ᠰᠢᠨᠬᠤᠸᠠ ᠬᠤᠷᠢᠶ᠎ᠠ ᠶᠢᠨ ᠰᠠᠨ ᠹᠷᠠᠨᠰᠢᠰᠺᠤ ᠶᠢᠨ 11 ᠰᠠᠷ᠎ᠠ ᠶᠢᠨ 15 ᠤ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ | ᠴᠠᠭ ᠢᠶᠠᠷ 11 ᠰᠠᠷ᠎ᠠ ᠶᠢᠨ 15 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠮᠧᠷᠢᠺᠠ ᠶᠢᠨ ᠰᠠᠨ | ᠹᠷᠠᠨᠰᠢᠰᠺᠤ ᠶᠢᠨ ᠹᠧᠶᠢᠯᠤᠷᠢ ᠡᠳ᠋ᠯᠡᠩ ᠳᠤ ᠠᠮᠧᠷᠢᠺᠠ ᠶᠢᠨ ᠶᠡᠷᠦᠩᠬᠡᠶᠢᠯᠡᠭᠴᠢ ᠪᠠᠶᠢᠳᠧᠨ ᠲᠠᠢ ᠳᠤᠮᠳᠠᠳᠤ ᠠᠮᠧᠷᠢᠺᠠ ᠶᠢᠨ | ᠲᠡᠷᠢᠭᠦᠨ ᠤ ᠠᠭᠤᠯᠵᠠᠯᠲᠠ ᠬᠢᠪᠡ᠃ ᠬᠤᠶᠠᠷ ᠤᠯᠤᠰ ᠤᠨ ᠲᠡᠷᠢᠭᠦᠨ ᠳᠤᠮᠳᠠᠳᠤ ᠠᠮᠧᠷᠢᠺᠠ ᠶᠢᠨ ᠬᠠᠷᠢᠯᠴᠠᠭ᠎ᠠ ᠳᠤ | ᠬᠤᠯᠪᠣᠭᠳᠠᠬᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ᠂ ᠪᠦᠭᠦ ᠲᠠᠯ᠎ᠠ ᠶᠢᠨ ᠴᠢᠨᠠᠷᠲᠠᠢ᠂ ᠴᠢᠭᠯᠡᠯ ᠤᠨ ᠴᠢᠨᠠᠷᠲᠠᠢ ᠠᠰᠠᠭᠤᠳᠠᠯ | ᠵᠢᠴᠢ ᠳᠡᠯᠡᠬᠡᠢ ᠶᠢᠨ ᠡᠩᠬᠡ ᠲᠠᠶᠢᠪᠤᠩ ᠪᠠ ᠬᠥᠭᠵᠢᠯᠲᠡ ᠳᠤ ᠬᠤᠯᠪᠣᠭᠳᠠᠬᠤ ᠴᠢᠬᠤᠯᠠ ᠶᠡᠭᠡ ᠠᠰᠠᠭᠤᠳᠠᠯ ᠤᠨ ᠲᠤᠬᠠᠢ | ᠰᠠᠨᠠᠯ ᠢᠶᠠᠨ ᠦᠨᠡᠨᠴᠢ ᠪᠠᠷ ᠭᠦᠨᠵᠡᠭᠡᠢ ᠰᠣᠯᠢᠯᠴᠠᠪᠠ᠃ | | | ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 15 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ | ᠠᠮᠧᠷᠢᠺᠠ ᠶᠢᠨ ᠰᠠᠨ ᠹᠷᠠᠨᠰᠢᠰᠺᠤ ᠶᠢᠨ ᠹᠧᠶᠢᠯᠤᠷᠢ ᠡᠳ᠋ᠯᠡᠩ ᠳᠤ ᠠᠮᠧᠷᠢᠺᠠ ᠶᠢᠨ ᠶᠡᠷᠦᠩᠬᠡᠶᠢᠯᠡᠭᠴᠢ ᠪᠠᠶᠢᠳᠧᠨ ᠲᠠᠢ ᠳᠤᠮᠳᠠᠳᠤ | ᠠᠮᠧᠷᠢᠺᠠ ᠶᠢᠨ ᠲᠡᠷᠢᠭᠦᠨ ᠤ ᠠᠭᠤᠯᠵᠠᠯᠲᠠ ᠬᠢᠪᠡ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠷᠣᠣ ᠠᠢ ᠮᠢᠨ ᠰᠡᠭᠦᠳᠡᠷᠯᠡᠪᠡ | ᠰᠢ ᠶᠢᠨ ᠫᠢᠩ ᠹᠤᠶᠢᠯᠦᠷᠢ ᠡᠳ᠋ᠯᠡᠩ ᠳᠤ ᠬᠦᠷᠬᠦ ᠳᠤ ᠪᠠᠶᠢᠳᠧᠨ ᠬᠠᠯᠠᠭᠤᠨ ᠢᠶᠠᠷ ᠤᠭᠲᠤᠪᠠ᠃ | | | ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 15 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ | ᠠᠮᠧᠷᠢᠺᠠ ᠶᠢᠨ ᠰᠠᠨ ᠹᠷᠠᠨᠰᠢᠰᠺᠤ ᠶᠢᠨ ᠹᠧᠶᠢᠯᠤᠷᠢ ᠡᠳ᠋ᠯᠡᠩ ᠳᠤ ᠠᠮᠧᠷᠢᠺᠠ ᠶᠢᠨ ᠶᠡᠷᠦᠩᠬᠡᠶᠢᠯᠡᠭᠴᠢ ᠪᠠᠶᠢᠳᠧᠨ ᠲᠠᠢ ᠳᠤᠮᠳᠠᠳᠤ | ᠠᠮᠧᠷᠢᠺᠠ ᠶᠢᠨ ᠲᠡᠷᠢᠭᠦᠨ ᠤ ᠠᠭᠤᠯᠵᠠᠯᠲᠠ ᠬᠢᠪᠡ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠷᠣᠣ ᠠᠢ ᠮᠢᠨ ᠰᠡᠭᠦᠳᠡᠷᠯᠡᠪᠡ | ᠰᠢ ᠶᠢᠨ ᠫᠢᠩ᠂ ᠣᠳᠣᠬᠠᠨ ᠤ ᠳᠡᠯᠡᠬᠡᠢ ᠶᠢᠷᠲᠢᠨᠴᠦ ᠶᠠᠭ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ | ᠬᠤᠪᠢᠰᠤᠯᠲᠠ ᠶᠢ ᠥᠩᠭᠡᠷᠡᠭᠡᠵᠦ ᠪᠠᠶᠢᠨ᠎ᠠ᠂ ᠳᠤᠮᠳᠠᠳᠤ ᠠᠮᠧᠷᠢᠺᠠ ᠬᠤᠶᠠᠷ ᠵᠦᠢᠯ ᠤᠨ ᠰᠣᠩᠭᠤᠯᠲᠠ ᠲᠠᠢ᠄ ᠨᠢᠭᠡ ᠨᠢ | ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠭᠠᠷ ᠬᠤᠯᠪᠣᠨ | ᠠᠷᠭᠠᠴᠠᠭᠠᠵᠤ᠂ ᠳᠡᠯᠡᠬᠡᠢ ᠶᠢᠨ ᠠᠮᠤᠷ ᠲᠦᠪᠰᠢᠨ ᠪᠣᠯᠣᠨ ᠬᠥᠭᠵᠢᠯ ᠴᠡᠴᠡᠭᠯᠡᠯ ᠢ ᠠᠬᠢᠭᠤᠯᠤᠨ᠎ᠠ᠃ ᠨᠦᠭᠦᠭᠡ ᠨᠢ ᠦᠯᠦ | ᠡᠪᠰᠡᠬᠦ ᠰᠡᠳᠬᠢᠬᠦᠢ ᠶᠢ ᠡᠪᠦᠷᠯᠡᠵᠦ᠂ ᠯᠡᠭᠧᠷ ᠤᠨ ᠡᠰᠡᠷᠭᠦᠴᠡᠯᠳᠦᠯ ᠢ ᠥᠳᠥᠭᠡᠵᠦ᠂ ᠳᠡᠯᠡᠬᠡᠢ ᠶᠢᠷᠲᠢᠨᠴᠦ ᠶᠢ ᠦᠢᠮᠡᠭᠡᠨ | ᠳᠡᠪᠵᠢᠶᠡᠨ ᠪᠠ ᠬᠠᠭᠠᠴᠠᠯ ᠲᠠᠢ ᠪᠣᠯᠭᠠᠨ᠎ᠠ᠃ ᠬᠤᠶᠠᠷ ᠵᠦᠢᠯ ᠤᠨ ᠰᠣᠩᠭᠤᠯᠲᠠ ᠨᠢ ᠬᠤᠶᠠᠷ ᠴᠢᠭᠯᠡᠯ ᠢ ᠲᠥᠯᠥᠭᠡᠯᠡᠵᠦ᠂ | ᠬᠥᠮᠥᠨ ᠲᠥᠷᠥᠯᠬᠢᠲᠡᠨ ᠤ ᠢᠷᠡᠭᠡᠳᠦᠢ ᠪᠠ ᠳᠡᠯᠡᠬᠡᠢ ᠶᠢᠨ ᠪᠥᠮᠪᠥᠷᠴᠡᠭ ᠤᠨ ᠢᠷᠡᠭᠡᠳᠦᠢ ᠶᠢ ᠲᠣᠭᠲᠠᠭᠠᠨ᠎ᠠ᠃ ᠳᠡᠯᠡᠬᠡᠢ | ᠳᠡᠭᠡᠷᠡᠬᠢ ᠬᠠᠮᠤᠭ ᠤᠨ ᠴᠢᠬᠤᠯᠠ ᠬᠤᠶᠠᠷ ᠲᠠᠯ᠎ᠠ ᠶᠢᠨ ᠬᠠᠷᠢᠯᠴᠠᠭ᠎ᠠ ᠪᠣᠯᠤᠭᠰᠠᠨ ᠤ ᠬᠤᠪᠢ ᠳᠤ ᠳᠤᠮᠳᠠᠳᠤ ᠠᠮᠧᠷᠢᠺᠠ ᠶᠢᠨ | ᠬᠠᠷᠢᠯᠴᠠᠭ᠎ᠠ ᠶᠢ ᠡᠨᠡ ᠬᠦ ᠶᠡᠭᠡ ᠠᠬᠤᠢ ᠪᠠᠶᠢᠳᠠᠯ ᠳᠣᠣᠷ᠎ᠠ ᠪᠣᠳᠣᠯᠬᠢᠯᠠᠨ ᠲᠥᠯᠥᠪᠵᠢᠭᠦᠯᠬᠦ ᠬᠡᠷᠡᠭᠲᠡᠢ᠃ ᠳᠤᠮᠳᠠᠳᠤ ᠠᠮᠧᠷᠢᠺᠠ | ᠬᠤᠶᠠᠷ ᠤᠯᠤᠰ ᠬᠠᠷᠢᠯᠴᠠᠬᠤ ᠦᠭᠡᠢ ᠪᠠᠶᠢᠵᠤ ᠪᠤᠯᠬᠤ ᠦᠭᠡᠢ᠂ ᠨᠦᠭᠦᠭᠡ ᠡᠲᠡᠭᠡᠳ ᠢᠶᠠᠨ ᠬᠤᠪᠢᠷᠠᠭᠤᠯᠬᠤ ᠨᠢ ᠪᠣᠳᠠᠲᠤ | ᠪᠠᠶᠢᠳᠠᠯ ᠲᠠᠢ ᠨᠡᠶᠢᠴᠡᠬᠦ ᠦᠭᠡᠢ ᠶᠤᠮ᠂ ᠮᠥᠷᠭᠦᠯᠳᠦᠭᠡᠨ ᠡᠰᠡᠷᠭᠦᠴᠡᠯᠳᠦᠯ ᠤᠨ ᠦᠷ᠎ᠡ ᠳ᠋ᠦᠩ ᠢ ᠬᠡᠨ ᠴᠦ ᠳᠠᠭᠠᠭᠠᠵᠤ | ᠴᠢᠳᠠᠬᠤ ᠦᠭᠡᠢ ᠶᠤᠮ᠃ ᠲᠣᠮᠣ ᠤᠯᠤᠰ ᠤᠨ ᠥᠷᠢᠰᠦᠯᠳᠦᠭᠡᠨ ᠨᠢ ᠳᠤᠮᠳᠠᠳᠤ ᠠᠮᠧᠷᠢᠺᠠ ᠬᠤᠶᠠᠷ ᠤᠯᠤᠰ ᠪᠠ ᠳᠡᠯᠡᠬᠡᠢ | ᠳ᠋ᠠᠬᠢᠨ ᠳᠤ ᠲᠤᠯᠭᠠᠷᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠵᠦ ᠴᠢᠳᠠᠬᠤ ᠦᠭᠡᠢ ᠶᠤᠮ᠃ ᠡᠨᠡ ᠳᠡᠯᠡᠬᠡᠢ ᠶᠢᠨ ᠪᠥᠮᠪᠥᠷᠴᠡᠭ | ᠳᠤᠮᠳᠠᠳᠤ ᠠᠮᠧᠷᠢᠺᠠ ᠬᠤᠶᠠᠷ ᠤᠯᠤᠰ ᠢ ᠪᠠᠭᠲᠠᠭᠠᠵᠤ ᠴᠢᠳᠠᠨ᠎ᠠ᠃ ᠳᠤᠮᠳᠠᠳᠤ ᠠᠮᠧᠷᠢᠺᠠ ᠶᠢᠨ ᠥᠪᠡᠷ ᠥᠪᠡᠷ ᠤᠨ ᠬᠢᠨᠢ | ᠠᠮᠵᠢᠯᠲᠠ ᠨᠢ ᠬᠠᠷᠢᠯᠴᠠᠨ ᠠᠵᠠ ᠲᠣᠭᠢᠶᠠᠯ ᠪᠣᠯᠣᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠮᠥᠨ ᠴᠢᠨᠠᠷ ᠤᠨ ᠣᠨᠴᠠᠯᠢᠭ ᠪᠣᠯᠣᠨ | ᠠᠭᠤᠯᠤᠭᠳᠠᠬᠤᠨ ᠤ ᠠᠴᠢ ᠬᠤᠯᠪᠣᠭᠳᠠᠯ ᠵᠢᠴᠢ ᠳᠤᠮᠳᠠᠳᠤ ᠤᠯᠤᠰ ᠤᠨ ᠬᠥᠭᠵᠢᠯᠲᠡ ᠶᠢᠨ ᠠᠯᠤᠰ ᠢᠷᠡᠭᠡᠳᠦᠢ ᠪᠣᠯᠣᠨ | ᠪᠠᠶᠢᠯᠳᠤᠬᠤ ᠪᠣᠳᠣᠯᠭ᠎ᠠ ᠶᠢᠨ ᠵᠣᠷᠢᠯᠲᠠ ᠶᠢ ᠭᠦᠨᠵᠡᠭᠡᠢ ᠲᠣᠳᠣᠷᠬᠠᠶᠢᠯᠠᠨ ᠥᠭᠦᠯᠡᠪᠡ᠃ ᠰᠢ ᠶᠢᠨ ᠫᠢᠩ᠂ ᠳᠤᠮᠳᠠᠳᠤ | ᠤᠯᠤᠰ ᠤᠨ ᠬᠥᠭᠵᠢᠯᠲᠡ ᠨᠢ ᠲᠤᠰ ᠪᠡᠶ᠎ᠡ ᠶᠢᠨ ᠯᠣᠭᠢᠭ ᠪᠠ ᠵᠢᠮ᠎ᠡ ᠶᠣᠰᠣ ᠲᠠᠢ ᠶᠤᠮ᠂ ᠳᠤᠮᠳᠠᠳᠤ ᠤᠯᠤᠰ ᠶᠠᠭ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ | ᠪᠦᠭᠦ ᠲᠠᠯ᠎ᠠ ᠪᠠᠷ ᠠᠬᠢᠭᠤᠯᠵᠤ ᠪᠠᠶᠢᠨ᠎ᠠ᠂ ᠳᠤᠮᠳᠠᠳᠤ ᠤᠯᠤᠰ ᠺᠣᠯᠣᠨᠢᠴᠢᠯᠠᠨ ᠳᠡᠭᠡᠷᠡᠮᠳᠡᠬᠦ ᠬᠠᠭᠤᠴᠢᠨ ᠵᠠᠮ ᠢᠶᠠᠷ ᠵᠠᠮᠨᠠᠬᠤ | ᠦᠭᠡᠢ᠂ ᠤᠯᠤᠰ ᠬᠦᠴᠦᠷᠬᠡᠭᠵᠢᠪᠡᠯ ᠯᠠᠪᠲᠠᠢ ᠡᠵᠡᠷᠬᠡᠬᠦ ᠭᠠᠵᠢᠭᠤ ᠵᠠᠮ ᠢᠶᠠᠷ ᠵᠠᠮᠨᠠᠬᠤ ᠦᠭᠡᠢ᠂ ᠦᠵᠡᠯ ᠤᠬᠠᠮᠰᠠᠷ ᠤᠨ | ᠭᠡᠯᠪᠡᠷᠢ ᠪᠠᠨ ᠴᠤ ᠭᠠᠳᠠᠭᠰᠢ ᠭᠠᠷᠭᠠᠬᠤ ᠦᠭᠡᠢ᠃ ᠳᠤᠮᠳᠠᠳᠤ ᠤᠯᠤᠰ ᠲᠤ ᠠᠮᠧᠷᠢᠺᠠ ᠶᠢ ᠳᠠᠪᠠᠭ᠋ᠤ ᠪᠤᠶᠤ ᠠᠮᠧᠷᠢᠺᠠ ᠶᠢ | ᠣᠷᠣᠯᠠᠬᠤ ᠲᠥᠯᠦᠪᠵᠢᠭᠦᠯᠭᠡ ᠪᠠᠶᠢᠬᠤ ᠦᠭᠡᠢ᠂ ᠠᠮᠧᠷᠢᠺᠠ ᠴᠤ ᠪᠢᠲᠡᠭᠡᠢ ᠳᠤᠮᠳᠠᠳᠤ ᠤᠯᠤᠰ ᠢ ᠳᠠᠷᠤᠩᠭᠤᠶᠢᠯᠠᠵᠤ | ᠬᠤᠷᠢᠭᠯᠠᠬᠤ ᠲᠥᠯᠥᠪᠯᠡᠭᠡ ᠲᠠᠢ ᠪᠠᠶᠢᠭᠠᠷᠠᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠠᠷᠢᠯᠴᠠᠨ ᠭᠦᠨᠳᠦᠳᠭᠡᠵᠦ᠂ ᠨᠠᠶᠢᠷᠠᠮᠳᠠᠯ ᠢᠶᠠᠷ ᠵᠡᠷᠭᠡᠴᠡᠨ ᠣᠷᠣᠰᠢᠵᠤ᠂ ᠬᠠᠮᠲᠤᠷᠠᠯᠴᠠᠵᠤ ᠬᠠᠮᠲᠤ ᠪᠠᠷ | ᠠᠰᠢᠭ ᠭᠦᠷᠳᠡᠭᠦ ᠨᠢ 50 ᠵᠢᠯ ᠤᠨ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠲᠡᠦᠬᠡᠨ ᠶᠠᠪᠤᠴᠠ ᠠᠴᠠ ᠳ᠋ᠦᠩᠨᠡᠭᠰᠡᠨ | ᠲᠤᠷᠰᠢᠯᠭ᠎ᠠ ᠪᠤᠯᠬᠤ ᠪᠠᠷ ᠪᠠᠷᠠᠬᠤ ᠦᠭᠡᠢ ᠪᠠᠰᠠ ᠴᠤ ᠲᠡᠦᠬᠡᠨ ᠳᠡᠭᠡᠷᠡᠬᠢ ᠲᠣᠮᠣ ᠤᠯᠤᠰ ᠤᠨ ᠮᠥᠷᠭᠦᠯᠳᠦᠭᠡᠨ ᠤ | ᠣᠯᠭᠤᠭᠰᠠᠨ ᠰᠡᠩᠬᠡᠷᠡᠭᠦᠯᠦᠯ ᠪᠠᠶᠢᠵᠤ᠂ ᠳᠤᠮᠳᠠᠳᠤ ᠠᠮᠧᠷᠢᠺᠠ ᠶᠢᠨ ᠬᠠᠮᠲᠤ ᠪᠠᠷ ᠴᠢᠷᠮᠠᠶᠢᠬᠤ ᠴᠢᠭᠯᠡᠯ ᠪᠠᠶᠢᠬᠤ ᠶᠣᠰᠣᠲᠠᠢ᠃ | ᠡᠨᠡ ᠤᠳᠠᠭ᠎ᠠ ᠶᠢᠨ ᠰᠠᠨ ᠹᠷᠠᠨᠰᠢᠰᠺᠤ ᠶᠢᠨ ᠠᠭᠤᠯᠵᠠᠯᠲᠠ ᠳᠤ᠂ ᠳᠤᠮᠳᠠᠳᠤ ᠠᠮᠧᠷᠢᠺᠠ ᠰᠢᠨ᠎ᠡ ᠬᠦᠰᠡᠯ ᠡᠷᠡᠮᠡᠯᠵᠡᠯ ᠲᠠᠢ | ᠪᠠᠶᠢᠵᠤ᠂ ᠬᠠᠮᠲᠤ ᠪᠠᠷ ᠴᠢᠷᠮᠠᠶᠢᠵᠤ ᠪᠠᠶᠢᠭᠠᠳ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠲᠠᠪᠤᠨ ᠲᠤᠯᠭᠠᠭᠤᠷᠢ ᠶᠢ | ᠴᠣᠭᠴᠠᠯᠠᠨ ᠪᠣᠰᠬᠠᠪᠠᠯ ᠵᠣᠬᠢᠨ᠎ᠠ᠃ | ᠨᠢᠭᠡ ᠳᠤ᠂ ᠵᠥᠪ ᠲᠠᠨᠢᠯᠲᠠ ᠶᠢ ᠬᠠᠮᠲᠤ ᠪᠠᠷ ᠪᠤᠢ ᠪᠣᠯᠭᠠᠶ᠎ᠠ᠃ ᠳᠤᠮᠳᠠᠳᠤ ᠤᠯᠤᠰ ᠢᠮᠠᠭᠲᠠ ᠲᠣᠭᠲᠠᠭᠤᠨ᠂ ᠡᠷᠡᠭᠦᠯ᠂ | ᠦᠷᠭᠦᠯᠵᠢᠯᠡᠬᠦ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢ ᠪᠠᠶᠢᠭᠤᠯᠬᠤ ᠪᠠᠷ ᠴᠢᠷᠮᠠᠶᠢᠭᠰᠠᠭᠠᠷ ᠢᠷᠡᠪᠡ᠃ ᠡᠭᠦᠨ ᠤ ᠬᠠᠮᠲᠤ᠂ | ᠳᠤᠮᠳᠠᠳᠤ ᠤᠯᠤᠰ ᠲᠤ ᠪᠠᠰᠠ ᠡᠷᠬᠡᠪᠰᠢ ᠬᠠᠮᠠᠭᠠᠯᠠᠬᠤ ᠴᠢᠬᠤᠯᠠᠲᠠᠢ ᠠᠰᠢᠭ ᠲᠤᠰᠠ᠂ ᠡᠷᠬᠡᠪᠰᠢ ᠬᠠᠮᠠᠭᠠᠯᠠᠬᠤ ᠴᠢᠬᠤᠯᠠᠲᠠᠢ | ᠵᠠᠷᠴᠢᠮ᠂ ᠡᠷᠬᠡᠪᠰᠢ ᠪᠠᠲᠤ ᠰᠠᠬᠢᠬᠤ ᠴᠢᠬᠤᠯᠠᠲᠠᠢ ᠬᠤᠷᠢᠭ᠎ᠠ ᠱᠤᠭᠤᠮ ᠪᠤᠢ᠃ ᠬᠤᠶᠠᠷ ᠤᠯᠤᠰ ᠬᠠᠨᠢᠲᠠᠨ ᠪᠣᠯᠵᠤ᠂ | ᠬᠠᠷᠢᠯᠴᠠᠨ ᠭᠦᠨᠳᠦᠳᠭᠡᠵᠦ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠶᠢ ᠬᠦᠰᠡᠵᠦ ᠪᠠᠶᠢᠨ᠎ᠠ᠃ | ᠬᠤᠶᠠᠷ ᠲᠤ᠂ ᠵᠥᠷᠢᠯᠳᠦᠭᠡᠨ ᠢᠶᠠᠨ ᠬᠠᠮᠲᠤ ᠪᠠᠷ ᠪᠦᠲᠦᠮᠵᠢᠲᠡᠢ ᠬᠠᠮᠢᠶᠠᠷᠤᠨ ᠡᠵᠡᠮᠳᠡᠶ᠎ᠡ᠃ ᠵᠥᠷᠢᠯᠳᠦᠭᠡᠨ ᠢ ᠬᠤᠶᠠᠷ | ᠤᠯᠤᠰ ᠤᠨ ᠬᠤᠭᠤᠷᠣᠨᠳᠤ ᠬᠥᠨᠳᠡᠯᠢᠰᠬᠦ ᠵᠠᠭᠠᠭ ᠪᠤᠯᠭᠠᠵᠤ ᠪᠤᠯᠬᠤ ᠦᠭᠡᠢ᠂ ᠬᠠᠷᠢᠨ ᠠᠷᠭ᠎ᠠ ᠰᠦᠪᠡᠭᠴᠢᠯᠡᠨ ᠠᠳᠠᠯᠢ | ᠴᠢᠭᠯᠡᠯ ᠢᠶᠠᠷ ᠤᠷᠤᠭᠰᠢᠯᠠᠬᠤ ᠬᠥᠭᠦᠷᠭᠡ ᠲᠠᠯᠪᠢᠶ᠎ᠠ᠃ ᠬᠤᠶᠠᠷ ᠲᠠᠯ᠎ᠠ ᠪᠠᠷ ᠢᠶᠠᠨ ᠲᠤᠰ ᠲᠤᠰ ᠤᠨ ᠢᠶᠠᠨ ᠵᠠᠷᠴᠢᠮ ᠬᠤᠷᠢᠭ᠎ᠠ | ᠱᠤᠭᠤᠮ ᠢ ᠣᠶᠢᠯᠠᠭᠠᠵᠤ᠂ ᠳᠡᠩᠰᠡᠯᠭᠡᠬᠦ ᠦᠭᠡᠢ᠂ ᠦ ᠰᠠᠪ ᠡᠷᠢᠬᠦ ᠦᠭᠡᠢ᠂ ᠬᠡᠮᠵᠢᠶ᠎ᠡ ᠠᠴᠠ ᠬᠡᠲᠦᠷᠡᠭᠦᠯᠬᠦ ᠦᠭᠡᠢ ᠪᠠᠶᠢᠵᠤ᠂ | ᠢᠯᠡᠭᠦᠬᠡᠨ ᠣᠯᠣᠯᠴᠠᠵᠤ᠂ ᠢᠯᠡᠭᠦᠬᠡᠨ ᠶᠠᠷᠢᠯᠴᠠᠵᠤ᠂ ᠢᠯᠡᠭᠦᠬᠡᠨ ᠵᠥᠪᠳᠡᠯᠴᠡᠵᠦ᠂ ᠵᠥᠷᠢᠯᠳᠦᠭᠡᠨ ᠪᠠ ᠰᠠᠨᠠᠭᠠᠨ ᠠᠴᠠ | ᠭᠠᠳᠠᠭᠤᠷ ᠶᠠᠪᠤᠳᠠᠯ ᠢ ᠯᠠᠪᠳᠠᠭᠤᠨ ᠰᠢᠢᠳᠪᠦᠷᠢᠯᠡᠶ᠎ᠡ᠃ | ᠭᠤᠷᠪᠠ ᠳᠤ᠂ ᠬᠠᠷᠢᠯᠴᠠᠨ ᠠᠰᠢᠭᠲᠠᠢ ᠬᠠᠮᠵᠢᠯᠴᠠᠭ᠎ᠠ ᠶᠢ ᠠᠬᠢᠭᠤᠯᠤᠶ᠎ᠠ᠃ ᠳᠤᠮᠳᠠᠳᠤ ᠠᠮᠧᠷᠢᠺᠠ ᠤᠯᠠᠨ ᠬᠦᠷᠢᠶᠡᠨ ᠳᠤ | ᠥᠷᠭᠡᠨ ᠳᠡᠯᠭᠡᠷ ᠬᠠᠮᠲᠤ ᠶᠢᠨ ᠠᠰᠢᠭ ᠲᠤᠰᠠ ᠲᠠᠢ᠂ ᠠᠵᠤ ᠠᠬᠤᠢ ᠠᠷᠠᠯᠵᠢᠶ᠎ᠠ᠂ ᠬᠥᠳᠡᠭᠡ ᠠᠵᠤ ᠠᠬᠤᠢ ᠵᠡᠷᠭᠡ | ᠤᠯᠠᠮᠵᠢᠯᠠᠯᠲᠤ ᠬᠦᠷᠢᠶ᠎ᠡ ᠶᠢ ᠪᠠᠭᠲᠠᠭᠠᠬᠤ ᠪᠥᠭᠡᠳ ᠠᠭᠤᠷ ᠠᠮᠢᠰᠬᠤᠯ ᠤᠨ ᠬᠤᠪᠢᠷᠠᠯᠲᠠ᠂ ᠵᠣᠬᠢᠶᠠᠮᠠᠯ ᠤᠶᠤᠨ ᠵᠡᠷᠭᠡ | ᠰᠢᠨ᠎ᠡ ᠪᠠᠷ ᠮᠠᠨᠳᠤᠭᠰᠠᠨ ᠬᠦᠷᠢᠶ᠎ᠡ ᠶᠢ ᠴᠦ ᠪᠠᠭᠲᠠᠭᠠᠨ᠎ᠠ᠃ ᠣᠳᠣᠬᠠᠨ ᠤ ᠪᠠᠶᠢᠳᠠᠯ ᠳᠣᠣᠷ᠎ᠠ᠂ ᠬᠤᠶᠠᠷ ᠤᠯᠤᠰ ᠤᠨ | ᠬᠠᠮᠲᠤ ᠶᠢᠨ ᠠᠰᠢᠭ ᠲᠤᠰᠠ ᠪᠠᠭᠠᠰᠤᠭᠰᠠᠨ ᠪᠢᠰᠢ᠂ ᠬᠠᠷᠢᠨ ᠨᠡᠩ ᠤᠯᠠᠨ ᠪᠣᠯᠪᠠ᠃ ᠬᠤᠶᠠᠷ ᠲᠠᠯ᠎ᠠ ᠪᠠᠷ ᠢᠶᠠᠨ ᠭᠠᠳᠠᠭᠠᠳᠤ | ᠬᠠᠷᠢᠯᠴᠠᠭ᠎ᠠ᠂ ᠠᠵᠤ ᠠᠬᠤᠢ᠂ ᠮᠥᠩᠭᠦᠨ ᠭᠦᠢᠯᠭᠡᠭᠡ᠂ ᠬᠤᠳᠠᠯᠳᠤᠭᠠᠨ ᠤ ᠶᠠᠪᠤᠳᠠᠯ᠂ ᠬᠥᠳᠡᠭᠡ ᠠᠵᠤ ᠠᠬᠤᠢ ᠵᠡᠷᠭᠡ | ᠬᠦᠷᠢᠶᠡᠨ ᠳᠠᠬᠢ ᠳᠠᠭᠢᠨ ᠰᠡᠷᠭᠦᠭᠡᠭᠰᠡᠨ ᠪᠤᠶᠤ ᠪᠠᠶᠢᠭᠤᠯᠤᠭᠰᠠᠨ ᠲᠣᠭᠲᠠᠴᠠ ᠶᠢ ᠭᠦᠢᠴᠡᠳ ᠰᠠᠶᠢᠲᠤᠷ ᠠᠰᠢᠭᠯᠠᠵᠤ᠂ ᠬᠤᠣᠷ | ᠴᠠᠭᠠᠵᠠᠯᠠᠬᠤ᠂ ᠬᠠᠤᠯᠢ ᠬᠡᠷᠡᠭᠵᠢᠭᠦᠯᠬᠦ᠂ ᠵᠣᠬᠢᠶᠠᠮᠠᠯ ᠤᠶᠤᠨ ᠴᠢᠳᠠᠪᠤᠷᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ | ᠬᠦᠷᠢᠶᠡᠨ ᠤ ᠬᠠᠮᠲᠤᠷᠠᠯᠴᠠᠭ᠎ᠠ ᠶᠢ ᠥᠷᠨᠢᠭᠦᠯᠦᠶ᠎ᠡ᠃ | ᠳᠥᠷᠪᠡ ᠳᠤ᠂ ᠲᠣᠮᠣ ᠤᠯᠤᠰ ᠤᠨ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠶ᠎ᠡ᠃ ᠬᠥᠮᠥᠨ ᠲᠥᠷᠥᠯᠬᠢᠲᠡᠨ ᠤ | ᠨᠡᠶᠢᠭᠡᠮ ᠳᠤ ᠲᠤᠯᠭᠠᠷᠠᠵᠤ ᠪᠠᠶᠢᠭ᠎ᠠ ᠶᠠᠷᠰᠢᠭ ᠲᠦᠪᠡᠭᠲᠡᠢ ᠶᠠᠪᠤᠳᠠᠯ ᠢ ᠰᠢᠢᠳᠪᠦᠷᠢᠯᠡᠬᠦ ᠳᠤ ᠲᠣᠮᠣ ᠤᠯᠤᠰ ᠤᠨ | ᠬᠠᠮᠲᠤᠷᠠᠯᠴᠠᠭ᠎ᠠ ᠠᠴᠠ ᠰᠠᠯᠵᠤ ᠴᠢᠳᠠᠬᠤ ᠦᠭᠡᠢ ᠶᠤᠮ᠃ ᠳᠤᠮᠳᠠᠳᠤ ᠠᠮᠧᠷᠢᠺᠠ ᠬᠡᠪ ᠳᠠᠭᠤᠷᠢᠶᠠᠯ ᠪᠣᠯᠵᠤ᠂ ᠳᠡᠯᠡᠬᠡᠢ ᠶᠢᠨ | ᠪᠠ ᠭᠠᠵᠠᠷ ᠣᠷᠣᠨ ᠤ ᠠᠰᠠᠭᠤᠳᠠᠯ ᠳᠡᠭᠡᠷᠡᠬᠢ ᠵᠣᠬᠢᠴᠠᠭᠤᠯᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠦᠭᠦ | ᠪᠥᠮᠪᠥᠷᠴᠡᠭ ᠲᠤ ᠨᠡᠩ ᠤᠯᠠᠨ ᠤᠯᠠᠨ ᠨᠡᠶᠢᠲᠡ ᠶᠢᠨ ᠦᠢᠯᠡᠳᠬᠦᠨ ᠢ ᠬᠠᠩᠭᠠᠪᠠᠯ ᠵᠣᠬᠢᠨ᠎ᠠ᠃ ᠬᠤᠶᠠᠷ ᠲᠠᠯ᠎ᠠ ᠶᠢᠨ | ᠳᠤᠷᠠᠳᠤᠭᠰᠠᠨ ᠰᠠᠨᠠᠭᠠᠴᠢᠯᠠᠭ᠎ᠠ ᠨᠢ ᠬᠠᠷᠢᠯᠴᠠᠨ ᠨᠡᠭᠡᠭᠡᠯᠲᠡᠲᠡᠢ ᠪᠠᠶᠢᠪᠠᠯ ᠵᠣᠬᠢᠨ᠎ᠠ᠂ ᠪᠠᠰᠠ ᠵᠣᠬᠢᠴᠠᠭᠤᠯᠤᠨ ᠵᠣᠯᠭᠠᠭᠤᠯᠵᠤ᠂ | ᠬᠠᠮᠲᠤᠷᠠᠯ ᠬᠦᠴᠦᠨ ᠢ ᠪᠦᠷᠢᠯᠳᠦᠭᠦᠯᠵᠦ᠂ ᠳᠡᠯᠡᠬᠡᠢ ᠳ᠋ᠠᠬᠢᠨ ᠳᠤ ᠪᠤᠶᠠᠨ ᠦᠢᠯᠡᠳᠴᠦ ᠪᠣᠯᠣᠨ᠎ᠠ᠃ | ᠲᠠᠪᠤ ᠳᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠬᠠᠮᠲᠤ ᠪᠠᠷ ᠠᠬᠢᠭᠤᠯᠤᠶ᠎ᠠ᠃ ᠬᠤᠶᠠᠷ ᠤᠯᠤᠰ ᠤᠨ ᠵᠢᠰᠢᠶᠠᠨ ᠤ | ᠨᠢᠰᠬᠡᠯ ᠢ ᠨᠡᠮᠡᠭᠳᠡᠭᠦᠯᠵᠦ᠂ ᠵᠢᠭᠤᠯᠴᠢᠯᠠᠯ ᠤᠨ ᠬᠠᠮᠲᠤᠷᠠᠯᠴᠠᠭ᠎ᠠ ᠶᠢ ᠠᠬᠢᠭᠤᠯᠵᠤ᠂ ᠣᠷᠣᠨ ᠨᠤᠲᠤᠭ ᠤᠨ ᠶᠠᠪᠤᠯᠴᠠᠭ᠎ᠠ ᠶᠢ | ᠥᠷᠭᠡᠳᠬᠡᠵᠦ᠂ ᠰᠤᠷᠭᠠᠨ ᠬᠥᠮᠦᠵᠢᠯ᠂ ᠵᠡᠮᠳᠡᠭᠴᠦᠳ ᠤᠨ ᠬᠡᠷᠡᠭ ᠶᠠᠪᠤᠳᠠᠯ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ | ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠬᠠᠷᠰᠢᠯᠠᠵᠤ ᠪᠠᠶᠢᠭ᠎ᠠ ᠨᠠᠵᠠᠭᠠᠢ ᠲᠠᠯ᠎ᠠ ᠶᠢᠨ ᠬᠦᠴᠦᠨ ᠵᠦᠢᠯ ᠢ ᠪᠠᠭᠠᠰᠬᠠᠵᠤ᠂ | ᠬᠤᠶᠠᠷ ᠤᠯᠤᠰ ᠤᠨ ᠠᠷᠠᠳ ᠲᠦᠮᠡᠨ ᠤ ᠢᠯᠡᠭᠦᠬᠡᠨ ᠶᠠᠪᠤᠯᠴᠠᠵᠤ᠂ ᠢᠯᠡᠭᠦᠬᠡᠨ ᠣᠯᠣᠯᠴᠠᠬᠤ ᠶᠢ ᠵᠣᠷᠢᠭᠵᠢᠭᠤᠯᠵᠤ᠂ | ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠡᠷᠡᠭᠦᠯ ᠢᠶᠠᠷ ᠬᠥᠭᠵᠢᠬᠦ ᠳᠤ ᠰᠠᠭᠤᠷᠢ ᠶᠢ ᠪᠠᠲᠤᠳᠬᠠᠶ᠎ᠠ ᠭᠡᠵᠦ ᠵᠢᠭᠠᠵᠤ | ᠭᠠᠷᠭᠠᠪᠠ᠃ | ᠰᠢ ᠶᠢᠨ ᠫᠢᠩ ᠲᠠᠶᠢᠸᠠᠨ ᠤ ᠠᠰᠠᠭᠤᠳᠠᠯ ᠤᠨ ᠲᠤᠬᠠᠢ ᠵᠠᠷᠴᠢᠮ ᠵᠣᠭᠰᠣᠯᠲᠠ ᠪᠠᠨ ᠭᠦᠨᠵᠡᠭᠡᠢ ᠲᠣᠳᠣᠷᠬᠠᠶᠢᠯᠠᠨ | ᠥᠭᠦᠯᠡᠵᠦ᠂ ᠲᠠᠶᠢᠸᠠᠨ ᠤ ᠠᠰᠠᠭᠤᠳᠠᠯ ᠪᠣᠯ ᠢᠮᠠᠭᠲᠠ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠳᠤᠮᠳᠠᠬᠢ ᠬᠠᠮᠤᠭ ᠤᠨ | ᠴᠢᠬᠤᠯᠠ᠂ ᠬᠠᠮᠤᠭ ᠤᠨ ᠰᠡᠷᠭᠡᠭ ᠠᠰᠠᠭᠤᠳᠠᠯ ᠪᠣᠯᠣᠨ᠎ᠠ᠃ ᠪᠠᠯᠢ ᠠᠷᠠᠯ ᠤᠨ ᠠᠭᠤᠯᠵᠠᠯᠲᠠ ᠶᠢᠨ ᠦᠶ᠎ᠡ ᠶᠢᠨ ᠠᠮᠧᠷᠢᠺᠠ ᠶᠢᠨ | ᠬᠤᠯᠪᠣᠭᠳᠠᠯ ᠪᠦᠬᠦᠢ ᠢᠳᠡᠪᠬᠢᠲᠡᠢ ᠣᠪᠣᠷ ᠢ ᠳᠤᠮᠳᠠᠳᠤ ᠤᠯᠤᠰ ᠴᠢᠬᠤᠯᠠᠴᠢᠯᠠᠵᠤ ᠪᠠᠶᠢᠨ᠎ᠠ᠃ ᠠᠮᠧᠷᠢᠺᠠ ᠶᠢᠨ ᠬᠢᠨ ︽ | ᠲᠠᠶᠢᠸᠠᠨ ᠢ ᠲᠤᠰᠠᠭᠠᠷ ᠲᠣᠭᠲᠠᠨᠢᠭᠤᠯᠬᠤ︾ ᠶᠢ ᠦᠯᠦ ᠳᠡᠮᠵᠢᠬᠦ ᠣᠪᠣᠷ ᠢᠶᠠᠨ ᠪᠣᠳᠠᠲᠠᠢ ᠠᠵᠢᠯᠯᠠᠭ᠎ᠠ ᠳᠡᠭᠡᠷ᠎ᠡ ᠪᠠᠨ | ᠢᠯᠡᠷᠡᠭᠦᠯᠵᠦ᠂ ᠲᠠᠶᠢᠸᠠᠨ ᠢ ᠵᠡᠪᠰᠡᠭᠯᠡᠬᠦ ᠪᠠᠨ ᠵᠣᠭᠰᠣᠵᠤ᠂ ᠳᠤᠮᠳᠠᠳᠤ ᠤᠯᠤᠰ ᠤᠨ ᠨᠠᠶᠢᠷᠠᠮᠳᠠᠯ ᠢᠶᠠᠷ ᠨᠢᠭᠡᠳᠬᠡᠬᠦ ᠶᠢ | ᠳᠡᠮᠵᠢᠪᠡᠯ ᠵᠣᠬᠢᠨ᠎ᠠ᠃ ᠳᠤᠮᠳᠠᠳᠤ ᠤᠯᠤᠰ ᠡᠴᠦᠰ ᠲᠡᠭᠡᠨ ᠨᠢᠭᠡᠳᠬᠦ ᠪᠥᠭᠡᠳ ᠵᠠᠶᠢᠯᠠᠰᠢ ᠦᠭᠡᠢ ᠨᠢᠭᠡᠳᠬᠦ ᠶᠤᠮ ᠭᠡᠵᠦ | ᠵᠢᠭᠠᠵᠤ ᠭᠠᠷᠭᠠᠪᠠ᠃ | ᠰᠢ ᠶᠢᠨ ᠫᠢᠩ᠂ ᠠᠮᠧᠷᠢᠺᠠ ᠶᠢᠨ ᠬᠢᠨ ᠭᠠᠳᠠᠭᠠᠳᠤ ᠭᠠᠷᠭᠠᠯᠲᠠ ᠶᠢᠨ ᠬᠠᠮᠢᠶᠠᠷᠤᠯᠲᠠ᠂ ᠪᠡᠯᠡ ᠣᠷᠣᠭᠤᠯᠤᠯᠲᠠ ᠶᠢᠨ | ᠬᠢᠨᠠᠨ ᠪᠠᠶᠢᠴᠠᠭᠠᠯᠲᠠ᠂ ᠭᠠᠭᠴᠠ ᠲᠠᠯ᠎ᠠ ᠶᠢᠨ ᠵᠠᠯᠬᠠᠭᠠᠯ ᠤᠨ ᠲᠠᠯ᠎ᠠ ᠪᠠᠷ ᠲᠠᠰᠤᠷᠠᠯᠲᠠ ᠦᠭᠡᠢ ᠳᠤᠮᠳᠠᠳᠤ ᠤᠯᠤᠰ ᠲᠤ | ᠴᠢᠭᠯᠡᠭᠦᠯᠦᠭᠰᠡᠨ ᠠᠷᠭ᠎ᠠ ᠬᠡᠮᠵᠢᠶ᠎ᠡ ᠠᠪᠴᠤ᠂ ᠳᠤᠮᠳᠠᠳᠤ ᠤᠯᠤᠰ ᠤᠨ ᠵᠦᠢ ᠶᠣᠰᠣᠨ ᠤ ᠠᠰᠢᠭ ᠲᠤᠰᠠ ᠶᠢ ᠬᠦᠨᠳᠦ | ᠨᠣᠴᠢᠲᠠᠢ ᠬᠤᠬᠢᠷᠠᠭᠤᠯᠵᠤ ᠪᠠᠶᠢᠨ᠎ᠠ᠃ ᠳᠤᠮᠳᠠᠳᠤ ᠤᠯᠤᠰ ᠤᠨ ᠬᠥᠭᠵᠢᠯᠲᠡ ᠪᠣᠯ ᠰᠢᠨ᠎ᠡ ᠶᠢ ᠡᠭᠦᠳᠬᠦ ᠪᠠᠷ ᠬᠥᠳᠡᠯᠭᠡᠭᠦᠷ | ᠪᠤᠯᠭᠠᠬᠰᠠᠨ ᠶᠤᠮ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠠᠯᠪᠠᠳᠠᠨ ᠳᠠᠷᠤᠬᠤ ᠪᠣᠯ ᠳᠤᠮᠳᠠᠳᠤ | ᠤᠯᠤᠰ ᠤᠨ ᠴᠢᠨᠠᠷ ᠰᠠᠶᠢᠲᠠᠢ ᠬᠥᠭᠵᠢᠯᠲᠡ ᠶᠢ ᠬᠤᠷᠢᠭᠯᠠᠵᠤ᠂ ᠳᠤᠮᠳᠠᠳᠤ ᠤᠯᠤᠰ ᠤᠨ ᠠᠷᠠᠳ ᠲᠦᠮᠡᠨ ᠤ ᠬᠥᠭᠵᠢᠯᠲᠡ ᠶᠢᠨ | ᠡᠷᠬᠡ ᠶᠢ ᠪᠤᠯᠢᠶᠠᠭᠰᠠᠨ ᠶᠠᠪᠤᠳᠠᠯ ᠪᠣᠯᠣᠨ᠎ᠠ᠃ ᠳᠤᠮᠳᠠᠳᠤ ᠤᠯᠤᠰ ᠤᠨ ᠬᠥᠭᠵᠢᠯ ᠪᠤᠵᠠᠭᠠᠶᠢᠷᠠᠯ ᠨᠢ ᠳᠣᠲᠣᠭᠠᠳᠤ ᠯᠣᠭᠢᠭ ᠲᠠᠢ | ᠪᠠᠶᠢᠵᠤ᠂ ᠭᠠᠳᠠᠭᠠᠳᠤ ᠬᠦᠴᠦᠨ ᠬᠤᠷᠢᠭᠯᠠᠵᠤ ᠳᠡᠶᠢᠯᠭᠦ ᠦᠭᠡᠢ ᠶᠤᠮ᠃ ᠠᠮᠧᠷᠢᠺᠠ ᠶᠢᠨ ᠬᠢᠨ ᠳᠤᠮᠳᠠᠳᠤ ᠤᠯᠤᠰ ᠤᠨ | ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠲᠥᠪ ᠴᠢᠩᠭ᠎ᠠ ᠪᠠᠷ ᠬᠠᠨᠳᠤᠵᠤ᠂ ᠠᠵᠢᠯᠯᠠᠭ᠎ᠠ ᠠᠪᠴᠤ᠂ ᠭᠠᠭᠴᠠ | ᠲᠠᠯ᠎ᠠ ᠶᠢᠨ ᠵᠠᠯᠬᠠᠭᠠᠯ ᠢ ᠬᠦᠴᠦᠨ ᠦᠭᠡᠢ ᠪᠤᠯᠭᠠᠵᠤ᠂ ᠳᠤᠮᠳᠠᠳᠤ ᠤᠯᠤᠰ ᠤᠨ ᠠᠵᠤ ᠠᠬᠤᠶᠢᠯᠠᠯ ᠳᠤ ᠡᠷᠬᠡ ᠲᠡᠭᠰᠢ᠂ ᠲᠥᠪ | ᠭᠤᠣᠯᠴᠢ᠂ ᠦᠯᠦ ᠭᠠᠳᠠᠭᠤᠷᠴᠢᠯᠠᠬᠤ ᠣᠷᠴᠢᠨ ᠨᠥᠬᠦᠴᠡᠯ ᠬᠠᠩᠭᠠᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠪᠠᠶᠢᠳᠧᠨ ᠰᠢ ᠶᠢᠨ ᠫᠢᠩ ᠤᠨ ᠤᠷᠢᠯᠭ᠎ᠠ ᠪᠠᠷ ᠠᠮᠧᠷᠢᠺᠠ ᠳᠤ ᠬᠦᠷᠴᠦ ᠠᠮᠧᠷᠢᠺᠠ ᠳᠤᠮᠳᠠᠳᠤ ᠶᠢᠨ ᠲᠡᠷᠢᠭᠦᠨ ᠤ | ᠠᠭᠤᠯᠵᠠᠯᠲᠠ ᠳᠤ ᠣᠷᠤᠯᠴᠠᠬᠤ ᠶᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠃ ᠪᠠᠶᠢᠳᠧᠨ᠂ ᠨᠢᠳᠤᠨᠤᠨ ᠪᠢ | ᠲᠡᠷᠢᠭᠦᠯᠡᠭᠴᠢ ᠰᠢ ᠶᠢᠨ ᠫᠢᠩ ᠲᠠᠢ ᠪᠠᠯᠢ ᠠᠷᠠᠯ ᠳᠤ ᠴᠢᠬᠤᠯᠠ ᠠᠭᠤᠯᠵᠠᠯᠲᠠ ᠬᠢᠵᠡᠢ᠃ ᠰᠠᠨ ᠹᠷᠠᠨᠰᠢᠰᠺᠤ ᠪᠣᠯ | ᠳᠤᠮᠳᠠᠳᠤᠴᠤᠳ ᠤᠨ ᠬᠠᠮᠤᠭ ᠤᠨ ᠲᠦᠷᠦᠭᠦᠨ ᠳᠤ ᠠᠮᠧᠷᠢᠺᠠ ᠳᠤ ᠬᠦᠷᠬᠦ ᠭᠠᠵᠠᠷ ᠮᠥᠨ᠂ ᠠᠮᠧᠷᠢᠺᠠ ᠳᠤᠮᠳᠠᠳᠤ | ᠬᠠᠮᠲᠤ ᠪᠠᠷ ︽ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ︾ ᠳᠤ ᠭᠠᠷ ᠤᠨ ᠦᠰᠦᠭ | ᠵᠢᠷᠤᠬᠤ ᠳᠤ ᠣᠷᠣᠯᠴᠠᠬᠰᠠᠨ ᠭᠠᠵᠠᠷ ᠮᠥᠨ᠂ ᠮᠥᠨ ᠴᠤ ᠠᠮᠧᠷᠢᠺᠠ ᠳᠤᠮᠳᠠᠳᠤ ᠬᠠᠮᠤᠭ ᠤᠨ ᠡᠷᠲᠡ ᠨᠥᠭᠦᠷᠰᠡᠭ ᠬᠤᠳᠠ | ᠪᠠᠶᠢᠭᠤᠯᠤᠭᠰᠠᠨ ᠭᠠᠵᠠᠷ ᠮᠥᠨ᠃ ᠥᠨᠥᠳᠥᠷ ᠪᠢᠳᠡ ᠰᠠᠨ ᠹᠷᠠᠨᠰᠢᠰᠺᠤ ᠳᠤ ᠳᠠᠬᠢᠨᠲᠠ ᠨᠢᠭᠤᠷᠲᠠᠨ ᠠᠭᠤᠯᠵᠠᠭᠰᠠᠨ ᠨᠢ | ᠣᠨᠴᠠᠭᠠᠶ ᠴᠢᠬᠤᠯᠠ ᠠᠴᠢ ᠬᠤᠯᠪᠣᠭᠳᠠᠯ ᠲᠠᠢ ᠶᠤᠮ᠂ ᠪᠢ ᠪᠠᠯᠢ ᠠᠷᠠᠯ ᠤᠨ ᠠᠭᠤᠯᠵᠠᠯᠲᠠ ᠶᠢᠨ ᠰᠠᠭᠤᠷᠢᠨ ᠳᠡᠭᠡᠷ᠎ᠡ ᠰᠢᠨ᠎ᠡ | ᠬᠠᠮᠲᠤ ᠶᠢᠨ ᠲᠠᠨᠢᠯᠲᠠ ᠪᠠ ᠦᠷ᠎ᠡ ᠪᠦᠲᠦᠭᠡᠯ ᠣᠯᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ | ᠪᠠᠶᠢᠳᠧᠨ᠂ ᠠᠮᠧᠷᠢᠺᠠ ᠳᠤᠮᠳᠠᠳᠤ ᠶᠢᠨ ᠬᠠᠷᠢᠯᠴᠠᠭ᠎ᠠ ᠪᠣᠯ ᠳᠡᠯᠡᠬᠡᠢ ᠳᠡᠭᠡᠷᠡᠬᠢ ᠬᠠᠮᠤᠭ ᠤᠨ ᠴᠢᠬᠤᠯᠠ ᠬᠤᠶᠠᠷ | ᠲᠠᠯ᠎ᠠ ᠶᠢᠨ ᠬᠠᠷᠢᠯᠴᠠᠭ᠎ᠠ ᠮᠥᠨ᠂ ᠠᠮᠧᠷᠢᠺᠠ ᠳᠤᠮᠳᠠᠳᠤ ᠶᠢᠨ ᠮᠥᠷᠭᠦᠯᠳᠦᠭᠡᠨ ᠨᠢ ᠵᠠᠶᠢᠯᠠᠰᠢ ᠦᠭᠡᠢ ᠪᠢᠰᠢ᠂ ᠨᠢᠭᠡᠨ | ᠲᠣᠭᠲᠠᠭᠤᠨ ᠪᠠ ᠬᠥᠭᠵᠢᠭᠰᠡᠨ ᠳᠤᠮᠳᠠᠳᠤ ᠤᠯᠤᠰ ᠨᠢ ᠠᠮᠧᠷᠢᠺᠠ ᠪᠣᠯᠣᠨ ᠳᠡᠯᠡᠬᠡᠢ ᠶᠢᠨ ᠠᠰᠢᠭ ᠲᠤᠰᠠ ᠳᠤ ᠨᠡᠶᠢᠴᠡᠨ᠎ᠡ᠂ | ᠳᠤᠮᠳᠠᠳᠤ ᠤᠯᠤᠰ ᠤᠨ ᠠᠵᠤ ᠠᠬᠤᠢ ᠶᠢᠨ ᠨᠡᠮᠡᠭᠳᠡᠯ ᠨᠢ ᠠᠮᠧᠷᠢᠺᠠ ᠳᠤ ᠠᠰᠢᠭᠲᠠᠢ ᠪᠥᠭᠡᠳ ᠳᠡᠯᠡᠬᠡᠢ ᠳ᠋ᠠᠬᠢᠨ ᠳᠤ ᠴᠤ | ᠠᠰᠢᠭᠲᠠᠢ ᠭᠡᠵᠦ ᠪᠢ ᠢᠮᠠᠭᠲᠠ ᠦᠵᠡᠭᠰᠡᠭᠡᠷ ᠢᠷᠡᠵᠠᠢ᠃ ᠠᠮᠧᠷᠢᠺᠠ ᠳᠤᠮᠳᠠᠳᠤ ᠶᠢᠨ ᠬᠠᠷᠢᠯᠴᠠᠭ᠎ᠠ ᠲᠣᠭᠲᠠᠭᠤᠨ | ᠪᠠᠶᠢᠳᠠᠯ ᠢᠶᠠᠨ ᠪᠠᠲᠤᠯᠠᠵᠤ᠂ ᠮᠥᠷᠭᠦᠯᠳᠦᠭᠡᠨ ᠢ ᠰᠡᠷᠭᠡᠶᠢᠯᠡᠵᠦ᠂ ᠵᠥᠷᠢᠯᠳᠦᠭᠡᠨ ᠢᠶᠠᠨ ᠬᠠᠮᠢᠶᠠᠷᠤᠨ ᠡᠵᠡᠮᠳᠡᠬᠦ ᠶᠢᠨ ᠬᠠᠮᠲᠤ | ᠬᠤᠶᠠᠷ ᠲᠠᠯ᠎ᠠ ᠶᠢᠨ ᠠᠰᠢᠭ ᠲᠤᠰᠠ ᠳᠤ ᠨᠡᠶᠢᠴᠡᠬᠦ ᠬᠦᠷᠢᠶᠡᠨ ᠳᠤ ᠬᠠᠮᠲᠤᠷᠠᠯᠴᠠᠭ᠎ᠠ ᠥᠷᠨᠢᠭᠦᠯᠬᠦ ᠨᠢ ᠬᠤᠶᠠᠷ ᠤᠯᠤᠰ ᠤᠨ | ᠲᠤᠰ ᠲᠤᠰ ᠤᠨ ᠪᠠ ᠬᠠᠮᠲᠤ ᠪᠠᠷ ᠲᠤᠯᠭᠠᠷᠠᠵᠤ ᠪᠠᠶᠢᠭ᠎ᠠ ᠠᠰᠠᠭᠤᠳᠠᠯ ᠢ ᠨᠡᠩ ᠰᠠᠶᠢᠲᠤᠷ ᠠᠷᠭᠠᠴᠠᠭᠠᠬᠤ ᠳᠤ ᠠᠰᠢᠭᠲᠠᠢ ᠶᠤᠮ | ᠃ ᠪᠢ ᠳᠤᠷᠠᠲᠠᠶ᠎ᠠ ᠪᠠᠯᠢ ᠠᠷᠠᠯ ᠤᠨ ᠠᠭᠤᠯᠵᠠᠯᠲᠠ ᠳᠤ ᠬᠢᠭᠰᠡᠨ ᠲᠠᠪᠤᠨ ᠠᠮᠠᠯᠠᠯᠲᠠ ᠶᠢ ᠳᠠᠪᠲᠠᠨ ᠢᠯᠡᠷᠬᠡᠶᠢᠯᠡᠶ᠎ᠡ᠂ | ᠲᠤᠬᠠᠶᠢᠯᠠᠪᠠᠯ᠄ ᠠᠮᠧᠷᠢᠺᠠ ᠰᠢᠨ᠎ᠡ ᠬᠦᠢᠲᠡᠨ ᠲᠠᠶᠢᠨ ᠢ ᠡᠷᠢᠯᠬᠢᠯᠡᠬᠦ ᠦᠭᠡᠢ᠂ ᠳᠤᠮᠳᠠᠳᠤ ᠤᠯᠤᠰ ᠤᠨ ᠪᠠᠶᠢᠭᠤᠯᠤᠯ ᠢ | ᠥᠭᠡᠷᠡᠴᠢᠯᠡᠬᠦ ᠶᠢ ᠡᠷᠢᠯᠬᠢᠯᠡᠬᠦ ᠦᠭᠡᠢ᠂ ᠬᠤᠯᠪᠣᠭᠠᠨ ᠤ ᠬᠠᠷᠢᠯᠴᠠᠭ᠎ᠠ ᠪᠠᠨ ᠴᠢᠩᠭᠠᠳᠬᠠᠬᠤ ᠪᠠᠷ ᠳᠠᠮᠵᠢᠭᠤᠯᠤᠨ ᠳᠤᠮᠳᠠᠳᠤ | ᠤᠯᠤᠰ ᠢ ᠡᠰᠡᠷᠭᠦᠴᠡᠬᠦ ᠦᠭᠡᠢ᠂ ︽ᠲᠠᠶᠢᠸᠠᠨ ᠤ ᠲᠤᠰᠠᠭᠠᠷ ᠲᠣᠭᠲᠠᠨᠢᠬᠤ︾ ᠶᠢ ᠳᠡᠮᠵᠢᠬᠦ ᠦᠭᠡᠢ᠂ ᠳᠤᠮᠳᠠᠳᠤ ᠤᠯᠤᠰ ᠲᠠᠢ | ᠮᠥᠷᠭᠦᠯᠳᠦᠭᠡᠨ ᠡᠭᠦᠰᠬᠦ ᠪᠤᠳᠤᠯ ᠦᠭᠡᠢ᠃ ᠠᠮᠧᠷᠢᠺᠠ ᠳᠤᠮᠳᠠᠳᠤ ᠶᠢᠨ ᠠᠵᠤ ᠠᠬᠤᠢ ᠬᠠᠷᠢᠯᠴᠠᠨ ᠲᠦᠰᠢᠭᠯᠡᠯᠴᠡᠨᠡ᠂ | ᠠᠮᠧᠷᠢᠺᠠ ᠳᠤᠮᠳᠠᠳᠤ ᠤᠯᠤᠰ ᠤᠨ ᠬᠥᠭᠵᠢᠯᠲᠡ ᠴᠢᠨᠡᠭᠡᠯᠢᠭᠵᠢᠯ ᠢ ᠣᠯᠵᠤ ᠬᠠᠷᠠᠬᠤ ᠳᠤᠷᠠᠲᠠᠢ᠂ ᠳᠤᠮᠳᠠᠳᠤ ᠤᠯᠤᠰ ᠤᠨ | ᠬᠥᠭᠵᠢᠯᠲᠡ ᠶᠢ ᠳᠠᠷᠤᠯᠲᠠ ᠦᠵᠡᠭᠦᠯᠵᠦ ᠬᠤᠷᠢᠭᠯᠠᠬᠤ ᠶᠢ ᠡᠷᠢᠯᠬᠢᠯᠡᠬᠦ ᠦᠭᠡᠢ᠂ ᠳᠤᠮᠳᠠᠳᠤ ᠤᠯᠤᠰ ᠲᠠᠢ ᠬᠠᠷᠢᠯᠴᠠᠭ᠎ᠠ ᠪᠠᠨ | ᠲᠠᠰᠤᠯᠬᠤ ᠶᠢ ᠡᠷᠢᠯᠬᠢᠯᠡᠬᠦ ᠦᠭᠡᠢ᠃ ᠠᠮᠧᠷᠢᠺᠠ ᠶᠢᠨ ᠲᠠᠯ᠎ᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ | ᠪᠣᠳᠣᠯᠭ᠎ᠠ ᠶᠢ ᠬᠢᠴᠢᠶᠡᠩᠭᠦ᠋ᠢᠯᠡᠨ ᠵᠢᠷᠤᠮᠯᠠᠵᠤ᠂ ᠬᠤᠶᠠᠷ ᠲᠠᠯ᠎ᠠ ᠶᠢᠨ ᠡᠯ᠎ᠡ ᠰᠠᠯᠠᠭ᠎ᠠ ᠮᠥᠴᠢᠷ ᠡᠯ᠎ᠡ ᠲᠡᠰ ᠳᠠᠪᠬᠤᠷᠭ᠎ᠠ ᠶᠢᠨ | ᠶᠠᠷᠢᠯᠴᠠᠭ᠎ᠠ ᠥᠷᠨᠢᠭᠦᠯᠬᠦ ᠶᠢ ᠪᠠᠶᠠᠷᠯᠠᠨ ᠤᠭᠲᠤᠵᠤ᠂ ᠳᠤᠮᠳᠠᠳᠤ ᠤᠯᠤᠰ ᠯᠤᠭ᠎ᠠ ᠨᠡᠭᠡᠭᠡᠯᠲᠡᠲᠤ ᠦᠨᠡᠨᠴᠢ ᠣᠯᠣᠯᠴᠠᠭ᠎ᠠ ᠪᠠᠨ | ᠳᠤᠷᠠᠲᠠᠶ᠎ᠠ ᠦᠷᠭᠦᠯᠵᠢᠯᠡᠨ ᠪᠠᠲᠤᠯᠠᠵᠤ᠂ ᠣᠶᠢᠯᠠᠭᠠᠯᠴᠠᠭ᠎ᠠ ᠪᠠᠨ ᠨᠡᠮᠡᠭᠳᠡᠭᠦᠯᠵᠦ᠂ ᠠᠳᠡᠭᠦᠷᠡᠯ ᠠᠴᠠ ᠵᠠᠶᠢᠯᠠᠰᠬᠢᠵᠦ᠂ | ᠵᠥᠷᠢᠯᠳᠦᠭᠡᠨ ᠢᠶᠠᠨ ᠬᠠᠮᠢᠶᠠᠷᠤᠨ ᠡᠵᠡᠮᠳᠡᠨ᠎ᠡ᠃ ᠠᠮᠧᠷᠢᠺᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠠᠵᠤ ᠠᠬᠤᠢ | ᠠᠷᠠᠯᠵᠢᠶᠠᠨ ᠤ ᠬᠠᠷᠢᠯᠴᠠᠭ᠎ᠠ ᠪᠠᠨ ᠦᠷᠭᠦᠯᠵᠢᠯᠡᠨ ᠬᠥᠭᠵᠢᠭᠦᠯᠵᠦ᠂ ᠠᠭᠤᠷ ᠠᠮᠢᠰᠬᠤᠯ ᠤᠨ ᠬᠤᠪᠢᠷᠠᠯᠲᠠ᠂ ᠬᠤᠣᠷ | ᠴᠠᠭᠠᠵᠠᠯᠠᠬᠤ᠂ ᠵᠣᠬᠢᠶᠠᠮᠠᠯ ᠤᠶᠤᠨ ᠵᠡᠷᠭᠡ ᠴᠢᠬᠤᠯᠠ ᠬᠦᠷᠢᠶᠡᠨ ᠳᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠤᠶᠠᠷ | ᠤᠯᠤᠰ ᠤᠨ ᠰᠢᠭᠤᠳ ᠬᠦᠷᠬᠦ ᠡᠭᠡᠯᠵᠢ ᠶᠢᠨ ᠨᠢᠰᠬᠡᠯ ᠢᠶᠠᠨ ᠨᠡᠮᠡᠭᠳᠡᠭᠦᠯᠵᠦ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ | ᠲᠦ᠋ᠭᠨᠢᠭ ᠮᠡᠷᠭᠡᠵᠢᠯ ᠤᠨ ᠰᠣᠯᠢᠯᠴᠠᠭ᠎ᠠ ᠪᠣᠯᠣᠨ ᠬᠥᠮᠥᠰ ᠤᠨ ᠶᠠᠪᠤᠯᠴᠠᠭ᠎ᠠ ᠪᠠᠨ ᠥᠷᠭᠡᠳᠬᠡᠬᠦ ᠶᠢ ᠣᠯᠵᠤ ᠬᠠᠷᠠᠬᠤ ᠳᠤᠷᠠᠲᠠᠢ | ᠭᠡᠵᠦ ᠢᠯᠡᠳᠬᠡᠪᠡ᠃ | ᠬᠤᠶᠠᠷ ᠤᠯᠤᠰ ᠤᠨ ᠲᠡᠷᠢᠭᠦᠨ ᠬᠤᠶᠠᠷ ᠲᠠᠯ᠎ᠠ ᠶᠢᠨ ᠪᠦᠯᠭᠦᠮ ᠤᠨ ᠬᠢᠨ ᠪᠠᠯᠢ ᠠᠷᠠᠯ ᠤᠨ ᠠᠭᠤᠯᠵᠠᠯᠲᠠ ᠬᠢᠭᠰᠡᠨ ᠠᠴᠠ | ᠨᠠᠭᠠᠰᠢ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠵᠢᠯᠤᠭᠤᠳᠬᠤ ᠵᠠᠷᠴᠢᠮ ᠢ ᠶᠠᠷᠢᠯᠴᠠᠨ ᠲᠣᠭᠲᠠᠭᠠᠭᠰᠠᠨ ᠴᠢᠷᠮᠠᠶᠢᠯᠭ᠎ᠠ ᠶᠢ | ᠮᠡᠳᠡᠷᠡᠵᠦ᠂ ᠬᠠᠷᠢᠯᠴᠠᠨ ᠭᠦᠨᠳᠦᠳᠭᠡᠵᠦ᠂ ᠨᠠᠶᠢᠷᠠᠮᠳᠠᠯ ᠢᠶᠠᠷ ᠵᠡᠷᠭᠡᠴᠡᠨ ᠣᠷᠣᠰᠢᠵᠤ᠂ ᠣᠯᠣᠯᠴᠠᠭ᠎ᠠ ᠪᠠᠨ ᠪᠠᠲᠤᠯᠠᠵᠤ᠂ | ᠮᠥᠷᠭᠦᠯᠳᠦᠭᠡᠨ ᠢ ᠰᠡᠷᠭᠡᠶᠢᠯᠡᠵᠦ᠂ ︽ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ︾ ᠢ | ᠬᠢᠴᠢᠶᠡᠩᠭᠦ᠋ᠢᠯᠡᠨ ᠵᠢᠷᠤᠮᠯᠠᠵᠤ᠂ ᠬᠠᠮᠲᠤ ᠶᠢᠨ ᠠᠰᠢᠭ ᠲᠤᠰᠠ ᠪᠦᠬᠦᠢ ᠬᠦᠷᠢᠶᠡᠨ ᠳᠤ ᠬᠠᠮᠲᠤᠷᠠᠯᠴᠠᠭ᠎ᠠ ᠥᠷᠨᠢᠭᠦᠯᠵᠦ᠂ | ᠬᠤᠶᠠᠷ ᠲᠠᠯ᠎ᠠ ᠶᠢᠨ ᠬᠠᠷᠢᠯᠴᠠᠭ᠎ᠠ ᠳᠠᠬᠢ ᠥᠷᠢᠰᠦᠯᠳᠦᠭᠡᠨ ᠤ ᠡᠯᠧᠮᠧᠨ᠋ᠲ ᠢ ᠬᠠᠷᠢᠭᠤᠴᠠᠯᠭ᠎ᠠ ᠲᠠᠢ ᠪᠠᠷ ᠬᠠᠮᠢᠶᠠᠷᠤᠨ ᠡᠵᠡᠮᠳᠡᠨ᠎ᠡ | ᠭᠡᠵᠦ ᠴᠢᠬᠤᠯᠠᠴᠢᠯᠠᠪᠠ᠃ ᠬᠤᠶᠠᠷ ᠤᠯᠤᠰ ᠤᠨ ᠲᠡᠷᠢᠭᠦᠨ ᠬᠤᠶᠠᠷ ᠲᠠᠯ᠎ᠠ ᠶᠢᠨ ᠪᠦᠯᠭᠦᠮ ᠦᠷᠭᠦᠯᠵᠢᠯᠡᠨ ᠡᠭᠦᠨ ᠤ ᠲᠤᠬᠠᠢ | ᠶᠠᠷᠢᠯᠴᠠᠬᠤ ᠶᠢ ᠪᠠᠶᠠᠷᠯᠠᠨ ᠤᠭᠲᠤᠪᠠ᠃ | ᠬᠤᠶᠠᠷ ᠤᠯᠤᠰ ᠤᠨ ᠲᠡᠷᠢᠭᠦᠨ ᠳᠤᠮᠳᠠᠳᠤ ᠠᠮᠧᠷᠢᠺᠠ ᠶᠢᠨ ᠡᠯ᠎ᠡ ᠬᠦᠷᠢᠶᠡᠨ ᠳᠠᠬᠢ ᠶᠠᠷᠢᠯᠴᠠᠭ᠎ᠠ ᠬᠠᠮᠲᠤᠷᠠᠯᠴᠠᠭ᠎ᠠ ᠶᠢ | ᠠᠬᠢᠭᠤᠯᠬᠤ ᠪᠠ ᠴᠢᠩᠭᠠᠳᠬᠠᠬᠤ ᠶᠢ ᠵᠥᠪᠰᠢᠶᠡᠷᠡᠪᠡ᠂ ᠡᠭᠦᠨ ᠳᠤ᠄ ᠵᠣᠬᠢᠶᠠᠮᠠᠯ ᠤᠶᠤᠨ ᠤ ᠵᠠᠰᠠᠭ ᠤᠨ ᠣᠷᠳᠣᠨ ᠤ | ᠬᠤᠭᠤᠷᠣᠨᠳᠣᠭᠢ ᠶᠠᠷᠢᠯᠴᠠᠭ᠎ᠠ ᠶᠢ ᠪᠠᠶᠢᠭᠤᠯᠤᠨ᠎ᠠ︔ ᠳᠤᠮᠳᠠᠳᠤ ᠠᠮᠧᠷᠢᠺᠠ ᠶᠢᠨ ᠬᠤᠣᠷ ᠴᠠᠭᠠᠵᠠᠯᠠᠬᠤ ᠬᠠᠮᠲᠤᠷᠠᠯᠴᠠᠭᠠᠨ ᠤ | ᠠᠵᠢᠯᠯᠠᠬᠤ ᠳᠤᠭᠤᠶᠢᠯᠠᠩ ᠢ ᠪᠠᠶᠢᠭᠤᠯᠵᠤ᠂ ᠬᠤᠣᠷ ᠴᠠᠭᠠᠵᠠᠯᠠᠬᠤ ᠬᠠᠮᠲᠤᠷᠠᠯᠴᠠᠭ᠎ᠠ ᠶᠢ ᠥᠷᠨᠢᠭᠦᠯᠦᠨ᠎ᠡ︔ ᠡᠷᠬᠡ ᠲᠡᠭᠰᠢ ᠪᠠ | ᠬᠦᠨᠳᠦᠳᠬᠡᠯ ᠤᠨ ᠰᠠᠭᠤᠷᠢᠨ ᠳᠡᠭᠡᠷ᠎ᠡ ᠬᠤᠶᠠᠷ ᠤᠯᠤᠰ ᠤᠨ ᠴᠡᠷᠢᠭ ᠤᠨ ᠳᠡᠭᠡᠳᠦ ᠳᠠᠪᠬᠤᠷᠭ᠎ᠠ ᠶᠢᠨ ᠨᠡᠪᠲᠡᠷᠡᠯᠴᠡᠭᠡ᠂ | ᠳᠤᠮᠳᠠᠳᠤ ᠠᠮᠧᠷᠢᠺᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠶᠠᠮᠤᠨ ᠤ ᠠᠵᠢᠯ ᠤᠨ ᠠᠭᠤᠯᠵᠠᠯᠲᠠ᠂ ᠳᠤᠮᠳᠠᠳᠤ | ᠠᠮᠧᠷᠢᠺᠠ ᠶᠢᠨ ᠲᠠᠯᠠᠢ ᠳᠡᠭᠡᠷᠡᠬᠢ ᠴᠡᠷᠢᠭ ᠤᠨ ᠶᠠᠪᠤᠳᠠᠯ ᠤᠨ ᠠᠮᠤᠷ ᠲᠦᠪᠰᠢᠨ ᠤ ᠵᠥᠪᠳᠡᠯᠴᠡᠭᠡ ᠶᠢᠨ ᠲᠣᠭᠲᠠᠴᠠ ᠶᠢᠨ | ᠬᠤᠷᠠᠯ ᠢ ᠰᠡᠷᠭᠦᠭᠡᠵᠦ᠂ ᠳᠤᠮᠳᠠᠳᠤ ᠠᠮᠧᠷᠢᠺᠠ ᠬᠤᠶᠠᠷ ᠤᠯᠤᠰ ᠤᠨ ᠴᠡᠷᠢᠭ ᠠᠩᠭᠢ ᠶᠢᠨ ᠪᠠᠶᠢᠯᠳᠤᠭᠠᠨ ᠤ ᠲᠣᠭᠤᠷᠢᠭ ᠤᠨ | ᠤᠳᠤᠷᠢᠳᠤᠯᠭ᠎ᠠ ᠶᠢᠨ ᠶᠠᠷᠢᠯᠴᠠᠭ᠎ᠠ ᠥᠷᠨᠢᠭᠦᠯᠦᠨ᠎ᠡ︔ ᠢᠷᠡᠬᠦ ᠵᠢᠯ ᠤᠨ ᠡᠬᠢᠨ ᠢᠶᠠᠷ ᠵᠢᠰᠢᠶᠠᠨ ᠤ ᠨᠢᠰᠬᠡᠯ ᠢ ᠴᠢᠨᠠᠭᠰᠢᠳᠠ ᠶᠡᠭᠡ | ᠬᠡᠮᠵᠢᠶ᠎ᠡ ᠪᠠᠷ ᠨᠡᠮᠡᠭᠳᠡᠭᠦᠯᠬᠦ ᠶᠢ ᠵᠥᠪᠰᠢᠶᠡᠷᠡᠨ᠎ᠡ︔ ᠰᠤᠷᠭᠠᠨ ᠬᠥᠮᠦᠵᠢᠯ᠂ ᠭᠠᠳᠠᠭᠠᠳᠤ ᠳᠤ ᠰᠤᠷᠤᠯᠴᠠᠬᠤ ᠰᠤᠷᠤᠬᠴᠢ᠂ | ᠵᠠᠯᠠᠭᠤᠴᠤᠳ᠂ ᠰᠣᠶᠣᠯ ᠪᠣᠯᠪᠠᠰᠤᠷᠠᠯ᠂ ᠪᠡᠶ᠎ᠡ ᠶᠢᠨ ᠲᠠᠮᠢᠷ ᠪᠠ ᠦᠢᠯᠡᠳᠪᠦᠷᠢ ᠬᠤᠳᠠᠯᠳᠤᠭᠠᠨ ᠤ ᠡᠲᠡᠭᠡᠳ ᠤᠨ | ᠰᠣᠯᠢᠯᠴᠠᠭ᠎ᠠ ᠶᠢ ᠥᠷᠭᠡᠳᠬᠡᠬᠦ ᠵᠡᠷᠭᠡ ᠶᠢ ᠪᠠᠭᠲᠠᠭᠠᠪᠠ᠃ | ᠬᠤᠶᠠᠷ ᠤᠯᠤᠰ ᠤᠨ ᠲᠡᠷᠢᠭᠦᠨ ᠣᠳᠣᠬᠠᠨ ᠤ ᠵᠠᠩᠭᠢᠯᠠᠭ᠎ᠠ ᠶᠢᠨ ᠠᠷᠪᠠᠨ ᠵᠢᠯ ᠳᠤ ᠳᠤᠮᠳᠠᠳᠤ ᠠᠮᠧᠷᠢᠺᠠ ᠠᠭᠤᠷ | ᠠᠮᠢᠰᠬᠤᠯ ᠤᠨ ᠬᠢᠮᠤᠷᠠᠯ ᠢ ᠠᠷᠭᠠᠴᠠᠭᠠᠬᠤ ᠶᠢ ᠲᠦᠷᠭᠡᠳᠬᠡᠬᠦ ᠪᠠᠷ ᠴᠢᠷᠮᠠᠶᠢᠬᠤ ᠶᠢᠨ ᠴᠢᠬᠤᠯᠠ ᠴᠢᠨᠠᠷ ᠢ ᠴᠢᠬᠤᠯᠠᠴᠢᠯᠠᠵᠤ᠂ | ᠬᠤᠶᠠᠷ ᠤᠯᠤᠰ ᠤᠨ ᠠᠭᠤᠷ ᠠᠮᠢᠰᠬᠤᠯ ᠤᠨ ᠣᠨᠴᠠ ᠡᠯᠴᠢ ᠶᠢᠨ ᠣᠶᠢᠷ᠎ᠠ ᠶᠢᠨ ᠬᠤᠭᠤᠴᠠᠭᠠᠨ ᠳᠤ ᠥᠷᠨᠢᠭᠦᠯᠦᠭᠰᠡᠨ | ᠢᠳᠡᠪᠬᠢᠲᠡᠢ ᠶᠠᠷᠢᠯᠴᠠᠭ᠎ᠠ ᠶᠢ ᠪᠠᠶᠠᠷᠯᠠᠨ ᠤᠭᠲᠤᠪᠠ᠂ ᠡᠭᠦᠨ ᠳᠤ᠄ 2020 ᠣᠨ ᠤ ᠦᠶ᠎ᠡ ᠶᠢᠨ ᠤᠯᠤᠰ ᠤᠨ | ᠳᠣᠲᠣᠭᠠᠳᠤ ᠶᠢᠨ ᠪᠣᠬᠢᠷᠳᠤᠯ ᠢ ᠪᠠᠭᠠᠰᠬᠠᠬᠤ ᠠᠵᠢᠯᠯᠠᠭ᠎ᠠ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠭᠤᠷ | ᠠᠮᠢᠰᠬᠤᠯ ᠤᠨ ᠬᠤᠪᠢᠷᠠᠯᠲᠠ ᠶᠢᠨ ᠳ᠋ᠦᠪᠠᠢ ᠶᠢᠨ ᠶᠡᠭᠡ ᠬᠤᠷᠠᠯ ︵COP 28︶ ᠤᠨ ᠠᠮᠵᠢᠯᠲᠠ ᠣᠯᠬᠤ ᠶᠢ ᠬᠠᠮᠲᠤ ᠪᠠᠷ | ᠠᠬᠢᠭᠤᠯᠵᠤ᠂ ᠳᠤᠮᠳᠠᠳᠤ ᠠᠮᠧᠷᠢᠺᠠ ᠶᠢᠨ ︽21 ᠳ᠋ᠦ᠋ᠭᠡᠷ ᠵᠠᠭᠤᠨ ᠤ ᠬᠤᠷᠢᠭᠠᠳ ᠣᠨ ᠤ ᠠᠭᠤᠷ ᠠᠮᠢᠰᠬᠤᠯ ᠤᠨ | ᠠᠵᠢᠯᠯᠠᠭ᠎ᠠ ᠶᠢ ᠴᠢᠩᠭᠠᠳᠬᠠᠬᠤ ᠠᠵᠢᠯ ᠤᠨ ᠳᠤᠭᠤᠶᠢᠯᠠᠩ︾ ᠢ ᠡᠬᠢᠯᠡᠭᠦᠯᠬᠦ ᠪᠠᠷ ᠠᠭᠤᠷ ᠠᠮᠢᠰᠬᠤᠯ ᠤᠨ ᠪᠣᠳᠠᠲᠠᠢ | ᠠᠵᠢᠯᠯᠠᠭ᠎ᠠ ᠶᠢ ᠲᠦᠷᠭᠡᠳᠬᠡᠬᠦ ᠵᠡᠷᠭᠡ ᠶᠢ ᠪᠠᠭᠲᠠᠭᠠᠪᠠ᠃ | ᠬᠡᠯᠡᠯᠴᠡᠭᠡ ᠶᠢᠨ ᠲᠠᠷᠠᠭ᠎ᠠ᠂ ᠪᠠᠶᠢᠳᠧᠨ ᠰᠢ ᠶᠢᠨ ᠫᠢᠩ ᠢ ᠤᠭᠲᠤᠬᠤ ᠦᠳᠡ ᠶᠢᠨ ᠳᠠᠶᠢᠯᠠᠯᠭ᠎ᠠ ᠬᠢᠪᠡ᠃ ᠬᠤᠶᠠᠷ | ᠤᠯᠤᠰ ᠤᠨ ᠲᠡᠷᠢᠭᠦᠨ ᠬᠠᠮᠲᠤ ᠪᠠᠷ ᠠᠩᠬᠠᠷᠴᠤ ᠪᠠᠶᠢᠭ᠎ᠠ ᠫᠠᠯᠧᠰᠲ᠋ᠠᠶᠢᠨ ᠢᠰᠷᠧᠯ ᠤᠨ ᠮᠥᠷᠭᠦᠯᠳᠦᠭᠡᠨ ᠵᠡᠷᠭᠡ ᠳᠡᠯᠡᠬᠡᠢ ᠶᠢᠨ | ᠪᠠ ᠭᠠᠵᠠᠷ ᠣᠷᠣᠨ ᠤ ᠠᠰᠠᠭᠤᠳᠠᠯ ᠤᠨ ᠲᠤᠬᠠᠢ ᠰᠠᠨᠠᠯ ᠢᠶᠠᠨ ᠰᠣᠯᠢᠯᠴᠠᠪᠠ᠃ | ᠪᠠᠶᠢᠳᠧᠨ ᠪᠠᠰᠠ ᠰᠢ ᠶᠢᠨ ᠫᠢᠩ ᠢ ᠤᠷᠢᠵᠤ ᠹᠸᠢᠢᠯᠤᠷᠢ ᠡᠳ᠋ᠯᠡᠩ ᠳᠤ ᠰᠡᠯᠡᠭᠦᠴᠡᠨ ᠠᠯᠬᠤᠭᠰᠠᠨ ᠪᠥᠭᠡᠳ ᠲᠡᠷᠭᠡᠨ ᠳᠤ | ᠭᠠᠷᠬᠤ ᠭᠠᠵᠠᠷ ᠲᠤ ᠰᠢ ᠶᠢᠨ ᠫᠢᠩ ᠢ ᠪᠡᠶ᠎ᠡ ᠪᠠᠷ ᠢᠶᠠᠨ ᠬᠦᠷᠭᠡᠵᠦ ᠰᠠᠯᠬᠤ ᠶᠣᠰᠣ ᠭᠦᠢᠴᠡᠳᠬᠡᠪᠡ᠃ | ᠡᠨᠡ ᠤᠳᠠᠭᠠᠨ ᠤ ᠠᠭᠤᠯᠵᠠᠯᠲᠠ ᠨᠢ ᠢᠳᠡᠪᠬᠢᠲᠡᠢ᠂ ᠪᠦᠭᠦ ᠲᠠᠯ᠎ᠠ ᠶᠢᠨ᠂ ᠪᠦᠲᠦᠭᠡᠯᠴᠢ ᠴᠢᠨᠠᠷᠲᠠᠢ ᠪᠠᠶᠢᠵᠤ᠂ ᠳᠤᠮᠳᠠᠳᠤ | ᠠᠮᠧᠷᠢᠺᠠ ᠶᠢᠨ ᠬᠠᠷᠢᠯᠴᠠᠭ᠎ᠠ ᠶᠢ ᠰᠠᠶᠢᠵᠢᠷᠠᠭᠤᠯᠤᠨ ᠬᠥᠭᠵᠢᠭᠦᠯᠬᠦ ᠳᠤ ᠴᠢᠭᠯᠡᠯ ᠢ ᠲᠣᠳᠣᠷᠬᠠᠢ ᠵᠢᠭᠠᠵᠤ ᠥᠭᠭᠦᠭᠰᠡᠨ ᠪᠠᠶᠢᠨ᠎ᠠ᠃ | ᠰᠠᠨ ᠹᠷᠠᠨᠰᠢᠰᠺᠤ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢ ᠲᠣᠭᠲᠠᠭᠤᠨ ᠪᠠᠶᠢᠯᠭᠠᠬᠤ ᠰᠢᠨ᠎ᠡ ᠡᠭᠢᠯᠡᠯᠲᠡ ᠪᠤᠯᠬᠤ | ᠶᠣᠰᠣᠲᠠᠢ᠃ ᠬᠤᠶᠠᠷ ᠤᠯᠤᠰ ᠤᠨ ᠲᠡᠷᠢᠭᠦᠨ ᠬᠤᠶᠠᠷ ᠲᠠᠯ᠎ᠠ ᠶᠢᠨ ᠪᠦᠯᠭᠦᠮ ᠤᠨ ᠬᠢᠨ ᠢ ᠪᠠᠯᠢ ᠠᠷᠠᠯ ᠤᠨ ᠠᠭᠤᠯᠵᠠᠯᠲᠠ ᠶᠢᠨ | ᠬᠠᠮᠲᠤ ᠶᠢᠨ ᠲᠠᠨᠢᠯᠲᠠ ᠶᠢ ᠰᠠᠶᠢᠲᠤᠷ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠲᠤᠰ ᠤᠳᠠᠭ᠎ᠠ ᠶᠢᠨ | ᠠᠭᠤᠯᠵᠠᠯᠲᠠ ᠳᠤ ᠲᠣᠬᠢᠷᠠᠯᠴᠠᠭᠰᠠᠨ ᠰᠢᠨ᠎ᠡ ᠠᠯᠤᠰ ᠤᠨ ᠲᠥᠯᠥᠪ ᠢ ᠴᠠᠭ ᠲᠤᠬᠠᠢ ᠳᠤᠨᠢ ᠳᠠᠭᠠᠵᠤ ᠨᠠᠶᠢᠳᠠᠪᠤᠷᠢᠵᠢᠭᠤᠯᠬᠤ ᠶᠢ | ᠳᠠᠭᠠᠭᠠᠯᠭᠠᠪᠠ᠃ ᠬᠤᠶᠠᠷ ᠤᠯᠤᠰ ᠤᠨ ᠲᠡᠷᠢᠭᠦᠨ ᠦᠷᠭᠦᠯᠵᠢᠯᠡᠨ ᠪᠠᠶᠢᠩᠭᠤ ᠶᠢᠨ ᠴᠢᠨᠠᠷᠲᠠᠢ ᠬᠠᠷᠢᠯᠴᠠᠭ᠎ᠠ ᠪᠠᠨ ᠪᠠᠲᠤᠯᠠᠬᠤ ᠶᠢ | ᠵᠥᠪᠰᠢᠶᠡᠷᠡᠪᠡ᠃ | ᠼᠠᠢ ᠴᠢ᠂ ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠪᠠ᠃ | |