︽ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠵᠢᠱᠢᠶᠡᠴᠢ ᠦᠪᠡᠷᠳᠡᠬᠡᠨ ᠵᠠᠰᠠᠬᠤ ᠤᠷᠤᠨ ᠢ ᠪᠦᠬᠦ ᠲᠠᠯ᠎ᠠ ᠪᠠᠷ ᠪᠦᠳᠤᠬᠡᠨ ᠪᠠᠶᠢᠭᠤᠯᠬᠤ ᠶᠢ ᠠᠬᠢᠭᠤᠯᠬᠤ ᠲᠦᠷᠢᠮ︾ ᠳᠣᠯᠣᠳᠤᠭᠠᠷ ᠪᠦᠯᠦᠭ ᠦᠨᠳᠦᠰᠦᠲᠡᠨ ᠤ ᠪᠦᠯᠬᠦᠮᠳᠡᠯ ᠳᠠᠪᠰᠢᠯᠲᠠ
ᠨᠡᠶᠢᠲᠡᠯᠡᠭᠰᠡᠨ ᠴᠠᠭ᠄
2023/11/7
  ᠲᠠᠪᠢᠨ ᠨᠢᠭᠡᠳᠦᠭᠡᠷ ᠵᠦᠢᠯ᠄ ᠥᠪᠡᠷᠲᠡᠭᠡᠨ ᠵᠠᠰᠠᠬᠤ ᠣᠷᠣᠨ ᠦᠨᠳᠦᠰᠦᠲᠡᠨ ᠤ ᠶᠠᠪᠤᠳᠠᠯ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠦᠨᠳᠦᠰᠦᠨ ᠠᠰᠢᠭ ᠲᠤᠰᠠ ᠶᠢ ᠬᠠᠮᠠᠭᠠᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠴᠠᠭ ᠦᠶ᠎ᠡ ᠶᠢᠨ ᠠᠯᠬᠤᠮ ᠢ ᠰᠠᠯᠤᠯ ᠦᠭᠡᠢ ᠳᠠᠭᠠᠵᠤ᠂ ᠪᠦᠯᠬᠦᠮᠳᠡᠨ ᠲᠡᠮᠡᠴᠡᠵᠦ᠂ ᠬᠠᠮᠳᠤ ᠪᠠᠷ ᠴᠡᠴᠡᠭᠯᠡᠨ ᠬᠥᠭᠵᠢᠬᠦ ᠶᠢ ᠠᠬᠢᠭᠤᠯᠤᠨ᠎ᠠ᠃   ᠲᠠᠪᠢᠨ ᠬᠤᠶᠠᠳᠤᠭᠠᠷ ᠵᠦᠢᠯ᠄ ᠥᠪᠡᠷᠲᠡᠭᠡᠨ ᠵᠠᠰᠠᠬᠤ ᠣᠷᠣᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠵᠢᠱᠢᠶ᠎ᠡ ᠦᠵᠡᠭᠦᠯᠬᠦ ᠣᠷᠣᠨ ᠢ ᠪᠦᠬᠦ ᠲᠠᠯ᠎ᠠ  ᠪᠠᠷ ᠡᠭᠦᠳᠦᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠢᠯᠡ ᠲᠥᠷᠥᠭᠳᠡᠯ ᠲᠠᠢ ᠪᠦᠲᠦᠮᠵᠢᠲᠡᠶ ᠪᠤᠶ ᠪᠣᠯᠭᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠢ ᠵᠢᠯᠤᠭᠤᠳᠴᠤ ᠪᠠᠶᠢᠭᠠᠳ ᠵᠥᠪ ᠣᠨᠣᠪᠴᠢᠲᠠᠶ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠤᠶ ᠪᠣᠯᠭᠠᠵᠤ᠂ ᠤᠯᠤᠰ ᠤᠨ ᠤᠬᠠᠮᠰᠠᠷ᠂ ᠠᠷᠠᠳ ᠢᠷᠭᠡᠳ ᠤᠨ ᠤᠬᠠᠮᠰᠠᠷ᠂ ᠬᠠᠤᠯᠢ ᠪᠠᠷ ᠵᠠᠰᠠᠬᠤ ᠤᠬᠠᠮᠰᠠᠷ ᠢ ᠴᠢᠩᠭᠠᠳᠬᠠᠵᠤ᠂ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠳᠡᠭᠡᠳᠦ ᠬᠡᠮᠵᠢᠶᠡᠨ ᠤ ᠮᠡᠳᠡᠷᠡᠮᠵᠢ ᠶᠢ ᠨᠡᠮᠡᠭᠳᠡᠭᠦᠯᠦᠨ᠂ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠤᠶᠢᠯᠠᠭᠠᠬᠳᠠᠬᠤᠨ ᠢ ᠪᠣᠶ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠪᠠᠬᠢᠵᠢᠭᠦᠯᠦᠨ ᠬᠥᠭᠵᠢᠭᠦᠯᠦᠨ᠎ᠡ᠃   ᠲᠠᠪᠢᠨ ᠭᠤᠷᠪᠠᠳᠤᠭᠠᠷ ᠵᠦᠢᠯ᠄ ᠥᠪᠡᠷᠲᠡᠭᠡᠨ ᠵᠠᠰᠠᠬᠤ ᠣᠷᠣᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ ᠨᠡᠶᠢᠭᠡᠮ ᠵᠢᠷᠤᠮ ᠤᠨ ᠭᠤᠣᠯᠯᠠᠬᠤ ᠥᠷᠳᠡᠭ ᠤᠨ ᠦᠵᠡᠯᠲᠡ ᠪᠠᠷ ᠬᠥᠲᠥᠯᠥᠮᠵᠢ ᠪᠣᠯᠭᠠᠬᠤ ᠶᠢ ᠪᠠᠷᠢᠮᠲᠠᠯᠠᠨ᠂ ᠪᠣᠯᠪᠠᠰᠤᠨ ᠢ ᠡᠭᠦᠳᠦᠨ ᠪᠠᠶᠢᠭᠤᠯᠬᠤ᠂ ᠠᠷᠠᠳ ᠢᠷᠭᠡᠳ ᠤᠨ ᠶᠣᠰᠣ ᠮᠣᠷᠠᠯ ᠤᠨ ᠪᠠᠶᠢᠭᠤᠯᠤᠯᠲᠠ᠂ ᠴᠠᠭ ᠦᠶ᠎ᠡ ᠶᠢᠨ ᠰᠢᠨ᠎ᠡ ᠬᠥᠮᠥᠨ ᠢ ᠬᠥᠮᠥᠵᠢᠭᠦᠯᠬᠦ ᠵᠡᠷᠭᠡ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠡᠶ᠎ᠡ ᠨᠠᠶᠢᠷᠲᠠᠢ ᠬᠠᠮᠲᠤ ᠣᠷᠣᠰᠢᠬᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ᠂ ᠡᠶ᠎ᠡ ᠵᠣᠬᠢᠴᠠᠯ ᠲᠠᠢ ᠬᠥᠭᠵᠢᠬᠦ ᠶᠢ ᠠᠬᠢᠭᠤᠯᠵᠤ᠂ ᠤᠯᠤᠰ ᠤᠨ ᠨᠢᠭᠡᠳᠦᠯ ᠪᠣᠯᠣᠨ ᠦᠨᠳᠦᠰᠦᠲᠡᠨ ᠤ ᠪᠦᠯᠬᠦᠮᠳᠡᠯ ᠢ ᠤᠬᠠᠮᠰᠠᠷ ᠠᠴᠠ ᠪᠠᠨ ᠬᠠᠮᠠᠭᠠᠯᠠᠨ᠎ᠠ᠃   ᠲᠠᠪᠢᠨ ᠳᠥᠷᠪᠡᠳᠦᠭᠡᠷ ᠵᠦᠢᠯ᠄ ᠥᠪᠡᠷᠲᠡᠭᠡᠨ ᠵᠠᠰᠠᠬᠤ ᠣᠷᠣᠨ ᠠᠴᠠ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ᠂ ᠰᠣᠯᠢᠯᠴᠠᠭ᠎ᠠ᠂ ᠠᠭᠤᠰᠤᠯᠴᠠᠭ᠎ᠠ ᠶᠢ ᠠᠬᠢᠭᠤᠯᠬᠤ ᠶᠢ ᠪᠠᠷᠢᠮᠲᠠᠯᠠᠵᠤ᠂ ᠲᠥᠷᠥ ᠶᠢᠨ ᠪᠣᠳᠣᠯᠭ᠎ᠠ  ᠶᠢ ᠲᠡᠭᠦᠯᠳᠡᠷᠵᠢᠭᠦᠯᠦᠨ᠂ ᠦᠨᠳᠦᠰᠦᠲᠡᠨ ᠨᠦᠭᠦᠳ ᠤᠨ ᠬᠦᠰᠡᠯᠡᠩ᠂ ᠢᠲᠡᠭᠡᠯ ᠵᠣᠷᠢᠭ᠂ ᠬᠠᠶᠢᠷ᠎ᠠ ᠰᠡᠳᠬᠢᠯᠭᠡ᠂ ᠰᠣᠶᠣᠯ ᠤᠨ ᠲᠠᠯ᠎ᠠ ᠪᠠᠷ ᠪᠦᠯᠬᠦᠮᠳᠡᠨ ᠨᠢᠭᠡᠳᠬᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠠᠬ᠎ᠠ ᠳᠡᠭᠦᠦ ᠶᠢᠨ ᠬᠠᠶᠢᠷ᠎ᠠ ᠰᠡᠳᠬᠢᠯᠭᠡ ᠭᠦᠨ ᠪᠠᠶᠢᠬᠤ ᠶᠢ ᠠᠬᠢᠭᠤᠯᠤᠨ᠎ᠠ᠃    ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠷᠢᠰᠢᠭᠤᠯᠤᠯᠲᠠ ᠶᠢᠨ ᠲᠥᠯᠦᠪᠵᠢᠭᠦᠯᠭᠡ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠢᠭᠡᠳᠦᠯᠲᠡᠢ ᠲᠥᠯᠥᠪᠯᠡᠵᠦ᠂ ᠬᠠᠷᠢᠯᠴᠠᠨ ᠰᠢᠭᠢᠳᠬᠦ ᠮᠠᠶ᠋ᠢᠭ ᠤᠨ ᠨᠡᠶᠢᠭᠡᠮ ᠤᠨ ᠪᠦᠲᠦᠴᠡ ᠪᠠ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠪᠠᠷ ᠰᠠᠭᠤᠵᠤ ᠬᠠᠮᠲᠤ ᠪᠠᠷ ᠰᠤᠷᠤᠯᠴᠠᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ᠂ ᠬᠠᠮᠲᠤ ᠪᠠᠷ ᠠᠵᠢᠯᠯᠠᠵᠤ ᠬᠠᠮᠲᠤ ᠪᠠᠷ ᠵᠢᠷᠭᠠᠬᠤ ᠨᠠᠩ ᠪᠦᠷᠢᠨ ᠲᠡᠭᠦᠯᠳᠡᠷ ᠨᠡᠶᠢᠭᠡᠮ ᠤᠨ ᠨᠥᠬᠦᠴᠡᠯ ᠢ ᠡᠭᠦᠳᠴᠦ᠂ ᠦᠨᠳᠦᠰᠦᠲᠡᠨ ᠨᠦᠭᠦᠳ ᠤᠨ ᠣᠷᠣᠨ ᠵᠠᠢ᠂ ᠰᠣᠶᠣᠯ᠂ ᠠᠵᠤ ᠠᠬᠤᠢ᠂ ᠨᠡᠶᠢᠭᠡᠮ᠂ ᠰᠡᠳᠬᠢᠴᠡ ᠵᠡᠷᠭᠡ ᠲᠠᠯ᠎ᠠ ᠪᠠᠷ ᠪᠥᠬᠦ ᠲᠠᠯ᠎ᠠ ᠪᠠᠷ ᠰᠢᠭᠢᠳᠬᠦ ᠶᠢ ᠠᠯᠬᠤᠮ ᠠᠯᠬᠤᠮ ᠢᠶᠠᠷ ᠪᠡᠶᠡᠯᠡᠭᠦᠯᠬᠦ ᠬᠡᠷᠡᠭᠲᠡᠢ᠃   ᠲᠠᠪᠢᠨ ᠲᠠᠪᠤᠳᠤᠭᠠᠷ ᠵᠦᠢᠯ᠄ ᠥᠪᠡᠷᠲᠡᠭᠡᠨ ᠵᠠᠰᠠᠬᠤ ᠣᠷᠣᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ᢭ᠢ ᠪᠥᠬᠦ ᠲᠠᠯ᠎ᠠ ᠪᠠᠷ ᠭᠦᠨᠵᠡᠭᠡᠢ ᠪᠥᠭᠡᠳ ᠤᠳᠠᠭᠠᠨ ᠳᠠᠭᠠᠭᠠᠮᠠᠭᠠᠢ ᠪᠠᠷ ᠥᠷᠨᠢᠭᠦᠯᠵᠦ ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠪᠠᠶᠢᠭᠤᠯᠭ᠎ᠠ᠂ ᠠᠵᠤ ᠠᠬᠤᠶᠢᠯᠠᠯ᠂ ᠨᠡᠶᠢᠭᠡᠮ ᠲᠣᠭᠤᠷᠢᠭ᠂ ᠰᠤᠮᠤ᠂ ᠰᠢᠶᠠᠩ᠂ ᠪᠠᠯᠭᠠᠰᠤ᠂ ᠰᠤᠷᠭᠠᠭᠤᠯᠢ᠂ ᠴᠡᠷᠢᠭ ᠠᠩᠭᠢ᠂ ᠱᠠᠰᠢᠨ ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ᠂ ᠰᠦᠯᠵᠢᠶ᠎ᠡ ᠵᠡᠷᠭᠡ ᠡᠯ᠎ᠡ ᠬᠦᠷᠢᠶᠡᠨ ᠳᠤ ᠣᠷᠣᠬᠤ ᠶᠢ ᠠᠬᠢᠭᠤᠯᠤᠨ᠎ᠠ᠃    ᠲᠠᠪᠢᠨ ᠵᠢᠷᠭᠤᠳᠤᠭᠠᠷ ᠵᠦᠢᠯ᠄ ᠥᠪᠡᠷᠲᠡᠭᠡᠨ ᠵᠠᠰᠠᠬᠤ ᠣᠷᠣᠨ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠳᠤᠳᠬᠠᠬᠤ ᠤᠬᠠᠭᠤᠯᠭ᠎ᠠ ᠬᠥᠮᠦᠵᠢᠯ ᠢ ᠪᠠᠬᠢᠵᠢᠭᠦᠯᠬᠦ ᠪᠠᠶᠢᠩᠭᠤᠵᠢᠭᠤᠯᠬᠤ ᠲᠣᠭᠲᠠᠴᠠ ᠶᠢ ᠪᠠᠶᠢᠭᠤᠯᠵᠤ᠂ ᠪᠥᠬᠦ ᠣᠷᠣᠨ ᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ᠂ ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ ᠢ ᠭᠦᠢᠴᠡᠳ ᠠᠰᠢᠭᠯᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠬᠦᠨᠵᠡᠬᠡᠶᠢᠷᠡᠬᠦᠯᠬᠦ ᠬᠡᠷᠡᠭᠳᠡᠢ᠃       ᠲᠠᠪᠢᠨ ᠳᠣᠯᠣᠳᠤᠭᠠᠷ ᠵᠦᠢᠯ᠄ ᠥᠪᠡᠷᠲᠡᠭᠡᠨ ᠵᠠᠰᠠᠬᠤ ᠣᠷᠣᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠤᠨᠤᠯ ᠤᠨ ᠰᠤᠳᠤᠯᠭᠠᠨ ᠢ ᠪᠠᠲᠤ ᠪᠠᠬᠢ ᠪᠤᠢ ᠪᠣᠯᠭᠠᠬᠤ ᠶᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠢᠮᠠᠭᠲᠠ ᠨᠠᠮ ᠢᠶᠠᠨ ᠪᠤᠳᠤᠵᠦ᠂ ᠨᠠᠮ ᠤᠨ ᠲᠥᠪ ᠬᠤᠷᠢᠶ᠎ᠠ ᠪᠠᠨ ᠪᠤᠳᠤᠳᠠᠭ ᠬᠤᠪᠢᠰᠬᠠᠯ ᠤᠨ ᠤᠳᠤᠮᠰᠢᠯ ᠢ ᠰᠠᠶᠢᠲᠤᠷ ᠤᠯᠠᠮᠵᠢᠯᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠶᠡᠭᠡ ᠶᠣᠰᠣ ᠶᠢ ᠲᠠᠨᠢᠬᠤ᠂ ᠶᠡᠭᠡ ᠲᠠᠯ᠎ᠠ ᠶᠢ ᠬᠠᠷᠠᠭᠠᠯᠵᠠᠬᠤ᠂ ᠬᠡᠪ ᠰᠤᠷᠲᠠᠯ ᠢ ᠡᠷᠬᠢᠮᠯᠡᠬᠦ᠂ ᠬᠤᠪᠢ ᠨᠡᠮᠡᠷᠢ ᠦᠵᠡᠭᠦᠯᠬᠦ ᠶᠢ ᠬᠥᠭᠡᠭᠡᠴᠡᠯᠳᠦᠬᠦ᠂ ᠬᠠᠷᠢᠭᠤᠴᠠᠯᠭ᠎ᠠ ᠡᠭᠦᠷᠭᠡᠯᠡᠬᠦ ᠡᠷᠬᠢᠮ ᠨᠠᠨᠳᠢᠨ ᠵᠠᠩ ᠴᠢᠨᠠᠷ ᠢ ᠰᠠᠶᠢᠲᠤᠷ ᠤᠯᠠᠮᠵᠢᠯᠠᠨ᠎ᠠ᠃
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号