︽ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠵᠢᠱᠢᠶᠡᠴᠢ ᠦᠪᠡᠷᠳᠡᠬᠡᠨ ᠵᠠᠰᠠᠬᠤ ᠤᠷᠤᠨ ᠢ ᠪᠦᠬᠦ ᠲᠠᠯ᠎ᠠ ᠪᠠᠷ ᠪᠦᠳᠤᠬᠡᠨ ᠪᠠᠶᠢᠭᠤᠯᠬᠤ ᠶᠢ ᠠᠬᠢᠭᠤᠯᠬᠤ ᠲᠦᠷᠢᠮ︾ᠨᠠᠢᠮᠠᠳᠤᠭᠠᠷ ᠪᠦᠯᠦᠭ  ᠪᠠᠳᠤᠯᠠᠭ᠎ᠠ  ᠶᠢᠨ ᠠᠷᠭ᠎ᠠ᠂ ᠶᠢᠰᠤᠳᠤᠬᠡᠷ ᠪᠦᠯᠦᠭ  ᠲᠠᠭᠠᠯᠳᠤᠭᠤᠯᠤᠬᠰᠠᠨ ᠲᠦᠷᠢᠮ
ᠨᠡᠶᠢᠲᠡᠯᠡᠭᠰᠡᠨ ᠴᠠᠭ᠄
2023/11/7
   ᠲᠠᠪᠢᠨ ᠨᠠᠢᠮᠠᠳᠤᠭᠠᠷ ᠵᠦᠢᠯ᠄ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠤᠭᠤᠳ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠᠨ ᠴᠢᠩᠭᠠᠳᠬᠠᠨ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠡᠯ᠎ᠡ ᠠᠵᠢᠯ ᠢ ᠨᠠᠶᠢᠳᠠᠪᠤᠷᠢᠵᠢᠭᠤᠯᠵᠤ᠂ ᠲᠡᠭᠦᠨ ᠢ ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ  ᠬᠦᠭᠵᠢᠬᠦᠯᠤᠯᠳᠡ ᠶᠢᠨ ᠲᠥᠯᠦᠪᠵᠢᠭᠦᠯᠭᠡ ᠳᠤ ᠣᠷᠣᠭᠤᠯᠬᠤ ᠬᠡᠷᠡᠭᠲᠡᠢ᠃   ᠲᠠᠪᠢ ᠶᠢᠰᠦᠳᠦᠭᠡᠷ ᠵᠦᠢᠯ᠄ ᠬᠢᠨᠠᠨ ᠪᠠᠶᠢᠴᠠᠭᠠᠬᠤ ᠪᠠᠶᠢᠭᠤᠯᠭ᠎ᠠ᠂ ᠰᠢᠭᠦᠨ ᠲᠠᠰᠤᠯᠬᠤ ᠪᠠᠶᠢᠭᠤᠯᠭ᠎ᠠ᠂ ᠪᠠᠶᠢᠴᠠᠭᠠᠬᠤ ᠪᠠᠶᠢᠭᠤᠯᠭ᠎ᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠵᠤ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠡᠷᠭᠡᠶᠢᠯᠡᠬᠦ ᠪᠠ ᠪᠠᠶᠢᠴᠠᠭᠠᠨ ᠰᠢᠢᠳᠪᠦᠷᠢᠯᠡᠵᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠬᠠᠮᠠᠭᠠᠯᠠᠬᠤ ᠬᠡᠷᠡᠭᠲᠡᠢ᠃   ᠵᠢᠷᠠᠳᠤᠭᠠᠷ ᠵᠦᠢᠯ᠄ ᠲᠥᠷᠥ ᠶᠢᠨ ᠪᠠᠶᠢᠭᠤᠯᠭ᠎ᠠ ᠶᠢᠨ ᠠᠵᠢᠯᠲᠠᠳ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠵᠦ᠂ ᠪᠣᠳᠠᠲᠤ ᠠᠵᠢᠯᠯᠠᠭ᠎ᠠ ᠶᠢ ᠡᠷᠬᠢᠮᠯᠡᠬᠦ ᠰᠤᠷᠲᠠᠯ ᠢ ᠶᠡᠭᠡ ᠪᠠᠷ ᠳᠡᠯᠭᠡᠷᠡᠭᠦᠯᠵᠦ᠂ ᠠᠷᠢᠭᠤᠨ ᠴᠢᠭᠴᠢ ᠰᠤᠷᠲᠠᠯ ᠢ ᠪᠠᠳᠠᠷᠠᠭᠤᠯᠤᠨ᠂ ᠠᠷᠪᠢᠴᠢ ᠪᠣᠷᠣᠭᠵᠢᠭᠤᠨ ᠰᠤᠷᠲᠠᠯ ᠢ ᠪᠣᠢ ᠪᠣᠯᠭᠠᠵᠤ᠂ ᠵᠥᠪ ᠣᠨᠣᠪᠴᠢᠲᠠᠶ ᠡᠷᠬᠡ ᠶᠢᠨ ᠦᠵᠡᠯᠲᠡ᠂ ᠠᠵᠢᠯ ᠤᠨ ᠪᠦᠲᠦᠮᠵᠢ ᠶᠢᠨ ᠦᠵᠡᠯᠲᠡ᠂ ᠠᠵᠢᠯ ᠦᠢᠯᠡᠰ ᠤᠨ ᠦᠵᠡᠯᠲᠡ ᠶᠢ ᠪᠣᠢ ᠪᠣᠯᠭᠠᠨ ᠦᠢᠯᠡᠳᠦᠯᠭᠡᠵᠢᠭᠦᠯᠵᠦ᠂ ᠵᠣᠪᠠᠭᠤᠷᠢ ᠵᠦᠳᠡᠭᠦᠷᠢ ᠶᠢ ᠲᠡᠰᠪᠦᠷᠢᠯᠡᠬᠦ᠂ ᠪᠤᠴᠠᠯᠲᠠ ᠦᠭᠡᠢ ᠤᠷᠤᠭᠰᠢᠯᠠᠬᠤ᠂ ᠵᠣᠷᠢᠯᠭ᠎ᠠ  ᠳᠤ ᠪᠠᠨ ᠬᠦᠷᠬᠦ ᠦᠭᠡᠢ ᠪᠣᠯ ᠵᠣᠭᠰᠣᠬᠤ ᠦᠭᠡᠢ ᠪᠠᠶᠢᠬᠤ ᠣᠶᠣᠨ ᠰᠠᠨᠠᠭᠠᠨ ᠤ ᠳᠦᠷᠰᠦ ᠪᠠᠶᠢᠳᠠᠯ ᠢᠶᠠᠷ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠦᠢᠯᠡᠳᠦᠯᠭᠡ ᠳᠤ ᠣᠷᠣᠯᠴᠠᠬᠤ ᠬᠡᠷᠡᠭᠲᠡᠢ᠃   ᠵᠢᠷᠠᠨ ᠨᠢᠭᠡᠳᠦᠭᠡᠷ ᠵᠦᠢᠯ᠄ ᠥᠪᠡᠷᠲᠡᠭᠡᠨ ᠵᠠᠰᠠᠬᠤ ᠣᠷᠣᠨ ᠠᠴᠠ ᠬᠢᠨᠠᠯᠲᠠ ᠲᠠᠯᠪᠢᠵᠤ ᠪᠠᠶᠢᠴᠠᠭᠠᠬᠤ ᠪᠠ ᠮᠥᠷᠳᠡᠵᠦ ᠦᠷ᠎ᠡ ᠪᠦᠲᠦᠮᠵᠢ ᠶᠢ ᠨᠢ ᠠᠰᠠᠭᠤᠬᠤ ᠲᠣᠭᠲᠠᠴᠠ ᠶᠢ ᠪᠠᠶᠢᠭᠤᠯᠤᠨ  ᠲᠡᠬᠦᠯᠳᠡᠷᠵᠢᠬᠦᠯᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ   ᠢ ᠪᠦᠬᠦ ᠲᠠᠯ᠎ᠠ ᠪᠠᠷ ᠪᠠᠶᠢᠭᠤᠯᠬᠤ ᠠᠵᠢᠯ ᠢ ᠤᠳᠤᠷᠢᠳᠬᠤ ᠪᠠᠭ ᠤᠨ ᠠᠵᠢᠯ ᠤᠨ ᠠᠮᠵᠢᠯᠲᠠ ᠶᠢ ᠬᠢᠨᠠᠨ ᠰᠢᠯᠭᠠᠬᠤ ᠴᠢᠬᠤᠯᠠ ᠠᠭᠤᠯᠭ᠎ᠠ ᠪᠣᠯᠭᠠᠵᠤ᠂ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠰᠢᠰᠲ᠋ᠧᠮ ᠳᠤ ᠣᠷᠣᠭᠤᠯᠵᠤ᠂ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ ᠳᠦᠷᠢᠮ ᠪᠠ ᠣᠨ ᠤ ᠬᠠᠷᠠᠯᠲᠠᠲᠤ ᠬᠢᠨᠠᠨ ᠰᠢᠯᠭᠠᠬᠤ ᠳᠦᠷᠢᠮ ᠢ ᠬᠡᠷᠡᠭᠵᠢᠭᠦᠯᠦᠨ᠎ᠡ᠃    ᠵᠢᠷᠠᠨ ᠬᠤᠶᠠᠳᠤᠭᠠᠷ ᠵᠦᠢᠯ᠄ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ  ᠤᠨ ᠳᠤᠮᠳᠠ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠵᠣᠬᠢᠶᠠᠨ ᠪᠠᠶᠢᠭᠤᠯᠤᠯᠲᠠ ᠪᠣᠯᠣᠨ ᠬᠤᠪᠢ ᠬᠥᠮᠥᠨ ᠢ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠠᠶᠢᠰᠢᠶᠠᠨ ᠬᠥᠬᠢᠭᠦᠯᠬᠦ ᠪᠠ ᠱᠠᠩᠨᠠᠨ᠎ᠠ᠃ᠵᠢᠷᠠᠨ ᠭᠤᠷᠪᠠᠳᠤᠭᠠᠷ ᠵᠦᠢᠯ᠄ ᠶᠠᠮᠠᠷᠪᠠ ᠵᠣᠬᠢᠶᠠᠨ ᠪᠠᠶᠢᠭᠤᠯᠤᠯᠲᠠ ᠪᠣᠯᠣᠨ ᠬᠤᠪᠢ ᠬᠥᠮᠥᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠠᠬᠢᠭᠤᠯᠬᠤ ᠠᠵᠢᠯ ᠤᠨ ᠲᠤᠬᠠᠢ ᠲᠥᠷᠥ ᠶᠢᠨ ᠪᠠᠶᠢᠭᠤᠯᠭ᠎ᠠ ᠳᠤ ᠰᠢᠭᠦᠮᠵᠢᠯᠡᠯ ᠰᠠᠨᠠᠭᠤᠯᠭ᠎ᠠ ᠳᠤᠷᠠᠳᠬᠤ ᠡᠷᠬᠡ ᠲᠠᠢ᠂ ᠲᠥᠷᠥ ᠶᠢᠨ ᠪᠠᠶᠢᠭᠤᠯᠭ᠎ᠠ ᠬᠢᠭᠡᠳ ᠲᠡᠭᠦᠨ ᠤ ᠠᠵᠢᠯᠲᠠᠳ ᠤᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ ᠤᠨ ᠳᠤᠮᠳᠠᠬᠢ ᠬᠠᠤᠯᠢ ᠠᠴᠠ ᠵᠥᠷᠢᠴᠡᠵᠦ ᠬᠠᠷᠢᠭᠤᠴᠠᠯᠭ᠎ᠠ ᠪᠠᠨ ᠠᠯᠳᠠᠭᠰᠠᠨ ᠥᠢᠯᠡ ᠠᠵᠢᠯᠯᠠᠭ᠎ᠠ ᠳᠤ ᠭᠤᠮᠣᠳᠠᠯ ᠲᠣᠭᠠᠴᠢᠬᠤ᠂ ᠵᠠᠭᠠᠯᠳᠤᠬᠤ ᠪᠠ ᠢᠯᠡᠴᠢᠯᠡᠵᠦ ᠪᠣᠯᠣᠨ᠎ᠠ᠃   ᠵᠢᠷᠠᠨ ᠳᠥᠷᠪᠡᠳᠦᠭᠡᠷ ᠵᠦᠢᠯ᠄ ᠲᠤᠰ ᠳᠦᠷᠢᠮ ᠤᠨ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠶᠢ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠨᠢᠭᠡᠨᠲᠡ ᠪᠣᠳᠠᠲᠠᠢ ᠰᠢᠢᠳᠬᠡᠬᠦ ᠲᠣᠭᠲᠠᠭᠠᠯ ᠭᠠᠷᠭᠠᠭᠰᠠᠨ ᠪᠠᠶᠢᠪᠠᠯ ᠲᠡᠷᠡ ᠲᠣᠭᠲᠠᠭᠠᠯ ᠢ ᠵᠢᠷᠤᠮᠯᠠᠨ᠎ᠠ᠃   ᠵᠢᠷᠠᠨ ᠲᠠᠪᠤᠳᠤᠭᠠᠷ ᠵᠦᠢᠯ᠄ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ ᠤᠨ ᠳᠤᠮᠳᠠ ᠡᠭᠦᠷᠭᠡ ᠲᠤᠰᠢᠶᠠᠯ ᠢᠶᠠᠨ ᠣᠮᠲᠣᠭᠠᠶᠢᠯᠠᠵᠤ ᠬᠠᠷᠢᠭᠤᠴᠠᠯᠭ᠎ᠠ ᠪᠠᠨ ᠠᠯᠳᠠᠭᠰᠠᠨ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ᠂ ᠬᠤᠪᠢ ᠶᠢᠨ ᠨᠠᠶᠢᠷ ᠢᠶᠠᠷ ᠬᠠᠤᠯᠢ ᠲᠦᠷᠢᠮ ᠢ ᠵᠥᠷᠢᠴᠡᠭᠰᠡᠨ ᠪᠣᠯ ᠰᠢᠭᠤᠳ ᠬᠠᠷᠢᠭᠤᠴᠠᠵᠤ ᠪᠠᠶᠢᠭ᠎ᠠ ᠭᠤᠣᠯᠴᠢᠯᠠᠨ ᠬᠠᠮᠢᠶᠠᠷᠴᠤ ᠪᠦᠬᠦᠢ ᠬᠥᠮᠥᠰ ᠪᠣᠯᠣᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠰ ᠲᠤ ᠬᠠᠤᠯᠢ ᠶᠣᠰᠣᠭᠠᠷ ᠰᠢᠢᠳᠬᠡᠯ ᠥᠭᠭᠦᠨ᠎ᠡ᠂᡾ᠶᠠᠯ᠎ᠠ ᠪᠤᠯᠤᠬᠰᠠᠨ ᠪᠤᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃  ᠶᠢᠰᠦᠳᠦᠭᠡᠷ ᠪᠦᠯᠦᠭ ᠲᠠᠭᠠᠯᠳᠤᠭᠤᠯᠤᠬᠰᠠᠨ ᠳᠦᠷᠢᠮ    ᠵᠢᠷᠠᠨ ᠵᠢᠷᠭᠤᠳᠤᠭᠠᠷ ᠵᠦᠢᠯ᠄ ᠲᠤᠰ ᠳᠦᠷᠢᠮ ᠢ 2023 ᠣᠨ ᠤ 9 ᠳ᠋ᠤᠬᠡᠷ ᠰᠠᠷ᠎ᠠ ᠶᠢᠨ 1 ᠤ ᠡᠳᠦᠷ ᠠᠴᠠ  ᠬᠡᠷᠡᠭᠵᠢᠭᠦᠯᠦᠨ᠎ᠡ᠃
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号