ᠬᠥᠬᠡᠬᠤᠲᠠ ᠶᠢᠨ ᠬᠢᠨ 4 ᠳ᠋ᠦ᠋ᠭᠡᠷ ᠰᠠᠷ᠎ᠠ ᠶᠢᠨ 29 ᠤ ᠡᠳᠦᠷ ᠠᠴᠠ ᠡᠭᠦᠳᠡᠨ ᠡᠮᠨᠡᠯᠭᠡ ᠶᠢᠨ ᠪᠠᠶᠢᠴᠠᠭᠠᠨ | ᠤᠨᠤᠰᠢᠯᠠᠬᠰᠠᠨ ᠵᠠᠷᠤᠳᠠᠯ ︵ᠳ᠋ᠤᠭᠠᠷ ᠠᠪᠬᠤ ᠵᠠᠷᠤᠳᠠᠯ︶ ᠢ ᠲᠤᠬᠢᠷᠠᠭᠤᠯᠤᠬᠰᠠᠨ ᠤ ᠬᠠᠮᠲᠤ ᠡᠮᠴᠢᠯᠡᠭᠡᠨ ᠤ | ᠳᠠᠭᠠᠳᠬᠠᠯ ᠤᠨ ᠲᠠᠩᠰᠠ ᠲᠠᠶᠢᠯᠬᠤ ᠬᠡᠪᠴᠢᠶᠡᠨ ᠳᠤ ᠣᠷᠣᠭᠤᠯᠵᠠᠢ᠃ ᠡᠩ ᠤᠨ ᠳ᠋ᠤᠭᠠᠷ ᠠᠪᠬᠤ ᠵᠠᠷᠤᠳᠠᠯ᠂ ᠳᠡᠳ᠋ | ᠡᠷᠬᠢᠯᠡᠭᠴᠢ ᠡᠮᠴᠢ ᠶᠢᠨ ᠳ᠋ᠤᠭᠠᠷ ᠠᠪᠬᠤ ᠵᠠᠷᠤᠳᠠᠯ᠂ ᠡᠷᠬᠢᠯᠡᠭᠴᠢ ᠡᠮᠴᠢ ᠶᠢᠨ ᠳ᠋ᠤᠭᠠᠷ ᠠᠪᠬᠤ ᠵᠠᠷᠤᠳᠠᠯ ᠢ ᠲᠣᠰ ᠪᠦᠷᠢ | 15 ᠲᠥᠭᠦᠷᠢᠭ / ᠤᠳᠠᠭ᠎ᠠ᠂ 20 ᠲᠥᠭᠦᠷᠢᠭ / ᠤᠳᠠᠭ᠎ᠠ᠂ 30 ᠲᠥᠭᠦᠷᠢᠭ / ᠤᠳᠠᠭ᠎ᠠ ᠪᠤᠯᠭᠠᠪᠠ᠃ ᠲᠦᠷᠭᠡᠨ | ᠡᠮᠨᠡᠯᠭᠡ ᠶᠢᠨ ᠳ᠋ᠤᠭᠠᠷ ᠠᠪᠬᠤ ᠵᠠᠷᠤᠳᠠᠯ ᠢ ᠪᠠᠭᠲᠠᠭᠠᠭᠰᠠᠨ ᠡᠭᠦᠳᠡᠨ ᠡᠮᠨᠡᠯᠭᠡ ᠶᠢᠨ ᠳ᠋ᠤᠭᠠᠷ ᠠᠪᠬᠤ ᠵᠠᠷᠤᠳᠠᠯ ᠢ | ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠬᠤ ᠬᠡᠪᠴᠢᠶᠡᠨ ᠳᠤ ᠣᠷᠣᠭᠤᠯᠤᠭᠰᠠᠨ ᠪᠥᠭᠡᠳ ᠬᠤᠪᠢ ᠬᠦᠮᠦᠨ ᠤ | ᠡᠭᠦᠷᠭᠡᠯᠡᠬᠦ ᠵᠠᠷᠤᠳᠠᠯ ᠤᠨ ᠬᠢᠵᠠᠭᠠᠷ ᠳᠣᠬᠢᠷᠠᠭᠤᠯᠬᠤ ᠦᠭᠡᠢ᠂ 80% ᠶᠢᠨ ᠬᠠᠷᠢᠴᠠᠯ ᠢᠶᠠᠷ ᠲᠥᠯᠥᠨ᠎ᠡ᠃ ᠲᠦᠷᠭᠡᠨ | ᠡᠮᠨᠡᠯᠭᠡ ᠶᠢᠨ ᠳ᠋ᠤᠭᠠᠷ ᠠᠪᠬᠤ ᠵᠠᠷᠤᠳᠠᠯ ᠢ ᠪᠠᠭᠲᠠᠭᠠᠭᠰᠠᠨ ᠡᠭᠦᠳᠡᠨ ᠡᠮᠨᠡᠯᠭᠡ ᠶᠢᠨ ᠳ᠋ᠤᠭᠠᠷ ᠠᠪᠬᠤ ᠵᠠᠷᠤᠳᠠᠯ ᠢ | ᠣᠳᠣᠬᠠᠨ ᠳᠤ ᠵᠥᠪᠬᠡᠨ ᠬᠥᠮᠥᠨ ᠤ ᠬᠦᠴᠦᠨ ᠤ ᠦᠢᠯᠡᠴᠢᠯᠡᠭᠡᠨ ᠤ ᠴᠤᠩᠬᠤᠪᠴᠢ ᠪᠠᠷ ᠳ᠋ᠤᠭᠠᠷ ᠠᠪᠬᠤ | ᠦᠶᠡᠰ ᠲᠤ ᠪᠠᠨ ᠵᠡᠷᠭᠡ ᠳᠤ ᠨᠢ ᠲᠠᠩᠰᠠ ᠳᠡᠶᠢᠯᠵᠦ ᠪᠣᠯᠣᠨ᠎ᠠ᠂ ᠳ᠋ᠤᠭᠠᠷᠯᠠᠭᠰᠠᠨ ᠤ ᠳᠠᠷᠠᠭ᠎ᠠ ᠨᠥᠬᠦᠵᠦ ᠲᠠᠩᠰᠠ | ᠳᠡᠶᠢᠯᠵᠦ ᠪᠣᠯᠬᠤ ᠦᠭᠡᠢ᠃ ᠡᠭᠦᠳᠡᠨ ᠡᠮᠨᠡᠯᠭᠡ ᠶᠢᠨ ᠳ᠋ᠤᠭᠠᠷᠯᠠᠭᠰᠠᠨ ᠵᠠᠷᠤᠳᠠᠯ ᠢ ᠲᠠᠩᠰᠠ ᠲᠠᠶᠢᠯᠬᠤ ᠦᠶ᠎ᠡ ᠳᠤ | ᠡᠪᠡᠳᠴᠢᠲᠡᠨ ᠪᠡᠶ᠎ᠡ ᠶᠢᠨ ᠦᠨᠡᠮᠯᠡᠯ ᠪᠤᠶᠤ ᠡᠮᠴᠢᠯᠡᠭᠡᠨ ᠤ ᠳᠠᠭᠠᠳᠬᠠᠯ ᠤᠨ ᠺᠠᠷᠲ ᠡᠰᠡᠬᠦᠯ᠎ᠡ ᠡᠮᠴᠢᠯᠡᠭᠡᠨ ᠤ | ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠬᠠᠩᠭᠠᠬᠤ ᠬᠡᠷᠡᠭᠲᠡᠢ᠃ ᠡᠪᠡᠳᠴᠢᠲᠡᠨ ᠡᠳᠡᠬᠡᠷ ᠭᠡᠷᠡᠴᠢ | ᠪᠠᠷᠢᠮᠲᠠ ᠶᠢ ᠬᠠᠩᠭᠠᠵᠤ ᠳᠡᠶᠢᠯᠬᠦ ᠦᠭᠡᠢ ᠪᠣᠯ ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠵᠤ ᠳᠡᠶᠢᠯᠬᠦ ᠦᠭᠡᠢ᠃ | ᠡᠨᠡ ᠬᠦ ᠡᠭᠦᠳᠡᠨ ᠡᠮᠨᠡᠯᠭᠡ ᠶᠢᠨ ᠪᠠᠶᠢᠴᠠᠭᠠᠨ ᠤᠨᠤᠰᠢᠯᠠᠬᠰᠠᠨ ᠵᠠᠷᠤᠳᠠᠯ ︵ᠳ᠋ᠤᠭᠠᠷ ᠠᠪᠬᠤ ᠵᠠᠷᠤᠳᠠᠯ︶ ᠢ | ᠲᠠᠩᠰᠠ ᠲᠠᠶᠢᠯᠬᠤ ᠨᠢ ᠵᠥᠪᠬᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠲᠠᠨ ᠠᠵᠢᠯᠴᠢᠳ | ᠪᠠ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠡᠪᠡᠳᠴᠢᠲᠠᠳ ᠲᠤ ᠬᠠᠨᠳᠤᠭᠤᠯᠵᠤ᠂ | ᠵᠠᠷᠤᠳᠠᠯ ᠢᠶᠠᠨ ᠬᠤᠪᠢ ᠪᠠᠷ ᠢᠶᠠᠨ ᠲᠥᠯᠥᠭᠰᠡᠨ ᠡᠪᠡᠳᠴᠢᠲᠠᠨ ᠪᠠ ᠪᠤᠰᠤᠳ ᠮᠤᠵᠢ ᠬᠤᠲᠠ ᠶᠢᠨ ᠡᠮᠴᠢᠯᠡᠭᠡᠨ ᠤ | ᠳᠠᠭᠠᠳᠬᠠᠯ ᠳᠤ ᠣᠷᠣᠯᠴᠠᠭᠰᠠᠨ ᠡᠪᠡᠳᠴᠢᠲᠠᠨ ᠳᠤ ᠲᠣᠰ ᠲᠠᠩᠰᠠ ᠲᠠᠶᠢᠯᠬᠤ ᠲᠥᠷᠥ ᠶᠢᠨ ᠪᠣᠳᠣᠯᠭ᠎ᠠ ᠶᠢ ᠬᠦᠷᠲᠡᠭᠡᠬᠦ | ᠦᠭᠡᠢ᠃ ᠣᠳᠣᠬᠠᠨ ᠳᠤ ᠬᠥᠬᠡᠬᠤᠲᠠ ᠶᠢᠨ ᠢᠨᠲ᠋ᠧᠷ ᠰᠦᠯᠵᠢᠶᠡᠨ ᠤ ᠰᠢᠰᠲ᠋ᠧᠮ ︵ᠸᠢᠴᠠᠲ᠂ ᡁᠢ ᠹᠦ᠋ ᠪᠣᠤ᠂ | App᠂ ᠥᠪᠡᠰᠦᠪᠡᠨ ᠦᠢᠯᠡᠴᠢᠯᠡᠬᠦ ᠮᠠᠰᠢᠨ︶ ᠢᠶᠠᠷ ᠳ᠋ᠤᠭᠠᠷ ᠠᠪᠬᠤ ᠳᠤ ᠮᠥᠨ ᠤᠤᠯ ᠤᠨ ᠦᠨ᠎ᠡ ᠶᠢ ᠲᠦᠷ | ᠬᠡᠷᠡᠭᠵᠢᠭᠦᠯᠦᠨ᠎ᠡ᠂ ᠰᠦᠯᠵᠢᠶᠡᠨ ᠳᠡᠭᠡᠷ᠎ᠡ ᠳ᠋ᠤᠭᠠᠷᠯᠠᠭᠰᠠᠨ ᠡᠪᠡᠳᠴᠢᠲᠡᠨ ᠤ ᠡᠭᠦᠳᠡᠨ ᠡᠮᠨᠡᠯᠭᠡ ᠶᠢᠨ ᠪᠠᠶᠢᠴᠠᠭᠠᠨ | ᠤᠨᠤᠰᠢᠯᠠᠬᠰᠠᠨ ᠵᠠᠷᠤᠳᠠᠯ ︵ᠳ᠋ᠤᠭᠠᠷ ᠠᠪᠬᠤ ᠵᠠᠷᠤᠳᠠᠯ︶ ᠢ ᠲᠠᠩᠰᠠ ᠲᠠᠶᠢᠯᠵᠤ ᠥᠭᠬᠦ ᠦᠭᠡᠢ᠃ | | |