ᠤᠯᠠᠭᠠᠨᠴᠠᠪ ᠬᠤᠲᠠ᠄ ᠬᠠᠮ ᠠᠷᠭ᠎ᠠ ᠪᠠᠷ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠬᠡᠪᠴᠢᠶ᠎ᠡ ᠶᠢ ᠦᠷᠬᠡᠳᠬᠡᠵᠤ ᠦᠷ᠎ᠡ ᠪᠦᠳᠤᠮᠵᠢ ᠶᠢ ᠲᠡᠭᠡᠭᠰᠢᠯᠡᠬᠦᠯᠬᠦ ᠰᠠᠭᠤᠷᠢ ᠶᠢ ᠲᠠᠯᠪᠢᠵᠤ ᠪᠠᠶᠢᠨ᠎ᠠ
ᠨᠡᠶᠢᠲᠡᠯᠡᠭᠰᠡᠨ ᠴᠠᠭ᠄
2023/11/16
    ᠤᠯᠠᠭᠠᠨᠴᠠᠪ ᠬᠤᠲᠠ ᠶᠢᠨ ᠬᠢᠨ ᠦᠨᠤ ᠵᠢᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠨᠡᠶᠢᠭᠡᠮ ᠤᠨ  ᠲᠤᠰᠠᠯᠠᠮᠵᠢ ᠶᠢᠨ ᠠᠵᠢᠯ ᠤᠨ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ ᠶᠢ ᠭᠦᠨᠵᠡᠭᠡᠢ  ᠲᠤᠭᠤᠰᠢᠯᠠᠭᠤᠯᠵᠤ᠂ ᠨᠡᠶᠢᠭᠡᠮ ᠤᠨ ᠲᠤᠰᠠᠯᠠᠮᠵᠢ ᠶᠢᠨ ᠠᠵᠢᠯ ᠤᠨ ᠲᠣᠭᠲᠠᠭᠤᠨ ᠢᠶᠠᠷ ᠬᠥᠭᠵᠢᠬᠦ ᠶᠢ ᠯᠠᠪᠳᠠᠭᠤᠨ ᠠᠬᠢᠭᠤᠯᠵᠤ᠂ ︽ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ᠂ ᠪᠦᠲᠦᠮᠵᠢᠲᠡᠶ ᠰᠢᠢᠳᠪᠦᠷᠢᠯᠡᠬᠦ ᠂ ᠲᠥᠷᠥ ᠶᠢᠨ ᠪᠣᠳᠣᠯᠭ᠎ᠠ ᠶᠢ ᠤᠬᠠᠭᠤᠯᠬᠤ᠂ ᠬᠥᠳᠡᠯᠦᠩᠭᠦᠢ ᠪᠠᠷ ᠬᠠᠮᠢᠶᠠᠷᠬᠤ᠂ ᠨᠡᠶᠢᠭᠡᠮ ᠤᠨ ᠲᠤᠰᠠᠯᠠᠮᠵᠢ ᠶᠢᠨ ᠠᠵᠢᠯ ᠤᠨ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ︾ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ  ᠳᠤ ᠬᠦᠴᠦᠲᠡᠢ ᠪᠠᠲᠤᠯᠠᠭ᠎ᠠ ᠬᠠᠨᠭ᠍ᠭᠠᠪᠠ᠃    ᠨᠢᠭᠡ ᠳᠤ᠂ ︽ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ︾ ᠶᠢ ᠪᠣᠳᠠᠲᠤ ᠪᠠᠶᠢᠳᠠᠯ ᠲᠠᠢ ᠤᠶᠠᠯᠳᠤᠭᠤᠯᠬᠤ ᠶᠢ ᠪᠠᠷᠢᠮᠲᠠᠯᠠᠪᠠ᠃ ᠦᠨᠤ ᠵᠢᠯ ᠬᠦᠷᠢᠶ᠎ᠡ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠠᠵᠢᠯ ᠢ ᠪᠦᠬᠦ ᠲᠠᠯ᠎ᠠ  ᠪᠠᠷ ᠠᠬᠢᠭᠤᠯᠵᠤ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠨᠠᠭᠠᠨ᠎ᠠ ᠴᠠᠭᠠᠨ᠎ᠠ ᠪᠠᠶᠢᠭ᠎ᠠ ᠬᠦᠮᠦᠰ ᠂  ᠦᠳᠡᠬᠦᠰ᠂ ᠣᠷᠣᠯᠭ᠎ᠠ ᠪᠠᠭᠠᠲᠠᠢ ᠨᠠᠰᠤᠲᠠᠶᠢᠴᠤᠳ ᠢ ᠡᠪᠡᠳᠴᠢᠨ ᠬᠠᠭᠤᠴᠢᠨ ᠪᠠ ᠠᠳᠡᠯ  ᠠᠴᠠ ᠪᠤᠯᠬᠤ ᠵᠠᠶᠢᠯᠠᠰᠢ ᠦᠭᠡᠢ ᠵᠠᠷᠤᠯᠭ᠎ᠠ ᠨᠡᠯᠢᠶᠡᠳ ᠶᠡᠭᠡ ᠪᠤᠶᠤ ᠣᠷᠣᠯᠭ᠎ᠠ ᠨᠢ ᠪᠠᠭᠠᠰᠤᠬᠰᠠᠨ ᠠᠴᠠ ᠪᠣᠯᠵᠤ ᠦᠨᠳᠦᠰᠦᠨ ᠠᠮᠢᠳᠤᠷᠠᠯ ᠨᠢ ᠬᠦᠴᠢᠷᠳᠡᠯ ᠲᠠᠢ ᠪᠣᠯᠤᠭᠰᠠᠨ ᠵᠡᠷᠭᠡ ᠣᠷᠣᠯᠭ᠎ᠠ ᠪᠠᠭ᠎ᠠ ᠬᠦᠮᠦᠰ᠂ ᠢᠯᠠᠩᠭᠤᠶ᠎ᠠ ᠠᠬᠠᠰᠢᠷᠠᠭ᠎ᠠ᠂ ᠵᠡᠮᠳᠡᠭ᠂  ᠪᠡᠶ᠎ᠡ ᠳᠤ ᠪᠠᠨ ᠵᠦᠪ ᠦᠬᠡᠢ᠂ ᠬᠦᠨᠳᠦ ᠶᠡᠭᠡ ᠡᠪᠡᠳᠴᠢᠨ ᠲᠠᠢ ᠨᠥᠬᠦᠴᠡᠯ ᠳᠤ ᠨᠡᠶᠢᠴᠡᠬᠦ ᠬᠦᠴᠢᠷᠳᠡᠯᠲᠡᠢ ᠣᠯᠠᠨ ᠲᠦᠮᠡᠨ ᠢ ᠨᠠᠭᠠᠲᠤ ᠵᠠᠬ᠎ᠠ ᠶᠢᠨ ᠪᠠᠲᠤᠯᠠᠭ᠎ᠠ ᠵᠡᠷᠭᠡ ᠨᠡᠶᠢᠭᠡᠮ ᠤᠨ ᠲᠤᠰᠠᠯᠠᠮᠵᠢ ᠶᠢᠨ ᠪᠠᠲᠤᠯᠠᠭ᠎ᠠ ᠶᠢᠨ ᠬᠡᠪᠴᠢᠶᠡᠨ ᠳᠤ ᠴᠠᠭ ᠲᠤᠬᠠᠢ ᠳᠤ ᠨᠢ ᠣᠷᠣᠭᠤᠯᠵᠤ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠰᠠᠶᠢᠲᠤᠷ ᠪᠠᠳᠤᠯᠠᠪᠠ᠃ 2023 ᠣᠨ ᠤ 10 ᠰᠠᠷ᠎ᠠ ᠶᠢᠨ ᠰᠡᠭᠦᠯᠴᠢ ᠪᠣᠯᠲᠠᠯ᠎ᠠ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ  ᠪᠠᠷ 42.5 ᠲᠦᠮᠡᠨ ᠬᠥᠮᠥᠨ ᠢ ᠪᠠᠳᠤᠯᠠᠬᠰᠠᠨ ᠪᠤᠯ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠬᠡᠪᠴᠢᠶᠡᠨ ᠳᠤ 9397 ᠬᠥᠮᠥᠨ ᠢ ᠰᠢᠨ᠎ᠡ ᠪᠠᠷ ᠣᠷᠣᠭᠤᠯᠵᠠᠢ᠃   ᠬᠤᠶᠠᠷ ᠲᠤ᠂ ︽ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ︾ ᠶᠢ ᠭᠤᠣᠯ ᠰᠡᠳᠦᠪᠲᠦ ᠬᠥᠮᠦᠵᠢᠯ ᠲᠠᠢ  ᠤᠶᠠᠯᠳᠤᠭᠤᠯᠪᠠ᠃ ᠨᠡᠶᠢᠭᠡᠮ ᠤᠨ ᠲᠤᠰᠠᠯᠠᠮᠵᠢ ᠶᠢᠨ ᠠᠵᠢᠯ ᠢ ᠠᠬᠢᠭᠤᠯᠵᠤ᠂ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ  ᠨᠡᠮᠡᠭᠳᠡᠬᠦᠯᠤᠨ᠂ ᠣᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ᠵᠣᠯ ᠵᠢᠷᠭᠠᠯ ᠤᠨ ᠲᠦᠷᠦᠭᠳᠡᠯ ᠢ ᠲᠠᠰᠤᠷᠠᠯᠲᠠ ᠦᠭᠡᠢ  ᠲᠡᠭᠡᠭᠰᠢᠯᠡᠬᠦᠯᠬᠦ ᠶᠢᠨ ᠲᠦᠯᠤᠬᠡ ᠤᠯᠠᠭᠠᠨᠴᠠᠪ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ︾ ᠪᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠬᠠᠷᠢᠯᠴᠠᠨ ᠤᠶᠠᠯᠳᠤᠭᠤᠯᠵᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠦᠨ᠂ ᠨᠠᠩ  ᠤᠬᠠᠮᠰᠠᠷ ᠲᠠᠢ᠂ ᠨᠠᠩ ᠬᠠᠷᠢᠭᠤᠴᠠᠯᠭ᠎ᠠ ᠲᠠᠢ᠂ ᠨᠠᠩ ᠴᠢᠩᠭ᠎ᠠ ᠬᠡᠷᠡᠭᠵᠢᠭᠦᠯᠬᠦ ᠴᠢᠳᠠᠪᠤᠷᠢ ᠪᠠᠷ ᠨᠡᠶᠢᠭᠡᠮ ᠤᠨ ᠲᠤᠰᠠᠯᠠᠮᠵᠢ ᠶᠢᠨ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃    ᠭᠤᠷᠪᠠ ᠳᠤ᠂ ︽ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ︾ ᠬᠢᠭᠡᠳ ᠦᠢᠯᠡᠴᠢᠯᠡᠭᠡᠨ ᠤ ᠴᠢᠳᠠᠪᠤᠷᠢ ᠶᠢ ᠬᠠᠷᠢᠯᠴᠠᠨ ᠤᠶᠠᠯᠳᠤᠭᠤᠯᠪᠠ᠃ ᠤᠯᠠᠭᠠᠨᠴᠠᠪ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ  ᠬᠢᠨ ᠬᠤᠲᠠ ᠶᠢᠨ ᠨᠠᠮ ᠤᠨ ᠬᠤᠷᠢᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠢᠯ ᠤᠨ ᠠᠯᠪᠠᠨ ᠭᠡᠷ᠂ ᠡᠳ᠋ ᠤᠨ ᠵᠠᠰᠠᠭ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠡᠷᠭᠡ ᠰᠠᠯᠠᠭ᠎ᠠ ᠮᠥᠴᠢᠷ  ᠤᠨ ᠬᠢᠨ ᠲᠠᠢ ᠬᠠᠮᠲᠤᠷᠠᠨ ︽ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠵᠡᠷᠭᠡ ᠨᠡᠶᠢᠭᠡᠮ ᠤᠨ ᠲᠤᠰᠠᠯᠠᠮᠵᠢ ᠶᠢᠨ ᠦᠨᠳᠦᠰᠦᠨ ᠪᠠᠲᠤᠯᠠᠭ᠎ᠠ ᠶᠢᠨ ᠠᠵᠢᠯ ᠢ ᠤᠯᠠᠮ ᠰᠠᠶᠢᠲᠤᠷ ᠬᠢᠬᠦ ᠲᠤᠬᠠᠢ ᠬᠡᠷᠡᠭᠵᠢᠭᠦᠯᠬᠦ ᠨᠠᠷᠢᠨ ᠳᠦᠷᠢᠮ︾ ᠢ ᠳᠠᠷᠤᠮᠠᠯᠯᠠᠨ ᠲᠠᠷᠬᠠᠭᠠᠵᠤ᠂ ᠪᠠᠲᠤᠯᠠᠭ᠎ᠠ ᠬᠦᠷᠳᠡᠭᠰᠡᠳ ᠤᠨ ᠣᠷᠣᠯᠭ᠎ᠠ ᠶᠢ ᠪᠤᠳᠤᠬᠤ ︽ᠪᠠᠷᠢᠮᠵᠢᠶ᠎ᠠ︾ ᠶᠢ ᠵᠤᠬᠢᠰᠳᠠᠢ ᠪᠠᠭᠤᠷᠠᠭᠤᠯᠵᠤ᠂ ᠨᠠᠭᠠᠲᠤ ᠵᠠᠬ᠎ᠠ ᠶᠢᠨ ᠪᠠᠳᠤᠯᠠᠭ᠎ᠠ ᠬᠦᠷᠳᠡᠬᠦ ᠭᠡᠷ ᠪᠦᠯᠢ ᠶᠢᠨ ᠡᠳ᠋ ᠬᠥᠷᠥᠩᠭᠡ ᠶᠢᠨ ᠪᠠᠷᠢᠮᠵᠢᠶ᠎ᠠ ᠳᠤ ᠵᠣᠬᠢᠰᠲᠠᠢ ᠲᠤᠬᠢᠷᠠᠭᠤᠯᠤᠨ᠂ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠠᠵᠢᠯ ᠢ ᠤᠷᠤᠭᠰᠢᠲᠠᠢ ᠠᠬᠢᠭᠤᠯᠬᠤ ᠳᠤ ᠰᠠᠭᠤᠷᠢ ᠲᠠᠯᠪᠢᠪᠠ᠃ ︽ᠭᠠᠭᠴᠠ ᠬᠥᠮᠥᠨ ᠲᠠᠢ ᠡᠷᠦᠬᠡ︾ ︽ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠠᠴᠠ ᠢᠳᠡᠭ ᠢᠳᠡᠭ ᠢᠶᠠᠷ ᠭᠠᠷᠭᠠᠬᠤ︾ ︽ᠠᠵᠢᠯ ᠣᠯᠭᠤᠯᠲᠠ ᠶᠢᠨ ᠥᠪᠡᠷ ᠤᠨ ᠥᠷᠲᠡᠭ ᠢ ᠬᠠᠰᠤᠬᠤ︾ ︽ᠡᠷᠦᠬᠡ ᠪᠠᠷ ᠪᠠᠲᠤᠯᠠᠭ᠎ᠠ ᠣᠯᠭᠤᠬᠤ︾ ︽ᠨᠠᠰᠤᠨ ᠳᠤ ᠬᠦᠷᠦᠭᠰᠡᠨ ᠠᠵᠢᠯ ᠦᠭᠡᠢ ᠨᠤᠴᠢᠳᠠᠢ ᠵᠡᠮᠳᠡᠭᠴᠦᠳ ᠢ ᠭᠠᠭᠴᠠ ᠬᠥᠮᠥᠨ ᠲᠠᠢ ᠡᠷᠦᠬᠡ ᠪᠠᠷ ᠭᠤᠶᠤᠴᠢᠯᠠᠬᠤ︾ ᠵᠡᠷᠭᠡ ᠠᠷᠭ᠎ᠠ ᠶᠢ ᠨᠢᠭᠡᠳᠦᠯᠲᠡᠢ ᠲᠥᠯᠥᠪᠯᠡᠨ ᠰᠠᠶᠢᠲᠤᠷ ᠨᠠᠶᠢᠳᠠᠪᠤᠷᠢᠵᠢᠭᠤᠯᠵᠤ᠂ ᠨᠥᠬᠦᠴᠡᠯ ᠳᠤ ᠨᠡᠶᠢᠴᠡᠬᠦ ᠨᠠᠩ ᠣᠯᠠᠨ  ᠬᠦᠮᠦᠰ ᠢ ᠪᠠᠲᠤᠯᠠᠭ᠎ᠠ ᠶᠢᠨ ᠬᠡᠪᠴᠢᠶᠡᠨ ᠳᠤ ᠤᠷᠤᠭᠤᠯᠪᠠ᠃ ᠲᠦᠷ ᠴᠠᠭ ᠤᠨ  ᠲᠤᠰᠠᠯᠠᠮᠵᠢ ᠶᠢᠨ ᠳᠦᠷᠢᠮ ᠢ ᠲᠡᠭᠦᠯᠳᠡᠷᠵᠢᠭᠦᠯᠵᠦ᠂ ᠪᠠᠴᠢᠮ ᠪᠡᠷᠬᠡ ᠲᠤᠯᠭᠠᠷᠠᠬᠰᠠᠳ ᠢ ᠲᠤᠰᠠᠯᠠᠬᠤ ᠴᠢᠳᠠᠮᠵᠢ ᠶᠢ ᠬᠦᠴᠦᠯᠡᠨ ᠴᠢᠩᠭᠠᠳᠬᠠᠬᠰᠠᠨ ᠪᠠᠶᠢᠨ᠎ᠠ᠃    ᠳᠥᠷᠪᠡ ᠳᠤ᠂ ︽ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ︾ ᠪᠠ ᠴᠢᠳᠠᠪᠤᠷᠢ ᠶᠢ ᠴᠢᠩᠭᠠᠷᠠᠭᠤᠯᠬᠤ ᠶᠢ  ᠤᠶᠠᠯᠳᠤᠭᠤᠯᠪᠠ᠃ ᠤᠯᠠᠭᠠᠨᠴᠠᠪ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ  ᠬᠢᠨ ︽ᠤᠯᠠᠭᠠᠨᠴᠠᠪ ᠬᠤᠲᠠ ᠶᠢᠨ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠨᠡᠶᠢᠭᠡᠮ ᠤᠨ ᠲᠤᠰᠠᠯᠠᠮᠵᠢ ᠶᠢᠨ ᠲᠤᠰᠠᠯᠠᠭᠴᠢ ᠶᠢᠨ ᠬᠠᠮᠢᠶᠠᠷᠤᠯᠲᠠ ᠶᠢᠨ ᠠᠷᠭ᠎ᠠ︾ ᠶᠢ ᠭᠦᠨᠵᠡᠭᠡᠢ ᠨᠠᠶᠢᠳᠠᠪᠤᠷᠢᠵᠢᠭᠤᠯᠵᠤ᠂ ᠡᠯ᠎ᠡ ᠭᠠᠵᠠᠷ ᠤᠨ ᠬᠢᠨ ᠢ ᠵᠢᠯᠣᠭᠤᠳᠤᠨ ᠭᠠᠴᠠᠭ᠎ᠠ ᠲᠣᠰᠬᠤᠨ ᠤ ᠨᠡᠶᠢᠭᠡᠮ ᠲᠣᠭᠤᠷᠢᠭ ᠤᠨ ᠨᠡᠶᠢᠭᠡᠮ ᠤᠨ ᠲᠤᠰᠠᠯᠠᠮᠵᠢ ᠶᠢᠨ ᠲᠤᠰᠠᠯᠠᠭᠴᠢ ᠶᠢ 1539 ᠰᠣᠩᠭᠤᠨ ᠲᠣᠮᠢᠯᠠᠵᠤ᠂ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠯ ᠢᠶᠠᠷ ᠲᠠᠮᠵᠢᠭᠤᠯᠤᠨ ᠂ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ᠂ ᠲᠥᠷᠥ ᠶᠢᠨ ᠪᠣᠳᠣᠯᠭ᠎ᠠ ᠶᠢ ᠤᠬᠠᠭᠤᠯᠬᠤ᠂ ᠲᠤᠰᠠᠯᠠᠮᠵᠢ ᠶᠢᠨ ᠦᠢᠯᠡᠴᠢᠯᠡᠭᠡ ᠵᠡᠷᠭᠡ ᠡᠭᠦᠷᠭᠡ ᠬᠠᠷᠢᠭᠤᠴᠠᠯᠭ᠎ᠠ ᠶᠢ ᠬᠢᠨᠠᠮᠠᠭᠠᠢ ᠭᠦᠢᠴᠡᠳᠬᠡᠵᠦ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠴᠢᠩᠭᠠᠳᠬᠠᠨ᠂ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠪᠡ᠃ ᠨᠡᠶᠢᠭᠡᠮ ᠤᠨ ᠲᠤᠰᠠᠯᠠᠮᠵᠢ ᠶᠢᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠤᠯᠠᠮ ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ ᠬᠡᠪ ᠴᠢᠨᠠᠷ ᠢ ᠳᠡᠭᠡᠭᠰᠢᠯᠡᠭᠦᠯᠦᠨ᠂ ᠠᠷᠠᠳ ᠲᠦᠮᠡᠨ ᠳᠤ ᠦᠢᠯᠡᠴᠢᠯᠡᠬᠦ ᠴᠢᠳᠠᠪᠤᠷᠢ ᠶᠢ ᠨᠡᠮᠡᠭᠳᠡᠭᠦᠯᠵᠦ᠂ ᠨᠡᠶᠢᠭᠡᠮ ᠤᠨ ᠲᠤᠰᠠᠯᠠᠮᠵᠢ  ᠶᠢᠨ ᠠᠵᠢᠯ ᠢ ᠭᠠᠷᠲᠠᠨ ᠭᠦᠢᠴᠡᠳᠬᠡᠬᠦ ᠠᠵᠢᠯᠲᠠᠨ ᠤ ᠲᠤᠬᠠᠶᠢᠯᠠᠭᠰᠠᠨ ᠠᠵᠢᠯ ᠤᠨ ᠲᠦᠪᠰᠢᠨ ᠪᠠ ᠦᠢᠯᠡᠴᠢᠯᠡᠭᠡᠨ ᠤ ᠴᠢᠳᠠᠪᠤᠷᠢ ᠶᠢ ᠦᠨᠡᠨ ᠬᠦ ᠲᠡᠭᠡᠭᠰᠢᠯᠡᠬᠦᠯᠵᠤ ᠴᠢᠳᠠᠬᠰᠠᠨ ᠪᠠᠶᠢᠨ᠎ᠠ᠃    ᠲᠠᠪᠤ ᠳᠤ᠂ ︽ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ︾ ᠪᠠ ᠠᠷᠭ᠎ᠠ ᠶᠢᠨ ᠰᠢᠨ᠎ᠡ ᠶᠢ ᠡᠭᠦᠳᠬᠦ ᠲᠠᠢ ᠤᠶᠠᠯᠳᠤᠭᠤᠯᠬᠤ ᠶᠢ ᠪᠠᠷᠢᠮᠳᠠᠯᠠᠪᠠ᠃ ᠤᠯᠠᠭᠠᠨᠴᠠᠪ ᠬᠤᠲᠠ ᠶᠢᠨ ᠨᠡᠶᠢᠭᠡᠮ ᠤᠨ ᠲᠤᠰᠠᠯᠠᠮᠵᠢ ᠶᠢᠨ ᠬᠡᠷᠡᠭᠴᠡᠭᠡ ᠱᠠᠭᠠᠷᠳᠠᠯᠭ᠎ᠠ ᠲᠠᠢ ᠬᠦᠮᠦᠰ ᠢ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ ᠲᠣᠭᠲᠠᠴᠠ ᠶᠢ ᠤᠯᠠᠮ ᠲᠡᠭᠦᠯᠳᠡᠷᠵᠢᠭᠦᠯᠵᠦ᠂ ᠬᠤᠰᠢᠭᠤ ᠰᠢᠶᠠᠨ ᠬᠤᠲᠠ ᠲᠣᠭᠤᠷᠢᠭ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤᠨ ᠬᠢᠨ ︽ᠭᠤᠷᠪᠠᠨ ᠱᠠᠲᠤ ᠪᠠᠷ ᠬᠤᠯᠪᠤᠭᠠᠯᠠᠨ ᠬᠥᠳᠡᠯᠦᠯᠴᠡᠬᠦ︾ ᠨᠡᠶᠢᠭᠡᠮ ᠤᠨ  ᠲᠤᠰᠠᠯᠠᠮᠵᠢ ᠶᠢᠨ ᠬᠢᠨ ᠤ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ ᠲᠣᠭᠲᠠᠴᠠ ᠶᠢ ᠪᠠᠶᠢᠭᠤᠯᠵᠤ᠂ ᠨᠡᠶᠢᠭᠡᠮ ᠤᠨ ᠲᠤᠰᠠᠯᠠᠮᠵᠢ ᠶᠢ ᠬᠢᠨᠠᠨ ᠬᠡᠮᠵᠢᠬᠦ ᠠᠵᠢᠯ ᠢ ᠲᠣᠥᠷᠵᠢᠭᠤᠯᠤᠭᠰᠠᠨ ᠬᠠᠮᠢᠶᠠᠷᠤᠯᠲᠠ ᠳᠤ  ᠤᠷᠤᠭᠤᠯᠪᠠ᠃ ︽ᠬᠥᠮᠥᠨ ᠨᠢ ᠲᠥᠷᠥ ᠶᠢᠨ ᠪᠣᠳᠣᠯᠭ᠎ᠠ ᠡᠷᠢᠳᠡᠭ︾ ᠪᠠᠶᠢᠬᠰᠠᠨ ᠠᠴᠠ ︽ᠲᠥᠷᠥ ᠶᠢᠨ ᠪᠣᠳᠣᠯᠭ᠎ᠠ ᠨᠢ ᠬᠥᠮᠥᠨ ᠡᠷᠢᠬᠦ︾ ᠪᠤᠯᠭᠠᠬᠤ ᠠᠵᠢᠯ ᠢ ᠠᠬᠢᠭᠤᠯᠵᠤ᠂ ᠰᠠᠨᠠᠭᠠᠴᠢᠯᠠᠭ᠎ᠠ ᠠᠴᠠ ᠪᠠᠨ ᠲᠤᠰᠠᠯᠠᠬᠤ ᠪᠠᠶᠢᠷᠢ ᠲᠣᠭᠲᠠᠭᠠᠯᠲᠠ ᠶᠢ ᠲᠤᠰᠠᠯᠠᠮᠵᠢ ᠭᠤᠶᠤᠴᠢᠯᠠᠬᠤ ᠶᠢᠨ ᠴᠢᠬᠤᠯᠠ ᠨᠥᠬᠦᠪᠦᠷᠢ ᠪᠣᠯᠭᠠᠵᠤ᠂ ᠲᠤᠰᠠᠯᠠᠮᠵᠢ ᠭᠤᠶᠤᠴᠢᠯᠠᠬᠤ ᠬᠦᠰᠡᠯ ᠲᠠᠢ ᠪᠣᠯᠪᠠᠴᠤ ᠭᠤᠶᠤᠴᠢᠯᠠᠬᠤ ᠴᠢᠳᠠᠪᠤᠷᠢ ᠪᠠᠷ ᠬᠦᠷᠦᠯᠴᠡᠬᠦ ᠦᠭᠡᠢ᠂ ᠭᠤᠶᠤᠴᠢᠯᠠᠬᠤ ᠶᠠᠪᠤᠴᠠ ᠶᠢ ᠮᠡᠳᠡᠬᠦ ᠦᠭᠡᠢ ᠬᠦᠴᠢᠷᠳᠡᠯᠲᠡᠢ ᠣᠯᠠᠨ ᠲᠦᠮᠡᠨ ᠢ ᠬᠠᠪᠰᠤᠷᠤᠨ ᠴᠠᠭ ᠲᠤᠬᠠᠢ ᠳᠤ ᠨᠢ ᠲᠤᠰᠠᠯᠠᠮᠵᠢ ᠭᠤᠶᠤᠴᠢᠯᠠᠭᠤᠯᠵᠤ᠂ ︽ᠨᠢᠭᠡ ᠡᠷᠦᠬᠡ ᠶᠢ ᠴᠦ ᠣᠷᠬᠢᠭᠳᠠᠭᠤᠯᠬᠤ ᠦᠭᠡᠢ᠂ ᠨᠢᠭᠡ ᠬᠥᠮᠥᠨ ᠢ ᠴᠦ ᠣᠷᠬᠢᠭᠳᠠᠭᠤᠯᠬᠤ ᠦᠭᠡᠢ︾ ᠪᠠᠶᠢᠬᠤ ᠶᠢ ᠪᠠᠳᠤᠯᠠᠪᠠ᠃    ᠵᠢᠷᠭᠤᠭ᠎ᠠ ᠳᠤ᠂ ︽ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ︾ᠪᠣᠯᠣᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠤᠶᠠᠯᠳᠤᠭᠤᠯᠬᠤ ᠶᠢ  ᠪᠠᠷᠢᠮᠳᠠᠯᠠᠪᠠ᠃ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠬᠢᠨᠠᠮᠠᠭᠠᠢ   ᠨᠠᠶᠢᠳᠠᠪᠤᠷᠢᠵᠢᠭᠤᠯᠵᠤ᠂ ᠠᠵᠢᠯ ᠤᠨ ᠬᠦᠴᠦᠨ ᠢᠶᠠᠨ ᠳᠠᠶᠢᠴᠢᠯᠠᠵᠤ᠂ ᠢᠳᠡᠪᠬᠢᠲᠡᠢ ᠪᠠᠷ ᠮᠥᠷᠳᠡᠨ ᠪᠠᠶᠢᠴᠠᠭᠠᠵᠤ᠂ ᠰᠠᠨᠠᠭᠠᠴᠢᠯᠠᠭ᠎ᠠ ᠠᠴᠠ ᠪᠠᠨ ᠢᠯᠡᠷᠡᠭᠦᠯᠵᠦ᠂ ︽ᠭᠦᠨᠵᠡᠭᠡᠶᠢᠷᠡᠬᠦ︾᠂ ︽ᠴᠡᠭ ᠲᠤ ᠰᠠᠭᠤᠬᠤ︾ ᠮᠠᠶ᠋ᠢᠭ ᠤᠨ ᠪᠠᠶᠢᠴᠠᠭᠠᠨ ᠰᠤᠳᠤᠯᠤᠯᠲᠠ ᠬᠢᠵᠦ ᠬᠢᠨᠠᠨ ᠵᠢᠯᠤᠭᠤᠳᠬᠤ ᠠᠵᠢᠯ ᠢ ᠥᠷᠨᠢᠭᠦᠯᠵᠦ᠂ ᠬᠦᠴᠢᠷᠳᠡᠯ ᠲᠠᠢ ᠠᠰᠠᠭᠤᠳᠠᠯ ᠢ ᠬᠠᠪᠰᠤᠷᠤᠨ ᠰᠢᠢᠳᠪᠦᠷᠢᠯᠡᠬᠦ ᠶᠢᠨ ᠬᠠᠮᠲᠤ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠠᠵᠢᠯ ᠢ ᠣᠨ ᠤ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠲᠤᠰᠠᠯᠠᠮᠵᠢ ᠶᠢᠨ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠬᠦᠷᠢᠶ᠎ᠡ ᠬᠡᠪᠴᠢᠶᠡᠨ ᠳᠤ ᠤᠷᠤᠭᠤᠯᠤᠬᠰᠠᠨ ᠪᠦᠬᠡᠳ ᠡᠯ᠎ᠡ ᠬᠤᠰᠢᠭᠤ ᠰᠢᠶᠠᠨ ᠬᠤᠲᠠ ᠲᠣᠭᠤᠷᠢᠭ ᠲᠤ ᠬᠤᠲᠠ ᠶᠢᠨ ᠲᠣᠰ ᠱᠠᠲᠤᠨ ᠤ ᠠᠵᠢᠯ ᠤᠨ ᠠᠮᠵᠢᠯᠲᠠ ᠪᠦᠲᠦᠮᠵᠢ ᠶᠢ ᠦᠨᠡᠯᠡᠵᠦ ᠱᠠᠩᠨᠠᠵᠤ ᠲᠤᠰᠠᠯᠠᠬᠤ ᠪᠡᠯᠡ ᠮᠥᠩᠭᠦ ᠪᠠᠭᠤᠯᠭᠠᠬᠤ ᠦᠨᠳᠦᠰᠦᠯᠡᠯ ᠪᠣᠯᠭᠠᠵᠤ᠂ ᠬᠤᠰᠢᠭᠤ ᠰᠢᠶᠠᠨ ᠬᠤᠲᠠ ᠲᠣᠭᠤᠷᠢᠭ ᠤᠨ  ᠬᠢᠨ ᠢ ᠵᠣᠷᠢᠭᠵᠢᠭᠤᠯᠤᠨ ᠨᠡᠶᠢᠭᠡᠮ ᠤᠨ ᠲᠤᠰᠠᠯᠠᠮᠵᠢ ᠶᠢᠨ ᠦᠨᠳᠦᠰᠦᠨ ᠪᠠᠲᠤᠯᠠᠭ᠎ᠠ ᠶᠢᠨ ᠲᠣᠣᠷ ᠢ ᠪᠠᠲᠤ ᠪᠠᠬᠢ ᠪᠠᠶᠢᠭᠤᠯᠵᠤ᠂ ᠨᠡᠶᠢᠭᠡᠮ ᠤᠨ  ᠲᠤᠰᠠᠯᠠᠮᠵᠢ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号