ᠬᠤᠶᠠᠷ ᠤᠯᠤᠰ ᠤᠨ ᠠᠷᠠᠳ ᠲᠦᠮᠡᠨ ᠤ ᠬᠦᠴᠦᠨ ᠴᠢᠳᠠᠯ ᠢ ᠨᠢᠭᠲᠠᠷᠠᠭᠤᠯᠵᠤ ᠳᠤᠮᠳᠠᠳᠤ ᠠᠮᠧᠷᠢᠺᠠ ᠶᠢᠨ ᠨᠥᠬᠦᠷᠯᠡᠯ ᠤᠨ ᠦᠢᠯᠡᠰ ᠢ ᠠᠬᠢᠭᠤᠯᠤᠶ᠎ᠠ — ᠠᠮᠧᠷᠢᠺᠠ ᠶᠢᠨ ᠨᠥᠭᠦᠷᠰᠡᠭ ᠪᠦᠯᠭᠦᠮ ᠤᠨ ᠬᠠᠮᠲᠤᠷᠠᠭᠰᠠᠨ ᠤᠭᠲᠤᠬᠤ ᠳᠠᠶᠢᠯᠠᠯᠭ᠎ᠠ ᠳᠡᠭᠡᠷᠡᠬᠢ ᠶᠠᠷᠢᠶ᠎ᠠ ᠢᠯᠡᠳᠬᠡᠯ
ᠨᠡᠶᠢᠲᠡᠯᠡᠭᠰᠡᠨ ᠴᠠᠭ᠄
2023/11/21
ᠬᠤᠶᠠᠷ ᠤᠯᠤᠰ ᠤᠨ ᠠᠷᠠᠳ ᠲᠦᠮᠡᠨ ᠤ ᠬᠦᠴᠦᠨ ᠴᠢᠳᠠᠯ ᠢ ᠨᠢᠭᠲᠠᠷᠠᠭᠤᠯᠵᠤ ᠳᠤᠮᠳᠠᠳᠤ ᠠᠮᠧᠷᠢᠺᠠ ᠶᠢᠨ ᠨᠥᠬᠦᠷᠯᠡᠯ ᠤᠨ ᠦᠢᠯᠡᠰ ᠢ ᠠᠬᠢᠭᠤᠯᠤᠶ᠎ᠠ — ᠠᠮᠧᠷᠢᠺᠠ ᠶᠢᠨ ᠨᠥᠭᠦᠷᠰᠡᠭ ᠪᠦᠯᠭᠦᠮ ᠤᠨ ᠬᠠᠮᠲᠤᠷᠠᠭᠰᠠᠨ ᠤᠭᠲᠤᠬᠤ ᠳᠠᠶᠢᠯᠠᠯᠭ᠎ᠠ ᠳᠡᠭᠡᠷᠡᠬᠢ ᠶᠠᠷᠢᠶ᠎ᠠ ᠢᠯᠡᠳᠬᠡᠯ    ᠨᠡᠶᠢᠲᠡᠯᠡᠭᠰᠡᠨ ᠴᠠᠭ᠄ 2023/11/17    ︵2023 ᠣᠨ ᠤ 11 ᠰᠠᠷ᠎ᠠ ᠶᠢᠨ 15 ᠤ ᠡᠳᠦᠷ᠂ ᠰᠠᠨ ᠹᠷᠠᠨᠰᠢᠰᠺᠦ︶    ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ    ᠠᠪᠠᠭ᠋ᠠᠢ ᠨᠠᠷ᠂ ᠠᠪᠤᠭᠠᠢ ᠨᠠᠷ᠂ ᠨᠠᠶᠢᠵᠠ ᠨᠠᠷ ᠠ᠋᠄    ᠰᠠᠨ ᠹᠷᠠᠨᠰᠢᠰᠺᠤ ᠳᠤ ᠠᠮᠧᠷᠢᠺᠠ ᠶᠢᠨ ᠡᠯ᠎ᠡ ᠡᠲᠡᠭᠡᠳ ᠤᠨ ᠨᠠᠶᠢᠵᠠ ᠨᠠᠷ ᠲᠠᠢ ᠠᠭᠤᠯᠵᠠᠵᠤ᠂ ᠨᠥᠬᠦᠷᠯᠡᠯ ᠢᠶᠠᠨ ᠵᠤᠵᠠᠭᠠᠳᠬᠠᠵᠤ᠂ ᠨᠥᠭᠦᠷᠰᠡᠭ ᠬᠠᠷᠢᠯᠴᠠᠭ᠎ᠠ ᠪᠠᠨ ᠬᠠᠮᠲᠤ ᠪᠠᠷ ᠶᠠᠷᠢᠯᠴᠠᠬᠤ ᠪᠣᠯᠤᠭᠰᠠᠨ ᠳᠠᠭᠠᠨ ᠲᠣᠩ ᠪᠠᠶᠠᠷ ᠲᠠᠢ ᠪᠠᠶᠢᠨ᠎ᠠ᠃ 1985 ᠣᠨ ᠳᠤ ᠪᠢ ᠠᠩᠬ᠎ᠠ ᠤᠳᠠᠭ᠎ᠠ ᠠᠮᠧᠷᠢᠺᠠ ᠳᠤ ᠠᠶᠢᠯᠴᠢᠯᠠᠬᠤ ᠦᠶ᠎ᠡ ᠳᠤ ᠳᠠᠷᠤᠢ ᠰᠠᠨ ᠹᠷᠠᠨᠰᠢᠰᠺᠤ ᠠᠴᠠ ᠠᠮᠧᠷᠢᠺᠠ ᠶᠢᠨ ᠬᠢᠯᠢ ᠳᠤ ᠣᠷᠣᠵᠤ ᠢᠷᠡᠭᠰᠡᠨ ᠪᠠᠶᠢᠨ᠎ᠠ᠂ ᠠᠮᠧᠷᠢᠺᠠ ᠶᠢᠨ ᠲᠤᠬᠠᠢ ᠮᠢᠨᠤ ᠠᠩᠬᠠᠨ ᠤ ᠰᠠᠭᠤᠭᠳᠠᠯ ᠪᠣᠯ ᠰᠠᠨ ᠹᠷᠠᠨᠰᠢᠰᠺᠤ ᠠᠴᠠ ᠢᠷᠡᠯᠲᠡᠢ ᠶᠤᠮ᠂ ᠵᠢᠨᠮᠧᠨ ᠶᠡᠭᠡ ᠬᠥᠭᠦᠷᠭᠡ ᠳᠤ ᠦᠯᠡᠳᠡᠭᠡᠭᠰᠡᠨ ᠰᠡᠭᠦᠳᠡᠷ ᠢᠶᠠᠨ ᠤᠳᠤ ᠪᠤᠯᠲᠠᠯ᠎ᠠ ᠬᠠᠳᠠᠭᠠᠯᠠᠭᠰᠠᠭᠠᠷ ᠪᠠᠶᠢᠨ᠎ᠠ᠃    ᠡᠩ ᠲᠡᠷᠢᠭᠦᠨ ᠳᠤ᠂ ᠪᠢ ᠡᠨᠡ ᠤᠳᠠᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠭᠰᠠᠨ ᠠᠮᠧᠷᠢᠺᠠ ᠳᠤᠮᠳᠠᠳᠤ ᠶᠢᠨ ᠬᠠᠷᠢᠯᠴᠠᠭᠠᠨ ᠤ ᠪᠦᠭᠦ ᠤᠯᠤᠰ ᠤᠨ ᠵᠥᠪᠯᠡᠯ᠂ ᠠᠮᠧᠷᠢᠺᠠ ᠳᠤᠮᠳᠠᠳᠤ ᠶᠢᠨ ᠠᠷᠠᠯᠵᠢᠶᠠᠨ ᠤ ᠪᠦᠭᠦ ᠤᠯᠤᠰ ᠤᠨ ᠵᠥᠪᠯᠡᠯ᠂ ᠠᠽᠢᠶ᠎ᠠ ᠲᠢᠪ ᠤᠨ ᠨᠡᠶᠢᠭᠡᠮᠯᠢᠭ᠂ ᠠᠮᠧᠷᠢᠺᠠ ᠶᠢᠨ ᠭᠠᠳᠠᠭᠠᠳᠤ ᠬᠠᠷᠢᠯᠴᠠᠭᠠᠨ ᠤ ᠵᠥᠪᠯᠡᠯ᠂ ᠠᠮᠧᠷᠢᠺᠠ ᠶᠢᠨ ᠬᠤᠳᠠᠯᠳᠤᠭᠠᠴᠢᠳ ᠤᠨ ᠨᠡᠶᠢᠭᠡᠮᠯᠢᠭ ᠵᠡᠷᠭᠡ ᠨᠥᠭᠦᠷᠰᠡᠭ ᠪᠦᠯᠭᠦᠮ ᠳᠤ ᠴᠢᠩ ᠰᠡᠳᠬᠢᠯ ᠤᠨ ᠲᠠᠯᠠᠷᠬᠠᠯ ᠢᠶᠠᠨ ᠢᠯᠡᠳᠬᠡᠶ᠎ᠡ︕ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠬᠥᠭᠵᠢᠯᠲᠡ ᠳᠤ ᠤᠷᠲᠤ ᠬᠤᠭᠤᠴᠠᠭ᠎ᠠ ᠪᠠᠷ ᠵᠢᠳᠬᠦᠭᠰᠡᠨ ᠠᠮᠧᠷᠢᠺᠠ ᠶᠢᠨ ᠨᠠᠶᠢᠵᠠ ᠨᠠᠷ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠦᠶ᠎ᠡ︕ ᠨᠥᠭᠦᠷᠰᠡᠭ ᠠᠮᠧᠷᠢᠺᠠ ᠶᠢᠨ ᠠᠷᠠᠳ ᠲᠦᠮᠡᠨ ᠳᠤ ᠰᠠᠶᠢᠨ ᠰᠠᠶᠢᠬᠠᠨ ᠵᠥᠩᠨᠡᠯ ᠢᠶᠠᠨ ᠳᠡᠪᠰᠢᠭᠦᠯᠦᠶ᠎ᠡ︕    ᠰᠠᠨ ᠹᠷᠠᠨᠰᠢᠰᠺᠤ ᠳᠤᠮᠳᠠᠳᠤ ᠠᠮᠧᠷᠢᠺᠠ ᠬᠤᠶᠠᠷ ᠤᠯᠤᠰ ᠤᠨ ᠠᠷᠠᠳ ᠲᠦᠮᠡᠨ ᠤ ᠵᠠᠭᠤᠨ ᠵᠢᠯ ᠤᠨ ᠶᠠᠪᠤᠯᠴᠠᠭ᠎ᠠ ᠶᠢᠨ ᠲᠡᠦᠬᠡ ᠶᠢ ᠭᠡᠷᠡᠴᠢᠯᠡᠪᠡ᠃ 158 ᠵᠢᠯ ᠤᠨ ᠡᠮᠦᠨ᠎ᠡ᠂ ᠮᠠᠰᠢ ᠣᠯᠠᠨ ᠳᠤᠮᠳᠠᠳᠤ ᠤᠯᠤᠰ ᠤᠨ ᠠᠵᠢᠯᠴᠢᠳ ᠠᠮᠧᠷᠢᠺᠠ ᠳᠤ ᠢᠷᠡᠵᠦ᠂ ᠵᠡᠭᠦᠨ ᠪᠠᠷᠠᠭᠤᠨ ᠳᠠᠯᠠᠶ ᠶᠢᠨ ᠡᠷᠭᠢ ᠶᠢ ᠬᠤᠯᠪᠣᠭᠰᠠᠨ ᠨᠣᠮᠣᠬᠠᠨ ᠳᠠᠯᠠᠶ ᠶᠢᠨ ᠲᠡᠮᠦᠷ ᠵᠠᠮ ᠢ ᠵᠠᠰᠠᠨ ᠪᠠᠶᠢᠭᠤᠯᠵᠤ᠂ ᠬᠦᠴᠢᠷ ᠵᠤᠪᠠᠯᠠᠩ ᠢ ᠢᠯᠠᠨ ᠳᠠᠪᠠᠵᠤ᠂ ᠰᠠᠨ ᠹᠷᠠᠨᠰᠢᠰᠺᠤ ᠳᠤ ᠪᠠᠷᠠᠭᠤᠨ ᠬᠠᠭᠠᠰ ᠪᠥᠮᠪᠥᠷᠴᠡᠭ ᠤᠨ ᠬᠠᠮᠤᠭ ᠤᠨ ᠥᠨᠢ ᠤᠳᠠᠭᠠᠨ ᠲᠡᠦᠬᠡ ᠲᠠᠢ ᠬᠢᠲᠠᠳᠴᠤᠳ ᠤᠨ ᠵᠡᠭᠡᠯᠢ ᠶᠢ ᠪᠠᠶᠢᠭᠤᠯᠵᠠᠢ᠃ ᠠᠳᠡ ᠠᠴᠠ ᠡᠭᠦᠰᠴᠦ᠂ ᠳᠤᠮᠳᠠᠳᠤ ᠠᠮᠧᠷᠢᠺᠠ ᠬᠤᠶᠠᠷ ᠤᠯᠤᠰ ᠬᠤᠭᠤᠷᠣᠨᠳᠤ ᠪᠠᠨ 7600 ᠳ᠋ᠦᠩᠰᠢᠭᠤᠷ ᠳ᠋ᠣᠯᠯᠠᠷ ᠤᠨ ᠬᠤᠶᠠᠷ ᠲᠠᠯ᠎ᠠ ᠶᠢᠨ ᠠᠷᠠᠯᠵᠢᠶ᠎ᠠ ᠪᠠ ᠨᠡᠶᠢᠳᠡ 2600 ᠭᠠᠷᠤᠢ ᠳ᠋ᠦᠩᠰᠢᠭᠤᠷ ᠳ᠋ᠣᠯᠯᠠᠷ ᠤᠨ ᠬᠤᠣᠰ ᠴᠢᠭᠯᠡᠯ ᠤᠨ ᠪᠡᠯᠡ ᠣᠷᠣᠭᠤᠯᠤᠯᠲᠠ ᠶᠢ ᠬᠥᠭᠵᠢᠭᠦᠯᠵᠦ᠂ 284 ᠬᠤᠣᠰ ᠨᠥᠭᠦᠷᠰᠡᠭ ᠮᠤᠵᠢ ᠵᠧᠦ ᠪᠠ ᠨᠥᠭᠦᠷᠰᠡᠭ ᠬᠤᠳᠠ ᠶᠢᠨ ᠬᠠᠷᠢᠯᠴᠠᠭ᠎ᠠ᠂ ᠬᠠᠮᠤᠭ ᠤᠨ ᠤᠯᠠᠨ ᠳᠠᠭᠠᠨ ᠭᠠᠷᠠᠭ ᠪᠦᠷᠢ 300 ᠭᠠᠷᠤᠢ ᠡᠭᠡᠯᠵᠢ ᠶᠢᠨ ᠨᠢᠰᠬᠡᠯ ᠪᠠ ᠵᠢᠯ ᠪᠦᠷᠢ 500 ᠭᠠᠷᠤᠢ ᠲᠦᠮᠡᠨ ᠬᠥᠮᠥᠨ ᠤᠳᠠᠭ᠎ᠠ ᠶᠢᠨ ᠬᠤᠭᠤᠷᠤᠨᠳᠤᠭᠢ ᠶᠠᠪᠤᠯᠴᠠᠭ᠎ᠠ ᠶᠢ ᠪᠠᠶᠢᠭᠤᠯᠪᠠ᠃ ᠡᠨᠡ ᠪᠣᠯ ᠪᠦᠭᠦ ᠳᠡᠯᠡᠬᠡᠢ ᠶᠢᠨ ᠲᠦᠷᠪᠡᠨ ᠤ ᠨᠢᠭᠡ ᠰᠢᠬᠠᠮ ᠤᠨ ᠬᠥᠮᠥᠨ ᠠᠮᠠ ᠶᠢᠨ ᠬᠠᠮᠲᠤ ᠪᠠᠷ ᠵᠢᠷᠤᠭᠯᠠᠭᠰᠠᠨ ᠠᠤᠭ᠎ᠠ ᠵᠢᠷᠤᠭ ᠪᠣᠯᠣᠨ᠎ᠠ᠃    ᠰᠠᠨ ᠹᠷᠠᠨᠰᠢᠰᠺᠦ ᠳᠤᠮᠳᠠᠳᠤ ᠠᠮᠧᠷᠢᠺᠠ ᠶᠢᠨ ᠰᠠᠶᠢᠨ ᠰᠠᠶᠢᠬᠠᠨ ᠳᠡᠯᠡᠬᠡᠢ ᠶᠢᠷᠲᠢᠨᠴᠦ ᠶᠢ ᠪᠦᠲᠦᠭᠡᠨ ᠪᠠᠶᠢᠭᠤᠯᠬᠤ ᠴᠢᠷᠮᠠᠶᠢᠯᠭ᠎ᠠ ᠶᠢ ᠭᠡᠷᠡᠴᠢᠯᠡᠪᠡ᠃ 78 ᠵᠢᠯ ᠤᠨ ᠡᠮᠦᠨ᠎ᠡ᠂ ᠹᠠᠱᠢᠰ ᠦᠵᠡᠯ ᠪᠣᠯᠣᠨ ᠴᠡᠷᠢᠭᠯᠡᠬᠦ ᠦᠵᠡᠯ ᠢ ᠭᠠᠷ ᠬᠤᠯᠪᠣᠨ ᠢᠯᠠᠭᠰᠠᠨ ᠤ ᠲᠠᠷᠠᠭ᠎ᠠ᠂ ᠳᠤᠮᠳᠠᠳᠤ ᠠᠮᠧᠷᠢᠺᠠ ᠬᠠᠮᠲᠤ ᠪᠠᠷ ᠤᠷᠤᠯᠴᠠᠵᠤ ᠪᠠᠶᠢᠭᠠᠳ ᠰᠠᠨ ᠹᠷᠠᠨᠰᠢᠰᠺᠤ ᠶᠢᠨ ᠦᠨᠳᠦᠰᠦᠨ ᠬᠠᠤᠯᠢ ᠲᠣᠭᠲᠠᠭᠠᠬᠤ ᠬᠤᠷᠠᠯ ᠢ ᠡᠭᠦᠰᠬᠡᠨ ᠪᠠᠶᠢᠭᠤᠯᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢ ᠠᠬᠢᠭᠤᠯᠤᠨ ᠪᠠᠶᠢᠭᠤᠯᠵᠤ᠂ ᠳᠤᠮᠳᠠᠳᠤ ᠤᠯᠤᠰ ᠬᠠᠮᠤᠭ ᠤᠨ ᠲᠡᠷᠢᠭᠦᠨ ᠳᠤ ︽ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ︾ ᠳᠡᠭᠡᠷ᠎ᠡ ᠭᠠᠷ ᠤᠨ ᠦᠰᠦᠭ ᠵᠢᠷᠤᠪᠠ᠃ ᠠᠳᠡ ᠠᠴᠠ ᠡᠬᠢᠯᠡᠵᠦ᠂ ᠳᠡᠯᠡᠬᠡᠢ ᠶᠢᠨ ᠬᠤᠶᠠᠳᠤᠭᠠᠷ ᠲᠠᠶᠢᠨ ᠤ ᠳᠠᠷᠠᠭᠠᠬᠢ ᠤᠯᠠᠨ ᠤᠯᠤᠰ ᠤᠨ ᠡᠮᠬᠢ ᠳᠢᠭᠯᠢᠮ ᠪᠤᠢ ᠪᠣᠯᠵᠤ᠂ 100 ᠭᠠᠷᠤᠢ ᠤᠯᠤᠰ ᠤᠷᠢᠳ ᠬᠤᠵᠢᠳ ᠦᠨᠳᠦᠰᠦᠲᠡᠨ ᠤ ᠲᠤᠰᠠᠭᠠᠷ ᠲᠣᠭᠲᠠᠨᠢᠯ ᠢᠶᠠᠨ ᠣᠯᠵᠤ᠂ ᠬᠡᠳᠦᠨ ᠠᠷᠪᠠᠨ ᠳ᠋ᠦᠩᠰᠢᠭᠤᠷ ᠬᠥᠮᠥᠨ ᠠᠮᠠ ᠡᠴᠦᠰ ᠲᠡᠭᠡᠨ ᠶᠠᠳᠠᠭᠤ ᠠᠴᠠ ᠠᠩᠭᠢᠵᠢᠷᠠᠵᠤ᠂ ᠳᠡᠯᠡᠬᠡᠢ ᠶᠢᠨ ᠡᠩᠬᠡ ᠲᠠᠶᠢᠪᠤᠩ ᠬᠥᠭᠵᠢᠯᠲᠡ ᠲᠠᠪᠰᠢᠯᠳᠠ ᠶᠢᠨ ᠬᠦᠴᠦᠨ ᠴᠢᠳᠠᠯ ᠲᠠᠰᠤᠷᠠᠯᠳᠠ ᠦᠭᠡᠢ ᠪᠤᠵᠠᠭᠠᠶᠢᠷᠠᠪᠠ᠃ ᠡᠨᠡ ᠪᠣᠯ ᠡᠯ᠎ᠡ ᠤᠯᠤᠰ ᠤᠨ ᠠᠷᠠᠳ ᠲᠦᠮᠡᠨ ᠪᠣᠯᠣᠨ ᠳᠡᠯᠡᠬᠡᠢ ᠨᠡᠶᠢᠭᠡᠮ ᠢᠶᠠᠷ ᠢᠶᠠᠨ ᠭᠠᠷ ᠬᠤᠯᠪᠣᠨ ᠣᠯᠣᠭᠰᠠᠨ ᠦᠷ᠎ᠡ ᠪᠦᠲᠦᠭᠡᠯ ᠮᠥᠨ᠃    ᠠᠪᠠᠭ᠋ᠠᠢ ᠨᠠᠷ᠂ ᠠᠪᠤᠭᠠᠢ ᠨᠠᠷ᠂ ᠨᠠᠶᠢᠵᠠ ᠨᠠᠷ ᠠ᠋︕    ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠰᠠᠭᠤᠷᠢ ᠶᠢ ᠠᠷᠠᠳ ᠲᠦᠮᠡᠨ ᠴᠣᠭᠴᠠᠯᠠᠨ ᠪᠣᠰᠬᠠᠭᠰᠠᠨ ᠶᠤᠮ᠃ ᠳᠡᠯᠡᠬᠡᠢ ᠶᠢᠨ ᠬᠤᠶᠠᠳᠤᠭᠠᠷ ᠲᠠᠶᠢᠨ ᠤ ᠦᠶ᠎ᠡ ᠳᠤ᠂ ᠮᠠᠨ ᠤ ᠬᠤᠶᠠᠷ ᠤᠯᠤᠰ ᠬᠠᠮᠲᠤ ᠪᠠᠷ ᠡᠩᠬᠡ ᠲᠠᠶᠢᠪᠤᠩ ᠪᠠ ᠰᠢᠳᠤᠷᠭᠤ ᠶᠣᠰᠣᠨ ᠤ ᠲᠥᠯᠥᠭᠡ ᠪᠠᠶᠢᠯᠳᠤᠪᠠ᠃ ᠴᠧᠨᠨᠠᠯᠲ ᠵᠠᠩᠵᠤᠨ ᠠᠮᠧᠷᠢᠺᠠ ᠶᠢᠨ ᠰᠠᠶᠢᠨ ᠲᠤᠷᠠᠴᠤᠳ ᠢ ᠳᠠᠭᠠᠭᠤᠯᠤᠨ ᠳᠤᠮᠳᠠᠳᠤ ᠤᠯᠤᠰ ᠤᠨ ᠲᠡᠶᠢᠠ ᠤ ᠲᠠᠯᠠᠪᠤᠷ ᠲᠤ ᠬᠦᠷᠴᠦ ᠠᠯᠳᠠᠷᠲᠤ ᠨᠢᠰᠬᠦ ᠪᠠᠷᠰ ᠤᠨ ᠠᠩᠭᠢ ᠶᠢ ᠵᠣᠬᠢᠶᠠᠨ ᠪᠠᠶᠢᠭᠤᠯᠪᠠ᠃ ᠲᠡᠳᠡ ᠶᠠᠫᠤᠨ ᠤ ᠲᠦᠷᠢᠮᠡᠬᠡᠶᠢᠯᠡᠭᠴᠢᠳ ᠲᠠᠢ ᠰᠢᠭᠤᠳ ᠪᠠᠶᠢᠯᠳᠤᠭᠰᠠᠨ ᠢᠶᠠᠷ ᠪᠠᠷᠠᠬᠤ ᠦᠭᠡᠢ ᠪᠠᠰᠠ ᠳᠤᠮᠳᠠᠳᠤ ᠤᠯᠤᠰ ᠲᠤ ᠪᠠᠴᠢᠮ ᠬᠡᠷᠡᠭᠰᠡᠬᠦ ᠡᠳ᠋ ᠪᠣᠳᠠᠰ ᠬᠦᠷᠭᠡᠬᠦ ᠲᠡᠮᠡᠭᠡᠨ ᠪᠦᠭᠦ ᠠᠶᠠᠯᠠᠯ ᠤᠨ ᠱᠤᠭᠤᠮ ᠢ ᠪᠠᠶᠢᠭᠤᠯᠵᠤ᠂ 1000 ᠭᠠᠷᠤᠢ ᠳᠤᠮᠳᠠᠳᠤ ᠠᠮᠧᠷᠢᠺᠠ ᠶᠢᠨ ᠨᠢᠰᠬᠡᠯ ᠤᠨ ᠳᠤᠭᠤᠶᠢᠯᠠᠩ ᠤᠨ ᠬᠥᠮᠥᠰ ᠡᠨᠡ ᠬᠦ ᠠᠶᠠᠯᠠᠯ ᠤᠨ ᠱᠤᠭᠤᠮ ᠳᠡᠭᠡᠷ᠎ᠡ ᠪᠡᠶ᠎ᠡ ᠦᠷᠡᠭᠳᠡᠪᠡ᠃ ᠶᠠᠫᠤᠨ ᠰᠤᠪᠤᠳ ᠭᠠᠷᠠᠮ ᠢ ᠭᠡᠨᠡᠳᠡᠭᠦᠯᠦᠨ ᠳᠠᠭᠠᠷᠢᠬᠰᠠᠨ ᠤ ᠳᠠᠷᠠᠭ᠎ᠠ᠂ 1942 ᠣᠨ ᠳᠤ ᠠᠮᠧᠷᠢᠺᠠ ᠶᠢᠨ ᠠᠭᠠᠷ ᠤᠨ ᠴᠡᠷᠢᠭ ᠤᠨ 16 ᠰᠠᠤᠷᠢ    B — 25 ᠳᠡᠯᠪᠡᠴᠢᠬᠦ ᠨᠢᠰᠬᠡᠯ ᠶᠠᠫᠤᠨ ᠳᠤ ᠳᠠᠭᠠᠷᠢᠨ ᠣᠷᠣᠵᠤ᠂ ᠲᠣᠰᠣᠨ ᠮᠠᠲ᠋ᠧᠷᠢᠶᠠᠯ ᠨᠢ ᠬᠦᠷᠦᠯᠴᠡᠬᠦ ᠦᠭᠡᠢ ᠠᠴᠠ ᠪᠣᠯᠵᠤ᠂ ᠳ᠋ᠦᠯᠢᠲ᠋ᠧ ᠳᠡᠳ᠋ ᠬᠤᠷᠠᠩᠳᠠ ᠵᠡᠷᠭᠡ ᠨᠢᠰᠬᠡᠭᠴᠢ ᠳᠤᠮᠳᠠᠳᠤ ᠤᠯᠤᠰ ᠲᠤ ᠨᠢᠰᠬᠡᠯ ᠢᠶᠠᠨ ᠬᠠᠶᠠᠵᠤ ᠰᠢᠬᠦᠷ ᠢᠶᠠᠷ ᠪᠠᠭᠤᠪᠠ᠂ ᠳᠤᠮᠳᠠᠳᠤ ᠤᠯᠤᠰ ᠤᠨ ᠴᠡᠷᠢᠭ ᠠᠷᠠᠳ ᠡᠷᠡᠯᠬᠡᠭ ᠢᠶᠠᠷ ᠠᠪᠤᠷᠠᠨ ᠲᠤᠰᠠᠯᠠᠭᠰᠠᠨ ᠳᠤ ᠶᠠᠫᠤᠨ ᠴᠡᠷᠢᠭ ᠡᠭᠦᠨ ᠠᠴᠠ ᠪᠣᠯᠵᠤ ᠳᠤᠮᠳᠠᠳᠤ ᠤᠯᠤᠰ ᠤᠨ 25 ᠲᠦᠮᠡᠨ ᠡᠭᠡᠯ ᠠᠷᠠᠳ ᠢ ᠬᠢᠳᠤᠨ ᠠᠯᠠᠪᠠ᠃ ᠳᠤᠮᠳᠠᠳᠤ ᠤᠯᠤᠰ ᠤᠨ ᠠᠷᠠᠳ ᠲᠦᠮᠡᠨ ᠨᠢᠰᠬᠦ ᠪᠠᠷᠰ ᠤᠨ ᠠᠩᠭᠢ ᠶᠢ ᠮᠠᠷᠲᠠᠭ᠎ᠠ ᠦᠭᠡᠢ᠃ ᠪᠢᠳᠡ ᠴᠦᠩᠴᠢᠩ ᠳᠤ ᠲᠤᠰᠬᠠᠶᠢᠯᠠᠨ ᠳᠤᠷᠠᠰᠬᠠᠯ ᠤᠨ ᠣᠷᠳᠣᠨ ᠪᠠᠶᠢᠭᠤᠯᠵᠤ᠂ 1000 ᠭᠠᠷᠤᠢ ᠨᠢᠰᠬᠦ ᠪᠠᠷᠰ ᠤᠨ ᠠᠩᠭᠢ ᠶᠢᠨ ᠠᠬᠠᠮᠠᠳ ᠴᠡᠷᠢᠭ ᠵᠢᠴᠢ ᠲᠡᠳᠡᠨ ᠤ ᠭᠡᠷ ᠪᠦᠯᠢ ᠶᠢᠨ ᠬᠢᠨ ᠢ ᠳᠤᠮᠳᠠᠳᠤ ᠤᠯᠤᠰ ᠲᠤ ᠤᠷᠢᠵᠤ ᠠᠪᠴᠢᠷᠠᠵᠠᠢ᠂ ᠪᠢ ᠲᠡᠳᠡᠨ ᠤ ᠳᠣᠲᠣᠷᠠᠬᠢ ᠵᠠᠷᠢᠮ ᠬᠥᠮᠥᠰ ᠲᠠᠢ ᠪᠠᠰᠠ ᠵᠠᠬᠢᠳᠠᠯ ᠢᠶᠠᠷ ᠬᠠᠷᠢᠯᠴᠠᠭᠰᠠᠭᠠᠷ ᠢᠷᠡᠵᠠᠢ᠃ ᠣᠶᠢᠷ᠎ᠠ ᠳᠤ᠂ ᠨᠢᠰᠬᠦ ᠪᠠᠷᠰ ᠤᠨ ᠠᠩᠭᠢ ᠶᠢᠨ ᠠᠬᠠᠮᠠᠳ ᠴᠡᠷᠢᠭ᠂ 103 ᠥᠨᠳᠥᠷ ᠨᠠᠰᠤᠲᠠᠢ ᠮᠦᠤᠤᠶᠧ ᠪᠣᠯᠣᠨ 98 ᠥᠨᠳᠥᠷ ᠨᠠᠰᠤᠲᠠᠢ ᠮᠠᠶᠢᠺᠧᠮᠠᠷᠧᠨ ᠳᠤᠮᠳᠠᠳᠤ ᠤᠯᠤᠰ ᠲᠤ ᠢᠷᠡᠵᠦ᠂ ᠤᠷᠳᠤ ᠴᠠᠭᠠᠨ ᠬᠡᠷᠡᠮ ᠳᠤ ᠭᠠᠷᠴᠤ᠂ ᠳᠤᠮᠳᠠᠳᠤ ᠤᠯᠤᠰ ᠤᠨ ᠠᠷᠠᠳ ᠲᠦᠮᠡᠨ ᠤ ᠬᠠᠯᠠᠭᠤᠨ ᠬᠦᠷᠢᠶᠡᠯᠡᠯ ᠢ ᠣᠯᠵᠠᠢ᠃ ᠠᠮᠧᠷᠢᠺᠠ ᠶᠢᠨ ᠠᠷᠠᠳ ᠲᠦᠮᠡᠨ ᠴᠤ ᠠᠮᠧᠷᠢᠺᠠ ᠶᠢᠨ ᠴᠡᠷᠢᠭ ᠢ ᠠᠮᠢ ᠴᠦᠯᠡᠨ ᠠᠪᠤᠷᠠᠭᠰᠠᠨ ᠳᠤᠮᠳᠠᠳᠤ ᠤᠯᠤᠰ ᠤᠨ ᠠᠷᠠᠳ ᠲᠦᠮᠡᠨ ᠢ ᠮᠠᠷᠲᠠᠭ᠎ᠠ ᠦᠭᠡᠢ᠃ ᠵᠧᠵᠢᠶᠠᠩ ᠤᠨ ᠴᠢᠦᠢ ᠵᠧᠦ ᠳᠤ ᠨᠢᠭᠡᠨ ᠳ᠋ᠦᠯᠢᠲ᠋ᠧ ᠠᠵᠢᠯᠯᠠᠭᠠᠨ ᠤ ᠳᠤᠷᠠᠰᠬᠠᠯ ᠤᠨ ᠣᠷᠳᠣᠨ ᠪᠠᠶᠢᠳᠠᠭ᠂ ᠲᠤᠬᠠᠢ ᠶᠢᠨ ᠵᠢᠯ ᠳᠤ ᠠᠪᠤᠷᠠᠭᠳᠠᠭᠰᠠᠨ ᠠᠮᠧᠷᠢᠺᠠ ᠶᠢᠨ ᠴᠡᠷᠢᠭ ᠤᠨ ᠬᠤᠶᠢᠴᠢᠰ ᠦᠷᠭᠦᠯᠵᠢ ᠠᠳᠡ ᠢᠷᠡᠵᠦ᠂ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠭᠰᠡᠨ ᠳᠤᠮᠳᠠᠳᠤ ᠤᠯᠤᠰ ᠤᠨ ᠠᠷᠠᠳ ᠲᠦᠮᠡᠨ ᠳᠤ ᠬᠦᠨᠳᠦᠳᠬᠡᠯ ᠢᠶᠠᠨ ᠢᠯᠡᠳᠬᠡᠳᠡᠭ᠃ ᠴᠢᠰᠤ ᠪᠠ ᠭᠠᠯ ᠹᠷᠤᠨᠲ ᠲᠤ ᠳᠠᠪᠲᠠᠭᠳᠠᠭᠰᠠᠨ ᠳᠤᠮᠳᠠᠳᠤ ᠠᠮᠧᠷᠢᠺᠠ ᠬᠤᠶᠠᠷ ᠤᠯᠤᠰ ᠤᠨ ᠠᠷᠠᠳ ᠲᠦᠮᠡᠨ ᠤ ᠨᠥᠬᠦᠷᠯᠡᠯ ᠯᠠᠪᠲᠠᠢ ᠦᠶ᠎ᠡ ᠶᠢᠨ ᠦᠶ᠎ᠡ ᠳᠡᠭᠡᠨ ᠤᠯᠠᠮᠵᠢᠯᠠᠭᠳᠠᠨ᠎ᠠ ᠭᠡᠳᠡᠭ ᠢ ᠪᠢ ᠢᠲᠡᠭᠡᠵᠦ ᠪᠠᠶᠢᠨ᠎ᠠ᠃    ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠶᠡᠭᠡ ᠡᠭᠦᠳᠡ ᠶᠢ ᠠᠷᠠᠳ ᠲᠦᠮᠡᠨ ᠨᠡᠭᠡᠭᠡᠭᠰᠡᠨ ᠶᠤᠮ᠃ ᠬᠤᠶᠠᠷ ᠤᠯᠤᠰ ᠤᠤᠯ ᠳᠠᠭᠠᠨ 22 ᠵᠢᠯ ᠬᠥᠨᠳᠡᠶᠢᠷᠡᠨ ᠡᠰᠡᠷᠭᠦᠴᠡᠯᠳᠦᠭᠰᠡᠨ ᠶᠤᠮ᠃ ᠴᠠᠭ ᠦᠶ᠎ᠡ ᠶᠢᠨ ᠤᠷᠤᠰᠬᠠᠯ ᠨᠢ ᠪᠢᠳᠡᠨ ᠢ ᠬᠠᠷᠢᠯᠴᠠᠨ ᠶᠠᠪᠤᠯᠴᠠᠭᠤᠯᠤᠭᠰᠠᠨ ᠶᠤᠮ᠂ ᠬᠠᠮᠲᠤ ᠶᠢᠨ ᠠᠰᠢᠭ ᠲᠤᠰᠠ ᠨᠢ ᠳᠤᠮᠳᠠᠳᠤ ᠠᠮᠧᠷᠢᠺᠠ ᠶᠢ ᠵᠥᠷᠢᠯᠳᠦᠭᠡᠨ ᠠᠴᠠ ᠳᠠᠪᠠᠭᠤᠯᠤᠭᠰᠠᠨ ᠶᠤᠮ᠂ ᠠᠷᠠᠳ ᠲᠦᠮᠡᠨ ᠤ ᠬᠦᠰᠡᠯ ᠡᠷᠡᠮᠡᠯᠵᠡᠯ ᠨᠢ ᠬᠤᠶᠠᠷ ᠤᠯᠤᠰ ᠤᠨ ᠬᠦᠴᠢᠷ ᠪᠡᠷᠬᠡᠰᠢᠶᠡᠯ ᠢ ᠢᠯᠠᠨ ᠳᠠᠪᠠᠭᠤᠯᠤᠭᠰᠠᠨ ᠶᠤᠮ᠃ 1971 ᠣᠨ ᠳᠤ᠂ ᠠᠮᠧᠷᠢᠺᠠ ᠶᠢᠨ ᠫᠢᠩᠫᠠᠩ ᠪᠥᠮᠪᠦᠭᠡ ᠶᠢᠨ ᠲᠥᠯᠥᠭᠡᠯᠡᠭᠴᠢᠳ ᠤᠨ ᠪᠦᠯᠭᠦᠮ ᠪᠡᠭᠡᠵᠢᠩ ᠳᠤ ᠢᠷᠡᠵᠦ᠂ ᠵᠢᠵᠢᠭ ᠪᠥᠮᠪᠦᠭᠡ ᠨᠢ ᠲᠣᠮᠣ ᠪᠥᠮᠪᠦᠭᠡ ᠶᠢ ᠡᠷᠭᠢᠯᠳᠦᠭᠦᠯᠦᠭᠰᠡᠨ ᠪᠠᠶᠢᠨ᠎ᠠ᠃ ᠡᠭᠦᠨ ᠤ ᠳᠠᠷᠠᠭᠠᠬᠠᠨ᠂ ᠮᠠᠨᠰᠹᠢᠯᠳ᠋ ᠠᠪᠤᠭᠠᠢ ᠶᠢᠨ ᠳᠠᠭᠠᠭᠤᠯᠤᠭᠰᠠᠨ ᠠᠮᠧᠷᠢᠺᠠ ᠶᠢᠨ ᠤᠯᠤᠰ ᠤᠨ ᠬᠤᠷᠠᠯ ᠤᠨ ᠭᠡᠰᠢᠭᠦᠨ ᠤ ᠠᠩᠬᠠᠳᠤᠭᠠᠷ ᠲᠥᠯᠥᠭᠡᠯᠡᠭᠴᠢᠳ ᠤᠨ ᠪᠦᠯᠭᠦᠮ ᠬᠦᠷᠴᠦ ᠢᠷᠡᠪᠡ᠂ ᠠᠶᠢᠶᠤᠸᠠ ᠵᠧᠦ ᠶᠢᠨ ᠳᠠᠷᠤᠭ᠎ᠠ ᠷᠤᠪᠧᠷᠲ · ᠯᠧᠢ ᠶᠢ ᠪᠠᠭᠲᠠᠭᠠᠭᠰᠠᠨ ᠠᠮᠧᠷᠢᠺᠠ ᠶᠢᠨ ᠵᠧᠦ ᠶᠢᠨ ᠳᠠᠷᠤᠭ᠎ᠠ ᠶᠢᠨ ᠠᠩᠬᠠᠳᠤᠭᠠᠷ ᠲᠥᠯᠥᠭᠡᠯᠡᠭᠴᠢᠳ ᠤᠨ ᠪᠦᠯᠭᠦᠮ ᠬᠦᠷᠴᠦ ᠢᠷᠡᠪᠡ᠂ ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠮᠠᠰᠢ ᠤᠯᠠᠨ ᠬᠥᠮᠥᠰ ᠴᠦ ᠬᠦᠷᠴᠦ ᠢᠷᠡᠭᠡᠳ ᠳᠤᠮᠳᠠᠳᠤ ᠠᠮᠧᠷᠢᠺᠠ ᠶᠢᠨ ᠨᠥᠭᠦᠷᠰᠡᠭ ᠶᠠᠪᠤᠯᠴᠠᠭᠠᠨ ᠤ ᠥᠷᠨᠢᠯᠲᠡ ᠶᠢ ᠪᠤᠢ ᠪᠣᠯᠭᠠᠪᠠ᠃ ᠳᠡᠯᠡᠬᠡᠢ ᠳ᠋ᠠᠬᠢᠨ ᠢᠶᠠᠷ ᠢᠶᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠶᠡᠭᠡ ᠪᠠᠷ ᠳᠡᠯᠭᠡᠷᠡᠭᠰᠡᠨ ᠶᠠᠪᠤᠴᠠ ᠶᠢ ᠥᠩᠭᠡᠷᠡᠭᠡᠭᠰᠡᠨ ᠤ ᠲᠠᠷᠠᠭ᠎ᠠ᠂ ᠪᠢ ᠪᠡᠭᠡᠵᠢᠩ ᠳᠤ ᠵᠢᠰᠢᠩᠭᠧ ᠳ᠋ᠣᠺᠲ᠋ᠣᠷ᠂ ᠪᠢᠯ · ᠭᠠᠶᠢᠼ ᠠᠪᠤᠭᠠᠢ ᠲᠠᠢ ᠠᠭᠤᠯᠵᠠᠭᠰᠠᠨ ᠪᠥᠭᠡᠳ ᠱᠦᠮᠦ᠋ᠸᠧ ᠠᠪᠤᠭᠠᠢ ᠪᠣᠯᠣᠨ ᠪᠤᠰᠤᠳ ᠬᠡᠳᠦᠨ ᠳᠡᠭᠡᠳᠦ ᠵᠥᠪᠯᠡᠯ ᠤᠨ ᠭᠡᠰᠢᠭᠦᠨ᠂ ᠨᠢᠦ᠋ᠰᠧᠨ ᠵᠧᠦ ᠶᠢᠨ ᠳᠠᠷᠤᠭ᠎ᠠ ᠲᠠᠢ ᠴᠤ ᠠᠭᠤᠯᠵᠠᠵᠠᠢ᠃ ᠪᠢ ᠲᠡᠳᠡᠨ ᠳᠤ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠬᠦᠰᠡᠯ ᠡᠷᠡᠮᠡᠯᠵᠡᠯ ᠨᠢ ᠠᠷᠠᠳ ᠲᠦᠮᠡᠨ ᠳᠤ ᠪᠤᠢ᠂ ᠰᠠᠭᠤᠷᠢ ᠨᠢ ᠠᠷᠠᠳ ᠤᠨ ᠳᠤᠮᠳᠠ ᠪᠤᠢ᠂ ᠢᠷᠡᠭᠡᠳᠦᠢ ᠨᠢ ᠵᠠᠯᠠᠭᠤᠴᠤᠳ ᠲᠤ ᠪᠤᠢ᠂ ᠠᠮᠢᠵᠢᠷᠠᠯ ᠤᠨ ᠬᠦᠴᠦᠨ ᠨᠢ ᠣᠷᠣᠨ ᠨᠤᠲᠤᠭ ᠲᠤ ᠪᠤᠢ ᠭᠡᠵᠦ ᠬᠡᠯᠡᠪᠡ᠃ ᠪᠢ ᠠᠮᠧᠷᠢᠺᠠ ᠶᠢᠨ ᠨᠡᠩ ᠤᠯᠠᠨ ᠵᠧᠦ ᠶᠢᠨ ᠳᠠᠷᠤᠭ᠎ᠠ᠂ ᠵᠥᠪᠯᠡᠯᠭᠡᠨ ᠤ ᠭᠡᠰᠢᠭᠦᠳ ᠤᠨ ᠳᠤᠮᠳᠠᠳᠤ ᠤᠯᠤᠰ ᠲᠤ ᠠᠶᠢᠯᠴᠢᠯᠠᠬᠤ ᠶᠢ ᠪᠠᠶᠠᠷᠯᠠᠨ ᠤᠭᠲᠤᠵᠤ ᠪᠠᠶᠢᠨ᠎ᠠ᠂ ᠠᠮᠧᠷᠢᠺᠠ ᠶᠢᠨ ᠡᠯ᠎ᠡ ᠡᠲᠡᠭᠡᠳ ᠤᠨ ᠬᠥᠮᠥᠰ ᠤᠨ ᠳᠤᠮᠳᠠᠳᠤ ᠤᠯᠤᠰ ᠲᠤ ᠣᠴᠢᠬᠤ ᠶᠢ ᠪᠠᠶᠠᠷᠯᠠᠨ ᠤᠭᠲᠤᠵᠤ ᠪᠠᠶᠢᠨ᠎ᠠ᠃    ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠦᠯᠢᠭᠡᠷ ᠢ ᠠᠷᠠᠳ ᠲᠦᠮᠡᠨ ᠪᠢᠴᠢᠭᠯᠡᠭᠰᠡᠨ ᠶᠤᠮ᠃ ᠪᠢ ᠠᠮᠧᠷᠢᠺᠠ ᠳᠤ ᠠᠩᠬ᠎ᠠ ᠤᠳᠠᠭ᠎ᠠ ᠠᠶᠢᠯᠴᠢᠯᠠᠬᠤ ᠦᠶ᠎ᠡ ᠳᠤ᠂ ᠠᠶᠢᠶᠤᠸᠠ ᠵᠧᠦ ᠶᠢᠨ ᠳ᠋ᠸᠧᠴᠧᠺ ᠤᠨ ᠬᠢᠨ ᠳᠤ ᠰᠠᠭᠤᠵᠤ ᠪᠠᠶᠢᠪᠠ᠂ ᠡᠭᠦᠳᠡᠨ ᠨᠣᠮᠧᠷ ᠨᠢ ᠪᠠᠩᠨᠢ ᠵᠡᠭᠡᠯᠢ ᠶᠢᠨ 2911 ᠪᠤᠯᠬᠤ ᠶᠢ ᠪᠢ ᠴᠡᠭᠡᠵᠢᠯᠡᠵᠦ ᠪᠠᠶᠢᠨ᠎ᠠ᠃ ᠡᠨᠡ ᠪᠣᠯ ᠪᠢ ᠠᠮᠧᠷᠢᠺᠠ ᠶᠢᠨ ᠠᠷᠠᠳ ᠲᠠᠢ ᠠᠩᠬ᠎ᠠ ᠤᠳᠠᠭ᠎ᠠ ᠨᠢᠭᠤᠷᠳᠠᠨ ᠠᠭᠤᠯᠵᠠᠭᠰᠠᠨ ᠶᠠᠪᠤᠳᠠᠯ ᠪᠤᠯᠬᠤ ᠶᠤᠮ᠂ ᠪᠠᠰᠠ ᠴᠤ ᠪᠢ ᠠᠮᠧᠷᠢᠺᠠ ᠶᠢᠨ ᠠᠷᠠᠳ ᠲᠠᠢ ᠬᠠᠮᠲᠤ ᠠᠮᠢᠳᠤᠷᠠᠭᠰᠠᠨ ᠮᠠᠷᠲᠠᠭᠳᠠᠰᠢ ᠦᠭᠡᠢ ᠥᠩᠭᠡᠷᠡᠯᠲᠡ ᠮᠥᠨ᠃ ᠨᠠᠳᠠ ᠳᠤ ᠠᠪᠴᠤ ᠬᠡᠯᠡᠪᠡᠯ᠂ ᠲᠡᠳᠡ ᠪᠣᠯ ᠳᠠᠷᠤᠢ ᠠᠮᠧᠷᠢᠺᠠ ᠮᠥᠨ᠃ ᠬᠤᠶᠠᠷ ᠤᠯᠤᠰ ᠬᠡᠳᠦ᠋ᠢᠪᠡᠷ ᠲᠡᠦᠬᠡ ᠰᠣᠶᠣᠯ᠂ ᠨᠡᠶᠢᠭᠡᠮ ᠤᠨ ᠪᠠᠶᠢᠭᠤᠯᠤᠯ᠂ ᠬᠥᠭᠵᠢᠯᠲᠡ ᠶᠢᠨ ᠵᠠᠮ ᠠᠳᠠᠯᠢ ᠦᠭᠡᠢ ᠪᠤᠯᠪᠠᠴᠤ ᠠᠷᠠᠳ ᠲᠦᠮᠡᠨ ᠴᠥᠮ ᠡᠯᠢᠭᠡᠰᠡᠭ ᠨᠥᠭᠦᠷᠰᠡᠭ᠂ ᠠᠵᠢᠯᠴᠢ ᠭᠦᠳᠡᠯᠮᠦᠷᠢᠴᠢ᠂ ᠴᠥᠮ ᠡᠬᠡ ᠤᠯᠤᠰ ᠲᠠᠭᠠᠨ ᠬᠠᠶᠢᠷᠠᠲᠠᠢ᠂ ᠭᠡᠷ ᠪᠦᠯᠢ ᠳᠡᠭᠡᠨ ᠬᠠᠶᠢᠷᠠᠲᠠᠢ᠂ ᠠᠮᠢᠳᠤᠷᠠᠯ ᠳᠠᠭᠠᠨ ᠬᠠᠶᠢᠷᠠᠲᠠᠢ ᠂ ᠴᠥᠮ ᠬᠠᠷᠢᠯᠴᠠᠨ ᠪᠠᠭ᠋ᠠᠷᠬᠠᠳᠠᠭ ᠪᠥᠭᠡᠳ ᠬᠠᠷᠢᠯᠴᠠᠨ ᠰᠣᠨᠢᠷᠬᠠᠯᠲᠠᠢ ᠪᠠᠶᠢᠳᠠᠭ ᠢ ᠪᠢ ᠣᠯᠵᠤ ᠮᠡᠳᠡᠵᠡᠢ᠃ ᠶᠠᠭ ᠡᠶᠢᠨ ᠬᠦ ᠡᠯᠢᠭᠡᠰᠡᠭ ᠨᠥᠭᠦᠷᠰᠡᠭ ᠨᠢ ᠨᠡᠶᠢᠯᠡᠭᠡᠳ ᠤᠷᠤᠰᠬᠠᠯ ᠪᠣᠯᠵᠤ ᠥᠷᠭᠡᠨ ᠠᠭᠤᠳᠠᠮ ᠨᠣᠮᠣᠬᠠᠨ ᠳᠠᠯᠠᠢ ᠶᠢ ᠪᠠᠷᠲᠠᠭ᠎ᠠ ᠪᠢᠰᠢ ᠪᠤᠯᠭᠠᠪᠠ︔ ᠠᠷᠠᠳ ᠲᠦᠮᠡᠨ ᠥᠭᠡᠳᠡ ᠥᠭᠡᠳᠡ ᠠᠴᠠ ᠪᠠᠨ ᠲᠡᠮᠡᠦᠯᠦᠭᠰᠡᠨ ᠠᠴᠠ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢ ᠤᠳᠠᠭ᠎ᠠ ᠪᠦᠷᠢ ᠭᠤᠤ ᠭᠠᠩᠭ᠎ᠠ ᠠᠴᠠ ᠵᠥᠪ ᠵᠠᠮ ᠳᠤ ᠣᠷᠣᠭᠤᠯᠤᠭᠰᠠᠨ ᠶᠤᠮ᠃ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠡᠭᠦᠳᠡ ᠨᠡᠭᠡᠭᠡᠭᠳᠡᠪᠡᠯ ᠳᠠᠭᠢᠭᠠᠳ ᠬᠠᠭᠠᠭᠳᠠᠬᠤ ᠦᠭᠡᠢ ᠭᠡᠳᠡᠭ ᠢ ᠪᠢ ᠢᠲᠡᠭᠡᠵᠦ ᠪᠠᠶᠢᠨ᠎ᠠ᠃ ᠬᠤᠶᠠᠷ ᠤᠯᠤᠰ ᠤᠨ ᠠᠷᠠᠳ ᠲᠦᠮᠡᠨ ᠤ ᠨᠥᠬᠦᠷᠯᠡᠯ ᠤᠨ ᠦᠢᠯᠡᠰ ᠡᠬᠢᠯᠡᠪᠡᠯ ᠳᠤᠲᠠᠭᠤ ᠲᠤᠷᠭᠤᠨ ᠵᠣᠬᠰᠣᠬᠤ ᠦᠭᠡᠢ ᠶᠤᠮ᠃ ᠠᠷᠠᠳ ᠲᠦᠮᠡᠨ ᠤ ᠨᠥᠬᠦᠷᠯᠡᠯ ᠤᠨ ᠮᠣᠳᠣ ᠨᠢᠭᠡᠨᠲᠡ ᠤᠷᠭᠤᠵᠤ ᠲᠣᠮᠣᠷᠠᠪᠠ᠂ ᠯᠠᠪᠲᠠᠢ ᠰᠠᠯᠬᠢ ᠪᠣᠷᠣᠭᠠᠨ ᠢ ᠲᠤᠭᠤᠯᠵᠤ ᠴᠢᠳᠠᠨ᠎ᠠ᠃    ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠢᠷᠡᠭᠡᠳᠦᠢ ᠶᠢ ᠠᠷᠠᠳ ᠲᠦᠮᠡᠨ ᠡᠭᠦᠳᠦᠨ ᠪᠦᠲᠦᠭᠡᠭᠰᠡᠨ ᠶᠤᠮ᠃ ᠬᠦᠴᠢᠷ ᠪᠡᠷᠬᠡᠰᠢᠶᠡᠯ ᠲᠠᠢ ᠦᠶ᠎ᠡ ᠪᠤᠯᠬᠤ ᠳᠤᠳᠤᠮ ᠠᠷᠠᠳ ᠲᠦᠮᠡᠨ ᠤ ᠬᠤᠯᠪᠣᠭᠠᠰᠤ ᠶᠢ ᠤᠯᠠᠮ ᠴᠢᠩᠭᠠᠯᠠᠵᠤ᠂ ᠬᠥᠮᠥᠰ ᠤᠨ ᠰᠡᠳᠬᠢᠯ ᠤᠨ ᠣᠯᠣᠯᠴᠠᠭ᠎ᠠ ᠶᠢ ᠤᠯᠠᠮ ᠨᠡᠮᠡᠭᠳᠡᠭᠦᠯᠬᠦ ᠴᠢᠬᠤᠯᠠᠲᠠᠢ᠂ ᠨᠡᠩ ᠤᠯᠠᠨ ᠬᠥᠮᠥᠨ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢ ᠵᠣᠷᠢᠭᠵᠢᠭᠤᠯᠤᠨ ᠤᠷᠢᠶᠠᠯᠠᠬᠤ ᠴᠢᠬᠤᠯᠠᠲᠠᠢ ᠶᠤᠮ᠃ ᠪᠢᠳᠡ ᠠᠷᠠᠳ ᠲᠦᠮᠡᠨ ᠤ ᠬᠤᠭᠤᠷᠣᠨᠳᠣᠭᠢ ᠶᠠᠪᠤᠯᠴᠠᠭ᠎ᠠ ᠳᠤ ᠨᠡᠩ ᠤᠯᠠᠨ ᠬᠥᠭᠦᠷᠭᠡ ᠲᠠᠯᠪᠢᠵᠤ᠂ ᠨᠡᠩ ᠤᠯᠠᠨ ᠵᠠᠮ ᠳᠡᠪᠢᠰᠴᠦ ᠥᠭᠭᠦᠶ᠎ᠠ᠂ ᠬᠠᠷᠢᠨ ᠡᠯ᠎ᠡ ᠵᠦᠢᠯ ᠤᠨ ᠬᠠᠷᠰᠢ ᠰᠠᠭᠠᠳ ᠢ ᠪᠤᠢ ᠪᠤᠯᠭᠠᠵᠥ᠂ ︽ᠨᠠᠵᠠᠭᠠᠢ ᠨᠥᠯᠥᠭᠡ︾ ᠭᠠᠷᠭᠠᠵᠤ ᠪᠤᠯᠬᠤ ᠦᠭᠡᠢ᠃ ᠡᠨᠡ ᠡᠳᠦᠷ ᠪᠢ ᠶᠡᠷᠦᠩᠬᠡᠶᠢᠯᠡᠭᠴᠢ ᠪᠠᠶᠢᠳᠧᠨ ᠲᠠᠢ ᠴᠢᠬᠤᠯᠠ ᠬᠠᠮᠲᠤ ᠶᠢᠨ ᠲᠠᠨᠢᠯᠲᠠ ᠲᠠᠢ ᠪᠣᠯᠵᠤ᠂ ᠬᠤᠶᠠᠷ ᠤᠯᠤᠰ ᠬᠥᠮᠥᠰ ᠤᠨ ᠶᠠᠪᠤᠯᠴᠠᠭ᠎ᠠ᠂ ᠰᠣᠶᠣᠯ ᠢᠷᠭᠡᠨᠰᠢᠯ ᠤᠨ ᠰᠣᠯᠢᠯᠴᠠᠭ᠎ᠠ ᠳᠤ ᠳᠦᠭᠦᠮ ᠦᠵᠡᠭᠦᠯᠭᠦ ᠠᠷᠭ᠎ᠠ ᠬᠡᠮᠵᠢᠶ᠎ᠡ ᠭᠠᠷᠭᠠᠨ᠎ᠠ᠂ ᠡᠭᠦᠨ ᠳᠤ ᠳᠤᠮᠳᠠᠳᠤ ᠠᠮᠧᠷᠢᠺᠠ ᠶᠢᠨ ᠠᠶᠠᠨᠴᠢᠳ ᠤᠨ ᠰᠢᠭᠤᠳ ᠨᠡᠪᠲᠡᠷᠡᠬᠦ ᠵᠢᠰᠢᠶᠠᠨ ᠤ ᠨᠢᠰᠬᠡᠯ ᠢ ᠨᠡᠮᠡᠭᠳᠡᠭᠦᠯᠬᠦ᠂ ᠳᠤᠮᠳᠠᠳᠤ ᠠᠮᠧᠷᠢᠺᠠ ᠶᠢᠨ ᠵᠢᠭᠤᠯᠴᠢᠯᠠᠯ ᠤᠨ ᠳᠡᠭᠡᠳᠦ ᠳᠠᠪᠬᠤᠷᠭ᠎ᠠ ᠶᠢᠨ ᠶᠠᠷᠢᠯᠴᠠᠭ᠎ᠠ ᠶᠢ ᠡᠷᠭᠢᠯᠡᠭᠦ᠂ ᠸᠢᠰᠠ ᠭᠤᠶᠤᠴᠢᠯᠠᠬᠤ ᠳᠡᠰ ᠳᠠᠷᠠᠭᠠᠯᠠᠯ ᠢ ᠰᠢᠯᠢᠳᠡᠭᠵᠢᠭᠦᠯᠬᠦ ᠵᠡᠷᠭᠡ ᠶᠢ ᠪᠠᠭᠲᠠᠭᠠᠨ᠎ᠠ᠃ ᠪᠢᠳᠡ ᠬᠤᠶᠠᠷ ᠤᠯᠤᠰ ᠤᠨ ᠠᠷᠠᠳ ᠲᠦᠮᠡᠨ ᠤ ᠢᠯᠡᠭᠦᠬᠡᠨ ᠬᠠᠷᠢᠯᠴᠠᠵᠤ᠂ ᠢᠯᠡᠭᠦᠬᠡᠨ ᠶᠠᠪᠤᠯᠴᠠᠵᠤ᠂ ᠢᠯᠡᠭᠦᠬᠡᠨ ᠰᠣᠯᠢᠯᠴᠠᠵᠤ᠂ ᠰᠢᠨ᠎ᠡ ᠴᠠᠭ ᠦᠶ᠎ᠡ ᠶᠢᠨ ᠬᠤᠶᠠᠷ ᠤᠯᠤᠰ ᠤᠨ ᠠᠷᠠᠳ ᠲᠦᠮᠡᠨ ᠤ ᠨᠥᠬᠦᠷᠯᠡᠯ ᠤᠨ ᠦᠯᠢᠭᠡᠷ ᠢ ᠬᠠᠮᠲᠤ ᠪᠠᠷ ᠦᠷᠭᠦᠯᠵᠢᠯᠡᠨ ᠪᠢᠴᠢᠭᠯᠡᠬᠦ ᠶᠢ ᠬᠦᠰᠡᠵᠦ ᠪᠠᠶᠢᠨ᠎ᠠ︕ ᠪᠢ ᠪᠠᠰᠠ ᠺᠠᠯᠢᠹᠣᠷᠨᠢᠶ᠎ᠠ ᠵᠧᠦ ᠪᠣᠯᠣᠨ ᠰᠠᠨ ᠹᠷᠠᠨᠰᠢᠰᠺᠦ ᠳᠤᠮᠳᠠᠳᠤ ᠠᠮᠧᠷᠢᠺᠠ ᠶᠢᠨ ᠨᠥᠬᠦᠷᠯᠡᠯ ᠤᠨ ᠠᠶᠠᠨ ᠢ ᠦᠷᠭᠦᠯᠵᠢᠯᠡᠨ ᠳᠠᠶᠢᠴᠢᠯᠠᠨ ᠳᠠᠭᠠᠭᠤᠯᠬᠤ ᠶᠢ ᠬᠦᠰᠡᠵᠦ ᠪᠠᠶᠢᠨ᠎ᠠ︕    ᠠᠪᠠᠭ᠋ᠠᠢ ᠨᠠᠷ᠂ ᠠᠪᠤᠭᠠᠢ ᠨᠠᠷ᠂ ᠨᠠᠶᠢᠵᠠ ᠨᠠᠷ ᠠ᠋︕    ᠪᠢᠳᠡ ᠥᠷᠢᠰᠦᠯᠳᠦᠭᠡᠨ ᠬᠤᠪᠢᠷᠠᠯᠲᠠ ᠪᠠᠷ ᠳᠦᠭᠦᠷᠦᠭᠰᠡᠨ ᠴᠠᠭ ᠦᠶ᠎ᠡ ᠳᠤ ᠣᠷᠣᠰᠢᠵᠤ ᠪᠠᠶᠢᠨ᠎ᠠ᠂ ᠪᠠᠰᠠ ᠬᠦᠰᠡᠯ ᠡᠷᠡᠮᠡᠯᠵᠡᠯ ᠢᠶᠠᠷ ᠪᠢᠯᠬᠠᠭᠰᠠᠨ ᠴᠠᠭ ᠦᠶ᠎ᠡ ᠳᠤ ᠣᠷᠣᠰᠢᠵᠤ ᠪᠠᠶᠢᠨ᠎ᠠ᠃ ᠳᠡᠯᠡᠬᠡᠢ ᠶᠢᠨ ᠢᠷᠡᠭᠡᠳᠦᠢ ᠳᠤᠮᠳᠠᠳᠤ ᠠᠮᠧᠷᠢᠺᠠ ᠶᠢᠨ ᠬᠠᠮᠲᠤᠷᠠᠯᠴᠠᠭ᠎ᠠ ᠶᠢ ᠬᠡᠷᠡᠭᠰᠡᠨ᠎ᠡ᠃ ᠳᠡᠯᠡᠬᠡᠢ ᠳᠡᠭᠡᠷᠡᠬᠢ ᠬᠠᠮᠤᠭ ᠤᠨ ᠲᠣᠮᠣ ᠬᠥᠭᠵᠢᠵᠦ ᠪᠠᠶᠢᠭ᠎ᠠ ᠤᠯᠤᠰ ᠪᠠ ᠬᠥᠭᠵᠢᠭᠰᠡᠨ ᠤᠯᠤᠰ ᠪᠣᠯᠤᠭᠰᠠᠨ ᠤ ᠬᠤᠪᠢ ᠳᠤ᠂ ᠳᠤᠮᠳᠠᠳᠤ ᠠᠮᠧᠷᠢᠺᠠ ᠰᠠᠶᠢᠲᠤᠷ ᠬᠠᠷᠢᠯᠴᠠᠬᠤ ᠬᠡᠷᠡᠭᠲᠡᠢ᠃ ᠬᠤᠪᠢᠷᠠᠯᠲᠠ ᠪᠠ ᠳᠡᠪᠵᠢᠶᠡᠨ ᠶᠡᠬᠡᠲᠡᠢ ᠳᠡᠯᠡᠬᠡᠢ ᠶᠢᠷᠲᠢᠨᠴᠦ ᠳᠤ᠂ ᠳᠤᠮᠳᠠᠳᠤ ᠠᠮᠧᠷᠢᠺᠠ ᠨᠡᠩ ᠠᠭᠤᠳᠠᠮᠴᠢ ᠪᠠᠭᠲᠠᠭᠠᠮᠵᠢᠲᠠᠢ ᠪᠠᠶᠢᠵᠤ᠂ ᠲᠣᠮᠣ ᠤᠯᠤᠰ ᠤᠨ ᠬᠡᠪ ᠨᠠᠮᠪᠠ ᠶᠢ ᠢᠯᠡᠷᠡᠭᠦᠯᠵᠦ᠂ ᠲᠣᠮᠣ ᠤᠯᠤᠰ ᠤᠨ ᠡᠭᠦᠷᠭᠡᠯᠡᠯ ᠬᠠᠷᠢᠭᠤᠴᠠᠯᠭ᠎ᠠ ᠶᠢ ᠬᠠᠷᠠᠭᠤᠯᠵᠤ᠂ ᠲᠣᠮᠣ ᠤᠯᠤᠰ ᠤᠨ ᠦᠢᠯᠡᠳᠦᠯ ᠢ ᠪᠠᠳᠠᠷᠠᠭᠤᠯᠬᠤ ᠶᠢ ᠱᠠᠭᠠᠷᠳᠠᠵᠤ ᠪᠠᠶᠢᠨ᠎ᠠ᠃    ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠡᠨᠡ ᠬᠦ ᠲᠣᠮᠣ ᠣᠩᠭᠤᠴᠠ ᠶᠢ ᠬᠡᠷᠬᠢᠨ ᠲᠠᠯᠳᠠ ᠪᠣᠱᠤᠭ᠎ᠠ ᠠᠴᠠ ᠵᠠᠶᠢᠯᠠᠭᠤᠯᠵᠤ᠂ ᠲᠤᠬᠰᠢᠨ ᠰᠠᠯᠬᠢ ᠰᠢᠷᠦᠭᠦᠨ ᠳᠠᠪᠠᠯᠭᠠᠨ ᠢ ᠲᠤᠭᠤᠯᠤᠭᠤᠯᠵᠤ᠂ ᠬᠡᠯᠪᠠᠶᠢᠬᠦ ᠦᠭᠡᠢ᠂ ᠬᠤᠷᠳᠤᠴᠠ ᠪᠠᠨ ᠠᠯᠳᠠᠬᠤ ᠦᠭᠡᠢ᠂ ᠮᠥᠷᠭᠦᠯᠳᠦᠬᠦ ᠦᠭᠡᠢ ᠪᠠᠶᠢᠯᠭᠠᠬᠤ ᠪᠤᠢ︖ ᠭᠡᠳᠡᠭ ᠢ ᠪᠢ ᠪᠣᠳᠣᠯᠬᠢᠯᠠᠭᠰᠠᠭᠠᠷ ᠢᠷᠡᠵᠠᠢ᠃ ᠡᠩ ᠲᠡᠷᠢᠭᠦᠨ ᠳᠤ ᠬᠠᠷᠢᠭᠤᠯᠬᠤ ᠨᠢ᠂ ᠳᠤᠮᠳᠠᠳᠤ ᠠᠮᠧᠷᠢᠺᠠ ᠴᠣᠬᠤᠮ ᠡᠰᠡᠷᠭᠦᠴᠡᠯᠳᠦᠬᠦ ᠡᠲᠡᠭᠡᠳ ᠶᠤᠮ ᠦᠦ᠂ ᠡᠰᠡᠬᠦᠯ᠎ᠡ ᠬᠠᠨᠢᠲᠠᠨ ᠶᠤᠮ ᠦᠦ᠃ ᠡᠨᠡ ᠪᠣᠯ ᠨᠢᠭᠡᠨ ᠦᠨᠳᠦᠰᠦᠨ ᠮᠥᠷᠲᠡᠭᠡᠨ ᠡᠯ᠎ᠡ ᠵᠦᠢᠯ ᠤᠨ ᠶᠠᠪᠤᠳᠠᠯ ᠢ ᠨᠢᠭᠡᠳᠦᠯᠲᠡᠢ ᠬᠠᠮᠢᠶᠠᠷᠬᠤ ᠠᠰᠠᠭᠤᠳᠠᠯ ᠮᠥᠨ᠃ ᠡᠭᠦᠨ ᠤ ᠶᠣᠰᠣ ᠤᠴᠢᠷ ᠨᠢ ᠮᠠᠰᠢ ᠳᠥᠭᠦᠮᠬᠡᠨ᠂ ᠬᠡᠷᠪᠡ ᠨᠥᠭᠦᠭᠡ ᠡᠲᠡᠭᠡᠳ ᠢᠶᠠᠨ ᠬᠠᠮᠤᠭ ᠤᠨ ᠭᠤᠣᠯ ᠥᠷᠢᠰᠦᠯᠳᠦᠭᠴᠢ᠂ ᠬᠠᠮᠤᠭ ᠤᠨ ᠴᠢᠬᠤᠯᠠ ᠶᠡᠭᠡ ᠭᠠᠵᠠᠷ ᠣᠷᠣᠨ ᠤ ᠤᠯᠤᠰ ᠲᠥᠷᠥ ᠶᠢᠨ ᠥᠷᠢᠰᠦᠯᠳᠦᠭᠡᠨ ᠪᠠ ᠠᠯᠬᠤᠮ ᠠᠯᠬᠤᠮ ᠢᠶᠠᠷ ᠰᠢᠬᠠᠮᠳᠠᠭᠤᠯᠬᠤ ᠰᠦᠷᠳᠡᠭᠦᠯᠦᠯ ᠢᠶᠠᠷ ᠦᠵᠡᠪᠡᠯ᠂ ᠵᠠᠶᠢᠯᠠᠰᠢ ᠦᠭᠡᠢ ᠪᠤᠷᠤᠭᠤ ᠲᠥᠷᠥ ᠶᠢᠨ ᠪᠣᠳᠣᠯᠭ᠎ᠠ ᠶᠢ ᠪᠤᠢ ᠪᠤᠯᠭᠠᠵᠤ᠂ ᠪᠤᠷᠤᠭᠤ ᠠᠵᠢᠯᠯᠠᠭ᠎ᠠ ᠠᠪᠴᠤ᠂ ᠪᠤᠷᠤᠭᠤ ᠦᠷ᠎ᠡ ᠳ᠋ᠦᠩ ᠭᠠᠷᠭᠠᠬᠤ ᠪᠣᠯᠣᠨ᠎ᠠ᠃ ᠳᠤᠮᠳᠠᠳᠤ ᠤᠯᠤᠰ ᠳᠤᠷᠠᠲᠠᠶ᠎ᠠ ᠠᠮᠧᠷᠢᠺᠠ ᠯᠤᠭ᠎ᠠ ᠬᠠᠨᠢᠲᠠᠨ ᠪᠣᠯᠵᠤ᠂ ᠨᠠᠶᠢᠵᠠ ᠪᠣᠯᠣᠨ᠎ᠠ᠃ ᠪᠢᠳᠡᠨ ᠤ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢ ᠰᠢᠢᠳᠪᠦᠷᠢᠯᠡᠬᠦ ᠦᠨᠳᠦᠰᠦᠨ ᠵᠢᠷᠤᠮᠯᠠᠯ ᠪᠣᠯ ᠳᠠᠷᠤᠢ ᠬᠠᠷᠢᠯᠴᠠᠨ ᠬᠦᠨᠳᠦᠳᠬᠡᠬᠦ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠶᠠᠪᠤᠳᠠᠯ ᠪᠣᠯᠣᠨ᠎ᠠ᠃    ᠬᠠᠷᠢᠯᠴᠠᠨ ᠬᠦᠨᠳᠦᠳᠬᠡᠬᠦ ᠪᠣᠯ ᠬᠥᠮᠥᠨ ᠬᠥᠮᠥᠨ ᠤ ᠬᠤᠭᠤᠷᠣᠨᠳᠣᠭᠢ ᠬᠠᠷᠢᠯᠴᠠᠭᠠᠨ ᠤ ᠦᠨᠳᠦᠰᠦᠨ ᠶᠣᠰᠣ ᠮᠥᠨ᠂ ᠪᠠᠰᠠ ᠴᠤ ᠳᠤᠮᠳᠠᠳᠤ ᠠᠮᠧᠷᠢᠺᠠ ᠬᠤᠶᠠᠷ ᠤᠯᠤᠰ ᠤᠨ ᠬᠠᠷᠢᠯᠴᠠᠬᠤ ᠨᠠᠭᠠᠲᠤ ᠵᠠᠬ᠎ᠠ ᠶᠢᠨ ᠪᠠᠷᠢᠮᠵᠢᠶ᠎ᠠ ᠮᠥᠨ᠃ ᠠᠮᠧᠷᠢᠺᠠ ᠥᠪᠡᠷᠮᠢᠴᠡ ᠲᠡᠦᠬᠡ ᠰᠣᠶᠣᠯ ᠪᠠ ᠭᠠᠵᠠᠷ ᠵᠦᠢ ᠶᠢᠨ ᠪᠠᠶᠢᠷᠢ ᠰᠠᠭᠤᠷᠢ ᠲᠠᠢ ᠪᠠᠶᠢᠵᠤ᠂ ᠲᠤᠰ ᠪᠡᠶ᠎ᠡ ᠶᠢᠨ ᠢᠶᠠᠨ ᠬᠥᠭᠵᠢᠯᠲᠡ ᠶᠢᠨ ᠵᠠᠮ ᠪᠠ ᠨᠡᠶᠢᠭᠡᠮ ᠤᠨ ᠪᠠᠶᠢᠭᠤᠯᠤᠯ ᠢ ᠪᠤᠢ ᠪᠣᠯᠭᠠᠪᠠ᠂ ᠪᠢᠳᠡ ᠭᠦᠢᠴᠡᠳ ᠭᠦᠨᠳᠦᠳᠭᠡᠵᠦ ᠪᠠᠶᠢᠨ᠎ᠠ᠃ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠪᠣᠯ ᠰᠢᠨᠵᠢᠯᠡᠬᠦ ᠤᠬᠠᠭᠠᠨᠴᠢ ᠨᠡᠶᠢᠭᠡᠮ ᠵᠢᠷᠤᠮ ᠤᠨ ᠤᠨᠤᠯ ᠤᠨ ᠵᠢᠯᠣᠭᠤᠳᠤᠯᠭ᠎ᠠ ᠳᠣᠣᠷ᠎ᠠ ᠶᠠᠪᠤᠵᠤ ᠢᠷᠡᠭᠰᠡᠨ ᠶᠤᠮ᠂ 5000 ᠭᠠᠷᠤᠢ ᠵᠢᠯ ᠦᠷᠭᠦᠯᠵᠢᠯᠡᠭᠰᠡᠨ ᠳᠤᠮᠳᠠᠳᠤ ᠶᠢᠨ ᠪᠣᠯᠪᠠᠰᠤᠨ ᠳᠤ ᠦᠨᠳᠦᠰᠦᠯᠡᠭᠰᠡᠨ ᠶᠤᠮ᠂ ᠪᠢᠳᠡ ᠮᠥᠨ ᠠᠳᠠᠯᠢᠬᠠᠨ ᠢᠶᠠᠷ ᠣᠮᠣᠭᠰᠢᠵᠤ ᠪᠠᠶᠢᠨ᠎ᠠ᠃ ᠡᠨᠡ ᠬᠤᠶᠠᠷ ᠵᠠᠮ ᠠᠳᠠᠯᠢ ᠦᠭᠡᠢ ᠪᠤᠯᠪᠠᠴᠤ ᠴᠥᠮ ᠠᠷᠠᠳ ᠲᠦᠮᠡᠨ ᠤ ᠰᠣᠩᠭᠤᠯᠲᠠ ᠮᠥᠨ᠂ ᠴᠥᠮ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠦᠷᠲᠡᠭ ᠲᠤ ᠬᠦᠷᠬᠦ ᠲᠤᠯᠠ ᠪᠦᠷ ᠬᠦᠨᠳᠦᠳᠬᠡᠭᠳᠡᠬᠦ ᠶᠣᠰᠣᠲᠠᠢ ᠶᠤᠮ᠃    ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠪᠣᠯ ᠤᠯᠠᠨ ᠤᠯᠤᠰ ᠤᠨ ᠬᠠᠷᠢᠯᠴᠠᠭᠠᠨ ᠤ ᠦᠨᠳᠦᠰᠦᠨ ᠵᠠᠷᠴᠢᠮ ᠮᠥᠨ᠂ ᠨᠡᠩ ᠴᠤ ᠳᠤᠮᠳᠠᠳᠤ ᠠᠮᠧᠷᠢᠺᠠ ᠬᠤᠶᠠᠷ ᠲᠣᠮᠣ ᠤᠯᠤᠰ ᠤᠨ ᠡᠷᠬᠡᠪᠰᠢ ᠪᠠᠲᠤ ᠰᠠᠬᠢᠬᠤ ᠬᠤᠷᠢᠭ᠎ᠠ ᠱᠤᠭᠤᠮ ᠮᠥᠨ᠃ ᠡᠩᠬᠡ ᠲᠠᠶᠢᠪᠤᠩ ᠬᠥᠭᠵᠢᠯᠲᠡ ᠶᠢ ᠪᠠᠷᠢᠮᠲᠠᠯᠠᠵᠤ ᠪᠠᠶᠢᠭ᠎ᠠ ᠳᠤᠮᠳᠠᠳᠤ ᠤᠯᠤᠰ ᠢ ᠰᠦᠷᠳᠡᠭᠦᠯᠦᠯ ᠤᠨ ᠡᠲᠡᠭᠡᠳ ᠢᠶᠠᠷ ᠦᠵᠡᠵᠦ᠂ ᠢᠯᠠᠵᠤ ᠢᠯᠠᠭᠳᠠᠬᠤ ᠪᠠᠨ ᠦᠵᠡᠯᠴᠡᠬᠦ᠂ ᠮᠠᠨᠳᠤᠵᠤ ᠪᠠᠭᠤᠷᠠᠬᠤ ᠪᠠᠨ ᠠᠳᠠᠯᠢᠳᠬᠠᠨ ᠦᠯᠦ ᠡᠪᠰᠡᠬᠦ ᠦᠵᠡᠯᠴᠡᠭᠡᠨ ᠬᠢᠬᠦ ᠨᠢ ᠴᠢᠭᠯᠡᠯ ᠬᠡᠯᠪᠠᠶᠢᠭ᠍ᠰᠡᠨ ᠶᠠᠪᠤᠳᠠᠯ ᠪᠣᠯᠣᠨ᠎ᠠ᠃ ᠳᠤᠮᠳᠠᠳᠤ ᠤᠯᠤᠰ ᠶᠡᠷᠦ ᠠᠴᠠ ᠠᠮᠧᠷᠢᠺᠠ ᠢᠯᠠᠭᠳᠠᠬᠤ ᠶᠢ ᠪᠤᠳᠤᠬᠤ ᠦᠭᠡᠢ᠂ ᠶᠡᠷᠦ ᠠᠴᠠ ᠠᠮᠧᠷᠢᠺᠠ ᠶᠢᠨ ᠳᠣᠲᠣᠭᠠᠳᠤ ᠶᠠᠪᠤᠳᠠᠯ ᠳᠤ ᠭᠠᠷ ᠲᠦᠷᠦᠭᠦ ᠦᠭᠡᠢ᠂ ᠠᠮᠧᠷᠢᠺᠠ ᠲᠠᠢ ᠥᠷᠢᠰᠦᠯᠳᠦᠬᠦ ᠪᠠ ᠠᠮᠧᠷᠢᠺᠠ ᠶᠢ ᠣᠷᠣᠯᠠᠬᠤ ᠰᠠᠨᠠᠭ᠎ᠠ ᠴᠤ ᠦᠭᠡᠢ᠂ ᠢᠲᠡᠭᠡᠯ ᠲᠠᠢ ᠪᠥᠭᠡᠳ ᠨᠡᠭᠡᠭᠡᠯᠲᠡᠲᠡᠢ᠂ ᠬᠥᠭᠵᠢᠨ ᠴᠡᠴᠡᠭᠯᠡᠭᠰᠡᠨ ᠠᠮᠧᠷᠢᠺᠠ ᠶᠢ ᠣᠯᠵᠤ ᠬᠠᠷᠠᠬᠤ ᠳᠤᠷᠠᠲᠠᠢ ᠶᠤᠮ᠃ ᠡᠭᠦᠨ ᠲᠠᠢ ᠠᠳᠠᠯᠢ ᠪᠠᠷ᠂ ᠠᠮᠧᠷᠢᠺᠠ ᠴᠤ ᠳᠤᠮᠳᠠᠳᠤ ᠤᠯᠤᠰ ᠢᠯᠠᠭᠳᠠᠬᠤ ᠶᠢ ᠪᠤᠳᠤᠬᠤ ᠦᠭᠡᠢ᠂ ᠳᠤᠮᠳᠠᠳᠤ ᠤᠯᠤᠰ ᠤᠨ ᠳᠣᠲᠣᠭᠠᠳᠤ ᠶᠠᠪᠤᠳᠠᠯ ᠳᠤ ᠭᠠᠷ ᠲᠦᠷᠦᠭᠦ ᠦᠭᠡᠢ ᠪᠠᠶᠢᠵᠤ᠂ ᠡᠩᠬᠡ ᠲᠠᠶᠢᠪᠤᠩ᠂ ᠲᠣᠭᠲᠠᠭᠤᠨ᠂ ᠴᠡᠴᠡᠭᠯᠡᠨ ᠬᠥᠭᠵᠢᠭᠰᠡᠨ ᠳᠤᠮᠳᠠᠳᠤ ᠤᠯᠤᠰ ᠢ ᠤᠭᠲᠤᠪᠠᠯ ᠵᠣᠬᠢᠨ᠎ᠠ᠃    ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠪᠣᠯ ᠴᠠᠭ ᠦᠶ᠎ᠡ ᠶᠢᠨ ᠬᠥᠭᠵᠢᠯᠲᠡ ᠶᠢᠨ ᠤᠷᠤᠰᠬᠠᠯ ᠮᠥᠨ᠂ ᠮᠥᠨ ᠴᠤ ᠳᠤᠮᠳᠠᠳᠤ ᠠᠮᠧᠷᠢᠺᠠ ᠶᠢᠨ ᠬᠠᠷᠢᠯᠴᠠᠭ᠎ᠠ ᠳᠤ ᠪᠠᠶᠢᠪᠠᠰᠤ ᠵᠣᠬᠢᠬᠤ ᠳᠡᠪᠢᠰᠬᠡᠷ ᠥᠩᠭᠡ ᠮᠥᠨ᠃ ᠳᠤᠮᠳᠠᠳᠤ ᠤᠯᠤᠰ ᠶᠠᠭ ᠴᠢᠨᠠᠷ ᠰᠠᠶᠢᠲᠠᠢ ᠬᠥᠭᠵᠢᠯᠲᠡ ᠶᠢᠨ ᠲᠥᠯᠥᠭᠡ ᠴᠢᠷᠮᠠᠶᠢᠵᠤ ᠪᠠᠶᠢᠨ᠎ᠠ᠂ ᠠᠮᠧᠷᠢᠺᠠ ᠪᠠᠰᠠ ᠠᠵᠤ ᠠᠬᠤᠢ ᠪᠠᠨ ᠬᠥᠭᠵᠢᠭᠦᠯᠦᠨ ᠮᠠᠨᠳᠤᠭᠤᠯᠬᠤ ᠪᠠᠷ ᠬᠦᠴᠦᠯᠡᠵᠦ ᠪᠠᠶᠢᠨ᠎ᠠ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠣᠷᠣᠨ ᠵᠠᠢ ᠬᠢᠵᠠᠭᠠᠷ ᠦᠭᠡᠢ ᠥᠷᠭᠡᠨ ᠠᠭᠤᠳᠠᠮ ᠪᠠᠶᠢᠵᠤ᠂ ᠬᠠᠷᠢᠯᠴᠠᠨ ᠠᠮᠵᠢᠯᠲᠠ ᠣᠯᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠲᠡᠵᠦ ᠪᠣᠯᠣᠨ᠎ᠠ᠃ ᠳᠤᠮᠳᠠᠳᠤ ᠶᠢᠨ ᠲᠠᠯ᠎ᠠ ᠶᠢᠨ ᠳᠤᠷᠠᠳᠤᠭᠰᠠᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠵᠢᠴᠢ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠨᠢ ᠢᠮᠠᠭᠲᠠ ᠠᠮᠧᠷᠢᠺᠠ ᠶᠢ ᠪᠠᠭᠲᠠᠭᠠᠭᠰᠠᠨ ᠡᠯ᠎ᠡ ᠤᠯᠤᠰ ᠲᠤ ᠬᠠᠨᠳᠤᠭᠤᠯᠤᠨ ᠨᠡᠭᠡᠭᠡᠯᠲᠡ ᠬᠢᠵᠦ ᠪᠤᠢ᠃ ᠳᠤᠮᠳᠠᠳᠤ ᠤᠯᠤᠰ ᠪᠠᠰᠠ ᠳᠤᠷᠠᠲᠠᠶ᠎ᠠ ᠠᠮᠧᠷᠢᠺᠠ ᠶᠢᠨ ᠳᠤᠷᠠᠳᠤᠭᠰᠠᠨ ᠤᠯᠠᠨ ᠲᠠᠯᠠᠲᠤ ᠬᠠᠮᠲᠤᠷᠠᠯᠴᠠᠭᠠᠨ ᠤ ᠰᠠᠨᠠᠭᠠᠴᠢᠯᠠᠭ᠎ᠠ ᠳᠤ ᠣᠷᠣᠯᠴᠠᠨ᠎ᠠ᠃ ᠡᠨᠡ ᠦᠳᠡ ᠶᠢᠨ ᠡᠮᠦᠨ᠎ᠡ᠂ ᠪᠢ ᠶᠡᠷᠦᠩᠬᠡᠶᠢᠯᠡᠭᠴᠢ ᠪᠠᠶᠢᠳᠧᠨ ᠲᠠᠢ ᠬᠠᠷᠢᠯᠴᠠᠨ ᠬᠦᠨᠳᠦᠳᠬᠡᠬᠦ ᠵᠣᠷᠢᠭ ᠰᠠᠨᠠᠭ᠎ᠠ ᠪᠠᠷ᠂ ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ᠂ ᠠᠵᠤ ᠠᠬᠤᠢ ᠠᠷᠠᠯᠵᠢᠶ᠎ᠠ᠂ ᠰᠣᠶᠣᠯ ᠢᠷᠭᠡᠨᠰᠢᠯ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ᠂ ᠬᠥᠳᠡᠭᠡ ᠠᠵᠤ ᠠᠬᠤᠢ᠂ ᠴᠡᠷᠢᠭ ᠠᠩᠭᠢ᠂ ᠬᠠᠤᠯᠢ ᠬᠡᠷᠡᠭᠵᠢᠭᠦᠯᠬᠦ᠂ ᠵᠣᠬᠢᠶᠠᠮᠠᠯ ᠣᠶᠤᠨᠴᠢ ᠴᠢᠳᠠᠪᠤᠷᠢ ᠵᠡᠷᠭᠡ ᠬᠦᠷᠢᠶᠡᠨ ᠳᠤ ᠶᠠᠷᠢᠯᠴᠠᠭ᠎ᠠ ᠬᠠᠮᠲᠤᠷᠠᠯᠴᠠᠭ᠎ᠠ ᠥᠷᠨᠢᠭᠦᠯᠬᠦ ᠶᠢ ᠠᠬᠢᠭᠤᠯᠵᠤ᠂ ᠬᠠᠮᠲᠤᠷᠠᠯᠴᠠᠭᠠᠨ ᠤ ᠨᠠᠷᠢᠨ ᠲᠠᠩᠰᠠ ᠶᠢ ᠨᠡᠩ ᠤᠷᠳᠤ ᠪᠤᠯᠭᠠᠵᠤ᠂ ᠬᠠᠮᠲᠤᠷᠠᠯᠴᠠᠭᠠᠨ ᠤ ᠪᠤᠭᠤᠷᠰᠤᠭ ᠢ ᠨᠡᠩ ᠶᠡᠭᠡ ᠪᠤᠯᠭᠠᠬᠤ ᠪᠠᠷ ᠵᠥᠪᠰᠢᠶᠡᠷᠡᠪᠡ᠃ ᠳᠤᠮᠳᠠᠳᠤ ᠤᠯᠤᠰ ᠹᠢᠨᠲ᠋ᠠᠶᠢᠨᠢ ᠶᠢᠨ ᠠᠮᠧᠷᠢᠺᠠ ᠶᠢᠨ ᠠᠷᠠᠳ ᠲᠦᠮᠡᠨ ᠢᠯᠠᠩᠭᠤᠶ᠎ᠠ ᠵᠠᠯᠠᠭᠤᠴᠤᠳ ᠢ ᠬᠤᠣᠷᠳᠠᠭᠤᠯᠵᠤ ᠪᠠᠶᠢᠬᠤ ᠶᠠᠪᠤᠳᠠᠯ ᠢ ᠶᠡᠬᠡᠳᠡ ᠥᠷᠥ ᠡᠪᠡᠳᠴᠦ ᠪᠠᠶᠢᠨ᠎ᠠ᠂ ᠪᠢ ᠶᠡᠷᠦᠩᠬᠡᠶᠢᠯᠡᠭᠴᠢ ᠪᠠᠶᠢᠳᠧᠨ ᠲᠠᠢ ᠬᠤᠣᠷ ᠴᠠᠭᠠᠵᠠᠯᠠᠬᠤ ᠠᠵᠢᠯ ᠤᠨ ᠳᠤᠭᠤᠶᠢᠯᠠᠩ ᠪᠠᠶᠢᠭᠤᠯᠵᠤ᠂ ᠤᠯᠠᠮ ᠴᠢᠨᠠᠭᠰᠢᠳᠠ ᠬᠠᠮᠲᠤᠷᠠᠯᠴᠠᠭ᠎ᠠ ᠥᠷᠨᠢᠭᠦᠯᠵᠦ᠂ ᠠᠮᠧᠷᠢᠺᠠ ᠶᠢ ᠬᠠᠪᠰᠤᠷᠤᠨ ᠬᠤᠣᠷᠲᠤ ᠡᠳ᠋ ᠢ ᠳᠤᠷ᠎ᠠ ᠪᠠᠷ ᠢᠶᠠᠨ ᠬᠡᠷᠡᠭᠯᠡᠬᠦ ᠶᠢ ᠠᠷᠭᠠᠴᠠᠭᠠᠨ᠎ᠠ ᠭᠡᠵᠦ ᠣᠯᠠᠨ ᠳᠤ ᠬᠡᠯᠡᠵᠦ ᠥᠭᠭᠦᠶ᠎ᠡ᠃ ᠳᠤᠮᠳᠠᠳᠤ ᠠᠮᠧᠷᠢᠺᠠ ᠬᠤᠶᠠᠷ ᠤᠯᠤᠰ ᠤᠨ ᠠᠷᠠᠳ ᠲᠦᠮᠡᠨ ᠢᠯᠠᠩᠭᠤᠶ᠎ᠠ ᠵᠠᠯᠠᠭᠤᠴᠤᠳ ᠪᠠᠭᠠᠴᠤᠳ ᠤᠨ ᠨᠢᠭᠡ ᠦᠶ᠎ᠡ ᠶᠢᠨ ᠬᠢᠨ ᠤ ᠰᠣᠯᠢᠯᠴᠠᠭ᠎ᠠ ᠶᠢ ᠥᠷᠭᠡᠳᠬᠡᠬᠦ ᠶᠢᠨ ᠲᠥᠯᠥᠭᠡ᠂ ᠳᠤᠮᠳᠠᠳᠤ ᠤᠯᠤᠰ ᠢᠷᠡᠬᠦ 5 ᠵᠢᠯ ᠳᠤ ᠳᠤᠷᠠᠲᠠᠶ᠎ᠠ 5 ᠲᠦᠮᠡᠨ ᠠᠮᠧᠷᠢᠺᠠ ᠶᠢᠨ ᠵᠠᠯᠠᠭᠤᠴᠤᠳ ᠪᠠᠭᠠᠴᠤᠳ ᠢ ᠳᠤᠮᠳᠠᠳᠤ ᠤᠯᠤᠰ ᠲᠤ ᠤᠷᠢᠵᠤ ᠰᠣᠯᠢᠯᠴᠠᠨ ᠰᠤᠷᠤᠯᠴᠠᠭᠤᠯᠤᠨ᠎ᠠ ᠭᠡᠵᠦ ᠪᠢ ᠠᠳᠡ ᠨᠡᠶᠢᠲᠡᠯᠡᠬᠦ ᠳᠤ ᠤᠷᠮᠠᠲᠠᠢ ᠪᠠᠶᠢᠨ᠎ᠠ᠃    ᠲᠦᠷᠦᠭᠦᠬᠡᠨ ᠸᠠᠰᠢᠩᠲ᠋ᠣᠨ ᠤ ᠤᠯᠤᠰ ᠤᠨ ᠠᠮᠢᠲᠠᠨ ᠤ ᠬᠦᠷᠢᠶᠡᠯᠡᠩ ᠤᠨ 3 ᠲᠣᠮᠣ ᠮᠠᠯᠤᠷ ᠥᠲᠡᠭᠡ ᠳᠤᠮᠳᠠᠳᠤ ᠤᠯᠤᠰ ᠲᠤ ᠪᠤᠴᠠᠵᠤ ᠢᠷᠡᠪᠡ᠃ ᠠᠮᠧᠷᠢᠺᠠ ᠶᠢᠨ ᠣᠯᠠᠨ ᠲᠦᠮᠡᠨ ᠣᠨᠴᠠᠭᠠᠶᠢᠯᠠᠨ ᠬᠡᠦᠬᠡᠳ ᠰᠠᠯᠵᠤ ᠶᠠᠳᠠᠨ᠂ ᠲᠤᠰᠬᠠᠶᠢᠯᠠᠨ ᠠᠮᠢᠲᠠᠨ ᠤ ᠬᠦᠷᠢᠶᠡᠯᠡᠩ ᠳᠤ ᠣᠴᠢᠵᠤ ᠬᠦᠷᠭᠡᠭᠰᠡᠨ ᠭᠡᠵᠦ ᠪᠢ ᠰᠣᠨᠣᠰᠴᠠᠢ᠃ ᠪᠢ ᠪᠠᠰᠠ ᠣᠶᠢᠯᠠᠭᠠᠭᠰᠠᠨ ᠢᠶᠠᠷ᠂ ᠰᠠᠨ ᠸᠢᠶᠧᠭᠤ᠋ ᠠᠮᠢᠲᠠᠨ ᠤ ᠬᠦᠷᠢᠶᠡᠯᠡᠩ ᠪᠣᠯᠣᠨ ᠺᠠᠯᠢᠹᠣᠷᠨᠢᠶ᠎ᠠ ᠵᠧᠦ ᠶᠢᠨ ᠠᠷᠠᠳ ᠲᠦᠮᠡᠨ ᠲᠣᠮᠣ ᠮᠠᠯᠤᠷ ᠥᠲᠡᠭᠡ ᠶᠢᠨ ᠺᠠᠯᠢᠹᠣᠷᠨᠢᠶ᠎ᠠ ᠵᠧᠦ ᠳᠤ ᠪᠤᠴᠠᠵᠤ ᠢᠷᠡᠬᠦ ᠶᠢ ᠬᠠᠯᠠᠭᠤᠨ ᠢᠶᠠᠷ ᠬᠦᠰᠡᠵᠦ ᠪᠠᠶᠢᠨ᠎ᠠ᠃ ᠮᠠᠯᠤᠷ ᠦᠲᠡᠭᠡ ᠪᠣᠯ ᠳᠤᠮᠳᠠᠳᠤ ᠠᠮᠧᠷᠢᠺᠠ ᠶᠢᠨ ᠠᠷᠠᠳ ᠲᠦᠮᠡᠨ ᠤ ᠨᠥᠬᠦᠷᠯᠡᠯ ᠤᠨ ᠡᠯᠴᠢ ᠮᠥᠨ᠃ ᠪᠢᠳᠡ ᠳᠤᠷᠠᠲᠠᠶ᠎ᠠ ᠦᠷᠭᠦᠯᠵᠢᠯᠡᠨ ᠠᠮᠧᠷᠢᠺᠠ ᠯᠤᠭ᠎ᠠ ᠮᠠᠯᠤᠷ ᠦᠳᠡᠭᠡ ᠶᠢ ᠬᠠᠮᠠᠭᠠᠯᠠᠬᠤ ᠬᠠᠮᠲᠤᠷᠠᠯᠴᠠᠭ᠎ᠠ ᠥᠷᠨᠢᠭᠦᠯᠵᠦ᠂ ᠺᠠᠯᠢᠹᠣᠷᠨᠢᠶ᠎ᠠ ᠵᠧᠦ ᠶᠢᠨ ᠠᠷᠠᠳ ᠲᠦᠮᠡᠨ ᠤ ᠬᠦᠰᠡᠯ ᠡᠷᠡᠮᠡᠯᠵᠡᠯ ᠢ ᠴᠢᠷᠮᠠᠶᠢᠨ ᠬᠠᠩᠭᠠᠵᠤ᠂ ᠬᠤᠶᠠᠷ ᠤᠯᠤᠰ ᠤᠨ ᠠᠷᠠᠳ ᠲᠦᠮᠡᠨ ᠤ ᠨᠥᠭᠦᠷᠰᠡᠭ ᠬᠠᠶᠢᠷ᠎ᠠ ᠰᠡᠳᠬᠢᠯᠭᠡ ᠶᠢ ᠨᠡᠮᠡᠭᠳᠡᠭᠦᠯᠦᠨ᠎ᠡ᠃    ᠠᠪᠠᠭ᠋ᠠᠢ ᠨᠠᠷ᠂ ᠠᠪᠤᠭᠠᠢ ᠨᠠᠷ᠂ ᠨᠠᠶᠢᠵᠠ ᠨᠠᠷ ᠠ᠋︕    ᠳᠤᠮᠳᠠᠳᠤ ᠤᠯᠤᠰ ᠪᠣᠯ ᠳᠡᠯᠡᠬᠡᠢ ᠳᠡᠭᠡᠷᠡᠬᠢ ᠬᠠᠮᠤᠭ ᠤᠨ ᠲᠣᠮᠣ ᠬᠥᠭᠵᠢᠵᠦ ᠪᠠᠶᠢᠭ᠎ᠠ ᠤᠯᠤᠰ ᠮᠥᠨ᠃ ᠨᠡᠩ ᠰᠠᠶᠢᠨ ᠠᠵᠢᠯᠯᠠᠵᠤ᠂ ᠨᠡᠩ ᠰᠠᠶᠢᠨ ᠠᠮᠢᠳᠤᠷᠠᠵᠤ᠂ ᠬᠡᠦᠬᠡᠳ ᠨᠡᠩ ᠰᠠᠶᠢᠨ ᠦᠰᠦᠨ ᠪᠤᠶᠢᠵᠢᠬᠤ ᠪᠣᠯ 14 ᠳ᠋ᠦᠩᠰᠢᠭᠤᠷ ᠭᠠᠷᠤᠢ ᠳᠤᠮᠳᠠᠳᠤ ᠤᠯᠤᠰ ᠤᠨ ᠠᠷᠠᠳ ᠲᠦᠮᠡᠨ ᠤ ᠴᠢᠩ ᠰᠡᠳᠬᠢᠯ ᠤᠨ ᠬᠦᠰᠡᠯ ᠡᠷᠡᠮᠡᠯᠵᠡᠯ ᠮᠥᠨ᠃ ᠳᠤᠮᠳᠠᠳᠤ ᠤᠯᠤᠰ ᠤᠨ ᠡᠪ ᠬᠠᠮᠲᠤ ᠨᠠᠮ ᠪᠣᠯ ᠠᠷᠠᠳ ᠲᠦᠮᠡᠨ ᠳᠤ ᠤᠴᠢᠷ ᠶᠠᠪᠤᠳᠠᠯ ᠪᠦᠲᠦᠭᠡᠵᠦ ᠦᠭᠳᠡᠭ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠪᠣᠯ ᠳᠠᠷᠤᠢ ᠮᠠᠨ ᠤ ᠲᠡᠮᠡᠴᠡᠬᠦ ᠬᠠᠷᠠᠯᠲᠠ ᠮᠥᠨ᠂ ᠡᠷᠬᠡᠪᠰᠢ ᠪᠠᠲᠤ ᠰᠠᠬᠢᠬᠤ ᠬᠡᠷᠡᠭᠲᠡᠢ ᠠᠷᠠᠳ ᠲᠦᠮᠡᠨ ᠤ ᠰᠡᠳᠬᠢᠯ ᠮᠥᠨ᠃ ᠵᠠᠭᠤᠨ ᠵᠢᠯ ᠤᠨ ᠰᠦᠪᠡᠭᠴᠢᠯᠡᠯᠲᠡ ᠪᠠ ᠦᠷᠭᠦᠯᠵᠢᠯᠡᠭᠰᠡᠨ ᠲᠡᠮᠡᠴᠡᠯ ᠢᠶᠠᠷ ᠳᠠᠮᠵᠢᠭᠠᠳ ᠂ ᠪᠢᠳᠡ ᠨᠢᠭᠡᠨᠲᠡ ᠥᠪᠡᠷ ᠤᠨ ᠪᠡᠶ᠎ᠡ ᠳᠡᠭᠡᠨ ᠲᠣᠬᠢᠷᠠᠭᠰᠠᠨ ᠬᠥᠭᠵᠢᠯᠲᠡ ᠶᠢᠨ ᠵᠠᠮ ᠢ ᠣᠯᠵᠤ᠂ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠵᠤ ᠪᠠᠶᠢᠨ᠎ᠠ᠃    ᠪᠢᠳᠡ ᠪᠦᠯᠬᠦᠮᠳᠡᠨ ᠲᠡᠮᠡᠴᠡᠬᠦ ᠪᠠᠷ ᠬᠦᠴᠦᠯᠡᠨ ᠴᠢᠷᠮᠠᠶᠢᠵᠤ᠂ ᠪᠦᠭᠦ ᠳᠤᠮᠳᠠᠳᠤ ᠤᠯᠤᠰ ᠤᠨ ᠠᠷᠠᠳ ᠲᠦᠮᠡᠨ ᠢ ᠬᠠᠮᠲᠤ ᠪᠠᠷ ᠣᠳᠣᠬᠢᠴᠢᠯᠠᠯᠲᠠ ᠲᠡᠶᠢᠰᠢ ᠤᠷᠤᠭᠰᠢᠯᠠᠭᠤᠯᠤᠨ᠎ᠠ᠃ ᠬᠥᠮᠥᠨ ᠠᠮᠠ ᠣᠯᠠᠨ ᠪᠣᠯ ᠳᠤᠮᠳᠠᠳᠤ ᠤᠯᠤᠰ ᠤᠨ ᠦᠨᠳᠦᠰᠦᠨ ᠤᠯᠤᠰ ᠤᠨ ᠪᠠᠶᠢᠳᠠᠯ ᠪᠣᠯᠣᠨ᠎ᠠ᠃ ᠬᠡᠳᠦᠢ ᠶᠡᠭᠡ ᠠᠮᠵᠢᠯᠲᠠ ᠪᠦᠲᠦᠮᠵᠢ ᠶᠢ 14 ᠳ᠋ᠦᠩᠰᠢᠭᠤᠷ ᠢᠶᠠᠷ ᠬᠤᠪᠢᠶᠠᠵᠤ ᠪᠤᠳᠣᠪᠠᠯ ᠴᠥᠮ ᠮᠠᠰᠢ ᠪᠠᠭ᠎ᠠ ᠪᠣᠯᠵᠤ ᠬᠤᠪᠢᠷᠠᠨ᠎ᠠ᠂ ᠬᠡᠳᠦᠢ ᠪᠠᠭ᠎ᠠ ᠠᠰᠠᠭᠤᠳᠠᠯ ᠢ 14 ᠳ᠋ᠦᠩᠰᠢᠭᠤᠷ ᠢᠶᠠᠷ ᠦᠷᠡᠵᠢᠭᠦᠯᠵᠦ ᠪᠤᠳᠣᠪᠠᠯ ᠴᠥᠮ ᠮᠠᠰᠢ ᠶᠡᠭᠡ ᠪᠣᠯᠵᠤ ᠬᠤᠪᠢᠷᠠᠨ᠎ᠠ᠂ ᠡᠨᠡ ᠪᠣᠯ ᠳᠠᠷᠤᠢ ᠶᠡᠭᠡ ᠬᠦᠴᠢᠷᠳᠡᠯ ᠪᠣᠯᠣᠨ᠎ᠠ᠃ ᠡᠭᠦᠨ ᠤ ᠬᠠᠮᠲᠤ ᠪᠠᠰᠠ ᠶᠡᠭᠡ ᠳᠠᠪᠠᠭᠤᠯᠢᠭ ᠲᠠᠯ᠎ᠠ ᠲᠠᠢ ᠶᠤᠮ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ᠂ ᠥᠷᠭᠡᠨ ᠤᠯᠠᠨ ᠠᠷᠠᠳ ᠲᠦᠮᠡᠨ ᠤ ᠬᠦᠷᠢᠶᠡᠯᠡᠯ ᠪᠣᠯᠣᠨ ᠳᠡᠮᠵᠢᠯᠭᠡ ᠪᠣᠯ ᠪᠢᠳᠡᠨ ᠤ ᠬᠠᠮᠤᠭ ᠤᠨ ᠶᠡᠭᠡ ᠳᠠᠪᠠᠭᠤᠯᠢᠭ ᠮᠥᠨ᠃ ᠳᠤᠮᠳᠠᠳᠤ ᠤᠯᠤᠰ ᠪᠣᠯ ᠭᠡᠲᠦ ᠶᠡᠭᠡ ᠬᠡᠪᠴᠢᠶᠡᠨ ᠤ ᠠᠵᠤ ᠠᠬᠤᠢ ᠶᠢᠨ ᠴᠣᠭᠴᠠ ᠪᠠᠶᠢᠵᠤ᠂ ᠭᠡᠲᠦ ᠶᠡᠭᠡ ᠬᠡᠪᠴᠢᠶᠡᠨ ᠤ ᠵᠠᠬ᠎ᠠ ᠳᠡᠯᠭᠡᠭᠦᠷ ᠢ ᠪᠦᠷᠢᠯᠳᠦᠭᠦᠯᠪᠡ᠃ ᠲᠦᠷᠦᠭᠦᠬᠡᠨ ᠪᠢᠳᠡ ᠵᠢᠷᠭᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ ᠤᠨ ᠴᠤᠭᠯᠠᠭᠠᠨ ᠢ ᠠᠮᠵᠢᠯᠲᠠ ᠲᠠᠢ ᠡᠷᠭᠢᠯᠡᠵᠦ᠂ ᠠᠮᠧᠷᠢᠺᠠ ᠶᠢ ᠪᠠᠭᠲᠠᠭᠠᠭᠰᠠᠨ 128 ᠤᠯᠤᠰ ᠤᠨ 3400 ᠭᠠᠷᠤᠢ ᠠᠵᠤ ᠠᠬᠤᠶᠢᠯᠠᠯ ᠦᠵᠡᠰᠭᠦᠯᠡᠩ ᠳᠤ ᠣᠷᠣᠯᠴᠠᠵᠤ᠂ ᠠᠮᠧᠷᠢᠺᠠ ᠵᠠᠯᠭᠠᠭ᠎ᠠ ᠪᠠᠷ 6 ᠬᠤᠭᠤᠴᠠᠭ᠎ᠠ ᠦᠵᠡᠰᠭᠦᠯᠡᠩ ᠤᠨ ᠲᠠᠯᠠᠪᠠᠶ ᠪᠠᠷ ᠬᠠᠮᠤᠭ ᠤᠨ ᠶᠡᠭᠡ ᠤᠯᠤᠰ ᠪᠣᠯᠵᠠᠢ᠃ 14 ᠳ᠋ᠦᠩᠰᠢᠭᠤᠷ ᠭᠠᠷᠤᠢ ᠳᠤᠮᠳᠠᠳᠤ ᠤᠯᠤᠰ ᠤᠨ ᠠᠷᠠᠳ ᠲᠦᠮᠡᠨ ᠣᠳᠣᠬᠢᠴᠢᠯᠠᠯᠲᠠ ᠲᠡᠶᠢᠰᠢ ᠤᠷᠤᠭᠰᠢᠯᠠᠭᠰᠠᠨ ᠨᠢ ᠳᠤᠮᠳᠠᠳᠤ ᠤᠯᠤᠰ ᠤᠨ ᠳᠡᠯᠡᠬᠡᠢ ᠳ᠋ᠠᠬᠢᠨ ᠳᠤ ᠣᠯᠭᠤᠭᠰᠠᠨ ᠯᠤᠲᠤ ᠶᠡᠭᠡ ᠠᠵᠠ ᠲᠣᠭᠢᠶᠠᠯ ᠪᠣᠯᠣᠨ᠎ᠠ᠃    ᠪᠢᠳᠡ ᠬᠠᠮᠲᠤ ᠪᠠᠷ ᠪᠠᠶᠠᠵᠢᠬᠤ ᠪᠠᠷ ᠬᠦᠴᠦᠯᠡᠨ ᠴᠢᠷᠮᠠᠶᠢᠵᠤ᠂ ᠳᠤᠮᠳᠠᠳᠤ ᠤᠯᠤᠰ ᠤᠨ ᠬᠥᠮᠥᠨ ᠨᠢᠭᠡ ᠪᠦᠷᠢ ᠶᠢ ᠴᠥᠮ ᠰᠠᠶᠢᠨ ᠰᠠᠶᠢᠬᠠᠨ ᠠᠮᠢᠳᠤᠷᠠᠭᠤᠯᠤᠨ᠎ᠠ᠃ ᠶᠠᠳᠠᠭᠤ ᠠᠴᠠ ᠠᠩᠭᠢᠵᠢᠷᠠᠬᠤ ᠪᠣᠯ ᠳᠤᠮᠳᠠᠳᠤ ᠶᠢᠨ ᠦᠨᠳᠦᠰᠦᠲᠡᠨ ᠤ ᠮᠢᠩᠭᠠᠨ ᠣᠨ ᠤ ᠬᠦᠰᠡᠯ ᠵᠡᠭᠦᠳᠦ ᠮᠥᠨ᠃ ᠬᠠᠮᠲᠤ ᠪᠠᠷ ᠪᠠᠶᠠᠵᠢᠬᠤ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠬᠠᠮᠲᠤ ᠶᠢᠨ ᠬᠦᠰᠡᠯ ᠡᠷᠡᠮᠡᠯᠵᠡᠯ ᠮᠥᠨ᠃ ᠪᠢ 16 ᠨᠠᠰᠤ ᠭᠦᠷᠦᠭᠡᠳᠦᠢ ᠪᠠᠷ ᠱᠠᠨᠰᠢ ᠶᠢᠨ ᠬᠤᠶᠢᠲᠤ ᠬᠡᠰᠡᠭ ᠤᠨ ᠨᠢᠭᠡᠨ ᠵᠢᠵᠢᠭ ᠲᠣᠰᠬᠤᠨ ᠳᠤ ᠲᠠᠷᠢᠶᠠᠴᠢᠨ ᠲᠠᠢ ᠬᠠᠮᠲᠤ ᠰᠠᠭᠤᠵᠤ᠂ ᠬᠠᠮᠲᠤ ᠠᠵᠢᠯᠯᠠᠭᠰᠠᠨ ᠪᠣᠯᠬᠤᠷ ᠠᠷᠠᠳ ᠲᠦᠮᠡᠨ ᠶᠠᠭᠤᠨ ᠳᠤ ᠵᠣᠪᠠᠵᠤ ᠂ ᠶᠠᠭᠤ ᠬᠦᠰᠡᠵᠦ ᠪᠠᠶᠢᠬᠤ ᠶᠢ ᠮᠡᠳᠡᠨ᠎ᠡ᠃ ᠲᠡᠷᠡ ᠦᠶ᠎ᠡ ᠠᠴᠠ ᠤᠳᠤ ᠪᠤᠯᠲᠠᠯ᠎ᠠ᠂ ᠬᠠᠭᠠᠰ ᠵᠠᠭᠤᠨ ᠥᠩᠭᠡᠷᠡᠯ᠎ᠡ᠂ ᠠᠷᠠᠳ ᠲᠦᠮᠡᠨ ᠤ ᠳᠤᠮᠳᠠ ᠪᠠᠶᠢᠪᠠᠯ ᠪᠢ ᠰᠠᠨᠠᠭ᠎ᠠ ᠠᠮᠤᠷ ᠪᠣᠯᠵᠤ᠂ ᠠᠷᠠᠳ ᠲᠦᠮᠡᠨ ᠲᠠᠢ ᠬᠠᠮᠲᠤ ᠪᠠᠶᠢᠪᠠᠯ ᠪᠢ ᠬᠦᠴᠦᠨ ᠴᠢᠳᠠᠯ ᠲᠠᠢ ᠪᠣᠯᠣᠨ᠎ᠠ᠃ ᠠᠮᠢ ᠪᠡᠶ᠎ᠡ ᠪᠠᠨ ᠦᠯᠦ ᠪᠤᠳᠤᠵᠤ᠂ ᠠᠷᠠᠳ ᠲᠦᠮᠡᠨ ᠳᠤ ᠣᠰᠣᠯᠳᠠᠬᠤ ᠦᠭᠡᠢ᠂ ᠡᠨᠡ ᠪᠣᠯ ᠮᠢᠨᠤ ᠨᠠᠰᠤᠨ ᠲᠤᠷᠰᠢᠲᠠ ᠶᠢᠨ ᠢᠲᠡᠭᠡᠯ ᠪᠢᠰᠢᠷᠡᠯ ᠮᠥᠨ᠃ ᠪᠢ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠪᠠ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠶᠢᠨ ᠲᠤᠰᠢᠶᠠᠯ ᠢ ᠠᠩᠬ᠎ᠠ ᠬᠠᠷᠢᠭᠤᠴᠠᠬᠤ ᠦᠶ᠎ᠡ ᠳᠤ᠂ ᠳᠤᠮᠳᠠᠳᠤ ᠤᠯᠤᠰ ᠲᠤ ᠪᠠᠰᠠ 1 ᠳ᠋ᠦᠩᠰᠢᠭᠤᠷ ᠬᠥᠮᠥᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠪᠠᠷᠢᠮᠵᠢᠶ᠎ᠠ ᠶᠢᠨ ᠶᠠᠳᠠᠭᠤ ᠬᠦᠴᠢᠷᠳᠡᠯ ᠤᠨ ᠱᠤᠭᠤᠮ ᠠᠴᠠ ᠳᠣᠣᠷ᠎ᠠ ᠲᠦᠪᠰᠢᠨ ᠳᠤ ᠠᠮᠢᠳᠤᠷᠠᠵᠤ ᠪᠠᠶᠢᠪᠠ᠃ 8 ᠵᠢᠯ ᠤᠨ ᠰᠢᠷᠭᠠᠭᠤ ᠬᠠᠲᠠᠭᠤᠵᠢᠯᠲᠠᠢ ᠲᠡᠮᠡᠴᠡᠯ ᠢᠶᠠᠷ ᠳᠠᠮᠵᠢᠨ᠂ ᠡᠳᠡᠭᠡᠷ ᠶᠠᠳᠠᠭᠤ ᠬᠦᠴᠢᠷᠳᠡᠯᠲᠡᠢ ᠬᠥᠮᠥᠨ ᠠᠮᠠ ᠨᠢᠭᠡᠨᠲᠡ ᠪᠦᠭᠦᠨ ᠢᠶᠠᠷ ᠢᠶᠠᠨ ᠶᠠᠳᠠᠭᠤ ᠠᠴᠠ ᠠᠩᠭᠢᠵᠢᠷᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠤᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠬᠠᠷᠠᠯᠲᠠ ᠶᠢ 10 ᠵᠢᠯ ᠤᠷᠢᠳᠴᠢᠯᠠᠨ ᠪᠡᠶᠡᠯᠡᠭᠦᠯᠵᠦ᠂ 1800 ᠭᠠᠷᠤᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠶᠠᠳᠠᠭᠤ ᠶᠢ ᠲᠡᠳᠬᠦᠬᠦ ᠪᠣᠭᠤᠮᠲᠠ ᠰᠢᠪᠲᠤᠯᠬᠤ ᠠᠵᠢᠯ ᠤᠨ ᠪᠠᠶᠢᠷᠢ ᠳᠡᠭᠡᠷ᠎ᠡ ᠠᠮᠢ ᠪᠡᠶ᠎ᠡ ᠪᠠᠨ ᠵᠣᠷᠢᠭᠤᠯᠪᠠ᠃    ᠪᠢᠳᠡᠨ ᠤ ᠬᠠᠷᠠᠯᠲᠠ ᠪᠣᠯ ᠴᠥᠭᠡᠨ ᠲᠣᠭᠠᠨ ᠤ ᠬᠥᠮᠥᠰ ᠤᠨ ᠪᠠᠶᠠᠵᠢᠯ ᠪᠢᠰᠢ᠂ ᠬᠠᠷᠢᠨ ᠪᠦᠭᠦ ᠠᠷᠠᠳ ᠲᠦᠮᠡᠨ ᠤ ᠬᠠᠮᠲᠤ ᠶᠢᠨ ᠪᠠᠶᠠᠵᠢᠯ ᠪᠣᠯᠣᠨ᠎ᠠ᠃ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠬᠡᠦᠬᠡᠳ ᠰᠠᠭᠠᠲᠠᠭᠤᠯᠬᠤ᠂ ᠨᠠᠰᠤᠵᠢᠯ ᠤᠨ ᠠᠰᠠᠷᠠᠮᠵᠢ᠂ ᠣᠷᠣᠨ ᠰᠠᠭᠤᠴᠠ᠂ ᠣᠷᠴᠢᠨ ᠲᠣᠭᠤᠷᠢᠨ ᠵᠡᠷᠭᠡ ᠤᠯᠠᠨ ᠲᠦᠮᠡᠨ ᠤ ᠳᠡᠷᠭᠡᠳᠡᠬᠢ ᠶᠠᠪᠤᠳᠠᠯ᠂ ᠳᠣᠲᠣᠨᠣ ᠶᠠᠪᠤᠳᠠᠯ᠂ ᠪᠣᠳᠠᠲᠠᠢ ᠶᠠᠪᠤᠳᠠᠯ ᠨᠢ ᠶᠠᠭ ᠳᠤᠮᠳᠠᠳᠤ ᠤᠯᠤᠰ ᠤᠨ ᠤᠯᠤᠰ ᠤᠨ ᠬᠥᠭᠵᠢᠯᠲᠡ ᠶᠢᠨ ᠦᠵᠦ ᠲᠥᠯᠥᠪᠯᠡᠭᠡ ᠳᠤ ᠲᠠᠰᠤᠷᠠᠯᠳᠡ ᠦᠭᠡᠢ ᠠᠭᠤᠰᠤᠯᠴᠠᠵᠤ᠂ ᠲᠠᠰᠤᠷᠠᠯᠳᠡ ᠦᠭᠡᠢ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠪᠣᠯᠵᠤ ᠬᠤᠪᠢᠷᠠᠵᠤ ᠪᠠᠶᠢᠨ᠎ᠠ᠃ ᠪᠢᠳᠡ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠣᠳᠣᠬᠢᠴᠢᠯᠠᠯᠲᠠ ᠶᠢᠨ ᠦᠷ᠎ᠡ ᠪᠦᠲᠦᠭᠡᠯ ᠢ ᠪᠦᠭᠦ ᠠᠷᠠᠳ ᠲᠦᠮᠡᠨ ᠳᠤ ᠬᠦᠷᠲᠡᠭᠡᠨ᠎ᠡ᠃ ᠡᠨᠡ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠮᠥᠨ᠂ ᠪᠢᠳᠡᠨ ᠤ ᠠᠷᠠᠳ ᠲᠦᠮᠡᠨ ᠳᠤ ᠠᠮᠠᠯᠳᠠᠭᠰᠠᠨ ᠠᠮᠠᠯᠠᠯᠲᠠ ᠮᠥᠨ᠂ ᠮᠥᠨ ᠴᠤ ᠠᠷᠠᠳ ᠲᠦᠮᠡᠨ ᠤ ᠳᠡᠮᠵᠢᠯᠭᠡ ᠳᠣᠣᠷ᠎ᠠ ᠪᠡᠶᠡᠯᠡᠭᠳᠡᠬᠦ ᠨᠢ ᠯᠠᠪᠲᠠᠢ ᠶᠤᠮ᠃    ᠪᠢᠳᠡ ᠪᠦᠭᠦ ᠲᠠᠯ᠎ᠠ ᠶᠢᠨ ᠬᠥᠭᠵᠢᠯᠲᠡ ᠶᠢᠨ ᠲᠥᠯᠥᠭᠡ ᠴᠢᠷᠮᠠᠶᠢᠨ ᠵᠢᠳᠬᠦᠵᠦ᠂ ᠬᠥᠮᠥᠰ ᠤᠨ ᠡᠳ᠋ ᠪᠣᠳᠠᠰ ᠪᠠ ᠤᠶᠤᠨ ᠰᠠᠨᠠᠭᠠᠨ ᠤ ᠶᠢᠷᠲᠢᠨᠴᠦ ᠶᠢ ᠠᠳᠠᠯᠢᠬᠠᠨ ᠪᠠᠶᠠᠨ ᠴᠢᠨᠡᠭᠡᠯᠢᠭ ᠪᠣᠯᠭᠠᠨ᠎ᠠ᠃ ᠳᠤᠮᠳᠠᠳᠤᠴᠤᠳ ᠠᠯᠢ ᠡᠷᠲᠡ ᠠᠴᠠ ︽ᠢᠳᠡᠵᠦ ᠡᠮᠦᠰᠬᠦ ᠡᠯᠪᠡᠭ ᠪᠣᠯᠪᠠᠰᠤ ᠢᠷᠠᠭᠤ ᠠᠯᠳᠠᠷ ᠢᠴᠢᠭᠦᠷᠢ ᠭᠤᠲᠤᠮᠰᠢᠭ ᠢ ᠨᠡᠩ ᠮᠡᠳᠡᠮᠦᠢ︾ ᠭᠡᠳᠡᠭ ᠢ ᠮᠡᠳᠡᠳᠡᠭ᠃ ᠡᠳ᠋ ᠪᠣᠳᠠᠰ ᠤᠨ ᠲᠠᠯ᠎ᠠ ᠪᠠᠷ ᠶᠠᠳᠠᠭᠤ ᠬᠤᠭᠤᠰᠤᠨ ᠪᠠᠶᠢᠬᠤ ᠨᠢ ᠨᠡᠶᠢᠭᠡᠮ ᠵᠢᠷᠤᠮ ᠪᠢᠰᠢ᠂ ᠤᠶᠦᠠ ᠰᠠᠨᠠᠭᠠᠨ ᠤ ᠲᠠᠯ᠎ᠠ ᠪᠠᠷ ᠶᠠᠳᠠᠭᠤ ᠬᠤᠭᠤᠰᠤᠨ ᠪᠠᠶᠢᠬᠤ ᠨᠢ ᠴᠦ ᠨᠡᠶᠢᠭᠡᠮ ᠵᠢᠷᠤᠮ ᠪᠢᠰᠢ ᠶᠤᠮ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠠᠷᠠᠳ ᠲᠦᠮᠡᠨ ᠢᠶᠠᠷ ᠭᠤᠣᠯ ᠪᠤᠯᠭᠠᠬᠰᠠᠨ ᠣᠳᠣᠬᠢᠴᠢᠯᠠᠯᠲᠠ ᠮᠥᠨ᠂ ᠲᠡᠭᠦᠨ ᠤ ᠳᠣᠲᠣᠷᠠᠬᠢ ᠨᠢᠭᠡᠨ ᠴᠢᠬᠤᠯᠠ ᠬᠠᠷᠠᠯᠲᠠ ᠪᠣᠯ ᠳᠠᠷᠤᠢ ᠤᠯᠤᠰ ᠤᠨ ᠠᠵᠤ ᠠᠬᠤᠢ ᠶᠢᠨ ᠪᠣᠳᠠᠲᠤ ᠬᠦᠴᠦᠨ᠂ ᠠᠷᠠᠳ ᠲᠦᠮᠡᠨ ᠤ ᠠᠮᠢᠳᠤᠷᠠᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠭᠦ ᠶᠢᠨ ᠬᠠᠮᠲᠤ ᠠᠷᠠᠳ ᠲᠦᠮᠡᠨ ᠤ ᠤᠶᠤᠨ ᠰᠠᠨᠠᠭᠠᠨ ᠤ ᠶᠢᠷᠲᠢᠨᠴᠦ ᠶᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠪᠦᠭᠦ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠦᠨ᠂ ᠬᠥᠮᠥᠨ ᠤ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠶᠠᠪᠤᠳᠠᠯ ᠪᠣᠯᠣᠨ᠎ᠠ᠃ ᠪᠢ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠳᠤᠷᠠᠳᠤᠭᠰᠠᠨ ᠨᠢ ᠳᠠᠷᠤᠢ ᠳᠡᠯᠡᠬᠡᠢ ᠨᠡᠶᠢᠭᠡᠮ ᠤᠨ ᠬᠢᠨ ᠤ ᠪᠣᠳᠠᠰ ᠤᠨ ᠪᠠ ᠤᠶᠤᠨ ᠰᠠᠨᠠᠭᠠᠨ ᠤ ᠲᠡᠩᠴᠡᠭᠦᠷᠢ ᠪᠠᠨ ᠠᠯᠳᠠᠭᠰᠠᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠬᠥᠮᠥᠨ ᠲᠥᠷᠥᠯᠬᠢᠲᠡᠨ ᠤ ᠪᠣᠯᠪᠠᠰᠤᠨ ᠤ ᠲᠠᠰᠤᠷᠠᠯᠳᠠ ᠦᠭᠡᠢ ᠲᠠᠪᠰᠢᠬᠤ ᠶᠢ ᠬᠠᠮᠲᠤ ᠪᠠᠷ ᠠᠬᠢᠭᠤᠯᠬᠤ ᠶᠢᠨ ᠲᠥᠯᠥᠭᠡ ᠶᠤᠮ᠃    ᠪᠢᠳᠡ ᠡᠭᠦᠷᠢᠳᠡ ᠶᠢᠨ ᠦᠷᠭᠦᠯᠵᠢᠯᠡᠬᠦ ᠬᠥᠭᠵᠢᠯᠲᠡ ᠶᠢᠨ ᠲᠥᠯᠥᠭᠡ ᠴᠢᠷᠮᠠᠶᠢᠨ ᠵᠢᠳᠬᠦᠵᠦ᠂ ᠬᠥᠮᠥᠨ ᠪᠠᠶᠢᠭᠠᠯᠢ ᠶᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠭᠤᠯᠤᠨ᠎ᠠ᠃ ︽ᠬᠥᠮᠥᠨ ᠪᠠᠶᠢᠭᠠᠯᠢ ᠨᠢᠭᠡᠳᠬᠦ︾᠂ ︽ᠶᠣᠰᠣᠨ ᠠᠨᠤ ᠪᠠᠶᠢᠭᠠᠯᠢ ᠶᠢ ᠮᠥᠷᠳᠡᠬᠦ︾ ᠪᠣᠯ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠴᠢᠬᠤᠯᠠ ᠣᠶᠢᠯᠠᠭᠠᠭᠳᠠᠬᠤᠨ ᠮᠥᠨ᠃ ᠪᠢᠳᠠ ᠬᠠᠮᠲᠤ ᠪᠠᠷ ᠨᠢᠭᠡ ᠪᠥᠮᠪᠥᠷᠴᠡᠭ ᠲᠣᠰᠬᠤᠨ ᠳᠤ ᠪᠠᠶᠢᠨ᠎ᠠ᠂ ᠪᠢᠳᠡ ᠠᠮᠢᠳᠤ ᠰᠡᠷᠡᠭᠦᠨ ᠪᠠᠶᠢᠬᠤ ᠳᠠᠭᠠᠨ ᠬᠥᠮᠥᠨ ᠲᠥᠷᠥᠯᠬᠢᠲᠡᠨ ᠤ ᠣᠷᠣᠰᠢᠨ ᠲᠣᠭᠲᠠᠨᠢᠬᠤ ᠳᠤ ᠲᠣᠬᠢᠷᠠᠬᠤ ᠥᠭᠡᠷ᠎ᠡ ᠨᠢᠭᠡ ᠣᠳᠣᠨ ᠪᠥᠮᠪᠥᠷᠴᠡᠭ ᠢ ᠡᠷᠢᠵᠦ ᠣᠯᠬᠤ ᠦᠭᠡᠢ ᠮᠠᠭᠠᠳ᠃ ᠠᠩᠭ᠍ᠯᠢ ᠬᠡᠯᠡᠨ ᠳᠤ ᠪᠠᠰᠠ᠄ ︽ᠳᠡᠯᠡᠬᠡᠢ ᠶᠢᠨ ᠪᠥᠮᠪᠥᠷᠴᠡᠭ ᠢ ᠪᠢᠳᠡ ᠡᠪᠦᠭᠡ ᠳᠡᠭᠡᠳᠦᠰ ᠠᠴᠠ ᠪᠠᠨ ᠵᠠᠯᠭᠠᠮᠵᠢᠯᠠᠭᠰᠠᠨ ᠪᠢᠰᠢ᠂ ᠬᠠᠷᠢᠨ ᠦᠷ᠎ᠡ ᠬᠤᠶᠢᠴᠢᠰ ᠠᠴᠠ ᠪᠠᠨ ᠵᠢᠭᠡᠯᠡᠵᠦ ᠠᠪᠴᠢᠷᠠᠭᠰᠠᠨ ᠶᠤᠮ︾ ᠭᠡᠳᠡᠭ᠃ 2002 ᠣᠨ ᠳᠤ ᠪᠢ ᠹᠦᠵᠢᠶᠠᠨ ᠳᠤ ᠮᠤᠵᠢ ᠶᠢᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠬᠤ ᠳᠠᠭᠠᠨ ᠹᠦᠵᠢᠶᠠᠨ ᠢ ᠳᠤᠮᠳᠠᠳᠤ ᠤᠯᠤᠰ ᠤᠨ ᠠᠩᠬᠠᠳᠠᠭᠴᠢ ᠠᠮᠢ ᠠᠬᠤᠢ ᠶᠢᠨ ᠮᠤᠵᠢ ᠪᠣᠯᠭᠠᠨ ᠪᠦᠲᠦᠭᠡᠨ ᠪᠠᠶᠢᠭᠤᠯᠤᠨ᠎ᠠ ᠭᠡᠵᠦ ᠳᠤᠷᠠᠳᠤᠭᠰᠠᠨ ᠶᠤᠮ᠃ ᠵᠧᠵᠢᠶᠠᠩ ᠳᠤ ᠬᠦᠷᠴᠦ ᠠᠵᠢᠯᠯᠠᠭᠰᠠᠨ ᠤ ᠲᠠᠷᠠᠭ᠎ᠠ᠂ 2005 ᠣᠨ ᠳᠤ ᠪᠢ ᠪᠠᠰᠠ ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠳᠠ ᠮᠥᠩᠭᠦᠨ ᠠᠭᠤᠯᠠ ᠮᠥᠨ︾ ᠭᠡᠵᠦ ᠳᠤᠷᠠᠳᠤᠭᠰᠠᠨ ᠶᠤᠮ᠂ ᠤᠳᠤ ᠡᠨᠡ ᠨᠢ ᠨᠢᠭᠡᠨᠲᠡ ᠳᠤᠮᠳᠠᠳᠤ ᠤᠯᠤᠰ ᠤᠨ ᠠᠷᠠᠳ ᠲᠦᠮᠡᠨ ᠤ ᠬᠠᠮᠲᠤ ᠶᠢᠨ ᠲᠠᠨᠢᠯᠲᠠ ᠪᠣᠯᠵᠠᠢ᠃ ᠣᠳᠣᠬᠠᠨ ᠳᠤ᠂ ᠪᠦᠭᠦ ᠪᠥᠮᠪᠥᠷᠴᠡᠭ ᠤᠨ ᠭᠡᠷᠡᠯᠴᠢ ᠴᠡᠨᠡᠭ ᠢᠶᠠᠷ ᠴᠠᠭᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢᠨ ᠬᠠᠭᠠᠰ ᠰᠢᠬᠠᠮ ᠨᠢ ᠳᠤᠮᠳᠠᠳᠤ ᠤᠯᠤᠰ ᠲᠤ ᠪᠠᠶᠢᠵᠤ᠂ ᠪᠦᠭᠦ ᠪᠥᠮᠪᠥᠷᠴᠡᠭ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠠᠭᠠᠰ ᠠᠴᠠ ᠳᠡᠭᠡᠭᠰᠢᠬᠢ ᠨᠢ ᠳᠤᠮᠳᠠᠳᠤ ᠤᠯᠤᠰ ᠲᠤ ᠠᠶᠠᠯᠠᠵᠤ᠂ ᠪᠦᠭᠦ ᠪᠥᠮᠪᠥᠷᠴᠡᠭ ᠤᠨ ᠳᠥᠷᠪᠡᠨ ᠤ ᠨᠢᠭᠡ ᠬᠤᠪᠢ ᠶᠢᠨ ᠰᠢᠨ᠎ᠡ ᠪᠠᠷ ᠨᠡᠮᠡᠭᠳᠡᠭᠰᠡᠨ ᠨᠣᠭᠤᠭᠠᠷᠠᠭᠤᠯᠤᠯᠲᠠ ᠶᠢᠨ ᠲᠠᠯᠠᠪᠠᠶ ᠨᠢ ᠳᠤᠮᠳᠠᠳᠤ ᠤᠯᠤᠰ ᠠᠴᠠ ᠢᠷᠡᠭᠰᠡᠨ ᠶᠤᠮ᠃ ᠪᠢᠳᠡ 2030 ᠣᠨ ᠠᠴᠠ ᠡᠮᠦᠨ᠎ᠡ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ᠂ 2060 ᠣᠨ ᠠᠴᠠ ᠡᠮᠦᠨ᠎ᠡ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠪᠡᠶᠡᠯᠡᠭᠦᠯᠬᠦ ᠪᠠᠷ ᠬᠦᠴᠦᠯᠡᠨ᠎ᠡ᠃ ᠪᠢᠳᠡ ᠬᠡᠯᠡᠭᠰᠡᠨ ᠳᠡᠭᠡᠨ ᠭᠦᠷᠦᠨ᠎ᠠ᠃    ᠪᠢᠳᠡ ᠡᠩᠬᠡ ᠲᠠᠶᠢᠪᠤᠩ ᠬᠥᠭᠵᠢᠯᠲᠡ ᠶᠢᠨ ᠲᠥᠯᠥᠭᠡ ᠴᠢᠷᠮᠠᠶᠢᠨ ᠵᠢᠳᠬᠦᠵᠦ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ᠃ ᠳᠤᠮᠳᠠᠳᠤ ᠶᠢᠨ ᠪᠣᠯᠪᠠᠰᠤᠨ ᠪᠣᠯ ᠡᠩᠬᠡ ᠲᠠᠶᠢᠪᠤᠩ ᠡᠪ ᠨᠠᠶᠢᠷᠲᠠᠢ ᠡᠶ᠎ᠡ ᠵᠣᠬᠢᠴᠠᠩᠭᠤᠢ ᠣᠶᠢᠯᠠᠭᠠᠭᠳᠠᠬᠤᠨ ᠢ ᠤᠯᠠᠮᠵᠢᠯᠠᠵᠤ ᠪᠠᠶᠢᠳᠠᠭ᠂ ᠳᠤᠮᠳᠠᠳᠤ ᠤᠯᠤᠰ ᠲᠤ ᠭᠠᠳᠠᠭᠰᠢ ᠲᠦᠷᠢᠮᠡᠬᠡᠶᠢᠯᠡᠨ ᠲᠦᠷᠢᠬᠦ ᠭᠧᠨ ᠪᠠᠶᠢᠬᠤ ᠦᠭᠡᠢ ᠶᠤᠮ᠃ ᠳᠤᠮᠳᠠᠳᠤ ᠤᠯᠤᠰ ᠤᠨ ᠠᠷᠠᠳ ᠲᠦᠮᠡᠨ ᠣᠶᠢᠷ᠎ᠠ ᠦᠶ᠎ᠡ ᠠᠴᠠ ᠨᠠᠭᠠᠰᠢᠬᠢ ᠥᠪᠡᠷ ᠤᠨ ᠪᠡᠶ᠎ᠡ ᠳᠤᠨᠢ ᠲᠤᠯᠭᠠᠷᠠᠭᠰᠠᠨ ᠦᠢᠮᠡᠭᠡᠨ ᠳᠡᠪᠵᠢᠶᠡᠨ ᠪᠠ ᠭᠠᠰᠠᠯᠠᠩ ᠵᠣᠪᠠᠯᠠᠩ ᠢ ᠡᠭᠦᠷᠢᠳᠡ ᠮᠠᠷᠲᠠᠰᠢ ᠦᠭᠡᠢ ᠶᠤᠮ᠃ ᠪᠢ ᠦᠷᠭᠦᠯᠵᠢ᠂ ᠳᠤᠮᠳᠠᠳᠤ ᠤᠯᠤᠰ ᠤᠨ ᠠᠷᠠᠳ ᠲᠦᠮᠡᠨ ᠤ ᠡᠰᠡᠷᠭᠦᠴᠡᠵᠦ ᠪᠠᠶᠢᠭ᠎ᠠ ᠨᠢ ᠳᠠᠷᠤᠢ ᠳᠠᠶᠢᠨ ᠪᠠᠶᠢᠯᠳᠤᠭᠠᠨ ᠶᠤᠮ᠂ ᠱᠠᠭᠠᠷᠳᠠᠵᠤ ᠪᠠᠶᠢᠭ᠎ᠠ ᠨᠢ ᠲᠣᠭᠲᠠᠭᠤᠨ ᠪᠠᠶᠢᠳᠠᠯ ᠶᠤᠮ᠂ ᠬᠦᠰᠡᠵᠦ ᠪᠠᠶᠢᠭ᠎ᠠ ᠨᠢ ᠳᠡᠯᠡᠬᠡᠢ ᠳ᠋ᠠᠬᠢᠨ ᠠᠮᠤᠷ ᠲᠠᠶᠢᠪᠤᠩ ᠶᠤᠮ ᠭᠡᠵᠦ ᠬᠡᠯᠡᠳᠡᠭ ᠪᠢᠯᠡ᠃ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠡᠶᠡᠯᠡᠭᠳᠡᠯ ᠨᠢ ᠡᠩᠬᠡ ᠲᠠᠶᠢᠪᠤᠩ ᠲᠣᠭᠲᠠᠭᠤᠨ ᠳᠡᠯᠡᠬᠡᠢ ᠶᠢᠨ ᠣᠷᠴᠢᠨ ᠲᠣᠭᠤᠷᠢᠨ ᠠᠴᠠ ᠰᠠᠯᠵᠤ ᠴᠢᠳᠠᠬᠤ ᠦᠭᠡᠢ ᠶᠤᠮ᠃ ᠪᠢᠳᠡ ᠲᠠᠶᠢᠨ ᠪᠠᠶᠢᠯᠳᠤᠭᠠᠨ᠂ ᠺᠣᠯᠣᠨᠢᠴᠢᠯᠠᠯ᠂ ᠳᠡᠭᠡᠷᠡᠮᠳᠡᠯ᠂ ᠰᠦᠷᠳᠡᠭᠦᠯᠦᠯ ᠵᠡᠷᠭᠡ ᠠᠷᠭ᠎ᠠ ᠮᠠᠶ᠋ᠢᠭ ᠢᠶᠠᠷ ᠣᠳᠣᠬᠢᠴᠢᠯᠠᠯᠲᠠ ᠶᠢ ᠪᠡᠶᠡᠯᠡᠭᠦᠯᠬᠦ ᠬᠠᠭᠤᠴᠢᠨ ᠵᠠᠮ ᠢᠶᠠᠷ ᠶᠠᠭᠠᠬᠢᠭᠰᠠᠨ ᠴᠤ ᠵᠠᠮᠨᠠᠬᠤ ᠦᠭᠡᠢ᠃    ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠭᠠᠷᠤᠢ ᠵᠢᠯ ᠤᠨ ᠲᠤᠷᠰᠢ᠂ ᠳᠤᠮᠳᠠᠳᠤ ᠤᠯᠤᠰ ᠶᠠᠮᠠᠷ ᠴᠤ ᠲᠠᠶᠢᠨ ᠪᠠ ᠮᠥᠷᠭᠦᠯᠳᠦᠭᠡᠨ ᠢ ᠰᠠᠨᠠᠭᠠᠴᠢᠯᠠᠭ᠎ᠠ ᠠᠴᠠ ᠪᠠᠨ ᠥᠳᠥᠭᠡᠭᠰᠡᠨ ᠦᠭᠡᠢ᠂ ᠪᠤᠰᠤᠳ ᠤᠯᠤᠰ ᠤᠨ ᠢᠮᠠᠬᠤ ᠶᠢᠨ ᠲᠡᠳᠦᠢ ᠭᠠᠵᠠᠷ ᠰᠢᠷᠣᠢ ᠶᠢ ᠴᠤ ᠲᠦᠷᠢᠮᠡᠬᠡᠶᠢᠯᠡᠨ ᠡᠵᠡᠯᠡᠭᠰᠡᠨ ᠦᠭᠡᠢ᠂ ᠡᠩᠬᠡ ᠲᠠᠶᠢᠪᠤᠩ ᠬᠥᠭᠵᠢᠯᠲᠡ ᠶᠢ ᠦᠨᠳᠦᠰᠦᠨ ᠬᠠᠤᠯᠢ ᠪᠠ ᠲᠦᠷᠦ ᠪᠠᠷᠢᠭᠴᠢ ᠨᠠᠮ ᠤᠨ ᠨᠠᠮ ᠤᠨ ᠳᠦᠷᠢᠮ ᠳᠤ ᠪᠢᠴᠢᠨ ᠣᠷᠣᠭᠤᠯᠵᠤ᠂ ᠤᠯᠤᠰ ᠤᠨ ᠵᠣᠷᠢᠭ ᠰᠠᠨᠠᠭ᠎ᠠ ᠳᠤ ᠭᠦᠷᠳᠡᠯ᠎ᠡ ᠳᠡᠭᠡᠭᠰᠢᠯᠡᠭᠦᠯᠦᠭᠰᠡᠨ ᠴᠤᠷ ᠤᠨ ᠭᠠᠭᠴᠠ ᠲᠣᠮᠣ ᠤᠯᠤᠰ ᠪᠤᠯᠬᠤ ᠶᠤᠮ᠃ ᠳᠤᠮᠳᠠᠳᠤ ᠤᠯᠤᠰ ᠪᠣᠯ ᠤᠳᠤ ᠶᠢᠨ ᠬᠡᠷᠡᠭᠵᠢᠭᠦᠯᠵᠦ ᠪᠠᠶᠢᠭ᠎ᠠ ᠤᠯᠠᠨ ᠤᠯᠤᠰ ᠤᠨ ᠡᠮᠬᠢ ᠵᠢᠷᠤᠮ ᠤᠨ ᠠᠰᠢᠭ ᠭᠦᠷᠳᠡᠭᠴᠢ ᠪᠠ ᠬᠠᠮᠠᠭᠠᠯᠠᠭᠴᠢ ᠮᠥᠨ᠃ ᠪᠢᠳᠡ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠢ ᠡᠷᠡᠰ ᠬᠠᠮᠠᠭᠠᠯᠠᠵᠤ᠂ ᠤᠯᠠᠨ ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠵᠢᠷᠤᠮ ᠢ ᠬᠠᠮᠠᠭᠠᠯᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠪᠠ ᠵᠠᠷᠴᠢᠮ ᠢᠶᠠᠷ ᠰᠠᠭᠤᠷᠢ ᠪᠤᠯᠭᠠᠬᠰᠠᠨ ᠤᠯᠠᠨ ᠤᠯᠤᠰ ᠤᠨ ᠬᠠᠷᠢᠯᠴᠠᠭᠠᠨ ᠤ ᠦᠨᠳᠦᠰᠦᠨ ᠪᠠᠷᠢᠮᠵᠢᠶ᠎ᠠ ᠶᠢ ᠬᠠᠮᠠᠭᠠᠯᠠᠨ᠎ᠠ᠃ ᠬᠤᠶᠢᠰᠢᠳᠠ ᠶᠠᠮᠠᠷ ᠬᠡᠮᠵᠢᠶᠡᠨ ᠳᠤ ᠭᠦᠷᠲᠡᠯ᠎ᠡ ᠬᠥᠭᠵᠢᠭᠰᠡᠨ ᠴᠦ ᠪᠢᠳᠡ ᠬᠡᠵᠢᠶᠡᠳᠡ ᠡᠵᠡᠷᠬᠡᠭᠴᠢ ᠪᠤᠯᠬᠤ ᠦᠭᠡᠢ᠂ ᠭᠠᠳᠠᠭᠰᠢ ᠲᠦᠷᠢᠮᠡᠬᠡᠶᠢᠯᠡᠬᠦ ᠦᠭᠡᠢ᠂ ᠪᠤᠰᠤᠳ ᠲᠤ ᠠᠯᠪᠠ ᠪᠠᠷ ᠲᠤᠯᠭᠠᠬᠤ ᠦᠭᠡᠢ᠂ ᠡᠷᠬᠡᠰᠢᠶᠡᠯ ᠤᠨ ᠬᠦᠷᠢᠶ᠎ᠡ ᠶᠢ ᠬᠥᠭᠡᠭᠡᠴᠡᠯᠳᠦᠬᠦ ᠦᠭᠡᠢ᠂ ᠶᠠᠮᠠᠷᠪᠠ ᠤᠯᠤᠰ ᠲᠠᠢ ᠬᠦᠢᠲᠡᠨ ᠳᠠᠶᠢᠨ ᠬᠠᠯᠠᠭᠤᠨ ᠳᠠᠶᠢᠨ ᠬᠢᠬᠦ ᠦᠭᠡᠢ᠃ ᠳᠤᠮᠳᠠᠳᠤ ᠤᠯᠤᠰ ᠶᠠᠷᠢᠯᠴᠠᠭ᠎ᠠ ᠬᠢᠬᠦ ᠠᠴᠠ ᠪᠢᠰᠢ ᠡᠰᠡᠷᠭᠦᠴᠡᠯᠳᠦᠬᠦ ᠦᠭᠡᠢ᠂ ᠬᠠᠨᠢᠲᠠᠨ ᠪᠤᠯᠬᠤ ᠠᠴᠠ ᠪᠢᠰᠢ ᠬᠤᠯᠪᠤᠭ᠎ᠠ ᠪᠠᠶᠢᠭᠤᠯᠬᠤ ᠦᠭᠡᠢ ᠶᠢ ᠪᠠᠷᠢᠮᠲᠠᠯᠠᠵᠤ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠨᠡᠭᠡᠭᠡᠯᠲᠡᠲᠤ ᠪᠠᠶᠢᠯᠳᠤᠬᠤ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃ ᠳᠤᠮᠳᠠᠳᠤ ᠤᠯᠤᠰ ᠤᠨ ᠬᠥᠭᠡᠭᠡᠴᠡᠯᠳᠦᠵᠦ ᠪᠠᠶᠢᠭ᠎ᠠ ᠨᠢ ᠬᠤᠪᠢ ᠪᠠᠨ ᠪᠤᠳᠤᠭᠠᠳ ᠪᠤᠰᠤᠳ ᠢ ᠬᠠᠶᠢᠬᠤᠷᠬᠤ ᠦᠭᠡᠢ ᠣᠳᠣᠬᠢᠴᠢᠯᠠᠯᠲᠠ ᠪᠢᠰᠢ᠂ ᠳᠤᠷᠠᠲᠠᠶ᠎ᠠ ᠡᠯ᠎ᠡ ᠤᠯᠤᠰ ᠲᠠᠢ ᠬᠠᠮᠲᠤ ᠪᠠᠷ ᠡᠩᠬᠡ ᠲᠠᠶᠢᠪᠤᠩ ᠬᠥᠭᠵᠢᠯᠲᠡ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ᠂ ᠬᠠᠮᠲᠤ ᠪᠠᠷ ᠴᠡᠴᠡᠭᠯᠡᠨ ᠬᠥᠭᠵᠢᠭᠰᠡᠨ ᠳᠡᠯᠡᠬᠡᠢ ᠶᠢᠨ ᠣᠳᠣᠬᠢᠴᠢᠯᠠᠯᠲᠠ ᠶᠢ ᠪᠡᠶᠡᠯᠡᠭᠦᠯᠵᠦ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ︕    ᠠᠪᠠᠭ᠋ᠠᠢ ᠨᠠᠷ᠂ ᠠᠪᠤᠭᠠᠢ ᠨᠠᠷ᠂ ᠨᠠᠶᠢᠵᠠ ᠨᠠᠷ ᠠ᠋︕    ᠲᠡᠦᠬᠡ ᠶᠢᠨ ᠤᠷᠳᠤ ᠮᠥᠷᠡᠨ ᠤ ᠳᠠᠪᠠᠯᠭᠠᠨ ᠠᠴᠠ ᠡᠯᠡᠰᠦ ᠶᠢ ᠲᠤᠩᠭᠠᠬᠤ ᠳᠤ ᠡᠴᠦᠰ ᠲᠡᠭᠡᠨ ᠲᠤᠨᠤᠵᠤ ᠦᠯᠡᠳᠡᠭᠰᠡᠨ ᠨᠢ ᠶᠡᠷᠦ ᠨᠢ ᠬᠠᠮᠤᠭ ᠤᠨ ᠦᠨ᠎ᠡ ᠦᠷᠳᠡᠭ ᠲᠠᠢ ᠵᠦᠢᠯ ᠪᠣᠯᠣᠨ᠎ᠠ᠃ ᠪᠠᠶᠢᠳᠠᠯ ᠶᠠᠭᠠᠬᠢᠵᠤ ᠬᠤᠪᠢᠷᠠᠭᠰᠠᠨ ᠴᠤ ᠳᠤᠮᠳᠠᠳᠤ ᠠᠮᠧᠷᠢᠺᠠ ᠶᠢᠨ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠡᠦᠬᠡ ᠶᠢᠨ ᠯᠣᠭᠢᠭ ᠬᠤᠪᠢᠷᠠᠬᠤ ᠦᠭᠡᠢ᠂ ᠬᠤᠶᠠᠷ ᠤᠯᠤᠰ ᠤᠨ ᠠᠷᠠᠳ ᠲᠦᠮᠡᠨ ᠤ ᠰᠣᠯᠢᠯᠴᠠᠭ᠎ᠠ ᠬᠠᠮᠲᠤᠷᠠᠯᠴᠠᠭ᠎ᠠ ᠶᠢᠨ ᠦᠨᠳᠦᠰᠦᠨ ᠬᠦᠰᠡᠯ ᠡᠷᠡᠮᠡᠯᠵᠡᠯ ᠬᠤᠪᠢᠷᠠᠬᠤ ᠦᠭᠡᠢ᠂ ᠳᠡᠯᠡᠬᠡᠢ ᠶᠢᠨ ᠠᠷᠠᠳ ᠲᠦᠮᠡᠨ ᠤ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠲᠣᠭᠲᠠᠭᠤᠨ ᠬᠥᠭᠵᠢᠯᠲᠡ ᠳᠤ ᠲᠠᠯᠪᠢᠵᠤ ᠪᠠᠶᠢᠭ᠎ᠠ ᠨᠡᠶᠢᠳᠡᠮ ᠤᠨ ᠬᠦᠰᠡᠯ ᠡᠷᠡᠮᠡᠯᠵᠡᠯ ᠬᠤᠪᠢᠷᠠᠬᠤ ᠦᠭᠡᠢ ᠶᠤᠮ᠃ ᠶᠠᠮᠠᠷᠪᠠ ᠨᠢᠭᠡᠨ ᠠᠭᠤᠤ ᠶᠡᠭᠡ ᠦᠢᠯᠡᠰ ᠢ ᠪᠦᠲᠦᠭᠡᠬᠦ ᠳᠤ ᠴᠥᠮ ᠡᠷᠬᠡᠪᠰᠢ ᠠᠷᠠᠳ ᠲᠦᠮᠡᠨ ᠤ ᠳᠤᠮᠳᠠ ᠠᠴᠠ ᠦᠨᠳᠦᠰᠦ ᠰᠠᠭᠤᠷᠢ ᠶᠢ ᠣᠯᠵᠤ᠂ ᠠᠷᠠᠳ ᠲᠦᠮᠡᠨ ᠤ ᠳᠤᠮᠳᠠ ᠠᠴᠠ ᠬᠦᠴᠦᠨ ᠬᠤᠷᠠᠮᠳᠤᠭᠤᠯᠵᠤ᠂ ᠠᠷᠠᠳ ᠲᠦᠮᠡᠨ ᠬᠠᠮᠲᠤ ᠪᠠᠷ ᠪᠡᠶᠡᠯᠡᠭᠦᠯᠳᠡᠭ᠃ ᠳᠤᠮᠳᠠᠳᠤ ᠠᠮᠧᠷᠢᠺᠠ ᠶᠢᠨ ᠨᠥᠬᠦᠷᠯᠡᠯ ᠪᠣᠯ ᠳᠠᠷᠤᠢ ᠡᠶᠢᠮᠦ ᠨᠢᠭᠡᠨ ᠠᠭᠤᠤ ᠶᠡᠭᠡ ᠦᠢᠯᠡᠰ ᠮᠥᠨ᠃ ᠪᠢᠳᠠ ᠬᠤᠶᠠᠷ ᠤᠯᠤᠰ ᠤᠨ ᠠᠷᠠᠳ ᠲᠦᠮᠡᠨ ᠤ ᠬᠦᠴᠦᠨ ᠢ ᠨᠢᠭᠲᠠᠷᠠᠭᠤᠯᠵᠤ᠂ ᠳᠤᠮᠳᠠᠳᠤ ᠠᠮᠧᠷᠢᠺᠠ ᠶᠢᠨ ᠨᠥᠬᠦᠷᠯᠡᠯ ᠢ ᠦᠷᠭᠦᠯᠵᠢᠯᠡᠭᠦᠯᠵᠦ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢ ᠠᠬᠢᠭᠤᠯᠵᠤ᠂ ᠳᠡᠯᠡᠬᠡᠢ ᠶᠢᠨ ᠡᠩᠬᠡ ᠲᠠᠶᠢᠪᠤᠩ ᠪᠠ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠪᠠᠷ ᠴᠢᠷᠮᠠᠶᠢᠵᠠᠭᠠᠶ᠎ᠠ︕    ︵ᠰᠢᠨᠬᠤᠸᠠ ᠬᠤᠷᠢᠶ᠎ᠠ ᠶᠢᠨ ᠰᠠᠨ ᠹᠷᠠᠨᠰᠢᠰᠺᠤ ᠶᠢᠨ 11 ᠰᠠᠷ᠎ᠠ ᠶᠢᠨ 15 ᠤ ᠴᠠᠭᠢᠯᠭᠠᠨ ᠮᠡᠳᠡᠭᠡ︶ 
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号