ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | | ᠸᠢᠶ᠋ᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠷᠤᠸᠠᠨ ᠹᠦ᠋ ᠵᠦᠩ ᠪᠣᠯᠣᠨ | ᠸᠢᠶ᠋ᠧᠲᠨᠠᠮ ᠤᠨ ᠤᠯᠤᠰ ᠤᠨ ᠲᠡᠷᠢᠭᠦᠯᠡᠭᠴᠢ ᠦ᠋ ᠸᠧᠨ ᠱᠠᠩ ᠤᠨ ᠤᠷᠢᠯᠭ᠎ᠠ ᠪᠠᠷ᠂ ᠪᠢ ᠪᠦᠭᠦᠳᠠ ᠨᠠᠶᠢᠷᠠᠮᠳᠠᠬᠤ ᠨᠡᠶᠢᠭᠡᠮ | ᠵᠢᠷᠤᠮᠲᠤ ᠸᠢᠶ᠋ᠧᠲᠨᠠᠮ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠣᠯᠣᠯ᠎ᠠ᠃ ᠡᠨᠡ ᠪᠣᠯ ᠮᠢᠨᠤ ᠳᠤᠮᠳᠠᠳᠦ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠪᠦᠭᠦᠳᠠ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠭᠰᠡᠨ ᠠᠴᠠ ᠨᠠᠭᠠᠰᠢ ᠭᠤᠷᠪᠠᠳᠠᠭᠢ ᠤᠳᠠᠭ᠎ᠠ ᠸᠢᠶᠧᠳ᠋ᠨᠠᠮ ᠤᠨ ᠡᠨᠡ ᠬᠦ | ᠦᠵᠡᠰᠬᠦᠯᠡᠩᠲᠦ ᠰᠠᠶᠢᠬᠠᠨ ᠨᠤᠲᠤᠭ ᠳᠡᠪᠢᠰᠬᠡᠷ ᠲᠤ ᠠᠶᠢᠯᠴᠢᠯᠠᠵᠤ ᠪᠠᠶᠢᠭ᠎ᠠ ᠶᠠᠪᠤᠳᠠᠯ ᠪᠣᠯᠣᠨ᠎ᠠ᠂ ᠮᠠᠰᠢ ᠳᠣᠲᠣᠨᠣ | ᠰᠠᠨᠠᠭᠳᠠᠵᠤ᠂ ᠶᠠᠭ ᠲᠦᠷᠦᠯ ᠰᠠᠳᠤᠨ ᠪᠣᠯᠣᠨ ᠬᠥᠷᠰᠢ ᠵᠡᠷᠭᠡᠯᠡᠳᠡᠭᠡ ᠪᠠᠷ ᠢᠶᠠᠨ ᠠᠶᠢᠯᠴᠢᠯᠠᠬᠰᠠᠨ ᠰᠢᠭ᠋ ᠰᠠᠨᠠᠭᠳᠠᠵᠤ ᠪᠠᠶᠢᠨ᠎ᠠ᠃ | | ᠳᠤᠮᠳᠠᠳᠤ ᠸᠢᠶᠧᠳ᠋ᠨᠠᠮ ᠬᠤᠶᠠᠷ ᠤᠯᠤᠰ ᠠᠭᠤᠯᠠ ᠤᠰᠤ ᠪᠠᠷ ᠢᠶᠠᠨ ᠵᠠᠯᠭᠠᠯᠳᠤᠵᠤ᠂ ᠰᠣᠶᠣᠯ ᠬᠠᠷᠢᠯᠴᠠᠨ ᠨᠡᠪᠲᠡᠷᠡᠯᠴᠡᠵᠦ | ᠂ ᠬᠦᠰᠡᠯᠡᠩ ᠠᠳᠠᠯᠢᠬᠠᠨ ᠪᠠᠶᠢᠵᠤ᠂ ᠬᠤᠪᠢ ᠵᠠᠶᠠᠭ᠎ᠠ ᠪᠠᠨ ᠬᠠᠮᠲᠤᠳᠬᠠᠪᠠ᠃ ᠮᠠᠤ ᠽᠧ ᠳ᠋ᠦᠩ᠂ ᠬᠤ᠋ ᡁᠢ ᠮᠢᠩ ᠵᠡᠷᠭᠡ | ᠬᠤᠶᠠᠷ ᠨᠠᠮ ᠬᠤᠶᠠᠷ ᠤᠯᠤᠰ ᠤᠨ ᠠᠬᠠᠮᠠᠳ ᠨᠢᠭᠡ ᠦᠶ᠎ᠡ ᠶᠢᠨ ᠤᠳᠤᠷᠢᠳᠬᠤ ᠬᠥᠮᠥᠰ ᠬᠠᠮᠲᠤ ᠶᠢᠨ ᠬᠦᠰᠡᠯᠡᠩ ᠢᠲᠡᠭᠡᠯ | ᠪᠢᠰᠢᠷᠡᠯ ᠢ ᠡᠪᠦᠷᠯᠡᠨ ᠬᠠᠷᠢᠯᠴᠠᠨ ᠣᠶᠢᠯᠠᠭᠠᠯᠴᠠᠵᠤ᠂ ︽ᠨᠥᠬᠦᠷ ᠪᠥᠭᠡᠳ ᠠᠬ᠎ᠠ ᠳᠡᠭᠦᠦ︾ ᠭᠡᠬᠦ ᠳᠤᠮᠳᠠᠳᠤ ᠸᠢᠶ᠋ᠧᠲᠨᠠᠮ ᠤᠨ | ᠤᠯᠠᠮᠵᠢᠯᠠᠯᠲᠤ ᠨᠥᠬᠦᠷᠯᠡᠯ ᠢ ᠭᠠᠷ ᠬᠤᠯᠪᠣᠯᠴᠠᠨ ᠴᠣᠭᠴᠠᠯᠠᠨ ᠪᠠᠶᠢᠭᠤᠯᠪᠠ᠃ ᠥᠪᠡᠷ ᠥᠪᠡᠷ ᠤᠨ ᠤᠯᠤᠰ ᠤᠨ ᠢᠶᠠᠨ | ᠲᠤᠰᠠᠭᠠᠷ ᠲᠣᠭᠲᠠᠨᠢᠯ ᠪᠠ ᠦᠨᠳᠦᠰᠦᠲᠡᠨ ᠤ ᠴᠢᠯᠦᠭᠡᠯᠡᠯᠲᠡ ᠶᠢᠨ ᠦᠢᠯᠡᠰ ᠢ ᠬᠥᠭᠡᠭᠡᠴᠡᠯᠳᠦᠬᠦ ᠶᠠᠪᠤᠴᠠ ᠳᠤ᠂ ᠪᠢᠳᠡ | ᠪᠦᠯᠬᠦᠮᠳᠡᠨ ᠨᠢᠭᠡᠳᠴᠦ᠂ ᠬᠠᠷᠢᠯᠴᠠᠨ ᠳᠡᠮᠵᠢᠪᠡ᠃ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠶᠢᠨ ᠦᠢᠯᠡᠰ ᠲᠤ᠂ | ᠪᠢᠳᠠ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠤᠯᠭᠠᠵᠤ᠂ ᠬᠠᠮᠲᠤᠷᠠᠯᠴᠠᠭ᠎ᠠ ᠪᠠᠨ ᠥᠷᠭᠡᠳᠬᠡᠵᠦ᠂ ᠳᠤᠮᠳᠠᠳᠤ | ᠸᠢᠶᠧᠳ᠋ᠨᠠᠮ ᠤᠨ ᠨᠥᠬᠦᠷᠯᠡᠯ ᠤᠨ ᠲᠡᠦᠬᠡᠨ ᠬᠠᠭᠤᠳᠠᠰᠤ ᠶᠢ ᠬᠠᠮᠲᠤ ᠪᠠᠷ ᠪᠢᠴᠢᠭᠯᠡᠪᠡ᠃ | ᠡᠨᠡ ᠵᠢᠯ ᠪᠣᠯ ᠳᠤᠮᠳᠠᠳᠤ ᠸᠢᠶᠧᠳ᠋ᠨᠠᠮ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ | ᠬᠠᠷᠢᠯᠴᠠᠭ᠎ᠠ ᠪᠠᠶᠢᠭᠤᠯᠤᠭᠰᠠᠨ 15 ᠵᠢᠯ ᠤᠨ ᠤᠢ ᠪᠣᠯᠣᠨ᠎ᠠ᠃ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ᠂ | ᠳᠤᠮᠳᠠᠳᠤ ᠸᠢᠶ᠋ᠧᠲᠨᠠᠮ ᠤᠨ ᠬᠤᠶᠠᠷ ᠨᠠᠮ ᠬᠤᠶᠠᠷ ᠤᠯᠤᠰ ᠡᠩᠬᠡ ᠲᠠᠶᠢᠪᠤᠩ ᠠᠮᠤᠷ ᠲᠣᠭᠲᠠᠭᠤᠨ ᠢ ᠬᠠᠮᠲᠤ ᠪᠠᠷ ᠰᠠᠬᠢᠵᠤ᠂ | ᠬᠥᠭᠵᠢᠯᠲᠡ ᠬᠠᠮᠲᠤᠷᠠᠯᠴᠠᠭ᠎ᠠ ᠶᠢ ᠬᠠᠮᠲᠤ ᠪᠠᠷ ᠰᠦᠪᠡᠭᠴᠢᠯᠡᠵᠦ᠂ ᠬᠥᠭᠵᠢᠯ ᠴᠡᠴᠡᠭᠯᠡᠯ ᠪᠠᠶᠠᠨ ᠬᠦᠴᠦᠷᠬᠡᠭ ᠢ ᠬᠠᠮᠲᠤ ᠪᠠᠷ | ᠴᠣᠭᠴᠠᠯᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ | ᠰᠠᠷᠠᠭᠤᠯ ᠳᠠᠷᠳᠠᠩ ᠵᠠᠮ ᠢᠶᠠᠷ ᠵᠠᠮᠨᠠᠨ᠎ᠠ᠃ | ᠪᠢᠳᠠ ᠢᠲᠡᠭᠡᠯ ᠲᠠᠢ ᠶᠠᠪᠤᠯᠴᠠᠬᠤ ᠶᠢ ᠪᠠᠷᠢᠮᠲᠠᠯᠠᠪᠠ᠃ ᠬᠤᠶᠠᠷ ᠨᠠᠮ ᠬᠤᠶᠠᠷ ᠤᠯᠤᠰ ᠤᠨ ᠳᠡᠭᠡᠳᠦ ᠳᠠᠪᠬᠤᠷᠭ᠎ᠠ ᠰᠠᠳᠤᠨ | ᠲᠥᠷᠥᠯ ᠰᠢᠭ ᠦᠷᠭᠦᠯᠵᠢ ᠶᠠᠪᠤᠯᠴᠠᠳᠠᠭ᠃ ᠡᠨᠡ ᠵᠢᠯ᠂ ᠪᠢ ᠶᠡᠷᠦᠩᠬᠡᠢ ᠱᠦᠵᠢ ᠷᠤᠸᠠᠨ ᠹᠦ᠋ ᠵᠦᠩ ᠲᠠᠢ ᠨᠢᠭᠲᠠ | ᠬᠤᠷᠰᠢᠯᠴᠠᠵᠤ᠂ ᠬᠠᠮᠲᠤ ᠪᠠᠷ ᠪᠠᠶᠢᠯᠳᠤᠬᠤ ᠪᠣᠳᠣᠯᠭ᠎ᠠ ᠶᠢᠨ ᠥᠨᠳᠥᠷᠴᠡ ᠪᠣᠯᠣᠨ ᠠᠯᠤᠰ ᠭᠡᠳᠤ ᠶᠢᠨ ᠬᠠᠷᠠᠭᠠᠰᠤ ᠠᠴᠠ | ᠰᠢᠨ᠎ᠡ ᠴᠠᠭ ᠦᠶ᠎ᠡ ᠶᠢᠨ ᠳᠤᠮᠳᠠᠳᠤ ᠸᠢᠶ᠋ᠧᠲᠨᠠᠮ ᠤᠨ ᠬᠠᠷᠢᠯᠴᠠᠭᠠᠨ ᠤ ᠵᠢᠷᠤᠭ ᠲᠥᠰᠥᠪ ᠢ ᠵᠢᠷᠤᠭᠯᠠᠵᠤ᠂ ᠳᠤᠮᠳᠠᠳᠤ | ᠸᠢᠶ᠋ᠧᠲᠨᠠᠮ ᠤᠨ ᠬᠠᠷᠢᠯᠴᠠᠭ᠎ᠠ ᠶᠢᠨ ᠰᠢᠨ᠎ᠡ ᠪᠠᠶᠢᠷᠢ ᠲᠣᠭᠲᠠᠭᠠᠯᠲᠠ ᠲᠣᠭᠲᠠᠭᠠᠵᠤ᠂ ᠰᠢᠨ᠎ᠡ ᠱᠠᠲᠤᠨ ᠳᠤ ᠣᠷᠣᠬᠤ ᠶᠢ | ᠠᠬᠢᠭᠤᠯᠪᠠ᠃ ᠪᠢ ᠤᠷᠢᠳ ᠬᠤᠵᠢᠳ ᠳᠤᠮᠳᠠᠳᠤ ᠤᠯᠤᠰ ᠲᠤ ᠠᠶᠢᠯᠴᠢᠯᠠᠬᠰᠠᠨ ᠪᠤᠶᠤ ᠬᠤᠷᠠᠯ ᠳᠤ ᠣᠷᠣᠯᠴᠠᠬᠰᠠᠨ | ᠤᠯᠤᠰ ᠤᠨ ᠲᠡᠷᠢᠭᠦᠯᠡᠭᠴᠢ ᠦ᠋ ᠸᠧᠨ ᠱᠠᠩ᠂ ᠵᠠᠰᠠᠭ ᠤᠨ ᠣᠷᠳᠣᠨ ᠤ ᠶᠡᠷᠦᠩᠬᠡᠢ ᠰᠠᠶᠢᠳ ᠹᠠᠨ ᠮᠢᠩ ᠵᠧᠩ᠂ | ᠸᠢᠶ᠋ᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠱᠦᠵᠢ ᠨᠠᠷ ᠤᠨ ᠭᠠᠵᠠᠷ ᠤᠨ ᠪᠠᠶᠢᠩᠭᠤ ᠶᠢᠨ ᠱᠦᠵᠢ ᠵᠠᠩ ᠱᠢ | ᠮᠧᠢ ᠨᠥᠬᠦᠷ ᠲᠠᠢ ᠠᠭᠤᠯᠵᠠᠪᠠ᠃ ᠬᠤᠶᠠᠷ ᠲᠠᠯ᠎ᠠ ᠪᠠᠷ ᠢᠶᠠᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠵᠢᠯᠤᠭᠤᠳᠬᠤ | ᠵᠥᠪᠯᠡᠯ᠂ ᠬᠤᠶᠠᠷ ᠨᠠᠮ ᠤᠨ ᠤᠨᠤᠯ ᠤᠨ ᠰᠤᠳᠤᠯᠤᠨ ᠶᠠᠷᠢᠯᠴᠠᠬᠤ ᠬᠤᠷᠠᠯ᠂ ᠬᠤᠶᠠᠷ ᠤᠯᠤᠰ ᠤᠨ ᠳᠣᠲᠣᠭᠠᠳᠤ ᠶᠢ | ᠬᠠᠮᠠᠭᠠᠯᠠᠬᠤ ᠶᠠᠮᠤᠨ ᠤ ᠬᠠᠮᠲᠤᠷᠠᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠬᠤᠷᠠᠯ ᠵᠡᠷᠭᠡ ᠲᠣᠭᠲᠠᠴᠠ ᠶᠢᠨ ᠬᠤᠷᠠᠯ ᠢ | ᠬᠤᠷᠠᠯᠳᠤᠭᠤᠯᠪᠠ᠃ ᠡᠯ᠎ᠡ ᠰᠠᠯᠠᠭ᠎ᠠ ᠮᠥᠴᠢᠷ ᠡᠯ᠎ᠡ ᠭᠠᠵᠠᠷ ᠣᠷᠣᠨ ᠤ ᠬᠠᠮᠲᠤᠷᠠᠯᠴᠠᠭ᠎ᠠ ᠨᠠᠩ ᠨᠢᠭᠲᠠᠷᠠᠬᠤ ᠬᠠᠨᠳᠤᠰᠢ ᠲᠠᠢ | ᠪᠣᠯᠪᠠ᠃ | ᠪᠢᠳᠡ ᠠᠰᠢᠭ ᠲᠤᠰᠠ ᠪᠠᠨ ᠬᠠᠷᠢᠯᠴᠠᠨ ᠠᠭᠤᠰᠤᠯᠴᠠᠭᠤᠯᠬᠤ ᠶᠢ ᠪᠠᠷᠢᠮᠲᠠᠯᠠᠪᠠ᠃ ᠳᠤᠮᠳᠠᠳᠤ ᠤᠯᠤᠰ ᠤᠷᠳᠤ | ᠬᠤᠭᠤᠴᠠᠭ᠎ᠠ ᠶᠢᠨ ᠲᠤᠷᠰᠢ ᠸᠢᠶᠧᠳ᠋ᠨᠠᠮ ᠤᠨ ᠬᠠᠮᠤᠭ ᠤᠨ ᠶᠡᠭᠡ ᠠᠷᠠᠯᠵᠢᠶᠠᠨ ᠤ ᠬᠠᠨᠢᠲᠠᠨ ᠪᠣᠯᠵᠤ᠂ ᠸᠢᠶᠧᠳ᠋ᠨᠠᠮ ᠪᠣᠯ | ᠳᠤᠮᠳᠠᠳᠤ ᠤᠯᠤᠰ ᠤᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠳᠠᠬᠢ ᠬᠠᠮᠤᠭ ᠤᠨ ᠶᠡᠭᠡ | ᠠᠷᠠᠯᠵᠢᠶᠠᠨ ᠤ ᠬᠠᠨᠢᠲᠠᠨ ᠪᠠ ᠪᠦᠭᠦ ᠪᠥᠮᠪᠥᠷᠴᠡᠭ ᠤᠨ ᠳᠥᠷᠪᠡᠳᠦᠭᠡᠷ ᠶᠡᠭᠡ ᠠᠷᠠᠯᠵᠢᠶᠠᠨ ᠤ ᠬᠠᠨᠢᠲᠠᠨ ᠪᠣᠯᠣᠨ᠎ᠠ᠃ | ᠳᠤᠮᠳᠠᠳᠤ ᠶᠢᠨ ᠲᠠᠯ᠎ᠠ ᠶᠢᠨ ᠤᠷᠢᠯᠭ᠎ᠠ ᠪᠠᠷ᠂ ᠸᠢᠶᠧᠳ᠋ᠨᠠᠮ ᠤᠨ ᠤᠳᠤᠷᠢᠳᠬᠤ ᠬᠥᠮᠥᠰ ᠭᠤᠷᠪᠠᠳᠤᠭᠠᠷ ᠬᠤᠭᠤᠴᠠᠭᠠᠨ ᠤ ︽ | ᠨᠢᠭᠡ ᠪᠦᠰᠡ ᠨᠢᠭᠡ ᠵᠠᠮ︾ ᠤᠨ ᠣᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ᠂ | ᠵᠢᠷᠭᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ ᠭᠠᠳᠠᠭᠠᠳᠤ ᠣᠷᠣᠭᠤᠯᠤᠯᠲᠠ ᠶᠢᠨ | ᠦᠵᠡᠰᠭᠦᠯᠡᠩ ᠤᠨ ᠴᠤᠭᠯᠠᠭᠠᠨ᠂ ᠳᠣᠯᠣᠳᠤᠭᠠᠷ ᠬᠤᠭᠤᠴᠠᠭᠠᠨ ᠤ ᠳᠤᠮᠳᠠᠳᠤ ᠤᠯᠤᠰ — ᠡᠮᠦᠨᠡᠲᠦ ᠠᠽᠢᠶ᠎ᠠ ᠶᠢᠨ | ᠦᠵᠡᠰᠭᠦᠯᠡᠩ ᠤᠨ ᠴᠤᠭᠯᠠᠭᠠᠨ᠂ ᠬᠤᠷᠢᠳᠤᠭᠠᠷ ᠬᠤᠭᠤᠴᠠᠭᠠᠨ ᠤ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ | ᠤᠯᠤᠰ ᠤᠳ ᠤᠨ ᠬᠤᠯᠪᠤᠭ᠎ᠠ ᠶᠢᠨ ᠦᠵᠡᠰᠭᠦᠯᠡᠩ ᠤᠨ ᠴᠤᠭᠯᠠᠭᠠᠨ ᠳᠤ ᠣᠷᠣᠯᠴᠠᠪᠠ᠃ ᠸᠢᠶ᠋ᠧᠲᠨᠠᠮ ᠠᠴᠠ ᠳᠤᠮᠳᠠᠳᠤ | ᠤᠯᠤᠰ ᠲᠤ ᠭᠠᠷᠭᠠᠭᠰᠠᠨ ᠵᠢᠮᠢᠰ ᠨᠣᠭᠤᠭ᠎ᠠ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠨᠢ ᠳᠤᠮᠳᠠᠳᠤ ᠤᠯᠤᠰ ᠤᠨ | ᠬᠡᠷᠡᠭᠯᠡᠭᠴᠢᠳ ᠤᠨ ᠪᠠᠭ᠋ᠠᠷᠬᠠᠯ ᠢ ᠶᠡᠬᠡᠳᠡ ᠣᠯᠪᠠ᠃ ᠳᠤᠮᠳᠠᠳᠤ ᠤᠯᠤᠰ ᠤᠨ ᠭᠠᠳᠠᠭᠠᠳᠤ ᠳᠤ ᠭᠠᠷᠭᠠᠬᠤ ᠲᠦᠭᠦᠬᠡᠢ | ᠮᠠᠲ᠋ᠧᠷᠢᠶᠠᠯ ᠪᠣᠯᠣᠨ ᠮᠠᠰᠢᠨ ᠲᠥᠬᠦᠭᠡᠷᠦᠮᠵᠢ ᠸᠢᠶᠧᠳ᠋ᠨᠠᠮ ᠤᠨ ᠦᠢᠯᠡᠳᠬᠦ ᠦᠢᠯᠡᠰ ᠤᠨ ᠬᠥᠭᠵᠢᠯᠲᠡ ᠶᠢ ᠬᠦᠴᠦᠲᠡᠢ ᠳᠡᠮᠵᠢᠪᠡ | ᠃ ᠳᠤᠮᠳᠠᠳᠤ ᠤᠯᠤᠰ ᠤᠨ ᠠᠵᠤ ᠠᠬᠤᠶᠢᠯᠠᠯ ᠬᠠᠨᠤᠢ ᠶᠢᠨ ᠬᠥᠩᠭᠡᠨ ᠲᠡᠮᠦᠷ ᠵᠠᠮ ᠤᠨ 2 ᠳ᠋ᠤᠭᠠᠷ ᠱᠤᠭᠤᠮ ᠢ ᠳᠠᠭᠠᠭᠠᠴᠢᠯᠠᠨ | ᠪᠠᠶᠢᠭᠤᠯᠪᠠ᠂ ᠡᠨᠡ ᠪᠣᠯ ᠸᠢᠶ᠋ᠧᠲᠨᠠᠮ ᠤᠨ ᠠᠩᠬᠠᠳᠠᠭᠴᠢ ᠬᠤᠳᠠ ᠶᠢᠨ ᠬᠥᠩᠭᠡᠨ ᠲᠡᠮᠦᠷ ᠵᠠᠮ ᠤᠨ ᠳᠦᠷᠦᠯ ᠵᠦᠢᠯ ᠪᠠᠶᠢᠵᠤ᠂ | ᠨᠡᠶᠢᠳᠡ 2000 ᠲᠦᠮᠡᠨ ᠬᠥᠮᠥᠨ ᠤᠳᠠᠭ᠎ᠠ ᠶᠢᠨ ᠠᠶᠠᠨᠴᠢᠨ ᠢ ᠵᠥᠭᠡᠭᠡᠪᠦᠷᠢᠯᠡᠵᠦ᠂ ᠬᠠᠨᠤᠢ ᠶᠢᠨ ᠬᠤᠳᠠ ᠶᠢᠨ ᠠᠷᠠᠳ ᠤᠨ | ᠶᠠᠪᠤᠵᠤ ᠰᠠᠭᠤᠬᠤ ᠳᠤ ᠳᠦᠭᠦᠮ ᠦᠵᠡᠭᠦᠯᠵᠡᠢ᠃ ᠳᠤᠮᠳᠠᠳᠤ ᠸᠢᠶᠧᠳ᠋ᠨᠠᠮ ᠤᠨ ᠤᠯᠠᠨ ᠤᠯᠤᠰ ᠤᠨ ᠵᠢᠰᠢᠶᠠᠨ ᠤ ᠭᠠᠯᠲᠤ | ᠲᠡᠷᠭᠡ ᠨᠡᠪᠲᠡᠷᠡᠵᠦ᠂ ᠣᠶᠤᠨᠲᠤ ᠪᠣᠭᠤᠮᠲᠠ ᠶᠢ ᠡᠬᠢᠯᠡᠨ ᠪᠦᠲᠦᠭᠡᠨ ᠪᠠᠶᠢᠭᠤᠯᠵᠤ᠂ ᠡᠬᠡ ᠬᠠᠭᠤᠷᠠᠢ ᠶᠢᠨ ᠬᠢᠯᠢ ᠶᠢᠨ | ᠪᠣᠭᠤᠮᠲᠠ ᠶᠢᠨ ᠬᠤᠯᠪᠣᠯᠳᠤᠨ ᠨᠡᠪᠲᠡᠷᠡᠯᠴᠡᠬᠦ ᠶᠢ ᠲᠦᠷᠭᠡᠳᠬᠡᠨ ᠠᠬᠢᠭᠤᠯᠪᠠ᠃ ᠳᠤᠮᠳᠠᠳᠤ ᠤᠯᠤᠰ ᠤᠨ ᠠᠵᠤ ᠠᠬᠤᠶᠢᠯᠠᠯ | ᠸᠢᠶᠧᠳ᠋ᠨᠠᠮ ᠳᠤ ᠭᠠᠳᠠᠭᠠᠳᠤ ᠳᠠᠬᠢ ᠬᠠᠮᠤᠭ ᠤᠨ ᠶᠡᠭᠡ ᠭᠡᠷᠡᠯᠴᠢ ᠴᠡᠨᠡᠭ ᠤᠨ ᠠᠵᠤ ᠦᠢᠯᠡᠰ ᠤᠨ ᠪᠦᠯᠦᠭᠵᠢᠯ ᠢ ᠪᠠᠶᠢᠭᠤᠯᠵᠤ᠂ | ᠪᠡᠯᠡ ᠣᠷᠣᠭᠤᠯᠤᠨ ᠪᠦᠲᠦᠭᠡᠨ ᠪᠠᠶᠢᠭᠤᠯᠤᠭᠰᠠᠨ ᠭᠡᠷᠡᠯᠴᠢ ᠴᠡᠨᠡᠭ ᠪᠣᠯᠣᠨ ᠰᠠᠯᠬᠢᠨ ᠡᠨᠧᠷᠭᠢ ᠶᠢᠨ ᠴᠠᠭᠢᠯᠭᠠᠨ ᠦᠷᠳᠡᠭᠡ ᠨᠢ | ᠸᠢᠶ᠋ᠧᠲᠨᠠᠮ ᠤᠨ ᠡᠨᠧᠷᠭᠢ ᠶᠢᠨ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠦ᠂ | ᠬᠠᠨᠤᠢ᠂ ᠬᠡᠩ ᠲᠧ ᠵᠡᠷᠭᠡ ᠭᠠᠵᠠᠷ ᠲᠤ ᠬᠤᠭ ᠨᠣᠪᠰᠢ ᠪᠠᠷ ᠴᠠᠭᠢᠯᠭᠠᠨ ᠭᠠᠷᠭᠠᠬᠤ ᠤᠯᠠᠨ ᠲᠦᠷᠦᠯ ᠵᠦᠢᠯ ᠢ ᠪᠡᠯᠡ | ᠣᠷᠣᠭᠤᠯᠤᠨ ᠪᠦᠲᠦᠭᠡᠨ ᠪᠠᠶᠢᠭᠤᠯᠪᠠ᠃ | ᠪᠢᠳᠡ ᠨᠥᠭᠦᠷᠰᠡᠭ ᠳᠣᠲᠣᠨᠣ ᠪᠠᠶᠢᠬᠤ ᠶᠢ ᠪᠠᠷᠢᠮᠲᠠᠯᠠᠪᠠ᠃ ᠵᠢᠯ ᠤᠨ ᠡᠬᠢᠨ ᠠᠴᠠ ᠨᠠᠭᠠᠰᠢ᠂ ᠬᠤᠶᠠᠷ ᠤᠯᠤᠰ ᠤᠨ | ᠬᠥᠮᠥᠰ ᠤᠨ ᠶᠠᠪᠤᠯᠴᠠᠭ᠎ᠠ ᠦᠳᠲᠡᠷ ᠲᠦᠷᠭᠡᠨ ᠰᠡᠷᠭᠦᠵᠦ᠂ ᠲᠦᠷᠦᠭᠦᠦ 10 ᠰᠠᠷ᠎ᠠ ᠳᠤ ᠳᠤᠮᠳᠠᠳᠤ ᠤᠯᠤᠰ ᠤᠨ | ᠸᠢᠶᠧᠳ᠋ᠨᠠᠮ ᠳᠤ ᠭᠦᠷᠦᠭᠰᠡᠨ ᠵᠢᠭᠤᠯᠴᠢᠯᠠᠬᠰᠠᠳ 130 ᠲᠦᠮᠡᠨ ᠬᠥᠮᠥᠨ ᠤᠳᠠᠭ᠎ᠠ ᠶᠢ ᠳᠠᠪᠠᠵᠤ᠂ ᠳᠤᠮᠳᠠᠳᠤ | ᠸᠢᠶ᠋ᠧᠲᠨᠠᠮ ᠤᠨ ᠬᠢᠨ ᠳ᠋ᠧ ᠲᠢᠶᠠᠨ ︵ ᠪᠠᠨ ᠶᠤᠸᠠᠢ︶ ᠬᠦᠷᠬᠢᠷ᠎ᠡ ᠶᠢᠨ ᠬᠢᠯᠢ ᠠᠯᠤᠰᠯᠠᠭᠰᠠᠨ ᠵᠢᠭᠤᠯᠴᠢᠯᠠᠯ ᠤᠨ | ᠬᠠᠮᠲᠤᠷᠠᠯᠴᠠᠭᠠᠨ ᠤ ᠣᠷᠣᠨ ᠢ ᠠᠮᠵᠢᠯᠲᠠ ᠲᠠᠢ ᠲᠤᠷᠰᠢᠨ ᠡᠵᠡᠩᠨᠡᠪᠡ᠃ ᠳᠤᠮᠳᠠᠳᠤ ᠤᠯᠤᠰ ᠤᠨ ᠪᠦᠭᠦ ᠤᠯᠤᠰ ᠤᠨ ᠤᠯᠤᠰ | ᠲᠦᠷᠦ ᠶᠢᠨ ᠵᠥᠪᠯᠡᠯᠭᠡᠨ ᠪᠣᠯᠣᠨ ᠸᠢᠶ᠋ᠧᠲᠨᠠᠮ ᠤᠨ ᠡᠬᠡ ᠤᠯᠤᠰ ᠤᠨ ᠹᠷᠣᠨᠲ ᠤᠨ ᠲᠥᠪ ᠵᠢᠴᠢ ᠬᠢᠯᠢ ᠬᠢᠵᠠᠭᠠᠷ ᠤᠨ ᠮᠤᠵᠢ | ᠣᠷᠣᠨ ᠤ ᠨᠥᠭᠦᠷᠰᠡᠭ ᠰᠣᠯᠢᠯᠴᠠᠭᠠᠨ ᠤ ᠠᠵᠢᠯᠯᠠᠭ᠎ᠠ᠂ ᠳᠤᠮᠳᠠᠳᠤ ᠸᠢᠶ᠋ᠧᠲᠨᠠᠮᠤᠨ ᠬᠢᠯᠢ ᠶᠢᠨ ᠠᠷᠠᠳ ᠤᠨ ᠬᠠᠮᠲᠤᠷᠠᠭᠰᠠᠨ | ᠨᠠᠶᠢᠷ ᠵᠡᠷᠭᠡ ᠠᠵᠢᠯᠯᠠᠭ᠎ᠠ ᠨᠢᠵᠢᠭᠢᠷ ᠰᠠᠶᠢᠬᠠᠨ ᠶᠠᠪᠤᠭᠳᠠᠪᠠ᠃ ᠳᠤᠮᠳᠠᠳᠤ ᠤᠯᠤᠰ ᠤᠨ ᠤᠯᠠᠮᠵᠢᠯᠠᠯᠲᠤ ᠰᠣᠩᠭᠤᠳᠠᠭ | ᠪᠦᠲᠦᠭᠡᠯ ᠤᠳ ᠢ ᠸᠢᠶᠧᠳ᠋ᠨᠠᠮ ᠤᠨ ᠬᠥᠮᠥᠨ ᠪᠦᠭᠦᠨ ᠮᠡᠳᠡᠳᠡᠭ᠂ ᠳᠤᠮᠳᠠᠳᠤ ᠤᠯᠤᠰ ᠤᠨ ᠤᠳᠤ ᠦᠶ᠎ᠡ ᠶᠢᠨ ᠺᠢᠨᠣ᠋ | ᠲᠧᠯᠸᠢᠰ ᠤᠨ ᠪᠦᠲᠦᠭᠡᠯ ᠴᠦ ᠸᠢᠶᠧᠳ᠋ᠨᠠᠮ ᠤᠨ ᠠᠷᠠᠳ ᠤᠯᠠᠨ ᠤ ᠳᠤᠷ᠎ᠠ ᠰᠣᠨᠢᠷᠬᠠᠯ ᠢ ᠶᠡᠬᠡᠳᠡ ᠲᠠᠲᠠᠵᠤ ᠪᠠᠶᠢᠨ᠎ᠠ᠃ | ᠸᠢᠶ᠋ᠧᠲᠨᠠᠮ ᠤᠨ ᠤᠷᠤᠰᠬᠠᠯ ᠳᠠᠭᠤᠤ ᠨᠢ ᠳᠤᠮᠳᠠᠳᠤ ᠤᠯᠤᠰ ᠤᠨ ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ ᠳᠡᠭᠡᠷ᠎ᠡ | ᠶᠡᠬᠡᠳᠡ ᠳᠡᠯᠭᠡᠷᠡᠵᠦ᠂ ᠸᠢᠶᠧᠳ᠋ᠨᠠᠮ ᠤᠨ ᠳᠠᠭᠤᠴᠢᠨ ᠳᠤᠮᠳᠠᠳᠤ ᠤᠯᠤᠰ ᠤᠨ ᠵᠤᠭ᠎ᠠ ᠴᠡᠩᠭᠡᠬᠦᠨ ᠤ ᠫᠷᠣᠭ᠍ᠷᠠᠮ ᠳᠤ | ᠣᠷᠣᠯᠴᠠᠭᠠᠳ ᠦᠯᠡᠮᠵᠢ ᠤᠯᠠᠨ ᠳᠤᠮᠳᠠᠳᠤ ᠤᠯᠤᠰ ᠤᠨ ︽ᠳᠠᠭᠤᠤ ᠶᠢᠨ ᠪᠠᠭ᠋ᠠᠲᠠᠳ︾ ᠲᠠᠢ ᠪᠣᠯᠵᠠᠢ᠃ ᠡᠳᠦᠷ ᠢᠷᠡᠬᠦᠶ᠎ᠡ | ᠨᠢᠭᠲᠠᠷᠠᠵᠤ ᠪᠠᠶᠢᠭ᠎ᠠ ᠰᠣᠶᠣᠯ ᠢᠷᠭᠡᠨᠰᠢᠯ ᠤᠨ ᠰᠣᠯᠢᠯᠴᠠᠭ᠎ᠠ ᠨᠢ ᠶᠠᠭ ᠮᠤᠷᠤᠯᠵᠠᠨ ᠤᠷᠤᠰᠬᠤ ᠨᠠᠷᠢᠨ ᠤᠷᠤᠰᠬᠠᠯ ᠬᠤᠷᠠᠭᠠᠳ | ᠳᠤᠮᠳᠠᠳᠤ ᠸᠢᠶ᠋ᠧᠲᠨᠠᠮᠤᠨ ᠨᠥᠭᠦᠷᠰᠡᠭ ᠶᠠᠪᠤᠯᠴᠠᠭ᠎ᠠ ᠶᠢᠨ ᠳᠣᠯᠭᠢᠶᠠᠯᠠᠨ ᠳᠠᠪᠠᠯᠭᠠᠯᠠᠬᠤ ᠤᠷᠲᠤ ᠮᠥᠷᠡᠨ ᠮᠡᠲᠦ ᠪᠣᠯᠤᠭᠰᠠᠨ | ᠪᠠᠶᠢᠨ᠎ᠠ᠃ | ᠪᠢᠳᠡ ᠦᠨᠡᠨᠴᠢ ᠪᠠᠷ ᠬᠠᠨᠳᠤᠬᠤ ᠶᠢ ᠪᠠᠷᠢᠮᠲᠠᠯᠠᠪᠠ᠃ ᠬᠤᠶᠠᠷ ᠤᠯᠤᠰ ᠴᠥᠮ ᠣᠯᠠᠨ ᠲᠠᠯᠠᠲᠤ ᠦᠵᠡᠯ ᠤᠨ ᠲᠤᠭ ᠢ | ᠥᠨᠳᠥᠷ ᠮᠠᠨᠳᠤᠭᠤᠯᠵᠤ᠂ ᠶᠠᠷᠢᠯᠴᠠᠯᠭ᠎ᠠ ᠵᠥᠪᠳᠡᠯᠴᠡᠭᠡ ᠬᠢᠬᠦ᠂ ᠨᠠᠶᠢᠷᠠᠮᠳᠠᠯ ᠢᠶᠠᠷ ᠬᠠᠮᠲᠤᠷᠠᠯᠴᠠᠬᠤ ᠶᠢ ᠪᠠᠷᠢᠮᠲᠠᠯᠠᠵᠤ᠂ ᠣᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠪᠠ ᠵᠠᠷᠴᠢᠮ ᠢᠶᠠᠷ ᠰᠠᠭᠤᠷᠢ ᠪᠤᠯᠭᠠᠬᠰᠠᠨ | ᠣᠯᠠᠨ ᠤᠯᠤᠰ ᠤᠨ ᠬᠠᠷᠢᠯᠴᠠᠭᠠᠨ ᠤ ᠦᠨᠳᠦᠰᠦᠨ ᠪᠠᠷᠢᠮᠵᠢᠶ᠎ᠠ ᠶᠢ ᠡᠷᠡᠰ ᠬᠠᠮᠠᠭᠠᠯᠠᠬᠤ ᠶᠢ ᠴᠢᠬᠤᠯᠠᠴᠢᠯᠠᠪᠠ᠃ ᠬᠤᠶᠠᠷ | ᠲᠠᠯ᠎ᠠ ᠪᠠᠷ ᠢᠶᠠᠨ ᠲᠤᠰ ᠲᠤᠰ ᠤᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ | ᠠᠰᠠᠭᠤᠳᠠᠯ ᠤᠨ ᠲᠠᠯ᠎ᠠ ᠪᠠᠷ ᠬᠠᠷᠢᠯᠴᠠᠨ ᠲᠡᠮᠵᠢᠵᠥ᠂ ᠳᠡᠯᠡᠬᠡᠢ ᠶᠢᠨ ᠪᠠ ᠭᠠᠵᠠᠷ ᠣᠷᠣᠨ ᠤ ᠬᠠᠮᠲᠤᠷᠠᠯᠴᠠᠭᠠᠨ ᠤ ᠲᠣᠭᠲᠠᠴᠠ | ᠳᠤᠮᠳᠠ ᠨᠢᠭᠲᠠ ᠬᠠᠮᠵᠢᠯᠴᠠᠪᠠ᠃ ᠸᠢᠶ᠋ᠧᠲᠨᠠᠮ ᠤᠨ ᠬᠢᠨ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢᠨ | ᠨᠥᠬᠦᠷᠯᠡᠯ ᠤᠨ ᠳᠤᠭᠤᠶᠢᠯᠠᠩ ᠳᠤ ᠢᠳᠡᠪᠬᠢᠲᠡᠢ ᠣᠷᠣᠯᠴᠠᠵᠤ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ | ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠲᠡᠮᠵᠢᠵᠤ᠂ ᠳᠤᠮᠳᠠᠳᠤ ᠤᠯᠤᠰ ᠤᠨ ︽ᠪᠦᠭᠦ ᠲᠠᠯ᠎ᠠ ᠶᠢᠨ ᠪᠠ | ᠲᠠᠪᠰᠢᠯᠳᠠ ᠲᠠᠢ ᠨᠣᠮᠣᠬᠠᠨ ᠲᠠᠯᠠᠢ ᠠᠯᠤᠰᠯᠠᠭᠰᠠᠨ ᠬᠠᠨᠢᠲᠠᠨ ᠤ ᠬᠠᠷᠢᠯᠴᠠᠭ᠎ᠠ ᠶᠢᠨ ᠬᠡᠯᠡᠯᠴᠡᠭᠡᠷ︾ ᠲᠤ ᠣᠷᠤᠯᠴᠠᠬᠤ ᠶᠢ | ᠲᠡᠮᠵᠢᠪᠠ᠃ | ᠡᠨᠡ ᠵᠢᠯ ᠪᠣᠯ ᠮᠢᠨᠤ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ | ᠣᠶᠢᠯᠠᠭᠠᠭᠳᠠᠬᠤᠨ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠪᠣᠯᠣᠨ | ᠳᠣᠲᠣᠨᠣ ᠦᠨᠡᠨᠴᠢ ᠠᠰᠢᠭᠲᠠᠢ ᠪᠠᠭᠲᠠᠭᠠᠮᠵᠢᠲᠠᠢ ᠡᠷᠭᠢᠨ ᠲᠣᠭᠤᠷᠢᠨ ᠤ ᠭᠠᠳᠠᠭᠠᠳᠤ ᠬᠠᠷᠢᠯᠴᠠᠭᠠᠨ ᠤ ᠣᠶᠢᠯᠠᠭᠠᠭᠳᠠᠬᠤᠨ ᠢ | ᠳᠤᠷᠠᠳᠤᠭᠰᠠᠨ 10 ᠵᠢᠯ ᠤᠨ ᠤᠢ ᠪᠣᠯᠣᠨ᠎ᠠ᠃ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠬᠤ ᠳᠤ ᠶᠠᠭᠤᠨ ᠤ ᠡᠮᠦᠨ᠎ᠡ ᠠᠽᠢᠶ᠎ᠠ ᠲᠢᠪ ᠠᠴᠠ ᠡᠬᠢᠯᠡᠵᠦ ᠭᠢᠶ᠎ᠡ᠃ ᠳᠤᠮᠳᠠᠳᠤ ᠤᠯᠤᠰ ᠲᠤ ᠴᠢᠬᠢᠨ ᠳᠤ | ᠬᠠᠳᠠᠩᠰᠢᠵᠤ ᠴᠡᠭᠡᠵᠢᠨ ᠳᠤ ᠰᠠᠭᠤᠭᠳᠠᠭᠰᠠᠨ ᠨᠢᠭᠡᠨ ᠳᠠᠭᠤᠤ ᠳᠤ᠂ ︽ᠮᠠᠨ ᠤ ᠠᠽᠢᠶ᠎ᠠ ᠲᠢᠪ ᠤᠨ ᠮᠣᠳᠣ ᠪᠦᠷ | ᠦᠨᠳᠦᠰᠦ ᠪᠠᠷ ᠢᠶᠠᠨ ᠵᠠᠯᠭᠠᠯᠳᠤᠵᠤ ᠪᠠᠶᠢᠨ᠎ᠠ︔ ᠮᠠᠨ ᠤ ᠠᠽᠢᠶ᠎ᠠ ᠲᠢᠪ ᠤᠨ ᠡᠭᠦᠯᠡ ᠴᠤ ᠭᠠᠷ ᠬᠤᠯᠪᠣᠯᠴᠠᠵᠤ ᠪᠠᠶᠢᠨ᠎ᠠ︾ | ᠭᠡᠵᠦ ᠳᠠᠭᠤᠯᠠᠭᠰᠠᠨ ᠪᠠᠶᠢᠳᠠᠭ᠂ ᠡᠨᠡ ᠨᠢ ᠳᠤᠮᠳᠠᠳᠤ ᠤᠯᠤᠰ ᠤᠨ ᠠᠷᠠᠳ ᠤᠯᠠᠨ ᠤ ᠰᠡᠳᠬᠢᠯ ᠳᠠᠬᠢ ᠪᠣᠷᠣᠭᠵᠢᠭᠤᠨ | ᠠᠽᠢᠶ᠎ᠠ ᠲᠢᠪ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠠᠷᠠᠭᠤᠯᠵᠤ ᠪᠠᠶᠢᠨ᠎ᠠ᠃ ᠠᠽᠢᠶ᠎ᠠ ᠲᠢᠪ | ᠪᠣᠯ ᠮᠠᠨ ᠤ ᠬᠠᠮᠲᠤ ᠶᠢᠨ ᠭᠡᠷ ᠣᠷᠣᠨ ᠮᠥᠨ᠂ ᠡᠷᠭᠢᠨ ᠲᠣᠭᠤᠷᠢᠨ ᠤ ᠬᠢ ᠪᠣᠯ ᠨᠡᠭᠦᠵᠦ ᠪᠣᠯᠣᠰᠢ ᠦᠭᠡᠢ ᠵᠡᠷᠭᠡᠯᠡᠳᠡᠭᠡ | ᠠᠶᠢᠯ ᠰᠠᠭᠠᠬᠠᠯᠲᠠ ᠮᠥᠨ᠂ ᠵᠡᠷᠭᠡᠯᠡᠳᠡᠭᠡ ᠠᠶᠢᠯ ᠰᠠᠭᠠᠬᠠᠯᠲᠠ ᠪᠠᠨ ᠳᠡᠮᠵᠢᠪᠡᠯ ᠳᠠᠷᠤᠢ ᠥᠪᠡᠷ ᠢ ᠪᠠᠨ ᠬᠠᠪᠰᠤᠷᠤᠬᠰᠠᠨ | ᠶᠠᠪᠤᠳᠠᠯ ᠪᠣᠯᠣᠨ᠎ᠠ᠃ ᠠᠶᠢᠯ ᠰᠠᠭᠠᠬᠠᠯᠲᠠ ᠪᠠᠷ ᠢᠶᠠᠨ ᠡᠯᠢᠭᠡᠰᠡᠭ ᠳᠣᠲᠣᠨᠣ᠂ ᠬᠥᠷᠰᠢ ᠰᠠᠭᠠᠬᠠᠯᠲᠠ ᠪᠠᠷ ᠢᠶᠠᠨ ᠡᠶ᠎ᠡ ᠡᠪᠲᠡᠢ | ᠪᠠᠶᠢᠪᠠᠯ ᠵᠣᠬᠢᠨ᠎ᠠ᠃ ᠳᠤᠮᠳᠠᠳᠤ ᠤᠯᠤᠰ ᠳᠤᠷᠠᠲᠠᠶ᠎ᠠ ᠲᠤᠰ ᠪᠡᠶ᠎ᠡ ᠶᠢᠨ ᠬᠥᠭᠵᠢᠯᠲᠡ ᠪᠠᠨ ᠡᠷᠭᠢᠨ ᠲᠣᠭᠤᠷᠢᠨ ᠤ ᠤᠯᠤᠰ ᠤᠨ | ᠬᠥᠭᠵᠢᠯᠲᠡ ᠲᠠᠢ ᠨᠡᠩ ᠨᠢᠭᠲᠠ ᠤᠶᠠᠯᠳᠤᠭᠤᠯᠵᠤ᠂ ᠡᠷᠭᠢᠨ ᠲᠣᠭᠤᠷᠢᠨ ᠤ ᠤᠯᠤᠰ ᠲᠠᠢ ᠬᠠᠮᠲᠤ ᠪᠠᠷ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠵᠤ᠂ ᠤᠯᠠᠨ ᠢᠶᠠᠷ ᠢᠶᠠᠨ ᠬᠠᠮᠲᠤ ᠪᠠᠷ ᠰᠠᠶᠢᠨ ᠰᠠᠶᠢᠬᠠᠨ ᠠᠮᠢᠳᠤᠷᠠᠨ᠎ᠠ᠃ ᠸᠢᠶ᠋ᠧᠲᠨᠠᠮ | ᠪᠣᠯᠣᠨ ᠳᠤᠮᠳᠠᠳᠤ ᠤᠯᠤᠰ ︽ᠨᠥᠬᠦᠷ ᠪᠥᠭᠡᠳ ᠠᠬ᠎ᠠ ᠳᠡᠭᠦᠦ︾ ᠶᠢᠨ ᠭᠦᠨ ᠵᠤᠵᠠᠭᠠᠨ ᠨᠥᠬᠦᠷᠯᠡᠯ ᠲᠠᠢ ᠶᠤᠮ᠃ | ᠳᠤᠮᠳᠠᠳᠤ ᠤᠯᠤᠰ ᠤᠨ ᠨᠠᠮ ᠪᠣᠯᠣᠨ ᠵᠠᠰᠠᠭ ᠤᠨ ᠣᠷᠳᠣᠨ ᠢᠮᠠᠭᠲᠠ ᠳᠤᠮᠳᠠᠳᠤ ᠸᠢᠶ᠋ᠧᠲᠨᠠᠮ ᠤᠨ ᠬᠠᠷᠢᠯᠴᠠᠭ᠎ᠠ ᠶᠢ | ᠬᠥᠭᠵᠢᠭᠦᠯᠬᠦ ᠶᠢ ᠳᠤᠮᠳᠠᠳᠤ ᠤᠯᠤᠰ ᠤᠨ ᠡᠷᠭᠢᠨ ᠲᠣᠭᠤᠷᠢᠨ ᠤ ᠭᠠᠳᠠᠭᠠᠳᠤ ᠬᠠᠷᠢᠯᠴᠠᠭᠠᠨ ᠤ ᠤᠷᠢᠳ ᠢᠶᠠᠷ ᠪᠣᠳᠣᠯᠬᠢᠯᠠᠬᠤ | ᠴᠢᠭᠯᠡᠯ ᠢᠶᠠᠷ ᠦᠵᠡᠵᠦ᠂ ᠬᠤᠶᠠᠷ ᠤᠯᠤᠰ ᠢᠶᠠᠷ ᠢᠶᠠᠨ ᠤᠯᠠᠮᠵᠢᠯᠠᠯᠲᠤ ᠨᠥᠭᠦᠷᠰᠡᠭ ᠤᠭ ᠰᠠᠨᠠᠭ᠎ᠠ ᠪᠠᠨ ᠦᠯᠦ ᠮᠠᠷᠲᠠᠵᠤ᠂ | ᠬᠠᠮᠲᠤ ᠶᠢᠨ ᠬᠦᠰᠡᠯᠡᠩ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠭᠠᠷ ᠬᠤᠯᠪᠣᠯᠴᠠᠨ ᠨᠡᠶᠢᠭᠡᠮ ᠵᠢᠷᠤᠮ ᠤᠨ | ᠵᠠᠮ ᠢᠶᠠᠷ ᠰᠠᠶᠢᠲᠤᠷ ᠵᠠᠮᠨᠠᠵᠤ᠂ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠪᠠᠶᠢᠭᠤᠯᠬᠤ ᠶᠢ ᠲᠠᠰᠤᠷᠠᠯᠳᠠ ᠦᠭᠡᠢ ᠠᠬᠢᠭᠤᠯᠬᠤ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠃ | — ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠪᠠᠲᠤᠯᠠᠵᠤ᠂ ᠳᠤᠮᠳᠠᠳᠤ ᠸᠢᠶ᠋ᠧᠲᠨᠠᠮ ᠤᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢᠨ ᠤᠯᠤᠰ ᠲᠦᠷᠦ ᠶᠢᠨ ᠰᠠᠭᠤᠷᠢ ᠶᠢ ᠪᠠᠬᠢᠵᠢᠭᠦᠯᠦᠶ᠎ᠡ᠃ ᠬᠤᠶᠠᠷ ᠲᠠᠯ᠎ᠠ ᠪᠠᠷ ᠢᠶᠠᠨ ᠳᠡᠭᠡᠳᠦ | ᠳᠠᠪᠬᠤᠷᠭ᠎ᠠ ᠶᠢᠨ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠦᠷᠭᠦᠯᠵᠢᠯᠡᠨ ᠪᠠᠲᠤᠯᠠᠵᠤ᠂ ᠳᠤᠮᠳᠠᠳᠤ ᠸᠢᠶ᠋ᠧᠲᠨᠠᠮ ᠤᠨ | ᠬᠠᠷᠢᠯᠴᠠᠭ᠎ᠠ ᠶᠢᠨ ᠡᠨᠡ ᠬᠦ ᠬᠥᠯᠭᠡ ᠣᠩᠭᠤᠴᠠ ᠶᠢᠨ ᠳᠠᠪᠠᠯᠭᠠᠨ ᠢ ᠰᠥᠷᠦᠨ ᠤᠷᠤᠭᠰᠢᠯᠠᠬᠤ᠂ ᠲᠣᠭᠲᠠᠭᠤᠨ ᠢᠶᠠᠷ | ᠤᠷᠤᠭᠰᠢᠯᠠᠬᠤ ᠶᠢ ᠦᠨᠡᠨ ᠬᠦ ᠪᠠᠲᠤᠯᠠᠶ᠎ᠠ᠃ ᠬᠤᠶᠠᠷ ᠲᠠᠯ᠎ᠠ ᠪᠠᠷ ᠢᠶᠠᠨ ᠨᠦᠭᠦᠭᠡ ᠡᠲᠡᠭᠡᠳ ᠤᠨ ᠢᠶᠠᠨ ᠲᠤᠰ | ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠨᠡᠶᠢᠭᠡᠮ ᠵᠢᠷᠤᠮ ᠤᠨ ᠵᠠᠮ ᠢᠶᠠᠷ ᠰᠠᠶᠢᠲᠤᠷ ᠵᠠᠮᠨᠠᠬᠤ ᠶᠢ ᠡᠷᠡᠰ ᠲᠡᠮᠵᠢᠵᠥ᠂ | ᠬᠥᠭᠵᠢᠯᠲᠡ ᠪᠣᠯᠣᠨ ᠠᠮᠤᠷ ᠲᠦᠪᠰᠢᠨ ᠬᠤᠶᠠᠷ ᠶᠡᠭᠡ ᠶᠠᠪᠤᠳᠠᠯ ᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠪᠦᠭᠦ | ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ | ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠬᠠᠮᠲᠤ ᠪᠠᠷ ᠦᠢᠯᠡᠳᠦᠯᠭᠡᠵᠢᠭᠦᠯᠦᠶ᠎ᠡ᠃ ᠨᠡᠶᠢᠭᠡᠮ ᠵᠢᠷᠤᠮ ᠤᠨ ᠪᠦᠲᠦᠭᠡᠨ | ᠪᠠᠶᠢᠭᠤᠯᠤᠯᠲᠠ ᠶᠢᠨ ᠤᠨᠤᠯ ᠪᠠ ᠦᠢᠯᠡᠳᠦᠯᠭᠡ ᠶᠢᠨ ᠲᠤᠷᠰᠢᠯᠭ᠎ᠠ ᠶᠢᠨ ᠰᠣᠯᠢᠯᠴᠠᠭ᠎ᠠ ᠶᠢ ᠤᠯᠠᠮ ᠴᠢᠨᠠᠭᠰᠢᠳᠠ | ᠭᠦᠨᠵᠡᠭᠡᠶᠢᠷᠡᠭᠦᠯᠵᠦ᠂ ᠭᠠᠳᠠᠭᠠᠳᠤ ᠶᠢᠨ ᠠᠶᠤᠯ ᠲᠦᠭᠰᠢᠭᠦᠷᠢ ᠥᠷᠢᠰᠦᠯᠳᠦᠭᠡᠨ ᠢ ᠬᠠᠮᠲᠤ ᠪᠠᠷ ᠡᠰᠡᠷᠭᠦᠴᠡᠨ ᠬᠤᠷᠢᠭᠯᠠᠵᠤ᠂ | ᠲᠤᠰ ᠲᠤᠰ ᠤᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠯᠠᠪᠳᠠᠭᠤᠨ ᠢᠶᠠᠷ ᠬᠤᠯᠠ ᠠᠶᠠᠯᠠᠬᠤ ᠶᠢ | ᠦᠨᠡᠨ ᠬᠦ ᠪᠠᠲᠤᠯᠠᠶ᠎ᠠ᠃ | — ᠬᠠᠷᠢᠯᠴᠠᠨ ᠨᠥᠬᠦᠪᠦᠷᠢᠯᠡᠬᠦ ᠳᠠᠪᠠᠭᠤᠯᠢᠭ ᠢᠶᠠᠨ ᠪᠠᠳᠠᠷᠠᠭᠤᠯᠵᠤ᠂ ᠳᠤᠮᠳᠠᠳᠤ ᠸᠢᠶ᠋ᠧᠲᠨᠠᠮ ᠤᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢᠨ ᠬᠠᠮᠲᠤᠷᠠᠯᠴᠠᠭᠠᠨ ᠤ ᠰᠠᠭᠤᠷᠢ ᠪᠠᠨ ᠴᠢᠩᠭᠠᠳᠬᠠᠶ᠎ᠠ᠃ ᠳᠤᠮᠳᠠᠳᠤ ᠤᠯᠤᠰ ᠶᠠᠭ ᠥᠨᠳᠥᠷ | ᠲᠦᠪᠰᠢᠨ ᠪᠦᠬᠦᠢ ᠭᠠᠳᠠᠭᠠᠳᠤ ᠨᠡᠭᠡᠭᠡᠯᠲᠡ ᠪᠠᠷ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢ ᠠᠬᠢᠭᠤᠯᠵᠤ᠂ | ᠸᠢᠶ᠋ᠧᠲᠨᠠᠮ ᠤᠨ ᠠᠵᠤ ᠠᠬᠤᠢ ᠲᠣᠭᠲᠠᠭᠤᠨ ᠢᠶᠠᠷ ᠨᠡᠮᠡᠭᠳᠡᠵᠦ ᠪᠠᠶᠢᠨ᠎ᠠ᠂ ᠬᠤᠶᠠᠷ ᠲᠠᠯ᠎ᠠ ᠪᠠᠷ ᠢᠶᠠᠨ ᠭᠠᠵᠠᠷ ᠣᠷᠣᠨ | ᠣᠶᠢᠷᠠᠯᠴᠠᠭ᠎ᠠ᠂ ᠠᠵᠤ ᠦᠢᠯᠡᠰ ᠬᠠᠷᠢᠯᠴᠠᠨ ᠨᠥᠬᠦᠪᠦᠷᠢᠯᠡᠬᠦ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ︽ᠨᠢᠭᠡ ᠪᠦᠰᠡ | ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠪᠣᠯᠣᠨ ︽ᠬᠤᠶᠠᠷ ᠬᠤᠩᠭᠢᠯ ᠨᠢᠭᠡ ᠲᠣᠭᠤᠷᠢᠭ︾ ᠤᠨ | ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠬᠠᠮᠲᠤᠷᠠᠯᠴᠠᠭ᠎ᠠ ᠶᠢ ᠲᠦᠷᠭᠡᠳᠬᠡᠨ ᠠᠬᠢᠭᠤᠯᠵᠤ᠂ ᠬᠤᠯᠪᠣᠯᠳᠤᠨ ᠨᠡᠪᠲᠡᠷᠡᠯᠴᠡᠬᠦ᠂ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ᠂ ᠪᠣᠬᠢᠷᠳᠤᠯ ᠦᠭᠡᠢ ᠡᠨᠧᠷᠭᠢ᠂ ᠵᠠᠩᠭᠢᠯᠠᠭ᠎ᠠ ᠶᠢᠨ | ᠠᠭᠤᠷᠬᠠᠢ ᠶᠢᠨ ᠭᠠᠷᠤᠯᠲᠠ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠲᠠᠰᠤᠷᠠᠯᠳᠠ ᠦᠭᠡᠢ ᠥᠷᠭᠡᠳᠬᠡᠵᠦ᠂ ᠤᠯᠤᠰ ᠤᠨ | ᠬᠥᠭᠵᠢᠯᠲᠡ ᠳᠤ ᠨᠡᠩ ᠰᠠᠶᠢᠲᠤᠷ ᠦᠢᠯᠡᠴᠢᠯᠡᠵᠦ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠠᠰᠢᠭ | ᠬᠦᠷᠲᠡᠭᠡᠶ᠎ᠡ᠃ | — ᠨᠥᠭᠦᠷᠰᠡᠭ ᠰᠣᠯᠢᠯᠴᠠᠭ᠎ᠠ ᠪᠠᠨ ᠴᠢᠩᠭᠠᠳᠬᠠᠵᠤ᠂ ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢᠨ ᠠᠷᠠᠳ ᠤᠨ ᠰᠠᠨᠠᠭᠠᠨ ᠤ ᠰᠠᠭᠤᠷᠢ ᠶᠢ ᠪᠠᠬᠢᠵᠢᠭᠦᠯᠦᠶ᠎ᠡ᠃ ᠬᠤᠯᠠ ᠶᠢᠨ ᠰᠠᠳᠤᠨ ᠠᠴᠠ ᠣᠶᠢᠷ᠎ᠠ ᠶᠢᠨ | ᠰᠠᠭᠠᠬᠠᠯᠲᠠ ᠨᠢ ᠳᠡᠭᠡᠷ᠎ᠡ ᠭᠡᠳᠡᠭ᠃ ᠳᠤᠮᠳᠠᠳᠤ ᠸᠢᠶ᠋ᠧᠲᠨᠠᠮ ᠤᠨ ᠬᠠᠷᠢᠯᠴᠠᠭ᠎ᠠ ᠶᠢᠨ ᠦᠨᠳᠦᠰᠦ ᠰᠠᠭᠤᠷᠢ ᠨᠢ ᠠᠷᠠᠳ | ᠲᠦᠮᠡᠨ ᠳᠤ ᠪᠤᠢ᠂ ᠠᠮᠢᠨ ᠰᠤᠳᠠᠰᠤ ᠨᠢ ᠠᠷᠠᠳ ᠲᠦᠮᠡᠨ ᠳᠤ ᠪᠤᠢ᠂ ᠬᠦᠴᠦᠨ ᠴᠢᠳᠠᠯ ᠨᠢ ᠠᠷᠠᠳ ᠲᠦᠮᠡᠨ ᠳᠤ ᠪᠤᠢ᠃ | ᠪᠢᠳᠠ ᠨᠥᠭᠦᠷᠰᠡᠭ ᠬᠠᠮᠲᠤᠷᠠᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠳᠤᠮᠳᠠᠳᠤ ᠸᠢᠶᠧᠳ᠋ᠨᠠᠮ ᠤᠨ ᠲᠥᠪ ᠤᠨ | ᠵᠠᠭᠤᠴᠢᠯᠠᠭᠤᠷ᠂ ᠤᠶᠤᠨ ᠤ ᠬᠥᠮᠥᠷᠭᠡ᠂ ᠰᠣᠶᠣᠯ ᠵᠢᠭᠤᠯᠴᠢᠯᠠᠯ᠂ ᠬᠡᠪᠯᠡᠯ ᠤᠨ ᠪᠠᠶᠢᠭᠤᠯᠤᠮᠵᠢ᠂ ᠷᠠᠳᠢᠣ᠋ ᠺᠢᠨᠣ᠋ ᠲᠧᠯᠸᠢᠰ | ᠵᠡᠷᠭᠡ ᠰᠠᠯᠠᠭ᠎ᠠ ᠮᠥᠴᠢᠷ ᠤᠨ ᠠᠵᠢᠯ ᠲᠦᠷᠦᠯ ᠢᠶᠠᠷ ᠢᠶᠠᠨ ᠰᠣᠯᠢᠯᠴᠠᠬᠤ ᠲᠣᠭᠲᠠᠴᠠ ᠶᠢᠨ ᠦᠷ᠎ᠡ ᠪᠦᠲᠦᠮᠵᠢ ᠶᠢ ᠭᠦᠢᠴᠡᠳ | ᠪᠠᠳᠠᠷᠠᠭᠤᠯᠵᠤ᠂ ᠬᠢᠲᠠᠳ ᠬᠡᠯᠡᠨ ᠤ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠪᠡᠶ᠎ᠡ ᠶᠢᠨ ᠲᠠᠮᠢᠷ᠂ | ᠡᠷᠡᠭᠦᠯ ᠬᠠᠮᠠᠭᠠᠯᠠᠯ ᠵᠡᠷᠭᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠳᠤᠮᠳᠠᠳᠤ ᠸᠢᠶᠧᠳ᠋ᠨᠠᠮ ᠤᠨ ᠠᠷᠠᠳ ᠤᠨ | ᠶᠠᠷᠢᠶᠠᠨ ᠤ ᠲᠠᠪᠴᠠᠩ᠂ ᠵᠠᠯᠠᠭᠤᠴᠤᠳ ᠤᠨ ᠨᠥᠭᠦᠷᠰᠡᠭ ᠠᠭᠤᠯᠵᠠᠯᠲᠠ ᠵᠡᠷᠭᠡ ᠰᠢᠷᠢᠰ ᠲᠦᠷᠦᠯ ᠲᠡᠮᠳᠡᠭ ᠤᠨ ᠠᠵᠢᠯᠯᠠᠭ᠎ᠠ ᠶᠢ | ᠰᠠᠶᠢᠲᠤᠷ ᠡᠷᠭᠢᠯᠡᠵᠦ᠂ ᠬᠤᠶᠠᠷ ᠤᠯᠤᠰ ᠤᠨ ᠠᠷᠠᠳ ᠲᠦᠮᠡᠨ ᠢᠯᠠᠩᠭᠤᠶ᠎ᠠ ᠵᠠᠯᠠᠭᠤ ᠨᠢᠭᠡ ᠦᠶ᠎ᠡ ᠶᠢᠨ ᠬᠢᠨ ᠤ | ᠣᠶᠢᠯᠠᠭᠠᠯᠴᠠᠭ᠎ᠠ ᠪᠠ ᠬᠠᠶᠢᠷ᠎ᠠ ᠰᠡᠳᠬᠢᠯᠭᠡ ᠶᠢ ᠵᠤᠵᠠᠭᠠᠳᠬᠠᠶ᠎ᠠ᠃ ᠬᠤᠶᠠᠷ ᠤᠯᠤᠰ ᠢᠶᠠᠷ ᠢᠶᠠᠨ ᠰᠢᠭᠤᠳ ᠬᠦᠷᠬᠦ ᠡᠭᠡᠯᠵᠢ ᠶᠢᠨ | ᠨᠢᠰᠬᠡᠯ ᠢ ᠨᠡᠩ ᠤᠯᠠᠨ ᠨᠡᠭᠡᠭᠡᠵᠦ᠂ ᠨᠡᠩ ᠤᠯᠠᠨ ᠳᠤᠮᠳᠠᠳᠤ ᠤᠯᠤᠰ ᠤᠨ ᠵᠢᠭᠤᠯᠴᠢᠯᠠᠬᠰᠡᠳ ᠤᠨ ᠸᠢᠶᠧᠳ᠋ᠨᠠᠮ ᠳᠤ ᠬᠦᠷᠴᠦ | ᠲᠣᠭᠤᠷᠢᠨ ᠦᠵᠡᠵᠦ ᠵᠢᠭᠤᠯᠴᠢᠯᠠᠵᠤ᠂ ᠸᠢᠶᠧᠳ᠋ᠨᠠᠮ ᠤᠨ ᠲᠡᠦᠬᠡ ᠰᠣᠶᠣᠯ ᠤᠨ ᠥᠪᠡᠷᠮᠢᠴᠡ ᠲᠠᠲᠠᠬᠤ ᠬᠦᠴᠦᠨ ᠢ ᠮᠡᠳᠡᠷᠡᠬᠦ ᠶᠢ | ᠳᠤᠮᠳᠠᠳᠤ ᠤᠯᠤᠰ ᠵᠣᠷᠢᠭᠵᠢᠭᠤᠯᠤᠨ᠎ᠠ᠃ | — ᠵᠥᠷᠢᠯᠳᠦᠭᠡᠨ ᠢᠶᠠᠨ ᠲᠣᠬᠢᠲᠠᠢ ᠬᠠᠮᠢᠶᠠᠷᠤᠨ ᠡᠵᠡᠮᠳᠡᠵᠦ᠂ ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢᠨ ᠬᠠᠮᠲᠤ ᠶᠢᠨ ᠲᠠᠨᠢᠯᠲᠠ ᠶᠢᠨ ᠰᠠᠭᠤᠷᠢ ᠶᠢ ᠥᠷᠭᠡᠳᠬᠡᠶ᠎ᠡ᠃ ᠬᠤᠶᠠᠷ ᠲᠠᠯ᠎ᠠ ᠪᠠᠷ ᠢᠶᠠᠨ ᠬᠤᠶᠠᠷ | ᠨᠠᠮ ᠬᠤᠶᠠᠷ ᠤᠯᠤᠰ ᠤᠨ ᠤᠳᠤᠷᠢᠳᠬᠤ ᠬᠥᠮᠥᠰ ᠤᠨ ᠬᠠᠮᠲᠤ ᠶᠢᠨ ᠲᠠᠨᠢᠯᠲᠠ ᠶᠢ ᠨᠠᠶᠢᠳᠠᠪᠤᠷᠢᠵᠢᠭᠤᠯᠵᠤ᠂ ᠳᠠᠯᠠᠢ ᠳᠡᠭᠡᠷᠡᠬᠢ | ᠵᠥᠷᠢᠯᠳᠦᠭᠡᠨ ᠢ ᠲᠣᠬᠢᠲᠠᠢ ᠬᠠᠮᠢᠶᠠᠷᠤᠨ ᠡᠵᠡᠮᠳᠡᠵᠦ᠂ ᠬᠤᠶᠠᠷ ᠲᠠᠯ᠎ᠠ ᠪᠠᠷ ᠢᠶᠠᠨ ᠪᠦᠷ ᠭᠥᠯᠢᠶᠡᠨ ᠠᠪᠴᠤ ᠳᠡᠶᠢᠯᠭᠦ | ᠰᠢᠢᠳᠪᠦᠷᠢᠯᠡᠬᠦ ᠠᠷᠭ᠎ᠠ ᠶᠢ ᠬᠠᠮᠲᠤ ᠪᠠᠷ ᠡᠷᠢᠯᠬᠢᠯᠡᠶ᠎ᠡ᠃ ᠬᠤᠶᠠᠷ ᠲᠠᠯ᠎ᠠ ᠪᠠᠷ ᠢᠶᠠᠨ ᠬᠤᠶᠠᠷ ᠤᠯᠤᠰ ᠤᠨ ᠠᠷᠠᠳ ᠲᠦᠮᠡᠨ ᠤ | ᠠᠯᠤᠰ ᠭᠡᠲᠦ ᠶᠢᠨ ᠪᠤᠶᠠᠨ ᠵᠢᠷᠭᠠᠯ ᠳᠤ ᠠᠩᠬᠠᠷᠤᠯ ᠢᠶᠠᠨ ᠬᠠᠨᠳᠤᠭᠤᠯᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ | ᠭᠦᠷᠳᠡᠭᠦ ᠶᠢ ᠪᠠᠷᠢᠮᠲᠠᠯᠠᠨ᠂ ᠬᠠᠮᠲᠤᠷᠠᠯᠴᠠᠭ᠎ᠠ ᠪᠠᠨ ᠢᠳᠡᠪᠬᠢᠲᠡᠢ ᠠᠬᠢᠭᠤᠯᠵᠤ᠂ ᠲᠣᠰ ᠲᠣᠰ ᠤᠨ ᠢᠶᠠᠨ ᠬᠥᠭᠵᠢᠯᠲᠡ ᠶᠢᠨ | ᠰᠠᠶᠢᠨ ᠰᠠᠶᠢᠬᠠᠨ ᠭᠠᠳᠠᠭᠠᠳᠤ ᠣᠷᠴᠢᠨ ᠨᠥᠬᠦᠴᠡᠯ ᠢ ᠪᠤᠶ ᠪᠤᠯᠭᠠᠬᠤ᠂ ᠭᠠᠵᠠᠷ ᠣᠷᠣᠨ ᠤ ᠥᠨᠢ ᠤᠳᠠᠭᠠᠨ ᠠᠮᠤᠷ | ᠠᠮᠤᠭᠤᠯᠠᠩ ᠢ ᠪᠡᠶᠡᠯᠡᠭᠦᠯᠬᠦ ᠳᠤ ᠦᠵᠡᠭᠦᠯᠪᠡᠰᠦ ᠵᠣᠬᠢᠬᠤ ᠴᠢᠷᠮᠠᠶᠢᠯᠭ᠎ᠠ ᠪᠠᠨ ᠭᠠᠷᠭᠠᠶ᠎ᠠ᠃ | ᠣᠳᠣᠬᠠᠨ ᠳᠤ᠂ ᠳᠡᠯᠡᠬᠡᠢ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠮᠥᠨ ᠯᠡ ᠲᠦᠷᠭᠡᠰᠦᠨ | ᠬᠤᠪᠢᠷᠠᠵᠤ᠂ ᠡᠵᠡᠷᠬᠡᠬᠦ ᠦᠵᠡᠯ᠂ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ ᠤᠯᠠᠨ ᠢᠯᠡᠷᠡᠵᠦ᠂ ᠭᠠᠵᠠᠷ ᠣᠷᠣᠨ ᠤ | ᠡᠩᠬᠡ ᠲᠠᠶᠢᠪᠤᠩ ᠪᠠ ᠬᠥᠭᠵᠢᠯᠲᠡ ᠨᠡᠯᠢᠶᠡᠳ ᠶᠡᠭᠡ ᠲᠣᠭᠲᠠᠭᠤᠨ ᠪᠤᠰᠤ ᠴᠢᠨᠠᠷ ᠪᠠ ᠲᠣᠬᠲᠠᠭᠠᠯᠲᠤ ᠪᠤᠰᠤ ᠴᠢᠨᠠᠷ ᠲᠤ | ᠲᠤᠯᠭᠠᠷᠠᠵᠤ ᠪᠠᠶᠢᠨ᠎ᠠ᠃ ᠠᠽᠢᠶ᠎ᠠ ᠲᠢᠪ ᠥᠨᠢ ᠤᠳᠠᠭᠠᠨ ᠪᠣᠯᠪᠠᠰᠤᠨ ᠲᠡᠦᠬᠡ ᠶᠢᠨ ᠰᠠᠭᠤᠷᠢᠨ ᠳᠡᠭᠡᠷ᠎ᠡ ᠵᠣᠭᠰᠣᠵᠤ᠂ ᠶᠠᠭ | ᠬᠥᠭᠵᠢᠨ ᠮᠠᠨᠳᠤᠬᠤ ᠴᠢᠬᠤᠯᠠ ᠵᠠᠩᠭᠢᠯᠠᠭ᠎ᠠ ᠶᠢᠨ ᠬᠤᠭᠤᠴᠠᠭ᠎ᠠ ᠶᠢ ᠤᠭᠲᠤᠵᠤ ᠪᠠᠶᠢᠨ᠎ᠠ᠃ ᠠᠽᠢᠶ᠎ᠠ ᠲᠢᠪ ᠤᠨ ᠰᠢᠨ᠎ᠡ ᠪᠠᠷ | ᠮᠠᠨᠳᠤᠭᠰᠠᠨ ᠵᠠᠬ᠎ᠠ ᠳᠡᠯᠭᠡᠭᠦᠷ ᠪᠠ ᠬᠥᠭᠵᠢᠵᠦ ᠪᠠᠶᠢᠭ᠎ᠠ ᠠᠵᠤ ᠠᠬᠤᠢ ᠶᠢᠨ ᠴᠣᠭᠴᠠ ᠨᠢ ᠦᠷᠭᠦᠯᠵᠢᠯᠡᠨ ᠳᠡᠯᠡᠬᠡᠢ ᠶᠢᠨ ᠠᠵᠤ | ᠠᠬᠤᠢ ᠶᠢᠨ ᠨᠡᠮᠡᠭᠳᠡᠯ ᠤᠨ ᠭᠤᠣᠯ ᠬᠥᠳᠡᠯᠭᠡᠭᠦᠷ ᠪᠤᠯᠬᠤ ᠪᠣᠯᠣᠨ᠎ᠠ᠃ | ᠨᠢᠭᠡ ᠤᠯᠤᠰ᠂ ᠨᠢᠭᠡ ᠭᠠᠵᠠᠷ ᠣᠷᠣᠨ ᠢ ᠬᠥᠭᠵᠢᠭᠦᠯᠦᠨ ᠮᠠᠨᠳᠤᠭᠤᠯᠬᠤ ᠳᠤ ᠡᠷᠬᠡᠪᠰᠢ ᠲᠡᠦᠬᠡ ᠶᠢᠨ | ᠤᠷᠤᠭᠰᠢᠯᠠᠯᠲᠠ ᠶᠢᠨ ᠯᠣᠭᠢᠭ ᠳᠤᠮᠳᠠ ᠤᠷᠤᠭᠰᠢᠯᠠᠵᠤ᠂ ᠴᠠᠭ ᠦᠶ᠎ᠡ ᠶᠢᠨ ᠬᠥᠭᠵᠢᠯᠲᠡ ᠶᠢᠨ ᠤᠷᠤᠰᠬᠠᠯ ᠳᠤᠮᠳᠠ ᠬᠥᠭᠵᠢᠬᠦ | ᠬᠡᠷᠡᠭᠲᠡᠢ ᠭᠡᠳᠡᠭ ᠢ ᠲᠡᠦᠬᠡ ᠳᠠᠬᠢᠨᠲᠠ ᠭᠡᠷᠡᠴᠢᠯᠡᠭᠰᠡᠨ ᠪᠠᠶᠢᠨ᠎ᠠ᠃ ᠠᠽᠢᠶ᠎ᠠ ᠲᠢᠪ ᠤᠨ ᠭᠠᠵᠠᠷ ᠣᠷᠣᠨ ᠤ ᠢᠷᠡᠭᠡᠳᠦᠢ ᠠᠽᠢᠶ᠎ᠠ | ᠲᠢᠪ ᠤᠨ ᠠᠷᠠᠳ ᠲᠦᠮᠡᠨ ᠤ ᠥᠪᠡᠷ ᠤᠨ ᠬᠢᠨᠢ ᠭᠠᠷ ᠲᠤ ᠪᠠᠶᠢᠨ᠎ᠠ᠃ 10 ᠵᠢᠯ ᠤᠨ ᠲᠤᠷᠰᠢ᠂ ᠭᠠᠭᠴᠠ ᠬᠦ ᠳᠣᠲᠣᠨᠣ | ᠦᠨᠡᠨᠴᠢ ᠠᠰᠢᠭᠲᠠᠢ ᠪᠠᠭᠲᠠᠭᠠᠮᠵᠢᠲᠠᠢ ᠪᠠᠶᠢᠬᠤ ᠣᠶᠢᠯᠠᠭᠠᠭᠳᠠᠬᠤᠨ ᠢ ᠬᠠᠮᠲᠤ ᠪᠠᠷ ᠦᠢᠯᠡᠳᠦᠯᠭᠡᠵᠢᠭᠦᠯᠵᠦ᠂ ᠡᠩᠬᠡ ᠲᠠᠶᠢᠪᠤᠩ᠂ | ᠬᠠᠮᠲᠤᠷᠠᠯᠴᠠᠭ᠎ᠠ ᠬᠢᠬᠦ᠂ ᠪᠠᠭᠲᠠᠭᠠᠮᠵᠢᠲᠠᠢ᠂ ᠠᠭᠤᠰᠤᠯᠴᠠᠭᠰᠠᠨ ᠠᠽᠢᠶ᠎ᠠ ᠲᠢᠪ ᠤᠨ ᠦᠷᠳᠡᠭ ᠤᠨ ᠦᠵᠡᠯᠲᠡ ᠶᠢ | ᠪᠠᠳᠠᠷᠠᠭᠤᠯᠪᠠᠯ ᠰᠠᠶ᠋ᠢ ᠬᠥᠮᠥᠨ ᠲᠥᠷᠥᠯᠬᠢᠲᠡᠨ ᠤ ᠡᠩᠬᠡ ᠲᠠᠶᠢᠪᠤᠩ᠂ ᠬᠥᠭᠵᠢᠯᠲᠡ᠂ ᠲᠠᠪᠰᠢᠯᠳᠠ ᠶᠢᠨ ᠤᠷᠤᠰᠬᠠᠯ ᠳᠤ | ᠠᠭᠤᠰᠤᠯᠴᠠᠵᠤ ᠴᠢᠳᠠᠨ᠎ᠠ︔ ᠭᠠᠭᠴᠠ ᠬᠦ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠵᠤ᠂ ︽ᠨᠢᠭᠡ | ᠪᠦᠰᠡ ᠨᠢᠭᠡ ᠵᠠᠮ︾ ᠢ ᠬᠠᠮᠲᠤ ᠪᠠᠷ ᠵᠥᠪᠳᠡᠯᠴᠡᠵᠦ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠵᠦ᠂ ᠨᠡᠭᠡᠭᠡᠯᠲᠡ ᠬᠢᠬᠦ | ᠡᠭᠦᠳᠡ ᠪᠠᠨ ᠤᠯᠠᠮ ᠶᠡᠭᠡ ᠨᠡᠭᠡᠭᠡᠪᠡᠯ ᠰᠠᠶ᠋ᠢ ᠣᠷᠣᠨ ᠪᠦᠰᠡ ᠶᠢᠨ ᠠᠵᠤ ᠠᠬᠤᠢ ᠶᠢᠨ ᠣᠷᠴᠢᠯ ᠤᠨ ᠰᠠᠭᠠᠳ ᠦᠭᠡᠢ ᠲᠡᠰ | ᠳᠡᠪᠰᠢᠬᠦ ᠶᠢ ᠠᠬᠢᠭᠤᠯᠵᠤ᠂ ᠠᠽᠢᠶ᠎ᠠ ᠲᠢᠪ ᠤᠨ ᠠᠷᠠᠳ ᠲᠦᠮᠡᠨ ᠳᠤ ᠨᠡᠩ ᠤᠯᠠᠨ ᠪᠤᠶᠠᠨ ᠦᠢᠯᠡᠳᠴᠦ ᠴᠢᠳᠠᠨ᠎ᠠ︔ | ᠭᠠᠭᠴᠠ ᠬᠦ ᠠᠽᠢᠶ᠎ᠠ ᠲᠢᠪ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠢᠳᠡᠪᠬᠢᠲᠡᠢ ᠠᠬᠢᠭᠤᠯᠵᠤ᠂ | ᠲᠤᠰ ᠤᠯᠤᠰ ᠤᠨ ᠢᠶᠠᠨ ᠬᠥᠭᠵᠢᠯᠲᠡ ᠶᠢ ᠡᠯ᠎ᠡ ᠤᠯᠤᠰ ᠤᠨ ᠬᠠᠮᠲᠤ ᠶᠢᠨ ᠬᠥᠭᠵᠢᠯᠲᠡ ᠶᠢᠨ ᠳᠤᠮᠳᠠ ᠠᠭᠤᠯᠤᠭᠳᠠᠭᠤᠯᠪᠠᠯ | ᠰᠠᠶ᠋ᠢ ᠡᠩᠬᠡ ᠲᠠᠶᠢᠪᠤᠩ ᠠᠮᠤᠷ ᠲᠣᠭᠲᠠᠭᠤᠨ᠂ ᠴᠡᠴᠡᠭᠯᠡᠨ ᠬᠥᠭᠵᠢᠭᠰᠡᠨ ᠦᠵᠡᠰᠬᠦᠯᠡᠩᠲᠦ ᠰᠠᠶᠢᠬᠠᠨ᠂ ᠨᠥᠭᠦᠷᠰᠡᠭ ᠢᠶᠠᠷ | ᠬᠠᠮᠲᠤ ᠣᠷᠣᠰᠢᠬᠤ ᠠᠽᠢᠶ᠎ᠠ ᠲᠢᠪ ᠤᠨ ᠭᠡᠷ ᠣᠷᠣᠨ ᠢ ᠬᠠᠮᠲᠤ ᠪᠠᠷ ᠪᠦᠲᠦᠭᠡᠨ ᠪᠠᠶᠢᠭᠤᠯᠵᠤ ᠴᠢᠳᠠᠨ᠎ᠠ ᠭᠡᠳᠡᠭ ᠢ ᠠᠽᠢᠶ᠎ᠠ | ᠲᠢᠪ ᠤᠨ ᠠᠷᠠᠳ ᠲᠦᠮᠡᠨ ᠤᠯᠠᠮ ᠠᠴᠠ ᠤᠯᠠᠮ ᠭᠦᠨᠵᠡᠭᠡᠢ ᠲᠠᠨᠢᠵᠤ ᠣᠯᠪᠠ᠃ | ᠣᠷᠴᠢᠯᠠᠩ ᠤᠨ ᠲᠦᠮᠡᠨ ᠪᠣᠳᠠᠰ ᠠᠨᠤ ᠤᠭ ᠦᠨᠳᠦᠰᠦ ᠪᠠᠷ ᠢᠶᠠᠨ ᠠᠮᠢᠯᠠᠵᠤ᠂ ᠶᠢᠷᠲᠢᠨᠴᠦ ᠶᠢᠨ ᠲᠦᠮᠡᠨ ᠶᠠᠪᠤᠳᠠᠯ | ᠠᠨᠤ ᠤᠭ ᠶᠣᠰᠣ ᠪᠠᠷ ᠢᠶᠠᠨ ᠪᠦᠲᠦᠳᠡᠭ᠃ ᠳᠡᠯᠡᠬᠡᠢ ᠶᠢᠷᠲᠢᠨᠴᠦ ᠬᠡᠷᠬᠢᠨ ᠯᠤᠲᠤ ᠶᠡᠭᠡ ᠬᠤᠪᠢᠷᠠᠯᠲᠠ ᠭᠠᠷᠤᠭᠰᠠᠨ ᠴᠤ᠂ | ᠳᠤᠮᠳᠠᠳᠤ ᠤᠯᠤᠰ ᠬᠥᠮᠥᠨ ᠤ ᠶᠢᠷᠲᠢᠨᠴᠦ ᠶᠢᠨ ᠵᠥᠪ ᠵᠠᠮ ᠢᠶᠠᠷ ᠵᠠᠮᠨᠠᠬᠤ ᠶᠢ ᠪᠠᠷᠢᠮᠲᠠᠯᠠᠨ᠎ᠠ᠃ ᠳᠤᠮᠳᠠᠳᠤ ᠤᠯᠤᠰ ᠶᠠᠭ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠵᠤ᠂ ᠴᠢᠨᠠᠷ ᠰᠠᠶᠢᠲᠠᠢ | ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠪᠠᠷᠢᠮᠲᠠᠯᠠᠵᠤ᠂ | ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ ᠪᠤᠢ᠃ ᠳᠤᠮᠳᠠᠳᠤ ᠤᠯᠤᠰ ᠡᠷᠭᠢᠨ ᠲᠣᠭᠤᠷᠢᠨ ᠤ | ᠭᠠᠳᠠᠭᠠᠳᠤ ᠬᠠᠷᠢᠯᠴᠠᠭᠠᠨ ᠤ ᠲᠦᠷᠦ ᠶᠢᠨ ᠪᠣᠳᠣᠯᠭ᠎ᠠ ᠶᠢᠨ ᠦᠷᠭᠦᠯᠵᠢᠯᠡᠬᠦ ᠴᠢᠨᠠᠷ ᠪᠠ ᠲᠣᠭᠲᠠᠪᠤᠷᠢᠲᠤ ᠴᠢᠨᠠᠷ ᠢ ᠪᠠᠲᠤᠯᠠᠵᠤ᠂ | ᠬᠥᠷᠰᠢ ᠵᠡᠷᠭᠡᠯᠡᠳᠡᠭᠡ ᠳᠡᠭᠡᠨ ᠲᠤᠰᠠ ᠬᠢᠬᠦ᠂ ᠬᠥᠷᠰᠢ ᠵᠡᠷᠭᠡᠯᠡᠳᠡᠭᠡ ᠲᠠᠢ ᠪᠠᠨ ᠨᠥᠬᠦᠷᠯᠡᠬᠦ ᠪᠠ ᠬᠥᠷᠰᠢ ᠵᠡᠷᠭᠡᠯᠡᠳᠡᠭᠡ ᠲᠠᠢ ᠪᠠᠨ | ᠰᠠᠶᠢᠬᠠᠨ ᠶᠠᠪᠤᠯᠴᠠᠬᠤ᠂ ᠬᠥᠷᠰᠢ ᠵᠡᠷᠭᠡᠯᠡᠳᠡᠭᠡ ᠪᠠᠨ ᠠᠮᠤᠷᠵᠢᠭᠤᠯᠬᠤ᠂ ᠬᠥᠷᠰᠢ ᠵᠡᠷᠭᠡᠯᠡᠳᠡᠭᠡ ᠪᠠᠨ ᠪᠠᠶᠠᠵᠢᠭᠤᠯᠬᠤ | ᠴᠢᠭᠯᠡᠯᠲᠡ ᠶᠢ ᠪᠠᠷᠢᠮᠲᠠᠯᠠᠬᠤ ᠶᠢᠨ ᠬᠠᠮᠲᠤ ᠳᠣᠲᠣᠨᠣ ᠦᠨᠡᠨᠴᠢ ᠠᠰᠢᠭᠲᠠᠢ ᠪᠠᠭᠲᠠᠭᠠᠮᠵᠢᠲᠠᠢ ᠣᠶᠢᠯᠠᠭᠠᠭᠳᠠᠬᠤᠨ ᠳᠤ ᠰᠢᠨ᠎ᠡ | ᠠᠭᠤᠯᠤᠭᠳᠠᠬᠤᠨ ᠢ ᠣᠯᠭᠤᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠡᠷᠭᠢᠨ ᠲᠣᠭᠤᠷᠢᠨ ᠳᠤ ᠨᠡᠩ | ᠤᠯᠠᠨ ᠠᠰᠢᠭ ᠬᠦᠷᠲᠡᠭᠡᠵᠦ᠂ ᠠᠽᠢᠶ᠎ᠠ ᠲᠢᠪ ᠤᠨ ᠣᠳᠣᠬᠢᠴᠢᠯᠠᠯᠲᠠ ᠶᠢᠨ ᠠᠬᠢᠴᠠ ᠶᠢ ᠬᠠᠮᠲᠤ ᠪᠠᠷ ᠠᠬᠢᠭᠤᠯᠵᠤ᠂ | ᠸᠢᠶᠧᠳ᠋ᠨᠠᠮ ᠢ ᠪᠠᠭᠲᠠᠭᠠᠭᠰᠠᠨ ᠠᠽᠢᠶ᠎ᠠ ᠲᠢᠪ ᠤᠨ ᠤᠯᠤᠰ ᠤᠳ ᠲᠤ ᠰᠢᠨ᠎ᠡ ᠬᠥᠭᠵᠢᠯᠲᠡ ᠶᠢᠨ ᠠᠵᠠ ᠲᠣᠭᠢᠶᠠᠯ ᠢ ᠬᠠᠩᠭᠠᠨ᠎ᠠ᠃ | | ᠳᠤᠮᠳᠠᠳᠤ ᠸᠢᠶ᠋ᠧᠲᠨᠠᠮ ᠬᠤᠶᠠᠷ ᠤᠯᠤᠰ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠬᠤ ᠨᠢ ᠨᠡᠩ ᠤᠯᠠᠨ ᠤᠯᠤᠰ ᠤᠨ ᠠᠽᠢᠶ᠎ᠠ ᠲᠢᠪ ᠤᠨ ᠬᠤᠪᠢ ᠵᠠᠶᠠᠭᠠᠨ ᠤ ᠬᠠᠮᠲᠤ ᠶᠢᠨ | ᠴᠣᠭᠴᠠ ᠪᠣᠯᠣᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠠᠭᠤᠤ ᠶᠡᠭᠡ | ᠦᠢᠯᠡᠰ ᠲᠤ ᠣᠷᠤᠯᠴᠠᠬᠤ ᠶᠢ ᠲᠠᠲᠠᠵᠤ᠂ ᠠᠽᠢᠶ᠎ᠠ ᠲᠢᠪ ᠤᠨ ᠲᠦᠷᠭᠡᠨ ᠬᠥᠭᠵᠢᠯᠲᠡ ᠪᠣᠯᠣᠨ ᠡᠶᠡᠯᠳᠡᠭ ᠬᠥᠷᠰᠢ ᠶᠢᠨ | ᠨᠥᠬᠦᠷᠯᠡᠯ ᠳᠤ ᠨᠡᠩ ᠤᠯᠠᠨ ᠢᠳᠡᠪᠬᠢ ᠬᠦᠴᠦᠨ ᠬᠠᠩᠭᠠᠵᠤ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠳᠤ | ᠨᠡᠩ ᠶᠡᠭᠡ ᠬᠤᠪᠢ ᠨᠡᠮᠡᠷᠢ ᠦᠵᠡᠭᠦᠯᠭᠦ ᠶᠢ ᠪᠢ ᠢᠲᠡᠭᠡᠵᠦ ᠪᠠᠶᠢᠨ᠎ᠠ᠃ | | |