ᠭᠠᠵᠠᠷ ᠤᠨ ᠨᠡᠷᠡᠰ ᠤᠨ ᠬᠠᠶ᠋ᠢᠭ ᠤᠨ ᠬᠠᠮᠢᠶᠠᠷᠣᠯᠲᠠ ᠢ ᠦᠭᠡᠷᠡᠴᠢᠯᠡᠨ ᠰᠢᠨᠡᠴᠢᠯᠡᠵᠦ ᠭᠠᠵᠠᠷ ᠤᠨ ᠨᠡᠷᠡᠰ ᠤᠨ ᠬᠠᠶ᠋ᠢᠭ ᠤᠨ ᠦᠢᠯᠡᠴᠢᠯᠡᠭᠡᠨ ᠤ ᠲᠥᠪᠰᠢᠨ ᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2023/11/22
   ᠯᠢᠨᠰᠢ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠤᠷᠴᠢᠮ ᠳᠤ ᠭᠠᠵᠠᠷ ᠤᠨ ᠨᠡᠷᠡᠰ ᠤᠨ ᠬᠠᠶ᠋ᠢᠭ ᠤᠨ ᠬᠠᠮᠢᠶᠠᠷᠤᠯᠲᠠ ᠶᠢ ᠳᠥᠷᠢᠮᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠰᠢᠶᠠᠨ᠂ ᠰᠢᠶᠠᠩ᠂ ᠲᠣᠰᠬᠤᠨ ᠭᠤᠷᠪᠠᠨ ᠱᠠᠲᠤᠨ ᠤ ᠭᠠᠵᠠᠷ ᠤᠨ ᠨᠡᠷᠡᠰ ᠤᠨ ᠦᠢᠯᠡᠴᠢᠯᠡᠭᠡᠨ ᠤ ᠲᠤᠤᠷᠵᠢᠯ ᠢ ᠪᠠᠶᠢᠭᠤᠯᠵᠤ᠂ ᠭᠠᠵᠠᠷ ᠤᠨ ᠨᠡᠷᠡᠰ ᠤᠨ ᠦᠢᠯᠡᠴᠢᠯᠡᠭᠡᠨ ᠤ  ᠰᠢᠰᠲ᠋ᠧᠮ ᠤᠨ  ᠪᠠᠶᠢᠭᠤᠯᠤᠯᠲᠠ ᠶᠢ ᠲᠡᠭᠦᠯᠳᠡᠷᠵᠢᠭᠦᠯᠬᠦ᠂ ᠭᠠᠵᠠᠷ ᠤᠨ ᠨᠡᠷᠡᠰ ᠤᠨ ᠰᠣᠶᠣᠯ ᠤᠨ ᠡᠬᠢ ᠪᠠᠶᠠᠯᠢᠭ ᠢ ᠠᠭᠤᠳᠠᠯᠬᠤ᠂ ᠭᠠᠵᠠᠷ ᠤᠨ ᠨᠡᠷᠡᠰ ᠤᠨ ᠬᠠᠶ᠋ᠢᠭ ᠤᠨ ᠬᠥᠮᠥᠷᠭᠡ ᠶᠢᠨ ᠪᠠᠶᠢᠭᠤᠯᠤᠯᠲᠠ ᠶᠢᠨ ᠰᠢᠨ᠎ᠡ ᠶᠢ ᠡᠭᠦᠳᠬᠦ ᠭᠤᠷᠪᠠᠨ ᠠᠷᠭ᠎ᠠ ᠪᠠᠷ ᠭᠠᠵᠠᠷ ᠤᠨ ᠨᠡᠷᠡᠰ ᠤᠨ ᠬᠠᠶ᠋ᠢᠭ ᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠳᠤ ᠦᠢᠯᠡᠴᠢᠯᠡᠬᠦ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠪᠠ᠃   ᠨᠢᠭᠡ᠂ ᠬᠠᠮᠢᠶᠠᠷᠤᠯᠲᠠ ᠶᠢ ᠳᠥᠷᠢᠮᠵᠢᠭᠦᠯᠵᠦ᠂ ᠦᠢᠯᠡᠴᠢᠯᠡᠭᠡᠨ ᠤ  ᠰᠢᠰᠲ᠋ᠧᠮ ᠢ ᠳᠡᠭᠦᠯᠳᠡᠷᠵᠢᠭᠦᠯᠪᠡ   ᠭᠠᠵᠠᠷ ᠤᠨ ᠨᠡᠷᠡᠰ ᠢ ᠨᠡᠷᠡᠶᠢᠳᠴᠦ ᠬᠠᠯᠠᠬᠤ ᠳᠥᠷᠢᠮ ᠢ ᠨᠡᠩ ᠳᠥᠷᠢᠮᠵᠢᠭᠦᠯᠪᠡ᠃ ᠰᠢᠨ᠎ᠡ ︽ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠳᠦᠷᠢᠮ︾ ︵︽ᠳᠦᠷᠢᠮ︾ ᠭᠡᠵᠦ ᠲᠣᠪᠴᠢᠯᠠᠨ᠎ᠠ︶ ᠢ ᠨᠡᠶᠢᠲᠡᠯᠡᠨ ᠬᠡᠷᠡᠭᠵᠢᠭᠦᠯᠦᠭᠰᠡᠨ ᠤ ᠳᠠᠷᠠᠭ᠎ᠠ ᠰᠢᠶᠠᠨ ᠤ ᠠᠷᠠᠳ ᠤᠨ ᠵᠠᠰᠠᠭ ᠤᠨ ᠣᠷᠳᠣᠨ ᠭᠠᠵᠠᠷ ᠤᠨ ᠨᠡᠷᠡᠰ ᠤᠨ ᠵᠥᠪᠯᠡᠯ ᠤᠨ ᠪᠦᠷᠢᠯᠳᠦᠭᠦᠨ ᠪᠤᠯᠤᠨ ᠪᠦᠷᠢᠯᠳᠦᠭᠦᠨ ᠨᠢᠭᠡᠴᠢ ᠶᠢᠨ ᠡᠭᠦᠷᠭᠡ ᠬᠠᠷᠢᠭᠤᠴᠠᠯᠭ᠎ᠠ ᠶᠢ ᠴᠠᠭ ᠲᠤᠬᠠᠢ  ᠳᠤ ᠨᠢ ᠲᠣᠬᠢᠷᠠᠭᠤᠯᠵᠦ᠂ ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠂ ᠪᠥᠬᠦ ᠰᠢᠶᠠᠨ ᠤ ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠠᠵᠢᠯ ᠢ ᠳᠥᠷᠢᠮᠵᠢᠭᠦᠯᠦᠨ ᠥᠷᠨᠢᠭᠦᠯᠬᠦ ᠳᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ  ᠬᠠᠨᠭ᠍ᠭᠠᠬᠰᠠᠨ ᠤ ᠬᠠᠮᠲᠤ ᠬᠤᠷᠢᠶᠠᠯᠠᠯ᠂ ᠠᠰᠠᠷ ᠪᠠᠷᠢᠯᠭ᠎ᠠ ᠶᠢ ᠨᠡᠷᠡᠶᠢᠳᠬᠦ ᠪᠠ ᠨᠡᠷ᠎ᠡ ᠶᠢ ᠨᠢ ᠬᠠᠯᠠᠬᠤ ᠶᠢ ᠬᠢᠨᠠᠨ ᠵᠥᠪᠰᠢᠶᠡᠷᠡᠬᠦ ᠡᠷᠬᠡ ᠶᠢ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ ᠴᠠᠭ ᠲᠤᠬᠠᠢ ᠳᠤ ᠨᠢ ᠰᠢᠯᠵᠢᠭᠦᠯᠦᠨ᠂ ᠪᠤᠰᠤᠳ ᠭᠠᠵᠠᠷ ᠤᠨ ᠨᠡᠷᠡᠰ ᠢ ᠨᠡᠷᠡᠶᠢᠳᠬᠦ ᠪᠠ ᠨᠡᠷ᠎ᠡ ᠶᠢ ᠨᠢ ᠬᠠᠯᠠᠬᠤ ᠶᠢᠨ ᠬᠢᠨᠠᠨ ᠵᠦᠪᠰᠢᠶᠡᠷᠡᠯᠲᠡ ᠶᠢ ᠤᠤᠯ ᠤᠨ ᠬᠢᠳᠡᠯ ᠢ ᠬᠤᠪᠢᠷᠠᠭᠤᠯᠬᠤ ᠦᠭᠡᠢ ᠪᠠᠶᠢᠯᠭᠠᠵᠤ᠂ ᠭᠠᠵᠠᠷ ᠤᠨ ᠨᠡᠷᠡᠰ ᠢ ᠨᠡᠷᠡᠶᠢᠳᠬᠦ ᠠᠵᠢᠯ ᠢ ᠲᠠᠰᠤᠯᠳᠠᠭᠤᠯᠤᠭᠰᠠᠨ ᠦᠭᠡᠢ ᠶᠤᠮ᠃ 5 ᠳ᠋ᠤᠭᠠᠷ ᠰᠠᠷ᠎ᠠ ᠠᠴᠠ ᠨᠠᠭᠠᠰᠢ ᠰᠢᠨ᠎ᠡ ᠪᠠᠷ ᠪᠠᠶᠢᠭᠤᠯᠤᠭᠰᠠᠨ 2  ᠬᠤᠷᠢᠶᠠᠯᠠᠯ᠂ 2 ᠨᠡᠶᠢᠭᠡᠮ ᠲᠣᠭᠤᠷᠢᠭ ᠤᠨ ᠠᠰᠠᠷ ᠤᠨ ᠡᠭᠦᠳᠡᠨ ᠤ ᠫᠠᠶᠢᠰᠠ ᠠᠴᠠ 110 ᠶᠢ ᠬᠢᠨᠠᠨ ᠵᠥᠪᠰᠢᠶᠡᠷᠡᠵᠦ ᠳᠠᠭᠤᠰᠬᠠᠪᠠ᠃   ᠭᠠᠵᠠᠷ ᠤᠨ ᠨᠡᠷᠡᠰ ᠢ ᠨᠡᠷᠡᠶᠢᠳᠴᠦ ᠬᠠᠯᠠᠬᠤ ᠪᠠᠷ ᠮᠡᠳᠡᠭᠦᠯᠬᠦ ᠠᠷᠭ᠎ᠠ ᠵᠠᠮ ᠢ ᠨᠠᠩ ᠣᠯᠠᠨ ᠪᠣᠯᠭᠠᠪᠠ᠃ ᠰᠢᠨ᠎ᠡ ︽ᠳᠦᠷᠢᠮ︾ ᠢ ᠨᠡᠶᠢᠲᠡᠯᠡᠭᠰᠡᠨ ᠤ ᠳᠠᠷᠠᠭ᠎ᠠ ᠯᠢᠨᠰᠢ ᠰᠢᠶᠠᠨ ᠤ ᠬᠢᠨ ᠡᠯ᠎ᠡ ᠠᠷᠭ᠎ᠠ ᠪᠠᠷ ᠤᠬᠠᠭᠤᠯᠵᠤ᠂ ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ  ᠴᠤᠩᠬᠤᠪᠴᠢ ᠳᠤ ᠤᠬᠠᠭᠤᠯᠭ᠎ᠠ ᠶᠢᠨ ᠳᠡᠪᠲᠡᠷ ᠲᠠᠷᠬᠠᠭᠠᠵᠤ᠂ ᠬᠠᠮ ᠵᠠᠭᠤᠴᠢᠯᠠᠭᠤᠷ ᠤᠨ ᠲᠥᠪ ᠲᠤ ︽ᠳᠦᠷᠢᠮ︾ ᠤᠨ ᠪᠥᠬᠦ ᠠᠭᠤᠯᠭ᠎ᠠ ᠶᠢ  ᠨᠠᠪᠲᠠᠷᠡᠭᠦᠯᠵᠦ᠂ ︽ᠳᠦᠷᠢᠮ︾ ᠢ ᠤᠶᠢᠯᠠᠭᠠᠭᠤᠯᠪᠠ᠃ ᠤᠯᠠᠮᠵᠢᠯᠠᠯᠲᠤ ᠠᠵᠢᠯᠯᠠᠬᠤ ᠲᠠᠯᠠᠪᠤᠷ ᠠᠴᠠ ᠭᠠᠳᠠᠨ᠎ᠠ ᠪᠠᠰᠠ ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ  ᠴᠤᠩᠬᠤᠪᠴᠢ᠂ ᠸᠢᠴᠠᠲ᠂ ᠮᠦᠩᠭᠡ ᠰᠤᠪᠠᠭ ᠢᠶᠠᠷ ᠭᠠᠵᠠᠷ ᠤᠨ ᠨᠡᠷ᠎ᠡ ᠨᠡᠷᠡᠶᠢᠳᠬᠦ ᠶᠢ ᠭᠥᠯᠢᠶᠡᠨ ᠠᠪᠴᠤ ᠬᠦᠢᠴᠡᠳᠬᠡᠬᠦ ᠠᠷᠭ᠎ᠠ ᠵᠠᠮ ᠢ ᠦᠷᠬᠡᠳᠭᠡᠭᠰᠡᠨ ᠢᠶᠠᠷ ᠰᠦᠯᠵᠢᠶᠡᠨ ᠳᠡᠭᠡᠷ᠎ᠡ ᠪᠤᠯᠤᠨ ᠰᠦᠯᠵᠢᠶᠡᠨ ᠠᠴᠠ ᠭᠠᠳᠠᠨ᠎ᠠ ᠭᠦᠢᠴᠡᠳᠬᠡᠬᠦ ᠶᠢ ᠬᠠᠷᠢᠯᠴᠠᠨ ᠤᠶᠠᠯᠳᠤᠭᠤᠯᠵᠤ᠂  ᠬᠦᠢᠴᠡᠳᠬᠡᠬᠦ ᠴᠠᠭ ᠢ 3 ᠠᠵᠢᠯᠯᠠᠬᠤ ᠡᠳᠦᠷ ᠪᠣᠯᠭᠠᠨ ᠪᠣᠭᠤᠨᠢᠰᠬᠠᠪᠠ᠃   ᠭᠠᠵᠠᠷ ᠤᠨ ᠨᠡᠷᠡᠰ ᠢ ᠨᠡᠷᠡᠶᠢᠳᠴᠦ ᠬᠠᠯᠠᠬᠤ ᠠᠷᠭ᠎ᠠ ᠬᠡᠯᠪᠡᠷᠢ ᠶᠢ ᠨᠠᠩ ᠣᠶᠤᠨᠯᠢᠭ ᠪᠣᠯᠭᠠᠪᠠ᠃ ᠰᠦᠯᠵᠢᠶᠡᠨ ᠠᠴᠠ ᠭᠠᠳᠠᠨ᠎ᠠ ᠭᠤᠶᠤᠴᠢᠯᠠᠨ ᠮᠡᠳᠡᠭᠦᠯᠬᠦ ᠴᠠᠭ ᠪᠣᠯᠤᠨ ᠰᠠᠭᠤᠷᠢᠰᠢᠵᠤ ᠪᠠᠶᠢᠭ᠎ᠠ ᠭᠠᠵᠠᠷ ᠨᠢ ᠬᠤᠯᠠ ᠪᠠᠶᠢᠳᠠᠯ ᠳᠤ ᠴᠢᠭᠯᠡᠭᠦᠯᠦᠨ᠂ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠵᠠᠷᠤᠬᠤ ᠳᠤ ᠠᠮᠠᠷ ᠤᠶᠢᠯᠠᠭᠠᠮᠵᠢᠳᠠᠢ ᠭᠠᠵᠠᠷ ᠤᠨ ᠨᠡᠷᠡᠰ ᠢ ᠨᠡᠷᠡᠶᠢᠳᠬᠦ ᠸᠢᠴᠠᠲ ᠲᠠᠪᠴᠠᠩ ᠢ ᠪᠠᠶᠢᠭᠤᠯᠵᠤ᠂ 7×24 ᠴᠠᠭ ᠲᠤ ᠭᠡᠷ ᠠᠴᠠ ᠪᠠᠨ ᠭᠤᠶᠤᠴᠢᠯᠠᠨ ᠮᠡᠳᠡᠭᠦᠯᠬᠦ  ᠪᠤᠯᠭᠠᠪᠠ᠃ ᠯᠢᠨᠰᠢ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠠᠢ ᠵᠦᠪᠳᠡᠯᠴᠡᠬᠡᠳ ᠨᠢᠳᠤᠨᠤᠨ ᠭᠠᠵᠠᠷ ᠤᠨ ᠨᠡᠷᠡᠰ ᠢ ᠨᠡᠷᠡᠶᠢᠳᠴᠦ ᠬᠠᠯᠠᠬᠤ ᠵᠦᠢᠯᠡᠰ ᠢ ᠮᠦᠩᠬᠡ ᠰᠤᠪᠠᠭ APP ᠲᠤ ᠣᠷᠣᠭᠤᠯᠪᠠ᠃   ᠬᠤᠶᠠᠷ᠂ ᠰᠢᠨ᠎ᠡ ︽ᠳᠦᠷᠢᠮ︾ ᠢ ᠬᠡᠷᠡᠭᠵᠢᠭᠦᠯᠵᠦ᠂ ᠰᠣᠶᠣᠯ ᠤᠨ ᠡᠬᠢ ᠪᠠᠶᠠᠯᠢᠭ ᠢ ᠠᠭᠤᠳᠠᠯᠪᠠ   ᠰᠢᠨ᠎ᠡ ᠪᠠᠷ ᠨᠡᠶᠢᠲᠡᠯᠡᠭᠰᠡᠨ ︽ᠳᠦᠷᠢᠮ︾ ᠳᠤ ᠭᠠᠵᠠᠷ ᠤᠨ ᠨᠡᠷᠡᠰ ᠤᠨ ᠰᠣᠶᠣᠯ ᠤᠨ ᠬᠠᠮᠠᠭᠠᠯᠠᠯᠲᠠ ᠶᠢᠨ ᠲᠤᠰᠬᠠᠢ ᠪᠦᠯᠦᠭ ᠭᠠᠷᠭᠠᠵᠤ᠂ ᠭᠠᠵᠠᠷ ᠤᠨ ᠨᠡᠷᠡᠰ ᠤᠨ ᠰᠣᠶᠣᠯ ᠤᠨ ᠬᠠᠮᠠᠭᠠᠯᠠᠯᠲᠠ ᠶᠢᠨ ᠲᠥᠪᠰᠢᠨ ᠢ ᠳᠡᠭᠡᠭᠰᠢᠯᠡᠭᠦᠯᠪᠡ᠃ ᠯᠢᠨᠰᠢ ᠰᠢᠶᠠᠨ ᠤ ᠬᠢᠨ ᠲᠤᠬᠠᠢ ᠶᠢᠨ ᠭᠠᠵᠠᠷ ᠤᠨ ᠡᠬᠢ ᠪᠠᠶᠠᠯᠢᠭ ᠲᠤ ᠪᠠᠨ ᠲᠦᠰᠢᠭᠯᠡᠵᠦ᠂ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠣᠷᠣᠨ ᠨᠤᠲᠤᠭ ᠤᠨ ᠣᠨᠴᠠᠯᠢᠭ ᠲᠠᠢ ᠭᠠᠵᠠᠷ ᠤᠨ ᠨᠡᠷᠡᠰ ᠤᠨ ᠰᠣᠶᠣᠯ ᠢ ᠦᠷᠭᠦᠯᠵᠢᠯᠡᠨ ᠭᠦᠨᠵᠡᠭᠡᠢ ᠠᠭᠤᠳᠠᠯᠤᠨ ᠡᠮᠬᠢᠯᠡᠪᠡ᠃ 2018 ᠣᠨ ᠳᠤ ︽ᠯᠢᠨᠰᠢ ᠰᠢᠶᠠᠨ ᠤ ᠭᠠᠵᠠᠷ ᠤᠨ ᠨᠡᠷ᠎ᠡ ᠶᠢᠨ ᠣᠶᠢᠯᠠᠯᠭ᠎ᠠ︾ ᠶᠢ ᠬᠡᠪᠯᠡᠨ ᠲᠠᠷᠬᠠᠭᠠᠵᠤ᠂ 2021 ᠣᠨ ᠳᠤ ︽ᠤᠯᠠᠭᠠᠨᠬᠠᠳᠠ ᠬᠤᠲᠠ ᠶᠢᠨ ᠭᠠᠵᠠᠷ ᠤᠨ ᠨᠡᠷ᠎ᠡ ᠶᠢᠨ ᠰᠣᠶᠣᠯ ᠤᠨ ᠯᠢᠨᠰᠢ ᠶᠢᠨ ᠪᠣᠳᠢ︾ ᠶᠢ ᠨᠠᠶᠢᠷᠠᠭᠤᠯᠤᠨ ᠬᠡᠪᠯᠡᠭᠦᠯᠪᠡ᠃ 2022 ᠣᠨ ᠠᠴᠠ  ᠨᠠᠭᠠᠰᠢ 12 ᠬᠤᠪᠢᠰᠬᠠᠯᠲᠤ ᠭᠠᠵᠠᠷ ᠤᠨ ᠨᠡᠷᠡᠰ ᠢ ᠣᠶᠢᠯᠠᠭᠠᠨ ᠵᠢᠭᠰᠠᠭᠠᠭᠰᠠᠨ ᠰᠠᠭᠤᠷᠢᠨ ᠳᠡᠭᠡᠷ᠎ᠡ ᠨᠠᠮ ᠤᠨ ᠲᠡᠦᠬᠡ᠂ ᠣᠷᠣᠨ ᠨᠤᠲᠤᠭ ᠤᠨ ᠣᠶᠢᠯᠠᠯᠭ᠎ᠠ᠂ ᠭᠠᠵᠠᠷ ᠤᠨ ᠨᠡᠷᠡᠰ ᠤᠨ ᠣᠷᠣᠨ ᠪᠦᠰᠡ ᠶᠢᠨ ᠲᠤᠰᠬᠠᠢ ᠮᠡᠷᠭᠡᠵᠢᠯᠲᠡᠨ ᠢᠶᠠᠷ ᠦᠨᠡᠯᠡᠬᠦᠯᠤᠬᠡᠳ 8 ᠬᠤᠪᠢᠰᠬᠠᠯᠲᠤ ᠭᠠᠵᠠᠷ ᠤᠨ ᠨᠡᠷᠡᠰ ᠢ ᠰᠤᠳᠤᠯᠤᠨ ᠲᠣᠭᠲᠠᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠯᠢᠨᠰᠢ ᠶᠢᠨ ᠡᠬᠡ ᠭᠠᠵᠠᠷ ᠲᠤ ᠬᠢ ᠴᠢᠰᠤᠲᠤ ᠪᠠᠶᠢᠯᠳᠤᠭᠠᠨ ᠤ ᠲᠡᠦᠬᠡ᠂ ᠬᠠᠲᠠᠭᠤᠵᠢᠯᠲᠠᠢ ᠦᠢᠯᠡᠰ ᠪᠣᠰᠬᠠᠭᠰᠠᠨ ᠲᠡᠦᠬᠡ ᠶᠢ ᠲᠥᠪᠯᠡᠷᠡᠩᠭᠦᠢ ᠢᠯᠡᠷᠡᠭᠦᠯᠵᠦ᠂ ᠬᠤᠪᠢᠰᠬᠠᠯᠲᠤ ᠭᠠᠵᠠᠷ ᠤᠨ ᠨᠡᠷᠡᠰ ᠢ ᠤᠯᠠᠮᠵᠢᠯᠠᠨ ᠵᠠᠯᠭᠠᠮᠵᠢᠯᠠᠪᠠ᠃   ᠭᠤᠷᠪᠠ᠂ ︽ᠲᠣᠭᠠᠴᠢᠯᠠᠭᠰᠠᠨ ᠭᠠᠵᠠᠷ ᠤᠨ ᠨᠡᠷᠡᠰ︾ ᠤᠨ ᠲᠣᠭᠤᠷᠢᠨ ᠳᠤ ᠭᠠᠵᠠᠷ ᠤᠨ ᠨᠡᠷᠡᠰ ᠤᠨ ᠬᠠᠶ᠋ᠢᠭ ᠤᠨ ᠬᠥᠮᠥᠷᠭᠡ ᠶᠢᠨ ᠪᠠᠶᠢᠭᠤᠯᠤᠯᠲᠠ ᠶᠢ  ᠰᠢᠨᠡᠴᠢᠯᠡᠪᠡ    ᠭᠠᠵᠠᠷ ᠤᠨ ᠨᠡᠷᠡᠰ ᠤᠨ ᠬᠠᠶ᠋ᠢᠭ ᠤᠨ ᠬᠥᠮᠥᠷᠭᠡ ᠶᠢᠨ ᠪᠠᠶᠢᠭᠤᠯᠤᠯᠲᠠ ᠨᠢ ᠭᠠᠵᠠᠷ ᠤᠨ ᠨᠡᠷᠡᠰ ᠤᠨ ᠬᠠᠮᠢᠶᠠᠷᠤᠯᠲᠠ ᠬᠢᠭᠡᠳ ᠦᠢᠯᠡᠴᠢᠯᠡᠭᠡᠨ ᠤ ᠦᠷᠭᠦᠯᠵᠢᠯᠡᠯ ᠪᠣᠯᠤᠭᠰᠠᠨ ᠤ ᠬᠤᠪᠢ ᠳᠤ ᠲᠣᠭᠠᠴᠢᠯᠠᠭᠰᠠᠨ ᠬᠤᠲᠠ ᠶᠢᠨ ᠪᠦᠲᠦᠭᠡᠨ ᠪᠠᠶᠢᠭᠤᠯᠤᠯᠲᠠ ᠳᠤ ᠳᠤᠲᠠᠭᠳᠠᠵᠤ ᠪᠣᠯᠣᠰᠢ ᠦᠭᠡᠢ ᠰᠠᠭᠤᠷᠢ ᠲᠤᠭ᠎ᠠ ᠪᠠᠷᠢᠮᠲᠠ ᠪᠣᠯᠣᠨ᠎ᠠ᠃ ᠯᠢᠨᠰᠢ ᠰᠢᠶᠠᠨ ᠤ ᠬᠢᠨ ᠬᠤᠶᠠᠳᠤᠭᠠᠷ ᠤᠳᠠᠭᠠᠨ ᠤ ᠪᠥᠬᠦ ᠤᠯᠤᠰ ᠤᠨ ᠭᠠᠵᠠᠷ ᠤᠨ ᠨᠡᠷᠡᠰ ᠤᠨ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠳᠤ ᠲᠦᠰᠢᠭᠯᠡᠨ᠂ ᠭᠠᠵᠠᠷ ᠤᠨ ᠨᠡᠷᠡᠰ ᠤᠨ ᠬᠠᠶ᠋ᠢᠭ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢᠨ ᠲᠡᠷᠢᠭᠦᠨ ᠤ ᠲᠤᠷᠰᠢᠯᠭ᠎ᠠ ᠪᠠᠷ ᠲᠣᠯᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠳᠤ ᠰᠢᠶᠠᠨ᠂ ᠰᠢᠶᠠᠩ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠨᠡᠶᠢᠭᠡᠮ ᠲᠣᠭᠤᠷᠢᠭ᠂ ᠲᠣᠰᠬᠤᠨ᠂ ᠪᠠᠷᠢᠯᠭ᠎ᠠ᠂ ᠭᠡᠷ ᠪᠠᠶᠢᠰᠢᠩ ᠵᠡᠷᠭᠡ ᠣᠯᠠᠨ ᠳᠠᠪᠬᠤᠷᠭᠠᠲᠤ ᠪᠠᠷᠢᠮᠵᠢᠶᠠᠲᠤ ᠭᠠᠵᠠᠷ ᠤᠨ ᠨᠡᠷᠡᠰ ᠤᠨ ᠬᠠᠶ᠋ᠢᠭ ᠤᠨ ᠬᠥᠮᠥᠷᠭᠡ ᠶᠢ ᠡᠩ ᠲᠡᠷᠢᠭᠦᠨ ᠳᠤ ᠪᠠᠶᠢᠭᠤᠯᠵᠤ᠂ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠠᠵᠤ ᠠᠬᠤᠶᠢᠯᠠᠯ ᠪᠠ ᠨᠡᠶᠢᠭᠡᠮ ᠨᠡᠶᠢᠲᠡ ᠳᠤ ᠡᠷᠬᠡ ᠰᠦᠷᠲᠦ ᠭᠠᠵᠠᠷ ᠤᠨ ᠨᠡᠷᠡᠰ ᠤᠨ ᠬᠠᠶ᠋ᠢᠭ ᠤᠨ ᠦᠢᠯᠡᠴᠢᠯᠡᠭᠡ  ᠬᠠᠨᠭ᠍ᠭᠠᠵᠤ᠂ ᠤᠳᠤ ᠪᠣᠯᠲᠠᠯ᠎ᠠ 9 ᠲᠦᠮᠡ ᠭᠠᠷᠤᠢ ᠭᠠᠵᠠᠷ ᠤᠨ ᠨᠡᠷᠡᠰ ᠤᠨ ᠬᠠᠶ᠋ᠢᠭ ᠣᠷᠣᠭᠤᠯᠤᠭᠰᠠᠨ ᠪᠠᠶᠢᠨ᠎ᠠ᠃    ᠬᠠᠶ᠋ᠢᠭ ᠤᠨ ᠦᠢᠯᠡᠴᠢᠯᠡᠭᠡ ᠶᠢ ᠢᠯᠡ ᠪᠣᠯᠭᠠᠪᠠ᠃ ᠭᠠᠵᠠᠷ ᠤᠨ ᠨᠡᠷᠡᠰ ᠤᠨ ᠬᠠᠶ᠋ᠢᠭ ᠤᠨ ᠬᠥᠮᠥᠷᠭᠡ ᠶᠢᠨ ᠲᠤᠭ᠎ᠠ ᠪᠠᠷᠢᠮᠲᠠ ᠶᠢ ᠳᠣᠲᠣᠭᠠᠳᠤ ᠶᠢ ᠬᠠᠮᠠᠭᠠᠯᠠᠬᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠪᠠᠶᠢᠭᠠᠯᠢ ᠶᠢᠨ ᠡᠬᠢ ᠪᠠᠶᠠᠯᠢᠭ᠂ ᠠᠵᠤ ᠦᠢᠯᠡᠳᠪᠦᠷᠢ ᠬᠤᠳᠠᠯᠳᠤᠭᠠᠨ ᠤ ᠳᠠᠩᠰᠠᠯᠠᠯᠲᠠ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠵᠡᠷᠭᠡ ᠰᠠᠯᠠᠭ᠎ᠠ ᠮᠥᠴᠢᠷ ᠲᠤ ᠨᠡᠭᠡᠭᠡᠵᠦ᠂ ᠰᠢᠶᠠᠨ ᠤ ᠬᠡᠪᠴᠢᠶᠡᠨ ᠤ ᠭᠠᠵᠠᠷ ᠤᠨ ᠨᠡᠷᠡᠰ ᠤᠨ ᠬᠠᠶ᠋ᠢᠭ ᠤᠨ ᠲᠤᠭ᠎ᠠ ᠪᠠᠷᠢᠮᠲᠠ ᠶᠢ ᠬᠡᠷᠡᠭᠯᠡᠭᠴᠢ ᠶᠢᠨ ᠯᠠᠪᠯᠠᠬᠤ ᠳᠤ ᠲᠥᠬᠦᠮ ᠦᠵᠡᠭᠦᠯᠵᠦ᠂ ᠪᠥᠬᠦ ᠰᠢᠶᠠᠨ ᠤ ᠲᠤᠭ᠎ᠠ ᠪᠠᠷᠢᠮᠲᠠ ᠶᠢᠨ ᠢᠷᠡᠯᠲᠡ ᠶᠢ ᠬᠠᠩᠭᠠᠵᠤ᠂ ᠭᠠᠵᠠᠷ ᠤᠨ ᠨᠡᠷᠡᠰ ᠤᠨ ᠬᠠᠶ᠋ᠢᠭ ᠤᠨ ᠲᠤᠭ᠎ᠠ ᠪᠠᠷᠢᠮᠲᠠ ᠲᠤᠳᠤᠷᠬᠠᠢ ᠪᠤᠰᠤ ᠪᠠᠶᠢᠳᠠᠯ ᠢ ᠰᠢᠢᠳᠪᠦᠷᠢᠯᠡᠪᠡ᠃ 2022 ᠣᠨ ᠤ ᠡᠴᠦᠰ ᠪᠣᠯᠲᠠᠯ᠎ᠠ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠰᠠᠯᠠᠭ᠎ᠠ ᠮᠥᠴᠢᠷ ᠲᠤ ᠨᠡᠶᠢᠲᠡ 1.5 ᠲᠦᠮᠡᠨ ᠬᠠᠶ᠋ᠢᠭ ᠬᠠᠩᠭᠠᠭᠰᠠᠨ ᠪᠠᠶᠢᠨ᠎ᠠ᠃   ᠬᠠᠶ᠋ᠢᠭ ᠤᠨ ᠰᠢᠨᠡᠳᠭᠡᠯᠲᠡ ᠶᠢ ᠨᠠᠷᠢᠯᠢᠭᠵᠢᠭᠤᠯᠪᠠ᠃ 2018 ᠣᠨ ᠠᠴᠠ ᠣᠲᠣ ᠪᠣᠯᠲᠠᠯ᠎ᠠ ᠨᠡᠶᠢᠲᠡ 100 ᠭᠠᠷᠤᠢ ᠲᠦᠮᠡᠨ ᠲᠥᠭᠦᠷᠢᠭ ᠵᠠᠷᠤᠴᠠᠭᠤᠯᠵᠤ ᠪᠠᠶᠢᠭᠠᠳ ᠯᠢᠨᠰᠢ ᠰᠢᠶᠠᠨ ᠤ ᠭᠠᠵᠠᠷ ᠤᠨ ᠨᠡᠷᠡᠰ ᠤᠨ ᠬᠠᠶ᠋ᠢᠭ ᠤᠨ ᠬᠥᠮᠥᠷᠭᠡ ᠶᠢ ᠪᠠᠶᠢᠭᠤᠯᠵᠤ᠂ ᠳᠡᠭᠡᠳᠦ ᠨᠠᠷᠢᠯᠢᠭ RTK ᠬᠡᠮᠵᠢᠨ ᠵᠢᠷᠤᠬᠤ ᠲᠥᠬᠦᠭᠡᠷᠦᠮᠵᠢ ᠶᠢ ᠲᠣᠬᠢᠷᠠᠭᠤᠯᠤᠨ᠂ ᠭᠠᠵᠠᠷ ᠤᠨ ᠨᠡᠷᠡᠰ ᠤᠨ ᠬᠠᠶ᠋ᠢᠭ ᠤᠨ ᠲᠤᠭ᠎ᠠ ᠪᠠᠷᠢᠮᠲᠠ ᠶᠢ ᠴᠠᠭ  ᠲᠤ ᠨᠢ ᠲᠣᠬᠢᠷᠠᠭᠤᠯᠤᠨ ᠴᠤᠭᠯᠠᠭᠤᠯᠵᠤ ᠰᠢᠨᠡᠳᠬᠡᠪᠡ᠃ ᠬᠠᠶ᠋ᠢᠭ᠂ ᠡᠭᠦᠳᠡᠨ ᠫᠠᠶᠢᠰᠠ ᠶᠢ ᠨᠠᠶᠢᠷᠠᠭᠤᠯᠤᠨ ᠵᠢᠭᠰᠠᠭᠠᠭᠰᠠᠨ ᠮᠠᠲ᠋ᠧᠷᠢᠶᠠᠯ ᠤᠳ ᠢ ᠭᠡᠷ ᠪᠠᠶᠢᠰᠢᠩ ᠭᠠᠵᠠᠷ ᠬᠥᠷᠥᠩᠭᠡ ᠶᠢᠨ ᠤᠷᠢᠳᠴᠢᠯᠠᠨ ᠬᠤᠳᠠᠯᠳᠤᠬᠤ ᠭᠤᠭᠴᠤᠭ᠎ᠠ ᠳᠤ ᠣᠷᠣᠭᠤᠯᠵᠤ᠂ ᠭᠠᠵᠠᠷ ᠤᠨ ᠨᠡᠷᠡᠰ ᠤᠨ ᠬᠠᠶ᠋ᠢᠭ ᠤᠨ ᠲᠤᠭ᠎ᠠ ᠪᠠᠷᠢᠮᠲᠠ ᠶᠢ ᠪᠠᠶᠢᠩᠭᠤᠵᠢᠭᠤᠯᠤᠨ ᠰᠢᠨᠡᠳᠬᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠭᠠᠵᠠᠷ ᠤᠨ ᠨᠡᠷᠡᠰ ᠤᠨ ᠬᠠᠶ᠋ᠢᠭ ᠤᠨ ᠲᠤᠭ᠎ᠠ ᠪᠠᠷᠢᠮᠲᠠ ᠶᠢᠨ ᠣᠳᠣᠬᠢ ᠪᠠᠶᠢᠳᠠᠯ ᠤᠨ ᠴᠢᠨᠠᠷ ᠢ ᠦᠨᠡᠨ ᠬᠦ ᠪᠠᠲᠤᠯᠠᠵᠤ᠂ ᠬᠠᠮᠢᠶᠠᠷᠤᠯᠲᠠ ᠶᠢᠨ ᠲᠠᠪᠴᠠᠩ ᠢ ᠲᠣᠭᠲᠠᠭᠤᠨ ᠪᠥᠭᠡᠳ ᠥᠨᠳᠥᠷ ᠪᠦᠲᠦᠮᠵᠢᠲᠡᠢ ᠪᠠᠷ ᠠᠵᠢᠯᠯᠠᠭᠤᠯᠪᠠ᠃  ᠬᠠᠶ᠋ᠢᠭ ᠤᠨ ᠦᠢᠯᠡᠴᠢᠯᠡᠭᠡ ᠶᠢᠨ ᠲᠥᠷᠥᠯ ᠢ ᠤᠯᠠᠨ ᠪᠣᠯᠭᠠᠪᠠ᠃ ᠭᠠᠵᠠᠷ ᠤᠨ ᠨᠡᠷᠡᠰ ᠤᠨ ᠬᠠᠶ᠋ᠢᠭ ᠤᠨ ᠦᠢᠯᠡᠴᠢᠯᠡᠭᠡᠨ ᠤ ᠣᠯᠠᠨ ᠡᠰᠢᠵᠢᠭᠰᠡᠨ ᠦᠢᠯᠡᠴᠢᠯᠡᠭᠡᠨ ᠤ ᠬᠦᠷᠢᠶ᠎ᠡ ᠴᠠᠷᠠᠭ᠎ᠠ ᠶᠢ ᠢᠳᠡᠪᠬᠢᠲᠡᠢ ᠥᠷᠭᠡᠳᠬᠡᠵᠦ᠂ ᠰᠢᠶᠠᠨ᠂ ᠰᠢᠶᠠᠩ᠂ ᠲᠣᠰᠬᠤᠨ ᠤ ᠬᠠᠶ᠋ᠢᠭ ᠢ ᠨᠢᠭᠡ ᠴᠣᠭᠴᠠᠵᠢᠭᠤᠯᠬᠤ ᠪᠠᠶᠢᠷᠢᠰᠢᠯ ᠢ ᠪᠡᠶᠡᠯᠡᠭᠦᠯᠪᠡ᠃ ᠬᠦ᠋ᠳᠡᠭᠡ ᠲᠣᠰᠬᠤᠨ ᠤ 5.3 ᠲᠦᠮᠡᠨ ᠡᠭᠦᠳᠡᠨ ᠫᠠᠶᠢᠰᠠ 5.6 ᠲᠦᠮᠡᠨ ᠬᠠᠶ᠋ᠢᠭ ᠢ ᠨᠠᠶᠢᠷᠠᠭᠤᠯᠤᠨ ᠵᠣᠬᠢᠶᠠᠵᠤ᠂ ᠰᠢᠤᠳᠠᠨ ᠲᠦᠷᠭᠡᠨ ᠬᠦᠷᠭᠡᠯᠲᠡ᠂ ᠭᠡᠷ ᠪᠠᠶᠢᠰᠢᠩ ᠢ ᠬᠤᠳᠠᠯᠳᠤᠭᠠᠯᠠᠬᠤ᠂ ᠰᠣᠶᠣᠯ ᠵᠤᠭᠠᠴᠠᠯ ᠵᠡᠷᠭᠡ ᠬᠥᠳᠡᠭᠡ ᠠᠵᠤ ᠠᠬᠤᠢ ᠬᠤᠳᠠᠯᠳᠤᠭᠠᠨ ᠳᠤ ᠬᠤᠯᠪᠣᠭᠳᠠᠬᠤ ᠵᠦᠢᠯᠡᠰ ᠲᠤ ᠤᠨᠤᠪᠴᠢᠲᠠᠢ ᠬᠠᠶ᠋ᠢᠭ ᠤᠨ ᠮᠡᠳᠡᠭᠡ ᠵᠠᠩᠭᠢ ᠬᠠᠩᠭᠠᠵᠤ᠂ ᠬᠥᠳᠡᠭᠡ ᠲᠣᠰᠬᠤᠨ ᠤ ᠭᠠᠵᠠᠷ ᠤᠨ ᠨᠡᠷᠡᠰ ᠤᠨ ᠬᠠᠶ᠋ᠢᠭ ᠤᠨ ᠬᠠᠮᠢᠶᠠᠷᠤᠯᠲᠠ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠲᠦᠬᠦᠮ ᠦᠵᠡᠭᠦᠯᠦᠭᠰᠡᠨ ᠪᠥᠭᠡᠳ ᠲᠣᠭᠠᠴᠢᠯᠠᠭᠰᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠬᠦᠴᠦᠨ ᠨᠡᠮᠡᠷᠢᠯᠡᠪᠠ᠃ 
 
ᠢᠷᠡᠯᠲᠡ᠄ ᠦᠪᠤᠷ ᠮᠤᠩᠭᠤᠯ ᠤᠨ ︽ᠨᠡᠶᠢᠬᠡᠮ︾ ᠰᠡᠳᠬᠦᠯ ᠤᠨ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号