︽ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠵᠢᠱᠢᠶᠡᠴᠢ ᠦᠪᠡᠷᠳᠡᠬᠡᠨ ᠵᠠᠰᠠᠬᠤ ᠤᠷᠤᠨ ᠢ ᠪᠦᠬᠦ ᠲᠠᠯ᠎ᠠ ᠪᠠᠷ ᠪᠦᠳᠤᠬᠡᠨ ᠪᠠᠶᠢᠭᠤᠯᠬᠤ ᠶᠢ ᠠᠬᠢᠭᠤᠯᠬᠤ ᠲᠦᠷᠢᠮ︾ ᠵᠢᠷᠭᠤᠳᠤᠭᠠᠷ ᠪᠦᠯᠦᠭ ᠡᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ
ᠨᠡᠶᠢᠲᠡᠯᠡᠭᠰᠡᠨ ᠴᠠᠭ᠄
2023/11/7
   ᠳᠥᠴᠢᠨ ᠨᠢᠭᠡᠳᠦᠭᠡᠷ ᠵᠦᠢᠯ᠄ ᠥᠪᠡᠷᠲᠡᠭᠡᠨ ᠵᠠᠰᠠᠬᠤ ᠣᠷᠣᠨ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠠᠶᠠᠨᠳᠠᠭᠠᠨ ᠰᠡᠷᠭᠦᠭᠡᠬᠦ ᠪᠠᠷ ᠭᠤᠣᠯ ᠪᠣᠯᠭᠠᠬᠤ ᠴᠢᠭᠯᠡᠯᠲᠡ ᠶᠢ ᠪᠠᠷᠢᠮᠲᠠᠯᠠᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠭᠡᠬᠦ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ ᠪᠣᠬᠢᠷᠲᠤᠯ ᠦᠭᠡᠢ ᠬᠦᠭᠵᠢᠬᠦᠯᠤᠯᠳᠡ᠂ ᠡᠷᠭᠢᠯᠲᠡᠲᠦ  ᠬᠦᠭᠵᠢᠬᠦᠯᠤᠯᠳᠡ᠂ ᠨᠡᠭᠦᠷᠡᠰᠦᠲᠥ᠋ᠷᠥᠭᠴᠢ ᠶᠢ ᠪᠠᠭ᠎ᠠ ᠭᠠᠳᠠᠭᠰᠢᠯᠠᠭᠤᠯᠬᠤ ᠬᠦᠭᠵᠢᠬᠦᠯᠤᠯᠳᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠭᠤᠯᠠ ᠤᠰᠤ᠂ ᠤᠢ ᠰᠢᠭᠤᠢ᠂ ᠲᠠᠷᠢᠶᠠᠨ ᠭᠠᠵᠠᠷ᠂ ᠨᠠᠭᠤᠷ ᠪᠦᠷᠢᠳᠤ᠂ ᠡᠪᠡᠰᠦ᠂ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠴᠢᠨᠠᠷ ᠰᠠᠶᠢᠲᠠᠢ ᠠᠮᠢ ᠠᠬᠤᠢ ᠶᠢᠨ ᠣᠷᠴᠢᠨ ᠲᠣᠭᠤᠷᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ᠃   ᠳᠥᠴᠢᠨ ᠬᠤᠶᠠᠳᠤᠭᠠᠷ ᠵᠦᠢᠯ᠄ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠴᠢᠩᠭ᠎ᠠ ᠬᠡᠷᠡᠭᠵᠢᠭᠦᠯᠵᠦ᠂ ᠬᠤᠲᠠ ᠪᠠᠯᠭᠠᠰᠤ᠂ ᠲᠠᠷᠢᠶᠠᠯᠠᠩ᠂ ᠠᠮᠢ ᠠᠬᠤᠢ ᠶᠢᠨ ᠣᠷᠣᠨ ᠵᠠᠢ ᠪᠠ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ᠂ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠦᠯᠲᠡ ᠶᠢᠨ ᠵᠠᠭᠠᠭ ᠬᠢᠵᠠᠭᠠᠷ ᠢ ᠠᠵᠤ ᠠᠬᠤᠢ ᠶᠢᠨ ᠪᠦᠲᠦᠴᠡ ᠶᠢ ᠲᠣᠬᠢᠷᠠᠭᠤᠯᠬᠤ᠂ ᠠᠵᠤ ᠦᠢᠯᠡᠰ ᠤᠨ ᠬᠥᠭᠵᠢᠯᠲᠡ ᠶᠢ ᠲᠥᠯᠥᠪᠵᠢᠭᠦᠯᠬᠦ᠂ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢᠨ ᠬᠠᠯᠳᠠᠵᠤ ᠪᠣᠯᠣᠰᠢ ᠦᠭᠡᠢ ᠤᠯᠠᠭᠠᠨ ᠱᠤᠭᠤᠮ ᠪᠣᠯᠭᠠᠬᠤ ᠬᠡᠷᠡᠭᠲᠡᠢ᠃   ᠳᠥᠴᠢᠨ ᠭᠤᠷᠪᠠᠳᠤᠭᠠᠷ ᠵᠦᠢᠯ᠄ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠤᠰᠤᠨ ᠤ ᠡᠬᠢ ᠪᠠᠶᠠᠯᠢᠭ ᠤᠨ ᠲᠠᠯ᠎ᠠ ᠪᠠᠷ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠤᠨ᠂ ᠤᠰᠤ ᠪᠠᠷ ᠤᠷᠭᠤᠮᠠᠯ ᠢ ᠲᠣᠭᠲᠠᠭᠠᠬᠤ᠂ ᠤᠰᠤ ᠪᠠᠷ ᠭᠠᠵᠠᠷ ᠲᠣᠭᠲᠠᠭᠠᠬᠤ᠂ ᠤᠰᠤ ᠪᠠᠷ ᠬᠥᠮᠥᠨ ᠲᠣᠭᠲᠠᠭᠠᠬᠤ᠂ ᠤᠰᠤ ᠪᠠᠷ ᠭᠠᠷᠤᠯᠲᠠ ᠶᠢ ᠲᠣᠭᠲᠠᠭᠠᠬᠤ ᠶᠢ ᠪᠠᠷᠢᠮᠲᠠᠯᠠᠨ᠂ ᠤᠰᠤᠨ ᠤ ᠡᠬᠢ ᠪᠠᠶᠠᠯᠢᠭ ᠢ ᠴᠢᠩᠭ᠎ᠠ ᠬᠠᠮᠠᠭᠠᠯᠠᠵᠤ᠂ ᠰᠢᠨᠵᠢᠯᠡᠬᠦ ᠤᠬᠠᠭᠠᠨᠴᠢ ᠪᠠᠷ ᠠᠰᠢᠭᠯᠠᠵᠤ᠂ ᠤᠰᠤᠨ ᠤ ᠡᠬᠢ ᠪᠠᠶᠠᠯᠢᠭ ᠢ ᠠᠷᠪᠢᠯᠠᠨ᠂ ᠠᠮᠢᠳᠤᠷᠠᠯ᠂ ᠦᠢᠯᠡᠳᠪᠦᠷᠢᠯᠡᠯ᠂ ᠠᠮᠢ ᠠᠬᠤᠢ ᠶᠢᠨ ᠬᠡᠷᠡᠭᠯᠡᠬᠦ ᠤᠰᠤ ᠶᠢ ᠨᠢᠭᠡᠳᠦᠯᠲᠡᠢ ᠲᠥᠯᠥᠪᠯᠡᠵᠦ᠂ ᠤᠰᠤᠨ ᠤ ᠠᠶᠤᠯ ᠦᠭᠡᠢ ᠶᠢ ᠪᠦᠲᠦᠮᠵᠢᠲᠡᠶ ᠪᠠᠲᠤᠯᠠᠬᠤ᠂ ᠤᠰᠤᠨ ᠤ ᠡᠬᠢ ᠪᠠᠶᠠᠯᠢᠭ ᠢ ᠥᠨᠳᠥᠷ ᠦᠷ᠎ᠡ ᠠᠰᠢᠭ ᠲᠠᠢ ᠠᠰᠢᠭᠯᠠᠬᠤ᠂ ᠤᠰᠤᠨ ᠤ ᠠᠮᠢ ᠠᠬᠤᠢ ᠶᠢ ᠢᠯᠡᠳᠲᠡ ᠰᠠᠶᠢᠵᠢᠷᠠᠭᠤᠯᠬᠤ ᠶᠢ ᠪᠡᠶᠡᠯᠡᠭᠦᠯᠬᠦ ᠬᠡᠷᠡᠭᠲᠡᠢ᠃   ᠳᠥᠴᠢᠨ ᠳᠥᠷᠪᠡᠳᠦᠭᠡᠷ ᠵᠦᠢᠯ᠄ ᠬᠠᠳᠤᠨ ᠭᠤᠣᠯ ᠤᠨ ᠰᠠᠪᠠ ᠭᠠᠵᠠᠷ ᠲᠤ ᠬᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠬᠠᠳᠤᠨ ᠭᠤᠣᠯ ᠤᠨ ᠥᠪᠥᠷ ᠮᠣᠩᠭᠤᠯ ᠳᠤ  ᠬᠢ ᠬᠡᠰᠡᠭ ᠤᠨ ᠭᠤᠣᠯ ᠤᠷᠤᠰᠬᠠᠯ᠂ ᠰᠠᠯᠪᠤᠷᠢ ᠤᠷᠤᠰᠬᠠᠯ᠂ ᠭᠤᠣᠯᠳᠠᠯᠭ᠎ᠠ ᠲᠠᠢ ᠨᠠᠭᠤᠷ ᠴᠥᠭᠦᠷᠥᠮ ᠢ ᠬᠠᠮᠠᠭᠠᠯᠠᠬᠤ ᠪᠠ ᠵᠠᠰᠠᠬᠤ ᠡᠷᠴᠢᠮ ᠢᠶᠠᠨ ᠨᠡᠮᠡᠭᠳᠡᠭᠦᠯᠬᠦ ᠬᠡᠷᠡᠭᠲᠡᠢ᠃ ᠠᠷᠪᠠᠨ ᠬᠦᠨᠳᠡᠢ ᠵᠡᠷᠭᠡ ᠬᠠᠳᠤᠨ ᠭᠤᠣᠯ ᠤᠨ ᠳᠣᠪᠣᠷᠬᠠᠭ ᠭᠤᠤ ᠭᠠᠩᠭ᠎ᠠ ᠶᠢᠨ ᠣᠷᠣᠨ ᠢ ᠶᠡᠷᠦᠩᠬᠡᠶᠢᠯᠡᠨ ᠵᠠᠰᠠᠬᠤ ᠶᠢ ᠭᠤᠣᠯᠳᠠᠯᠭ᠎ᠠ ᠲᠠᠢ ᠪᠠᠷ ᠬᠡᠷᠡᠭᠵᠢᠭᠦᠯᠵᠦ᠂ ᠬᠠᠳᠤᠨ ᠭᠤᠣᠯ ᠤᠨ ᠬᠤᠶᠠᠷ ᠡᠷᠭᠢ ᠶᠢᠨ ᠤᠢ ᠰᠢᠭᠤᠢ ᠡᠪᠡᠰᠦ ᠪᠡᠯᠴᠢᠭᠡᠷ ᠤᠨ ᠬᠠᠮᠠᠭᠠᠯᠠᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠭᠤᠣᠯ ᠤᠨ ᠲᠠᠩ ᠳᠤ ᠬᠢ ᠲᠠᠷᠢᠶᠠᠯᠠᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠪᠠ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠠᠵᠢᠯ ᠢ ᠠᠬᠢᠭᠤᠯᠵᠤ᠂ ᠬᠠᠳᠤᠨ ᠭᠤᠣᠯ ᠤᠨ ︽ᠠᠨ ᠯᠠᠨ︾ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠎ᠠ᠃     ᠳᠥᠴᠢᠨ ᠲᠠᠪᠤᠳᠤᠭᠠᠷ ᠵᠦᠢᠯ᠄ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠳᠣᠲᠣᠷᠠᠬᠢ ᠨᠤᠲᠤᠭ ᠪᠡᠯᠴᠢᠭᠡᠷ ᠳᠡᠭᠡᠷ᠎ᠡ ᠨᠡᠭᠦᠷᠡᠰᠦ ᠵᠡᠷᠭᠡ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠲᠥᠷᠥᠯ ᠵᠦᠢᠯ ᠲᠥᠯᠥᠪᠵᠢᠭᠦᠯᠬᠦ ᠶᠢ ᠬᠤᠷᠢᠬᠯᠠᠬᠤ ᠬᠡᠷᠡᠭᠲᠡᠢ᠃ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠬᠯᠠᠬᠤ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠡᠯᠴᠢᠭᠡᠷ ᠤᠨ ᠪᠠᠭᠲᠠᠭᠠᠮᠵᠢ ᠶᠢ ᠰᠢᠨᠵᠢᠯᠡᠬᠦ ᠤᠬᠠᠭᠠᠨᠴᠢ ᠪᠠᠷ ᠬᠢᠨᠠᠨ ᠲᠣᠭᠲᠠᠭᠠᠵᠤ᠂ ᠨᠤᠲᠤᠭ ᠪᠡᠯᠴᠢᠭᠡᠷ ᠲᠡᠬᠡᠷ᠎ᠡ ᠬᠡᠲᠦ ᠪᠡᠯᠴᠢᠭᠡᠷᠯᠡᠭᠦᠯᠬᠦ ᠶᠢ ᠰᠡᠷᠭᠡᠶᠢᠯᠡᠨ᠎ᠡ᠃ ᠨᠤᠲᠤᠭ ᠪᠡᠯᠴᠢᠭᠡᠷ ᠤᠨ ᠠᠮᠢ ᠠᠬᠤᠢ ᠶᠢᠨ ᠨᠦᠬᠦᠪᠤᠷᠢ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ ᠪᠠ ᠰᠢᠰᠲ᠋ᠧᠮ ᠲᠠᠢ ᠵᠠᠰᠠᠬᠤ ᠠᠵᠢᠯ ᠢ ᠰᠢᠨᠵᠢᠯᠡᠬᠦ ᠤᠬᠠᠭᠠᠨᠴᠢ ᠪᠠᠷ ᠥᠷᠨᠢᠭᠦᠯᠦᠨ᠎ᠡ᠃   ᠳᠥᠴᠢᠨ ᠵᠢᠷᠭᠤᠳᠤᠭᠠᠷ ᠵᠦᠢᠯ᠄ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠰᠢᠭᠤᠶᠢᠲᠤ ᠭᠠᠵᠠᠷ ᠤᠨ ᠶᠡᠷᠦᠩᠬᠡᠢ ᠬᠡᠮᠵᠢᠶ᠎ᠡ  ᠶᠢ ᠬᠢᠵᠠᠭᠠᠷᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠢ ᠰᠢᠭᠤᠢ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠪᠠᠶᠢᠭᠠᠯᠢ ᠶᠢᠨ ᠤᠢ ᠶᠢ ᠪᠦᠬᠦ ᠲᠠᠯ᠎ᠠ ᠪᠠᠷ ᠬᠠᠮᠠᠭᠠᠯᠠᠬᠤ ᠳᠦᠷᠢᠮ ᠢ ᠨᠠᠶᠢᠳᠠᠪᠤᠷᠢᠵᠢᠭᠤᠯᠵᠤ᠂ ᠨᠡᠶᠢᠲᠡ ᠶᠢᠨ ᠠᠰᠠᠷᠠᠮᠵᠢ ᠶᠢᠨ ᠤᠢ ᠶᠢᠨ ᠶᠠᠰᠤ ᠴᠢᠨᠠᠷ ᠪᠠ ᠠᠮᠢ ᠠᠬᠤᠢ ᠶᠢᠨ ᠬᠠᠮᠠᠭᠠᠯᠠᠯᠲᠠ ᠶᠢᠨ ᠴᠢᠳᠠᠮᠵᠢ ᠶᠢ ᠳᠡᠭᠡᠭᠰᠢᠯᠡᠭᠦᠯᠦᠨ᠂ ᠶᠡᠭᠡ ᠬᠡᠪᠴᠢᠶᠡᠨ ᠤ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠠᠵᠢᠯᠯᠠᠭ᠎ᠠ ᠶᠢ ᠰᠢᠨᠵᠢᠯᠡᠬᠦ ᠤᠬᠠᠭᠠᠨᠴᠢ ᠪᠠᠷ ᠥᠷᠨᠢᠭᠦᠯᠵᠦ᠂ ᠬᠠᠯᠬᠠᠪᠴᠢ ᠤᠢ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ᠤᠢ ᠰᠢᠭᠤᠢ ᠶᠢ ᠠᠷᠠᠴᠢᠯᠠᠨ ᠪᠣᠶᠢᠵᠢᠭᠤᠯᠬᠤ ᠪᠠ ᠮᠠᠭᠤᠳᠠᠭᠰᠠᠨ ᠤᠢ ᠶᠢ ᠵᠠᠰᠠᠨ ᠰᠡᠷᠭᠦᠭᠡᠬᠦ ᠠᠵᠢᠯ ᠢ ᠴᠢᠩᠭᠠᠳᠬᠠᠵᠤ᠂ ᠤᠢ ᠰᠢᠭᠤᠢ ᠶᠢᠨ ᠪᠦᠲᠦᠴᠡ ᠶᠢ ᠰᠢᠯᠢᠳᠡᠭᠵᠢᠭᠦᠯᠦᠨ᠂ ᠤᠢ ᠰᠢᠭᠤᠢ ᠶᠢᠨ ᠡᠬᠢ ᠪᠠᠶᠠᠯᠢᠭ ᠤᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠦᠨ᠎ᠡ᠃    ᠳᠥᠴᠢᠨ ᠳᠣᠯᠣᠳᠤᠭᠠᠷ ᠵᠦᠢᠯ᠄ ᠥᠪᠡᠷᠲᠡᠭᠡᠨ ᠵᠠᠰᠠᠬᠤ ᠣᠷᠣᠨ ᠠᠴᠠ ᠭᠤᠣᠯ ᠮᠥᠷᠡᠨ᠂ ᠨᠠᠭᠤᠷ ᠴᠥᠭᠦᠷᠥᠮ᠂ ᠨᠤᠭᠤ ᠭᠠᠵᠠᠷ ᠢ  ᠰᠡᠷᠬᠦᠬᠡᠬᠦ ᠠᠵᠢᠯ ᠢ ᠬᠡᠷᠡᠭᠵᠢᠭᠦᠯᠵᠦ᠂ ᠭᠤᠣᠯ ᠮᠦᠷᠠᠨ᠂ ᠨᠠᠭᠤᠷ ᠪᠦᠷᠢᠳᠤ ᠶᠢᠨ ᠤᠰᠤ ᠲᠠᠲᠠᠬᠤ ᠬᠡᠮᠵᠢᠶ᠎ᠡ ᠶᠢ ᠴᠢᠩᠭ᠎ᠠ ᠡᠵᠡᠮᠳᠡᠵᠦ᠂ ᠭᠤᠣᠯ ᠮᠦᠷᠡᠨ᠂ ᠨᠠᠭᠤᠷ ᠪᠦᠷᠢᠳᠤ ᠶᠢᠨ ᠠᠮᠢ ᠠᠬᠤᠢ ᠶᠢᠨ ᠤᠰᠤ ᠨᠥᠬᠦᠪᠦᠷᠢᠯᠡᠬᠦ ᠤᠷᠳᠤ ᠬᠤᠭᠤᠴᠠᠭᠠᠨ ᠤ  ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠨᠤᠭᠤ ᠭᠠᠵᠠᠷ ᠤᠨ ᠲᠠᠯᠠᠪᠠᠢ ᠶᠢᠨ ᠶᠡᠷᠦᠩᠬᠡᠢ ᠬᠡᠮᠵᠢᠶ᠎ᠡ ᠶᠢ ᠬᠠᠮᠢᠶᠠᠷᠤᠨ ᠡᠵᠡᠮᠳᠡᠬᠦ ᠬᠡᠮᠵᠢᠶ᠎ᠡ ᠪᠣᠯᠣᠨ ᠭᠤᠣᠯ ᠮᠥᠷᠡᠨ ᠤ ᠵᠠᠰᠠᠭ ᠵᠠᠬᠢᠷᠭᠠᠨ  ᠤ ᠣᠷᠣᠨ ᠠᠯᠤᠰᠯᠠᠭᠰᠠᠨ ᠵᠠᠭᠠᠭ ᠤᠨ ᠳᠦᠷᠢᠮ   ᠢ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ᠂ ᠤᠰᠤᠨ ᠤ ᠣᠷᠴᠢᠨ ᠲᠣᠭᠤᠷᠢᠨ᠂ ᠤᠰᠤᠨ ᠤ ᠠᠮᠢ ᠠᠬᠤᠢ ᠶᠢᠨ ᠵᠠᠰᠠᠯᠲᠠ ᠶᠢ ᠨᠢᠭᠡᠳᠦᠯᠲᠡᠢ ᠲᠥᠯᠥᠪᠯᠡᠨ᠂ ᠬᠥᠯᠥᠨ ᠨᠠᠭᠤᠷ᠂ ᠤᠯᠠᠭᠠᠨᠰᠤᠬᠠᠢ᠂ ᠲᠠᠭ᠎ᠠ ᠶᠢᠨ ᠨᠠᠭᠤᠷ ᠵᠡᠷᠭᠡ ᠭᠤᠣᠯ ᠨᠠᠭᠤᠷ ᠤᠨ ᠨᠤᠭᠤ ᠭᠠᠵᠠᠷ ᠢ ᠶᠡᠷᠦᠩᠬᠡᠶᠢᠯᠡᠨ ᠵᠠᠰᠠᠬᠤ ᠠᠵᠢᠯ ᠢ ᠦᠷᠭᠦᠯᠵᠢᠯᠡᠨ ᠠᠬᠢᠭᠤᠯᠵᠤ᠂ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠤᠨ᠎ᠠ᠃   ᠳᠥᠴᠢᠨ ᠨᠠᠢᠮᠠᠳᠤᠭᠠᠷ ᠵᠦᠢᠯ᠄ ᠥᠪᠡᠷᠲᠡᠭᠡᠨ ᠵᠠᠰᠠᠬᠤ ᠣᠷᠣᠨ ᠬᠦᠴᠦᠨ ᠢᠶᠠᠨ ᠲᠥᠪᠯᠡᠷᠡᠭᠦᠯᠦᠨ ᠭᠤᠣᠯᠳᠠᠯᠭ᠎ᠠ ᠲᠠᠢ ᠭᠠᠵᠠᠷ ᠣᠷᠣᠨ ᠤ ᠬᠡᠪᠴᠢᠶᠡᠵᠢᠭᠦᠯᠦᠨ ᠡᠯᠡᠰᠦᠷᠬᠡᠭᠵᠢᠬᠦ ᠶᠢ ᠰᠡᠷᠭᠡᠶᠢᠯᠡᠨ ᠡᠯᠡᠰᠦ ᠶᠢ ᠵᠠᠰᠠᠬᠤ ᠶᠢ ᠥᠷᠨᠢᠭᠦᠯᠵᠦ᠂ ︽ᠤᠮᠠᠷᠠᠲᠤ ᠶᠢᠨ ᠭᠤᠷᠪᠠᠨ ᠤᠷᠤᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠴᠢᠷᠮᠠᠶᠢᠨ ᠰᠠᠶᠢᠲᠤᠷ ᠬᠢᠵᠦ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ᠂ ᠬᠥᠨᠥᠭᠡᠯ ᠠᠴᠠ ᠪᠤᠯᠤᠬᠰᠠᠨ ᠰᠡᠷᠭᠡᠶᠢᠯᠡᠯᠲᠡ ᠶᠢ ᠪᠠᠶᠢᠷᠢᠯᠠᠭᠤᠯᠵᠤ᠂ ᠲᠦᠷᠦᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠠᠳᠤᠨ ᠭᠤᠣᠯ ᠤᠨ ︽ᠬᠡᠳᠤᠨ ᠨᠤᠭᠤᠯᠤᠭ᠎ᠠ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ᠂ ᠬᠤᠷᠴᠢᠨ ᠪᠣᠯᠣᠨ ᠬᠤᠯᠠᠨ ᠰᠢᠷᠭ᠎ᠠ ᠲᠠᠭ᠎ᠠ ᠶᠢᠨ ᠡᠯᠡᠰᠤ ᠵᠡᠷᠬᠡ ᠬᠤᠶᠠᠷ ᠶᠡᠭᠡ ᠡᠯᠡᠰᠦᠷᠬᠡᠭ ᠭᠠᠵᠠᠷ ᠢ ᠨᠤᠭᠤᠭᠠᠷᠠᠭᠤᠯᠬᠤ ᠲᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠬᠠᠳᠤᠨ ᠭᠤᠣᠯ ᠤᠨ ᠪᠠᠷᠠᠭᠤᠨ ᠬᠡᠰᠡᠭ ᠤᠨ ᠬᠤᠩᠭᠢᠯ — ᠲᠠᠺᠯᠢᠮᠠᠺᠠᠨ ᠡᠯᠡᠰᠦᠨ ᠴᠦᠯ ᠤᠨ ᠵᠠᠬ᠎ᠠ ᠬᠢᠵᠠᠭᠠᠷ ᠤᠨ ᠬᠤᠷᠢᠭᠯᠠᠨ ᠴᠣᠬᠢᠬᠤ ᠲᠠᠶᠢᠯᠠᠯᠳᠤᠭᠠᠨ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠢ᠃   ᠳᠥᠴᠢ ᠶᠢᠰᠦᠳᠦᠭᠡᠷ ᠵᠦᠢᠯ᠄ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠣᠷᠣᠨ ᠪᠦᠰᠡ ᠶᠢᠨ ᠬᠠᠮᠲᠤᠷᠠᠨ ᠰᠡᠷᠭᠡᠶᠢᠯᠡᠵᠦ ᠬᠠᠮᠲᠤᠷᠠᠨ ᠵᠠᠰᠠᠬᠤ ᠠᠵᠢᠯ ᠢ ᠴᠢᠩᠭᠠᠳᠬᠠᠵᠤ᠂ ᠤᠢ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ᠂ ᠲᠠᠴᠢᠷ ᠴᠦᠯ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠶᠢ ᠨᠢᠭᠡᠳᠦᠯᠲᠡᠢ ᠲᠥᠯᠥᠪᠯᠡᠵᠦ᠂ ᠡᠯᠡᠰᠦ ᠶᠢ ᠵᠠᠰᠠᠬᠤ᠂ ᠤᠰᠤ ᠶᠢ ᠵᠠᠰᠠᠬᠤ᠂ ᠠᠭᠤᠯᠠ ᠶᠢ ᠵᠠᠰᠠᠬᠤ ᠪᠦᠬᠦ ᠡᠯᠧᠮᠧᠨ᠋ᠲ ᠤᠨ ᠵᠣᠬᠢᠴᠠᠭᠤᠯᠭ᠎ᠠ ᠪᠠ ᠬᠠᠮᠢᠶᠠᠷᠤᠯᠲᠠ ᠶᠢ ᠴᠢᠩᠭᠠᠳᠬᠠᠵᠤ᠂ ᠡᠷᠡᠭᠦᠯ ᠪᠥᠭᠡᠳ ᠲᠣᠭᠲᠠᠭᠤᠨ᠂ ᠴᠢᠳᠠᠮᠵᠢ ᠪᠠᠷ ᠪᠦᠷᠢᠨ ᠲᠡᠭᠦᠯᠳᠡᠷ ᠤᠢ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ᠂ ᠲᠠᠴᠢᠷ ᠴᠦᠯ ᠤᠨ ᠠᠮᠢ ᠠᠬᠤᠢ ᠶᠢᠨ ᠰᠢᠰᠲ᠋ᠧᠮ ᠢ ᠪᠣᠶᠢᠵᠢᠭᠤᠯᠵᠤ᠂ ᠠᠮᠢ ᠠᠬᠤᠢ ᠶᠢᠨ ᠰᠢᠰᠲ᠋ᠧᠮ ᠤᠨ ᠤᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂  ᠲᠠᠭᠠᠭᠠᠮᠠᠭᠠᠢ  ᠴᠢᠨᠠᠷ ᠢ ᠳᠡᠭᠡᠭᠰᠢᠯᠡᠭᠦᠯᠬᠦ ᠬᠡᠷᠡᠭᠲᠡᠢ᠃   ᠲᠠᠪᠢᠳᠤᠭᠠᠷ ᠵᠦᠢᠯ᠄ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠠᠷᠢᠯᠢᠭ ᠣᠨᠣᠴᠠᠲᠠᠢ ᠪᠠᠷ ᠪᠣᠬᠢᠷᠲᠤᠯ ᠢ ᠵᠠᠰᠠᠬᠤ᠂ ᠰᠢᠨᠵᠢᠯᠡᠬᠦ ᠤᠬᠠᠭᠠᠨᠴᠢ ᠪᠠᠷ ᠪᠣᠬᠢᠷᠲᠤᠯ ᠢ ᠵᠠᠰᠠᠬᠤ᠂ ᠬᠠᠤᠯᠢ ᠶᠣᠰᠣᠭᠠᠷ ᠪᠣᠬᠢᠷᠲᠤᠯ ᠢ ᠵᠠᠰᠠᠬᠤ ᠶᠢ ᠪᠠᠷᠢᠮᠲᠠᠯᠠᠵᠤ᠂ ᠰᠢᠰᠲ᠋ᠧᠮᠲᠦ ᠦᠵᠡᠯᠲᠡ ᠶᠢ ᠪᠠᠷᠢᠮᠲᠠᠯᠠᠵᠤ᠂ ᠪᠣᠬᠢᠷᠲᠤᠯ ᠢ ᠵᠠᠰᠠᠬᠤ᠂ ᠠᠮᠢ ᠠᠬᠤᠢ ᠶᠢ ᠬᠠᠮᠠᠭᠠᠯᠠᠬᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠠᠵᠢᠯ ᠢ ᠨᠢᠭᠡᠳᠦᠯᠲᠡᠢ ᠲᠥᠯᠥᠪᠵᠢᠭᠦᠯᠵᠦ᠂ ᠠᠭᠠᠷ ᠮᠠᠨᠳᠠᠯ᠂ ᠤᠰᠤ᠂ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠦᠷᠭᠦᠯᠵᠢᠯᠡᠨ ᠴᠢᠩᠭᠠᠳᠬᠠᠵᠤ᠂ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠠᠵᠢᠯ ᠲᠠᠢ ᠬᠠᠮᠵᠢᠯᠴᠠᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠢ᠃
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号