ ᠭᠡᠰᠢᠭᠦᠨ ᠲᠠᠢ ᠪᠤᠯᠵᠤ᠂ ᠪᠠᠷᠢᠮᠵᠢᠶᠠᠵᠢᠭᠰᠠᠨ ᠨᠠᠮ ᠣᠯᠠᠨ | ᠲᠦᠮᠡᠨ ᠤ ᠬᠥᠳᠡᠯᠭᠡᠭᠡᠨ ᠤ ᠲᠠᠰᠤᠭ 1 ᠶᠢ ᠪᠠᠶᠢᠭᠤᠯᠤᠬᠰᠠᠨ ᠤ ᠬᠠᠮᠲᠤ ᠬᠤᠳᠠ ᠶᠢᠨ ᠰᠢᠭᠤᠳ ᠬᠠᠷᠢᠶ᠎ᠠ ᠰᠠᠯᠠᠭ᠎ᠠ | ᠮᠥᠴᠢᠷ ᠠᠴᠠ ᠨᠠᠮ ᠤᠨ ᠭᠡᠰᠢᠭᠦᠨ ᠺᠠᠳ᠋ᠷ ᠢ ᠰᠣᠩᠭᠤᠨ ᠲᠣᠮᠢᠯᠠᠵᠤ ᠡᠯ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ | ᠨᠠᠮ ᠤᠨ ᠵᠣᠬᠢᠶᠠᠨ ᠪᠠᠶᠢᠭᠤᠯᠤᠯᠲᠠ ᠳᠤ ᠣᠴᠢᠭᠤᠯᠤᠨ ᠨᠠᠮ ᠤᠨ ᠪᠠᠶᠢᠭᠤᠯᠤᠯᠲᠠ ᠶᠢᠨ ᠵᠢᠭᠠᠨ ᠵᠢᠯᠣᠭᠤᠳᠤᠭᠴᠢ | ᠪᠣᠯᠭᠠᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠴᠢᠨᠠᠷ ᠴᠢᠨᠰᠠᠭ᠎ᠠ | ᠦᠷ᠎ᠡ ᠪᠦᠲᠦᠮᠵᠢ ᠶᠢ ᠴᠢᠷᠮᠠᠶᠢᠨ ᠲᠡᠭᠡᠭᠰᠢᠯᠡᠬᠦᠯᠪᠡ᠃ | ᠬᠤᠶᠠᠷ ᠲᠤ᠂ ᠠᠵᠢᠯ ᠤᠨ ᠶᠠᠪᠤᠴᠠ ᠶᠢ ᠴᠢᠩᠭᠠᠳᠬᠠᠵᠤ᠂ ᠳᠡᠩᠰᠡᠯᠡᠨ ᠲᠡᠮᠳᠡᠭᠯᠡᠬᠦ ᠦᠢᠯᠡᠴᠢᠯᠡᠭᠡᠨ ᠤ ᠦᠢᠯᠡᠳᠦᠯ | ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠪᠡ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ | ᠲᠠᠯ᠎ᠠ ᠠᠴᠠ ᠪᠣᠳᠣᠯᠬᠢᠯᠠᠨ᠂ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠰᠢᠯᠢᠳᠡᠭᠵᠢᠭᠦᠯᠦᠨ᠂ ᠲᠤᠬᠠᠶᠢᠯᠠᠭᠰᠠᠨ ᠠᠵᠢᠯ ᠢ | ︽ᠨᠢᠭᠡ ᠵᠦᠢᠯ ᠤᠨ ᠠᠵᠢᠯ ᠢ ᠢᠯᠭᠠᠭ᠎ᠠ ᠦᠭᠡᠢ ᠪᠠᠷ ᠬᠦᠯᠢᠶᠡᠨ ᠠᠪᠴᠤ ᠰᠢᠢᠳᠪᠦᠷᠢᠯᠡᠬᠦ᠂ ᠨᠢᠭᠡ ᠲᠤᠤᠷᠵᠢᠯ ᠤᠨ | ᠬᠢᠨ ᠢ ᠰᠠᠭᠠᠳ ᠦᠭᠡᠢ ᠪᠠᠷ ᠨᠡᠶᠢᠳᠡᠮ ᠰᠢᠢᠳᠪᠦᠷᠢᠯᠡᠬᠦ︾ ᠶᠢ ᠪᠡᠶᠡᠯᠡᠬᠦᠯᠪᠡ᠃ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠳᠡᠩᠰᠡᠯᠡᠨ ᠰᠢᠢᠳᠪᠦᠷᠢᠯᠡᠬᠦ ᠶᠠᠪᠤᠴᠨ ᠶᠢ ᠲᠣᠳᠣᠷᠬᠠᠶᠢᠯᠠᠵᠤ᠂ ᠡᠯ᠎ᠡ ᠲᠥᠷᠥᠯ ᠤᠨ ᠬᠦᠰᠦᠨᠦᠭᠲᠦ | ᠪᠠ ᠵᠢᠱᠢᠶ᠎ᠡ ᠦᠵᠡᠭᠦᠯᠬᠦ ᠲᠣᠪᠬᠢᠮᠠᠯ ᠢ ᠵᠢᠷᠤᠮᠵᠢᠭᠤᠯᠪᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ | ᠳᠠᠩᠰᠠᠯᠠᠯᠲᠠ ᠶᠢ ᠨᠢᠭᠡ ᠤᠳᠠᠭ᠎ᠠ ᠳᠤ ᠮᠡᠳᠡᠭᠳᠡᠬᠦ ᠳᠦᠷᠢᠮ ᠪᠠ ᠠᠮᠠᠯᠠᠯᠲᠠ ᠶᠢ ᠴᠠᠭ ᠬᠢᠵᠠᠭᠠᠷᠯᠠᠨ ᠭᠦᠢᠴᠡᠳᠬᠡᠵᠦ | ᠳᠠᠭᠤᠰᠬᠠᠬᠤ ᠳᠦᠷᠢᠮ ᠢ ᠪᠥᠬᠦ ᠲᠠᠯ᠎ᠠ ᠪᠠᠷ ᠬᠡᠷᠡᠭᠵᠢᠬᠦᠯᠪᠡ᠃ ︽ᠬᠤᠶᠠᠷ ᠰᠢᠯᠢᠳᠡᠭ︾ ᠤᠨ ᠲᠤᠰᠬᠠᠢ ᠠᠵᠢᠯᠯᠠᠭ᠎ᠠ ᠶᠢ | ᠨᠠᠶᠢᠳᠠᠪᠤᠷᠢᠵᠢᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶ᠎ᠠ ᠪᠦᠬᠦᠢ ᠳᠡᠩᠰᠡᠯᠡᠵᠦ ᠬᠢᠨᠠᠨ | ᠵᠥᠪᠰᠢᠶᠡᠷᠡᠬᠦ ᠳᠤ 17 ᠮᠠᠲ᠋ᠧᠷᠢᠶᠠᠯ᠂ 20 ᠭᠤᠭᠴᠤᠭ᠎ᠠ ᠶᠢ ᠬᠠᠰᠤᠵᠤ᠂ ᠳᠡᠩᠰᠡᠯᠡᠵᠦ ᠲᠡᠮᠳᠡᠭᠯᠡᠬᠦ | ᠦᠢᠯᠡᠴᠢᠯᠡᠭᠡᠨ ᠤ ᠶᠠᠰᠤ ᠴᠢᠨᠠᠷ ᠪᠠ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠪᠡ᠃ ᠬᠤᠲᠠ ᠶᠢᠨ ᠠᠷᠠᠳ ᠤᠨ | ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ ᠯᠦᠭᠡ ᠢᠳᠡᠪᠬᠢᠲᠡᠢ ᠪᠠᠷ ᠵᠣᠬᠢᠴᠠᠭᠤᠯᠵᠤ᠂ ᠬᠤᠲᠠ ᠶᠢᠨ ᠲᠣᠰ | ᠱᠠᠲᠤᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠠᠩᠰᠠᠯᠠᠬᠤ ᠡᠭᠦᠷᠭᠡ ᠴᠢᠳᠠᠪᠤᠷᠢ ᠶᠢ ᠬᠤᠪᠢᠶᠠᠷᠢᠯᠠᠨ | ᠰᠢᠯᠵᠢᠭᠦᠯᠬᠦ ᠠᠵᠢᠯ ᠢ ᠵᠠᠪᠰᠠᠷ ᠦᠭᠡᠢ ᠵᠤᠯᠭᠠᠭᠤᠯᠪᠠ᠃ | ᠭᠤᠷᠪᠠ ᠳᠤ᠂ ᠤᠷᠮᠠᠰᠢᠭᠤᠯᠵᠤ ᠵᠢᠯᠤᠭᠤᠳᠬᠤ ᠲᠣᠭᠲᠠᠴᠠ ᠶᠢ ᠴᠢᠩᠭᠠᠳᠬᠠᠵᠤ᠂ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠦᠢᠯᠡᠳᠦᠯ ᠢ ᠪᠦᠲᠦᠮᠵᠢᠲᠡᠶ ᠪᠠᠷ ᠪᠠᠳᠠᠷᠠᠭᠤᠯᠪᠠ᠃ ︽ᠲᠠᠪᠤᠨ ᠨᠡᠶᠢᠬᠡᠮ ᠬᠤᠯᠪᠤᠭᠠᠯᠠᠨ | ᠬᠥᠳᠡᠯᠦᠯᠴᠡᠬᠦ︾ ᠲᠣᠭᠲᠠᠴᠠ ᠶᠢᠨ ᠦᠢᠯᠡᠳᠦᠯ ᠢ ᠪᠠᠳᠠᠷᠠᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ | ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ` ᠤᠨ ᠪᠠᠶᠢᠭᠤᠯᠤᠯᠲᠠ ᠳᠤ ᠦᠢᠯᠡᠴᠢᠯᠡᠬᠦ ᠴᠢᠳᠠᠪᠤᠷᠢ ᠶᠢ | ᠲᠠᠰᠤᠷᠠᠯᠲᠠ ᠦᠭᠡᠢ ᠴᠢᠩᠭᠠᠷᠠᠭᠤᠯᠪᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠢᠳᠡᠪᠬᠢᠲᠡᠢ ᠪᠠᠷ ᠳᠠᠶᠢᠴᠢᠯᠠᠨ | ᠣᠶᠤᠲᠠᠳ ᠤᠨ ᠠᠵᠢᠯ ᠣᠯᠭᠤᠯᠲᠠ ᠶᠢ ᠳᠡᠮᠵᠢᠬᠦ ᠵᠡᠷᠭᠡ ᠠᠵᠢᠯᠯᠠᠭ᠎ᠠ ᠳᠤ ᠣᠷᠣᠯᠴᠠᠭᠤᠯᠵᠤ᠂ ᠣᠶᠤᠲᠠᠳ ᠲᠤ 25 | ᠠᠵᠢᠯ ᠤᠨ ᠪᠠᠶᠢᠷᠢ ᠪᠠ ᠳᠠᠳᠤᠯᠭ᠎ᠠ ᠶᠢᠨ ᠠᠵᠢᠯ ᠤᠨ ᠪᠠᠶᠢᠷᠢ ᠬᠠᠩᠭᠠᠵᠤ᠂ 5 ᠬᠥᠮᠥᠨ ᠤ ᠠᠵᠢᠯ ᠤᠨ ᠪᠠᠶᠢᠷᠢ ᠳᠤ | ᠭᠠᠷᠪᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠢᠳᠡᠪᠬᠢᠲᠡᠢ ᠪᠠᠷ ᠵᠢᠯᠤᠭᠤᠳᠴᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠰᠠᠶᠢᠨ ᠳᠤᠷ᠎ᠠ ᠶᠢᠨ ᠦᠢᠯᠡᠴᠢᠯᠡᠭᠡ ᠪᠣᠯᠣᠨ ᠨᠡᠶᠢᠭᠡᠮ ᠲᠣᠭᠤᠷᠢᠭ ᠤᠨ ︽ᠪᠢ ᠲᠠᠨ ᠢ | ᠬᠠᠪᠰᠤᠷᠤᠶ᠎ᠠ︾ ᠬᠡᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ 6300 ᠭᠠᠷᠤᠢ | ᠤᠳᠠᠭ᠎ᠠ ᠳᠤ ᠠᠰᠢᠭ ᠬᠦᠷᠳᠡᠬᠡᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠰᠠᠶᠢᠨ ᠰᠠᠶᠢᠬᠠᠨ ᠳᠦᠷᠢ ᠲᠥᠷᠬᠦ | ᠪᠣᠯᠣᠨ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠪᠡ᠃ | ᠳᠥᠷᠪᠡ ᠳᠤ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ | ᠠᠵᠢᠯᠯᠠᠭ᠎ᠠ ᠶᠢ ᠪᠦᠲᠦᠮᠵᠢᠲᠡᠶ ᠵᠢᠷᠤᠮᠵᠢᠭᠤᠯᠪᠠ᠃ ︽ᠰᠦᠯᠵᠢᠶᠡᠨ ᠳᠡᠭᠡᠷᠡᠬᠢ ᠣᠨ ᠤ ᠪᠠᠶᠢᠴᠠᠭᠠᠯᠲᠠ ᠶᠢᠨ ᠣᠨ ᠤ | ᠮᠡᠳᠡᠭᠦᠯᠦᠯᠲᠡ︾ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ | ᠬᠠᠮᠢᠶᠠᠷᠤᠯᠲᠠ ᠶᠢᠨ ᠠᠵᠢᠯ ᠤᠨ ᠲᠣᠪᠴᠢᠶ᠎ᠠ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠳᠦᠷᠢᠮ ᠢ | ᠨᠠᠶᠢᠳᠠᠪᠤᠷᠢᠵᠢᠭᠤᠯᠵᠤ᠂ ᠬᠢᠨᠠᠵᠤ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠵᠤ᠂ ᠢᠯᠡᠴᠢᠯᠡᠵᠤ | ᠵᠠᠭᠠᠯᠳᠤᠬᠤ ᠲᠣᠭᠲᠠᠴᠠ ᠶᠢ ᠲᠡᠭᠦᠯᠳᠡᠷᠵᠢᠭᠦᠯᠦᠨ᠂ ᠬᠠᠤᠯᠢ ᠪᠤᠰᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ | ᠢᠯᠡᠴᠢᠯᠡᠵᠤ ᠵᠠᠭᠠᠯᠳᠤᠬᠤ ᠠᠷᠭ᠎ᠠ ᠶᠢ ᠠᠯᠪᠠᠨ ᠵᠠᠷ ᠢᠶᠠᠷ ᠢᠯᠡᠵᠢᠬᠦᠯᠵᠤ᠂ ᠢᠯᠡᠴᠢᠯᠡᠬᠦ ᠳ᠋ᠢᠶᠠᠩᠬᠤᠸᠠ ᠂ ᠰᠢᠤᠳᠠᠨ ᠤ | ᠬᠠᠶᠢᠷᠴᠠᠭ ᠭᠠᠷᠭᠠᠵᠤ᠂ ︽ᠢᠨᠲ᠋ᠧᠷ ᠰᠦᠯᠵᠢᠶ᠎ᠡ +︾ ᠵᠡᠷᠭᠡ ᠮᠡᠳᠡᠭᠡ ᠵᠠᠩᠭᠢ ᠶᠢᠨ ᠠᠷᠭ᠎ᠠ ᠪᠠᠷ ᠨᠢᠭᠡᠳᠦᠯᠲᠡᠢ | ᠳᠠᠩᠰᠠᠯᠠᠬᠤ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ᠂ ᠵᠣᠬᠢᠴᠠᠭᠤᠯᠤᠨ ᠬᠠᠮᠵᠢᠯᠴᠠᠬᠤ᠂ ᠬᠠᠤᠯᠢ | ᠶᠣᠰᠣᠭᠠᠷ ᠬᠢᠨᠠᠨ ᠬᠠᠮᠢᠶᠠᠷᠬᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠶᠡᠷᠦᠩᠬᠡᠶᠢᠯᠡᠭᠰᠡᠨ ᠬᠢᠨᠠᠨ | ᠬᠠᠮᠢᠶᠠᠷᠤᠯᠲᠠ ᠶᠢᠨ ᠬᠠᠮ ᠬᠦᠴᠦᠨ ᠪᠠ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠠᠩᠬ᠎ᠠ ᠠᠯᠬᠤᠮ | ᠪᠦᠷᠢᠯᠳᠤᠬᠦᠯᠵᠡᠢ᠃ | | | | | | | | |