ᠬᠥᠬᠡᠬᠤᠲᠠ ᠳᠤ ᠪᠠᠶᠢᠭ᠎ᠠ ᠥᠪᠥᠷ ᠮᠣᠩᠭᠤᠯ ᠤᠨ ᠳᠡᠭᠡᠳᠦ ᠴᠢᠳᠠᠪᠬᠢᠲᠤ ᠪᠣᠳᠣᠯᠭ᠎ᠠ ᠶᠢᠨ ᠤᠯᠠᠨ ᠨᠡᠶᠢᠲᠡ ᠶᠢᠨ | ᠦᠢᠯᠡᠴᠢᠯᠡᠭᠡᠨ ᠤ ᠲᠠᠪᠴᠠᠩ ᠤᠨ ︽ᠬᠥᠬᠡ ᠬᠤᠳᠠ ᠶᠢᠨ ᠭᠡᠷᠡᠯ︾ ᠤᠨ ᠮᠠᠰᠢᠨ ᠤ ᠦᠷᠦᠭᠡ ᠳᠤ ᠣᠷᠣᠬᠤ ᠳᠤ | ᠤᠯᠠᠭᠠᠨ ᠬᠥᠬᠡ ᠠᠯᠠᠭᠯᠠᠭᠰᠠᠨ ᠴᠠᠬᠢᠯᠭᠠᠨ ᠭᠡᠷᠡᠯ ᠪᠠᠶᠢᠨ ᠲᠠᠬᠢᠨ ᠭᠢᠯᠠᠯᠵᠠᠵᠤ᠂ ᠡᠭᠦᠯᠡᠨ ᠮᠡᠳᠡᠭᠡ ᠵᠠᠩᠭᠢ ᠰᠧᠺᠦ᠋ᠨ᠋ᠳ᠋ | ᠪᠦᠷᠢ 1 ᠳ᠋ᠦᠩᠰᠢᠭᠤᠷ ᠤᠳᠠᠭ᠎ᠠ ᠶᠢᠨ ᠬᠤᠷᠳᠤᠴᠠ ᠪᠠᠷ ᠠᠳᠡ ᠠᠴᠠ ᠰᠢᠭᠤᠳ ᠬᠡᠷᠡᠭᠯᠡᠭᠴᠢ ᠶᠢᠨ ᠭᠠᠷ ᠲᠤ | ᠬᠦᠷᠦᠨ᠎ᠡ᠃ | ︽ᠪᠣᠳᠣᠯᠭ᠎ᠠ ᠶᠢᠨ ᠴᠢᠳᠠᠪᠤᠷᠢ ᠨᠢ 10 ᠲᠦᠮᠡᠨ ᠭᠡᠷ ᠤᠨ ᠬᠡᠷᠡᠭᠯᠡᠭᠡᠨ ᠤ ᠺᠣᠮᠫᠢᠦ᠋ᠲ᠋ᠧᠷ ᠲᠠᠢ ᠲᠡᠩᠴᠡᠵᠦ᠂ | ᠳᠡᠭᠡᠳᠦ ᠳᠡᠰ ᠤᠨ ᠰᠢᠨᠵᠢᠯᠡᠬᠦ ᠤᠬᠠᠭᠠᠨ ᠤ ᠪᠣᠳᠣᠯᠭ᠎ᠠ ᠪᠣᠯᠣᠨ ᠶᠡᠭᠡ ᠬᠡᠪᠴᠢᠶᠡᠨ ᠤ ᠬᠢᠮᠡᠯ ᠣᠶᠤᠨ ᠤ | ᠪᠣᠯᠪᠠᠰᠤᠷᠠᠯ ᠤᠨ ᠬᠡᠷᠡᠭᠴᠡᠭᠡ ᠶᠢ ᠬᠠᠮᠲᠤ ᠳᠤ ᠨᠢ ᠬᠠᠩᠭᠠᠵᠤ᠂ ᠬᠡᠷᠡᠭᠯᠡᠭᠡᠨ ᠳᠤ ᠰᠠᠨᠰᠠᠷ ᠤᠨ ᠠᠶᠠᠯᠠᠯ᠂ ᠡᠯᠧᠺᠲᠷᠣᠨ | ᠮᠡᠳᠡᠭᠡ ᠵᠠᠩᠭᠢ᠂ ᠠᠮᠢᠳᠤ ᠪᠣᠳᠠᠰ ᠤᠨ ᠡᠮ ᠡᠮᠨᠡᠯᠭᠡ᠂ ᠲᠣᠨᠤᠭ ᠲᠥᠬᠦᠭᠡᠷᠦᠮᠵᠢ ᠦᠢᠯᠡᠳᠬᠦ᠂ ᠲᠡᠷᠢᠭᠦᠨ ᠤ | ᠮᠠᠲ᠋ᠧᠷᠢᠶᠠᠯ᠂ ᠡᠨᠧᠷᠭᠢ ᠬᠢᠮᠢ ᠶᠢᠨ ᠠᠵᠤ ᠦᠢᠯᠡᠳᠪᠦᠷᠢ ᠵᠡᠷᠭᠡ ᠬᠦᠷᠢᠶ᠎ᠡ ᠴᠠᠷᠠᠭ᠎ᠠ ᠶᠢ ᠪᠦᠷᠬᠦᠬᠦᠯᠵᠤ ᠪᠣᠯᠣᠨ᠎ᠠ︾᠃ | ᠲᠥᠷᠥᠯ ᠵᠦᠢᠯ ᠤᠨ ᠬᠠᠷᠢᠭᠤᠴᠠᠯᠭᠠᠲᠠᠨ ᠰᠢᠦᠢ ᠰᠢᠩ ᠬᠠᠢ ᠲᠠᠨᠢᠯᠴᠠᠭᠤᠯᠬᠤ ᠪᠠᠷ ᠣᠳᠣᠬᠠᠨ ᠳᠤ ︽ ᠬᠦᠬᠡ | ᠬᠤᠳᠠ ᠶᠢᠨ ᠬᠡᠷᠡᠯ︾ ᠨᠢ ᠣᠷᠣᠨ ᠤ ᠳᠣᠲᠣᠨ᠎ᠠ ᠭᠠᠳᠠᠨᠠᠬᠢ ᠶᠡᠭᠡ ᠳᠡᠭᠡᠳᠦ ᠰᠤᠷᠭᠠᠭᠤᠯᠢ ᠪᠠ ᠰᠢᠨᠵᠢᠯᠡᠬᠦ | ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ 100 ᠰᠢᠬᠠᠮ ᠬᠡᠷᠡᠭᠯᠡᠭᠴᠢ ᠳᠤ 5200 ᠲᠦᠮᠡᠨ ᠴᠠᠭ ᠤᠨ | ᠦᠢᠯᠡᠴᠢᠯᠡᠭᠡ ᠬᠠᠩᠭᠠᠵᠤ ᠪᠠᠶᠢᠨ᠎ᠠ᠃ | ᠪᠣᠳᠣᠯᠭ᠎ᠠ ᠶᠢᠨ ᠬᠦᠴᠦᠨ ᠤ ᠠᠵᠤ ᠦᠢᠯᠡᠰ ᠪᠣᠯ ᠡᠨᠧᠷᠭᠢ ᠶᠢᠨ ᠬᠤᠷᠣᠭᠳᠠᠭᠤᠯᠤᠯ ᠶᠡᠬᠡᠲᠡᠢ ᠠᠵᠤ ᠦᠢᠯᠡᠰ | ᠮᠥᠨ᠃ ︽ᠵᠡᠭᠦᠨ ᠤ ᠲᠤᠭ᠎ᠠ ᠶᠢ ᠪᠠᠷᠠᠭᠤᠨᠳᠠᠢ ᠪᠤᠳᠤᠬᠤ︾ ᠢᠨᠵᠧᠨᠧᠷᠢᠩ ᠤᠨ ᠠᠷᠪᠠᠨ ᠶᠡᠭᠡ ᠲᠤᠭ᠎ᠠ ᠪᠠᠷᠢᠮᠲᠠ ᠶᠢᠨ | ᠲᠥᠪ ᠤᠨ ᠪᠦᠯᠦᠭᠯᠡᠯ ᠤᠨ ᠨᠢᠭᠡ ᠪᠣᠯᠤᠭᠰᠠᠨ ᠬᠤᠷᠢᠨᠭᠡᠷ ᠲᠤᠭ᠎ᠠ ᠪᠠᠷᠢᠮᠲᠠ ᠶᠢᠨ ᠲᠥᠪ ᠲᠤ ᠨᠡᠶᠢᠳᠡᠮ ᠬᠡᠷᠡᠭᠯᠡᠬᠦ | ᠪᠣᠳᠣᠯᠭ᠎ᠠ ᠶᠢᠨ ᠬᠦᠴᠦᠨ ᠤ ᠦᠢᠯᠡᠴᠢᠯᠡᠭᠦᠷ ᠤᠨ ᠮᠠᠰᠢᠨ ᠴᠣᠭᠴᠠᠯᠠᠪᠤᠷᠢ ᠶᠢᠨ ᠴᠢᠳᠠᠪᠤᠷᠢ 120 ᠲᠦᠮᠡ ᠳᠤ | ᠬᠦᠷᠴᠦ᠂ ᠬᠡᠳᠦ ᠪᠣᠳᠣᠯᠭ᠎ᠠ ᠶᠢᠨ ᠬᠦᠴᠦᠨ ᠤ ᠬᠡᠪᠴᠢᠶ᠎ᠡ 140P ᠳᠤ ᠬᠦᠷᠴᠦ᠂ ᠣᠶᠤᠨᠲᠤ ᠪᠣᠳᠣᠯᠭ᠎ᠠ ᠶᠢᠨ | ᠬᠦᠴᠦᠨ ᠤ ᠬᠡᠪᠴᠢᠶ᠎ᠡ 23P ᠳᠤ ᠬᠦᠷᠴᠦ᠂ ᠪᠣᠳᠣᠯᠭ᠎ᠠ ᠶᠢᠨ ᠬᠦᠴᠦᠨ ᠤ ᠬᠡᠪᠴᠢᠶ᠎ᠡ ᠪᠦᠬᠦ ᠤᠯᠤᠰ ᠤᠨ ᠡᠮᠦᠨ᠎ᠡ | ᠡᠩᠨᠡᠭᠡᠨ ᠳᠤ ᠤᠷᠤᠭᠠᠳ ᠴᠠᠬᠢᠯᠭᠠᠨ ᠬᠡᠷᠡᠭᠯᠡᠬᠦ ᠬᠡᠮᠵᠢᠶ᠎ᠡ ᠨᠡᠯᠢᠶᠡᠳ ᠶᠡᠭᠡ ᠪᠣᠯᠪᠠ᠃ ︽ᠬᠤᠣᠰ ᠨᠡᠭᠦᠷᠡᠰᠦᠲᠥ᠋ᠷᠥᠭᠴᠢ | ︾ ᠶᠢᠨ ᠬᠠᠷᠠᠯᠲᠠ ᠶᠢᠨ ᠳᠠᠭᠠᠭᠤᠯᠭ᠎ᠠ ᠪᠠᠷ ᠬᠤᠷᠢᠨᠭᠡᠷ ᠰᠢᠨ᠎ᠡ ᠲᠣᠭᠤᠷᠢᠭ ᠤᠨ ᠬᠢᠨ ᠪᠣᠳᠣᠯᠭ᠎ᠠ ᠶᠢᠨ ᠬᠦᠴᠦᠨ ᠤ | ᠪᠣᠬᠢᠷᠲᠤᠯ ᠦᠭᠡᠢ ᠬᠦᠭᠵᠢᠬᠦᠯᠤᠯᠳᠡ ᠶᠢ ᠶᠡᠭᠡ ᠪᠠᠷ ᠠᠬᠢᠭᠤᠯᠵᠤ᠂ ᠪᠣᠬᠢᠷᠲᠤᠯ ᠦᠭᠡᠢ ᠡᠨᠧᠷᠭᠢ ᠶᠢᠨ ᠬᠠᠩᠭᠠᠯᠭ᠎ᠠ ᠶᠢ | ᠠᠬᠢᠭᠤᠯᠵᠤ᠂ ᠪᠣᠳᠣᠯᠭ᠎ᠠ ᠶᠢᠨ ᠬᠦᠴᠦᠨ ᠤ ᠠᠵᠤ ᠦᠢᠯᠡᠰ ᠢ ᠴᠢᠨᠠᠷ ᠰᠠᠶᠢᠲᠠᠢ ᠬᠥᠭᠵᠢᠯᠲᠡ ᠲᠡᠶᠢᠰᠢ ᠬᠥᠭᠵᠢᠭᠦᠯᠵᠡᠢ | ᠃ ᠬᠤᠷᠢᠨᠭᠡᠷ ᠤᠨ ᠲᠤᠭ᠎ᠠ ᠪᠠᠷᠢᠮᠲᠠ ᠶᠢᠨ ᠲᠥᠪ ᠤᠨ ᠪᠦᠯᠦᠭᠯᠡᠯ ᠤᠨ ᠬᠡᠷᠡᠭᠯᠡᠭᠰᠡᠨ ᠰᠠᠯᠬᠢᠨ ᠬᠦᠴᠦᠨ ᠤ ᠴᠠᠬᠢᠯᠭᠠᠨ᠂ | ᠬᠡᠷᠡᠯ ᠴᠠᠬᠢᠯᠭᠠᠨ ᠵᠡᠷᠭᠡ ︽ᠪᠠᠶᠢᠭᠠᠯᠢᠯᠢᠭ ᠴᠠᠬᠢᠯᠭᠠᠨ︾ ᠤ ᠡᠵᠡᠯᠡᠬᠦ ᠬᠠᠷᠢᠴᠠᠯ ᠨᠢ ᠦᠨᠤ ᠵᠢᠯ ᠤᠨ 6 ᠳ᠋ᠤᠭᠠᠷ ᠰᠠᠷ᠎ᠠ | ᠪᠣᠯᠲᠠᠯ᠎ᠠ 58% ᠣᠷᠴᠢᠮ ᠭᠦᠷᠦᠭᠰᠡᠨ ᠪᠠᠶᠢᠨ᠎ᠠ᠃ | ︽ᠣᠳᠣᠬᠠᠨ ᠳᠤ ᠬᠤᠷᠢᠨᠭᠡᠷ ᠳ᠋ᠠᠶᠢᠲ᠋ᠠ ᠶᠢᠨ ᠲᠥᠪ ᠤᠨ ᠪᠦᠯᠦᠭᠯᠡᠯ ᠤᠨ ᠪᠣᠬᠢᠷᠲᠤᠯ ᠦᠭᠡᠢ ᠡᠨᠧᠷᠭᠢ ᠶᠢᠨ | ᠬᠠᠩᠭᠠᠯᠭ᠎ᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠨᠢᠭᠡᠨᠲᠡ ᠵᠥᠪᠰᠢᠶᠡᠷᠡᠭᠳᠡᠵᠦ᠂ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠳᠤ ᠰᠠᠯᠬᠢᠨ ᠬᠦᠴᠦᠨ ᠤ ᠴᠠᠬᠢᠯᠭᠠᠨ ᠤ 30 ᠲᠦᠮᠡᠨ ᠺᠢᠯᠣᠸᠠᠲ᠂ ᠬᠡᠷᠡᠯ | ᠴᠡᠨᠡᠭ ᠤᠨ 6 ᠲᠦᠮᠡᠨ ᠺᠢᠯᠣᠸᠠᠲ᠂ ᠲᠠᠷᠬᠠᠮᠠᠯ ᠮᠠᠶ᠋ᠢᠭ ᠤᠨ ᠰᠢᠨ᠎ᠡ ᠡᠨᠧᠷᠭᠢ ᠶᠢᠨ 3.5 ᠲᠦᠮᠡᠨ ᠺᠢᠯᠣᠸᠠᠲ ᠵᠡᠷᠭᠡ | ᠢᠨᠵᠧᠨᠧᠷᠢᠩ ᠪᠠᠭᠲᠠᠨ᠎ᠠ᠂ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ ᠬᠤᠷᠢᠨᠭᠡᠷ ᠳ᠋ᠠᠶᠢᠲ᠋ᠠ ᠶᠢᠨ ᠲᠥᠪ ᠤᠨ | ᠪᠦᠯᠦᠭᠯᠡᠯ ᠤᠨ ᠪᠣᠬᠢᠷᠲᠤᠯ ᠦᠭᠡᠢ ᠴᠠᠬᠢᠯᠭᠠᠨ ᠤ ᠰᠢᠭᠤᠳ ᠬᠠᠩᠭᠠᠯᠭ᠎ᠠ ᠶᠢᠨ ᠣᠷᠣᠯᠠᠬᠤ ᠨᠣᠷᠮ᠎ᠠ 67% ᠶᠢ | ᠳᠠᠪᠠᠵᠤ᠂ ᠵᠢᠯ ᠳᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 180 ᠲᠦᠮᠡᠨ | ᠲᠣᠨ ᠠᠴᠠ ᠳᠡᠭᠡᠭᠰᠢ ᠪᠠᠭᠠᠰᠬᠠᠬᠤ ᠪᠣᠯᠣᠨ᠎ᠠ︾ ᠭᠡᠵᠦ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ | ᠵᠥᠪᠯᠡᠯ ᠤᠨ ᠳᠡᠳ᠋ ᠡᠷᠬᠢᠯᠡᠭᠴᠢ ᠵᠠᠩ ᠰᠢᠤᠸᠠᠢ ᠵᠢᠶᠦ᠋ᠨ ᠬᠡᠯᠡᠪᠡ᠃ | ︽ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 2030 ᠣᠨ ᠠᠴᠠ ᠡᠮᠦᠨ᠎ᠡ | ᠣᠷᠭᠢᠯ ᠬᠡᠮᠵᠢᠭᠳᠡᠯ ᠳᠤ ᠬᠦᠷᠭᠡᠬᠦ ᠪᠠᠷ ᠴᠢᠷᠮᠠᠶᠢᠵᠤ᠂ 2060 ᠣᠨ ᠠᠴᠠ ᠡᠮᠦᠨ᠎ᠡ ᠨᠡᠭᠦᠷᠡᠰᠦᠲᠥ᠋ᠷᠥᠭᠴᠢ ᠶᠢᠨ | ᠳᠠᠪᠬᠤᠷ ᠢᠰᠦᠯ ᠤᠨ ᠰᠠᠭᠠᠷᠮᠠᠭᠵᠢᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ᠃︾ ᠡᠨᠡ ᠪᠣᠯ ᠳᠤᠮᠳᠠᠳᠤ ᠤᠯᠤᠰ ᠠᠴᠠ | ᠳᠡᠯᠡᠬᠡᠢ ᠳ᠋ᠠᠬᠢᠨ ᠵᠠᠷᠯᠠᠬᠰᠠᠨ ᠲᠥᠪ ᠴᠢᠩᠭ᠎ᠠ ᠠᠮᠠᠯᠠᠯᠲᠠ ᠪᠣᠯᠣᠨ᠎ᠠ᠃ | ᠤᠯᠤᠰ ᠤᠨ ᠴᠢᠬᠤᠯᠠ ᠡᠨᠧᠷᠭᠢ ᠶᠢᠨ ᠰᠠᠭᠤᠷᠢᠨ ᠪᠣᠯᠤᠭᠰᠠᠨ ᠤ ᠬᠤᠪᠢ ᠳᠤ ᠥᠪᠥᠷ ᠮᠣᠩᠭᠤᠯ ︽ᠬᠤᠣᠰ | ᠨᠡᠭᠦᠷᠡᠰᠦᠲᠥ᠋ᠷᠥᠭᠴᠢ︾ ᠶᠢᠨ ᠬᠠᠷᠠᠯᠲᠠ ᠪᠠᠨ ᠵᠣᠭᠰᠣᠭᠠᠵᠤ᠂ ᠬᠦᠭᠵᠢᠬᠦᠯᠤᠯᠳᠡ ᠶᠢᠨ ᠠᠷᠭ᠎ᠠ ᠬᠡᠯᠪᠡᠷᠢ ᠪᠠᠨ | ᠪᠣᠬᠢᠷᠲᠤᠯ ᠦᠭᠡᠢ ᠲᠡᠶᠢᠰᠢ ᠬᠤᠪᠢᠷᠠᠭᠤᠯᠬᠤ ᠠᠵᠢᠯ ᠢ ᠢᠳᠡᠪᠬᠢᠲᠡᠢ ᠠᠬᠢᠭᠤᠯᠵᠤ᠂ ᠨᠣᠭᠤᠭᠠᠨ ᠥᠩᠭᠡ ᠪᠠᠷ ᠰᠠᠭᠤᠷᠢ | ᠪᠣᠯᠭᠠᠨ ᠭᠠᠳᠠᠭᠰᠢᠯᠠᠭᠤᠯᠤᠯᠲᠠ ᠶᠢ ᠪᠠᠭᠠᠰᠬᠠᠬᠤ︾ ᠰᠢᠨ᠎ᠡ ᠵᠠᠮ ᠢ ᠰᠦᠪᠡᠭᠴᠢᠯᠡᠪᠡ᠃ | ︽ᠬᠤᠣᠰ ᠨᠡᠭᠦᠷᠡᠰᠦᠲᠥ᠋ᠷᠥᠭᠴᠢ︾ ᠶᠢᠨ ᠬᠠᠷᠠᠯᠲᠠ ᠶᠢ ᠳᠤᠷᠠᠳᠤᠭᠰᠠᠨ ᠠᠴᠠ ᠨᠠᠭᠠᠰᠢ ᠥᠪᠥᠷ ᠮᠣᠩᠭᠤᠯ ᠤᠨ | ᠬᠢᠨ ︽1+N+X︾ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠬᠦᠴᠦᠯᠡᠨ ᠪᠠᠶᠢᠭᠤᠯᠵᠤ᠂ ︽ᠰᠢᠨ᠎ᠡ | ᠬᠦᠭᠵᠢᠬᠦᠯᠤᠯᠳᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠶ ᠪᠦᠬᠦ ᠲᠠᠯ᠎ᠠ ᠪᠠᠷ ᠲᠤᠭᠤᠰᠢᠯᠠᠭᠤᠯᠵᠤ᠂ | ᠨᠡᠭᠦᠷᠡᠰᠦᠲᠥ᠋ᠷᠥᠭᠴᠢ ᠶᠢ ᠣᠷᠭᠢᠯ ᠬᠡᠮᠵᠢᠭᠳᠡᠯ ᠳᠤ ᠬᠦᠷᠬᠡᠬᠦ ᠪᠠ ᠨᠡᠭᠦᠷᠡᠰᠦᠲᠥ᠋ᠷᠥᠭᠴᠢ ᠶᠢ ᠰᠠᠭᠠᠷᠮᠠᠬᠵᠢᠭᠤᠯᠬᠤ ᠠᠵᠢᠯ | ᠢ ᠰᠠᠶᠢᠲᠤᠷ ᠬᠢᠬᠦ ᠲᠤᠬᠠᠢ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠵᠤ᠂ ᠰᠢᠨᠵᠢᠯᠡᠬᠦ ᠮᠡᠷᠭᠡᠵᠢᠯ᠂ ᠡᠨᠧᠷᠭᠢ᠂ | ᠠᠵᠤ ᠦᠢᠯᠡᠳᠪᠦᠷᠢ᠂ ᠵᠠᠮ ᠬᠠᠷᠢᠯᠴᠠᠭ᠎ᠠ ᠲᠡᠭᠡᠭᠡᠪᠦᠷᠢ᠂ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ᠂ | ᠲᠠᠷᠢᠶᠠᠯᠠᠩ ᠮᠠᠯ ᠠᠵᠤ ᠠᠬᠤᠢ ᠵᠡᠷᠭᠡ 17 ᠵᠦᠢᠯ ᠤᠨ ᠬᠦᠷᠢᠶ᠎ᠡ ᠬᠡᠪᠴᠢᠶ᠎ᠡ ᠪᠠ ᠠᠵᠢᠯ ᠲᠦᠷᠦᠯ ᠬᠤᠪᠢᠶᠠᠨ | ᠬᠡᠷᠡᠭᠵᠢᠭᠦᠯᠬᠦ ᠲᠥᠰᠥᠯ ᠢ ᠨᠡᠶᠢᠲᠡᠯᠡᠵᠦ᠂ ᠤᠰᠤᠲᠥ᠋ᠷᠥᠭᠴᠢ ᠡᠨᠧᠷᠭᠢ ᠶᠢ ᠬᠥᠭᠵᠢᠭᠦᠯᠬᠦ᠂ ᠡᠨᠧᠷᠭᠢ ᠶᠢᠨ | ᠬᠠᠩᠭᠠᠯᠭ᠎ᠠ ᠶᠢ ᠪᠠᠲᠤᠯᠠᠬᠤ᠂ ᠡᠨᠧᠷᠭᠢ ᠶᠢᠨ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠶᠢ ᠪᠠᠭ᠎ᠠ | ᠭᠠᠳᠠᠬᠰᠢᠯᠠᠭᠤᠯᠵᠤ ᠬᠡᠯᠪᠡᠷᠢ ᠶᠢ ᠬᠤᠪᠢᠷᠠᠭᠤᠯᠬᠤ᠂ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ | ᠪᠠᠭᠠᠰᠬᠠᠬᠤ ᠶᠢ ᠬᠠᠮᠵᠢᠯᠴᠠᠭᠤᠯᠤᠨ ᠦᠷ᠎ᠡ ᠠᠰᠢᠭ ᠢ ᠨᠡᠮᠡᠭᠳᠡᠭᠦᠯᠬᠦ ᠵᠡᠷᠭᠡ 9 ᠲᠠᠯ᠎ᠠ ᠶᠢᠨ ᠢᠵᠢ ᠪᠦᠷᠢᠳᠦᠭᠰᠡᠨ | ᠲᠦᠷᠦ ᠶᠢᠨ ᠪᠣᠳᠣᠯᠭ᠎ᠠ ᠠᠷᠭ᠎ᠠ ᠶᠢ ᠲᠣᠭᠲᠠᠭᠠᠪᠠ ᠁ ︽ᠵᠠᠮ ᠱᠤᠭᠤᠮ ᠤᠨ ᠵᠢᠷᠤᠭ︾ ᠢ ᠲᠣᠭᠲᠠᠭᠠᠵᠤ᠂ ︽ | ᠴᠠᠭ ᠤᠨ ᠬᠦᠰᠦᠨᠦᠭᠲᠦ︾ ᠶᠢ ᠲᠣᠩᠭᠤᠷᠠᠭᠤᠯᠤᠨ ᠵᠢᠭᠰᠠᠭᠠᠵᠤ᠂ ᠥᠪᠥᠷ ᠮᠣᠩᠭᠤᠯ ᠤᠨ ᠨᠡᠭᠦᠷᠡᠰᠦᠲᠥ᠋ᠷᠥᠭᠴᠢ ᠶᠢ | ᠪᠠᠭᠠᠰᠬᠠᠵᠤ ᠬᠤᠷᠣᠭᠳᠠᠯ ᠢ ᠪᠠᠭᠠᠰᠬᠠᠬᠤ ︽ᠡᠯᠭᠦᠭᠡ ᠵᠢᠷᠤᠭ︾ ᠢᠶᠠᠷ ᠪᠠᠶᠢᠯᠳᠤᠵᠤ᠂ ᠪᠣᠬᠢᠷᠲᠤᠯ ᠦᠭᠡᠢ | ᠬᠦᠭᠵᠢᠯᠳᠡ ᠶᠢ ᠡᠷᠡᠰ ᠰᠢᠭᠤᠷᠬᠠᠢ ᠪᠠᠷ ᠬᠥᠭᠵᠢᠭᠦᠯᠪᠡ᠃ | ᠡᠨᠧᠷᠭᠢ ᠶᠢᠨ ᠬᠤᠷᠣᠭᠳᠠᠭᠤᠯᠤᠯ ᠶᠡᠬᠡᠲᠡᠢ᠂ ᠪᠣᠬᠢᠷᠲᠤᠯ ᠪᠣᠳᠠᠰ ᠢ ᠶᠡᠭᠡ ᠭᠠᠳᠠᠭᠰᠢᠯᠠᠭᠤᠯᠬᠤ ᠵᠦᠢᠯᠡᠰ ᠲᠤ | ᠴᠢᠩᠭ᠎ᠠ ᠴᠣᠬᠢᠯᠲᠠ ᠦᠭᠪᠡ᠃ ︽ᠬᠤᠶᠠᠷ ᠥᠨᠳᠥᠷ︾ ᠤ ᠳᠣᠣᠷ᠎ᠠ ᠲᠦᠪᠰᠢᠨ ᠤ ᠵᠦᠢᠯᠡᠰ ᠤᠨ ᠰᠣᠬᠤᠷ ᠪᠠᠯᠠᠢ ᠪᠠᠷ | ᠬᠥᠭᠵᠢᠬᠦ ᠶᠢ ᠡᠷᠡᠰ ᠬᠤᠷᠢᠭᠯᠠᠵᠤ᠂ ︽ ᠳᠣᠣᠷ᠎ᠠ ᠲᠦᠪᠰᠢᠨ ᠪᠦᠬᠦᠢ ︿ᠬᠤᠶᠠᠷ ᠥᠨᠳᠥᠷ﹀ ᠵᠦᠢᠯᠡᠰ ᠢ ᠰᠣᠬᠤᠷ | ᠪᠠᠯᠠᠢ ᠪᠠᠷ ᠬᠦᠭᠵᠢᠬᠦᠯᠬᠦ ᠶᠢ ᠡᠷᠡᠰ ᠬᠤᠷᠢᠬᠯᠠᠵᠤ ᠬᠠᠮᠢᠶᠠᠷᠤᠨ ᠡᠵᠡᠮᠳᠡᠬᠦ ᠭᠠᠷᠴᠠᠭ︾ ᠢ ᠨᠡᠶᠢᠲᠡᠯᠡᠵᠦ᠂ ᠵᠦᠪᠰᠢᠶᠡᠷᠡᠬᠦ᠂ | ᠬᠡᠬᠡᠬᠦ᠂ ᠡᠨᠧᠷᠭᠢ ᠠᠷᠪᠢᠯᠠᠬᠤ᠂ ᠣᠷᠴᠢᠨ ᠠᠬᠤᠢ ᠶᠢ ᠬᠠᠮᠠᠭᠠᠯᠠᠬᠤ ᠵᠡᠷᠭᠡ 4 ᠲᠠᠯ᠎ᠠ ᠠᠴᠠ 8 ᠶᠡᠭᠡ ᠠᠵᠢᠯ | ᠲᠦᠷᠦᠯ ᠤᠨ 30 ᠲᠦᠷᠦᠯ ᠤᠨ ᠭᠤᠣᠯᠳᠠᠯᠭ᠎ᠠ ᠲᠠᠢ ᠵᠦᠢᠯᠡᠰ ᠤᠨ ᠬᠠᠮᠢᠶᠠᠷᠤᠨ ᠡᠵᠡᠮᠳᠡᠬᠦ ᠠᠷᠭ᠎ᠠ ᠶᠢ | ᠨᠠᠷᠢᠯᠢᠭᠵᠢᠭᠤᠯᠪᠠ᠃ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠠᠴᠠ ᠨᠠᠭᠠᠰᠢ ᠪᠥᠬᠦ ᠣᠷᠣᠨ ᠤ | ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠳᠣᠲᠣᠷ᠎ᠠ ︽ᠬᠤᠶᠠᠷ ᠥᠨᠳᠥᠷ︾ ᠲᠥᠷᠥᠯ ᠵᠦᠢᠯ ᠤᠨ ᠡᠵᠡᠯᠡᠬᠦ | ᠬᠠᠷᠢᠴᠠᠯ ᠶᠡᠭᠡ ᠪᠠᠷ ᠪᠠᠭᠤᠷᠠᠪᠠ᠃ | ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ | ᠲᠡᠶᠢᠰᠢ ᠦᠷᠭᠦᠯᠵᠢᠯᠡᠨ ᠬᠦᠴᠦᠯᠡᠪᠡ ᠃ ᠡᠨᠧᠷᠭᠢ ᠶᠢᠨ ᠰᠤᠷᠪᠤᠯᠵᠢ ᠶᠢᠨ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ | ᠶᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ ᠶᠢ ᠯᠠᠪᠳᠠᠭᠤᠨ ᠪᠥᠭᠡᠳ ᠡᠮᠬᠢ ᠲᠠᠢ ᠠᠬᠢᠭᠤᠯᠵᠤ᠂ | ᠭᠤᠣᠯᠳᠠᠯᠭ᠎ᠠ ᠲᠠᠢ ᠠᠵᠢᠯ ᠲᠦᠷᠦᠯ ᠤᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭ᠎ᠠ ᠭᠠᠳᠠᠭᠰᠢᠯᠠᠭᠤᠯᠬᠤ | ᠥᠭᠡᠷᠡᠴᠢᠯᠡᠯᠲᠡ ᠶᠢ ᠬᠦᠴᠦᠯᠡᠨ ᠠᠬᠢᠭᠤᠯᠵᠤ᠂ ᠡᠨᠧᠷᠭᠢ ᠠᠷᠪᠢᠯᠠᠬᠤ ᠨᠡᠭᠦᠷᠡᠰᠦᠲᠥ᠋ᠷᠥᠭᠴᠢ ᠶᠢ ᠪᠠᠭ᠎ᠠ | ᠭᠠᠳᠠᠭᠰᠢᠯᠠᠭᠤᠯᠬᠤ ᠵᠠᠮ ᠬᠠᠷᠢᠯᠴᠠᠭᠠᠨ ᠤ ᠪᠠᠭᠠᠵᠢ ᠶᠢ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠪᠠ᠃ ᠪᠣᠬᠢᠷᠲᠤᠯ | ᠦᠭᠡᠢ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠦᠢᠯᠡᠰ ᠤᠨ ᠬᠦᠭᠵᠢᠯᠳᠡ ᠶᠢ ᠪᠥᠬᠦ ᠲᠠᠯ᠎ᠠ ᠪᠠᠷ | ᠠᠬᠢᠭᠤᠯᠵᠤ᠂ 8 ᠲᠣᠮᠣ ᠠᠵᠤ ᠦᠢᠯᠡᠰ ᠤᠨ ᠪᠦᠯᠦᠭᠯᠡᠯ ᠪᠠ 16 ᠭᠤᠣᠯᠳᠠᠯᠭ᠎ᠠ ᠲᠠᠢ ᠠᠵᠤ ᠦᠢᠯᠡᠰ ᠤᠨ | ᠬᠡᠯᠬᠢᠶ᠎ᠡ ᠶᠢ ᠲᠥᠪᠯᠡᠷᠡᠭᠦᠯᠦᠨ ᠪᠣᠶ ᠪᠣᠯᠭᠠᠵᠤ᠂ ᠪᠣᠬᠢᠷᠲᠤᠯ ᠦᠭᠡᠢ ᠦᠢᠯᠡᠳᠪᠦᠷᠢᠯᠡᠯ ᠤᠨ ᠰᠢᠰᠲ᠋ᠧᠮ ᠤᠨ ᠪᠦᠲᠦᠭᠡᠨ | ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠠᠵᠤ ᠦᠢᠯᠡᠰ ᠤᠨ ᠨᠣᠭᠤᠭᠠᠷᠠᠭᠤᠯᠤᠯᠲᠠ ᠶᠢᠨ ᠬᠡᠮᠵᠢᠶ᠎ᠡ᠂ ᠰᠢᠨ᠎ᠡ ᠶᠢᠨ | ᠬᠡᠮᠵᠢᠶ᠎ᠡ᠂ ᠴᠢᠨᠰᠠᠭ᠎ᠠ ᠶᠢ ᠲᠠᠰᠤᠷᠠᠯᠲᠠ ᠦᠭᠡᠢ ᠲᠡᠭᠡᠭᠰᠢᠯᠡᠬᠦᠯᠪᠡ᠃ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠤᠪᠵᠢᠬᠦᠯᠬᠡ ᠠᠴᠠ ᠨᠠᠭᠠᠰᠢ ᠪᠥᠬᠦ ᠣᠷᠣᠨ ᠤ ᠨᠢᠭᠡᠴᠢ | ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠡᠨᠧᠷᠭᠢ ᠶᠢᠨ ᠬᠤᠷᠣᠭᠳᠠᠭᠤᠯᠤᠯ 13.8% ᠪᠠᠷ ᠪᠠᠭᠤᠷᠠᠵᠤ᠂ | ᠠᠬᠢᠴᠠ ᠶᠢᠨ ᠬᠠᠷᠠᠯᠲᠠ ᠪᠠᠨ ᠪᠡᠶᠡᠯᠡᠭᠦᠯᠪᠡ᠃ ᠭᠤᠣᠯᠳᠠᠯᠭ᠎ᠠ ᠲᠠᠢ ᠠᠵᠢᠯ ᠲᠥᠷᠥᠯ ᠤᠨ ᠡᠨᠧᠷᠭᠢ ᠶᠢᠨ | ᠠᠰᠢᠭᠯᠠᠮᠵᠢ ᠶᠢᠨ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠵᠦ᠂ ᠱᠦᠢᠨᠢ᠂ ᠮᠧᠲ᠋ᠢᠯ ᠠᠯᠺᠣᠣᠯ᠂ ᠣᠯᠠᠨ ᠲᠠᠯᠠᠰᠲᠤ | ᠴᠠᠬᠢᠭᠤᠷ᠂ ᠵᠡᠰ᠂ ᠬᠠᠷ᠎ᠠ ᠲᠤᠭᠤᠯᠭ᠎ᠠ᠂ ᠮᠠᠭᠨᠢ ᠵᠡᠷᠭᠡ 11 ᠠᠵᠢᠯ ᠲᠥᠷᠥᠯ ᠤᠨ ᠨᠢᠭᠡᠴᠢ ᠦᠢᠯᠡᠳᠬᠦᠨ ᠤ | ᠡᠨᠧᠷᠭᠢ ᠶᠢᠨ ᠬᠤᠷᠣᠭᠳᠠᠭᠤᠯᠤᠯ ᠢ ᠤᠯᠤᠰ ᠤᠨ ᠡᠨᠧᠷᠭᠢ ᠶᠢᠨ ᠬᠤᠷᠣᠭᠳᠠᠭᠤᠯᠤᠯ ᠤᠨ ᠬᠢᠵᠠᠭᠠᠷ ᠲᠤᠭ᠎ᠠ ᠶᠢᠨ | ᠲᠡᠷᠢᠭᠦᠨ ᠤ ᠬᠡᠮᠵᠢᠭᠳᠡᠯ ᠳᠤ ᠬᠦᠷᠤᠬᠦᠯᠪᠡ᠃ | ᠪᠠᠷᠠᠭᠠᠯᠬᠢᠯᠠᠯ ᠤᠨ ᠴᠢᠨᠠᠷᠲᠠᠢ ᠪᠤᠳᠤᠯᠬᠢᠯᠠᠨ᠂ ᠪᠦᠬᠦ ᠲᠠᠯ᠎ᠠ ᠶᠢᠨ ᠴᠢᠨᠠᠷᠲᠠᠢ ᠲᠦᠯᠦᠪᠵᠢᠬᠦᠯᠵᠤ᠂ | ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠪᠠᠶᠢᠷᠢᠰᠢᠯᠠᠭᠤᠯᠤᠨ᠂ ᠪᠦᠬᠦᠯᠢ ᠴᠣᠭᠴᠠ ᠶᠢᠨ ᠴᠢᠨᠠᠷᠲᠠᠢ ᠠᠬᠢᠭᠤᠯᠪᠠ᠃ ︽ | ᠬᠤᠣᠰ ᠨᠡᠭᠦᠷᠡᠰᠦᠲᠥ᠋ᠷᠥᠭᠴᠢ︾ ᠶᠢᠨ ᠠᠬᠤᠢ ᠪᠠᠶᠢᠳᠠᠯ ᠳᠣᠣᠷ᠎ᠠ ᠥᠪᠥᠷ ᠮᠣᠩᠭᠤᠯ ᠤᠨ ᠬᠢᠨ | ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠲᠤᠯ ᠢ ᠪᠠᠭᠠᠰᠬᠠᠬᠤ᠂ ᠨᠣᠭᠤᠭᠠᠷᠠᠭᠤᠯᠤᠯᠲᠠ ᠤᠨ ᠲᠠᠯᠠᠪᠠᠢ ᠶᠢ | ᠥᠷᠭᠡᠳᠬᠡᠬᠦ᠂ ᠨᠡᠮᠡᠭᠳᠡᠯ ᠢ ᠬᠠᠮᠵᠢᠯᠴᠠᠨ ᠠᠬᠢᠭᠤᠯᠬᠤ ᠶᠢ ᠪᠠᠷᠢᠮᠲᠠᠯᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ | ᠪᠣᠬᠢᠷᠲᠤᠯ ᠦᠭᠡᠢ ᠬᠦᠭᠵᠢᠬᠦᠯᠤᠯᠳᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠲᠠᠰᠤᠷᠠᠯᠳᠡ ᠦᠭᠡᠢ | ᠪᠤᠭᠤᠮᠳᠠ ᠰᠢᠪᠳᠤᠯᠤᠨ ᠠᠰᠠᠭᠤᠳᠠᠯ ᠢ ᠰᠢᠢᠳᠪᠦᠷᠢᠯᠡᠵᠦ᠂ ᠠᠮᠵᠢᠯᠲᠠ ᠪᠦᠲᠦᠮᠵᠢ ᠤᠯᠤᠬᠰᠠᠨ ᠪᠠᠶᠢᠯ᠎ᠠ᠃ | ᠪᠤᠭᠤᠲᠤ ᠬᠤᠲᠠ ᠶᠢᠨ ᠬᠢᠨ ᠡᠩ ᠲᠡᠷᠢᠭᠦᠨ ᠳᠤ ᠨᠡᠭᠦᠷᠡᠰᠦᠲᠥ᠋ᠷᠥᠭᠴᠢ ᠶᠢ ᠤᠷᠬᠢᠯ ᠬᠡᠮᠵᠢᠭᠳᠡᠯ ᠳᠤ ᠬᠦᠷᠬᠡᠬᠦ ᠪᠠ | ᠨᠡᠭᠦᠷᠡᠰᠦᠲᠥ᠋ᠷᠥᠭᠴᠢ ᠶᠢ ᠰᠠᠭᠠᠷᠮᠠᠬᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ︽ᠪᠤᠭᠤᠲᠤ | ᠬᠤᠲᠠ ᠶᠢᠨ ᠨᠡᠭᠦᠷᠡᠰᠦᠲᠥ᠋ᠷᠥᠭᠴᠢ ᠶᠢ ᠣᠷᠭᠢᠯ ᠬᠡᠮᠵᠢᠭᠳᠡᠯ ᠳᠤ ᠬᠦᠷᠭᠡᠬᠦ ᠪᠠ ᠨᠡᠭᠦᠷᠡᠰᠦᠲᠥ᠋ᠷᠥᠭᠴᠢ ᠶᠢ | ᠰᠠᠭᠠᠷᠮᠠᠬᠵᠢᠭᠤᠯᠬᠤ ᠶᠢ ᠭᠦᠨᠵᠡᠭᠡᠢ ᠠᠬᠢᠭᠤᠯᠬᠤ ᠪᠠ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠶᠢ ᠪᠠᠭ᠎ᠠ | ᠭᠠᠳᠠᠭᠰᠢᠯᠠᠭᠤᠯᠬᠤ ᠬᠤᠲᠠ ᠶᠢ ᠲᠦᠷᠭᠡᠨ ᠪᠦᠲᠦᠭᠡᠨ ᠪᠠᠶᠢᠭᠤᠯᠬᠤ ᠲᠤᠬᠠᠢ ᠬᠡᠷᠡᠭᠵᠢᠭᠦᠯᠬᠦ ᠲᠥᠰᠥᠯ︾ ᠢ ᠵᠣᠬᠢᠶᠠᠵᠤ᠂ | ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠪᠠᠷ ᠭᠤᠣᠯᠳᠠᠯᠭ᠎ᠠ ᠲᠠᠢ ᠪᠠᠶᠢᠯᠳᠤᠬᠤ ᠪᠣᠳᠣᠯᠭ᠎ᠠ ᠶᠢᠨ ᠴᠢᠭᠯᠡᠯ ᠪᠣᠯᠭᠠᠨ᠂ | ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠶᠢ ᠬᠠᠮᠵᠢᠯᠴᠠᠭᠤᠯᠤᠨ ᠦᠷ᠎ᠡ ᠠᠰᠢᠭ ᠢ | ᠨᠡᠮᠡᠭᠳᠡᠭᠦᠯᠬᠦ ᠶᠢ ᠠᠬᠢᠭᠤᠯᠵᠤ᠂ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠪᠥᠬᠦ ᠲᠠᠯ᠎ᠠ ᠪᠠᠷ ᠪᠣᠬᠢᠷᠲᠤᠯ ᠦᠭᠡᠢ | ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠂ ᠨᠡᠭᠦᠷᠡᠰᠦᠲᠥ᠋ᠷᠥᠭᠴᠢ ᠶᠢ ᠣᠷᠭᠢᠯ ᠬᠡᠮᠵᠢᠭᠳᠡᠯ ᠳᠤ ᠬᠦᠷᠭᠡᠬᠦ ᠪᠠ | ᠨᠡᠭᠦᠷᠡᠰᠦᠲᠥ᠋ᠷᠥᠭᠴᠢ ᠶᠢ ᠰᠠᠭᠠᠷᠮᠠᠬᠵᠢᠭᠤᠯᠬᠤ ᠬᠤᠰᠢᠭᠤᠴᠢ ᠬᠤᠲᠠ᠂ ᠵᠢᠱᠢᠶᠡᠴᠢ ᠬᠤᠲᠠ ᠶᠢ ᠴᠢᠷᠮᠠᠶᠢᠨ | ᠪᠠᠶᠢᠭᠤᠯᠪᠠ᠃ | ᠣᠷᠳᠣᠰ ᠬᠤᠳᠠ ᠶᠢᠨ ᠬᠢᠨ ︽ᠬᠤᠣᠰ ᠨᠡᠭᠦᠷᠡᠰᠦᠲᠥ᠋ᠷᠥᠭᠴᠢ︾ ᠶᠢᠨ ᠪᠠᠶᠢᠯᠳᠤᠬᠤ ᠪᠣᠳᠣᠯᠭ᠎ᠠ ᠶᠢᠨ ᠠᠵᠠ | ᠲᠣᠬᠢᠶᠠᠯ ᠢ ᠠᠮᠵᠢᠵᠤ᠂ ᠰᠢᠨ᠎ᠡ ᠡᠨᠧᠷᠭᠢ ᠪᠠᠷ ᠡᠨᠧᠷᠭᠢ ᠶᠢᠨ ᠪᠦᠲᠦᠴᠡ ᠶᠢ ᠲᠣᠬᠢᠷᠠᠭᠤᠯᠬᠤ ᠭᠤᠣᠯ | ᠰᠢᠪᠲᠤᠯᠤᠯᠲᠠ ᠶᠢᠨ ᠴᠢᠭᠯᠡᠯ ᠪᠣᠯᠭᠠᠵᠤ᠂ ᠡᠨᠧᠷᠭᠢ ᠶᠢᠨ ᠪᠦᠲᠦᠴᠡ ᠶᠢᠨ ᠬᠡᠯᠪᠡᠷᠢ ᠶᠢ ᠬᠤᠪᠢᠷᠠᠭᠤᠯᠬᠤ ᠪᠠᠷ ᠠᠵᠤ | ᠦᠢᠯᠡᠰ ᠤᠨ ᠪᠦᠲᠦᠴᠡ ᠶᠢᠨ ᠬᠡᠯᠪᠡᠷᠢ ᠶᠢ ᠬᠤᠪᠢᠷᠠᠭᠤᠯᠬᠤ᠂ ᠠᠵᠤ ᠠᠬᠤᠢ ᠶᠢᠨ ᠪᠦᠲᠦᠴᠡ ᠶᠢᠨ ᠬᠡᠯᠪᠡᠷᠢ ᠶᠢ | ᠬᠤᠪᠢᠷᠠᠭᠤᠯᠬᠤ ᠠᠵᠢᠯ ᠢ ᠳᠠᠶᠢᠴᠢᠯᠠᠵᠦ᠂ ︽ᠤᠰᠤᠲᠥ᠋ᠷᠥᠭᠴᠢ ᠶᠢ ᠬᠠᠳᠠᠭᠠᠯᠠᠬᠤ ᠦᠵᠡᠮᠵᠢ ᠶᠢᠨ ᠲᠡᠷᠭᠡ︾ ᠵᠡᠷᠬᠡ | ᠲᠠᠪᠤᠨ ᠶᠡᠭᠡ ᠠᠵᠤ ᠦᠢᠯᠡᠰ ᠤᠨ ᠪᠦᠯᠦᠭᠵᠢᠯ ᠢ ᠴᠢᠷᠮᠠᠶᠢᠨ ᠴᠣᠭᠴᠠᠯᠠᠵᠤ᠂ ᠡᠬᠢ ᠪᠠᠶᠠᠯᠢᠭ ᠤᠨ ᠬᠡᠯᠪᠡᠷᠢ ᠲᠠᠢ | ᠬᠤᠳᠠ ᠶᠢᠨ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠶᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ | ᠬᠤᠪᠢᠷᠠᠭᠤᠯᠬᠤ ᠳᠤ ᠰᠢᠨ᠎ᠡ ᠵᠠᠮ ᠢ ᠨᠡᠬᠡᠬᠡᠪᠡ᠃ | ᠦᠬᠠᠢ ᠬᠤᠳᠠ ᠶᠢᠨ ᠬᠢᠨ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠨᠢ ᠠᠵᠤ | ᠠᠬᠤᠶᠢᠯᠠᠯ ᠤᠨ ᠵᠠᠪᠠᠯ ᠰᠤᠷᠬᠤ ᠬᠢᠴᠢᠶᠡᠯ ᠪᠣᠯᠬᠤ ᠪᠠᠷ ᠪᠠᠷᠠᠬᠤ ᠦᠭᠡᠢ ᠪᠠᠰᠠ ᠠᠷᠠᠳ ᠤᠯᠠᠨ ᠤ ︽ᠴᠦᠡᠭᠭᠦ︾ ᠶᠢ | ᠲᠦᠭᠳᠤᠶᠢᠯᠬᠡᠪᠡ᠃ | ᠥᠪᠥᠷ ᠮᠣᠩᠭᠤᠯ ᠢ ᠪᠠᠷᠠᠯᠠᠬᠤᠶ᠎ᠠ᠂ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ᠂ | ᠪᠣᠬᠢᠷᠲᠤᠯ ᠦᠭᠡᠢ ᠬᠦᠭᠵᠢᠬᠦᠯᠤᠯᠳᠡ ᠨᠢ ᠨᠢᠭᠡᠨᠲᠡ ᠨᠡᠶᠢᠭᠡᠮ ᠲᠠᠶᠠᠭᠠᠷ ᠤᠨ ᠬᠢᠨ ᠤ ᠬᠠᠮᠲᠤ ᠶᠢᠨ ᠲᠠᠨᠢᠯᠲᠠ ᠶᠢ | ᠨᠢᠭᠲᠠᠷᠠᠭᠤᠯᠤᠭᠰᠠᠨ ᠪᠥᠭᠡᠳ ᠢᠯᠡᠳᠲᠡ ᠦᠷ᠎ᠡ ᠪᠦᠲᠦᠮᠵᠢ ᠣᠯᠣᠭᠰᠠᠨ ᠪᠠᠶᠢᠨ᠎ᠠ᠃ | 2021 ︱ 2022 ᠣᠨ ᠳᠤ ᠮᠠᠨ ᠤ ᠣᠷᠣᠨ ᠤ ᠡᠨᠧᠷᠭᠢ ᠶᠢᠨ ᠬᠤᠷᠣᠭᠳᠠᠯ ᠢ 11% ᠠᠴᠠ ᠳᠡᠭᠡᠭᠰᠢ | ᠪᠠᠭᠤᠷᠠᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠶᠢᠨ ᠠᠬᠢᠴᠠ ᠶᠢ | 70% ᠠᠴᠠ ᠳᠡᠭᠡᠭᠰᠢ ᠪᠡᠶᠡᠯᠡᠭᠦᠯᠵᠦ᠂ ᠪᠥᠬᠦ ᠤᠯᠤᠰ ᠤᠨ ᠡᠮᠦᠨ᠎ᠡ ᠡᠩᠨᠡᠭᠡᠨ ᠳᠤ ᠣᠷᠣᠪᠠ᠃ ᠦᠨᠤ ᠵᠢᠯ ᠤᠨ | ᠡᠮᠦᠨ᠎ᠡ ᠬᠠᠭᠠᠰ ᠵᠢᠯ ᠪᠥᠬᠦ ᠣᠷᠣᠨ ᠤ ᠡᠨᠧᠷᠭᠢ ᠶᠢᠨ ᠬᠤᠷᠣᠭᠳᠠᠯ 3.5% ᠠᠴᠠ ᠳᠡᠭᠡᠭᠰᠢ ᠪᠠᠭᠤᠷᠠᠵᠤ᠂ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠪᠠ GDP ᠲᠣᠰ ᠲᠣᠰ 34.5% ᠪᠠ 7.3% ᠪᠠᠷ ᠨᠡᠮᠡᠭᠳᠡᠨ᠂ ᠲᠣᠰ | ᠲᠣᠰ ᠪᠥᠬᠦ ᠤᠯᠤᠰ ᠤᠨ ᠬᠤᠶᠠᠳᠤᠭᠠᠷ ᠪᠠ ᠲᠠᠪᠤᠳᠤᠭᠠᠷ ᠲᠤ ᠣᠷᠣᠵᠤ᠂ ᠪᠦᠲᠦᠮᠵᠢᠲᠡᠶ ᠪᠡᠯᠡ ᠣᠷᠣᠭᠤᠯᠤᠯᠲᠠ ᠶᠢ | ᠥᠷᠭᠡᠳᠬᠡᠬᠦ᠂ ᠠᠵᠤ ᠠᠬᠤᠢ ᠶᠢᠨ ᠨᠡᠮᠡᠭᠳᠡᠯ ᠤᠨ ︽ᠬᠥᠳᠡᠯᠭᠡᠬᠦ ᠬᠦᠴᠦᠨ ᠤ ᠡᠬᠢ ᠰᠤᠷᠪᠤᠯᠵᠢ︾ ᠶᠢ | ᠲᠣᠭᠲᠠᠪᠤᠷᠢᠵᠢᠭᠤᠯᠬᠤ ᠶᠢ ᠬᠦᠴᠦᠲᠡᠢ ᠪᠠᠲᠤᠯᠠᠵᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ | ᠪᠠ ᠠᠵᠤ ᠠᠬᠤᠢ ᠶᠢᠨ ᠬᠦᠭᠵᠢᠬᠦᠯᠤᠯᠳᠡ ᠶᠢ ᠵᠣᠬᠢᠴᠠᠯᠳᠤᠭᠤᠯᠤᠨ ᠵᠡᠷᠬᠡ ᠪᠠᠷ ᠬᠦᠭᠵᠢᠬᠦᠯᠵᠤ ᠴᠢᠳᠠᠬᠰᠠᠨ ᠪᠠᠶᠢᠨ᠎ᠠ᠃ | | | | | | | | |