ᠳᠤᠮᠳᠠᠳᠤ ᠤᠯᠤᠰ ᠤᠨ ᠮᠣᠩᠭᠤᠯ ᠰᠡᠳᠭᠦᠯ ᠤᠨ ᠬᠢᠨ ᠤ ︽ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ ᠰᠢᠨ᠎ᠡ ᠴᠠᠭ ᠡᠷᠢᠨ ᠳᠤ ᠰᠢᠨ᠎ᠡ ᠵᠢᠳᠭᠦᠯ ᠦᠵᠡᠭᠦᠯᠰᠦᠭᠡᠢ︾  ᠬᠡᠮᠡᠬᠦ ᠭᠤᠤᠯ ᠰᠡᠳᠦᠪᠲᠦ ᠪᠣᠯᠪᠠᠰᠤᠷᠠᠯ ᠪᠠ 37 ᠳ᠋ᠤᠭᠠᠷ ᠬᠤᠭᠤᠴᠠᠭᠠᠨ ᠤ ᠣᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/11/22
    ᠳᠤᠮᠳᠠᠳᠤ ᠤᠯᠤᠰ ᠤᠨ ᠮᠣᠩᠭᠤᠯ ᠰᠡᠳᠭᠦᠯ ᠤᠨ ᠬᠢᠨ ᠤ ︽ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ ᠰᠢᠨ᠎ᠡ ᠴᠠᠭ ᠡᠷᠢᠨ ᠳᠤ ᠰᠢᠨ᠎ᠡ ᠵᠢᠳᠭᠦᠯ ᠦᠵᠡᠭᠦᠯᠰᠦᠭᠡᠢ︾ ᠭᠤᠤᠯ ᠰᠡᠳᠦᠪᠲᠦ ᠪᠣᠯᠪᠠᠰᠤᠷᠠᠯ ᠪᠠ  37 ᠳ᠋ᠤᠭᠠᠷ ᠬᠤᠭᠤᠴᠠᠭᠠᠨ ᠤ ᠣᠨ ᠤ ᠬᠤᠷᠠᠯ 2023 ᠣᠨ 8 ᠳ᠋ᠤᠭᠠᠷ ᠰᠠᠷ᠎ᠠ ᠶᠢᠨ 11—13 ᠤ ᠡᠳᠦᠷ ᠰᠢᠯᠢ ᠶᠢᠨ ᠭᠤᠤᠯ ᠠᠶᠢᠮᠠᠭ ᠤᠨ ᠠᠪᠠᠭ᠎ᠠ ᠬᠤᠰᠢᠭᠤᠨ ᠤ ᠪᠡᠯᠭᠦᠳᠡᠢ ᠪᠠᠯᠭᠠᠰᠤᠨ ᠳᠤ  ᠶᠠᠪᠤᠭᠳᠠᠯ᠎ᠠ᠃ ᠲᠤᠰ ᠬᠤᠷᠠᠯ  ᠢ ᠳᠤᠮᠳᠠᠳᠤ ᠤᠯᠤᠰ ᠤᠨ ᠮᠣᠩᠭᠤᠯ ᠰᠡᠳᠬᠦᠯ ᠰᠣᠳᠤᠯᠬᠤ ᠬᠤᠷᠠᠯ᠂ ᠥᠪᠥᠷ ᠮᠣᠩᠭᠤᠯ ᠤᠨ ᠮᠣᠩᠭᠤᠯ ᠰᠡᠳᠬᠦᠯ ᠰᠣᠳᠤᠯᠬᠤ ᠬᠤᠷᠠᠯ ᠤᠨ ᠬᠢᠨ ᠭᠤᠤᠯᠯᠠᠨ ᠡᠷᠭᠢᠯᠡᠵᠦ᠂ ᠰᠢᠯᠢ ᠶᠢᠨ ᠭᠤᠤᠯ ᠠᠶᠢᠮᠠᠭ ᠤᠨ ᠠᠪᠠᠭ᠎ᠠ ᠬᠤᠰᠢᠭᠤᠨ ᠤ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠠᠪᠠᠭ᠎ᠠ ᠬᠤᠰᠢᠭᠤᠨ ᠤ ᠤᠳᠬ᠎ᠠ ᠤᠷᠠᠯᠢᠭ  ᠤᠨ ᠬᠢᠨ ᠤ ᠬᠤᠯᠪᠣᠭ᠎ᠠ ᠶᠢᠨ ᠬᠢᠨ ᠳᠠᠭᠠᠭᠠᠴᠢᠯᠠᠨ ᠡᠷᠬᠢᠯᠡᠪᠡ᠃ ᠠᠪᠠᠭ᠎ᠠ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠭᠠᠩᠴᠣᠭᠲᠤ᠂ ᠠᠪᠠᠭ᠎ᠠ ᠬᠤᠰᠢᠭᠤᠨ ᠤ ᠰᠣᠶᠣᠯ ᠪᠡᠶ᠎ᠡ ᠲᠠᠮᠢᠷ ᠵᠢᠭᠤᠯᠴᠢᠯᠠᠯ  ᠷᠠᠳᠢᠣ᠋ ᠲᠧᠯᠸᠢᠰ ᠤᠨ ᠲᠣᠪᠴᠢᠶ᠎ᠠ ᠶᠢᠨ ᠲᠣᠪᠴᠢᠶᠠᠨ ᠳᠠᠷᠤᠭ᠎ᠠ ᠬᠠᠰᠪᠠᠭᠠᠨ᠎ᠠ ᠵᠡᠷᠭᠡ ᠤᠳᠤᠷᠢᠳᠤᠯᠭ᠎ᠠ ᠪᠣᠯᠤᠨ ᠲᠠᠯᠠᠭᠠᠳ ᠰᠡᠳᠬᠦᠯᠴᠢ ᠬᠤᠷᠠᠯ ᠳᠤ ᠣᠷᠤᠯᠴᠠᠪᠠ᠃    ᠬᠤᠷᠠᠯ ᠳᠡᠭᠡᠷ᠎ᠡ ᠠᠪᠠᠭ᠎ᠠ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠭᠠᠩᠴᠣᠭᠲᠤ  ᠤᠭᠲᠤᠯᠭ᠎ᠠ ᠶᠢᠨ ᠶᠠᠷᠢᠶ᠎ᠠ ᠲᠠᠯᠪᠢᠵᠤ᠂  ᠦᠪᠦᠷ ᠮᠤᠩᠭᠤᠯ ᠤᠨ ᠮᠣᠩᠭᠤᠯ ᠰᠡᠳᠭᠦᠯ ᠰᠣᠳᠤᠯᠬᠤ ᠬᠤᠷᠠᠯ ᠤᠨ ᠳᠠᠷᠤᠭ᠎ᠠ᠂ ᠥᠪᠥᠷ ᠮᠣᠩᠭᠤᠯ ᠤᠨ ᠵᠢᠷᠤᠭᠲᠤ ᠰᠡᠳᠭᠦᠯ ᠤᠨ ᠬᠤᠷᠢᠶ᠎ᠠ ᠶᠢᠨ ᠬᠤᠷᠢᠶᠠᠨ ᠳᠠᠷᠤᠭ᠎ᠠ ᠪᠠᠶᠠᠨᠪᠤᠯᠠᠭ ᠰᠣᠳᠤᠯᠬᠤ ᠬᠤᠷᠠᠯ ᠤᠨ ᠠᠵᠢᠯ  ᠢ ᠳ᠋ᠦᠩᠨᠠᠪᠠ᠃ ᠲᠤᠰ  ᠪᠤᠯᠪᠠᠰᠤᠷᠠᠯ ᠳᠤ ︽ᠦᠨᠳᠦᠰᠦᠲᠡᠨ ᠤ ᠤᠳᠬ᠎ᠠ ᠵᠣᠬᠢᠶᠠᠯ︾ ᠰᠡᠳᠭᠦᠯ ᠤᠨ ᠨᠠᠶᠢᠷᠠᠭᠤᠯᠤᠭᠴᠢ ᠶᠦᠩ ᠬᠤᠸᠠ ︽ᠡᠬᠡ ᠪᠢᠴᠢᠭ ᠨᠠᠶᠢᠷᠠᠭᠤᠯᠬᠤ ᠶᠠᠪᠤᠴᠠ ᠳᠤ ᠪᠠᠨ ᠦᠵᠡᠯ ᠤᠬᠠᠮᠰᠠᠷ ᠤᠨ ᠠᠰᠠᠭᠤᠳᠠᠯ ᠢ ᠬᠡᠷᠬᠢᠨ ᠰᠢᠢᠳᠪᠤᠷᠢᠯᠡᠬᠦ ᠪᠤᠢ︾ ᠰᠡᠳᠤᠪ  ᠢᠶᠠᠷ᠂ ︽ᠳᠤᠮᠳᠠᠳᠤ ᠤᠯᠤᠰ ᠤᠨ ᠮᠣᠩᠭᠤᠯ ᠰᠣᠳᠤᠯᠤᠯ︾ ᠰᠡᠳᠭᠦᠯ ᠤᠨ ᠶᠡᠷᠦᠩᠬᠡᠢ ᠨᠠᠶᠢᠷᠠᠭᠤᠯᠤᠭᠴᠢ ᠰᠠᠷᠠᠨ᠎ᠠ ︽ᠦᠷᠭᠦᠯᠵᠢ ᠳᠣᠬᠢᠶᠠᠯᠳᠤᠬᠤ ᠨᠠᠶᠢᠷᠠᠭᠤᠯᠭ᠎ᠠ ᠬᠠᠷᠭᠤᠭᠤᠯᠭ᠎ᠠ ᠶᠢᠨ ᠠᠯᠳᠠᠭ᠎ᠠ ᠵᠢᠴᠢ ᠰᠢᠢᠳᠪᠦᠷᠢᠯᠡᠬᠦ ᠠᠷᠭ᠎ᠠ︾ ᠰᠡᠳᠤᠪ  ᠢᠶᠠᠷ ᠢᠯᠡᠳᠭᠡᠯ  ᠬᠢᠵᠦ᠂ ᠰᠡᠳᠬᠦᠯ ᠤᠨ ᠦᠵᠡᠯ ᠤᠬᠠᠮᠰᠠᠷ ᠤᠨ ᠬᠢᠨᠠᠯᠲᠠ ᠬᠢᠭᠡᠳ ᠨᠠᠶᠢᠷᠠᠭᠤᠯᠭ᠎ᠠ ᠶᠢᠨ ᠲᠦᠪᠰᠢᠨ ᠢ ᠲᠡᠭᠡᠭᠰᠢᠯᠡᠬᠦᠯᠬᠦ ᠠᠰᠠᠭᠤᠳᠠᠯ ᠤᠨ ᠲᠤᠭᠤᠷᠢᠨ ᠳᠤ ᠶᠠᠷᠢᠯᠴᠠᠭ᠎ᠠ ᠦᠷᠨᠢᠭᠦᠯᠪᠡ ᠃  ᠦᠪᠦᠷ ᠮᠤᠩᠭᠤᠯ ᠤᠨ ᠮᠤᠩᠭᠤᠯ ᠰᠡᠳᠬᠦᠯ ᠰᠣᠳᠤᠯᠬᠤ ᠬᠤᠷᠠᠯ ᠤᠨ ᠬᠢᠨ ᠠᠪᠠᠭ᠎ᠠ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠳᠤ ᠨᠣᠮ ᠰᠡᠳᠭᠦᠯ  ᠬᠠᠨᠳᠢᠪᠯᠠᠵᠦ᠂ ᠤᠷᠤᠨ ᠨᠤᠲᠤᠭ ᠤᠨ ᠰᠤᠶᠤᠯ ᠤᠨ ᠪᠦᠲᠦᠭᠡᠨ ᠪᠠᠶᠢᠭᠤᠯᠤᠯᠲᠠ ᠳᠤ ᠲᠤᠰᠠ ᠪᠤᠯᠬᠤ ᠶᠢ ᠵᠤᠷᠢᠯ᠎ᠠ ᠃  ᠬᠤᠷᠠᠯ ᠲᠡᠭᠡᠷ᠎ᠡ ᠦᠪᠦᠷ ᠮᠤᠩᠭᠤᠯ ᠤᠨ ᠵᠠᠯᠠᠭᠤᠴᠤᠳ ᠪᠠᠭᠠᠴᠤᠳ ᠤᠨ ᠦᠨᠳᠦᠰᠦᠲᠡᠨ ᠤ ᠪᠦᠯᠬᠦᠮᠳᠡᠯ ᠤᠨ ᠬᠦᠮᠦᠵᠢᠯ ᠦᠢᠯᠡᠳᠦᠯᠭᠡ ᠶᠢᠨ ᠲᠦᠪ ᠤᠨ ᠡᠷᠬᠢᠯᠡᠭᠴᠢ ᠡᠦ ᠶᠢᠨ ᠪᠤᠤ᠂ ︿ᠮᠤᠩᠭᠤᠯ ᠬᠡᠯᠡ ᠪᠢᠴᠢᠭ ᠰᠡᠳᠬᠦᠯ ᠤᠨ ᠶᠡᠷᠦᠩᠬᠡᠢ ᠨᠠᠶᠢᠷᠠᠭᠤᠯᠤᠭᠴᠢ ᠪᠠᠶᠠᠨᠴᠡᠴᠡᠭ ᠂ ︽ᠨᠡᠶᠢᠭᠡᠮ︾ ᠰᠡᠳᠬᠦᠯ ᠤᠨ ᠨᠠᠶᠢᠷᠠᠭᠤᠯᠤᠭᠴᠢ ᠡᠦ ᠬᠠᠢ ᠹᠧᠩ᠂ ︽ᠵᠢᠷᠢᠮ ᠤᠨ ᠤᠷᠠᠨ ᠵᠤᠬᠢᠶᠠᠯ︾ ᠰᠡᠳᠬᠦᠯ ᠤᠨ ᠨᠠᠶᠢᠷᠠᠭᠤᠯᠤᠭᠴᠢ  ᠪᠤᠤ ᠶᠢᠨ ᠱᠠᠨ᠂  ︽ᠴᠡᠴᠡᠭᠲᠦ ᠴᠠᠶᠢᠲᠠᠮ︾ ᠰᠡᠳᠬᠦᠯ ᠤᠨ ᠨᠠᠶᠢᠷᠠᠭᠤᠯᠤᠭᠴᠢ ᠲᠤᠩ ᠴᠤᠤᠷᠢᠶ᠎ᠠ ᠂ ︽ᠦᠨᠢᠷ ᠴᠡᠴᠡᠭ︾ ᠰᠡᠳᠬᠦᠯ ᠤᠨ ᠤᠤᠯ ᠤᠨ ᠨᠠᠶᠢᠷᠠᠭᠤᠯᠤᠭᠴᠢ ᠦᠭᠡᠯᠡᠳ ᠪᠠᠭᠠᠲᠤᠷ ᠵᠡᠷᠭᠡ  6  ᠬᠦᠮᠦᠨ  ᠢ  ᠭᠠᠪᠢᠶᠠᠲᠤ ᠨᠠᠶᠢᠷᠠᠭᠤᠯᠤᠭᠴᠢ ᠪᠠᠷ᠂  ︽ᠦᠷ ᠤᠨ ᠴᠤᠯᠮᠤᠨ︾ ᠰᠡᠳᠬᠦᠯ ᠤᠨ ᠳᠡᠳ᠋ ᠶᠡᠷᠦᠩᠬᠡᠢ ᠨᠠᠶᠢᠷᠠᠭᠤᠯᠤᠭᠴᠢ ᠬᠤᠶᠠᠭ᠂  ︽ᠲᠤᠷᠭᠠᠨ ᠵᠢᠯᠤᠭᠤ︾ ᠰᠡᠳᠬᠦᠯ ᠤᠨ ᠶᠡᠷᠦᠩᠬᠡᠢ ᠨᠠᠶᠢᠷᠠᠭᠤᠯᠤᠭᠴᠢ ᠬᠠᠰᠡᠷᠳᠡᠨᠢ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ︾ ᠰᠡᠳᠬᠦᠯ ᠤᠨ ᠨᠠᠶᠢᠷᠠᠭᠤᠯᠤᠭᠴᠢ ᠲᠤᠶᠠᠭ᠎ᠠ᠂ ︽ᠰᠢᠨᠵᠢᠯᠡᠬᠦ ᠤᠬᠠᠭᠠᠨ ᠠᠮᠢᠳᠤᠷᠠᠯ︾ ᠰᠡᠳᠬᠦᠯ ᠤᠨ ᠨᠠᠶᠢᠷᠠᠭᠤᠯᠤᠭᠴᠢ ᠡ᠊ · ᠪᠤᠯᠤᠷ᠂ ︽ᠦᠪᠦᠷ ᠮᠤᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ︾ ᠰᠡᠳᠬᠦᠯ ᠤᠨ ᠨᠠᠶᠢᠷᠠᠭᠤᠯᠤᠭᠴᠢ ᠡᠷᠳᠡᠨᠢᠲ᠋ᠠᠨ᠎ᠠ᠂  ︽ᠴᠤᠮᠤᠷᠯᠢᠭ︾  ᠰᠡᠳᠬᠦᠯ ᠤᠨ ᠨᠠᠶᠢᠷᠠᠭᠤᠯᠤᠭᠴᠢ ᠱᠢᠷᠦᠨᠬᠤᠸᠠᠷ ᠂ ︽ᠦᠢᠯᠡᠳᠦᠯᠭᠡ︾ ᠰᠡᠳᠬᠦᠯ ᠤᠨ ᠨᠠᠶᠢᠷᠠᠭᠤᠯᠤᠭᠴᠢ ᠰᠡᠷᠵᠢᠬᠤᠷᠯᠤ᠂  ︽ᠦᠨᠳᠦᠰᠦᠲᠡᠨ ᠤ  ᠰᠤᠨᠢᠨ ᠮᠡᠳᠡᠭᠡ ᠬᠡᠪᠯᠡᠯ ᠷᠠᠳᠢᠤ᠋ ᠲᠧᠯᠸᠢᠰ︾ ᠰᠡᠳᠬᠦᠯ ᠤᠨ ᠨᠠᠶᠢᠷᠠᠭᠤᠯᠤᠭᠴᠢ ᠪᠤᠯᠤᠷ᠂ ᠤᠤᠯ ᠤᠨ ︽ᠪᠠᠶᠠᠨ ᠭᠤᠤᠯ︾ ᠰᠡᠳᠬᠦᠯ  ᠤᠨ ᠨᠠᠶᠢᠷᠠᠭᠤᠯᠤᠭᠴᠢ ᠲᠦᠯᠦᠮᠵᠠᠢ  ᠵᠡᠷᠭᠡ 9 ᠬᠦᠮᠦᠨ ᠢ ᠰᠢᠯᠢᠳᠡᠭ ᠨᠠᠶᠢᠷᠠᠭᠤᠯᠤᠭᠴᠢ ᠪᠠᠷ ᠬᠦᠬᠢᠭᠦᠯᠪᠡ᠃ ᠬᠤᠷᠠᠯ  ᠤᠨ ᠬᠤᠭᠤᠴᠠᠭᠠᠨ᠎ᠠ  ︽ᠠᠵᠠ ᠬᠡᠶᠢᠮᠦᠷᠢᠲᠦ ᠠᠪᠠᠭ᠎ᠠ ᠬᠤᠰᠢᠭᠤ︾ ᠢᠷᠠᠭᠤ ᠨᠠᠶᠢᠷᠠᠭ ᠤᠨ ᠤᠷᠤᠯᠳᠤᠭᠠᠨ ᠤ ᠰᠢᠢᠳᠪᠤᠷᠢᠲᠤ ᠤᠷᠤᠯᠳᠤᠭᠠᠨ ᠢ  ᠶᠠᠪᠤᠭᠳᠠᠭᠤᠯᠵᠦ᠂ ᠮᠤᠩᠭᠤᠯ ᠬᠡᠯᠡᠨ ᠤ ᠲᠤᠭᠤᠶᠢᠯᠠᠩ ᠳᠤ ᠨᠠᠷᠠᠨᠴᠤᠭᠲᠤ  ᠲᠡᠷᠢᠭᠦᠯᠡᠵᠦ᠂ ᠬᠢᠲᠠᠳ ᠬᠡᠯᠡᠨ ᠤ ᠲᠤᠭᠤᠶᠢᠯᠠᠩ ᠳᠤ ᠰᠢ᠊ · ᠭᠡᠭᠡᠨᠲᠤᠶᠠᠭ᠎ᠠ ᠲᠡᠷᠢᠭᠦᠯᠡᠯ᠎ᠡ᠃  ᠬᠤᠷᠠᠯ ᠤᠨ ᠬᠤᠭᠤᠴᠠᠭᠠᠨ᠎ᠠ ᠪᠠᠰᠠ ᠠᠪᠠᠭ᠎ᠠ ᠬᠤᠰᠢᠭᠤᠨ ᠤ ᠨᠠᠶᠢᠮᠠᠳᠤᠭᠠᠷ ᠬᠤᠭᠤᠴᠠᠭᠠᠨ ᠤ ᠠᠷᠠᠳ ᠤᠨ ᠶᠡᠭᠡ ᠨᠠᠭᠠᠳᠤᠮ ᠤᠨ ᠴᠢᠬᠤᠯᠠ ᠠᠵᠢᠯᠯᠠᠭ᠎ᠠ ᠪᠣᠯᠬᠤ ᠤᠷᠠᠨ ᠪᠢᠴᠢᠯᠭᠡ ᠶᠢᠨ ᠦᠵᠡᠰᠭᠦᠯᠡᠩ ᠢ  ᠰᠤᠨᠢᠷᠬᠠᠵᠦ᠂ ᠰᠢᠨ᠎ᠡ ᠬᠥᠳᠡᠭᠡ ᠲᠤᠰᠬᠤᠨ  ᠳᠤ ᠭᠦᠨᠵᠡᠭᠡᠶᠢᠷᠡᠵᠦ ᠵᠢᠱᠢᠶᠡᠴᠢ ᠮᠠᠯᠴᠢᠳ ᠤᠨ ᠠᠮᠢᠳᠤᠷᠠᠯ ᠢ ᠰᠤᠷᠪᠤᠯᠵᠢᠯᠠᠨ᠂ ᠲᠤᠰᠬᠠᠢ ᠰᠡᠳᠤᠪᠲᠤ ᠨᠠᠮ ᠤᠨ ᠬᠢᠴᠢᠶᠡᠯ ᠰᠣᠨᠤᠰᠪᠠ᠃ 
 
ᠢᠷᠡᠯᠲᠡ᠄ ᠦᠪᠤᠷ ᠮᠤᠩᠭᠤᠯ ᠤᠨ ︽ᠨᠡᠶᠢᠬᠡᠮ︾ ᠰᠡᠳᠬᠦᠯ ᠤᠨ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号