ᠪᠤᠭᠤᠳᠤ ᠬᠤᠳᠠ ᠶᠢᠨ ᠬᠢᠨ ᠬᠦᠴᠢᠷᠳᠡᠯ ᠳᠤ ᠲᠤᠯᠭᠠᠷᠠᠭᠰᠠᠨ ᠬᠡᠦᠬᠡᠳ ᠲᠤ ᠪᠠᠶᠠᠷ ᠬᠦᠷ ᠤᠯᠭᠤᠵᠤ ᠪᠠᠶᠢᠨ᠎ᠠ
ᠨᠡᠶᠢᠲᠡᠯᠡᠭᠰᠡᠨ ᠴᠠᠭ᠄
2023/12/11
    ᠪᠤᠭᠤᠳᠤ ᠬᠤᠳᠠ ᠶᠢᠨ ᠬᠥᠨᠳᠡᠯᠡᠨ ᠲᠣᠭᠤᠷᠢᠭ ᠤᠨ ᠬᠢᠨ ᠤᠷᠴᠢᠮ ᠤᠨ ᠵᠢᠯ ᠰᠢ ᠶᠢᠨ ᠫᠢᠩ ᠶᠡᠷᠦᠩᠬᠡᠢ ᠱᠦᠵᠢ ᠶᠢᠨ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠪᠠ ᠬᠡᠦᠬᠡᠳ ᠤᠨ ᠠᠰᠠᠷᠠᠮᠵᠢ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ  ᠲᠤᠭᠤᠰᠢᠯᠠᠭᠤᠯᠵᠤ᠂ ︽126 ᠠᠵᠢᠯ ᠤᠨ ᠵᠠᠭᠪᠤᠷ︾ ᠢ ᠬᠡᠷᠡᠭᠵᠢᠭᠦᠯᠵᠦ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠪᠦᠬᠦᠯᠢ ᠴᠣᠭᠴᠠ ᠶᠢᠨ ᠰᠢᠰᠲ᠋ᠧᠮ ᠢ ᠥᠨᠳᠥᠷ ᠪᠠᠷᠢᠮᠵᠢᠶ᠎ᠠ ᠪᠠᠷ ᠪᠠᠶᠢᠭᠤᠯᠵᠤ᠂ ᠨᠠᠰᠤᠨ ᠳᠤ ᠥᠯᠥ ᠭᠦᠷᠦᠭᠰᠡᠳ᠂ ᠢᠯᠠᠩᠭᠤᠶ᠎ᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠢ  ᠬᠠᠯᠠᠮᠵᠢᠯᠠᠬᠤ ᠬᠦᠴᠦᠷᠬᠡᠭ ᠬᠠᠮ ᠬᠦᠴᠦᠨ ᠢ ᠨᠢᠭᠲᠠᠷᠠᠭᠤᠯᠤᠨ᠂ ᠬᠡᠤᠬᠡᠳ ᠤᠨ ᠦᠰᠦᠨ ᠪᠣᠶᠢᠵᠢᠵᠤ ᠴᠢᠳᠠᠪᠤᠷᠢᠲᠠᠨ ᠪᠣᠯᠬᠤ ᠶᠢ ᠪᠠᠳᠤᠯᠠᠬᠰᠠᠭᠠᠷ ᠢᠷᠡᠪᠡ᠃   ᠨᠢᠭᠡ ᠳᠤ᠂ ︽ᠨᠢᠭᠡ︾ ᠬᠠᠮᠲᠤᠷᠠᠭᠰᠠᠨ ᠲᠠᠪᠴᠠᠩ ᠢ ᠪᠠᠶᠢᠭᠤᠯᠵᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠢ  ᠬᠠᠯᠠᠮᠵᠢᠯᠠᠬᠤ ᠠᠵᠢᠯ ᠤᠨ ᠰᠠᠭᠤᠷᠢ ᠶᠢ ᠰᠠᠶᠢᠲᠤᠷ ᠲᠠᠯᠪᠢᠪᠠ᠃ ᠤᠳᠤᠷᠢᠳᠤᠯᠭ᠎ᠠ ᠪᠠᠨ  ᠴᠢᠩᠭᠠᠳᠬᠠᠬᠤ ᠲᠠᠯ᠎ᠠ ᠪᠠᠷ ᠬᠦᠨᠳᠡᠯᠡᠨ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠢᠨ ᠬᠦᠴᠢᠷᠳᠡᠯ ᠳᠤ ᠲᠤᠯᠭᠠᠷᠠᠭᠰᠠᠨ ᠬᠡᠦᠬᠡᠳ ᠢ  ᠬᠠᠯᠠᠮᠵᠢᠯᠠᠵᠤ ᠬᠠᠮᠠᠭᠠᠯᠠᠬᠤ ᠠᠵᠢᠯ ᠢ ᠢᠮᠠᠭᠲᠠ ᠠᠩᠬᠠᠷᠴᠤ᠂ ᠨᠠᠮ ᠤᠨ ᠬᠤᠷᠢᠶ᠎ᠠ ᠶᠢᠨ ᠬᠢᠨ ᠤᠳᠤᠷᠢᠳᠬᠤ᠂ ᠵᠠᠰᠠᠭ ᠤᠨ ᠣᠷᠳᠣᠨ ᠤ ᠬᠢᠨ ᠢᠶᠠᠷ ᠭᠤᠣᠯᠯᠠᠭᠤᠯᠬᠤ ᠶᠢ ᠪᠠᠷᠢᠮᠲᠠᠯᠠᠵᠤ᠂ ᠲᠣᠭᠤᠷᠢᠭ ᠤᠨ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠠᠷ ᠳᠤᠭᠤᠶᠢᠯᠠᠩ ᠤᠨ ᠳᠡᠳ᠋ ᠳᠠᠷᠤᠭ᠎ᠠ ᠪᠣᠯᠭᠠᠭᠰᠠᠨ᠂ 39  ᠨᠢᠬᠡᠴᠢ ᠶᠢᠨ ᠭᠤᠣᠯ ᠤᠳᠤᠷᠢᠳᠤᠯᠭ᠎ᠠ ᠪᠠᠷ ᠪᠦᠷᠢᠯᠳᠦᠭᠦᠨ ᠪᠣᠯᠭᠠᠭᠰᠠᠨ ᠬᠥᠨᠳᠡᠯᠡᠨ ᠲᠣᠭᠤᠷᠢᠭ ᠤᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ︽ᠨᠠᠮ ᠤᠨ ᠬᠤᠷᠢᠶ᠎ᠠ ᠶᠢᠨ ᠬᠢᠨ ᠤᠳᠤᠷᠢᠳᠤᠭᠰᠠᠨ᠂ ᠵᠠᠰᠠᠭ ᠤᠨ ᠣᠷᠳᠣᠨ ᠤ ᠬᠢᠨ ᠬᠠᠷᠢᠭᠤᠴᠠᠭᠰᠠᠨ᠂ ᠠᠷᠠᠳ ᠤᠨ ᠶᠠᠪᠤᠳᠠᠯ ᠤᠨ ᠬᠢᠨ ᠲᠦᠷᠦᠭᠦᠯᠡᠨ ᠬᠢᠭᠰᠡᠨ᠂ ᠰᠠᠯᠠᠭ᠎ᠠ ᠮᠥᠴᠢᠷ ᠤᠨ ᠬᠢᠨ ᠬᠤᠯᠪᠤᠭᠠᠯᠠᠨ ᠬᠥᠳᠡᠯᠦᠯᠴᠡᠭᠰᠡᠨ᠂ ᠨᠡᠶᠢᠭᠡᠮ ᠲᠠᠶᠠᠭᠠᠷ ᠢᠶᠠᠨ ᠣᠷᠣᠯᠴᠠᠭᠰᠠᠨ︾ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠮᠠᠭᠠᠯᠠᠬᠤ ᠠᠵᠢᠯ ᠤᠨ ᠲᠣᠭᠲᠠᠴᠠ ᠶᠢ ᠪᠣᠶ ᠪᠣᠯᠭᠠᠪᠠ᠃    ᠳᠦᠷᠢᠮ ᠢ ᠲᠡᠬᠦᠯᠳᠡᠷᠵᠢᠬᠦᠯᠬᠦ ᠲᠠᠯ᠎ᠠ ᠪᠠᠷ ︽ᠬᠥᠨᠳᠡᠯᠡᠨ ᠲᠣᠭᠤᠷᠢᠭ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠲᠤᠷᠰᠢᠯᠲᠠ ᠶᠢᠨ ᠲᠣᠭᠤᠷᠢᠭ ᠢᠶᠠᠷ ᠮᠡᠳᠡᠭᠦᠯᠬᠦ ᠠᠵᠢᠯ ᠤᠨ ᠬᠡᠷᠡᠭᠵᠢᠭᠦᠯᠬᠦ ᠲᠥᠰᠥᠯ︾ ︽ᠬᠥᠨᠳᠡᠯᠡᠨ ᠲᠣᠭᠤᠷᠢᠭ ᠤᠨ  ᠨᠠᠰᠤᠨ ᠳᠤ ᠦᠯᠤ ᠬᠦᠷᠦᠭᠰᠡᠳ ᠢ ᠬᠠᠮᠠᠬᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠳᠦᠷᠢᠮ︾ ︽ᠬᠥᠨᠳᠡᠯᠡᠨ ᠲᠣᠭᠤᠷᠢᠭ ᠤᠨ ᠨᠠᠰᠤᠨ ᠳᠤ ᠦᠯᠤ ᠬᠦᠷᠦᠭᠰᠡᠳ ᠢ ᠬᠠᠮᠠᠯᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠠᠵᠢᠯ ᠤᠨ ᠳᠦᠷᠢᠮ︾ ︽ᠬᠥᠨᠳᠡᠯᠡᠨ ᠲᠣᠭᠤᠷᠢᠭ ᠤᠨ ᠨᠠᠰᠤᠨ ᠳᠤ ᠦᠯᠤ ᠬᠦᠷᠦᠭᠰᠡᠳ ᠢ ᠬᠠᠮᠠᠯᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ  ᠨᠢᠬᠡᠴᠢ ᠶᠢᠨ ᠬᠢᠨ ᠤ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ︾ ᠵᠡᠷᠭᠡ ᠠᠯᠢ ᠣᠯᠠᠨ ᠳᠦᠷᠢᠮ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠪᠠ᠃ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠪᠥᠬᠦ ᠲᠠᠯ᠎ᠠ ᠶᠢᠨ᠂ ᠣᠯᠠᠨ ᠲᠠᠰ ᠳᠠᠪᠬᠤᠷᠭ᠎ᠠ ᠶᠢᠨ᠂ ᠪᠣᠰᠤᠭ᠎ᠠ ᠴᠣᠭᠴᠠᠲᠤ ᠳᠦᠷᠢᠮ ᠤᠨ ᠰᠢᠰᠲ᠋ᠧᠮ ᠢ ᠪᠠᠶᠢᠭᠤᠯᠵᠤ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ᠥᠨᠳᠥᠷ ᠪᠦᠲᠦᠮᠵᠢᠲᠡᠶ᠂ ᠡᠮᠬᠢ ᠵᠢᠷᠤᠮ ᠲᠠᠢ ᠶᠠᠪᠤᠭᠳᠠᠬᠤ ᠶᠢ  ᠪᠠᠳᠤᠯᠠᠪᠠ᠃ ᠡᠬᠢ ᠪᠠᠶᠠᠯᠢᠭ ᠢ ᠡᠮᠬᠢᠯᠡᠬᠦ ᠲᠠᠯ᠎ᠠ ᠪᠠᠷ ᠣᠯᠠᠨ ᠰᠠᠯᠠᠭ᠎ᠠ ᠮᠥᠴᠢᠷ ᠤᠨ ᠬᠢᠨ ᠲᠠᠢ ᠬᠠᠮᠲᠤᠷᠠᠨ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠠᠵᠢᠯ ᠤᠨ ᠬᠠᠮᠲᠤᠷᠠᠭᠰᠠᠨ ᠲᠠᠪᠴᠠᠩ ᠢ ᠪᠠᠶᠢᠭᠤᠯᠵᠤ᠂ ᠬᠠᠮᠠᠭᠠᠯᠠᠯᠲᠠ ᠶᠢᠨ ᠲᠤᠷᠰᠢᠯᠲᠠ ᠶᠢᠨ ᠲᠣᠭᠤᠷᠢᠭ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠢᠬᠡᠴᠢ ᠶᠢ ᠡᠭᠦᠳᠦᠨ ᠪᠠᠶᠢᠭᠤᠯᠬᠤ ᠪᠠᠷ ᠭᠤᠣᠯ ᠴᠣᠭᠴᠠ ᠪᠣᠯᠭᠠᠵᠤ᠂ ᠬᠤᠯᠪᠣᠭᠳᠠᠯ ᠪᠦᠬᠦᠢ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ᠂ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ᠂ ᠰᠠᠶᠢᠨ ᠲᠤᠷᠠᠴᠤᠤᠯ ᠤᠨ ᠦᠢᠯᠡᠴᠢᠯᠡᠭᠡᠨ ᠤ ᠡᠩᠨᠡᠭᠡ ᠵᠡᠷᠭᠡ ᠨᠡᠶᠢᠭᠡᠮ ᠤᠨ ᠬᠦᠴᠦᠨ ᠢ ᠣᠷᠣᠯᠴᠠᠭᠤᠯᠵᠤ᠂ 1 ᠬᠠᠮᠲᠤᠷᠠᠭᠰᠠᠨ ᠲᠠᠪᠴᠠᠩ ᠢᠶᠠᠷ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ  ᠬᠠᠮᠠᠭᠠᠯᠠᠬᠤ ᠪᠥᠬᠦ ᠬᠡᠯᠬᠢᠶ᠎ᠡ ᠶᠢᠨ ᠠᠵᠢᠯ ᠢ ᠳᠠᠭᠠᠭᠤᠯᠵᠤ᠂ ᠬᠠᠯᠠᠮᠵᠢᠯᠠᠨ ᠬᠠᠮᠠᠭᠠᠯᠠᠬᠤ  ᠬᠠᠮ ᠬᠦᠴᠦᠨ ᠢ ᠨᠢᠬᠳᠠᠷᠠᠭᠤᠯᠤᠬᠰᠠᠨ ᠢᠶᠠᠷ ᠦᠨᠤ ᠵᠢᠯ 182 ᠤᠳᠠᠭ᠎ᠠ ᠬᠠᠯᠠᠮᠵᠢᠯᠠᠨ ᠲᠣᠬᠤᠨᠢᠭᠤᠯᠵᠤ᠂ ᠬᠡᠦᠬᠡᠳ ᠲᠤ 5360  ᠤᠳᠠᠭ᠎ᠠ ᠦᠢᠯᠡᠴᠢᠯᠡᠭᠰᠡᠨ ᠪᠠᠶᠢᠨ᠎ᠠ᠃   ᠬᠤᠶᠠᠷ ᠲᠤ᠂ ︽ᠬᠤᠶᠠᠷ︾  ᠢ ᠪᠦᠷᠬᠦᠭᠦᠯᠬᠦ ᠲᠤᠬᠳᠠᠴᠨ ᠶᠢ ᠪᠠᠶᠢᠭᠤᠯᠵᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠢ  ᠬᠠᠯᠠᠮᠵᠢᠯᠠᠬᠤ ᠲᠤᠤᠷᠵᠢᠯ ᠢ ᠨᠢᠭᠲᠠ ᠰᠦᠯᠵᠢᠪᠡ᠃ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠠᠵᠢᠯ ᠤᠨ ᠥᠷᠲᠡᠭᠡ ᠶᠢ ᠪᠦᠬᠦᠨ ᠢ ᠬᠠᠮᠤᠷᠤᠭᠤᠯᠵᠤ᠂ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠭᠤᠣᠯ ᠵᠢᠭᠰᠠᠭᠠᠯ ᠤᠨ ᠭᠠᠵᠠᠷ ᠢ ᠪᠠᠬᠢᠵᠢᠬᠦᠯᠪᠡ᠃ 15 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠠ ᠪᠠᠯᠭᠠᠰᠤᠨ ᠤ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠥᠷᠲᠡᠭᠡ ᠨᠢᠬᠡᠴᠢ ᠪᠦᠬᠦᠨ ᠢᠶᠠᠷ ᠢᠶᠠᠨ ᠫᠠᠶᠢᠰᠠ ᠡᠯᠭᠦᠵᠦ᠂ ᠴᠥᠮ ᠲᠤᠰᠠᠭᠠᠷ ᠠᠯᠪᠠᠨ ᠭᠡᠷ᠂ ᠬᠡᠦᠬᠡᠳ ᠤᠨ ᠠᠵᠢᠯᠯᠠᠭᠠᠨ ᠤ ᠥᠷᠥᠭᠡ᠂ ᠰᠡᠳᠬᠢᠴᠡ ᠶᠢᠨ ᠵᠢᠯᠤᠭᠤᠳᠤᠮᠵᠢ ᠶᠢᠨ ᠥᠷᠥᠭᠡ ᠵᠡᠷᠭᠡ ᠴᠢᠳᠠᠮᠵᠢ ᠲᠠᠢ ᠭᠡᠷ ᠬᠠᠩᠭᠠᠵᠤ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠥᠷᠲᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠭᠦᠯᠵᠦ᠂ ᠪᠡᠯᠡᠳᠬᠡᠯ ᠲᠦᠬᠦᠬᠡᠷᠤᠮᠵᠢ ᠶᠢ ᠴᠥᠮ ᠪᠠᠷᠢᠮᠵᠢᠶ᠎ᠠ ᠳᠤ ᠬᠦᠷᠭᠡᠭᠰᠡᠨ ᠪᠠᠶᠢᠨ᠎ᠠ᠃ ᠬᠡᠦᠬᠡᠳ ᠤᠨ  ᠬᠢᠨᠠᠨ ᠵᠢᠯᠣᠭᠤᠳᠤᠭᠴᠢ ᠪᠠ ᠬᠡᠦᠬᠡᠳ ᠤᠨ ᠡᠷᠬᠢᠯᠡᠭᠴᠢ ᠶᠢ ᠰᠢᠯᠢᠳᠡᠭ ᠢ ᠨᠢ ᠰᠣᠩᠭᠤᠨ ᠲᠣᠬᠢᠷᠠᠭᠤᠯᠵᠤ ᠂ ᠵᠠᠰᠠᠭ ᠤᠨ ᠣᠷᠳᠣᠨ ᠤ ᠬᠢᠨ ᠰᠢᠭᠤᠳ ᠵᠣᠬᠢᠶᠠᠨ ᠪᠠᠶᠢᠭᠤᠯᠬᠤ᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠴᠤ ᠦᠭᠭᠦ ᠵᠡᠷᠭᠡ ᠣᠯᠠᠨ ᠠᠷᠭ᠎ᠠ  ᠪᠠᠷ ᠦᠨᠳᠦᠰᠦᠨ ᠱᠠᠲᠤᠨ ᠤ ᠬᠡᠦᠬᠡᠳ ᠤᠨ ᠠᠵᠢᠯᠲᠠᠳ ᠲᠤ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠪᠣᠯᠪᠠᠰᠤᠷᠠᠯ ᠥᠷᠨᠢᠭᠦᠯᠵᠦ᠂ ᠪᠥᠬᠦ ᠵᠢᠯ ᠳᠤ 510 ᠤᠳᠠᠭ᠎ᠠ ᠪᠣᠯᠪᠠᠰᠤᠷᠠᠭᠤᠯᠵᠤ᠂ 100%  ᠪᠠᠷ ᠬᠠᠮᠤᠷᠠᠭᠤᠯᠤᠨ᠂ ᠦᠨᠳᠦᠰᠦᠨ ᠱᠠᠲᠤᠨ ᠤ ᠬᠡᠦᠬᠡᠳ ᠤᠨ ᠠᠵᠢᠯᠲᠠᠳ ᠤᠨ ᠴᠢᠳᠠᠪᠤᠷᠢ ᠶᠢ ᠪᠦᠲᠦᠮᠵᠢᠲᠡᠶ ᠲᠡᠭᠡᠭᠰᠢᠯᠡᠬᠦᠯᠪᠡ᠃ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠠᠵᠢᠯ ᠤᠨ ᠥᠷᠲᠡᠭᠡ ᠨᠦᠭᠦᠳ ︽ᠨᠢᠭᠡ ᠥᠷᠲᠡᠭᠡ ᠨᠢᠭᠡ ᠣᠨᠴᠠᠯᠢᠭ ᠲᠠᠢ︾ ᠨᠠᠷᠠᠲᠤ ᠲᠡᠮᠳᠡᠭᠲᠦ ᠶᠢ ᠪᠣᠶ ᠪᠤᠯᠭᠠᠬᠰᠠᠨ ᠢᠶᠠᠷ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ᠬᠢᠯᠠᠰ ᠴᠡᠭ ᠣᠯᠠᠨ ᠢᠯᠡᠷᠡᠵᠦ᠂ ︽ᠨᠥᠬᠦᠷᠯᠡᠯ︾ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠰᠤᠨ ᠳᠤ ᠥᠯᠥ ᠭᠦᠷᠦᠭᠰᠡᠳ ᠤᠨ ᠠᠷᠢᠭᠤᠨ ᠴᠢᠭᠴᠢ ᠶᠢᠨ ᠬᠥᠮᠦᠵᠢᠯ ᠤᠨ ᠵᠢᠭᠰᠠᠭᠠᠯ ᠤᠨ ᠭᠠᠵᠠᠷ ᠢ  ᠪᠠᠶᠢᠭᠤᠯᠵᠤ᠂ 1+3+N ᠨᠠᠰᠤᠨ ᠳᠤ ᠥᠯᠥ ᠭᠦᠷᠦᠭᠰᠡᠳ ᠤᠨ ᠠᠷᠢᠭᠤᠨ ᠴᠢᠭᠴᠢ ᠶᠢᠨ ᠬᠥᠮᠦᠵᠢᠯ ᠤᠨ ᠠᠵᠢᠯ ᠤᠨ ᠲᠣᠭᠲᠠᠴᠠ ᠶᠢ ᠡᠬᠦᠳᠪᠡ᠃     ︽ᠤᠷᠤᠬᠰᠢᠯᠠᠯᠳᠠ ᠵᠠᠮ︾ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ︽ᠳᠥᠷᠪᠡᠨ ᠡᠷᠳᠡᠮ ᠰᠢᠨᠵᠢᠯᠡᠭᠡᠨ ᠤ ᠬᠢᠴᠢᠶᠡᠯ ᠤᠨ ᠲᠠᠩᠬᠢᠮ︾ ᠢᠶᠠᠷ ᠥᠪᠡᠷᠮᠢᠴᠡ ᠣᠨᠴᠠᠯᠢᠭ ᠲᠠᠢ ᠬᠢᠯᠠᠰ ᠴᠡᠭ ᠪᠣᠯᠭᠠᠵᠤ᠂ ᠨᠠᠰᠤᠨ ᠳᠤ ᠥᠯᠥ ᠭᠦᠷᠦᠭᠰᠡᠳ ᠤᠨ ᠬᠦᠰᠡᠯᠡᠩ ᠤᠨ ᠬᠥᠮᠦᠵᠢᠯ᠂ ᠢᠲᠡᠭᠡᠯ ᠪᠢᠰᠢᠷᠡᠯ ᠤᠨ ᠬᠥᠮᠦᠵᠢᠯ᠂ ᠤᠯᠠᠮᠵᠢᠯᠠᠯᠲᠤ ᠰᠣᠶᠣᠯ ᠤᠨ ᠬᠥᠮᠦᠵᠢᠯ ᠪᠠ  ᠠᠶᠤᠯ ᠦᠬᠡᠢ ᠶᠢᠨ ᠲᠤᠬᠠᠢ ᠬᠥᠮᠦᠵᠢᠯ ᠢ ᠪᠥᠬᠦ ᠲᠠᠯ᠎ᠠ ᠪᠠᠷ ᠴᠢᠩᠭᠠᠳᠬᠠᠪᠠ᠃ ᠨᠠᠰᠤᠨ ᠳᠤ ᠥᠯᠥ ᠭᠦᠷᠦᠭᠰᠡᠳ ᠤᠨ ᠲᠤᠰᠬᠠᠢ ᠮᠡᠷᠭᠡᠵᠢᠯ ᠤᠨ ᠦᠢᠯᠡᠴᠢᠯᠡᠭᠡ ᠶᠢ ᠪᠦᠬᠦᠨ ᠢ ᠬᠠᠮᠤᠷᠴᠤ᠂ ᠨᠠᠰᠤᠨ ᠳᠤ ᠦᠯᠤ ᠬᠦᠷᠦᠭᠰᠡᠳ ᠢ ᠬᠠᠮᠠᠯᠠᠭᠠᠬᠤ ᠠᠵᠢᠯ ᠤᠨ ᠭᠤᠣᠯ ᠬᠥᠭ ᠠᠶᠠᠰ ᠢ ᠰᠠᠶᠢᠲᠤᠷ ᠬᠦᠭᠵᠢᠮᠳᠡᠯ᠎ᠡ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠲᠤᠰᠬᠠᠢ ᠦᠢᠯᠡᠴᠢᠯᠡᠭᠡ ᠶᠢ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠴᠤ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠲᠠᠩᠰᠠ ᠡᠪᠬᠡᠮᠡᠯ ᠢ ᠪᠠᠶᠢᠭᠤᠯᠵᠤ᠂ ︽ᠨᠢᠭᠡ ᠬᠥᠮᠥᠨ ᠳᠤ ᠨᠢᠭᠡ ᠲᠠᠩᠰᠠ ᠡᠪᠬᠡᠮᠡᠯ ᠪᠠᠶᠢᠭᠤᠯᠵᠤ᠂ ᠭᠤᠣᠯᠳᠠᠯᠭ᠎ᠠ ᠲᠠᠢ ᠠᠩᠬᠠᠷᠴᠤ᠂ ᠬᠥᠳᠡᠯᠦᠩᠭᠦᠢ ᠪᠠᠷ ᠬᠠᠮᠢᠶᠠᠷᠬᠤ︾ ᠠᠷᠭ᠎ᠠ ᠶᠢ ᠬᠡᠷᠡᠭᠵᠢᠭᠦᠯᠦᠨ᠂ ᠬᠠᠪᠰᠤᠷᠤᠨ ᠲᠡᠳᠬᠦᠵᠦ ᠬᠠᠷᠠᠭᠠᠯᠵᠠᠨ ᠬᠠᠮᠠᠭᠠᠯᠠᠬᠤ ᠨᠠᠷᠢᠨ ᠲᠤᠳᠤ ᠠᠷᠭ᠎ᠠ ᠶᠢ ᠲᠣᠭᠲᠠᠭᠠᠵᠤ᠂ ᠥᠨᠥᠴᠢᠨ ᠬᠡᠦᠬᠡᠳ ᠪᠠ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠢ ᠬᠠᠷᠠᠭᠠᠯᠵᠠᠨ ᠬᠠᠮᠠᠭᠠᠯᠠᠵᠤ ᠦᠨᠡᠯᠡᠬᠦ ᠪᠠ ᠴᠢᠳᠠᠪᠤᠷᠢ ᠶᠢ ᠳᠡᠭᠡᠭᠰᠢᠯᠡᠭᠦᠯᠬᠦ ᠠᠵᠢᠯ ᠢ ᠰᠦᠪᠡᠭᠴᠢᠯᠡᠨ ᠥᠷᠨᠢᠭᠦᠯᠪᠡ᠃   ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠠᠵᠢᠯ ᠤᠨ ᠥᠷᠲᠡᠭᠡ ᠪᠣᠯᠣᠨ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ  ᠲᠠᠢ ᠢᠳᠡᠪᠬᠢᠲᠡᠢ ᠵᠣᠯᠭᠠᠭᠤᠯᠬᠤ ᠪᠠᠷ ᠳᠡᠮᠵᠢᠨ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠲᠤ ᠲᠤᠰᠬᠠᠢ ᠮᠡᠷᠭᠡᠵᠢᠯ ᠤᠨ ᠰᠡᠳᠬᠢᠴᠡ ᠶᠢᠨ ᠲᠠᠶᠢᠳᠬᠤᠷᠠᠭᠤᠯᠤᠯ ᠢ 60 ᠭᠠᠷᠤᠢ ᠥᠷᠨᠢᠭᠦᠯᠵᠦ᠂ ᠨᠠᠰᠤᠨ ᠳᠤ ᠦᠯᠦ ᠬᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠭᠤᠯᠬᠤ ᠭᠤᠣᠯ ᠰᠢᠵᠢᠮ ᠤᠨ ᠲᠣᠭᠤᠷᠢᠨ ᠳᠤ ᠵᠠᠯᠠᠭᠤᠴᠤᠳ ᠪᠠᠭᠠᠴᠤᠳ ᠤᠨ ᠨᠣᠮ ᠤᠩᠰᠢᠬᠤ ᠠᠵᠢᠯᠯᠠᠭ᠎ᠠ᠂ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠢ ᠰᠤᠳᠤᠯᠤᠨ ᠰᠤᠷᠤᠯᠴᠠᠬᠤ᠂ ᠰᠣᠨᠢᠷᠬᠠᠯᠲᠠᠢ ᠭᠠᠷ ᠤᠷᠠᠯᠠᠯ᠂ ᠬᠠᠤᠯᠢ ᠴᠠᠭᠠᠵᠠ ᠶᠢ ᠰᠠᠶᠢᠨ ᠮᠡᠳᠡᠬᠦ ᠬᠥᠮᠥᠨ ᠵᠡᠷᠭᠡ ᠰᠢᠷᠢᠰ ᠠᠵᠢᠯᠯᠠᠭ᠎ᠠ ᠶᠢ 700 ᠭᠠᠷᠤᠢ ᠥᠷᠨᠢᠭᠦᠯᠵᠦ᠂ ᠨᠠᠰᠤᠨ ᠳᠤ ᠦᠯᠦ ᠬᠦᠷᠦᠭᠰᠡᠳ ᠲᠤ 6000 ᠭᠠᠷᠤᠢ ᠤᠳᠠᠭ᠎ᠠ ᠠᠰᠢᠭ ᠬᠦᠷᠲᠡᠭᠡᠵᠦ᠂ ᠭᠡᠷ ᠤᠨ ᠠᠬᠠᠮᠠᠳ ᠲᠤ 10000 ᠭᠠᠷᠤᠢ ᠤᠳᠠᠭ᠎ᠠ ᠠᠰᠢᠭ ᠬᠦᠷᠲᠡᠭᠡᠵᠡᠢ᠃ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠴᠤ ᠦᠭᠭᠦ᠂ ᠨᠡᠶᠢᠲᠡ ᠶᠢᠨ ᠠᠰᠠᠷᠠᠮᠵᠢ ᠶᠢᠨ ᠪᠡᠯᠡ ᠣᠷᠣᠭᠤᠯᠤᠯᠲᠠ ᠶᠢᠨ ᠤᠷᠤᠯᠳᠤᠭᠠᠨ ᠢᠶᠠᠷ 16 ᠵᠠᠯᠠᠭᠤᠴᠤᠳ ᠪᠠᠭᠠᠴᠤᠳ ᠤᠨ ᠨᠡᠶᠢᠭᠡᠮ ᠤᠨ ᠠᠵᠢᠯ ᠤᠨ ᠪᠠᠶᠢᠭᠤᠯᠤᠮᠵᠢ᠂ ᠰᠠᠶᠢᠨ ᠲᠤᠷ᠎ᠠ  ᠶᠢᠨ ᠦᠢᠯᠡᠴᠢᠯᠡᠬᠡᠨ ᠤ ᠬᠢᠨ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠬᠤ ᠲᠥᠷᠥᠯ ᠵᠦᠢᠯ ᠢ ᠬᠡᠷᠡᠭᠵᠢᠭᠦᠯᠬᠦ ᠶᠢ ᠵᠣᠷᠢᠭᠵᠢᠭᠤᠯᠵᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠦᠢᠯᠡᠴᠢᠯᠡᠭᠡ᠂ ᠬᠠᠤᠯᠢ ᠪᠠᠷ ᠵᠠᠰᠠᠬᠤ ᠤᠬᠠᠭᠤᠯᠭ᠎ᠠ᠂ ᠥᠪᠡᠷ ᠢ ᠪᠠᠨ ᠬᠠᠮᠠᠭᠠᠯᠠᠬᠤ ᠬᠥᠮᠦᠵᠢᠯ ᠢ 60 ᠭᠠᠷᠤᠢ ᠥᠷᠨᠢᠭᠦᠯᠵᠦ᠂ ︽ᠵᠢᠳᠬᠦᠯ ᠴᠢᠷᠮᠠᠶᠢᠯᠭ᠎ᠠ ᠲᠠᠢ ᠪᠠᠭᠠᠴᠤᠳ︾ ᠵᠡᠷᠭᠡ ᠬᠦᠴᠢᠷᠳᠡᠯ ᠳᠤ ᠲᠤᠯᠭᠠᠷᠠᠭᠰᠠᠨ ᠬᠡᠦᠬᠡᠳ ᠢ  ᠬᠠᠯᠠᠮᠵᠢᠯᠠᠬᠤ ᠦᠢᠯᠡᠴᠢᠯᠡᠭᠡᠨ ᠢ ᠣᠷᠳᠣ ᠬᠤᠭᠤᠴᠠᠭ᠎ᠠ ᠪᠠᠷ ᠪᠠᠷᠢᠮᠲᠠᠯᠠᠭᠰᠠᠭᠠᠷ ᠢᠷᠡᠭᠰᠡᠨ 6 ᠲᠥᠷᠥᠯ ᠵᠦᠢᠯ ᠤᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠪᠠ᠃    ᠭᠤᠷᠪᠠ ᠳᠤ᠂ ︽ᠵᠢᠷᠭᠤᠭᠠᠨ ᠶᠡᠭᠡ ᠬᠠᠮᠠᠭᠠᠯᠠᠯᠲᠠ︾ ᠶᠢ ᠪᠣᠳᠠᠲᠠᠶᠢᠵᠢᠭᠤᠯᠤᠨ ᠨᠠᠷᠢᠯᠢᠭᠵᠢᠭᠤᠯᠵᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠬᠠᠮᠠᠭᠠᠯᠠᠯᠲᠠ ᠶᠢᠨ ᠬᠠᠮᠤᠷᠬᠤ ᠬᠡᠪᠴᠢᠶ᠎ᠡ ᠶᠢ ᠦᠷᠬᠡᠳᠬᠡᠪᠡ᠃ ᠭᠡᠷ ᠪᠦᠯᠢ ᠶᠢᠨ ᠬᠠᠮᠠᠭᠠᠯᠠᠯᠲᠠ ᠶᠢᠨ ᠲᠠᠯ᠎ᠠ  ᠪᠠᠷ ᠭᠡᠷ ᠪᠦᠯᠢ᠂ ᠰᠤᠷᠭᠠᠭᠤᠯᠢ᠂ ᠨᠡᠶᠢᠭᠡᠮ ᠤᠨ ᠬᠠᠮᠲᠤᠷᠠᠨ ᠬᠥᠳᠡᠯᠦᠯᠴᠡᠬᠦ ᠠᠵᠢᠯ ᠤᠨ ᠲᠣᠭᠲᠠᠴᠠ  ᠶᠢ ᠪᠠᠶᠢᠭᠤᠯᠵᠤ᠂ ᠨᠡᠶᠢᠭᠡᠮ ᠲᠣᠭᠤᠷᠢᠭ ᠪᠣᠯᠣᠨ ᠰᠤᠷᠭᠠᠭᠤᠯᠢ ᠶᠢᠨ ᠬᠢᠨ ᠤ ᠭᠡᠷ ᠤᠨ ᠠᠬᠠᠮᠠᠳ ᠤᠨ ᠰᠤᠷᠭᠠᠭᠤᠯᠢ ᠵᠡᠷᠭᠡ ᠭᠡᠷ ᠪᠦᠯᠢ ᠶᠢᠨ ᠬᠥᠮᠦᠵᠢᠯ ᠤᠨ ᠵᠢᠭᠠᠨ ᠵᠢᠯᠤᠭᠤᠳᠬᠤ ᠦᠢᠯᠡᠴᠢᠯᠡᠭᠡᠨ ᠤ ᠥᠷᠲᠡᠭᠡ  ᠶᠢ ᠪᠠᠶᠢᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠭᠡᠷ ᠪᠦᠯᠢ ᠶᠢᠨ ᠬᠥᠮᠦᠵᠢᠯ᠂ ᠬᠠᠤᠯᠢ ᠴᠠᠭᠠᠵᠠ᠂ ᠡᠷᠡᠭᠦᠯ ᠮᠡᠨᠳᠦ᠂ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢ 300 ᠰᠢᠬᠠᠮ ᠬᠤᠭᠤᠴᠠᠭ᠎ᠠ ᠥᠷᠨᠢᠭᠦᠯᠵᠦ᠂ ᠭᠡᠷ ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ ᠶᠢᠨ ᠤᠬᠠᠭᠤᠯᠭ᠎ᠠ ᠶᠢᠨ ᠭᠠᠷᠠᠭ᠂ ᠢᠷᠭᠡᠨ ᠤ ᠬᠠᠤᠯᠢ ᠶᠢᠨ ᠪᠢᠴᠢᠭ ᠤᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ 20 ᠭᠠᠷᠤᠢ ᠥᠷᠨᠢᠭᠦᠯᠵᠦ᠂ ︽ᠬᠠᠶᠢᠷ᠎ᠠ ᠬᠠᠯᠠᠮᠵᠢ ᠲᠠᠢ ᠪᠠᠷ ᠬᠠᠨᠢ ᠪᠣᠯᠵᠤ᠂ ᠦᠰᠦᠨ ᠪᠤᠶᠢᠵᠢᠯᠲᠠ ᠶᠢ ᠬᠠᠮᠠᠭᠠᠯᠠᠬᠤ︾ ᠡᠴᠢᠭᠡ ᠡᠬᠡ ᠦᠷ᠎ᠡ ᠬᠡᠦᠬᠡᠳ ᠲᠠᠢ ᠪᠠᠨ ᠨᠡᠪᠲᠡᠷᠡᠯᠴᠡᠬᠦ ᠤᠷ᠎ᠠ ᠮᠡᠷᠭᠡᠵᠢᠯ ᠤᠨ ᠪᠣᠯᠪᠠᠰᠤᠷᠠᠯ ᠤᠨ ᠲᠠᠶᠢᠯᠤᠮᠵᠢ᠂ ︽ᠤᠯᠠᠮᠵᠢᠯᠠᠯᠲᠤ ᠰᠣᠶᠣᠯ ᠢ ᠪᠠᠳᠠᠷᠠᠭᠤᠯᠤᠨ ᠳᠡᠯᠭᠡᠷᠡᠭᠦᠯᠵᠦ᠂ ᠪᠣᠯᠪᠠᠰᠤᠨ ᠭᠡᠷ ᠤᠨ ᠰᠤᠷᠲᠠᠯ ᠢ ᠤᠯᠠᠮᠵᠢᠯᠠᠬᠤ︾ ᠭᠤᠣᠯ ᠰᠡᠳᠦᠪᠲᠦ ᠵᠣᠬᠢᠶᠠᠯ ᠡᠯᠰᠡᠬᠦ ᠠᠵᠢᠯᠯᠠᠭ᠎ᠠ ᠵᠡᠷᠭᠡ ᠡᠯ᠎ᠡ ᠲᠦᠷᠦᠯ ᠤᠨ ᠰᠢᠷᠢᠰ ᠭᠡᠷ ᠪᠦᠯᠢ ᠶᠢᠨ ᠬᠥᠮᠦᠵᠢᠯ ᠤᠨ ᠠᠵᠢᠯᠯᠠᠭ᠎ᠠ ᠶᠢ 40 ᠭᠠᠷᠤᠢ ᠤᠳᠠᠭ᠎ᠠ ᠥᠷᠨᠢᠭᠦᠯᠵᠦ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠭᠡᠷ ᠪᠦᠯᠢ ᠶᠢᠨ ᠬᠥᠮᠦᠵᠢᠯ ᠤᠨ ᠵᠢᠯᠣᠭᠤᠳᠤᠯᠭ᠎ᠠ ᠪᠠ ᠪᠣᠯᠪᠠᠰᠤᠷᠠᠯ ᠢᠶᠠᠷ ᠬᠠᠪᠰᠤᠷᠤᠨ ᠲᠡᠳᠬᠦᠬᠦ ᠠᠵᠢᠯ ᠢ ᠪᠦᠬᠦ ᠲᠠᠯ᠎ᠠ ᠪᠠᠷ ᠴᠢᠩᠭᠠᠳᠬᠠᠪᠠ᠃     ᠰᠤᠷᠭᠠᠭᠤᠯᠢ ᠶᠢᠨ ᠬᠠᠮᠠᠭᠠᠯᠠᠯᠲᠠ ᠶᠢᠨ ᠲᠠᠯ᠎ᠠ ᠪᠠᠷ ︽ᠬᠦᠨᠳᠡᠯᠡᠨ ᠲᠣᠭᠤᠷᠢᠭ ᠤᠨ ᠭᠡᠷ ᠤᠨ ᠠᠮᠢᠳᠤᠷᠠᠯ ᠨᠢ ᠬᠦᠴᠢᠷᠳᠡᠯᠲᠡᠢ ᠰᠣᠷᠣᠭᠴᠢ ᠶᠢ ᠲᠤᠰᠠᠯᠠᠬᠤ ᠠᠵᠢᠯ ᠤᠨ ᠶᠠᠪᠤᠴᠠ︾ ᠶᠢ ᠲᠣᠭᠲᠠᠭᠠᠵᠤ᠂ ᠪᠥᠬᠦ ᠵᠢᠯ ᠳᠤ 5160 ᠰᠣᠷᠣᠭᠴᠢ ᠶᠢ ᠲᠡᠳᠬᠦᠵᠦ᠂ 88.31 ᠲᠦᠮᠡᠨ ᠲᠥᠭᠦᠷᠢᠭ ᠲᠠᠷᠬᠠᠭᠠᠵᠤ᠂ ᠨᠢᠭᠡ ᠰᠣᠷᠣᠭᠴᠢ ᠶᠢ ᠴᠤ ᠭᠡᠷ ᠤᠨ ᠠᠮᠢᠳᠤᠷᠠᠯ ᠨᠢ ᠬᠦᠴᠢᠷᠳᠡᠯᠲᠡᠢ ᠠᠴᠠ ᠪᠤᠯᠤᠭᠠᠳ ᠰᠤᠷᠤᠯᠭ᠎ᠠ ᠪᠠᠨ ᠠᠯᠳᠠᠬᠤ ᠦᠭᠡᠢ ᠪᠠᠶᠢᠬᠤ ᠶᠢ ᠦᠨᠡᠨ ᠬᠦ ᠪᠠᠲᠤᠯᠠᠪᠠ᠃ ᠰᠤᠷᠭᠠᠨ ᠬᠥᠮᠦᠵᠢᠯ ᠤᠨ ᠰᠢᠰᠲ᠋ᠧᠮ ᠤᠨ ᠰᠤᠷᠭᠠᠨ ᠬᠥᠮᠦᠵᠢᠯ ᠤᠨ ᠬᠠᠶᠢᠷ᠎ᠠ ᠬᠠᠯᠠᠮᠵᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠪᠠᠶᠢᠭᠤᠯᠵᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠲᠤ ᠬᠢᠴᠢᠶᠡᠯ ᠤᠨ ᠳᠠᠷᠠᠭᠠᠬᠢ ᠬᠠᠪᠰᠤᠷᠤᠨ ᠵᠢᠯᠤᠭᠤᠳᠬᠤ ᠦᠢᠯᠡᠴᠢᠯᠡᠭᠡ  ᠬᠠᠨᠭ᠍ᠭᠠᠪᠠ᠃ ᠰᠤᠷᠤᠭᠴᠢᠳ ᠢ ᠳᠣᠷᠣᠮᠵᠢᠯᠠᠬᠤ ᠂ ᠪᠡᠯᠭᠡ ᠶᠢᠨ ᠬᠠᠯᠳᠠᠯᠭ᠎ᠠ ᠬᠢᠬᠦ ᠦᠶᠯᠡ ᠠᠵᠢᠯᠯᠠᠭ᠎ᠠ ᠶᠢ ᠣᠭᠲᠣᠬᠠᠨ ᠴᠤ ᠠᠭᠤᠴᠢᠯᠠᠬᠤ ᠦᠭᠡᠢ ᠪᠠᠷ ᠰᠢᠢᠳᠪᠦᠷᠢᠯᠡᠬᠦ ᠲᠣᠭᠲᠠᠴᠠ ᠪᠠ ᠬᠤᠬᠢᠷᠠᠯ ᠠᠮᠰᠠᠭᠰᠠᠨ ᠰᠤᠷᠤᠭᠴᠢᠳ ᠢ ᠴᠠᠭ ᠲᠤᠬᠠᠢ ᠳᠤ ᠨᠢ ᠬᠠᠯᠠᠮᠵᠢᠯᠠᠨ ᠬᠠᠮᠠᠭᠠᠯᠠᠬᠤ᠂ ᠬᠠᠪᠰᠤᠷᠬᠤ ᠲᠣᠭᠲᠠᠴᠠ ᠶᠢ ᠪᠠᠶᠢᠭᠤᠯᠪᠠ᠃ ᠳᠤᠮᠳᠠᠳᠤ ᠪᠠᠭ᠎ᠠ ᠰᠤᠷᠭᠠᠭᠤᠯᠢ ᠨᠢᠬᠡ ᠪᠦᠷᠢ ᠳᠤ ᠨᠠᠭᠠᠲᠤ ᠵᠠᠬ᠎ᠠ ᠳᠤ  ᠪᠠᠨ 1 ᠲᠤᠰᠬᠠᠢ ᠲᠤᠰᠢᠶᠠᠯᠲᠤ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠪᠠᠭᠰᠢ ᠲᠣᠬᠢᠷᠠᠭᠤᠯᠵᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠬᠤ ᠪᠠ ᠬᠠᠪᠰᠤᠷᠬᠤ ᠠᠵᠢᠯ ᠢ ᠴᠢᠩᠭᠠᠳᠬᠠᠪᠠ᠃ ᠨᠡᠶᠢᠭᠡᠮ ᠤᠨ ᠬᠠᠮᠠᠭᠠᠯᠠᠯᠲᠠ ᠶᠢᠨ ᠲᠠᠯ᠎ᠠ ᠪᠠᠷ ᠸᠢᠳᠢᠤ᠋᠂ ᠵᠠᠷᠯᠠᠯ᠂ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢᠨ ᠹᠢᠯᠢᠮ ᠵᠡᠷᠭᠡ ᠣᠯᠠᠨ ᠬᠡᠯᠪᠡᠷᠢ ᠪᠠᠷ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠮᠠᠭᠠᠯᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ  ᠴᠢᠩᠭᠠᠳᠬᠠᠪᠠ᠃ ᠰᠤᠨᠢᠨ ᠮᠡᠳᠡᠬᠡᠨ ᠤ ᠵᠠᠭᠤᠴᠢᠯᠠᠭᠤᠷ᠂ ᠵᠠᠭᠤᠴᠢᠯᠠᠭᠤᠷ ᠤᠨ ᠰᠢᠨ᠎ᠡ ᠲᠠᠪᠴᠠᠩ ᠢᠶᠠᠷ ᠳᠠᠮᠵᠢᠭᠤᠯᠤᠨ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠬᠤ ᠂ ᠨᠠᠰᠤᠨ ᠳᠤ ᠦᠯᠦ ᠬᠦᠷᠦᠭᠰᠡᠳ ᠤᠨ ᠦᠰᠦᠨ ᠪᠤᠶᠢᠵᠢᠯᠲᠠ ᠳᠤ ᠬᠦᠴᠦᠨ ᠨᠡᠮᠡᠷᠢᠯᠡᠬᠦ ᠬᠤᠯᠪᠣᠭᠳᠠᠯ ᠪᠦᠬᠦᠢ 92 ᠭᠤᠣᠯ ᠰᠡᠳᠦᠪᠲᠦ ᠵᠣᠬᠢᠶᠠᠯ ᠢ ᠤᠬᠠᠭᠤᠯᠤᠨ ᠮᠡᠳᠡᠭᠡᠯᠡᠵᠦ᠂ ᠨᠡᠶᠢᠭᠡᠮ ᠤᠨ ᠬᠢᠨ ᠤ ᠠᠩᠬᠠᠷᠤᠯ ᠳᠤ ᠬᠦᠷᠬᠡᠪᠡ᠃ ᠬᠦᠨᠳᠡᠯᠡᠨ ᠲᠤᠭᠤᠷᠢᠭ ᠤᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ ᠭᠠᠵᠠᠷ᠂ ᠨᠣᠮ ᠤᠨ ᠰᠠᠩ᠂ ᠵᠠᠯᠠᠭᠤᠴᠤᠳ ᠪᠠᠭᠠᠴᠤᠳ ᠤᠨ ᠣᠷᠳᠣᠨ᠂ ᠬᠡᠦᠬᠡᠳ ᠤᠨ ᠠᠵᠢᠯᠯᠠᠭᠠᠨ ᠤ ᠲᠥᠪ᠂ ᠬᠡᠦᠬᠡᠳ ᠤᠨ ᠭᠡᠷ᠂ ᠳᠤᠷᠠᠰᠬᠠᠯ ᠤᠨ ᠣᠷᠳᠣᠨ᠂ ᠤᠷᠠᠨ ᠵᠢᠷᠤᠭ ᠤᠨ ᠣᠷᠳᠣᠨ᠂ ᠰᠣᠶᠣᠯ ᠤᠨ ᠣᠷᠳᠣᠨ ᠵᠡᠷᠭᠡ ᠲᠠᠯᠠᠪᠤᠷ ᠢ ᠠᠰᠢᠭᠯᠠᠨ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠠᠵᠢᠯᠯᠠᠭ᠎ᠠ ᠦᠷᠨᠢᠬᠦᠯᠪᠡ᠃ ᠡᠯ᠎ᠡ ᠡᠲᠡᠭᠡᠳ ᠤᠨ ᠰᠠᠶᠢᠨ ᠲᠤᠷᠠᠴᠤᠤᠯ ᠪᠠ ᠬᠠᠯᠠᠮᠵᠢ ᠶᠢᠨ ᠵᠣᠬᠢᠶᠠᠨ ᠪᠠᠶᠢᠭᠤᠯᠤᠯᠲᠠ ᠶᠢ ᠥᠷᠭᠡᠨ ᠢᠶᠠᠷ ᠳᠠᠶᠢᠴᠢᠯᠠᠨ ᠬᠦᠴᠢᠷᠳᠡᠯ ᠳᠤ ᠲᠤᠯᠭᠠᠷᠠᠭᠰᠠᠨ ᠬᠡᠦᠬᠡᠳ ᠢ  ᠬᠠᠯᠠᠮᠵᠢᠯᠠᠬᠤ ᠠᠵᠢᠯᠯᠠᠭ᠎ᠠ ᠶᠢ 260 ᠤᠳᠠᠭ᠎ᠠ ᠥᠷᠨᠢᠭᠦᠯᠵᠦ᠂ ᠬᠡᠦᠬᠡᠳ ᠲᠤ 5300 ᠤᠳᠠᠭ᠎ᠠ ᠦᠢᠯᠡᠴᠢᠯᠡᠨ᠂ ᠬᠡᠦᠬᠡᠳ ᠤᠨ ︽ᠦᠴᠤᠬᠡᠨ ᠬᠦᠰᠡᠯ︾ ᠢ 1000 ᠭᠠᠷᠤᠢ ᠬᠠᠩᠭᠠᠪᠠ᠃     ᠰᠦᠯᠵᠢᠶᠡᠨ ᠤ ᠬᠠᠮᠠᠭᠠᠯᠠᠯᠲᠠ ᠶᠢᠨ ᠲᠠᠯ᠎ᠠ ᠪᠠᠷ ᠰᠦᠯᠵᠢᠶᠡᠨ ᠤ ᠪᠠᠭᠠᠷ ᠤᠨ ᠲᠤᠰᠬᠠᠢ ᠪᠠᠶᠢᠴᠠᠭᠠᠯᠲᠠ ᠶᠢ ᠪᠥᠬᠦ ᠲᠠᠯ᠎ᠠ ᠪᠠᠷ ᠥᠷᠨᠢᠭᠦᠯᠵᠦ᠂ ᠬᠠᠷᠢᠶ᠎ᠠ ᠣᠷᠣᠨ ᠤ ᠰᠦᠯᠵᠢᠶᠡᠨ ᠤ ᠥᠷᠲᠡᠭᠡ ᠶᠢᠨ ᠡᠳᠦᠷ ᠲᠤᠲᠤᠮ ᠤᠨ ᠵᠠᠰᠠᠯᠲᠠ ᠶᠢᠨ ᠠᠵᠢᠯ ᠢ ᠦᠨᠡᠨ ᠬᠦ ᠠᠬᠢᠭᠤᠯᠵᠤ᠂ ᠬᠠᠷᠢᠶ᠎ᠠ ᠣᠷᠣᠨ ᠤ 2000 ᠭᠠᠷᠤᠢ ᠰᠦᠯᠵᠢᠶᠡᠨ ᠤ ᠥᠷᠲᠡᠭᠡ ᠳᠤ ᠬᠥᠳᠡᠯᠦᠩᠭᠦᠢ ᠬᠢᠨᠠᠯᠲᠠ ᠬᠠᠮᠢᠶᠠᠷᠤᠯᠲᠠ ᠶᠠᠪᠤᠭᠤᠯᠵᠤ᠂ ᠨᠠᠰᠤᠨ ᠳᠤ ᠥᠯᠥ ᠭᠦᠷᠦᠭᠰᠡᠳ ᠲᠤ ︽ᠱᠠᠯᠢᠭ ᠵᠠᠪᠬᠠᠢ ᠵᠦᠢᠯᠡᠰ ᠲᠤ ᠬᠤᠯᠪᠣᠭᠳᠠᠭᠰᠠᠨ︾ ᠪᠣᠯᠬᠢ ᠪᠦᠳᠦᠭᠦᠯᠢᠭ᠂ ᠬᠦᠴᠦᠷᠬᠡᠭᠯᠡᠯ ᠤᠨ ᠮᠡᠳᠡᠭᠡ ᠵᠠᠩᠭᠢ ᠪᠠ ᠪᠠᠭᠠᠴᠤᠳ ᠬᠡᠦᠬᠡᠳ ᠤᠨ ᠲᠥᠷᠥᠯ ᠤᠨ ᠬᠠᠤᠯᠢ ᠪᠤᠰᠤ ᠬᠤᠣᠷ ᠬᠥᠨᠥᠭᠡᠯ ᠲᠠᠢ ᠮᠡᠳᠡᠭᠡ ᠵᠠᠩᠭᠢ ᠶᠢ ᠤᠯᠠᠮᠵᠢᠯᠠᠨ ᠲᠠᠷᠬᠠᠭᠠᠬᠤ ᠶᠢᠨ ᠲᠣᠭᠤᠷᠢᠨ ᠳᠤ 24 ᠴᠠᠭ᠂ ᠦᠬᠡᠷ᠎ᠡ ᠪᠠᠷ ᠬᠡᠯᠡᠪᠡᠯ ᠪᠦᠬᠦᠯᠢ ᠡᠳᠦᠷ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠪᠠᠶᠢᠴᠠᠭᠠᠪᠠ᠃ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠢ ᠠᠰᠢᠭᠯᠠᠨ᠂ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠮᠠᠲ᠋ᠧᠷᠢᠶᠠᠯ ᠢ 5000 ᠭᠠᠷᠤᠢ ᠲᠠᠷᠬᠠᠭᠠᠵᠤ᠂ ᠨᠠᠰᠤᠨ ᠳᠤ ᠥᠯᠥ ᠭᠦᠷᠦᠭᠰᠡᠳ ᠤᠨ ᠰᠦᠯᠵᠢᠶ᠎ᠡ ᠳᠤ ᠬᠡᠲᠦ ᠰᠢᠨᠤᠬᠤ᠂ ᠰᠦᠯᠵᠢᠶ᠎ᠡ ᠶᠢ ᠬᠡᠲᠦ ᠲᠦᠰᠢᠭᠯᠡᠬᠦ ᠠᠴᠠ ᠰᠡᠷᠭᠡᠶᠢᠯᠡᠵᠦ᠂ ᠵᠠᠯᠠᠭᠤᠴᠤᠳ ᠪᠠᠭᠠᠴᠤᠳ ᠤᠨ ᠰᠦᠯᠵᠢᠶᠡᠨ ᠤ ᠣᠷᠣᠨ ᠵᠠᠢ ᠳᠤ ᠬᠢ ᠬᠠᠤᠯᠢ ᠶᠤᠰᠤᠨ ᠤ ᠬᠠᠮᠠᠭᠠᠯᠠᠯᠳᠠ ᠶᠢᠨ ᠪᠠᠬᠢᠵᠢᠬᠦᠯᠪᠡ᠃ ᠵᠠᠰᠠᠭ ᠤᠨ ᠣᠷᠳᠣᠨ ᠤ ᠬᠠᠮᠠᠭᠠᠯᠠᠯᠲᠠ ᠶᠢᠨ ᠲᠠᠯ᠎ᠠ ᠪᠠᠷ ᠥᠨᠥᠴᠢᠨ ᠬᠡᠦᠬᠡᠳ ᠪᠠ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠤᠨ ᠦᠨᠳᠦᠰᠦᠨ ᠠᠮᠢᠳᠤᠷᠠᠯ ᠤᠨ ᠨᠥᠬᠦᠪᠦᠷᠢ ᠶᠢᠨ ᠪᠠᠷᠢᠮᠵᠢᠶ᠎ᠠ ᠶᠢ ᠬᠥᠳᠡᠯᠦᠩᠭᠦᠢ ᠪᠠᠷ ᠨᠡᠮᠡᠭᠳᠡᠭᠦᠯᠬᠦ ᠲᠣᠭᠲᠠᠴᠠ ᠶᠢ ᠪᠠᠶᠢᠭᠤᠯᠵᠤ᠂ 2023 ᠣᠨ ᠳᠤ  ᠬᠦᠨᠳᠡᠯᠡᠨ ᠲᠤᠭᠤᠷᠢᠭ ᠤᠨ ᠲᠠᠷᠠᠬᠠᠢ ᠰᠠᠭᠤᠵᠤ ᠪᠠᠶᠢᠭ᠎ᠠ 10   ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ 46 ᠬᠡᠦᠬᠡᠳ ᠲᠤ ᠠᠮᠢᠳᠤᠷᠠᠯ ᠤᠨ ᠨᠥᠬᠦᠪᠦᠷᠢ 122 ᠲᠦᠮᠡᠨ ᠲᠥᠭᠦᠷᠢᠭ ᠣᠯᠭᠤᠵᠤ᠂ ᠬᠦᠴᠢᠷᠳᠡᠯ ᠳᠤ ᠲᠤᠯᠭᠠᠷᠠᠭᠰᠠᠨ 56 ᠬᠡᠦᠬᠡᠳ ᠲᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠪᠡᠯᠡ ᠮᠥᠩᠭᠦ ᠶᠢ 2.3 ᠲᠦᠮᠡᠨ ᠲᠥᠭᠦᠷᠢᠭ ᠣᠷᠣᠯᠠᠨ ᠲᠤᠰᠢᠶᠠᠵᠤ ᠥᠭᠪᠡ᠃ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢᠨ ᠳᠠᠭᠠᠵᠤ ᠨᠡᠭᠦᠭᠰᠡᠨ ᠦᠷ᠎ᠡ ᠬᠡᠦᠬᠡᠳ᠂ ᠨᠡᠭᠦᠳᠡᠯ ᠬᠡᠦᠬᠡᠳ ᠵᠡᠷᠭᠡ ᠶᠢᠨ ᠤᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠨᠳᠦᠰᠦᠨ ᠦᠢᠯᠡᠴᠢᠯᠡᠭᠡ ᠡᠳ᠋ᠯᠡᠬᠦ ᠶᠢ ᠪᠠᠲᠤᠯᠠᠵᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠰᠤᠷᠭᠠᠨ ᠬᠥᠮᠦᠵᠢᠯ ᠤᠨ ᠲᠤᠰᠠᠯᠠᠮᠵᠢ ᠶᠢᠨ ᠲᠦᠷᠦ ᠶᠢᠨ ᠪᠣᠳᠣᠯᠭ᠎ᠠ ᠪᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ︽ᠬᠤᠶᠠᠷ ᠠᠴᠠ ᠬᠡᠯᠲᠦᠷᠢᠭᠦᠯᠵᠦ ᠬᠤᠶᠠᠷ ᠢ ᠨᠥᠬᠦᠪᠦᠷᠢᠯᠡᠬᠦ︾ ᠲᠦᠷᠦ ᠶᠢᠨ ᠪᠣᠳᠣᠯᠭ᠎ᠠ ᠶᠢ ᠤᠯᠠᠮ  ᠰᠠᠶᠢᠨ ᠨᠠᠶᠢᠳᠠᠪᠤᠷᠢᠵᠢᠭᠤᠯᠤᠯ᠎ᠠ᠃ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠪᠠ ᠡᠪᠯᠡᠯ ᠤᠨ ᠭᠤᠷᠪᠠᠨ ᠪᠠᠭ᠎ᠠ ᠰᠤᠷᠭᠠᠭᠤᠯᠢ ᠶᠢᠨ ᠣᠶᠤᠨ ᠤ ᠪᠣᠯᠪᠠᠰᠤᠷᠠᠯ ᠤᠨ ᠠᠩᠭᠢ ᠪᠠᠷ ᠭᠤᠣᠯ ᠴᠣᠭᠴᠠ ᠪᠣᠯᠭᠠᠭᠰᠠᠨ᠂ ᠠᠩᠭᠢ ᠳᠠᠭᠠᠵᠤ ᠰᠤᠷᠤᠯᠴᠠᠬᠤ ᠪᠠᠷ ᠪᠠᠲᠤᠯᠠᠭ᠎ᠠ ᠪᠣᠯᠭᠠᠭᠰᠠᠨ᠂ ᠰᠤᠷᠭᠠᠨ ᠬᠥᠮᠦᠵᠢᠯ ᠢ ᠭᠡᠷ ᠲᠤ ᠨᠢ ᠬᠦᠷᠭᠡᠬᠦ ᠪᠠᠷ ᠨᠥᠬᠦᠪᠦᠷᠢ ᠪᠣᠯᠭᠠᠭᠰᠠᠨ ᠣᠨᠴᠠᠭᠠᠶ ᠰᠤᠷᠭᠠᠨ ᠬᠥᠮᠦᠵᠢᠯ ᠤᠨ  ᠰᠢᠰᠲ᠋ᠧᠮ ᠢ ᠲᠡᠭᠦᠯᠳᠡᠷᠵᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠵᠡᠮᠳᠡᠭ ᠬᠡᠦᠬᠡᠳ ᠤᠨ ᠰᠤᠷᠭᠠᠭᠤᠯᠢ ᠳᠤ ᠣᠷᠣᠬᠤ ᠨᠣᠷᠮ᠎ᠠ ᠶᠢ ᠦᠨᠡᠨ ᠬᠦ ᠪᠠᠲᠤᠯᠠᠪᠠ᠃     ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠲᠠᠯ᠎ᠠ ᠪᠠᠷ ᠬᠦᠨᠳᠡᠯᠡᠨ ᠲᠤᠭᠤᠷᠢᠭ ᠤᠨ ᠪᠠᠶᠢᠴᠠᠭᠠᠬᠤ ᠬᠤᠷᠢᠶ᠎ᠠ ᠪᠣᠯᠣᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠲᠤᠷᠰᠢᠨ ᠪᠠᠶᠢᠴᠠᠭᠠᠯᠲᠠ ᠳᠤ ᠬᠢᠨᠠᠯᠲᠠ ᠲᠠᠯᠪᠢᠬᠤ ᠪᠠ ᠬᠠᠮᠵᠢᠯᠴᠠᠨ ᠬᠠᠮᠵᠢᠯᠴᠠᠬᠤ ᠠᠯᠪᠠᠨ ᠭᠡᠷ ︱ ︽ᠨᠠᠰᠤᠨ ᠳᠤ ᠥᠯᠥ ᠭᠦᠷᠦᠭᠰᠡᠳ ᠲᠤ ᠬᠤᠯᠪᠣᠭᠳᠠᠭᠰᠠᠨ ᠬᠡᠷᠡᠭ ᠤᠨ ᠠᠵᠢᠯ ᠤᠨ ᠥᠷᠲᠡᠭᠡ︾ ᠶᠢ ᠪᠠᠶᠢᠭᠤᠯᠵᠤ᠂ ᠨᠢᠭᠡ ᠯᠡ ᠦᠷᠳᠡᠬᠡᠴᠢᠯᠡᠭᠰᠡᠨ ᠭᠡᠷᠡᠴᠢ ᠠᠪᠴᠤ ᠲᠤᠰᠠᠯᠠᠬᠤ ᠲᠣᠭᠲᠠᠴᠠ ᠶᠢ ᠪᠠᠶᠢᠭᠤᠯᠪᠠ᠃ ᠪᠤᠭᠤᠲᠤ ᠶᠢᠨ ᠷᠠᠳᠢᠣ᠋ ᠲᠧᠯᠸᠢᠰ ᠬᠤᠷᠢᠶ᠎ᠠ ᠶᠢᠨ ︽ᠶᠠᠭ ᠤᠳᠤ ᠪᠠᠷ ᠢᠶᠠᠨ ᠰᠤᠷᠭᠠᠨ ᠬᠦᠮᠤᠵᠢᠬᠦᠯᠤᠶ᠎ᠡ︾ ᠬᠡᠬᠦ ᠰᠤᠪᠠᠭ ᠲᠤ ᠣᠷᠳᠣ ᠬᠤᠭᠤᠴᠠᠭ᠎ᠠ ᠪᠠᠷ ᠲᠤᠰᠬᠠᠢ ᠪᠤᠯᠤᠩ ᠨᠡᠭᠡᠭᠡᠵᠦ᠂ ᠨᠡᠯᠢᠶᠡᠳ ᠬᠠᠯᠠᠮᠰᠢᠯ ᠪᠤᠯᠤᠬᠰᠠᠨ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠠᠴᠠ ᠪᠣᠯᠤᠭᠰᠠᠨ ᠪᠤᠳᠠᠳᠠᠢ ᠶᠠᠯᠠᠲᠤ ᠬᠡᠷᠡᠭ ᠢᠶᠠᠷ ᠪᠠᠷᠢᠴᠨ ᠪᠣᠯᠭᠠᠵᠤ᠂ ᠪᠥᠬᠦ ᠨᠡᠶᠢᠭᠡᠮ ᠢᠶᠠᠷ ᠢᠶᠠᠨ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠣᠶᠢᠵᠢᠬᠤ ᠠᠰᠠᠭᠤᠳᠠᠯ ᠢ ᠬᠠᠮᠲᠤ ᠪᠠᠷ ᠠᠩᠬᠠᠷᠬᠤ ᠬᠡᠷᠡᠭᠲᠡᠢ ᠭᠡᠵᠦ ᠤᠷᠢᠶᠠᠯᠠᠵᠠᠢ᠃ ᠬᠠᠤᠯᠢ ᠪᠠᠷ ᠵᠠᠰᠠᠬᠤ ᠴᠡᠴᠡᠷᠯᠢᠭ ᠲᠤ ᠲᠦᠰᠢᠭᠯᠡᠨ ᠨᠠᠰᠤᠨ ᠳᠤ ᠥᠯᠥ ᠭᠦᠷᠦᠭᠰᠡᠳ ᠤᠨ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠲᠤᠰᠬᠠᠢ ᠣᠷᠣᠨ ᠢ ᠪᠠᠶᠢᠭᠤᠯᠵᠤ᠂ ᠨᠠᠰᠤᠨ ᠳᠤ ᠥᠯᠥ ᠭᠦᠷᠦᠭᠰᠡᠳ ᠤᠨ ᠬᠠᠤᠯᠢ ᠪᠠᠷ ᠵᠠᠰᠠᠬᠤ ᠤᠬᠠᠭᠤᠯᠭ᠎ᠠ ᠶᠢ ᠬᠠᠤᠯᠢ ᠶᠢᠨ ᠲᠤᠰᠢᠶᠠᠯᠲᠠᠨ ᠤ ᠠᠵᠢᠯ ᠤᠨ ᠦᠷᠳᠡᠭᠡ ᠶᠢ ᠠᠰᠢᠭᠯᠠᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠪᠦᠬᠦ ᠵᠢᠯ ᠳᠤ ︽ᠬᠠᠤᠯᠢ ᠶᠢ ᠨᠡᠶᠢᠭᠡᠮ ᠲᠣᠭᠤᠷᠢᠭ ᠲᠤ ᠬᠦᠷᠭᠡᠬᠦ︾ ︽ᠬᠠᠤᠯᠢ ᠶᠢ ᠰᠤᠷᠭᠠᠭᠤᠯᠢ ᠶᠢᠨ ᠬᠦᠷᠢᠶᠡᠨ ᠳᠤ ᠬᠦᠷᠭᠡᠬᠦ︾ ᠵᠡᠷᠭᠡ ᠡᠯ᠎ᠡ ᠲᠦᠷᠦᠯ ᠤᠨ ᠠᠵᠢᠯᠯᠠᠭ᠎ᠠ ᠶᠢ 100 ᠭᠠᠷᠤᠢ ᠦᠷᠨᠢᠬᠦᠯᠤᠯ᠎ᠡ᠃    ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠦᠢᠯᠡᠰ᠂ ᠢᠯᠠᠩᠭᠤᠶ᠎ᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠮᠠᠭᠠᠯᠠᠬᠤ ᠢᠷᠠᠭᠤ ᠠᠯᠳᠠᠷᠲᠠᠢ ᠪᠥᠭᠡᠳ ᠬᠠᠲᠠᠭᠤ ᠪᠡᠷᠬᠡ ᠡᠭᠦᠷᠭᠡ ᠬᠦᠨᠳᠦ ᠪᠦᠬᠡᠳ ᠵᠠᠮ ᠬᠤᠯᠠ ᠪᠠᠶᠢᠬᠰᠠᠭᠠᠷ᠃ ᠨᠠᠰᠤᠨ ᠳᠤ ᠥᠯᠥ ᠭᠦᠷᠦᠭᠰᠡᠳ ᠪᠤᠯᠭᠠᠨ ᠤ ᠪᠠᠭ᠎ᠠ ᠨᠠᠰᠤ ᠨᠢ ᠴᠥᠮ ᠬᠡᠷᠡᠯ ᠬᠡᠬᠡ᠂ ᠪᠠᠶᠠᠷ ᠪᠠᠶᠠᠰᠤᠯ ᠢᠶᠠᠷ ᠳᠦᠭᠦᠷᠡᠩ ᠪᠠᠶᠢᠬᠤ ᠶᠣᠰᠣᠲᠠᠢ ᠶᠤᠮ᠃ ᠬᠥᠨᠳᠡᠯᠡᠨ ᠲᠣᠭᠤᠷᠢᠭ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠪᠠ ᠬᠡᠦᠬᠡᠳ ᠤᠨ ᠠᠰᠠᠷᠠᠮᠵᠢ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ  ᠶᠢ ᠦᠷᠭᠦᠯᠵᠢᠯᠡᠨ ᠭᠦᠨᠵᠡᠭᠡᠢ ᠲᠤᠭᠤᠰᠢᠯᠠᠭᠤᠯᠵᠤ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠰᠠᠯᠠᠭ᠎ᠠ ᠮᠥᠴᠢᠷ ᠤᠨ ᠬᠢᠨ ᠤ ᠬᠠᠮᠵᠢᠯᠴᠠᠭ᠎ᠠ ᠶᠢ ᠴᠢᠩᠭᠠᠳᠬᠠᠵᠤ᠂ ︽ᠵᠢᠷᠭᠤᠭᠠᠨ ᠶᠡᠭᠡ ᠬᠠᠮᠠᠭᠠᠯᠠᠯᠲᠠ︾ ᠶᠢᠨ ᠢᠳᠡᠪᠬᠢᠲᠡᠢ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠨᠠᠰᠤᠨ ᠳᠤ ᠥᠯᠥ ᠭᠦᠷᠦᠭᠰᠡᠳ ᠢ ᠬᠠᠯᠠᠮᠵᠢᠯᠠᠨ ᠬᠠᠮᠠᠭᠠᠯᠠᠬᠤ ᠲᠤᠤᠷᠵᠢᠯ ᠢ ᠪᠦᠷᠢᠨᠰᠢᠭᠦᠯᠦᠨ᠂ ᠬᠡᠦᠬᠡᠳ᠂ ᠭᠡᠷ ᠤᠨ ᠠᠬᠠᠮᠠᠳ ᠢ ᠰᠡᠳᠬᠢᠯ ᠠᠮᠤᠷ ᠪᠠᠶᠢᠯᠭᠠᠵᠤ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠴᠢᠳᠠᠪᠤᠷᠢ ᠪᠠ  ᠲᠦᠪᠰᠢᠨ ᠢᠶᠠᠨ ᠲᠠᠰᠤᠷᠠᠯᠲᠠ ᠦᠭᠡᠢ ᠲᠡᠭᠡᠭᠰᠢᠯᠡᠬᠦᠯᠤᠨ᠂ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠣᠶᠢᠵᠢᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠨ᠎ᠡ᠃ 
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号